ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ ᠲᠦᠷᠪᠡᠨ ᠬᠤᠳᠠ ᠵᠢᠨ 120 ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠵᠢᠯᠤᠭᠤᠳᠬᠤ ᠲᠥᠪ ᠬᠠᠮᠲᠤᠷᠠᠨ ᠡᠮᠨᠡᠯᠭᠡ ᠵᠢᠨ ᠬᠤᠷᠢᠶᠠᠨ᠎ᠠᠴᠠ ᠭᠠᠳᠠᠨᠠᠬᠢ ᠲᠦᠷᠭᠡᠨ ᠠᠪᠤᠷᠠᠯᠳᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠥᠰᠥᠭ ᠵᠢᠷᠤᠪᠠ
ᠨᠡᠶᠢᠲᠡᠯᠡᠭᠰᠡᠨ ᠴᠠᠭ᠄ 2024-01-05


 

   《120 ᠲᠦᠷᠭᠡᠨ ᠠᠪᠤᠷᠠᠯᠲᠠ》 ᠵᠢᠨ ᠮᠡᠳᠡᠭᠡ ᠵᠠᠩᠭᠢᠴᠢᠯᠠᠭᠰᠠᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠬᠥᠨᠳᠡᠯᠡᠨ ᠵᠶ᠋ᠠᠷ ᠬᠤᠯᠪᠣᠯᠳᠤᠭᠤᠯᠬᠤ᠎ᠨᠢ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ ᠣᠶᠤᠨᠲᠤ ᠬᠤᠳᠠ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡ ᠴᠣᠭᠴᠠᠵᠢᠭᠤᠯᠬᠤ ᠠᠵᠢᠯ᠎ᠤᠨ ᠭᠤᠣᠯᠳᠠᠯᠭ᠎ᠠ᠎ᠲᠠᠢ ᠲᠥᠰᠥᠯ᠎ᠤᠳ᠎ᠤᠨ ᠨᠢᠭᠡ ᠪᠣᠯᠤᠭᠰᠠᠨ᠎ᠤ ᠬᠤᠪᠢ᠎ᠳᠤ᠂ ᠲᠦᠷᠪᠡᠨ ᠬᠤᠳᠠ ᠵᠢᠨ ᠡᠮᠴᠢᠯᠡᠭᠡᠨ᠎ᠤ ᠲᠦᠷᠭᠡᠨ ᠠᠪᠤᠷᠠᠯᠲᠠ ᠵᠢᠨ ᠡᠬᠢ ᠪᠠᠶᠠᠯᠢᠭ᠎ᠢ ᠬᠠᠮᠲᠤ᠎ᠪᠠᠷ ᠬᠥᠷᠲᠡᠬᠦ ᠵᠢ ᠪᠦᠲᠦᠮᠵᠢᠲᠡᠢ ᠠᠬᠢᠭᠤᠯᠵᠤ᠂ ᠠᠮᠢ ᠨᠠᠰᠤᠨ᠎ᠤ ᠪᠠᠲᠤᠯᠠᠭ᠎ᠠ ᠵᠢᠨ ᠪᠦᠲᠦᠮᠵᠢ ᠵᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠮᠦᠨᠡᠬᠢ ᠬᠤᠭᠤᠴᠠᠭ᠋ᠠᠨ᠎ᠤ ᠲᠦᠷᠪᠡᠨ ᠭᠠᠵᠠᠷ᠎ᠤᠨ ᠵᠣᠯᠭ᠋ᠠᠭᠤᠯᠤᠨ ᠪᠡᠯᠡᠳᠬᠡᠬᠦ᠎ᠪᠠᠷ ᠲᠠᠮᠵᠢᠨ᠂ 2023 ᠣᠨ᠎ᠤ 12 ᠳ᠋ᠤᠭ᠋ᠠᠷ ᠰᠠᠷ᠎ᠠ ᠵᠢᠨ 28᠎ᠤ ᠡᠳᠦᠷ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ ᠲᠦᠷᠪᠡᠨ ᠬᠤᠳᠠ ᠵᠢᠨ 120 ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠵᠢᠯᠤᠭᠤᠳᠬᠤ ᠲᠥᠪ ᠬᠠᠮᠲᠤᠷᠠᠨ ᠡᠮᠨᠡᠯᠭᠡ ᠵᠢᠨ ᠬᠤᠷᠢᠶᠠᠨ᠎ᠠᠴᠠ ᠭᠠᠳᠠᠨᠠᠬᠢ ᠲᠦᠷᠭᠡᠨ ᠠᠪᠤᠷᠠᠯᠳᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠦᠰᠦᠭ ᠵᠢᠷᠤᠵᠤ᠂ ᠡᠮᠨᠡᠯᠭᠡ ᠵᠢᠨ ᠬᠤᠷᠢᠶᠠᠨ᠎ᠠᠴᠠ ᠭᠠᠳᠠᠨᠠᠬᠢ ᠲᠦᠷᠭᠡᠨ ᠠᠪᠤᠷᠠᠯᠳᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠭᠰᠠᠨ ᠡᠮᠨᠡᠯᠭᠡ ᠵᠢᠨ ᠬᠤᠷᠢᠶᠠᠨ᠎ᠠᠴᠠ ᠭᠠᠳᠠᠨᠠᠬᠢ ᠲᠦᠷᠭᠡᠨ ᠠᠪᠤᠷᠠᠯᠳᠠ ᠵᠢᠨ ᠡᠬᠢ ᠪᠠᠶᠠᠯᠢᠭ᠎ᠢ ᠬᠠᠮᠲᠤ᠎ᠪᠠᠷ ᠬᠥᠷᠲᠡᠨ᠂ ᠬᠠᠮᠵᠢᠯᠴᠠᠨ ᠬᠥᠭᠵᠢᠬᠦ ᠵᠢ ᠪᠡᠶᠡᠯᠡᠭᠦᠯᠪᠡ᠃

    ᠬᠡᠯᠡᠯᠴᠡᠭᠡᠷ᠎ᠲᠤ ᠭᠠᠷ᠎ᠤᠨ ᠥᠰᠥᠭ ᠵᠢᠷᠤᠭᠰᠠᠨ᠎ᠤ ᠳᠠᠷᠠᠭ᠎ᠠ᠂ ᠳᠥᠷᠪᠡᠨ ᠬᠤᠲᠠ ᠵᠢᠨ 120 ᠵᠢᠯᠤᠭᠤᠳᠬᠤ ᠲᠥᠪ᠎ᠨᠢ ᠰᠠᠭᠤᠷᠢ ᠳ᠋ᠠᠶ᠋ᠢᠲ᠋ᠠ ᠵᠢ ᠬᠠᠮᠲᠤ᠎ᠪᠠᠷ ᠬᠥᠷᠲᠡᠬᠦ᠎ᠪᠠᠷ ᠳᠠᠮᠵᠢᠭᠤᠯᠤᠨ᠂ ᠳ᠋ᠠᠶ᠋ᠢᠲ᠋ᠠ ᠵᠢᠨ ᠵᠠᠯᠭ᠋ᠠᠰᠤ ᠵᠢ ᠨᠡᠭᠡᠭᠡᠵᠦ᠂ ᠰᠢᠰᠲ᠋ᠧᠮ᠎ᠤᠨ ᠬᠤᠯᠪᠣᠯᠳᠤᠨ ᠨᠡᠪᠲᠡᠷᠡᠯᠴᠡᠬᠦ᠂ ᠲᠣᠬᠢᠷᠠᠭᠤᠯᠬᠤ ᠲᠤᠬᠠᠶ᠋ᠢᠯᠠᠭᠰᠠᠨ ᠠᠵᠢᠯ᠎ᠢ ᠬᠠᠮᠵᠢᠯᠴᠠᠨ ᠭᠦᠢ᠍ᠴᠡᠳᠬᠡᠬᠦ ᠵᠢ ᠪᠡᠶᠡᠯᠡᠭᠦᠯᠬᠦ ᠪᠣᠯᠣᠨ᠎ᠠ᠃ ᠬᠥᠷᠰᠢ ᠵᠡᠷᠭᠡᠯᠡᠳᠡᠭᠡ ᠭᠠᠵᠠᠷ ᠣᠷᠣᠨ᠎ᠤ 120 ᠲᠦᠷᠭᠡᠨ ᠠᠪᠤᠷᠠᠯᠳᠠ ᠵᠢᠨ ᠬᠤᠲᠠ ᠠᠯᠤᠰᠯᠠᠨ ᠣᠶ᠋ᠢᠷ᠎ᠠ ᠬᠠᠪᠢ᠎ᠳᠤ᠎ᠪᠠᠨ ᠠᠪᠤᠷᠠᠨ ᠲᠤᠰᠠᠯᠠᠬᠤ ᠲᠣᠭᠲᠠᠴᠠ ᠵᠢ ᠪᠠᠶ᠋ᠢᠭᠤᠯᠵᠤ᠂ ᠬᠤᠯᠪᠤᠭ᠋ᠠᠯᠠᠨ ᠬᠥᠳᠡᠯᠦᠯᠴᠡᠬᠦ᠂ ᠬᠥᠨᠳᠡᠯᠡᠨ ᠵᠶ᠋ᠠᠷ ᠬᠤᠯᠪᠣᠯᠳᠤᠬᠤ ᠵᠢ ᠴᠢᠨᠠᠭᠰᠢᠳᠠ ᠴᠢᠩᠭ᠋ᠠᠷᠠᠭᠤᠯᠤᠨ᠂ ᠪᠠᠴᠢᠮ ᠠᠪᠤᠷᠠᠨ ᠲᠤᠰᠠᠯᠠᠵᠤ ᠠᠪᠤᠷᠠᠨ ᠵᠠᠰᠠᠬᠤ ᠠᠵᠢᠯ᠎ᠤᠨ ᠴᠢᠨᠠᠷ ᠪᠠ ᠪᠦᠲᠦᠮᠵᠢ ᠵᠢ ᠳᠡᠭᠡᠭᠰᠢᠯᠡᠭᠦᠯᠵᠦ᠂ ᠣᠷᠣᠨ ᠪᠦᠰᠡ ᠵᠢᠨ ᠳᠣᠲᠣᠷᠠᠬᠢ ᠬᠦᠨᠳᠦ ᠣᠨᠴᠠ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠲᠣᠭᠲᠠᠴᠠ ᠪᠠ ᠣᠯᠠᠨ ᠲᠠᠯ᠎ᠠ ᠵᠢᠨ ᠬᠠᠮᠲᠤᠷᠠᠯᠴᠠᠭ᠋ᠠᠨ᠎ᠤ ᠵᠠᠭᠪᠤᠷ᠎ᠢ ᠪᠣᠶ ᠪᠣᠯᠭ᠋ᠠᠵᠤ᠂ ᠣᠷᠣᠨ ᠪᠦᠰᠡ ᠵᠢᠨ ᠳᠣᠲᠣᠷᠠᠬᠢ ᠡᠮᠨᠡᠯᠭᠡ ᠵᠢᠨ ᠬᠤᠷᠢᠶᠠᠨ᠎ᠠᠴᠠ ᠭᠠᠳᠠᠨᠠᠬᠢ ᠲᠦᠷᠭᠡᠨ ᠠᠪᠤᠷᠠᠯᠳᠠ ᠵᠢᠨ ᠠᠮᠤᠷ ᠲᠦᠪᠰᠢᠨ ᠠᠵᠢᠯᠯᠠᠭ᠋ᠠᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃

    ᠳᠥᠷᠪᠡᠨ ᠬᠤᠲᠠ ᠵᠢᠨ᠎ᠬᠢᠨ ᠡᠮᠨᠡᠯᠭᠡ ᠵᠢᠨ ᠬᠤᠷᠢᠶ᠎ᠠ᠎ᠠᠴᠠ ᠡᠮᠦᠨᠡᠬᠢ ᠲᠦᠷᠭᠡᠨ ᠠᠪᠤᠷᠠᠯᠳᠠ ᠵᠢᠨ ᠨᠢᠭᠡ ᠴᠣᠭᠴᠠᠵᠢᠭᠤᠯᠤᠭᠰᠠᠨ ᠲᠠᠪᠴᠠᠩ᠎ᠢ ᠪᠠᠶ᠋ᠢᠭᠤᠯᠤᠭᠰᠠᠨ᠎ᠨᠢ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠢ ᠬᠦᠴᠦᠲᠡᠢ ᠠᠬᠢᠭᠤᠯᠵᠤ᠂ ᠣᠷᠣᠨ ᠪᠦᠰᠡ ᠠᠯᠤᠰᠯᠠᠭᠰᠠᠨ ᠬᠠᠮᠵᠢᠯᠴᠠᠨ ᠲᠦᠷᠭᠡᠨ ᠠᠪᠤᠷᠠᠨ ᠵᠠᠰᠠᠬᠤ ᠵᠢ ᠪᠡᠶᠡᠯᠡᠭᠦᠯᠵᠦ᠂ ᠬᠦᠨᠳᠦ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ ᠶᠠᠪᠤᠳᠠᠯ᠎ᠤᠨ ᠪᠠᠴᠢᠮ ᠪᠠᠶ᠋ᠢᠳᠠᠯ᠎ᠢ ᠬᠠᠮᠲᠤ᠎ᠪᠠᠷ ᠠᠷᠭ᠋ᠠᠴᠠᠭ᠋ᠠᠬᠤ ᠪᠦᠲᠦᠮᠵᠢ ᠪᠣᠯᠣᠨ ᠴᠢᠨᠠᠷ᠎ᠢ ᠳᠡᠭᠡᠭᠰᠢᠯᠡᠭᠦᠯᠦᠨ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ᠎ᠳᠤ ᠨᠡᠩ ᠬᠦᠴᠦᠲᠡᠢ ᠪᠠᠲᠤᠯᠠᠭ᠎ᠠ ᠬᠠᠩᠭ᠋ᠠᠬᠤ ᠪᠣᠯᠣᠨ᠎ᠠ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠥᠬᠡᠬᠤᠲᠠ ᠵᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠵᠢᠭᠡᠯᠡᠯᠭᠡ ᠵᠡᠷᠭᠡ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ᠎ᠤᠳ ᠠᠷᠠᠳ᠎ᠲᠤ ᠳᠥᠭᠦᠮᠯᠡᠬᠦ ᠰᠢᠨ᠎ᠡ ᠵᠠᠭᠪᠤᠷ᠎ᠢ ᠡᠬᠢᠯᠡᠭᠦᠯᠪᠡ
ᠤᠯᠠᠭ᠋ᠠᠨᠬᠠᠳᠠ ᠬᠤᠲᠠ᠎ᠳᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ ᠨᠢᠭᠡ ᠨᠡᠮᠡᠭᠳᠡᠪᠡ
ᠬᠥᠬᠡᠬᠤᠲᠠ ᠪᠤᠭᠤᠲᠤ ᠵᠢᠨ ᠬᠤᠭᠤᠷᠣᠨᠳᠣᠬᠢ ᠲᠦᠷᠭᠡᠨ ᠱᠤᠭᠤᠮ᠎ᠢ ᠲᠤᠷᠰᠢᠨ ᠠᠵᠢᠯᠯᠠᠭᠤᠯᠵᠤ ᠡᠬᠢᠯᠡᠪᠡ
ᠲᠢᠶᠠᠨ ᠵᠢᠶᠣᠣ ᠠᠭ᠋ᠠᠷ ᠠᠶᠠᠯᠠᠯ᠎ᠤᠨ ᠺᠣᠮᠫᠠᠨᠢ 2 ᠳ᠋ᠤᠭ᠋ᠠᠷ ᠰᠠᠷ᠎ᠠ ᠵᠢᠨ 16᠎ᠤ ᠡᠳᠦᠷ 《ᠠᠷᠪᠠᠨ ᠳᠥᠷᠪᠡᠳᠦᠭᠡᠷ ᠡᠪᠦᠯ》᠎ᠤᠨ ᠪᠠᠲᠤᠯᠠᠭ᠎ᠠ ᠵᠢᠨ ᠠᠶᠠᠯᠠᠯ᠎ᠤᠨ ᠱᠤᠭᠤᠮ ᠨᠡᠪᠲᠡᠷᠡᠭᠦᠯᠪᠡ
ᠤᠯᠠᠭ᠋ᠠᠨᠬᠠᠳᠠ ᠬᠤᠲᠠ ᠠᠩᠬ᠎ᠠ ᠤᠳᠠᠭ᠎ᠠ ᠮᠠᠯᠴᠢᠳ ᠲᠠᠷᠢᠶᠠᠴᠢᠳ᠎ᠲᠤ ᠮᠡᠷᠭᠡᠵᠢᠯ᠎ᠤᠨ ᠴᠣᠯᠠ ᠰᠢᠯᠭ᠋ᠠᠷᠠᠭᠤᠯᠤᠨ ᠥᠭᠪᠡ
 
            