ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠥᠪᠥᠷ ᠮᠣᠩᠭᠣᠯ ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠪᠡ
ᠨᠡᠶᠢᠲᠡᠯᠡᠭᠰᠡᠨ ᠴᠠᠭ᠄ 2025-02-24

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠣᠢ᠌ᠷ᠎ᠠ᠎ᠳᠤ 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠦᠭᠵᠢᠭᠦᠯᠦᠯᠲᠡ ᠵᠢᠨ ᠲᠥᠯᠥᠪᠯᠡᠭᠡ》    (ᠳᠣᠷᠣᠭᠰᠢ 《ᠲᠥᠯᠥᠪᠯᠡᠭᠡ》 ᠭᠡᠵᠦ ᠲᠣᠪᠴᠢᠯᠠᠨ᠎ᠠ) ᠵᠢ ᠨᠡᠢ᠌ᠲᠡᠯᠡᠵᠦ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠤᠨ᠎ᠠ ᠭᠡᠵᠦ ᠲᠣᠳᠣᠷᠬᠠᠢ ᠳᠤᠷᠠᠳᠤᠨ ᠭᠠᠷᠭ᠋ᠠᠪᠠ᠃
      ᠦᠢ᠍ᠯᠡᠴᠢᠯᠡᠭᠡᠨ᠎ᠤ ᠦᠢ᠍ᠯᠡᠰ᠎ᠤᠨ ᠲᠦᠷᠭᠡᠪᠴᠢᠯᠡᠨ ᠰᠡᠷᠭᠦᠬᠦ ᠵᠢ ᠠᠬᠢᠭᠤᠯᠬᠤ ᠲᠠᠯ᠎ᠠ᠎ᠪᠠᠷ᠂ 《ᠲᠥᠯᠥᠪᠯᠡᠭᠡ》᠎ᠳᠤ ᠵᠠᠮ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠲᠣᠭᠣᠷᠢᠨ᠎ᠳᠤ ᠦᠢ᠍ᠯᠡᠴᠢᠯᠡᠭᠡᠨ᠎ᠤ ᠦᠢ᠍ᠯᠡᠰ᠎ᠤᠨ ᠨᠢᠭᠡ ᠪᠦᠯᠦᠭ ᠲᠣᠯᠣᠭ᠋ᠠᠢ᠌ᠯᠠᠭᠴᠢ ᠠᠵᠤ ᠠᠬᠤᠢ᠌ᠯᠠᠯ᠎ᠢ ᠪᠣᠢ᠌ᠵᠢᠭᠤᠯᠤᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠵᠠᠮ᠎ᠠᠴᠠ ᠡᠭᠦᠰᠦᠯᠲᠦ ᠠᠵᠤ ᠠᠬᠤᠢ ᠵᠢ ᠬᠥᠭᠵᠢᠭᠦᠯᠵᠦ᠂ ᠨᠢᠭᠡ ᠪᠦᠯᠦᠭ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠵᠠᠰᠠᠮᠠᠯ ᠵᠠᠮ᠂ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠦᠢ᠍ᠯᠡᠴᠢᠯᠡᠭᠡᠨ᠎ᠤ ᠲᠣᠭᠣᠷᠢᠭ᠎ᠢ ᠪᠣᠶ ᠪᠣᠯᠭ᠋ᠠᠨ᠎ᠠ᠃ ᠵᠢᠭᠤᠯᠴᠢᠯᠠᠯ᠎ᠤᠨ ᠦᠢ᠍ᠯᠡᠰ᠎ᠤᠨ ᠲᠦᠷᠭᠡᠨ ᠨᠡᠮᠡᠭᠳᠡᠬᠦ ᠪᠠᠢ᠌ᠳᠠᠯ᠎ᠢ ᠪᠠᠲᠤᠯᠠᠨ᠎ᠠ᠃ ᠪᠥᠬᠥ ᠣᠷᠣᠨ᠎ᠳᠤ 3A᠂ 4A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ 20᠎ᠠᠴᠠ ᠳᠡᠭᠡᠭᠰᠢ ᠰᠢᠨ᠎ᠡ᠎ᠪᠠᠷ ᠪᠣᠢ᠌ᠵᠢᠭᠤᠯᠤᠨ᠎ᠠ᠃ 《ᠵᠢᠭᠤᠯᠴᠢᠯᠠᠯ᠎ᠤᠨ ᠳᠥᠷᠪᠡᠨ ᠭᠠᠵᠠᠷ》᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠰᠣᠶᠣᠯ᠎ᠤᠨ ᠬᠤᠳᠠᠯᠳᠤᠭ᠎ᠠ᠂ ᠵᠢᠭᠤᠯᠴᠢᠯᠠᠯ᠎ᠤᠨ ᠬᠤᠳᠠᠯᠳᠤᠭ᠎ᠠ᠂ ᠪᠡᠶ᠎ᠡ ᠵᠢᠨ ᠲᠠᠮᠢᠷ᠎ᠤᠨ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠶᠡᠬᠡ᠎ᠪᠠᠷ ᠠᠬᠢᠭᠤᠯᠵᠤ᠂ 《ᠢᠳᠡᠬᠦ ᠰᠠᠭᠤᠬᠤ ᠶᠠᠪᠤᠬᠤ ᠵᠤᠭ᠋ᠠᠴᠠᠬᠤ ᠬᠤᠳᠠᠯᠳᠤᠨ ᠠᠪᠬᠤ ᠵᠤᠭ᠎ᠠ ᠴᠡᠩᠭᠡᠯ》᠎ᠢ ᠨᠢᠭᠡ ᠴᠣᠭᠴᠠᠵᠢᠭᠤᠯᠤᠭᠰᠠᠨ ᠬᠡᠷᠡᠭᠯᠡᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢ ᠰᠦᠪᠡᠭᠴᠢᠯᠡᠨ ᠪᠠᠢ᠌ᠭᠤᠯᠵᠤ᠂ ᠵᠢᠭᠤᠯᠴᠢᠯᠠᠯ᠎ᠤᠨ ᠳᠠᠪᠬᠤᠷᠳᠠᠭᠰᠠᠨ ᠬᠦᠮᠦᠨ᠎ᠤ ᠲᠣᠭ᠎ᠠ᠂ ᠶᠡᠷᠦᠩᠬᠡᠢ ᠣᠷᠣᠯᠭ᠎ᠠ᠂ ᠬᠥᠮᠥᠨ ᠳᠤᠮᠳᠠᠴᠢ ᠵᠢᠨ ᠵᠠᠷᠤᠳᠠᠯ᠎ᠤᠨ 《ᠭᠤᠷᠪᠠᠨ ᠨᠡᠮᠡᠭᠳᠡᠯ》᠎ᠢ ᠠᠬᠢᠭᠤᠯᠤᠨ᠎ᠠ᠃ ᠳᠥᠷᠪᠡᠨ ᠤᠯᠠᠷᠢᠯ᠎ᠤᠨ ᠵᠢᠭᠤᠯᠴᠢᠯᠠᠯ᠎ᠤᠨ ᠠᠵᠢᠯᠯᠠᠭ᠎ᠠ ᠵᠢ ᠨᠠᠷᠢᠨ ᠨᠢᠮᠪᠠᠢ ᠲᠥᠯᠥᠪᠯᠡᠵᠦ᠂ ᠰᠣᠳᠣᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠡᠷᠴᠢᠮ ᠵᠶ᠋ᠡᠨ ᠦᠨᠡᠨ ᠬᠦ᠌ ᠴᠢᠩᠭ᠋ᠠᠷᠠᠭᠤᠯᠵᠤ᠂ ᠳᠤᠮᠳᠠᠳᠤ ᠤᠯᠤᠰ᠎ᠤᠨ ᠤᠮᠠᠷᠠᠲᠤ ᠬᠢᠵᠠᠭ᠋ᠠᠷ᠎ᠤᠨ ᠬᠠᠮᠤᠭ᠎ᠤᠨ ᠭᠣᠶᠣ ᠵᠠᠰᠠᠮᠠᠯ ᠵᠠᠮ᠎ᠢ ᠪᠣᠶ ᠪᠣᠯᠭ᠋ᠠᠨ᠎ᠠ᠃ 《ᠤᠷᠤᠯᠳᠤᠭ᠋ᠠᠨ᠎ᠢ ᠳᠠᠭ᠋ᠠᠵᠤ ᠵᠢᠭᠤᠯᠴᠢᠯᠠᠬᠤ》᠂ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠵᠡᠭᠡᠯᠢ ᠲᠣᠭᠣᠷᠢᠭ᠎ᠲᠤ ᠣᠷᠣᠭᠤᠯᠬᠤ᠂ ᠦᠵᠡᠮᠵᠢ ᠵᠢᠨ ᠣᠷᠣᠨ᠎ᠳᠤ ᠣᠷᠣᠭᠤᠯᠬᠤ᠂ ᠬᠤᠳᠠᠯᠳᠤᠭ᠋ᠠᠨ᠎ᠤ ᠲᠣᠭᠣᠷᠢᠭ᠎ᠲᠤ ᠣᠷᠣᠭᠤᠯᠬᠤ》 ᠵᠡᠷᠭᠡ ᠠᠯᠢ ᠣᠯᠠᠨ ᠠᠵᠢᠯᠯᠠᠭ᠎ᠠ ᠵᠢ ᠢᠳᠡᠪᠬᠢᠲᠡᠢ ᠵᠣᠬᠢᠶᠠᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ 35 ᠳ᠋ᠤᠭ᠋ᠠᠷ ᠬᠤᠭᠤᠴᠠᠭ᠋ᠠᠨ᠎ᠤ ᠵᠢᠭᠤᠯᠴᠢᠯᠠᠯ᠎ᠤᠨ ᠨᠠᠭ᠋ᠠᠳᠤᠮ᠎ᠤᠨ ᠬᠤᠷᠠᠯ᠂ 21 ᠳ᠋ᠦ᠍ᠭᠡᠷ ᠬᠤᠭᠤᠴᠠᠭ᠋ᠠᠨ᠎ᠤ ᠮᠥᠰᠥ ᠴᠠᠰᠤᠨ᠎ᠤ ᠨᠠᠭ᠋ᠠᠳᠤᠮ᠎ᠤᠨ ᠬᠤᠷᠠᠯ᠂ ᠮᠠᠨᠵᠤᠤᠷ᠎ᠤᠨ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠮᠥᠰᠥ ᠴᠠᠰᠤᠨ᠎ᠤ ᠨᠠᠢ᠌ᠷ ᠵᠡᠷᠭᠡ ᠵᠢ ᠰᠠᠢ᠌ᠲᠤᠷ ᠡᠷᠭᠢᠯᠡᠵᠦ᠂ ᠥᠨᠳᠥᠷ ᠲᠦᠪᠰᠢᠨ᠎ᠲᠠᠢ ᠰᠣᠶᠣᠯ ᠲᠠᠮᠢᠷ᠎ᠤᠨ ᠵᠢᠭᠤᠯᠴᠢᠯᠠᠯ᠎ᠤᠨ ᠠᠵᠢᠯᠯᠠᠭ᠎ᠠ ᠵᠢ ᠪᠣᠶ ᠪᠣᠯᠭ᠋ᠠᠨ᠎ᠠ᠃ 《ᠥᠪᠥᠷ ᠮᠣᠩᠭᠣᠯ ᠵᠶ᠋ᠠᠷ ᠳᠠᠭᠤᠤ᠎ᠲᠠᠢ ᠵᠢᠭᠤᠯᠴᠢᠯᠠᠬᠤ》 ᠣᠷᠣᠨ ᠪᠦᠰᠡ ᠵᠢᠨ ᠰᠣᠶᠣᠯ᠎ᠤᠨ ᠵᠢᠭᠤᠯᠴᠢᠯᠠᠯ᠎ᠤᠨ ᠨᠠᠷᠠᠲᠤ ᠲᠥᠷᠥᠯ ᠲᠡᠮᠳᠡᠭᠲᠦ ᠵᠢ ᠭᠣᠣᠯᠳᠠᠯᠭ᠎ᠠ᠎ᠲᠠᠢ ᠪᠣᠶ ᠪᠣᠯᠭ᠋ᠠᠵᠤ᠂ ᠪᠥᠬᠥ ᠵᠢᠯ᠎ᠳᠤ ᠪᠥᠬᠥ ᠣᠷᠣᠨ᠎ᠤ ᠵᠢᠭᠤᠯᠴᠢᠯᠠᠭᠴᠢᠳ᠎ᠤᠨ ᠲᠣᠭ᠎ᠠ ᠵᠢ ᠳᠠᠪᠬᠤᠷᠳᠠᠭᠰᠠᠨ ᠬᠦᠮᠦᠨ᠎ᠤ ᠲᠣᠭ᠎ᠠ᠎ᠪᠠᠷ 3 ᠳ᠋ᠦᠩᠰᠢᠭᠤᠷ᠎ᠠᠴᠠ ᠳᠠᠪᠠᠭᠤᠯᠵᠤ᠂ ᠵᠢᠭᠤᠯᠴᠢᠯᠠᠯ᠎ᠤᠨ ᠣᠷᠣᠯᠭ᠎ᠠ ᠵᠢ 4500 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ᠃
      ᠬᠡᠷᠡᠭᠯᠡᠭᠡ ᠵᠢ ᠶᠡᠬᠡ᠎ᠪᠠᠷ ᠬᠥᠭᠵᠢᠭᠡᠬᠦ ᠲᠠᠯ᠎ᠠ᠎ᠪᠠᠷ᠂ 《ᠲᠥᠯᠥᠪᠯᠡᠭᠡ》᠎ᠳᠤ᠂ ᠠᠩᠬ᠎ᠠ ᠲᠠᠷᠬᠠᠭ᠋ᠠᠬᠤ ᠠᠵᠤ ᠠᠬᠤᠢ᠂ ᠮᠥᠰᠥ ᠴᠠᠰᠤᠨ᠎ᠤ ᠠᠵᠤ ᠠᠬᠤᠢ᠂ ᠪᠤᠭᠤᠷᠤᠯᠴᠤᠳ᠎ᠤᠨ ᠠᠵᠤ ᠠᠬᠤᠢ᠂ ᠤᠷᠤᠯᠳᠤᠭ᠋ᠠᠨ᠎ᠤ ᠠᠵᠤ ᠠᠬᠤᠢ᠂ ᠬᠤᠷᠠᠯ ᠦᠵᠡᠰᠬᠦᠯᠡᠩ᠎ᠤᠨ ᠠᠵᠤ ᠠᠬᠤᠢ ᠵᠡᠷᠭᠡ ᠬᠡᠷᠡᠭᠯᠡᠭᠡ ᠵᠢᠨ ᠰᠢᠨ᠎ᠡ ᠨᠡᠮᠡᠭᠳᠡᠯ᠎ᠤᠨ ᠴᠡᠭ᠎ᠢ ᠦᠷᠭᠦᠯᠵᠢᠯᠡᠨ ᠪᠣᠢ᠌ᠵᠢᠭᠤᠯᠵᠤ᠂ ᠰᠣᠶᠣᠯ ᠵᠢᠭᠤᠯᠴᠢᠯᠠᠯ ᠵᠡᠷᠭᠡ ᠦᠢ᠍ᠯᠡᠴᠢᠯᠡᠭᠡᠨ᠎ᠤ ᠬᠡᠷᠡᠭᠯᠡᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠪᠠᠭᠲᠠᠭ᠋ᠠᠮᠵᠢ ᠵᠢ ᠥᠷᠭᠡᠳᠬᠡᠬᠦ ᠵᠢ ᠤᠯᠠᠮ ᠨᠢᠭᠡ ᠠᠯᠬᠤᠮ ᠠᠬᠢᠭᠤᠯᠤᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠬᠥᠬᠡᠬᠣᠲᠠ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠣᠲᠠ᠎ᠪᠠᠷ ᠮᠡᠳᠡᠭᠦᠯᠬᠦ ᠵᠢ ᠳᠡᠮᠵᠢᠨ᠎ᠡ᠃ ᠬᠠᠭᠤᠴᠢᠨ ᠨᠡᠷᠡᠲᠦ ᠲᠠᠸᠠᠷ᠎ᠤᠨ 《ᠣᠷᠣᠭᠤᠯᠬᠤ ᠪᠠ ᠭᠠᠷᠭ᠋ᠠᠬᠤ》 ᠬᠥᠳᠡᠯᠦᠩᠭᠦᠢ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠪᠠᠷᠠᠭ᠎ᠠ ᠵᠢᠨ 《  ᠮᠣᠣᠳ᠋ ᠲᠠᠸᠠᠷ》᠎ᠤᠨ ᠬᠡᠷᠡᠭᠯᠡᠭᠡᠨ᠎ᠤ ᠬᠠᠯᠠᠭᠤᠨ ᠴᠡᠭ᠎ᠢ ᠦᠷᠭᠦᠯᠵᠢᠯᠡᠨ ᠪᠣᠢ᠌ᠵᠢᠭᠤᠯᠤᠨ᠎ᠠ᠃ (ᠳ᠋ᠦᠩ ᠯᠢᠶᠠᠩ)  

ᠢᠷᠡᠯᠲᠡ᠄ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ
          
ᠬᠠᠮᠢᠶ᠎ᠡ ᠪᠦᠬᠦᠢ ᠰᠣᠨᠢᠨ
 
            