ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠪᠤᠭᠤᠲᠤ ᠬᠤᠲᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠴᠢᠳᠠᠪᠤᠷᠢᠲᠠᠳ᠎ᠤᠨ ᠬᠥᠳᠡᠭᠡ ᠲᠣᠰᠬᠤᠨ᠎ᠳᠤ ᠦᠢ᠍ᠯᠡᠴᠢᠯᠡᠬᠦ ᠲᠣᠭᠲᠠᠴᠠ ᠵᠢ ᠰᠢᠯᠢᠳᠡᠭᠵᠢᠭᠦᠯᠵᠦ ᠪᠠᠶ᠋ᠢᠨ᠎ᠠ
ᠨᠡᠶᠢᠲᠡᠯᠡᠭᠰᠡᠨ ᠴᠠᠭ᠄ 2024-03-14


   

    ᠪᠤᠭᠤᠲᠤ ᠬᠤᠳᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠴᠢᠳᠠᠪᠤᠷᠢᠲᠠᠳ᠎ᠤᠨ ᠬᠥᠳᠡᠭᠡ ᠲᠣᠰᠬᠤᠨ᠎ᠳᠤ ᠦᠢ᠍ᠯᠡᠴᠢᠯᠡᠬᠦ ᠲᠣᠭᠲᠠᠴᠠ ᠵᠢ ᠰᠢᠯᠢᠳᠡᠭᠵᠢᠭᠦᠯᠵᠦ᠂ 2024 ᠣᠨ᠎ᠳᠤ ᠶᠡᠭᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ 1000 ᠣᠶᠤᠲᠠᠳ᠎ᠢ ᠡᠯᠰᠡᠨ ᠦᠨᠳᠦᠰᠦᠨ ᠱᠠᠲᠤᠨ᠎ᠳᠤ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》᠂ ᠨᠡᠶ᠋ᠢᠭᠡᠮ ᠲᠣᠭᠤᠷᠢᠭ᠎ᠤᠨ ᠦᠢ᠍ᠯᠡᠴᠢᠯᠡᠭᠡ ᠵᠡᠷᠭᠡ ᠠᠷᠠᠳ᠎ᠤᠨ ᠠᠮᠢᠳᠤᠷᠠᠯ᠎ᠤᠨ ᠠᠵᠢᠯ᠎ᠢ ᠬᠢᠯᠭᠡᠬᠦ᠎ᠪᠠᠷ ᠪᠠᠶ᠋ᠢᠨ᠎ᠠ᠃ ᠡᠯ᠎ᠡ ᠬᠤᠰᠢᠭᠤ ᠰᠢᠶᠠᠨ ᠲᠣᠭᠤᠷᠢᠭ᠎ᠤᠨ ᠠᠵᠢᠯ ᠦᠢ᠍ᠯᠡᠰ᠎ᠤᠨ ᠨᠢᠭᠡᠴᠢ ᠵᠢᠨ 300 ᠣᠷᠴᠢᠮ ᠳᠡᠭᠡᠳᠦ ᠲᠠᠰ ᠳᠠᠪᠬᠤᠷᠭ᠋ᠠᠨ᠎ᠤ ᠪᠠ ᠪᠠᠴᠢᠮ ᠱᠠᠭ᠋ᠠᠷᠳᠠᠭᠳᠠᠵᠤ ᠪᠠᠶ᠋ᠢᠭ᠎ᠠ ᠴᠢᠳᠠᠪᠤᠷᠢᠲᠠᠳ᠎ᠢ ᠤᠷᠢᠨ ᠠᠪᠴᠢᠷᠠᠬᠤ ᠵᠢ ᠳᠡᠮᠵᠢᠨ᠎ᠡ᠃

    ᠨᠢᠭᠡ᠎ᠳᠤ᠂ ᠪᠣᠭᠤᠲᠤ ᠬᠤᠲᠠ ᠵᠢᠨ ᠨᠠᠮ᠎ᠤᠨ ᠬᠤᠷᠢᠶᠠᠨ᠎ᠤ ᠴᠢᠳᠠᠪᠤᠷᠢᠲᠠᠨ᠎ᠤ ᠠᠵᠢᠯ᠎ᠤᠨ ᠠᠯᠪᠠᠨ ᠭᠡᠷ ᠪᠠ 《ᠪᠤᠭᠤᠲᠤ ᠬᠤᠲᠠ ᠵᠢᠨ ᠠᠵᠢᠯ ᠦᠢ᠍ᠯᠡᠰ᠎ᠤᠨ ᠨᠢᠭᠡᠴᠢ ᠵᠢᠨ ᠴᠢᠳᠠᠪᠤᠷᠢᠲᠠᠨ᠎ᠢ ᠤᠷᠢᠨ ᠠᠪᠴᠢᠷᠠᠬᠤ ᠠᠵᠢᠯ᠎ᠤᠨ ᠠᠷᠭ᠎ᠠ》 ᠵᠢᠨ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠬᠤᠲᠠ ᠵᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠣᠪᠴᠢᠶᠠᠨ᠎ᠤ ᠪᠣᠳᠠᠲᠠᠢ ᠬᠡᠷᠡᠭᠴᠡᠭᠡ ᠵᠢ ᠦᠨᠳᠦᠰᠦᠯᠡᠨ᠂ ᠴᠢᠳᠠᠪᠤᠷᠢᠲᠠᠨ ᠤᠷᠢᠨ ᠠᠪᠴᠢᠷᠠᠬᠤ ᠨᠥᠬᠦᠴᠡᠯ᠎ᠢ ᠠᠮᠢᠳᠤᠯᠢᠭ ᠵᠶ᠋ᠠᠷ ᠲᠣᠭᠲᠠᠭ᠋ᠠᠵᠤ᠂ ᠴᠢᠳᠠᠪᠤᠷᠢᠲᠠᠨ ᠤᠷᠢᠨ ᠠᠪᠴᠢᠷᠠᠬᠤ ᠠᠵᠢᠯ᠎ᠢ ᠥᠪᠡᠰᠦᠪᠡᠨ ᠡᠵᠡᠨ ᠮᠡᠳᠡᠨ ᠥᠷᠨᠢᠭᠦᠯᠵᠦ᠂ ᠨᠢᠭᠤᠷᠲᠠᠨ ᠰᠢᠯᠭ᠋ᠠᠬᠤ᠂ ᠰᠢᠭᠤᠳ ᠰᠢᠨᠵᠢᠯᠠᠨ ᠪᠠᠶ᠋ᠢᠴᠠᠭ᠋ᠠᠬᠤ ᠵᠡᠷᠭᠡ ᠠᠷᠭ᠎ᠠ᠎ᠪᠠᠷ ᠳᠠᠮᠵᠢᠭᠤᠯᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠬᠠᠮᠢᠶ᠎ᠠ ᠪᠦᠬᠦᠢ ᠳᠡᠭᠡᠳᠦ ᠲᠠᠰ ᠳᠠᠪᠬᠤᠷᠭ᠋ᠠᠨ᠎ᠤ ᠪᠠ ᠪᠠᠴᠢᠮ ᠱᠠᠭ᠋ᠠᠷᠳᠠᠭᠳᠠᠵᠤ ᠪᠠᠶ᠋ᠢᠭ᠎ᠠ ᠴᠢᠳᠠᠪᠤᠷᠢᠲᠠᠳ᠎ᠢ ᠣᠷᠣᠭᠤᠯᠤᠨ ᠠᠪᠴᠢᠷᠠᠨ᠎ᠠ᠃

    ᠬᠤᠶᠠᠷ᠎ᠲᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠵᠥᠪᠯᠡᠵᠦ ᠵᠢᠭ᠋ᠠᠨ ᠵᠢᠯᠤᠭᠤᠳᠬᠤ᠂ ᠲᠤᠰᠢᠶᠠᠯ ᠬᠠᠪᠰᠤᠷᠭ᠋ᠠᠨ ᠦᠢ᠍ᠯᠡᠴᠢᠯᠡᠬᠦ ᠵᠡᠷᠭᠡ ᠠᠷᠭ᠎ᠠ᠎ᠪᠠᠷ ᠴᠢᠳᠠᠪᠤᠷᠢᠲᠠᠳ᠎ᠢ ᠤᠶᠠᠨ ᠴᠢᠨᠠᠷ᠎ᠲᠠᠢ ᠤᠷᠢᠨ ᠠᠪᠴᠢᠷᠠᠬᠤ᠎ᠪᠠᠨ ᠡᠷᠴᠢᠮᠵᠢᠭᠦᠯᠬᠦ ᠵᠢ᠎ᠨᠢ ᠵᠣᠷᠢᠭᠵᠢᠭᠤᠯᠤᠨ ᠲᠡᠮᠵᠢᠵᠤ᠂ ᠤᠶᠠᠨ ᠴᠢᠨᠠᠷ᠎ᠲᠠᠢ ᠤᠷᠢᠨ ᠠᠪᠴᠢᠷᠠᠭᠰᠠᠨ ᠳᠡᠭᠡᠳᠦ ᠲᠡᠰ ᠳᠠᠪᠬᠤᠷᠭ᠋ᠠᠨ᠎ᠤ ᠴᠢᠳᠠᠪᠤᠷᠢᠲᠠᠳ᠎ᠲᠤ ᠳᠡᠭᠡᠷ᠎ᠡ ᠵᠢᠯ᠎ᠤᠨ ᠭᠠᠶ᠋ᠢᠯᠢ ᠲᠤᠰᠢᠶᠠᠬᠤ ᠵᠢ ᠳᠠᠭ᠋ᠠᠭ᠋ᠠᠴᠢᠯᠠᠭᠰᠠᠨ ᠬᠥᠳᠡᠯᠮᠦᠷᠢ ᠵᠢᠨ ᠬᠥᠯᠥᠰᠦ ᠣᠯᠭᠤᠮᠵᠢ ᠵᠢᠨ 30%᠎ᠪᠠᠷ ᠬᠥᠮᠥᠨ ᠬᠡᠷᠡᠭᠯᠡᠬᠦ ᠨᠢᠭᠡᠴᠢ᠎ᠳᠤ ᠨᠥᠬᠦᠪᠦᠷᠢ ᠣᠯᠭᠤᠨ᠎ᠠ᠃ ᠣᠳᠣᠬᠠᠨ᠂ ᠴᠢᠳᠠᠪᠤᠷᠢᠲᠠᠳ᠎ᠢ ᠤᠶᠠᠨ ᠴᠢᠨᠠᠷ᠎ᠲᠠᠢ ᠤᠷᠢᠨ ᠠᠪᠴᠢᠷᠠᠬᠤ ᠵᠢ ᠳᠡᠮᠵᠢᠬᠦ ᠭᠤᠶᠤᠴᠢᠯᠠᠨ ᠮᠡᠳᠡᠭᠦᠯᠬᠦ ᠠᠵᠢᠯ᠎ᠢ ᠵᠣᠬᠢᠶᠠᠨ ᠪᠠᠶ᠋ᠢᠭᠤᠯᠵᠤ ᠪᠠᠶ᠋ᠢᠨ᠎ᠠ᠃

    ᠭᠤᠷᠪᠠ᠎ᠳᠤ᠂ ᠶᠡᠭᠡ ᠰᠤᠷᠭ᠋ᠠᠭᠤᠯᠢ ᠲᠡᠭᠦᠰᠦᠭᠰᠡᠨ ᠣᠶᠤᠲᠠᠳ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠲᠡᠮᠵᠢᠨ᠎ᠠ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠨᠳᠦᠰᠦᠨ ᠱᠠᠲᠤᠨ᠎ᠳᠤ ᠣᠴᠢᠵᠤ ᠠᠵᠢᠯᠯᠠᠬᠤ ᠵᠢ ᠬᠥᠲᠥᠯᠥᠨ ᠵᠢᠯᠤᠭᠤᠳᠴᠤ ᠵᠣᠷᠢᠭᠵᠢᠭᠤᠯᠤᠨ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠨᠳᠦᠰᠦᠨ ᠱᠠᠲᠤᠨ᠎ᠳᠤ ᠪᠣᠯᠪᠠᠰᠤᠷᠠᠭᠤᠯᠬᠤ ᠲᠥᠯᠥᠪᠯᠡᠭᠡ ᠵᠢ ᠬᠡᠷᠡᠭᠵᠢᠭᠦᠯᠵᠦ᠂ 《ᠭᠤᠷᠪᠠ ᠵᠢ ᠲᠡᠮᠵᠢᠵᠤ ᠨᠢᠭᠡ ᠵᠢ ᠲᠡᠳᠬᠦᠬᠦ》᠂ ᠨᠡᠶ᠋ᠢᠭᠡᠮ ᠲᠣᠭᠤᠷᠢᠭ᠎ᠤᠨ ᠠᠷᠠᠳ᠎ᠤᠨ ᠠᠮᠢᠳᠤᠷᠠᠯ᠎ᠤᠨ ᠠᠵᠢᠯ ᠬᠢᠬᠦ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠬᠢᠭᠡᠳ ᠣᠶᠤᠲᠠᠳ᠎ᠢ ᠦᠨᠳᠦᠰᠦᠨ ᠱᠠᠲᠤᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢ᠎ᠳᠤ ᠡᠯᠰᠡᠬᠦ ᠵᠢᠴᠢ ᠦᠢ᠍ᠯᠡᠴᠢᠯᠡᠭᠡᠨ᠎ᠤ ᠬᠤᠭᠤᠴᠠᠭ᠎ᠠ ᠳᠦᠭᠦᠷᠦᠭᠰᠡᠨ᠎ᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃

    ᠳᠥᠷᠪᠡ᠎ᠳᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠲᠣᠭᠤᠷᠢᠭ᠎ᠤᠨ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠣᠷᠢᠬᠤ᠎ᠳᠤ᠂ ᠬᠤᠰᠢᠭᠤ ᠰᠢᠶᠠᠨ᠎ᠤ ᠠᠵᠢᠯ᠎ᠤᠨ ᠪᠠᠶ᠋ᠢᠷᠢ᠎ᠳᠤ ᠮᠡᠳᠡᠭᠦᠯᠬᠦ ᠰᠤᠷᠤᠯᠭ᠎ᠠ ᠵᠢᠨ ᠨᠠᠮᠲᠠᠷ᠎ᠢ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠳᠤ ᠬᠦᠷᠲᠡᠯ᠎ᠡ᠂ ᠰᠢᠶᠠᠩ ᠪᠠᠯᠭ᠋ᠠᠰᠤᠨ᠎ᠤ ᠠᠵᠢᠯ᠎ᠤᠨ ᠪᠠᠶ᠋ᠢᠷᠢ᠎ᠳᠤ ᠮᠡᠳᠡᠭᠦᠯᠬᠦ ᠰᠤᠷᠤᠯᠭ᠎ᠠ ᠵᠢᠨ ᠨᠠᠮᠲᠠᠷ᠎ᠢ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠬᠦᠷᠲᠡᠯ᠎ᠡ ᠠᠭᠤᠵᠢᠭᠤ ᠲᠠᠯᠪᠢᠵᠤ᠂ ᠨᠠᠰᠤ ᠵᠢ ᠪᠦᠬᠦᠯᠢ 40 ᠨᠠᠰᠤᠨ᠎ᠳᠤ ᠬᠦᠷᠲᠡᠯ᠎ᠡ ᠠᠭᠤᠵᠢᠭᠤ ᠲᠠᠯᠪᠢᠵᠤ ᠪᠣᠯᠣᠨ᠎ᠠ᠃ ᠠᠵᠢᠯᠲᠠᠨ ᠡᠯᠰᠡᠬᠦ ᠶᠠᠪᠤᠴᠠ ᠵᠢ ᠤᠯᠠᠮ ᠳᠥᠭᠦᠮᠴᠢᠯᠡᠵᠦ᠂ ᠪᠠᠴᠢᠮ ᠱᠠᠭ᠋ᠠᠷᠳᠠᠭᠳᠠᠵᠤ ᠪᠠᠶ᠋ᠢᠭ᠎ᠠ ᠲᠤᠰᠬᠠᠢ ᠮᠡᠷᠭᠡᠵᠢᠯ ᠵᠢᠱ᠌ᠢᠶᠡᠯᠡᠪᠡᠯ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠢᠰᠲ᠋ᠧᠮ᠎ᠤᠨ ᠡᠮᠴᠢᠯᠡᠭᠡᠨ᠎ᠤ ᠠᠵᠢᠯ᠎ᠤᠨ ᠪᠠᠶ᠋ᠢᠷᠢ᠎ᠳᠤ ᠰᠢᠭᠤᠳ ᠨᠢᠭᠤᠷᠲᠠᠨ ᠰᠢᠯᠭ᠋ᠠᠬᠤ + ᠰᠢᠨᠵᠢᠯᠠᠨ ᠪᠠᠶ᠋ᠢᠴᠠᠭ᠋ᠠᠬᠤ ᠠᠷᠭ᠎ᠠ ᠠᠪᠴᠤ᠂ ᠰᠢᠯᠭ᠋ᠠᠯᠲᠠ ᠡᠬᠢᠯᠡᠬᠦ ᠬᠠᠷᠢᠴᠠᠯ᠎ᠢ ᠳᠣᠷᠣᠭᠰᠢᠯᠠᠭᠤᠯᠬᠤ ᠪᠤᠶᠤ ᠭᠠᠷᠭ᠋ᠠᠬᠤ ᠦᠭᠡᠢ ᠪᠠᠶ᠋ᠢᠵᠤ ᠪᠣᠯᠬᠤ ᠪᠥᠭᠡᠳ ᠦᠢ᠍ᠯᠡᠴᠢᠯᠡᠭᠡᠨ᠎ᠤ ᠨᠠᠭ᠋ᠠᠲᠤ ᠵᠠᠬ᠎ᠠ ᠵᠢᠨ ᠬᠤᠭᠤᠴᠠᠭ᠎ᠠ ᠵᠢ ᠬᠢᠵᠠᠭ᠋ᠠᠷᠯᠠᠨ ᠲᠣᠭᠲᠠᠭ᠋ᠠᠵᠤ ᠪᠣᠯᠣᠨ᠎ᠠ᠃

    ᠲᠠᠪᠤ᠎ᠳᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠬᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯᠲᠡᠳ᠎ᠤᠨ ᠦᠨᠳᠦᠰᠦᠨ ᠱᠠᠲᠤᠨ᠎ᠳᠤ ᠦᠢ᠍ᠯᠡᠴᠢᠯᠡᠬᠦ ᠲᠥᠰᠦᠯ᠎ᠢ ᠭᠤᠶᠤᠴᠢᠯᠠᠨ ᠮᠡᠳᠡᠭᠦᠯᠬᠦ᠎ᠪᠠᠷ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠨ᠎ᠠ᠃ ᠨᠢᠭᠡᠳᠦᠯᠲᠡᠢ ᠲᠥᠯᠥᠪᠯᠡᠨ ᠠᠷᠭ᠎ᠠ ᠤᠬᠠᠭ᠋ᠠᠨ ᠰᠦᠪᠡᠭᠴᠢᠯᠡᠬᠦ᠎ᠪᠠᠨ ᠴᠢᠩᠭ᠋ᠠᠳᠬᠠᠵᠤ᠂ ᠲᠤᠰ ᠭᠠᠵᠠᠷ᠎ᠤᠨ ᠮᠡᠷᠭᠡᠵᠢᠯᠲᠡᠳ᠎ᠤᠨ ᠦᠨᠳᠦᠰᠦᠨ ᠱᠠᠲᠤᠨ᠎ᠳᠤ ᠦᠢ᠍ᠯᠡᠴᠢᠯᠡᠬᠦ ᠠᠵᠢᠯ᠎ᠢ ᠨᠠᠩ ᠶᠡᠭᠡ ᠡᠷᠴᠢᠮ ᠨᠠᠩ ᠥᠷᠭᠡᠨ ᠬᠡᠪᠴᠢᠶᠡᠨ᠎ᠳᠤ ᠰᠠᠶ᠋ᠢᠲᠤᠷ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠵᠢᠱ᠌ᠢᠯᠲᠡ᠎ᠪᠠᠷ 2024 ᠣᠨ᠎ᠳᠤ ᠮᠡᠷᠭᠡᠵᠢᠯᠲᠡᠳ᠎ᠤᠨ ᠦᠨᠳᠦᠰᠦᠨ ᠱᠠᠲᠤᠨ᠎ᠳᠤ ᠦᠢ᠍ᠯᠡᠴᠢᠯᠡᠬᠦ 15 ᠲᠦᠰᠦᠯ᠎ᠢ ᠳᠡᠮᠵᠢᠨ ᠥᠷᠨᠢᠭᠦᠯᠦᠨ᠎ᠡ᠃



ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            