ᠤᠯᠠᠭ᠋ᠠᠨᠬᠠᠳᠠ ᠬᠤᠲᠠ ᠵᠢᠨ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠩᠬᠠᠳᠤᠭ᠋ᠠᠷ ᠤᠳᠠᠭ᠋ᠠᠨ᠎ᠤ ᠠᠵᠢᠯ ᠳᠠᠭᠤᠰᠴᠤ᠂ 5 ᠬᠦᠮᠦᠨ ᠳᠡᠭᠡᠳᠦ ᠵᠡᠷᠭᠡ ᠵᠢᠨ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ᠎ᠲᠠᠢ᠂ 58 ᠬᠦᠮᠦᠨ ᠳᠤᠮᠳᠠ ᠵᠡᠷᠭᠡ ᠵᠢᠨ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ᠎ᠲᠠᠢ᠂ 80 ᠬᠦᠮᠦᠨ ᠠᠩᠬ᠎ᠠ ᠵᠡᠷᠭᠡ ᠵᠢᠨ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ᠎ᠲᠠᠢ ᠪᠣᠯᠪᠠ᠃
ᠥᠪᠡᠷᠲᠡᠭᠡᠨ ᠵᠠᠰᠠᠬᠤ ᠣᠷᠣᠨ᠎ᠳᠤ ᠡᠩ ᠲᠡᠷᠢᠭᠦᠨ᠎ᠳᠤ ᠲᠣᠰ ᠠᠵᠢᠯ᠎ᠢ ᠥᠷᠨᠢᠭᠦᠯᠦᠭᠰᠡᠨ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠨᠤᠭᠤᠳ᠎ᠤᠨ ᠨᠢᠭᠡ ᠪᠣᠯᠤᠭᠰᠠᠨ᠎ᠤ ᠬᠤᠪᠢ᠎ᠳᠤ᠂ ᠤᠯᠠᠭ᠋ᠠᠨᠬᠠᠳᠠ ᠬᠤᠲᠠ᠎ᠨᠢ ᠡᠯ᠎ᠡ ᠬᠤᠰᠢᠭᠤ ᠰᠢᠶᠠᠨ ᠲᠣᠭᠤᠷᠢᠭ᠎ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠤᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠤᠳᠴᠤ ᠪᠠᠶ᠋ᠢᠭ᠋ᠠᠳ ᠤᠬᠠᠭᠤᠯᠤᠨ ᠳᠠᠶ᠋ᠢᠴᠢᠯᠠᠬᠤ ᠠᠵᠢᠯ᠎ᠢ ᠰᠠᠶ᠋ᠢᠲᠤᠷ ᠬᠢᠵᠦ᠂ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢᠨ ᠵᠣᠷᠢᠯᠭ᠎ᠠ ᠪᠠ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠭᠤᠯᠵᠠᠢ᠃ ᠲᠠᠷᠢᠶᠠᠯᠠᠩ ᠬᠥᠳᠡᠭᠡ ᠲᠣᠰᠬᠤᠨ᠎ᠤ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠤ ᠦᠢ᠍ᠯᠡᠰ᠂ ᠠᠳᠠᠯᠢ ᠪᠤᠰᠤ ᠮᠡᠷᠭᠡᠵᠢᠯ᠂ ᠠᠳᠠᠯᠢ ᠪᠤᠰᠤ ᠲᠠᠰ ᠳᠠᠪᠬᠤᠷᠭ᠎ᠠ ᠵᠢᠨ ᠬᠡᠷᠡᠭᠴᠡᠭᠡᠲᠦ ᠴᠢᠳᠠᠪᠤᠷᠢᠲᠠᠨ᠎ᠤ ᠣᠨᠴᠠᠯᠢᠭ᠎ᠲᠠᠢ ᠤᠶᠠᠯᠳᠤᠭᠤᠯᠤᠨ᠂ ᠭᠦᠢ᠍ᠴᠡᠳ ᠤᠬᠠᠭᠤᠯᠤᠨ ᠳᠠᠶ᠋ᠢᠴᠢᠯᠠᠵᠤ᠂ ᠥᠷᠭᠡᠨ ᠣᠯᠠᠨ ᠮᠠᠯᠴᠢᠳ ᠲᠠᠷᠢᠶᠠᠴᠢᠳ᠎ᠤᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠳᠤ ᠣᠷᠣᠯᠴᠠᠬᠤ ᠢᠳᠡᠪᠬᠢᠵᠢᠯ᠎ᠢ᠎ᠨᠢ ᠳᠠᠶ᠋ᠢᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ ᠨᠡᠶ᠋ᠢᠲᠡᠯᠡᠭᠰᠡᠨ᠎ᠤ ᠳᠠᠷᠠᠭ᠎ᠠ᠂ ᠤᠯᠠᠭ᠋ᠠᠨᠬᠠᠳᠠ ᠵᠢᠨ ᠬᠤᠲᠠ ᠬᠢᠭᠡᠳ ᠰᠢᠶᠠᠨ ᠬᠤᠶᠠᠷ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠤᠯᠪᠤᠭ᠋ᠠᠯᠠᠨ ᠬᠥᠳᠡᠯᠦᠯᠴᠡᠵᠦ᠂ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠡᠷᠡᠭ ᠡᠷᠭᠢᠯᠡᠬᠦ ᠪᠠᠶ᠋ᠢᠭᠤᠯᠤᠮᠵᠢ ᠵᠢ ᠴᠠᠭ ᠲᠤᠬᠠᠢᠳᠤᠨᠢ ᠵᠣᠬᠢᠶᠠᠨ ᠪᠠᠶ᠋ᠢᠭᠤᠯᠵᠤ᠂ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠨᠥᠬᠦᠴᠡᠯ᠎ᠢ ᠱᠠᠲᠤ ᠬᠤᠪᠢᠶᠠᠨ ᠲᠣᠭᠲᠠᠭ᠋ᠠᠵᠤ᠂ ᠬᠢᠨᠠᠨ ᠲᠣᠭᠲᠠᠭ᠋ᠠᠬᠤ ᠳᠦᠷᠢᠮ᠎ᠢ ᠪᠠᠶ᠋ᠢᠭᠤᠯᠤᠨ᠂ ᠬᠢᠨᠠᠨ ᠲᠣᠭᠲᠠᠭ᠋ᠠᠬᠤ ᠲᠠᠰ ᠳᠠᠷᠠᠭ᠋ᠠᠯᠠᠯ᠎ᠢ ᠵᠢᠷᠤᠮᠵᠢᠭᠤᠯᠵᠤ᠂ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠭᠡᠳ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠢ ᠳᠥᠷᠢᠮᠵᠢᠭᠦᠨ ᠪᠥᠭᠡᠳ ᠲᠢᠭᠯᠢᠮ᠎ᠲᠠᠢ ᠥᠷᠨᠢᠭᠦᠯᠬᠦ ᠵᠢ ᠦᠨᠡᠨ ᠬᠦ᠌ ᠪᠠᠲᠤᠯᠠᠭᠰᠠᠨ ᠪᠠᠶ᠋ᠢᠨ᠎ᠠ᠃
ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠣᠯᠣᠭᠰᠠᠨ ᠬᠥᠮᠥᠰ᠎ᠨᠢ ᠠᠳᠠᠯᠢ ᠨᠥᠬᠦᠴᠡᠯ᠎ᠤᠨ ᠳᠣᠣᠷ᠎ᠠ ᠰᠢᠨ᠎ᠡ ᠮᠡᠷᠭᠡᠵᠢᠯ᠎ᠤᠨ ᠪᠣᠯᠪᠠᠰᠤᠷᠠᠯ᠎ᠢ ᠤᠷᠢᠳ ᠵᠶ᠋ᠠᠷ ᠭᠥᠷᠳᠡᠵᠦ᠂ ᠰᠢᠨ᠎ᠡ ᠲᠥᠷᠥᠯ ᠵᠦᠢ᠍ᠯ᠂ ᠰᠢᠨ᠎ᠡ ᠤᠷᠠᠯᠠᠯ᠎ᠤᠨ ᠲᠤᠷᠰᠢᠯᠲᠠ ᠵᠢᠱ᠌ᠢᠶ᠎ᠡ ᠦᠵᠡᠭᠦᠯᠦᠯᠲᠡ ᠵᠢ ᠤᠷᠢᠳ ᠵᠶ᠋ᠠᠷ ᠬᠦᠯᠢᠶᠡᠨ᠎ᠡ; ᠬᠤᠯᠪᠤᠭᠳᠠᠯ ᠪᠦᠬᠦᠢ ᠠᠵᠢᠯ ᠲᠥᠷᠥᠯ᠎ᠤᠨ ᠬᠦᠷᠢᠶᠡᠨ᠎ᠤ ᠮᠡᠷᠭᠡᠵᠢᠯ᠎ᠤᠨ ᠪᠣᠯᠪᠠᠰᠤᠷᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠶ᠋ᠢᠯᠤᠮᠵᠢ᠂ ᠭᠠᠳᠠᠭᠰᠢ ᠭᠠᠷᠴᠤ ᠰᠢᠨᠵᠢᠯᠡᠨ ᠪᠠᠶ᠋ᠢᠴᠠᠭ᠋ᠠᠬᠤ ᠵᠢᠴᠢ ᠡᠷᠳᠡᠮ ᠰᠢᠨᠵᠢᠯᠡᠭᠡᠨ᠎ᠤ ᠬᠤᠷᠠᠯ ᠵᠡᠷᠭᠡ ᠠᠵᠢᠯᠯᠠᠭ᠎ᠠ᠎ᠨᠤᠭᠤᠳ᠎ᠲᠤ ᠤᠷᠢᠳ ᠵᠶ᠋ᠠᠷ ᠣᠷᠣᠯᠴᠠᠨ᠎ᠠ; ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠷᠰᠢᠯᠲᠠ ᠵᠢᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠪᠠ ᠮᠠᠯᠴᠢᠨ ᠲᠠᠷᠢᠶᠠᠴᠢᠨ᠎ᠢ ᠪᠣᠯᠪᠠᠰᠤᠷᠠᠭᠤᠯᠬᠤ ᠡᠭᠦᠷᠭᠡ ᠵᠢ ᠤᠷᠢᠳ ᠵᠶ᠋ᠠᠷ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠢ ᠵᠢᠨ ᠨᠢᠭᠡᠳᠦᠭᠡᠷ ᠹᠷᠣᠨᠲ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠡᠩᠨᠡᠭᠡᠨ᠎ᠳᠤ ᠤᠷᠢᠳ ᠵᠶ᠋ᠠᠷ ᠣᠷᠣᠯᠴᠠᠨ᠎ᠠ; ᠮᠥᠩᠭᠦᠨ ᠭᠦᠢ᠍ᠯᠭᠡᠭᠡᠨ᠎ᠤ ᠳᠠᠭ᠋ᠠᠳᠬᠠᠯ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢ ᠤᠷᠢᠳ ᠵᠶ᠋ᠠᠷ ᠭᠥᠷᠳᠡᠵᠦ᠂ ᠴᠢᠳᠠᠪᠤᠷᠢᠲᠠᠨ᠎ᠢ ᠬᠥᠮᠥᠵᠢᠭᠦᠯᠬᠦ ᠢᠨᠵᠧᠨᠧᠷᠢᠩ᠂ ᠴᠢᠳᠠᠪᠤᠷᠢᠲᠠᠨ᠎ᠤ ᠲᠦᠰᠦᠯ᠎ᠤᠨ ᠰᠢᠯᠭ᠋ᠠᠷᠠᠭᠤᠯᠤᠯᠲᠠ᠂ ᠰᠢᠯᠢᠳᠡᠭ᠎ᠢ ᠬᠥᠬᠢᠭᠦᠯᠦᠨ ᠰᠠᠶ᠋ᠢᠰᠢᠶᠠᠬᠤ ᠵᠡᠷᠭᠡ᠎ᠳᠤ ᠤᠷᠢᠳ ᠵᠶ᠋ᠠᠷ ᠰᠣᠩᠭᠤᠭᠳᠠᠨ ᠲᠠᠨᠢᠯᠴᠠᠭᠤᠯᠤᠭᠳᠠᠵᠤ ᠣᠷᠣᠯᠴᠠᠭᠤᠯᠤᠨ᠎ᠠ; ᠬᠥᠳᠡᠭᠡ ᠲᠣᠰᠬᠤᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯᠲᠡᠨ᠎ᠢ ᠤᠷᠢᠨ ᠬᠡᠷᠡᠭᠯᠡᠬᠦ᠎ᠳᠤ ᠤᠷᠢᠳ ᠵᠶ᠋ᠠᠷ ᠲᠠᠨᠢᠯᠴᠠᠭᠤᠯᠤᠭᠳᠠᠬᠤ ᠪᠠ ᠤᠷᠢᠭᠳᠠᠨ ᠬᠡᠷᠡᠭᠯᠡᠭᠳᠡᠨ᠎ᠡ᠃ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢᠨ ᠳᠣᠲᠣᠷᠠᠬᠢ 2᠎ᠠᠴᠠ ᠳᠡᠭᠡᠭᠰᠢᠬᠢ ᠭᠡᠰᠢᠭᠦᠨ᠎ᠨᠢ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠣᠯᠣᠭᠰᠠᠨ ᠮᠥᠷᠲᠡᠭᠡᠨ ᠣᠷᠳᠣ ᠬᠤᠭᠤᠴᠠᠭ᠎ᠠ᠎ᠪᠠᠷ ᠦᠢ᠍ᠯᠡᠳᠦᠯ ᠵᠶ᠋ᠠᠨ ᠪᠠᠳᠠᠷᠠᠭᠤᠯᠤᠭᠰᠠᠨ ᠪᠠᠶ᠋ᠢᠪᠠᠯ᠂ ᠬᠤᠲᠠ ᠵᠢᠨ ᠱᠠᠲᠤ ᠵᠢᠴᠢ ᠲᠡᠭᠦᠨ᠎ᠠᠴᠠ ᠳᠡᠭᠡᠭᠰᠢᠬᠢ ᠵᠢᠱ᠌ᠢᠶ᠎ᠡ ᠦᠵᠡᠭᠦᠯᠬᠦ ᠬᠤᠷᠰᠢᠶ᠎ᠠ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠶᠯᠡᠰᠵᠢᠯᠲᠡ ᠵᠢᠨ ᠭᠤᠣᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ ᠵᠡᠷᠭᠡ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠤᠷᠢᠳ ᠵᠶ᠋ᠠᠷ ᠲᠠᠨᠢᠯᠴᠠᠭᠤᠯᠬᠤ᠎ᠳᠤ ᠴᠢᠬᠤᠯᠠ ᠦᠨᠳᠦᠰᠦᠯᠡᠯ ᠪᠣᠯᠭ᠋ᠠᠨ᠎ᠠ᠃ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠬᠦ ᠡᠯ᠎ᠡ ᠲᠥᠷᠥᠯ᠎ᠤᠨ ᠱᠠᠩᠨᠠᠵᠤ ᠨᠥᠬᠦᠪᠦᠷᠢᠯᠡᠬᠦ ᠲᠥᠷᠥ ᠵᠢᠨ ᠪᠣᠳᠣᠯᠭ᠎ᠠ᠂ ᠲᠠᠷᠢᠶᠠᠯᠠᠩ ᠮᠠᠯ ᠠᠵᠤ ᠠᠬᠤᠢ ᠵᠢᠨ ᠲᠦᠰᠦᠯ᠎ᠢ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠣᠯᠣᠭᠰᠠᠨ ᠮᠠᠯᠴᠢᠳ ᠲᠠᠷᠢᠶᠠᠴᠢᠳ᠎ᠤᠨ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠳᠠᠭ᠋ᠠᠭᠤᠯᠤᠨ ᠡᠷᠭᠢᠯᠡᠬᠦ ᠲᠡᠶ᠋ᠢᠰᠢ ᠵᠣᠬᠢᠬᠤ ᠬᠡᠮᠵᠢᠶ᠎ᠡ᠎ᠪᠠᠷ ᠬᠡᠯᠪᠡᠶ᠋ᠢᠯᠭᠡᠨ᠎ᠡ᠃