ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠬᠥᠬᠡᠬᠤᠲᠠ ᠵᠢᠨ᠎ᠬᠢᠨ 《ᠱᠣᠣᠮᠠᠢ +》 ᠠᠮᠲᠠᠲᠤ ᠢᠳᠡᠭᠡᠨ᠎ᠤ ᠰᠣᠶᠣᠯ ᠵᠢᠭᠤᠯᠴᠢᠯᠠᠯ᠎ᠤᠨ IP ᠵᠢ ᠠᠮᠵᠢᠯᠲᠠ᠎ᠲᠠᠢ ᠡᠭᠦᠳᠴᠦ ᠱᠣᠣᠮᠠᠢ ᠵᠢᠨ ᠠᠮᠲᠠᠲᠤ ᠢᠳᠡᠭᠡᠨ᠎ᠤ ᠨᠠᠷᠠᠲᠤ ᠲᠡᠮᠳᠡᠭ᠎ᠢ 《ᠢᠳᠡᠭᠡᠨ ᠤᠮᠳᠠᠭ᠋ᠠᠨ᠎ᠤ ᠬᠦᠷᠢᠶᠡᠨ ᠠᠯᠳᠠᠷ ᠴᠣᠤ᠎ᠲᠠᠢ ᠪᠣᠯᠭ᠋ᠠᠬᠤ》 ᠵᠢ ᠠᠬᠢᠭᠤᠯᠵᠤ ᠪᠣᠢ
ᠨᠡᠶᠢᠲᠡᠯᠡᠭᠰᠡᠨ ᠴᠠᠭ᠄ 2024-12-27


 

 12 ᠳ᠋ᠤᠭ᠋ᠠᠷ ᠰᠠᠷ᠎ᠠ ᠵᠢᠨ 21᠎ᠤ ᠡᠳᠦᠷ᠂ ᠬᠥᠬᠡᠬᠤᠲᠠ ᠵᠢᠨ᠎ᠬᠢᠨ ᠱᠣᠣᠮᠠᠢ ᠵᠢᠨ ᠠᠮᠲᠠᠲᠤ ᠢᠳᠡᠭᠡᠨ᠎ᠤ ᠶᠡᠭᠡ ᠬᠤᠷᠠᠯ᠎ᠢ ᠠᠮᠵᠢᠯᠲᠠ᠎ᠲᠠᠢ ᠡᠷᠬᠢᠯᠡᠵᠦ᠂ ᠲᠤᠬᠠᠢ ᠵᠢᠨ ᠲᠠᠯᠠᠪᠠᠢ᠎ᠳᠠᠬᠢ ᠵᠢᠭᠤᠯᠴᠢᠯᠠᠭᠰᠠᠳ᠎ᠤᠨ ᠲᠤᠭ᠎ᠠ 3.17 ᠲᠦᠮᠡᠨ ᠬᠥᠮᠦᠨ ᠤᠳᠠᠭ᠎ᠠ᠎ᠳᠤ ᠬᠦᠷᠪᠡ᠃ ᠠᠵᠢᠯᠯᠠᠭ᠎ᠠ ᠵᠢᠨ ᠬᠤᠭᠤᠴᠠᠭ᠋ᠠᠨ᠎ᠳᠤ᠂ ᠣᠯᠠᠨ ᠬᠥᠮᠦᠨ᠎ᠳᠤ ᠱᠣᠣᠮᠠᠢ ᠵᠢ ᠵᠣᠭᠤᠰ ᠬᠤᠷᠢᠶᠠᠬᠤ ᠥᠬᠡᠶ᠎ᠪᠠᠷ ᠠᠮᠲᠠᠯᠠᠭᠤᠯᠬᠤ᠂ ᠱᠣᠤᠮᠠᠶ᠎ᠪᠠᠷ ᠭᠤᠤᠯ ᠰᠡᠳᠦᠪ ᠵᠶ᠋ᠠᠨ ᠪᠣᠯᠭ᠋ᠠᠭᠰᠠᠨ ᠲᠣᠮᠣ ᠬᠡᠯᠪᠡᠷᠢ ᠵᠢᠨ ᠲᠣᠨᠣᠭᠯᠠᠯ ᠤᠷᠠᠯᠢᠭ᠎ᠤᠨ ᠦᠵᠡᠭᠦᠯᠭᠡ ᠵᠡᠷᠭᠡ ᠠᠵᠢᠯᠯᠠᠭ᠎ᠠ᠎ᠨᠢ ᠵᠢᠭᠤᠯᠴᠢᠯᠠᠭᠰᠠᠳ᠎ᠢ ᠲᠠᠲᠠᠵᠤ᠂ ᠤᠤᠭ᠋ᠠᠯ ᠡᠭᠦᠳᠦᠯᠲᠡ ᠵᠢᠨ ᠭᠤᠴᠤᠯᠠᠯ ᠠᠶᠠᠯᠭᠤ 《ᠬᠤᠨᠢᠨ᠎ᠤ ᠮᠢᠬ᠎ᠠ ᠰᠣᠩᠭᠢᠨ᠎ᠠ ᠵᠢᠨ ᠢᠳᠡᠭᠡ》᠂ 《ᠱᠣᠤᠮᠠᠢ ᠵᠢ ᠶᠠᠷᠢᠬᠤᠢ》 ᠵᠡᠷᠭᠡ ᠭᠤᠶ᠋ᠢᠳᠠ ᠰᠠᠶ᠋ᠢᠬᠠᠨ ᠲᠣᠭᠯᠠᠯᠲᠠ ᠵᠢ ᠵᠠᠯᠭ᠋ᠠᠭ᠎ᠠ᠎ᠪᠠᠷ ᠲᠣᠭᠯᠠᠪᠠ᠃ 《ᠬᠥᠬᠡᠬᠤᠲᠠ᠎ᠳᠤ ᠱᠣᠣᠮᠠᠢ ᠠᠮᠲᠠᠯᠠᠬᠤᠢ》᠎ᠨᠢ ᠨᠢᠭᠡᠨᠲᠡ ᠨᠢᠭᠡ ᠵᠦᠢ᠍ᠯ᠎ᠤᠨ ᠬᠠᠯᠠᠮᠰᠢᠯᠲᠤ ᠦᠵᠡᠭᠳᠡᠯ ᠪᠣᠯᠵᠤ᠂ ᠵᠢᠭᠤᠯᠴᠢᠯᠠᠭᠰᠠᠳ ᠲᠤᠷᠠᠲᠠᠶ᠎ᠠ ᠮᠥᠩᠭᠦ ᠭᠠᠷᠭ᠋ᠠᠨ ᠬᠤᠳᠠᠯᠳᠤᠵᠤ ᠠᠪᠬᠤ ᠢᠳᠡᠭᠡᠨ ᠪᠣᠯᠵᠠᠢ᠂ 12 ᠳ᠋ᠤᠭ᠋ᠠᠷ ᠰᠠᠷ᠎ᠠ ᠵᠢᠨ 23᠎ᠤ ᠡᠳᠦᠷ ᠪᠣᠯᠲᠠᠯ᠎ᠠ᠂ ᠪᠦᠬᠦ ᠰᠦᠯᠵᠢᠶᠡᠨ᠎ᠤ ᠬᠠᠮᠢᠶ᠎ᠠ ᠪᠦᠬᠦᠢ ᠮᠡᠳᠡᠭᠡ ᠵᠠᠩᠭᠢ 2009 ᠵᠤᠷᠪᠤᠰ ᠪᠠᠶ᠋ᠢᠵᠤ᠂ ᠤᠩᠰᠢᠯᠭ᠎ᠠ ᠵᠢᠨ ᠬᠡᠮᠵᠢᠶ᠎ᠡ᠎ᠨᠢ 5746 ᠲᠦᠮᠡᠨ ᠬᠥᠮᠦᠨ ᠤᠳᠠᠭ᠎ᠠ᠎ᠳᠤ ᠬᠦᠷᠴᠦ᠂ ᠰᠣᠨᠢᠷᠬᠠᠭᠰᠠᠨ ᠬᠡᠮᠵᠢᠶ᠎ᠡ᠎ᠨᠢ 8385 ᠲᠦᠮᠡᠨ ᠤᠳᠠᠭ᠎ᠠ᠎ᠳᠤ ᠬᠦᠷᠦᠭᠰᠡᠨ ᠪᠠᠶ᠋ᠢᠨ᠎ᠠ᠂ ᠱᠣᠣᠮᠠᠢ ᠵᠢᠨ ᠠᠮᠲᠠᠲᠤ ᠢᠳᠡᠭᠡᠨ᠎ᠤ ᠶᠡᠭᠡ ᠨᠠᠶ᠋ᠢᠷ᠎ᠤᠨ ᠲᠤᠰ ᠡᠳᠦᠷ᠎ᠲᠠᠬᠢ ᠲᠥᠪ ᠲᠧᠯᠸᠢᠰ᠎ᠤᠨ ᠸᠢᠳᠢᠣ᠋᠂ ᠳᠡᠭᠦᠯᠢᠯᠲᠡ ᠬᠠᠮ ᠵᠠᠭᠤᠴᠢᠯᠠᠭᠤᠷ ᠵᠡᠷᠭᠡ ᠠᠬᠤᠢ ᠲᠠᠯᠠᠪᠤᠷ᠎ᠤᠨ ᠰᠢᠭᠤᠳ ᠨᠡᠪᠲᠡᠷᠡᠭᠦᠯᠭᠡ ᠵᠢᠨ ᠦᠵᠡᠭᠴᠢ ᠵᠢᠨ ᠲᠤᠭ᠎ᠠ ᠮᠢᠩᠭ᠋ᠠᠨ ᠲᠦᠮᠡᠨ ᠬᠥᠮᠦᠨ ᠤᠳᠠᠭ᠎ᠠ ᠵᠢ ᠳᠠᠪᠠᠵᠤ᠂ ᠰᠢᠨᠬᠤᠸᠠ ᠬᠤᠷᠢᠶ᠎ᠠ᠂ ᠠᠷᠠᠳ᠎ᠤᠨ ᠡᠳᠦᠷ᠎ᠤᠨ ᠰᠣᠨᠢᠨ ᠵᠡᠷᠭᠡ ᠲᠥᠪ᠎ᠤᠨ ᠱᠠᠲᠤᠨ᠎ᠤ ᠵᠠᠭᠤᠴᠢᠯᠠᠭᠤᠷ᠎ᠤᠨ ᠮᠡᠳᠡᠭᠡᠯᠡᠭᠰᠡᠨ ᠮᠡᠳᠡᠭᠡᠯᠡᠯ 200 ᠰᠢᠬᠠᠮ ᠤᠳᠠᠭ᠎ᠠ ᠪᠠᠶ᠋ᠢᠵᠤ᠂ ᠪᠢᠴᠢᠯ ᠪᠥᠷᠬᠡ᠂ ᠲᠢᠺ ᠲᠣᠺ᠂ ᠬᠤᠷᠳᠤᠨ ᠭᠠᠷ᠎ᠲᠤ ᠪᠣᠢ ᠪᠣᠯᠣᠭᠰᠠᠨ ᠬᠠᠯᠠᠮᠰᠢᠯ ᠴᠡᠭ 20 ᠰᠢᠬᠠᠮ ᠪᠣᠯᠪᠠ᠃ (ᠬᠥᠬᠡᠬᠤᠲᠠ ᠵᠢᠨ ᠵᠠᠰᠠᠭ᠎ᠤᠨ ᠣᠷᠳᠣᠨ)

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ ᠲᠦᠷᠪᠡᠨ ᠬᠤᠳᠠ ᠵᠢᠨ 120 ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠵᠢᠯᠤᠭᠤᠳᠬᠤ ᠲᠥᠪ ᠬᠠᠮᠲᠤᠷᠠᠨ ᠡᠮᠨᠡᠯᠭᠡ ᠵᠢᠨ ᠬᠤᠷᠢᠶᠠᠨ᠎ᠠᠴᠠ ᠭᠠᠳᠠᠨᠠᠬᠢ ᠲᠦᠷᠭᠡᠨ ᠠᠪᠤᠷᠠᠯᠳᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠥᠰᠥᠭ ᠵᠢᠷᠤᠪᠠ
ᠬᠥᠬᠡᠬᠤᠲᠠ ᠵᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠵᠢᠭᠡᠯᠡᠯᠭᠡ ᠵᠡᠷᠭᠡ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ᠎ᠤᠳ ᠠᠷᠠᠳ᠎ᠲᠤ ᠳᠥᠭᠦᠮᠯᠡᠬᠦ ᠰᠢᠨ᠎ᠡ ᠵᠠᠭᠪᠤᠷ᠎ᠢ ᠡᠬᠢᠯᠡᠭᠦᠯᠪᠡ
ᠤᠯᠠᠭ᠋ᠠᠨᠬᠠᠳᠠ ᠬᠤᠲᠠ᠎ᠳᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ ᠨᠢᠭᠡ ᠨᠡᠮᠡᠭᠳᠡᠪᠡ
ᠬᠥᠬᠡᠬᠤᠲᠠ ᠪᠤᠭᠤᠲᠤ ᠵᠢᠨ ᠬᠤᠭᠤᠷᠣᠨᠳᠣᠬᠢ ᠲᠦᠷᠭᠡᠨ ᠱᠤᠭᠤᠮ᠎ᠢ ᠲᠤᠷᠰᠢᠨ ᠠᠵᠢᠯᠯᠠᠭᠤᠯᠵᠤ ᠡᠬᠢᠯᠡᠪᠡ
ᠲᠢᠶᠠᠨ ᠵᠢᠶᠣᠣ ᠠᠭ᠋ᠠᠷ ᠠᠶᠠᠯᠠᠯ᠎ᠤᠨ ᠺᠣᠮᠫᠠᠨᠢ 2 ᠳ᠋ᠤᠭ᠋ᠠᠷ ᠰᠠᠷ᠎ᠠ ᠵᠢᠨ 16᠎ᠤ ᠡᠳᠦᠷ 《ᠠᠷᠪᠠᠨ ᠳᠥᠷᠪᠡᠳᠦᠭᠡᠷ ᠡᠪᠦᠯ》᠎ᠤᠨ ᠪᠠᠲᠤᠯᠠᠭ᠎ᠠ ᠵᠢᠨ ᠠᠶᠠᠯᠠᠯ᠎ᠤᠨ ᠱᠤᠭᠤᠮ ᠨᠡᠪᠲᠡᠷᠡᠭᠦᠯᠪᠡ
 
            