ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠲᠦᠷᠦᠭᠦᠤ ᠬᠤᠶᠠᠷ ᠰᠠᠷ᠎ᠠ᠎ᠳᠤ ᠮᠠᠨᠵᠤᠤᠷ᠎ᠤᠨ ᠵᠠᠰᠠᠮᠠᠯ ᠵᠠᠮ᠎ᠤᠨ ᠪᠣᠭᠤᠮᠲᠠ᠎ᠪᠠᠷ ᠭᠠᠷᠭ᠋ᠠᠭᠰᠠᠨ ᠠᠶᠠᠨᠴᠢᠳ᠎ᠤᠨ ᠲᠡᠷᠭᠡ ᠳᠠᠬᠢᠨ ᠵᠶ᠋ᠠᠷ ᠨᠡᠮᠡᠭᠳᠡᠪᠡ
ᠨᠡᠶᠢᠲᠡᠯᠡᠭᠰᠡᠨ ᠴᠠᠭ᠄ 2024-03-28


   

    ᠣᠶ᠋ᠢᠷ᠎ᠠ ᠵᠢᠨ ᠵᠢᠯ᠎ᠤᠳ᠎ᠠᠴᠠ᠂ ᠳᠤᠮᠳᠠᠳᠤ ᠤᠯᠤᠰ᠎ᠤᠨ ᠠᠶᠠᠨᠴᠢᠳ᠎ᠤᠨ ᠲᠡᠷᠭᠡᠨ᠎ᠤ ᠭᠠᠳᠠᠭ᠋ᠠᠳᠤ ᠭᠠᠷᠭ᠋ᠠᠯᠲᠠ ᠵᠢᠨ ᠬᠡᠮᠵᠢᠶ᠎ᠡ ᠤᠳᠠᠭ᠎ᠠ ᠳᠠᠷᠠᠭ᠋ᠠᠯᠠᠨ ᠨᠡᠮᠡᠭᠳᠡᠵᠦ᠂ 2023 ᠣᠨ᠎ᠤ ᠭᠠᠳᠠᠭ᠋ᠠᠳᠤ ᠭᠠᠷᠭ᠋ᠠᠯᠲᠠ ᠵᠢᠨ ᠬᠡᠮᠵᠢᠶ᠎ᠡ ᠨᠡᠩ ᠴᠤ᠌ ᠰᠢᠨ᠎ᠡ ᠲᠡᠮᠳᠡᠭᠯᠡᠯ᠎ᠢ ᠡᠭᠦᠳᠴᠡᠢ᠃ ᠮᠠᠨᠵᠤᠤᠷ ᠪᠣᠭᠤᠮᠲᠠ ᠵᠢᠨ ᠪᠦᠷᠢᠳᠬᠡᠯ᠎ᠠᠴᠠ ᠦᠵᠡᠪᠡᠯ᠂ ᠡᠨᠡ ᠵᠢᠯ᠎ᠤᠨ ᠲᠦᠷᠦᠭᠦᠤ ᠬᠤᠶᠠᠷ ᠰᠠᠷ᠎ᠠ᠎ᠳᠤ᠂ ᠮᠠᠨᠵᠤᠤᠷ᠎ᠤᠨ ᠵᠠᠰᠠᠮᠠᠯ ᠵᠠᠮ᠎ᠤᠨ ᠪᠣᠭᠤᠮᠲᠠ᠎ᠪᠠᠷ ᠭᠠᠷᠭ᠋ᠠᠭᠰᠠᠨ ᠲᠣᠮᠣ ᠬᠡᠯᠪᠡᠷᠢ ᠵᠢᠨ ᠠᠶᠠᠨᠴᠢᠳ᠎ᠤᠨ ᠲᠡᠷᠭᠡᠨ᠎ᠤ ᠬᠡᠮᠵᠢᠶ᠎ᠡ ᠪᠠ ᠦᠨ᠎ᠡ ᠳᠠᠬᠢᠨ ᠵᠶ᠋ᠠᠷ ᠨᠡᠮᠡᠭᠳᠡᠵᠦ᠂ ᠨᠡᠶ᠋ᠢᠲᠡ 413 ᠲᠡᠷᠭᠡ ᠵᠢ ᠭᠠᠷᠭ᠋ᠠᠨ᠂ ᠭᠠᠳᠠᠭ᠋ᠠᠳᠤ᠎ᠳᠤ ᠭᠠᠷᠭ᠋ᠠᠭᠰᠠᠨ ᠦᠷᠲᠡᠭ᠎ᠨᠢ 2.7 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠪᠦᠷᠢ 1.1 ᠳᠠᠬᠢᠨ ᠪᠠ 1.6 ᠳᠠᠬᠢᠨ ᠨᠡᠮᠡᠭᠳᠡᠭᠰᠡᠨ ᠪᠠᠶ᠋ᠢᠨ᠎ᠠ᠃

    ᠮᠠᠨᠵᠤᠤᠷ᠎ᠤᠨ ᠰᠠᠨᠹᠧᠩ ᠣᠯᠠᠨ ᠤᠯᠤᠰ᠎ᠤᠨ ᠪᠠᠷᠠᠭ᠎ᠠ ᠲᠡᠭᠡᠭᠡᠪᠦᠷᠢ ᠣᠷᠣᠯᠠᠨ ᠭᠦᠢ᠍ᠴᠡᠳᠬᠡᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠠᠷᠢᠭᠤᠴᠠᠯᠭ᠋ᠠᠲᠠᠨ ᠯᠢᠦᠢ ᠬᠠᠢ ᠶᠠᠨ ᠢᠯᠡᠷᠬᠡᠶ᠋ᠢᠯᠡᠬᠦ᠎ᠳᠤ᠎ᠪᠠᠨ᠄ 《ᠺᠣᠮᠫᠠᠨᠢ ᠵᠢᠨ 2023 ᠣᠨ᠎ᠳᠤ ᠭᠠᠳᠠᠭ᠋ᠠᠳᠤ᠎ᠳᠤ ᠭᠠᠷᠭ᠋ᠠᠬᠤ ᠠᠶᠠᠨᠴᠢᠳ᠎ᠤᠨ ᠲᠡᠷᠭᠡ ᠵᠢ ᠪᠣᠭᠤᠮᠲᠠᠨ᠎ᠳᠤ ᠮᠡᠳᠡᠭᠦᠯᠬᠦ ᠵᠢ ᠣᠷᠣᠯᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ ᠢᠯᠡᠳᠲᠡ ᠨᠡᠮᠡᠭᠳᠡᠵᠡᠢ᠃ ᠮᠠᠨ᠎ᠤ ᠤᠯᠤᠰ᠎ᠤᠨ ᠦᠢ᠍ᠯᠡᠳᠪᠦᠷᠢᠯᠡᠭᠰᠡᠨ ᠠᠶᠠᠨᠴᠢᠳ᠎ᠤᠨ ᠲᠡᠷᠭᠡ᠎ᠨᠢ ᠴᠢᠨᠠᠷ ᠰᠠᠶ᠋ᠢᠲᠠᠢ ᠮᠡᠷᠭᠡᠵᠢᠯ᠂ ᠦᠢ᠍ᠯᠡᠴᠢᠯᠡᠭᠡ ᠪᠠ ᠪᠣᠷᠣᠯᠠᠭᠤᠯᠤᠯᠲᠠ ᠵᠢᠨ ᠳᠠᠷᠠᠭ᠋ᠠᠬᠢ ᠦᠢ᠍ᠯᠡᠴᠢᠯᠡᠭᠡ᠎ᠪᠠᠷ ᠵᠶ᠋ᠠᠨ ᠭᠤᠣᠯᠯᠠᠬᠤ ᠥᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠪᠡ᠃ ᠶᠠᠷᠢᠶᠠᠨ ᠦᠭᠡᠢ᠂ ᠮᠠᠨᠵᠤᠤᠷ᠎ᠤᠨ ᠱ᠌ᠢ ᠪᠠ ᠯᠢ ᠪᠣᠭᠤᠮᠲᠠ ᠵᠢᠨ ᠥᠨᠳᠥᠷ ᠪᠦᠲᠦᠮᠵᠢᠲᠡᠶ᠎ᠪᠠᠷ ᠪᠣᠭᠤᠮᠲᠠ᠎ᠪᠠᠷ ᠥᠩᠭᠡᠷᠡᠭᠦᠯᠬᠦ ᠲᠥᠷᠥ ᠵᠢᠨ ᠪᠣᠳᠣᠯᠭ᠎ᠠ ᠪᠣᠯ ᠳᠤᠲᠠᠭᠳᠠᠵᠤ ᠪᠣᠯᠣᠰᠢ ᠦᠭᠡᠢ ᠨᠢᠭᠡ ᠵᠦᠢ᠍ᠯ᠎ᠨᠢ ᠶᠤᠮ᠃ 24 ᠴᠠᠭ ᠵᠶ᠋ᠠᠷ ᠪᠣᠭᠤᠮᠲᠠ᠎ᠪᠠᠷ ᠥᠩᠭᠡᠷᠡᠭᠦᠯᠬᠦ ᠦᠢ᠍ᠯᠡᠴᠢᠯᠡᠭᠡ᠎ᠠᠴᠠ ᠠᠪᠤᠭ᠋ᠠᠳ ᠠᠵᠤ ᠠᠬᠤᠶ᠋ᠢᠯᠠᠯ᠎ᠤᠳ᠎ᠲᠤ ᠭᠦᠨᠵᠡᠭᠡᠶ᠋ᠢᠷᠡᠨ ᠪᠢᠳᠡᠨ᠎ᠳᠤ 〈ᠢᠨᠲ᠋ᠧᠷ ᠰᠦᠯᠵᠢᠶ᠎ᠡ᠎ᠪᠠᠷ ᠭᠤᠶᠤᠴᠢᠯᠠᠨ ᠮᠡᠳᠡᠭᠦᠯᠬᠦ〉 〈ᠤᠷᠢᠳᠴᠢᠯᠠᠵᠤ ᠭᠤᠶᠤᠴᠢᠯᠠᠨ ᠮᠡᠳᠡᠭᠦᠯᠬᠦ〉 ᠬᠡᠶ᠋ᠢᠰᠪᠦᠷᠢ ᠲᠡᠷᠭᠡᠨ ᠫᠠᠶ᠋ᠢᠰᠠ〉 ᠵᠡᠷᠭᠡ ᠵᠢ ᠤᠬᠠᠭᠤᠯᠤᠨ ᠵᠢᠯᠤᠭᠤᠳᠴᠤ᠂ ᠠᠶᠠᠨᠴᠢᠳ᠎ᠤᠨ ᠲᠡᠷᠭᠡ ᠵᠢ 〈ᠢᠷᠡᠮᠡᠭᠴᠡ ᠶᠠᠪᠤᠭᠤᠯᠵᠤ〉 ᠪᠣᠭᠤᠮᠲᠠ᠎ᠪᠠᠷ ᠲᠦᠷᠭᠡᠨ ᠥᠩᠭᠡᠷᠡᠭᠦᠯᠬᠦ ᠵᠢ ᠪᠡᠶᠡᠯᠡᠭᠦᠯᠪᠡ》 ᠭᠡᠵᠡᠢ᠃

   2023 ᠣᠨ᠎ᠳᠤ᠂ ᠮᠠᠨᠵᠤᠤᠷ᠎ᠤᠨ ᠵᠠᠰᠠᠮᠠᠯ ᠵᠠᠮ᠎ᠤᠨ ᠪᠣᠭᠤᠮᠲᠠ᠎ᠪᠠᠷ ᠥᠩᠭᠡᠷᠡᠭᠦᠯᠦᠭᠰᠡᠨ ᠠᠶᠠᠨᠴᠢᠳ᠎ᠤᠨ ᠲᠡᠷᠭᠡᠨ᠎ᠤ ᠠᠷᠠᠯᠵᠢᠶᠠᠨ᠎ᠤ ᠦᠷᠳᠡᠭ 13 ᠳ᠋ᠦᠩᠰᠢᠭᠤᠷ ᠲᠥᠭᠦᠷᠢᠭ᠎ᠢ ᠳᠠᠪᠠᠵᠤ᠂ ᠠᠶᠠᠨᠴᠢᠳ᠎ᠤᠨ ᠲᠡᠷᠭᠡ ᠵᠢ ᠤᠷᠤᠰ᠎ᠲᠤ ᠭᠠᠷᠭ᠋ᠠᠭᠰᠠᠨ᠎ᠨᠢ ᠪᠦᠬᠦ ᠤᠯᠤᠰ᠎ᠤᠨ ᠵᠠᠰᠠᠮᠠᠯ ᠵᠠᠮ᠎ᠤᠨ ᠪᠣᠭᠤᠮᠲᠠᠨ᠎ᠳᠤ ᠨᠢᠭᠡᠳᠦᠭᠡᠷ᠎ᠲᠤ ᠵᠢᠭᠰᠠᠭ᠋ᠠᠭᠳᠠᠪᠠ᠃

    ᠳᠤᠮᠳᠠᠳᠤ ᠤᠯᠤᠰ᠎ᠤᠨ ᠦᠢ᠍ᠯᠡᠳᠬᠦ ᠦᠢ᠍ᠯᠡᠰ᠎ᠤᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠨ᠂ ᠰᠢᠨ᠎ᠡ ᠡᠨᠧᠷᠭᠢ ᠵᠡᠷᠭᠡ ᠮᠡᠷᠭᠡᠵᠢᠯ ᠰᠢᠪᠲᠤᠯᠤᠯᠲᠠ᠎ᠲᠠᠢ ᠪᠣᠯᠬᠤ ᠵᠢ ᠵᠢ ᠳᠠᠭ᠋ᠠᠯᠳᠤᠨ᠂ ᠣᠯᠠᠨ ᠤᠯᠤᠰ᠎ᠤᠨ ᠵᠠᠬ᠎ᠠ ᠳᠡᠯᠭᠡᠭᠦᠷ᠎ᠲᠤ ᠳᠤᠮᠳᠠᠳᠤ ᠤᠯᠤᠰ᠎ᠤᠨ ᠦᠢ᠍ᠯᠡᠳᠪᠦᠷᠢᠯᠡᠭᠰᠡᠨ ᠠᠶᠠᠨᠴᠢᠳ᠎ᠤᠨ ᠲᠡᠷᠭᠡ ᠵᠢ ᠭᠥᠯᠢᠶᠡᠨ ᠠᠪᠬᠤ ᠬᠡᠮᠵᠢᠶ᠎ᠡ ᠴᠦ᠍ ᠲᠠᠰᠤᠷᠠᠯᠲᠠ ᠦᠭᠡᠢ ᠳᠡᠭᠡᠭᠰᠢᠯᠡᠵᠦ ᠪᠠᠶ᠋ᠢᠨ᠎ᠠ᠃ ᠢᠷᠡᠭᠡᠳᠦᠢ᠎ᠳᠤ ᠣᠯᠠᠨ ᠤᠯᠤᠰ᠎ᠤᠨ ᠠᠶᠠᠨᠴᠢᠳ᠎ᠤᠨ ᠲᠡᠷᠭᠡᠨ᠎ᠤ ᠠᠵᠢᠯ ᠲᠥᠷᠥᠯ ᠯᠠᠪᠲᠠᠢ ᠰᠢᠨ᠎ᠡ ᠨᠢᠭᠡᠨ ᠡᠭᠡᠯᠵᠢᠨ᠎ᠤ ᠰᠣᠯᠢᠭᠳᠠᠯ᠎ᠤᠨ ᠦᠶᠡᠯᠡᠯ ᠵᠶ᠋ᠠᠨ ᠤᠭᠲᠤᠨ᠂ ᠭᠠᠳᠠᠭ᠋ᠠᠳᠤ᠎ᠳᠠᠬᠢ ᠬᠡᠷᠡᠭᠴᠡᠭᠡᠨ᠎ᠤ ᠳᠠᠯᠳᠠ ᠬᠦᠴᠦᠨ ᠲᠠᠰᠤᠷᠠᠯᠲᠠ ᠦᠭᠡᠢ ᠢᠯᠡᠷᠡᠬᠦ ᠪᠣᠯᠣᠨ᠎ᠠ᠃ ᠳᠤᠮᠳᠠᠳᠤ ᠤᠯᠤᠰ᠎ᠤᠨ ᠦᠢ᠍ᠯᠡᠳᠪᠦᠷᠢᠯᠡᠭᠰᠡᠨ ᠠᠶᠠᠨᠴᠢᠳ᠎ᠤᠨ ᠲᠡᠷᠭᠡ ᠦᠷᠭᠦᠯᠵᠢᠯᠡᠨ ᠦᠢ᠍ᠯᠡᠳᠬᠦᠨ᠎ᠳᠤ ᠦᠨᠳᠦᠰᠦᠯᠡᠵᠦ᠂ ᠦᠢ᠍ᠯᠡᠴᠢᠯᠡᠭᠡ᠎ᠪᠠᠨ ᠳᠡᠭᠡᠭᠰᠢᠯᠡᠭᠦᠯᠦᠨ᠂ ᠳᠤᠮᠳᠠᠳᠤ ᠤᠯᠤᠰ᠎ᠤᠨ ᠦᠢ᠍ᠯᠡᠳᠪᠦᠷᠢᠯᠡᠭᠰᠡᠨ ᠦᠢ᠍ᠯᠡᠳᠬᠦᠨ᠎ᠤ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠴᠢᠷᠮᠠᠶ᠋ᠢᠨ ᠥᠷᠭᠡᠳᠬᠡᠬᠦ ᠬᠡᠷᠡᠭᠲᠡᠢ ᠪᠠᠶ᠋ᠢᠨ᠎ᠠ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠨᠡᠩ ᠰᠠᠶ᠋ᠢᠲᠤᠷ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠮᠠᠨᠵᠤᠤᠷ ᠪᠣᠭᠤᠮᠲᠠ ᠦᠷᠭᠦᠯᠵᠢᠯᠡᠨ ᠡᠷᠡᠯᠬᠡᠭᠯᠡᠨ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠥᠩᠭᠡᠷᠡᠭᠰᠡᠨ᠎ᠲᠠᠢ᠎ᠪᠠᠨ ᠠᠳᠠᠯᠢ᠎ᠪᠠᠷ 《ᠤᠯᠤᠰ᠎ᠤᠨ ᠡᠭᠦᠳᠡ᠎ᠪᠠᠨ ᠰᠠᠬᠢᠵᠤ᠂ ᠬᠥᠭᠵᠢᠯᠲᠡ ᠵᠢ ᠠᠬᠢᠭᠤᠯᠬᠤ》 ᠡᠭᠦᠷᠭᠡ ᠵᠢ ᠦᠢ᠍ᠯᠡᠳᠦᠯᠭᠡᠵᠢᠭᠦᠯᠵᠦ᠂ ᠪᠣᠭᠤᠮᠲᠠ᠎ᠪᠠᠷ ᠥᠩᠭᠡᠷᠡᠭᠦᠯᠬᠦ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠᠳᠤ ᠤᠯᠤᠰ᠎ᠤᠨ ᠦᠢ᠍ᠯᠡᠳᠬᠦ ᠦᠢ᠍ᠯᠡᠰ᠎ᠤᠨ ᠳᠡᠯᠡᠬᠡᠢ ᠵᠢᠨ ᠲᠠᠪᠴᠠᠩ᠎ᠳᠤ ᠭᠡᠷᠡᠯ ᠭᠢᠯᠪᠠᠭ᠎ᠠ᠎ᠪᠠᠨ ᠰᠠᠴᠤᠷᠠᠭᠤᠯᠬᠤ᠎ᠳᠤ ᠬᠦᠴᠦᠨ ᠨᠡᠮᠡᠷᠢᠯᠡᠨ᠎ᠡ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            