ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
《ᠲᠡᠦᠬᠡ ᠵᠢᠨ ᠴᠤᠤᠷᠢᠶᠠᠳᠤᠯ ᠠᠭᠤᠤ ᠶᠡᠭᠡ ᠢᠯᠠᠯᠲᠠ》 ᠨᠠᠶ᠋ᠢᠷᠠᠯ ᠬᠥᠭᠵᠢᠮ᠎ᠤᠨ ᠦᠳᠡᠰᠢᠯᠡᠭᠡ ᠳ᠋ᠦᠩ ᠹᠧᠩ ᠰᠠᠨᠰᠠᠷ᠎ᠤᠨ ᠬᠤᠳᠠ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2025-09-19

9 ᠳ᠋ᠦ᠍ᠭᠡᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠢ᠌ᠷᠠᠯ ᠬᠥᠭᠵᠢᠮ᠎ᠤᠨ ᠪᠦᠯᠬᠦᠮ᠎ᠤᠨ ᠪᠦᠬᠦ ᠬᠥᠭᠵᠢᠮᠴᠢᠨ ᠳ᠋ᠦᠩ ᠹᠧᠩ ᠰᠠᠨᠰᠠᠷ᠎ᠤᠨ ᠬᠣᠲᠠ᠎ᠳᠤ ᠬᠦᠷᠴᠦ᠂ 《ᠲᠡᠦᠬᠡ ᠵᠢᠨ ᠴᠤᠤᠷᠢᠶᠠᠳᠤᠯ ᠠᠭᠤᠤ ᠶᠡᠭᠡ ᠢᠯᠠᠯᠲᠠ》 ᠭᠣᠣᠯ ᠰᠡᠳᠦᠪᠲᠦ ᠨᠠᠢ᠌ᠷᠠᠯ ᠳᠠᠭᠤᠤ ᠬᠥᠭᠵᠢᠮ᠎ᠤᠨ ᠦᠳᠡᠰᠢᠯᠡᠭᠡ᠎ᠪᠠᠷ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠲᠠᠢ᠌ᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠢ᠌ᠨ ᠢᠯᠠᠯᠲᠠ ᠣᠯᠤᠭᠰᠠᠨ 80 ᠵᠢᠯ᠎ᠤᠨ ᠣᠢ ᠵᠢ ᠦᠪᠡᠳᠡᠭᠰᠢ ᠶᠡᠬᠡ᠎ᠪᠠᠷ ᠲᠤᠷᠠᠰᠬᠠᠪᠠ᠃ ᠲᠣᠰ ᠤᠳᠠᠭ᠋ᠠᠨ᠎ᠤ ᠤᠷᠠᠯᠢᠭ᠎ᠤᠨ ᠠᠶᠠᠯᠠᠯ ᠪᠣᠯ ᠨᠢᠭᠡ ᠤᠳᠠᠭ᠋ᠠᠨ᠎ᠤ ᠮᠢᠩᠭ᠋ᠠᠨ ᠭᠠᠵᠠᠷ᠎ᠢ ᠠᠯᠤᠰᠯᠠᠭᠰᠠᠨ ᠰᠣᠶᠣᠯ᠎ᠤᠨ ᠠᠶᠠᠨ ᠮᠦᠷᠲᠡᠭᠡᠨ ᠨᠠᠩ ᠴᠤ᠌ ᠲᠡᠦᠬᠡ ᠬᠢᠭᠡᠳ ᠢᠷᠡᠭᠡᠳᠦᠶ ᠵᠢ ᠬᠤᠯᠪᠣᠭᠰᠠᠨ ᠣᠶᠤᠨ ᠰᠠᠨᠠᠭ᠋ᠠᠨ᠎ᠤ ᠲᠠᠪᠲᠠᠯᠲᠠ ᠮᠥᠨ᠃


      ᠲᠤᠰ ᠤᠳᠠᠭ᠋ᠠᠨ᠎ᠤ ᠳ᠋ᠦᠩ ᠹᠧᠩ ᠰᠠᠨᠰᠠᠷ᠎ᠤᠨ ᠬᠤᠲᠠ ᠵᠢᠨ ᠠᠶᠠᠯᠠᠯ᠎ᠳᠤ᠂ ᠬᠥᠭᠵᠢᠮᠴᠢᠳ ᠲᠤᠬᠠᠶ ᠵᠢᠨ ᠭᠠᠵᠠᠷ᠎ᠲᠤ᠎ᠨᠢ ᠲᠣᠭᠤᠷᠢᠨ ᠦᠵᠡᠬᠦ᠂ ᠳᠠᠭᠤᠤ ᠬᠥᠭᠵᠢᠮ᠎ᠤᠨ ᠨᠠᠮ᠎ᠤᠨ ᠬᠢᠴᠢᠶᠡᠯ ᠪᠠ ᠲᠤᠰᠬᠠᠶ ᠲᠣᠭᠯᠠᠯᠲᠠ ᠭᠤᠷᠪᠠᠨ ᠬᠠᠷᠠᠭ᠋ᠠᠰᠤ᠎ᠠᠴᠠ ᠨᠢᠭᠡ ᠤᠳᠠᠭ᠋ᠠᠨ᠎ᠤ ᠤᠷᠠᠯᠢᠭ᠎ᠤᠨ ᠦᠢ᠍ᠯᠡᠳᠦᠯᠭᠡ ᠵᠢ ᠠᠮᠵᠢᠯᠲᠠ᠎ᠲᠠᠢ ᠪᠠᠢ᠌ᠭᠤᠯᠤᠭᠰᠠᠨ ᠶᠤᠮ᠃ ᠤᠯᠠᠨ ᠵᠶ᠋ᠠᠷ ᠵᠶ᠋ᠠᠨ ᠰᠠᠨᠰᠠᠷ᠎ᠤᠨ ᠠᠶᠠᠯᠠᠯ᠎ᠤᠨ ᠲᠡᠦᠬᠡ᠎ᠠᠴᠠ ᠤᠶᠤᠨ ᠰᠠᠨᠠᠭ᠋ᠠᠨ᠎ᠤ ᠰᠢᠮ᠎ᠡ ᠲᠡᠵᠢᠭᠡᠯ ᠬᠦᠷᠲᠡᠭᠰᠡᠨ ᠵᠶ᠋ᠠᠷ ᠪᠠᠷᠠᠬᠤ ᠦᠬᠡᠢ ᠳᠠᠭᠤᠤ ᠬᠥᠭᠵᠢᠮ᠎ᠤᠨ ᠨᠠᠮ᠎ᠤᠨ ᠬᠢᠴᠢᠶᠡᠯ ᠵᠶ᠋ᠠᠷ ᠲᠠᠮᠵᠢᠨ ᠤᠷᠠᠯᠢᠭ᠎ᠤᠨ ᠲᠠᠨᠢᠨ ᠮᠡᠳᠡᠬᠦᠢ᠎ᠪᠠᠨ ᠳᠡᠭᠡᠭᠰᠢᠯᠡᠭᠦᠯᠵᠦ᠂ ᠲᠠᠪᠴᠠᠩ ᠵᠶ᠋ᠠᠷ ᠳᠠᠮᠵᠢᠭᠤᠯᠤᠨ ᠵᠣᠷᠢᠭ ᠰᠠᠨᠠᠭ᠋ᠠᠨ᠎ᠤ ᠬᠤᠪᠢᠷᠠᠭᠤᠯᠤᠯᠲᠠ ᠪᠠ ᠳᠠᠮᠵᠢᠭᠤᠯᠤᠯᠲᠠ ᠵᠢ ᠪᠡᠶᠡᠯᠡᠭᠦᠯᠵᠡᠢ᠃ ᠤᠷᠠᠯᠢᠭ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠢ ᠰᠤᠯᠪᠢᠴᠠᠭᠤᠯᠤᠭᠰᠠᠨ᠂ ᠲᠡᠦᠬᠡ ᠬᠢᠭᠡᠳ ᠢᠷᠡᠭᠡᠳᠦᠶ ᠵᠢ ᠬᠤᠯᠪᠣᠭᠰᠠᠨ ᠡᠨᠡ ᠤᠳᠠᠭ᠋ᠠᠨ᠎ᠤ ᠲᠣᠭᠯᠠᠯᠲᠠ᠎ᠨᠢ ᠬᠤᠪᠢᠰᠬᠠᠯᠲᠤ ᠤᠳᠤᠮᠰᠢᠯ᠎ᠢ ᠤᠯᠠᠮᠵᠢᠯᠠᠬᠤ᠂ ᠴᠠᠭ ᠦᠶ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠬᠤ ᠲᠠᠯ᠎ᠠ᠎ᠪᠠᠷ᠎ᠬᠢ ᠥᠪᠡᠷᠮᠢᠴᠡ ᠥᠷᠲᠡᠭ᠎ᠢ ᠭᠦᠢ᠍ᠴᠡᠳ ᠢᠯᠡᠷᠡᠭᠦᠯᠵᠦ᠂ ᠰᠢᠨ᠎ᠡ ᠴᠠᠭ ᠦᠶ᠎ᠡ ᠵᠢᠨ ᠤᠳᠬ᠎ᠠ ᠤᠷᠠᠯᠢᠭ᠎ᠤᠨ ᠠᠵᠢᠯᠲᠠᠳ᠎ᠤᠨ ᠡᠭᠦᠷᠭᠡ ᠬᠠᠷᠢᠭᠤᠴᠠᠯᠭ᠎ᠠ᠎ᠳᠤ ᠠᠮᠢᠳᠤᠯᠢᠭ ᠲᠠᠶ᠋ᠢᠯᠪᠤᠷᠢᠯᠠᠯᠲᠠ ᠬᠢᠭᠰᠡᠨ ᠪᠠᠶ᠋ᠢᠨ᠎ᠠ᠃

ᠢᠷᠡᠯᠲᠡ᠄ ᠦᠪᠤᠷ ᠮᠣᠩᠭᠤᠯ᠎ᠤᠨ ᠣᠷᠠᠯᠢᠭ ᠵᠦᠴᠦᠭᠡ ᠵᠢᠨ ᠬᠦᠷᠢᠶᠡᠯᠡᠩ
          
ᠬᠠᠮᠢᠶ᠎ᠡ ᠪᠦᠬᠦᠢ ᠰᠣᠨᠢᠨ
 
            