ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠨᠡᠶᠢᠲᠡᠯᠡᠭᠰᠡᠨ ᠴᠠᠭ᠄ 2019-06-04

                                ᠨᠡᠶ᠋ᠢᠲᠡᠯᠡᠬᠦ ᠬᠤᠷᠠᠯ᠎ᠤᠨ ᠲᠠᠯᠠᠪᠠᠢ
 
     6 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠣᠯᠴᠢᠯᠡᠯ᠎ᠤᠨ ᠲᠢᠩᠬᠢᠮ᠎ᠤᠨ ᠳᠠᠷᠤᠭ᠎ᠠ ᠾᠧ ᡁᠢ ᠯᠢᠶᠠᠩ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠎ᠤᠨ ᠵᠢᠭᠣᠯᠴᠢᠯᠡᠯ ᠬᠣᠯᠪᠣᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ   ᠪᠠᠢ᠌ᠳᠠᠯ ᠪᠣᠯᠤᠨ ᠲᠣᠰ ᠬᠤᠭᠤᠴᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ᠎ᠤ ᠶᠡᠷᠦᠩᠬᠡᠶ ᠪᠠᠶ᠋ᠢᠳᠠᠯ᠎ᠢ ᠲᠠᠨᠢᠯᠴᠠᠭᠤᠯᠵᠤ᠂ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠣ ᠵᠢᠨ ᠬᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠸᠠᠩ ᠳ᠋ᠧᠩ ᠬᠤᠸᠠ ᠰᠣᠶᠣᠯ   ᠵᠢᠭᠣᠯᠴᠢᠯᠡᠯ᠎ᠤᠨ ᠠᠵᠤ ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ᠎ᠤ ᠪᠣᠳᠠᠲᠠᠶ ᠪᠠᠶ᠋ᠢᠳᠠᠯ᠎ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠣᠯᠴᠢᠯᠡᠯ᠎ᠤᠨ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


     《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠣᠭᠯᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ   ᠳᠡᠭᠡᠷᠡᠬᠢ ᠶᠠᠷᠢᠶ᠎ᠠ
                               
      ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠠᠷᠤᠭ᠎ᠠ ᠾᠧ ᡁᠢ ᠯᠢᠶᠠᠩ
                                                                     
                                       (2019᠎ᠤᠨ 6 ᠰᠠᠷ᠎ᠠ ᠵᠢᠨ 3᠎ᠤ ᠡᠳᠦᠷ)


      ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ   ᠡ᠂ ᠣᠯᠠᠨ ᠵᠶ᠋ᠠᠷ ᠵᠶ᠋ᠠᠨ ᠰᠠᠶ᠋ᠢᠨ ᠪᠠᠶ᠋ᠢᠵᠠᠭ᠋ᠠᠨ᠎ᠠ ᠤᠤ  ?
      ᠳᠣᠮᠳᠠᠳᠦ ᠤᠷᠤᠰ ᠮᠣᠩᠭᠣᠯ   ᠭᠣᠷᠪᠠᠨ ᠣᠯᠣᠰ᠎ᠤᠨ ᠲᠡᠷᠢᠭᠦᠨ ᠨᠡᠷ᠎ᠤᠨ   ᠳᠦᠷᠪᠡᠳᠡᠬᠢ   ᠣᠳᠠᠭ᠋ᠠᠨ᠎ᠤ ᠠᠭᠤᠯᠵᠠᠯᠲᠠ ᠵᠢᠨ ᠦᠷ᠎ᠡ ᠪᠦᠲᠦᠭᠡᠯ᠎ᠢ ᠢᠳᠡᠪᠬᠢᠲᠡᠢ   ᠨᠠᠢ᠌ᠳᠠᠪᠦᠷᠢᠵᠢᠭᠤᠯᠬᠣ᠂ ᠣᠷᠣᠰ ᠮᠣᠩᠭᠣᠯ ᠬᠣᠶᠠᠷ ᠤᠯᠤᠰ᠎ᠯᠤᠭ᠎ᠠ ᠵᠢᠨ ᠵᠢᠭᠣᠯᠴᠢᠯᠡᠯ᠎ᠤᠨ ᠪᠣᠳᠠᠲᠠᠶ   ᠬᠠᠮᠲᠤᠷᠠᠯᠴᠠᠭ᠎ᠠ ᠵᠢ ᠴᠢᠩᠭ᠋ᠠᠳᠬᠠᠬᠤ ᠵᠢᠨ ᠲᠥᠯᠥᠭᠡ᠂ 2019 ᠣᠨ᠎ᠤ 6 ᠰᠠᠷ᠎ᠠ ᠵᠢᠨ 23᠎ᠤ ᠡᠳᠦᠷ᠎ᠠᠴᠠ 6 ᠰᠠᠷ᠎ᠠ ᠵᠢᠨ 27᠎ᠤ ᠡᠳᠦᠷ ᠪᠣᠯᠲᠠᠯ᠎ᠠ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ   ᠵᠢᠭᠣᠯᠴᠢᠯᠡᠯ᠎ᠤᠨ ᠲᠢᠩᠬᠢᠮ᠎ᠠᠴᠠ ᠭᠣᠤᠯᠯᠠᠨ ᠡᠷᠬᠢᠯᠡᠭᠰᠡᠨ 《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ   ᠵᠢᠭᠣᠯᠴᠢᠯᠡᠯ᠎ᠤᠨ ᠦᠵᠡᠰᠬᠦᠯᠡᠩ᠎ᠤᠨ ᠴᠤᠭᠯᠠᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ ᠬᠣᠲᠠ᠎ᠳᠤ ᠡᠷᠬᠢᠯᠡᠬᠦ ᠪᠣᠯᠤᠨ᠎ᠠ᠃
      ᠲᠣᠰ ᠤᠳᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ᠎ᠤ ᠭᠣᠤᠯ ᠰᠡᠳᠦᠪ ᠪᠣᠯ 《ᠲᠦᠮᠡᠨ ᠭᠠᠵᠠᠷ᠎ᠤᠨ ᠴᠠᠢ ᠵᠢᠨ ᠵᠠᠮ》 ᠪᠣᠯᠤᠨ᠎ᠠ᠂ ᠡᠨᠡ ᠪᠣᠯ ᠨᠢᠭᠡ ᠵᠤᠷᠪᠤᠰ ᠳᠣᠮᠳᠠᠳᠦ ᠣᠷᠣᠰ ᠮᠣᠩᠭᠣᠯ᠎ᠢ   ᠲᠣᠭᠣᠯᠣᠨ 1.3 ᠲᠦᠮᠡᠨ ᠺᠢᠯᠣᠮᠧᠲᠷ ᠦᠷᠭᠦᠯᠵᠢᠯᠡᠵᠦ᠂   ᠠᠩᠭᠢᠯᠣᠮ᠎ᠠ ᠰᠠᠢ᠌ᠬᠠᠨ ᠦᠨᠦᠷ ᠠᠮᠳᠠ᠎ᠪᠠᠷ ᠵᠶ᠋ᠠᠨ   ᠬᠥᠮᠦᠨ᠎ᠢ ᠰᠣᠭᠲᠣᠷᠠᠭᠤᠯᠤᠮ᠎ᠠ ᠴᠠᠢ ᠪᠠ ᠭᠦᠨ ᠵᠤᠵᠠᠭ᠋ᠠᠨ ᠴᠠᠢ ᠵᠢᠨ ᠰᠣᠶᠣᠯ ᠠᠭᠣᠯᠣᠭᠳᠠᠬᠣᠨ ᠵᠶ᠋ᠠᠷ ᠠᠴᠢᠶᠠᠯᠠᠪᠤᠷᠢ ᠪᠣᠯᠭ᠋ᠠᠵᠤ᠂ ᠳᠤᠮᠳᠠᠳᠤ ᠵᠢᠨ ᠪᠣᠯᠪᠠᠰᠤᠨ᠂ ᠮᠣᠩᠭᠣᠯ ᠰᠣᠶᠣᠯ ᠪᠣᠯᠤᠨ ᠣᠷᠣᠰ᠎ᠤᠨ ᠵᠠᠩ ᠠᠭ᠋ᠠᠯᠢ ᠵᠢ ᠲᠥᠪᠯᠡᠷᠡᠭᠦᠯᠦᠭᠰᠡᠨ ᠣᠯᠠᠨ ᠤᠯᠤᠰ ᠎ᠤᠨ ᠠᠷᠠᠯᠵᠢᠶ᠎ᠠ ᠬᠤᠳᠠᠯᠳᠤᠭ᠋ᠠᠨ᠎ᠤ ᠴᠢᠬᠣᠯᠠ ᠵᠠᠮ ᠪᠣᠯᠤᠨ᠎ᠠ᠂ ᠮᠦᠨ ᠴᠤ᠌ ᠳᠤᠮᠳᠠᠳᠤ ᠣᠷᠣᠰ ᠮᠣᠩᠭᠣᠯ ᠭᠤᠷᠪᠠᠨ ᠤᠯᠤᠰ ᠭᠠᠷ ᠬᠣᠯᠪᠣᠨ ᠡᠬᠢᠯᠡᠭᠦᠯᠦᠭᠰᠡᠨ   ᠣᠯᠠᠨ ᠣᠯᠣᠰ᠎ᠤᠨ ᠵᠢᠭᠣᠯᠴᠢᠯᠡᠯ᠎ᠤᠨ ᠨᠡᠷᠡᠳᠦ ᠲᠡᠮᠳᠡᠭ ᠶᠣᠮ᠂ ᠲᠡᠭᠡᠭᠡᠳ ᠭᠣᠷᠪᠠᠨ ᠵᠢᠯ᠎ᠤᠨ ᠬᠦᠭᠵᠢᠯᠳᠡ   ᠵᠢᠨ ᠶᠠᠪᠣᠴᠠ ᠵᠢ ᠦᠩᠭᠡᠷᠡᠭᠦᠯᠦᠭᠡᠳ ᠢᠯᠡᠳᠲᠡ ᠲᠣᠳᠣᠷᠬᠠᠢ ᠠᠮᠵᠢᠯᠲᠠ᠎ᠳᠤ   ᠬᠦᠷᠦᠯ᠎ᠡ ᠭᠡᠵᠣ ᠬᠡᠯᠡᠵᠣ ᠪᠣᠯᠬᠣ ᠶᠣᠮ᠃
      ᠪᠢᠳᠠ 《ᠲᠦᠮᠡᠨ ᠭᠠᠵᠠᠷ᠎ᠤᠨ ᠴᠠᠢ ᠵᠢᠨ ᠵᠠᠮ》 ᠣᠯᠠᠨ ᠣᠯᠣᠰ᠎ᠤᠨ ᠵᠢᠭᠣᠯᠴᠢᠯᠡᠯ᠎ᠤᠨ ᠨᠡᠷᠡᠳᠦ ᠲᠡᠮᠳᠡᠭ᠎ᠢ ᠨᠢᠭᠡᠨᠳᠡ ᠲᠣᠭᠳᠠᠭ᠋ᠠᠪᠠ᠃  《ᠲᠦᠮᠡᠨ ᠭᠠᠵᠠᠷ᠎ᠤᠨ ᠴᠠᠢ ᠵᠢᠨ ᠵᠠᠮ》᠎ᠤᠨ ᠨᠠᠷᠠᠲᠤ ᠲᠥᠷᠥᠯ ᠲᠡᠮᠳᠡᠭᠲᠦ ᠵᠢᠨ ᠪᠦᠲᠦᠭᠡᠨ ᠪᠠᠢ᠌ᠭᠣᠯᠣᠯᠲᠠ ᠬᠢᠭᠡᠳ 《ᠨᠢᠭᠡ ᠪᠦᠰᠡ ᠨᠢᠭᠡ ᠵᠠᠮ》᠂ ᠧᠦ᠋ᠷᠣᠫᠠ ᠠᠽᠢᠶ᠎ᠠ ᠵᠢᠨ ᠳᠠᠷᠳᠠᠩ ᠵᠠᠮ ᠪᠣᠯᠤᠨ 《ᠲᠠᠯ᠎ᠠ ᠨᠤᠲᠤᠭ᠎ᠤᠨ ᠵᠠᠮ》᠎ᠤᠨ ᠪᠠᠶ᠋ᠢᠯᠳᠤᠬᠤ ᠪᠣᠳᠣᠯᠭ᠎ᠠ᠎ᠲᠠᠢ ᠳᠡᠭᠡᠳᠦ ᠬᠡᠮᠵᠢᠶ᠎ᠡ᠎ᠪᠠᠷ   ᠨᠡᠢ᠌ᠴᠡᠭᠦᠯᠵᠦ᠂ ᠭᠤᠷᠪᠠᠨ ᠤᠯᠤᠰ᠎ᠤᠨ ᠵᠢᠭᠣᠯᠴᠢᠯᠡᠯ᠎ᠢ ᠬᠠᠮᠲᠤᠪᠠᠷ ᠠᠬᠢᠭᠤᠯᠤᠭᠰᠠᠨ᠎ᠤ ᠭᠣᠤᠯᠳᠠᠯᠭ᠎ᠠ᠂ ᠰᠣᠶᠣᠯ   ᠵᠢᠭᠣᠯᠴᠢᠯᠡᠯ᠎ᠤᠨ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠨ ᠦᠯᠢᠭᠡᠷ ᠵᠢᠱ᠌ᠢᠶ᠎ᠡ ᠪᠣᠯᠪᠠ᠃
      ᠪᠢᠳᠡ ᠪᠦᠷᠢᠨ ᠲᠡᠭᠦᠯᠳᠡᠷ ᠰᠢᠰᠲ᠋ᠧᠮ᠎ᠲᠠᠢ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠨᠠᠷᠠᠲᠤ ᠲᠡᠮᠳᠡᠭ ᠵᠢᠴᠢ ᠪᠦᠲᠦᠭᠡᠭᠳᠡᠬᠦᠨ᠎ᠤ ᠰᠢᠰᠲ᠋ᠧᠮ᠎ᠢ ᠪᠠᠶ᠋ᠢᠭᠤᠯᠪᠠ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ   ᠬᠣᠯᠪᠣᠭ᠎ᠠ ᠪᠠ ᠨᠡᠷᠡᠲᠦ ᠲᠡᠮᠳᠡᠭ᠎ᠤᠨ ᠢᠯᠡᠷᠬᠡᠢ᠌ᠯᠡᠯ   ᠱᠣᠰᠢᠭ᠎ᠠ ᠵᠢ ᠲᠦᠯᠦᠪᠯᠡᠪᠡ  ᠂ ᠬᠢᠲᠠᠳ᠂ ᠠᠩᠭ᠍ᠯᠢ᠂ ᠣᠷᠣᠰ᠂ ᠮᠣᠩᠭᠣᠯ ᠳᠥᠷᠪᠡᠨ ᠵᠦᠢ᠍ᠯ᠎ᠤᠨ ᠦᠰᠦᠭ᠎ᠤᠨ ᠤᠬᠠᠭᠤᠯᠭ᠎ᠠ ᠵᠢᠨ ᠹᠢᠯᠢᠮ   ᠵᠤᠬᠢᠶᠡᠪᠡ  ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠤᠯᠴᠢᠯᠠᠯ᠎ᠤᠨ ᠱᠤᠭᠤᠮ᠎ᠤᠨ   ᠡᠪᠬᠡᠮᠡᠯ ᠬᠠᠭᠤᠳᠠᠰᠤ ᠪᠠ ᠵᠢᠭᠤᠯᠴᠢᠯᠠᠯ᠎ᠤᠨ ᠵᠢᠷᠤᠭᠲᠤ ᠳᠡᠪᠲᠡᠷ᠎ᠢ ᠬᠡᠪᠯᠡᠨ ᠭᠠᠷᠭ᠋ᠠᠪᠠ  ᠂ 7 ᠵᠤᠷᠪᠤᠰ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠪᠠ  ᠃   ᠬᠥᠬᠡᠬᠣᠲᠠ᠂ ᠤᠯᠠᠭ᠋ᠠᠨᠪᠠᠭ᠋ᠠᠲᠤᠷ᠎ᠲᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠲᠡᠤᠬᠡ ᠵᠢᠨ   ᠨᠡᠷᠡᠳᠦ ᠲᠡᠮᠳᠡᠭ᠎ᠤᠨ ᠦᠯᠡᠳᠡᠭᠳᠡᠯ᠎ᠤᠨ ᠬᠥᠰᠢᠶ᠎ᠡ ᠵᠢ ᠪᠠᠢ᠌ᠭᠣᠯᠵᠤ᠂   ᠬᠣᠢ᠌ᠳᠦ ᠪᠠᠢ᠌ᠭ᠋ᠠᠯ ᠎ᠤᠨ ᠬᠢᠯᠢ ᠬᠢᠵᠠᠭ᠋ᠠᠷ ᠣᠷᠣᠨ᠎ᠳᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠲᠡᠤᠬᠡ ᠵᠢᠨ ᠨᠡᠷᠡᠳᠦ ᠲᠡᠮᠳᠡᠭ᠎ᠤᠨ ᠦᠯᠡᠳᠡᠭᠳᠡᠯ᠎ᠤᠨ ᠬᠥᠰᠢᠶ᠎ᠡ ᠵᠢ ᠪᠠᠶ᠋ᠢᠭᠤᠯᠬᠤ ᠵᠢ ᠠᠬᠢᠭᠤᠯᠤᠨ᠎ᠠ᠃
      ᠪᠢᠳᠡ ᠪᠦᠲᠦᠭᠡᠯᠴᠢ ᠰᠡᠳᠬᠢᠮᠵᠢ᠎ᠲᠠᠢ᠂ ᠰᠢᠨ᠎ᠡ ᠡᠭᠦᠳᠡᠯᠲᠡ᠎ᠲᠠᠢ᠂ ᠪᠠᠶᠠᠯᠢᠭ ᠰᠠᠶ᠋ᠢᠬᠠᠨ ᠢᠵᠢ ᠪᠦᠷᠢᠳᠦᠭᠦᠯᠦᠭᠰᠡᠨ ᠰᠢᠷᠢᠰ ᠠᠵᠢᠯᠯᠠᠭ᠎ᠠ ᠵᠢ   ᠡᠭᠦᠰᠭᠡᠨ ᠶᠠᠪᠣᠭᠳᠠᠭᠣᠯᠪᠠ᠃ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠎ᠤᠨ ᠦᠪᠡᠷ ᠵᠶ᠋ᠠᠨ ᠲᠡᠷᠭᠡ   ᠵᠢᠯᠣᠭᠣᠳᠣᠨ ᠠᠶᠠᠯᠠᠬᠤ ᠪᠠ 《ᠲᠦᠮᠡᠨ ᠭᠠᠵᠠᠷ᠎ᠤᠨ ᠴᠠᠢ ᠵᠢᠨ ᠵᠠᠮ》᠎ᠲᠠᠢ ᠲᠠᠨᠢᠯᠴᠠᠬᠤ ᠠᠶᠠᠯᠠᠯ᠎ᠢ ᠰᠡᠳᠦᠨ ᠡᠬᠢᠯᠡᠭᠦᠯᠵᠤ᠂   ᠲᠠᠯ᠎ᠠ ᠨᠣᠳᠣᠭ᠎ᠤᠨ ᠠᠶᠠᠯᠠᠯ᠂   ᠬᠣᠪᠢᠰᠬᠠᠯᠳᠦ ᠳᠣᠷᠠᠳᠬᠠᠯ᠎ᠤᠨ ᠠᠶᠠᠯᠠᠯ᠂ ᠬᠠᠶ᠋ᠢᠨ ᠰᠦᠪᠡᠭᠴᠢᠯᠡᠬᠦ ᠠᠶᠠᠯᠠᠯ ᠵᠡᠷᠭᠡ ᠵᠢᠭᠤᠯᠴᠢᠯᠠᠯ᠎ᠤᠨ ᠰᠢᠷᠢᠰ ᠪᠦᠲᠦᠭᠡᠭᠳᠡᠬᠦᠨ ᠪᠠ ᠤᠬᠠᠭᠤᠯᠤᠨ ᠳᠡᠯᠭᠡᠷᠡᠭᠦᠯᠬᠦ   ᠠᠵᠢᠯᠯᠠᠭ᠎ᠠ ᠵᠢ ᠨᠡᠭᠡᠭᠡᠨ   ᠬᠦᠭᠵᠢᠭᠦᠯᠪᠡ᠃   ᠡᠭᠦᠨ ᠵᠶ᠋ᠠᠷ ᠲᠠᠪᠴᠠᠩ ᠪᠣᠯᠭ᠋ᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ᠎ᠤᠨ   ᠦᠪᠡᠷ ᠵᠶ᠋ᠠᠨ ᠲᠡᠷᠭᠡ   ᠵᠢᠯᠣᠭᠣᠳᠣᠨ ᠠᠶᠠᠯᠠᠬᠣ ᠨᠦᠬᠦᠷᠰᠡᠭ   ᠵᠢᠭᠤᠯᠴᠢᠯᠠᠯ᠂ 《ᠬᠥᠯᠥᠨ ᠪᠣᠶ᠋ᠢᠷ — ᠤᠯᠠᠭ᠋ᠠᠨ ᠡᠭᠦᠳᠡ》 ᠵᠢᠨ ᠠᠮᠲᠠᠲᠤ ᠢᠳᠡᠭᠡᠨ᠎ᠤ   ᠠᠮᠲᠠᠷᠬᠠᠯᠳᠦ ᠠᠶᠠᠯᠠᠯ᠂ 《ᠬᠥᠬᠡᠬᠣᠲᠠ — ᠢᠷᠺᠦ᠋ᠼᠺ》᠎ᠤᠨ ᠵᠢᠭᠤᠯᠴᠢᠯᠠᠯ᠎ᠤᠨ ᠨᠢᠰᠬᠡᠯ ᠳᠠᠭ᠋ᠠᠭ᠋ᠠᠴᠢᠯᠠᠭᠣᠯᠬᠤ᠂ 《ᠮᠠᠨᠵᠤᠤᠷ —   ᠰᠢᠪᠸᠷᠢᠶ᠎ᠠ   ᠨᠡᠷᠡᠮᠵᠢᠳᠦ》 ᠪᠣᠯᠤᠨ 《ᠡᠷᠢᠶᠡᠨ ᠬᠣᠲᠠ ᠨᠡᠷᠡᠮᠵᠢᠲᠦ》 ᠵᠡᠷᠭᠡ ᠵᠢᠭᠤᠯᠴᠢᠯᠠᠯ᠎ᠤᠨ ᠲᠤᠰᠬᠠᠶ ᠴᠤᠪᠤᠭ᠎ᠠ   ᠭᠠᠯᠲᠦ ᠲᠡᠷᠭᠡ᠂ 《ᠡᠩᠬᠡ ᠲᠠᠶ᠋ᠢᠪᠤᠩ · ᠨᠥᠬᠥᠷᠯᠡᠯ ·   ᠵᠠᠯᠠᠭᠤᠴᠤᠳ ᠪᠠᠭ᠋ᠠᠴᠤᠳ᠎ᠤᠨ ᠵᠢᠭᠤᠯᠴᠢᠯᠠᠯ᠎ᠤᠨ ᠵᠤᠰᠠᠯᠠᠩ》 ᠵᠡᠷᠭᠡ ᠠᠵᠢᠯᠯᠠᠭ᠎ᠠ᠎ᠪᠠᠷ ᠬᠠᠪᠰᠤᠷᠤᠮᠵᠢ ᠪᠣᠯᠭ᠋ᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠤᠯᠴᠢᠯᠠᠯ᠎ᠤᠨ ᠥᠷᠨᠢᠯᠲᠡ ᠵᠢ ᠪᠣᠶ ᠪᠣᠯᠭ᠋ᠠᠪᠠ᠃
      ᠮᠠᠨ᠎ᠤ ᠡᠩᠨᠡᠭᠡ ᠲᠠᠰᠤᠷᠠᠯᠲᠠ ᠦᠭᠡᠢ ᠬᠥᠭᠵᠢᠨ ᠪᠤᠵᠠᠭ᠋ᠠᠶ᠋ᠢᠷᠠᠪᠠ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠎ᠤᠨ ᠵᠢᠭᠣᠯᠴᠢᠯᠡᠯ᠎ᠤᠨ ᠬᠣᠯᠪᠣᠭ᠎ᠠ ᠵᠢᠨ ᠪᠦᠷᠢᠯᠳᠦᠬᠦᠨ ᠬᠠᠮᠤᠭ᠎ᠤᠨ ᠠᠩᠬᠠᠨ᠎ᠤ 12 ᠪᠠᠶ᠋ᠢᠭᠰᠠᠨ᠎ᠠᠴᠠ᠎ᠪᠠᠨ ᠣᠳᠣ ᠵᠢᠨ 16 ᠪᠣᠯᠵᠤ᠂ ᠡᠨᠡ ᠵᠢᠯ ᠪᠠᠰᠠ ᠣᠷᠣᠰ᠎ᠤᠨ ᠰᠢᠨ᠎ᠡ ᠰᠢᠪᠸᠷᠢᠶ᠎ᠠ ᠵᠧᠤ᠂ ᠰᠤᠸᠯᠳ᠋ᠷᠣᠹᠰᠺ ᠵᠧᠤ᠂ ᠮᠣᠩᠭᠣᠯ ᠤᠯᠤᠰ ᠎ᠤᠨ ᠡᠮᠦᠨᠡᠲᠦ ᠭᠣᠪᠢ   ᠠᠢ᠌ᠮᠠᠭ᠂ ᠰᠦᠬᠡᠪᠠᠭ᠋ᠠᠲᠤᠷ   ᠠᠢ᠌ᠮᠠᠭ ᠬᠣᠯᠪᠣᠭ᠎ᠠ᠎ᠳᠤ ᠣᠷᠣᠯᠴᠠᠬᠤ ᠪᠣᠯᠤᠨ᠎ᠠ᠃   ᠴᠠᠭ᠋ᠠᠨ ᠣᠷᠣᠰ᠎ᠤᠨ ᠭᠤᠮᠤᠷᠢ ᠵᠧᠤ᠎ᠨᠢ ᠬᠣᠯᠪᠣᠭ᠋ᠠᠨ᠎ᠤ ᠠᠵᠢᠭᠯᠠᠭᠴᠢ ᠭᠠᠵᠠᠷ ᠣᠷᠣᠨ ᠪᠣᠯᠬᠤ᠎ᠪᠠᠷ ᠲᠥᠯᠥᠪᠯᠡᠵᠦ   ᠪᠠᠢ᠌ᠨ᠎ᠠ᠃ ᠡᠨᠡ᠎ᠨᠢ 《ᠲᠦᠮᠡᠨ ᠭᠠᠵᠠᠷ᠎ᠤᠨ ᠴᠠᠢ ᠵᠢᠨ ᠵᠠᠮ》᠎ᠤᠨ   ᠵᠢᠭᠣᠯᠴᠢᠯᠡᠯ᠎ᠳᠤ ᠡᠯᠪᠡᠭ   ᠪᠠᠶᠠᠨ ᠡᠬᠢ ᠪᠠᠶᠠᠯᠢᠭ ᠪᠣᠯᠤᠨ ᠪᠦᠲᠦᠭᠡᠭᠳᠡᠬᠦᠨ᠎ᠢ ᠠᠪᠴᠢᠷᠠᠬᠤ ᠪᠣᠯᠤᠨ᠎ᠠ᠃
      ᠮᠠᠨ᠎ᠤ ᠤᠬᠠᠭᠤᠯᠭ᠎ᠠ ᠪᠣᠷᠣᠯᠠᠭᠤᠯᠭ᠎ᠠ ᠵᠢᠨ ᠡᠷᠴᠢᠮ ᠲᠠᠰᠤᠷᠠᠯᠲᠠ ᠦᠭᠡᠢ ᠴᠢᠩᠭ᠋ᠠᠷᠠᠵᠤ᠂ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠠᠯᠬᠤᠮ ᠠᠯᠬᠤᠮ ᠵᠶ᠋ᠠᠷ ᠳᠡᠭᠡᠭᠰᠢᠯᠡᠪᠡ᠃ 2017 ᠣᠨ᠎ᠳᠤ᠂   ᠬᠣᠯᠪᠣᠭ᠋ᠠᠨ᠎ᠠᠴᠠ ᠳ᠋ᠸᠨ᠋ᠮᠡᠷᠺᠠ᠂ ᠰᠸᠸᠳ᠋ᠸᠸᠨ ᠬᠣᠶᠠᠷ ᠣᠯᠣᠰ  ᠎ᠲᠤ
ᠲᠣᠰ ᠲᠣᠰ   ᠬᠣᠶᠠᠷ ᠲᠠᠯᠠᠪᠤᠷ ᠲᠤᠰᠬᠠᠶ ᠰᠡᠳᠦᠪᠲᠦ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ; 2018 ᠣᠨ᠎ᠳᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ ᠵᠶ᠋ᠠᠷ ᠭᠣᠤᠯ ᠰᠡᠳᠦᠪ ᠪᠣᠯᠭ᠋ᠠᠵᠤ᠂ ᠺᠠᠨᠠᠳᠠ ᠵᠢᠨ ᠮᠤᠨᠳ᠋ᠷᠸᠯ ᠎ᠤᠨ ᠣᠯᠠᠨ ᠤᠯᠤᠰ ᠎ᠤᠨ ᠵᠢᠭᠤᠯᠴᠢᠯᠠᠯ᠎ᠤᠨ ᠦᠵᠡᠰᠬᠦᠯᠡᠩ᠎ᠳᠤ ᠣᠷᠣᠯᠴᠠᠪᠠ᠃
      ᠳᠡᠭᠡᠷᠡᠬᠢ ᠦᠷ᠎ᠡ ᠪᠦᠲᠦᠭᠡᠯ᠎ᠨᠢ ᠭᠤᠷᠪᠠᠨ ᠤᠯᠤᠰ᠎ᠤᠨ ᠵᠢᠭᠣᠯᠴᠢᠯᠡᠯ᠎ᠤᠨ ᠰᠠᠯᠠᠭ᠎ᠠ ᠮᠥᠴᠢᠷ᠎ᠤᠨ   ᠬᠠᠮᠳᠣᠷᠠᠯ᠎ᠤᠨ ᠬᠦᠴᠤᠨ᠎ᠠᠴᠠ ᠰᠠᠯᠵᠤ ᠴᠢᠳᠠᠬᠤ ᠦᠭᠡᠢ ᠪᠥᠭᠡᠳ ᠡᠨᠳᠡ ᠰᠠᠭᠤᠭ᠎ᠠ ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠤᠬᠠᠭᠤᠯᠭ᠎ᠠ ᠮᠡᠳᠡᠭᠡᠯᠡᠯ᠎ᠠᠴᠠ ᠴᠤ᠌ ᠰᠠᠯᠵᠤ ᠴᠢᠳᠠᠬᠤ ᠦᠭᠡᠢ ᠶᠤᠮ᠂   ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠮᠠᠨ᠎ᠤ ᠣᠷᠣᠨ᠎ᠤ ᠰᠣᠶᠣᠯ   ᠵᠢᠭᠣᠯᠴᠢᠯᠡᠯ᠎ᠤᠨ ᠦᠢ᠍ᠯᠡᠰ᠎ᠲᠤ ᠠᠩᠬᠠᠷᠤᠯ ᠲᠠᠯᠪᠢᠵᠤ ᠪᠠᠢ᠌ᠭ᠎ᠠ᠎ᠳᠤ   ᠡᠨᠳᠡ ᠪᠢ   ᠣᠨᠴᠠᠭ᠋ᠠᠢ᠌ᠯᠠᠨ ᠲᠠᠯᠠᠷᠬᠠᠵᠤ ᠪᠠᠶ᠋ᠢᠨ᠎ᠠ᠃
     《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ   ᠵᠢᠭᠣᠯᠴᠢᠯᠡᠯ᠎ᠤᠨ ᠦᠵᠡᠰᠬᠦᠯᠡᠩ ᠪᠣᠯ ᠪᠢᠳᠡᠨ᠎ᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠣᠯᠴᠢᠯᠡᠯ᠎ᠤᠨ ᠲᠥᠷᠥᠯ ᠲᠡᠮᠳᠡᠭᠴᠢᠯᠡᠭᠰᠡᠨ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠦᠵᠡᠰᠬᠦᠯᠡᠩ ᠵᠶ᠋ᠠᠷ ᠳᠠᠮᠵᠢᠨ ᠳᠡᠯᠭᠡᠨ ᠦᠵᠡᠭᠦᠯᠵᠦ᠂ ᠣᠯᠠᠨ ᠨᠡᠢ᠌ᠲᠡ᠎ᠳᠤ ᠥᠪᠥᠷ ᠮᠣᠩᠭᠣᠯ᠎ᠤᠨ ᠬᠢᠯᠢ ᠠᠯᠤᠰᠯᠠᠭᠰᠠᠨ ᠵᠢᠭᠣᠯᠴᠢᠯᠡᠯ᠎ᠤᠨ ᠬᠡᠪ ᠨᠠᠮᠪᠠ ᠵᠢ ᠢᠯᠡᠷᠡᠭᠦᠯᠬᠦ ᠵᠢᠨ ᠲᠥᠯᠥᠭᠡ ᠶᠤᠮ᠃ ᠲᠣᠰ   ᠣᠳᠠᠭ᠋ᠠᠨ᠎ᠤ ᠦᠵᠡᠰᠬᠦᠯᠡᠩ᠎ᠳᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠳᠦᠷᠢ ᠲᠥᠷᠬᠦ ᠵᠢᠨ   ᠦᠵᠡᠭᠦᠯᠦᠯᠭᠡ ᠵᠢᠨ ᠲᠢᠩᠬᠢᠮ᠂ ᠵᠢᠭᠣᠯᠴᠢᠯᠡᠯ᠎ᠤᠨ ᠰᠣᠶᠣᠯ᠎ᠤᠨ ᠡᠭᠦᠳᠦᠨ ᠪᠦᠲᠦᠭᠡᠯᠲᠡ ᠵᠢᠴᠢ ᠪᠦᠲᠦᠭᠡᠭᠳᠡᠬᠦᠨ᠎ᠤ   ᠦᠵᠡᠭᠦᠯᠦᠯᠭᠡ ᠵᠢᠨ ᠲᠢᠩᠬᠢᠮ᠂ ᠬᠡᠤᠬᠡᠳ᠎ᠤᠨ ᠴᠡᠴᠡᠷᠯᠢᠭ᠂ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ   ᠦᠵᠡᠭᠦᠯᠦᠯᠭᠡ ᠵᠢᠨ ᠲᠢᠩᠬᠢᠮ ᠵᠡᠷᠭᠡ ᠳᠥᠷᠪᠡᠨ ᠶᠡᠬᠡ ᠶᠡᠷᠦᠩᠬᠡᠶ᠋ᠢᠯᠡᠭᠰᠡᠨ ᠦᠵᠡᠭᠦᠯᠦᠯᠭᠡ ᠵᠢᠨ ᠲᠢᠩᠬᠢᠮ ᠪᠠᠭᠲᠠᠨ᠎ᠠ᠃ ᠡᠭᠦᠨ᠎ᠳᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠳᠦᠷᠢ ᠲᠥᠷᠬᠦ ᠵᠢᠨ ᠦᠵᠡᠭᠦᠯᠦᠯᠭᠡ ᠵᠢᠨ ᠲᠢᠩᠬᠢᠮ᠎ᠨᠢ ᠲᠢᠶᠠᠨ ᠲᠠᠨ᠂ ᠺᠧᠷᠮᠡᠯᠢ ᠣᠷᠳᠣᠨ᠂ ᠮᠣᠩᠭᠣᠯ ᠭᠡᠷ ᠵᠡᠷᠭᠡ ᠳᠤᠮᠳᠠᠳᠤ ᠣᠷᠣᠰ ᠮᠣᠩᠭᠣᠯ ᠭᠤᠷᠪᠠᠨ ᠤᠯᠤᠰ ᠎ᠤᠨ   ᠣᠨᠴᠠᠯᠢᠭᠳᠤ ᠰᠣᠳᠣᠨ ᠪᠠᠷᠢᠯᠭ᠎ᠠ᠎ᠪᠠᠷ ᠵᠢᠷᠤᠭ ᠲᠥᠯᠥᠪᠯᠡᠭᠡ ᠵᠢᠨ ᠵᠶ᠋ᠠᠨ ᠰᠠᠭᠤᠷᠢ ᠪᠣᠯᠭ᠋ᠠᠵᠤ᠂ ᠭᠣᠤᠯ   ᠦᠵᠡᠭᠦᠯᠦᠯᠭᠡ ᠵᠢᠨ ᠲᠣᠭᠣᠷᠢᠭ᠎ᠢ ᠵᠢᠷᠤᠵᠤ ᠲᠥᠯᠥᠪᠯᠡᠨ   ᠪᠠᠢ᠌ᠭᠣᠯᠵᠣ᠂ ᠲᠤᠬᠠᠶ ᠵᠢᠨ ᠲᠠᠯᠠᠪᠠᠢ᠎ᠳᠤ ᠡᠯ᠎ᠡ ᠤᠯᠤᠰ ᠎ᠤᠨ ᠪᠠᠷᠢᠯᠭ᠎ᠠ ᠵᠢᠨ ᠬᠠᠶ᠋ᠢᠴᠢᠯᠠᠮᠠᠯ ᠵᠢᠷᠤᠭ᠂ ᠸᠢᠳᠢᠣ᠋ ᠵᠢᠷᠤᠭ᠂   ᠬᠠᠷᠢᠯᠴᠠᠨ ᠦᠢ᠍ᠯᠡᠳᠦᠯᠴᠡᠬᠦ ᠲᠥᠬᠥᠭᠡᠷᠦᠮᠵᠢ᠎ᠪᠠᠷ ᠦᠨᠳᠦᠰᠦᠲᠡᠨ᠎ᠤ ᠡᠯᠧᠮᠧᠨ᠋ᠲ ᠪᠣᠯᠤᠨ ᠰᠢᠨᠵᠢᠯᠡᠬᠦ ᠤᠬᠠᠭ᠋ᠠᠨ᠎ᠤ ᠮᠡᠷᠭᠡᠵᠢᠯ᠎ᠤᠨ ᠡᠯᠧᠮᠧᠨ᠋ᠲ᠎ᠢ ᠣᠷᠭ᠋ᠠᠨᠢᠭ ᠵᠶ᠋ᠠᠷ ᠠᠭᠤᠰᠤᠯᠴᠠᠭᠤᠯᠵᠤ᠂   ᠳᠣᠮᠳᠠᠳᠣ ᠣᠷᠣᠰ ᠮᠣᠩᠭᠣᠯ ᠭᠤᠷᠪᠠᠨ ᠤᠯᠤᠰ ᠪᠣᠯᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠳᠠᠭ᠋ᠠᠣ᠎ᠳᠤ᠎ᠬᠢ ᠭᠤᠸ᠎ᠠ ᠰᠠᠶ᠋ᠢᠬᠠᠨ ᠦᠵᠡᠮᠵᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠦᠨ᠎ᠡ; ᠵᠢᠭᠤᠯᠴᠢᠯᠠᠯ᠎ᠤᠨ ᠰᠣᠶᠣᠯ᠎ᠤᠨ ᠡᠭᠦᠳᠦᠨ ᠪᠦᠲᠦᠭᠡᠯᠲᠡ ᠵᠢᠴᠢ ᠦᠢ᠍ᠯᠡᠳᠭᠦᠨ᠎ᠤ ᠦᠵᠡᠭᠦᠯᠦᠯᠭᠡ ᠵᠢᠨ ᠲᠢᠩᠬᠢᠮ᠎ᠨᠢ ᠥᠪᠥᠷ ᠮᠣᠩᠭᠣᠯ᠎ᠤᠨ ᠤᠯᠠᠮᠵᠢᠯᠠᠯᠲᠤ ᠡᠯᠧᠮᠧᠨ᠋ᠲ᠂ ᠤᠯᠠᠮᠵᠢᠯᠠᠯᠲᠤ ᠡᠳ᠋ ᠪᠣᠳᠠᠰ ᠵᠶ᠋ᠠᠷ ᠵᠢᠷᠤᠭ ᠲᠥᠯᠥᠪᠯᠡᠭᠡ ᠵᠢᠨ ᠵᠶ᠋ᠠᠨ ᠲᠦᠰᠢᠭ ᠪᠣᠯᠭ᠋ᠠᠵᠤ᠂ ᠵᠠᠰᠠᠭ ᠪᠠ ᠠᠵᠤ ᠠᠬᠤᠶ᠋ᠢᠯᠠᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠲᠠᠪᠴᠠᠩ᠎ᠢ ᠪᠣᠢ ᠪᠣᠯᠭ᠋ᠠᠵᠤ᠂ ᠦᠵᠡᠭᠦᠯᠦᠯᠭᠡ ᠵᠢᠨ ᠲᠢᠩᠬᠢᠮ᠎ᠳᠤ᠎ᠪᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶ᠋ᠢᠮᠠᠭ ᠬᠣᠲᠠ ᠵᠢᠨ ᠥᠩᠭᠡ ᠦᠵᠡᠮᠵᠢ ᠵᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠣᠲᠠ ᠵᠢᠨ ᠥᠩᠭᠡ ᠦᠵᠡᠮᠵᠢ᠂ ᠰᠣᠶᠣᠯ ᠢᠷᠭᠡᠨᠰᠢᠯ᠎ᠤᠨ ᠲᠡᠤᠬᠡ᠂ ᠵᠢᠭᠤᠯᠴᠢᠯᠠᠯ᠎ᠤᠨ ᠦᠢ᠍ᠯᠡᠳᠭᠦᠨ᠂ ᠰᠣᠶᠣᠯ᠎ᠤᠨ ᠡᠭᠦᠳᠦᠨ ᠪᠦᠲᠦᠭᠡᠯᠲᠡ ᠵᠢᠨ   ᠦᠢ᠍ᠯᠡᠳᠭᠦᠨ᠂ ᠵᠣᠴᠢᠳ᠎ᠤᠨ ᠪᠠᠭᠤᠳᠠᠯ᠂ ᠠᠷᠠᠳ᠎ᠤᠨ ᠡᠷᠬᠢᠯᠡᠭᠰᠡᠨ ᠪᠠᠭᠤᠳᠠᠯ ᠵᠢᠴᠢ ᠰᠣᠶᠣᠯ᠎ᠤᠨ ᠡᠭᠦᠳᠦᠨ ᠪᠦᠲᠦᠭᠡᠯᠲᠡ ᠵᠢᠨ ᠵᠢᠭᠤᠯᠴᠢᠯᠠᠯ᠎ᠤᠨ ᠲᠠᠸᠠᠷ᠎ᠢ ᠭᠣᠤᠯᠳᠠᠯᠭ᠎ᠠ᠎ᠲᠠᠢ ᠳᠡᠯᠭᠡᠨ ᠦᠵᠡᠭᠦᠯᠦᠨ᠎ᠡ᠃ ᠬᠡᠤᠬᠡᠳ᠎ᠤᠨ ᠴᠡᠩᠭᠡᠯᠳᠤ ᠲᠢᠩᠬᠢᠮ᠎ᠨᠢ᠂   ᠳᠣᠮᠳᠠᠳᠤ ᠣᠷᠣᠰ ᠮᠣᠩᠭᠣᠯ ᠭᠤᠷᠪᠠᠨ ᠤᠯᠤᠰ ᠎ᠤᠨ ᠰᠣᠶᠣᠯ᠎ᠤᠨ ᠡᠯᠧᠮᠧᠨ᠋ᠲ᠎ᠢ ᠶᠡᠷᠦᠩᠬᠡᠢ᠌ᠯᠡᠨ ᠠᠭᠣᠰᠬᠠᠵᠣ   ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠬᠢᠨ᠎ᠡ᠂ ᠭᠣᠤᠯᠳᠠᠭᠤ ᠰᠤᠷᠤᠯᠴᠠᠯᠭ᠎ᠠ ᠵᠢᠨ ᠬᠠᠷᠢᠯᠴᠠᠨ ᠬᠥᠳᠡᠯᠦᠯᠴᠡᠬᠦ   ᠲᠣᠭᠣᠷᠢᠭ᠂ ᠬᠡᠤᠬᠡᠳ᠎ᠤᠨ ᠵᠤᠭ᠎ᠠ ᠴᠡᠩᠭᠡᠯ᠎ᠤᠨ   ᠲᠣᠭᠣᠷᠢᠭ᠂ ᠠᠮᠠᠷᠠᠯᠲᠠ ᠵᠢᠨ   ᠲᠣᠭᠣᠷᠢᠭ ᠪᠠ ᠬᠠᠮᠲᠤ ᠵᠢᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠬᠦ ᠲᠣᠭᠣᠷᠢᠭ ᠵᠡᠷᠭᠡ ᠳᠥᠷᠪᠡᠨ ᠶᠡᠬᠡ   ᠲᠣᠭᠣᠷᠢᠭ᠎ᠢ ᠪᠠᠭᠲᠠᠭ᠋ᠠᠵᠤ᠂ ᠰᠣᠨᠢᠷᠬᠠᠯᠲᠤ ᠴᠢᠨᠠᠷ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠴᠢᠨᠠᠷ ᠬᠠᠷᠢᠯᠴᠠᠨ ᠠᠭᠤᠰᠤᠯᠴᠠᠬᠤ ᠵᠢ ᠨᠢᠭᠡ ᠴᠣᠭᠴᠠ ᠪᠣᠯᠭ᠋ᠠᠨ᠎ᠠ᠃ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠦᠵᠡᠭᠦᠯᠦᠯᠭᠡ ᠵᠢᠨ ᠲᠢᠩᠬᠢᠮ᠎ᠨᠢ   ᠪᠡᠭᠡᠵᠢᠩ ᠪᠣᠯᠤᠨ ᠤᠯᠠᠭ᠋ᠠᠨᠴᠠᠪ ᠭᠡᠬᠦ ᠲᠣᠰ ᠲᠣᠰ ᠬᠣᠶᠠᠷ   ᠣᠨᠴᠠᠯᠢᠭᠲᠣ ᠵᠢᠷᠣᠭᠯᠠᠯ᠎ᠲᠠᠢ ᠦᠵᠡᠭᠦᠯᠦᠯᠭᠡ ᠵᠢᠨ ᠪᠠᠶ᠋ᠢᠷᠢ ᠵᠢ ᠵᠢᠷᠤᠵᠤ ᠲᠥᠯᠥᠪᠯᠡᠨ᠂ ᠪᠡᠭᠡᠵᠢᠩ᠎ᠨᠢ ᠤᠯᠠᠭ᠋ᠠᠨ ᠲᠣᠭᠣᠰᠬ᠎ᠠ ᠨᠣᠭᠣᠭ᠋ᠠᠨ ᠸᠠᠭ᠋ᠠᠷ᠂   ᠰᠠᠷᠠᠪᠴᠢᠳᠦ ᠠᠰᠠᠷ ᠲᠠᠭᠲᠤ ᠎ᠲᠠᠢ᠂ ᠣᠷᠳᠣᠨ᠎ᠤ ᠬᠡᠷᠡᠮ᠎ᠤᠨ ᠭᠦᠨ ᠬᠦᠷᠢᠶ᠎ᠡ ᠵᠡᠷᠭᠡ ᠵᠢ ᠳᠣᠪᠣᠶ᠋ᠢᠯᠭ᠋ᠠᠵᠤ᠂ ᠤᠯᠠᠭ᠋ᠠᠨᠴᠠᠪ ᠬᠣᠲᠠ᠎ᠨᠢ ᠪᠣᠯ ᠬᠤᠪᠴᠠᠰᠤ ᠵᠠᠰᠠᠯ᠎ᠤᠨ ᠰᠣᠶᠣᠯ᠂ ᠪᠣᠳᠠᠰ᠎ᠤᠨ ᠪᠤᠰᠤ ᠰᠣᠶᠣᠯ᠎ᠤᠨ ᠣᠨᠴᠠᠯᠢᠭ᠎ᠢ ᠳᠣᠪᠣᠶ᠋ᠢᠯᠭ᠋ᠠᠵᠤ᠂ ᠲᠣᠰ ᠲᠣᠰ᠎ᠤᠨ ᠭᠦᠨ   ᠳᠠᠯᠳᠠᠷᠬᠠᠭ ᠰᠣᠨᠢᠷᠬᠠᠯᠲᠠᠢ ᠦᠵᠡᠭᠦᠯᠦᠯᠭᠡ ᠵᠢᠨ   ᠤᠢ᠌ᠯᠠᠭ᠋ᠠᠭᠳᠠᠬᠣᠨ᠎ᠢ ᠳᠣᠪᠣᠶ᠋ᠢᠯᠭ᠋ᠠᠪᠠ᠃ ᠦᠵᠡᠭᠦᠯᠦᠯᠭᠡ ᠵᠢᠨ ᠲᠢᠩᠬᠢᠮ᠎ᠳᠤ᠎ᠪᠠᠨ ᠭᠣᠤᠯᠳᠠᠭᠤ ᠪᠡᠭᠡᠵᠢᠩ ᠥᠪᠥᠷ ᠮᠣᠩᠭᠣᠯ᠎ᠤᠨ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠭᠰᠡᠨ ᠴᠢᠬᠤᠯᠠ ᠶᠡᠬᠡ ᠲᠥᠷᠥᠯ ᠵᠦᠢ᠍ᠯ᠎ᠤᠨ ᠦᠷ᠎ᠡ ᠪᠦᠲᠦᠭᠡᠯ᠂ ᠪᠡᠭᠡᠵᠢᠩ ᠬᠢᠭᠡᠳ ᠤᠯᠠᠭ᠋ᠠᠨᠴᠠᠪ᠎ᠤᠨ ᠵᠢᠭᠤᠯᠴᠢᠯᠠᠯ᠎ᠤᠨ ᠡᠬᠢ ᠪᠠᠶᠠᠯᠢᠭ᠂ ᠵᠢᠭᠤᠯᠴᠢᠯᠠᠯ᠎ᠤᠨ ᠪᠦᠲᠦᠭᠡᠭᠳᠡᠬᠦᠨ ᠬᠢᠭᠡᠳ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠵᠢ ᠳᠡᠯᠭᠡᠨ ᠦᠵᠡᠭᠦᠯᠦᠨ᠎ᠡ᠃       ᠲᠣᠰ ᠬᠤᠭᠤᠴᠠᠭ᠋ᠠᠨ᠎ᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ   ᠵᠢᠭᠣᠯᠴᠢᠯᠡᠯ᠎ᠤᠨ ᠦᠵᠡᠰᠬᠦᠯᠡᠩ᠎ᠤᠨ ᠴᠤᠭᠯᠠᠭ᠋ᠠᠨ᠎ᠨᠢ ᠭᠤᠷᠪᠠᠨ ᠶᠡᠬᠡ ᠭᠢᠯᠠᠰ ᠴᠡᠭ᠎ᠲᠠᠢ ᠪᠠᠶ᠋ᠢᠵᠤ᠂ ᠬᠦᠨᠳᠦ ᠪᠠᠢ᠌ᠷᠢ ᠰᠠᠭᠣᠷᠢ᠎ᠲᠠᠢ — 《ᠲᠦᠮᠡᠨ ᠭᠠᠵᠠᠷ᠎ᠤᠨ ᠴᠠᠢ ᠵᠢᠨ ᠵᠠᠮ》 ᠵᠶ᠋ᠠᠷ ᠭᠣᠤᠯ ᠰᠡᠳᠦᠪ ᠪᠣᠯᠭ᠋ᠠᠭᠰᠠᠨ   ᠵᠢᠭᠣᠯᠴᠢᠯᠡᠯ᠎ᠤᠨ ᠦᠵᠡᠰᠬᠦᠯᠡᠩ᠎ᠤᠨ ᠴᠤᠭᠯᠠᠭ᠋ᠠᠨ ᠪᠣᠯᠤᠨ᠎ᠠ᠃ ᠦᠵᠡᠰᠬᠦᠯᠡᠩ  ᠎ᠳᠤ ᠣᠷᠣᠯᠴᠠᠭᠰᠠᠨ ᠦᠶ ᠣᠯᠠᠨ ᠬᠤᠳᠠᠯᠳᠤᠭ᠋ᠠᠴᠢᠨ᠂ ᠬᠤᠳᠠᠯᠳᠤᠨ   ᠠᠪᠣᠭᠴᠢᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ᠎ᠤᠨ ᠮᠦᠽᠧᠶ᠎ᠳᠤ ᠴᠤᠭᠯᠠᠷᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠭᠣᠢ᠌ᠳᠠ ᠰᠠᠶ᠋ᠢᠬᠠᠨ ᠦᠪᠡᠳᠡᠭᠰᠢ ᠪᠠᠶ᠋ᠢᠳᠠᠯ᠎ᠢ ᠬᠠᠮᠲᠤ᠎ᠪᠠᠷ ᠳᠡᠯᠭᠡᠨ ᠦᠵᠡᠭᠦᠯᠵᠦ᠂   ᠰᠣᠨᠢᠷᠬᠠᠭᠣᠯᠵᠣ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠨᠡᠷᠡᠲᠦ ᠲᠡᠮᠳᠡᠭ᠎ᠤᠨ ᠴᠠᠭ ᠦᠶ᠎ᠡ ᠵᠢᠨ ᠪᠦᠲᠦᠭᠡᠯ᠎ᠢ ᠡᠭᠦᠳᠦᠨ ᠪᠦᠲᠦᠭᠡᠬᠦ ᠪᠣᠯᠤᠨ᠎ᠠ᠃ ᠰᠢᠨ᠎ᠡ ᠲᠥᠷᠥᠭᠳᠡᠯ᠎ᠲᠠᠢ — 《  ᠪᠣᠳᠠᠳᠦ ᠬᠥᠮᠦᠨ ᠪᠣᠯᠣᠨ ᠴᠡᠭᠡᠨ ᠳᠡᠯᠭᠡᠴᠡ ᠵᠢᠨ ᠬᠠᠷᠢᠯᠴᠠᠨ ᠦᠢ᠍ᠯᠡᠳᠦᠯᠴᠡᠬᠦ》᠎ᠨᠢ ᠦᠵᠡᠰᠬᠦᠯᠡᠩ᠎ᠳᠤ   ᠣᠷᠣᠯᠴᠠᠭᠰᠠᠳ᠎ᠲᠤ ᠰᠢᠨ᠎ᠡ ᠨᠢᠭᠡᠨ ᠤᠢ᠌ᠯᠠᠭ᠋ᠠᠯᠲᠠ ᠵᠢ ᠲᠦᠷᠦᠭᠳᠡᠭᠦᠯᠦᠨ᠎ᠡ  ᠃ 《ᠬᠦᠮᠣᠨ ᠪᠡ ᠳᠡᠯᠭᠡᠴᠡ ᠵᠢᠨ ᠬᠠᠷᠢᠯᠴᠠᠨ ᠦᠢ᠍ᠯᠡᠳᠦᠯᠴᠡᠬᠦ》   ᠬᠢᠭᠡᠳ 《ᠪᠡᠶᠡᠴᠢ ᠮᠡᠳᠡᠷᠡᠮᠵᠢ ᠵᠢᠨ ᠮᠡᠷᠭᠡᠵᠢᠯ》᠎ᠳᠤ ᠲᠦᠰᠢᠭᠯᠡᠵᠣ ᠪᠠᠢ᠌ᠭ᠋ᠠᠳ ᠬᠠᠷᠢᠯᠴᠠᠨ ᠮᠡᠳᠡᠷᠯᠴᠡᠬᠦ ᠲᠣᠭᠣᠷᠢᠭ᠎ᠢ ᠪᠠᠢ᠌ᠷᠢᠰᠢᠭᠣᠯᠵᠤ᠂ ᠵᠢᠭᠣᠯᠴᠢᠯᠠᠭᠴᠢᠳ ᠲᠣᠭᠯᠠᠭ᠋ᠠᠮ᠎ᠳᠤ ᠣᠷᠣᠯᠴᠠᠬᠣ᠎ᠪᠠᠷ ᠳᠠᠮᠵᠢᠭᠣᠯᠣᠨ ᠳᠣᠮᠳᠠᠳᠣ ᠣᠷᠣᠰ ᠮᠣᠩᠭᠣᠯ ᠭᠣᠷᠪᠠᠨ ᠣᠯᠣᠰ᠎ᠤᠨ ᠣᠳᠣᠮᠰᠢᠯᠳᠦ ᠬᠣᠪᠴᠠᠰᠣ ᠵᠠᠰᠠᠯ᠎ᠢ ᠡᠮᠣᠰᠴᠤ ᠰᠣᠨᠢᠷᠬᠠᠨ᠂ ᠳᠡᠭᠦᠨᠴᠢᠯᠡᠨ ᠭᠠᠵᠠᠷ ᠭᠠᠵᠠᠷ᠎ᠤᠨ ᠬᠡᠯᠡ ᠶᠠᠷᠢᠶ᠎ᠠ᠎ᠪᠠᠷ ᠬᠠᠷᠢᠯᠴᠠᠨ ᠶᠠᠷᠢᠯᠴᠠᠵᠣ᠂ ᠡᠯ᠎ᠡ ᠣᠯᠣᠰ᠎ᠤᠨ ᠰᠣᠶᠣᠯ᠎ᠲᠠᠢ ᠪᠡᠶᠡᠴᠢᠯᠡᠨ ᠤᠢ᠌ᠯᠠᠭ᠋ᠠᠯᠴᠠᠵᠣ ᠪᠣᠯᠣᠨ᠎ᠠ᠃ ᠬᠦᠨᠳᠦ ᠴᠢᠬᠣᠯᠠ ᠤᠳᠬ᠎ᠠ   ᠠᠭᠣᠯᠭ᠎ᠠ᠎ᠲᠠᠢ — ᠣᠷᠣᠰ ᠮᠣᠩᠭᠣᠯ᠎ᠢ ᠬᠣᠯᠪᠣᠵᠤ᠂   ᠳᠣᠮᠳᠠᠳᠣ ᠣᠷᠣᠰ ᠮᠣᠩᠭᠣᠯ᠎ᠤᠨ ᠰᠣᠶᠣᠯ   ᠵᠢᠭᠣᠯᠴᠢᠯᠡᠯ᠎ᠤᠨ ᠬᠥᠭᠵᠢᠯᠲᠡ ᠵᠢᠨ ᠶᠡᠬᠡ ᠪᠣᠳᠣᠯᠭ᠎ᠠ ᠵᠢ   ᠬᠠᠮᠳᠦ᠎ᠪᠠᠷ ᠵᠥᠪᠳᠡᠨ᠎ᠡ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠯᠢᠯᠴᠠᠭ᠋ᠠᠨ᠎ᠤ ᠲᠣᠭᠲᠠᠴᠠ ᠪᠠ ᠵᠢᠭᠤᠯᠴᠢᠯᠠᠯ᠎ᠤᠨ ᠬᠠᠮᠲᠤᠷᠠᠯᠴᠠᠭ᠎ᠠ᠎ᠪᠠᠷ ᠴᠢᠬᠤᠯᠠ ᠠᠴᠢᠶᠠᠯᠠᠪᠤᠷᠢ ᠪᠣᠯᠭ᠋ᠠᠵᠤ᠂ ᠨᠠᠩ ᠥᠨᠳᠥᠷ ᠨᠠᠩ ᠥᠷᠭᠡᠨ ᠠᠭᠤᠳᠠᠮ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠲᠠᠪᠴᠠᠩ  ᠎ᠢ ᠪᠠᠶ᠋ᠢᠭᠤᠯᠵᠤ᠂ ᠥᠪᠥᠷ ᠮᠣᠩᠭᠣᠯ᠎ᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ᠎ᠤᠨ   ᠦᠢ᠍ᠯᠡᠳᠭᠦᠨ᠎ᠢ ᠬᠠᠮᠲᠤ᠎ᠪᠠᠷ ᠳᠡᠯᠭᠡᠷᠡᠭᠦᠯᠵᠦ᠂ ᠵᠢᠭᠤᠯᠴᠢᠯᠠᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠪᠣᠭᠣᠳᠠᠯᠯᠠᠬᠤ᠂ ᠳᠦᠷᠢ ᠲᠥᠷᠬᠦ ᠵᠢᠨ ᠤᠬᠠᠭᠤᠯᠭ᠎ᠠ ᠪᠠ ᠬᠠᠮᠲᠤᠷᠠᠨ ᠡᠵᠡᠩᠨᠡᠨ ᠪᠣᠷᠣᠯᠠᠭᠣᠯᠬᠣ   ᠬᠣᠯᠪᠣᠭ᠋ᠠᠨ᠎ᠤ ᠪᠦᠷᠢᠯᠳᠦᠬᠦᠨ᠎ᠤ ᠬᠣᠭᠣᠷᠣᠨᠳᠣᠬᠢ ᠣᠷᠣᠨ ᠪᠦᠰᠡ ᠵᠢᠨ ᠬᠠᠮᠲᠤᠷᠠᠯᠴᠠᠭ᠎ᠠ ᠵᠢ ᠲᠦᠯᠬᠢᠨ ᠠᠬᠢᠭᠤᠯᠤᠨ᠎ᠠ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠨᠢ ᠮᠠᠨ᠎ᠤ ᠤᠯᠤᠰ ᠎ᠤᠨ   ᠣᠮᠠᠷᠠᠰᠢ   ᠨᠡᠭᠡᠭᠡᠯᠲᠡ ᠬᠢᠬᠦ   ᠪᠣᠭᠣᠮᠲᠠ ᠪᠣᠯᠤᠭᠰᠠᠨ᠎ᠤ ᠬᠤᠪᠢ᠎ᠳᠤ᠂ ᠣᠷᠣᠰ ᠮᠣᠩᠭᠣᠯ ᠰᠠᠭ᠋ᠠᠬᠠᠯᠳᠠ ᠵᠢᠨ ᠳᠠᠪᠠᠭᠤᠯᠢᠭ   ᠲᠠᠯ᠎ᠠ   ᠢᠯᠡᠷᠬᠡᠢ᠂ ᠦᠨᠳᠦᠰᠦᠲᠡᠨ᠎ᠤ ᠰᠣᠶᠣᠯ᠎ᠨᠢ ᠴᠦ᠍ ᠥᠪᠡᠷᠮᠢᠴᠡ   ᠢᠯᠡ ᠳᠣᠳᠣ ᠣᠨᠴᠠᠯᠢᠭ᠎ᠲᠠᠢ   ᠪᠠᠢ᠌ᠨ᠎ᠠ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠬᠠᠮᠢᠶ᠎ᠠ ᠪᠦᠬᠦᠢ ᠠᠵᠢᠯ ᠨᠢᠭᠡᠨᠲᠡ ᠡᠬᠢᠯᠡᠪᠡ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ ᠪᠠ   ᠦᠨᠳᠦᠰᠦᠲᠡᠨ᠎ᠤ ᠦᠪᠡᠷᠮᠢᠴᠡ ᠰᠣᠶᠣᠯ᠎ᠢ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠪᠥᠬᠥ ᠤᠯᠤᠰ ᠴᠢᠨᠠᠭᠰᠢᠯᠠᠪᠠᠯ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ᠎ᠢ   ᠳᠡᠭᠡᠭᠰᠢᠯᠡᠭᠦᠯᠬᠦ᠎ᠳᠤ   ᠮᠠᠨ᠎ᠤ ᠥᠨᠥᠳᠥᠷ᠎ᠤᠨ ᠡᠨᠳᠡ ᠰᠠᠭᠤᠵᠤ   ᠪᠠᠢ᠌ᠭ᠎ᠠ ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ᠎ᠲᠤ ᠲᠦᠰᠢᠭᠯᠡᠬᠦ᠎ᠨᠢ ᠮᠠᠰᠢ ᠬᠡᠷᠡᠭᠲᠡᠶ ᠪᠠᠢ᠌ᠨ᠎ᠠ᠃ ᠵᠠᠭᠤᠴᠢᠯᠠᠭᠤᠷ᠎ᠤᠨ ᠨᠠᠶ᠋ᠢᠵᠠ ᠨᠠᠷ 《ᠲᠦᠮᠡᠨ ᠭᠠᠵᠠᠷ᠎ᠤᠨ ᠴᠠᠢ ᠵᠢᠨ ᠵᠠᠮ》᠎ᠤᠨ   ᠵᠢᠭᠣᠯᠴᠢᠯᠡᠯ᠎ᠢ ᠬᠠᠯᠠᠭᠤᠨ ᠵᠶ᠋ᠠᠷ ᠠᠩᠬᠠᠷᠴᠤ᠂ ᠢᠳᠡᠪᠬᠢᠲᠡᠢ ᠳᠠᠮᠵᠢᠵᠤ᠂ ᠥᠷᠭᠡᠨ ᠵᠶ᠋ᠠᠷ ᠤᠬᠠᠭᠤᠯᠬᠤ ᠵᠢ ᠪᠢᠳᠡ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ᠃ ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ  ᠎ᠤᠨ ᠣᠷᠣᠯᠴᠠᠭᠰᠠᠨ ᠪᠠ ᠴᠢᠷᠮᠠᠶ᠋ᠢᠭᠰᠠᠨ ᠵᠶ᠋ᠠᠷ ᠪᠢᠳᠡ ᠯᠠᠪᠲᠠᠶ ᠨᠢᠭᠡᠨ ᠳᠣᠮᠳᠠᠳᠣ ᠣᠷᠣᠰ ᠮᠣᠩᠭᠣᠯ ᠤᠯᠤᠰ᠎ᠢ ᠠᠯᠤᠰᠯᠠᠭᠰᠠᠨ ᠭᠤᠷᠪᠠᠨ ᠤᠯᠤᠰ ᠎ᠤᠨ ᠬᠥᠭᠵᠢᠯᠲᠡ ᠵᠢᠨ ᠵᠠᠮ᠎ᠢ ᠨᠡᠭᠡᠭᠡᠵᠣ   ᠴᠢᠳᠠᠨ᠎ᠠ ᠭᠡᠳᠡᠭ ᠎ᠲᠤ ᠢᠲᠡᠭᠡᠵᠦ ᠪᠠᠶ᠋ᠢᠨ᠎ᠠ  ᠃
      ᠲᠠ ᠣᠯᠠᠨ᠎ᠳᠤ ᠲᠠᠯᠠᠷᠬᠠᠯ᠎ᠠ!


     《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠣᠯᠴᠢᠯᠡᠯ᠎ᠤᠨ ᠦᠵᠡᠰᠭᠦᠯᠡᠩ᠎ᠤᠨ ᠴᠣᠭᠯᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ   ᠳᠡᠭᠡᠷᠡᠬᠢ ᠶᠠᠷᠢᠶ᠎ᠠ
      ᠤᠯᠠᠭ᠋ᠠᠨᠴᠠᠪ ᠬᠣᠲᠠ ᠵᠢᠨ ᠨᠠᠮ  ᠎ᠤᠨ ᠬᠣᠷᠢᠶ᠎ᠠ ᠵᠢᠨ ᠪᠠᠢ᠌ᠩᠭᠣ ᠵᠢᠨ ᠬᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠸᠠᠩ ᠳ᠋ᠧᠩ ᠬᠤᠸᠠ
                                                                   
                                   (2019 ᠣᠨ᠎ᠤ 6 ᠰᠠᠷ᠎ᠠ ᠵᠢᠨ 3᠎ᠤ ᠡᠳᠦᠷ)


      ᠬᠦᠨᠳᠦᠲᠦ ᠾᠧ ᡁᠢ ᠯᠢᠶᠠᠩ ᠲᠢᠩᠬᠢᠮ᠎ᠤᠨ ᠳᠠᠷᠤᠭ᠎ᠠ᠂   ᠢᠤᠢ ᡁᠢ ᠭᠦᠸᠧ ᠲᠢᠩᠭᠢᠮ᠎ᠤᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠡᠲᠡᠭᠡᠳ᠎ᠤᠨ ᠨᠥᠬᠥᠳ᠂ ᠣᠯᠠᠨ ᠵᠶ᠋ᠠᠷ ᠵᠶ᠋ᠠᠨ   ᠰᠠᠶ᠋ᠢᠨ ᠪᠠᠶ᠋ᠢᠵᠠᠭ᠋ᠠᠨ᠎ᠠ ᠤᠤ  ?
      ᠲᠢᠩᠬᠢᠮ᠎ᠤᠨ ᠳᠠᠷᠤᠭ᠎ᠠ ᠾᠧ ᡁᠢ ᠯᠢᠶᠠᠩ 2019᠎ᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠦᠵᠡᠰᠬᠦᠯᠡᠩ᠎ᠤᠨ ᠴᠤᠭᠯᠠᠭ᠋ᠠᠨ᠎ᠤ ᠬᠠᠮᠢᠶ᠎ᠠ ᠪᠦᠬᠦᠢ ᠪᠠᠶ᠋ᠢᠳᠠᠯ᠎ᠢ ᠲᠠᠨᠢᠯᠴᠠᠭᠤᠯᠵᠠᠶ᠃ ᠳᠣᠤᠷ᠎ᠠ   ᠪᠢ   ᠤᠯᠠᠭ᠋ᠠᠨᠴᠠᠪ ᠬᠣᠲᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠳᠥᠭᠥᠮ ᠲᠠᠨᠢᠯᠴᠠᠭᠤᠯᠤᠶ᠎ᠠ᠃
      ᠤᠯᠠᠭ᠋ᠠᠨᠴᠠᠪ ᠬᠣᠲᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠰᠯᠡᠯ ᠪᠡᠭᠡᠵᠢᠩ᠎ᠠᠴᠠ ᠬᠠᠮᠤᠭ᠎ᠤᠨ ᠤᠢ᠌ᠷ᠎ᠠ   ᠲᠠᠯ᠎ᠠ ᠨᠤᠲᠤᠭ᠎ᠤᠨ ᠬᠣᠲᠠ ᠪᠣᠯᠤᠨ᠎ᠠ᠂ ᠪᠠᠰᠠ ᠴᠤ᠌ ᠳᠤᠮᠳᠠᠳᠤ ᠧᠦ᠋ᠷᠣᠫᠠ   ᠵᠢᠱ᠌ᠢᠶᠡᠨ᠎ᠤ ᠭᠠᠯᠲᠤ ᠲᠡᠷᠭᠡ ᠵᠢᠨ ᠤᠯᠤᠰ ᠎ᠤᠨ ᠳᠣᠲᠣᠭ᠋ᠠᠳᠤ ᠵᠢᠨ ᠴᠣᠷ᠎ᠤᠨ ᠭᠠᠭᠴᠠ ᠮᠤᠵᠢ ᠵᠢᠨ ᠲᠥᠪ ᠪᠤᠰᠤ ᠵᠠᠩᠭᠢᠯᠠᠭ᠎ᠠ ᠵᠢᠨ ᠬᠣᠲᠠ ᠪᠣᠯᠤᠨ᠎ᠠ᠂ ᠤᠯᠤᠰ᠎ᠤᠨ ᠴᠡᠴᠡᠷᠯᠢᠭᠵᠢᠭᠦᠯᠦᠭᠰᠡᠨ ᠬᠣᠲᠠ᠂ ᠤᠯᠤᠰ ᠎ᠤᠨ ᠡᠷᠡᠭᠦᠯ ᠬᠠᠮᠠᠭ᠋ᠠᠯᠠᠯ᠎ᠤᠨ ᠬᠣᠲᠠ᠂ ᠪᠦᠬᠦ ᠤᠯᠤᠰ ᠎ᠤᠨ ᠢᠳᠡᠭᠡᠨ᠎ᠤ ᠠᠮᠤᠷ ᠲᠦᠪᠰᠢᠨ᠎ᠤ ᠠᠷᠪᠠᠨ ᠰᠢᠯᠢᠳᠡᠭ ᠬᠣᠲᠠ᠂ ᠳᠤᠮᠳᠠᠳᠤ ᠤᠯᠤᠰ ᠎ᠤᠨ ᠵᠣᠯ ᠵᠢᠷᠭ᠋ᠠᠯᠲᠤ ᠲᠥᠷᠥᠭᠳᠡᠯ᠎ᠲᠠᠢ ᠬᠣᠲᠠ ᠪᠣᠯᠤᠨ᠎ᠠ᠃ ᠳᠤᠮᠳᠠᠳᠤ ᠤᠯᠤᠰ ᠎ᠤᠨ ᠲᠥᠮᠥᠰᠥ ᠵᠢᠨ ᠬᠣᠲᠠ᠂ ᠳᠤᠮᠳᠠᠳᠤ ᠤᠯᠤᠰ᠎ᠤᠨ 《ᠨᠣᠬᠠᠶ ᠵᠢᠨ ᠬᠣᠰᠢᠭᠤ》 ᠵᠢᠨ ᠬᠣᠲᠠ᠂ ᠲᠠᠯ᠎ᠠ ᠨᠤᠲᠤᠭ᠎ᠤᠨ ᠡᠭᠦᠯᠡᠨ ᠬᠥᠨᠳᠡᠶ᠂ ᠰᠠᠯᠬᠢᠨ ᠴᠠᠬᠢᠯᠭ᠋ᠠᠨ᠎ᠤ ᠬᠣᠲᠠ᠂ ᠳᠤᠮᠳᠠᠳᠤ ᠤᠯᠤᠰ ᠎ᠤᠨ ᠲᠠᠯ᠎ᠠ ᠨᠤᠲᠤᠭ᠎ᠤᠨ ᠵᠤᠰᠠᠯᠠᠩ᠎ᠤᠨ ᠬᠣᠲᠠ᠂ ᠳᠤᠮᠳᠠᠳᠤ ᠤᠯᠤᠰ ᠎ᠤᠨ ᠬᠠᠮᠤᠭ᠎ᠤᠨ ᠭᠤᠶᠤ ᠪᠡᠶ᠎ᠡ ᠰᠤᠪᠢᠯᠠᠯᠲᠠ ᠰᠡᠯᠡᠭᠦᠴᠡᠯ ᠵᠤᠭ᠋ᠠᠴᠠᠯ᠎ᠤᠨ ᠬᠣᠲᠠ᠂ 《ᠲᠠᠯ᠎ᠠ ᠨᠤᠲᠤᠭ᠎ᠤᠨ ᠠᠷᠠᠰᠣ ᠰᠢᠷᠢ ᠵᠢᠨ ᠬᠣᠲᠠ》᠂ 《ᠬᠤᠪᠢᠯᠭ᠋ᠠᠨ ᠣᠷᠣᠨ᠎ᠤ ᠭᠡᠷ ᠣᠷᠣᠨ》 ᠵᠡᠷᠭᠡ ᠣᠯᠠᠨ ᠠᠷᠪᠢᠨ ᠨᠡᠷ᠎ᠡ ᠵᠢᠨ ᠬᠠᠭᠤᠳᠠᠰᠤ᠎ᠲᠠᠢ᠂ ᠡᠭᠦᠨ᠎ᠳᠤ ᠨᠣᠭᠣᠭ᠋ᠠᠨ ᠥᠩᠭᠡ ᠪᠣᠯ ᠤᠯᠠᠭ᠋ᠠᠨᠴᠠᠪ᠎ᠤᠨ ᠦᠵᠡᠰᠬᠦᠯᠡᠩᠲᠦ ᠰᠠᠢ᠍ᠬᠠᠨ ᠨᠡᠷ᠎ᠡ ᠵᠢᠨ ᠬᠠᠭᠤᠳᠠᠰᠤ ᠪᠠᠶ᠋ᠢᠵᠤ᠂ ᠠᠮᠢ ᠠᠬᠤᠢ ᠵᠢᠨ   ᠵᠢᠭᠣᠯᠴᠢᠯᠡᠯ᠎ᠤᠨ   ᠦᠢ᠍ᠯᠡᠰ᠂   ᠲᠠᠷᠢᠶᠠᠯᠠᠩ ᠮᠠᠯ ᠠᠵᠤ ᠠᠬᠤᠢ ᠵᠢᠨ ᠴᠡᠪᠡᠷ ᠡᠨᠧᠷᠭᠢ ᠵᠢᠨ ᠠᠵᠤ   ᠦᠢ᠍ᠯᠡᠰ ᠦᠷᠭᠦᠯᠵᠢᠯᠡᠨ ᠬᠥᠭᠵᠢᠪᠡ  ᠃ ᠨᠡᠭᠡᠭᠡᠯᠲᠡ ᠬᠢᠬᠦ ᠪᠣᠯ ᠤᠯᠠᠭ᠋ᠠᠨᠴᠠᠪ᠎ᠤᠨ ᠬᠥᠭᠵᠢᠯᠲᠡ ᠵᠢᠨ ᠬᠥᠳᠡᠯᠭᠡᠬᠦ ᠬᠦᠴᠦᠨ ᠮᠥᠨ᠂ 《ᠪᠡᠭᠡᠵᠢᠩ᠎ᠠᠴᠠ ᠪᠠᠷᠠᠭᠤᠨᠰᠢ ᠨᠢᠭᠡ   ᠠᠯᠬᠣᠪᠠᠯ ᠳᠠᠷᠤᠶ ᠤᠯᠠᠭ᠋ᠠᠨᠴᠠᠪ᠎ᠲᠤ ᠣᠷᠣᠴᠢᠬᠠᠨ᠎ᠠ ᠭᠡᠵᠣ ᠬᠡᠯᠡᠵᠣ ᠪᠣᠯᠤᠨ᠎ᠠ》᠂ ᠣᠷᠣᠨ ᠪᠦᠰᠡ ᠵᠢᠨ ᠳᠠᠪᠠᠭᠣᠯᠢᠭ᠂ ᠳᠦᠭᠦᠮ ᠳᠦᠳᠡ ᠵᠠᠮ ᠬᠠᠷᠢᠯᠴᠠᠭ᠎ᠠ᠎ᠨᠢ ᠨᠡᠭᠡᠭᠡᠯᠲᠡ ᠬᠢᠬᠦ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠴᠡᠶ᠃ ᠬᠢᠯᠢ ᠵᠢᠨ ᠳᠣᠲᠣᠷᠠᠬᠢ 6 ᠵᠤᠷᠪᠤᠰ ᠲᠡᠮᠦᠷ ᠵᠠᠮ᠂ 3 ᠵᠤᠷᠪᠤᠰ   ᠬᠣᠷᠳᠣᠨ᠎ᠤ   ᠵᠠᠮ ᠵᠢᠴᠢ ᠤᠯᠤᠰ ᠪᠠ ᠮᠤᠵᠢ ᠵᠢᠨ ᠭᠣᠤᠯ ᠵᠠᠮ   ᠣᠯᠠᠨ ᠴᠢᠭᠯᠡᠯ ᠵᠶ᠋ᠠᠷ ᠰᠦᠯᠵᠢᠯᠳᠦᠵᠦ᠂ ᠬᠢᠯᠢ᠎ᠪᠠᠷ ᠥᠩᠭᠡᠷᠡᠵᠦ ᠭᠠᠷᠤᠭᠰᠠᠨ ᠪᠡᠭᠡᠵᠢᠩ — ᠬᠥᠯᠥᠨ ᠪᠣᠶ᠋ᠢᠷ ᠬᠣᠲᠠ ᠵᠢᠨ   ᠳᠡᠭᠡᠳᠦ ᠬᠤᠷᠳᠤᠴᠠᠲᠤ ᠲᠡᠮᠦᠷ ᠵᠠᠮ ᠵᠢᠯ᠎ᠤᠨ ᠡᠴᠦᠰ᠎ᠲᠤ ᠪᠥᠬᠥ ᠱᠤᠭᠤᠮ ᠵᠶ᠋ᠠᠷ ᠨᠡᠪᠲᠡᠷᠡᠵᠦ᠂ ᠤᠯᠠᠭ᠋ᠠᠨᠴᠠᠪ᠎ᠠᠴᠠ   ᠮᠣᠷᠳᠠᠭ᠋ᠠᠳ 70 ᠮᠢᠨᠦ᠋ᠲ   ᠳᠠᠪᠬᠢᠪᠡᠯ ᠰᠢ ᡁᠢ ᠮᠧᠨ ᠦᠷᠲᠡᠭᠡᠨ᠎ᠳᠤ ᠬᠦᠷᠴᠦ᠂ ᠨᠡᠶ᠋ᠢᠰᠯᠡᠯ᠎ᠤᠨ 1 ᠴᠠᠭ᠎ᠤᠨ ᠠᠵᠤ ᠠᠬᠤᠢ ᠵᠢᠨ ᠲᠣᠭᠣᠷᠢᠭ᠎ᠲᠤ ᠠᠭᠤᠰᠤᠯᠴᠠᠨ᠎ᠠ᠃ ᠵᠢᠨᠢᠩ᠎ᠠᠴᠠ ᠴᠢᠪᠠᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ  ᠎ᠢ ᠡᠨᠡ ᠵᠢᠯ ᠡᠬᠢᠯᠡᠨ ᠪᠦᠲᠦᠭᠡᠨ ᠪᠠᠶ᠋ᠢᠭᠤᠯᠵᠤ᠂ ᠤᠳᠠᠯ ᠦᠭᠡᠢ ᠥᠪᠥᠷ ᠮᠣᠩᠭᠣᠯ᠎ᠤᠨ ᠳᠤᠮᠳᠠ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ   ᠳᠡᠭᠡᠳᠦ ᠬᠤᠷᠳᠤᠴᠠᠲᠤ ᠲᠡᠮᠦᠷ ᠵᠠᠮ᠎ᠢ ᠬᠣᠯᠪᠣᠬᠤ ᠴᠢᠬᠤᠯᠠ ᠵᠠᠩᠭᠢᠯᠠᠭ᠎ᠠ ᠪᠣᠯᠬᠤ ᠪᠣᠯᠤᠨ᠎ᠠ᠃ ᠤᠯᠠᠭ᠋ᠠᠨᠴᠠᠪ᠎ᠤᠨ ᠨᠢᠰᠬᠡᠯ᠎ᠤᠨ ᠪᠠᠭᠤᠳᠠᠯ ᠣᠳᠣᠬᠠᠨ᠎ᠳᠤ ᠶᠠᠭ ᠠᠭ᠋ᠠᠷ᠎ᠤᠨ ᠠᠶᠠᠯᠠᠯ᠎ᠤᠨ ᠪᠣᠭᠣᠮᠲᠠ ᠪᠣᠯᠬᠣ᠎ᠪᠠᠷ ᠭᠤᠶᠤᠴᠢᠯᠠᠨ ᠮᠡᠳᠡᠭᠦᠯᠦᠭᠡᠳ᠂ ᠣᠯᠠᠨ ᠤᠯᠤᠰ ᠎ᠤᠨ ᠪᠠᠷᠠᠭ᠎ᠠ ᠲᠡᠭᠡᠭᠡᠪᠦᠷᠢᠯᠡᠬᠦ ᠨᠢᠰᠬᠡᠯ᠎ᠤᠨ ᠪᠠᠭᠤᠳᠠᠯ᠎ᠢ ᠪᠠᠶ᠋ᠢᠭᠤᠯᠵᠤ   ᠪᠠᠢ᠌ᠨ᠎ᠠ᠃ ᠵᠡᠭᠦᠨᠰᠢ᠂ ᠪᠠᠷᠠᠭᠤᠨᠰᠢ᠂ ᠡᠮᠦᠨᠡᠰᠢ᠂ ᠤᠮᠠᠷᠠᠰᠢ ᠲᠦᠷᠪᠡᠨ ᠵᠦᠭ᠎ᠲᠤ ᠰᠠᠭ᠋ᠠᠳ ᠦᠭᠡᠢ ᠨᠡᠪᠲᠡᠷᠡᠬᠦ᠂ ᠪᠡᠭᠡᠵᠢᠩ᠎ᠠᠴᠠ   ᠣᠢ᠌ᠷᠠᠬᠠᠨ ᠪᠠᠢ᠌ᠳᠠᠭ ᠭᠠᠵᠠᠷ ᠣᠷᠣᠨ᠎ᠤ   ᠳᠠᠪᠠᠭᠤᠯᠢᠭ ᠨᠦᠬᠦᠴᠡᠯ᠎ᠨᠢ ᠣᠳᠣ ᠶᠠᠭ ᠠᠯᠬᠤᠮ ᠠᠯᠬᠤᠮ ᠵᠶ᠋ᠠᠷ ᠪᠣᠳᠠᠲᠠᠶ ᠬᠥᠭᠵᠢᠯᠲᠡ ᠵᠢᠨ ᠳᠠᠪᠠᠭᠤᠯᠢᠭ ᠪᠣᠯᠵᠤ   ᠬᠣᠪᠢᠷᠠᠵᠣ ᠪᠠᠶ᠋ᠢᠨ᠎ᠠ᠃ ᠥᠨᠥᠳᠥᠷ᠎ᠤᠨ ᠤᠯᠠᠭ᠋ᠠᠨᠴᠠᠪ ᠬᠣᠲᠠ᠎ᠳᠤ᠂ ᠲᠣᠮᠣ ᠡᠳ᠋ ᠪᠠᠷᠠᠭ᠎ᠠ ᠵᠢᠨ   ᠭᠦᠢ᠍ᠯᠭᠡᠭᠡᠨ᠎ᠤ ᠠᠵᠤ ᠦᠢ᠍ᠯᠡᠰ ᠡᠷᠴᠢᠮᠲᠡᠶ ᠶᠠᠪᠤᠭᠳᠠᠵᠤ᠂ ᠲᠣᠮᠣ ᠳ᠋ᠠᠶ᠋ᠢᠲ᠋ᠠ ᠵᠢᠨ ᠠᠵᠤ   ᠦᠢ᠍ᠯᠡᠰ ᠴᠡᠴᠡᠭᠯᠡᠨ ᠬᠥᠭᠵᠢᠵᠦ᠂ ᠲᠣᠮᠣ   ᠵᠢᠭᠣᠯᠴᠢᠯᠡᠯ᠎ᠤᠨ ᠠᠵᠤ   ᠦᠢ᠍ᠯᠡᠰ ᠥᠷᠨᠢᠨ ᠬᠥᠭᠵᠢᠵᠦ᠂ ᠶᠡᠷᠦᠩᠬᠡᠶ ᠱᠦᠵᠢ ᠰᠢ ᠵᠢᠨ ᠫᠢᠩ᠎ᠤᠨ ᠵᠢᠭ᠋ᠠᠨ ᠵᠢᠯᠣᠭᠣᠳᠤᠭᠰᠠᠨ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠵᠠᠮ ᠵᠶ᠋ᠠᠷ ᠲᠣᠮᠣ ᠠᠯᠬᠤᠮ ᠵᠶ᠋ᠠᠷ ᠤᠷᠤᠭᠰᠢᠯᠠᠵᠤ ᠪᠠᠶ᠋ᠢᠨ᠎ᠠ᠃       ᠲᠡᠤᠬᠡᠨ᠎ᠠᠴᠠ ᠠᠪᠴᠤ ᠬᠡᠯᠡᠪᠡᠯ᠂ ᠴᠠᠢ ᠵᠢᠨ ᠠᠷᠠᠯᠵᠢᠶᠠᠨ᠎ᠤ ᠭᠤᠷᠪᠠᠨ ᠴᠢᠬᠤᠯᠠ ᠵᠠᠮ ᠪᠣᠯᠬᠤ   ᠵᠠᠩᠴᠢᠭᠦᠤ — ᠬᠦᠷᠢᠶ᠎ᠡ ᠶᠡᠬᠡ ᠵᠠᠮ᠂ ᠮᠣᠩᠭᠣᠯ᠎ᠳᠤ ᠵᠢᠭᠣᠯᠴᠢᠯᠠᠬᠣ ᠠᠷᠢᠯᠵᠢᠶ᠎ᠠ ᠬᠤᠳᠠᠯᠳᠤᠭ᠋ᠠᠨ᠎ᠤ ᠵᠠᠮ ᠪᠠ ᠳ᠋ᠠ ᠱᠧᠩ ᠺᠦᠶ ᠬᠤᠳᠠᠯᠳᠤᠭ᠋ᠠᠨ᠎ᠤ ᠵᠠᠮ᠎ᠨᠢ ᠴᠥᠮ ᠤᠯᠠᠭ᠋ᠠᠨᠴᠠᠪ᠎ᠤᠨ ᠬᠢᠯᠢ᠎ᠪᠠᠷ ᠥᠩᠭᠡᠷᠡᠳᠡᠭ᠃ ᠵᠢᠱ᠌ᠢᠶᠡᠯᠡᠪᠡᠯ ᠠᠯᠳᠠᠷᠲᠤ ᠵᠠᠩᠴᠢᠭᠦᠤ — ᠬᠦᠷᠢᠶ᠎ᠡ ᠶᠡᠬᠡ ᠵᠠᠮ᠎ᠤᠨ ᠴᠢᠬᠤᠯᠠ ᠤᠯᠠᠭ᠎ᠠ ᠥᠷᠲᠡᠭᠡ ᠵᠢᠨ ᠵᠠᠮᠪᠤ ᠰᠦᠮ᠎ᠡ᠎ᠨᠢ ᠤᠯᠠᠭ᠋ᠠᠨᠴᠠᠪ᠎ᠤᠨ   ᠬᠣᠸᠠ ᠳ᠋ᠸ ᠰᠢᠶᠠᠨ᠎ᠳᠤ   ᠪᠠᠢ᠌ᠳᠠᠭ᠃ ᠮᠣᠩᠭᠣᠯ᠎ᠳᠤ   ᠵᠢᠭᠣᠯᠴᠢᠯᠠᠬᠣ ᠠᠷᠢᠯᠵᠢᠶ᠎ᠠ ᠬᠤᠳᠠᠯᠳᠤᠭ᠋ᠠᠨ᠎ᠤ ᠵᠠᠮ᠎ᠳᠤ ᠤᠯᠠᠭ᠋ᠠᠨᠴᠠᠪ᠎ᠤᠨ ᠴᠢᠬᠤᠯᠠ ᠥᠷᠲᠡᠭᠡ᠎ᠳᠤ ᠹᠸᠩᠵᠸᠨ ᠬᠣᠲᠠ ᠵᠢᠨ ᠯᠦᠩ ᠱᠧᠩ ᠵᠤᠸᠠᠩ ᠪᠣᠯᠤᠨ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠲᠡᠮᠦᠷᠲᠡᠶ᠎ᠳᠤ   ᠪᠠᠢ᠌ᠳᠠᠭ᠃ ᠯᠢᠶᠠᠩᠴᠧᠩ ᠰᠢᠶᠠᠨ᠎ᠤ   ᠱᠠ ᠬᠡᠤ ᠺᠸᠤ ᠪᠣᠯ ᠳ᠋ᠠ ᠱᠧᠩ ᠺᠦᠶ ᠬᠤᠳᠠᠯᠳᠤᠭ᠋ᠠᠨ᠎ᠤ ᠵᠠᠮ᠎ᠤᠨ ᠴᠢᠬᠤᠯᠠ ᠥᠷᠲᠡᠭᠡ ᠪᠣᠯᠤᠨ᠎ᠠ᠃ ᠳᠠᠷᠠᠭ᠋ᠠᠯᠠᠪᠠᠯ᠂ ᠤᠯᠠᠭ᠋ᠠᠨᠴᠠᠪ ᠬᠣᠲᠠ ᠵᠢᠨ ᠬᠢᠯᠢ ᠳᠣᠲᠣᠷ᠎ᠠ ᠶᠤᠸᠠᠨ ᠤᠯᠤᠰ᠎ᠤᠨ ᠦᠶ᠎ᠡ᠎ᠠᠴᠠ ᠴᠢᠩ ᠤᠯᠤᠰ ᠎ᠤᠨ ᠦᠶ᠎ᠡ ᠬᠦᠷᠲᠡᠯᠡᠬᠢ ᠮᠠᠰᠢ ᠪᠠᠶᠠᠯᠢᠭ ᠡᠷᠲᠡᠨ᠎ᠤ ᠵᠠᠮ᠂ ᠤᠯᠠᠭ᠎ᠠ ᠥᠷᠲᠡᠭᠡᠨ᠎ᠤ ᠪᠠᠭᠤᠷᠢ ᠎ᠨᠤᠭᠤᠳ ᠪᠣᠶ᠂ ᠡᠳᠡᠭᠡᠷ ᠪᠠᠭᠤᠷᠢ᠎ᠨᠢ ᠭᠣᠤᠯᠳᠠᠭᠤ   ᠹᠸᠩᠵᠸᠨ᠂ ᠯᠢᠶᠠᠩᠴᠧᠩ᠂   ᠬᠣᠸᠠ ᠳ᠋ᠸ  ᠂ ᠱᠠᠩᠳᠤ᠂ ᠬᠣᠶ᠋ᠢᠲᠤ ᠬᠣᠰᠢᠭᠤ᠂ ᠳᠣᠮᠳᠠᠳᠦ ᠬᠣᠰᠢᠭᠣ᠂ ᠳᠥᠷᠪᠡᠳ ᠬᠣᠰᠢᠭᠤ ᠵᠡᠷᠭᠡ ᠭᠠᠵᠠᠷ᠎ᠤᠳ ᠵᠶ᠋ᠠᠷ ᠲᠠᠷᠬᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠪᠣᠳᠠᠰ᠎ᠤᠨ ᠪᠣᠰᠣ ᠰᠣᠶᠣᠯ᠎ᠤᠨ ᠥᠪ ᠵᠶ᠋ᠠᠷ ᠭᠤᠶᠤᠴᠢᠯᠠᠬᠤ ᠵᠢᠨ ᠴᠢᠬᠤᠯᠠ ᠲᠤᠯᠭ᠋ᠠᠭᠤᠷᠢ ᠪᠣᠯᠤᠨ᠎ᠠ᠃ ᠡᠭᠦᠨ᠎ᠤ ᠬᠠᠮᠲᠤ᠂ ᠴᠠᠬᠠᠷ᠎ᠤᠨ ᠬᠤᠷᠢᠮ᠎ᠤᠨ ᠶᠣᠰᠣᠯᠠᠯ᠂ ᠵᠡᠭᠦᠨ ᠵᠠᠮ᠎ᠤᠨ ᠡᠯ ᠷᠸᠨ᠎ᠲᠠᠢ᠂ ᠬᠣᠸᠠ ᠳ᠋ᠧ ᠵᠢᠨ ᠴᠠᠭ᠋ᠠᠰᠤᠨ ᠬᠠᠶ᠋ᠢᠴᠢᠯᠠᠮᠠᠯ᠂ ᠹᠸᠩᠵᠧᠨ᠎ᠤ ᠯᠦᠩ ᠵᠤᠸᠠᠩ᠎ᠤᠨ ᠶᠧᠪᠡᠩ᠂ ᠵᠦᠸᠧᠽᠢ ᠱᠠᠨ᠎ᠤ ᠤᠲᠤᠮᠠᠯ ᠳᠠᠬᠢᠶ᠎ᠠ ᠵᠡᠷᠭᠡ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠠᠷᠠᠯᠵᠢᠶ᠎ᠠ᠎ᠲᠠᠢ ᠨᠢᠭᠲᠠ ᠬᠣᠯᠪᠣᠭ᠎ᠠ᠎ᠲᠠᠢ ᠠᠷᠠᠳ᠎ᠤᠨ ᠵᠠᠩ ᠵᠠᠩᠰᠢᠯ ᠪᠣᠯᠤᠨ ᠠᠷᠠᠳ᠎ᠤᠨ ᠭᠠᠷ ᠤᠷᠠᠯᠠᠯ᠎ᠤᠨ ᠰᠣᠶᠣᠯ ᠮᠠᠨ᠎ᠤ ᠬᠣᠲᠠ᠎ᠳᠤ ᠮᠠᠰᠢ ᠰᠠᠶ᠋ᠢᠨ ᠤᠯᠠᠮᠵᠢᠯᠠᠭᠳᠠᠨ ᠪᠠᠳᠠᠷᠠᠭᠤᠯᠤᠭᠳᠠᠭᠰᠠᠨ ᠶᠣᠮ᠂   ᠮᠦᠨ ᠴᠤ᠌ ᠮᠠᠨ᠎ᠤ ᠬᠣᠲᠠ ᠵᠢᠨ ᠢᠷᠡᠭᠡᠳᠦᠢ᠎ᠳᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠎ᠤᠨ ᠨᠠᠷᠠᠲᠤ ᠲᠥᠷᠥᠯ ᠲᠡᠮᠳᠡᠭᠲᠦ   ᠵᠢᠭᠣᠯᠴᠢᠯᠡᠯ᠎ᠢ ᠪᠠᠢ᠌ᠭᠣᠯᠬᠣ ᠵᠢᠨ ᠭᠦᠨ ᠵᠣᠵᠠᠭ᠋ᠠᠨ ᠡᠬᠢ ᠪᠠᠶᠠᠯᠢᠭ ᠪᠣᠯᠤᠨ᠎ᠠ᠃   ᠡᠷᠬᠢᠯᠡᠭᠰᠡᠨ ᠭᠠᠵᠠᠷ᠎ᠤᠨ ᠵᠶ᠋ᠠᠨ ᠣᠨᠴᠠᠯᠢᠭ᠎ᠢ   ᠲᠣᠪᠣᠢ᠌ᠯᠭ᠋ᠠᠬᠣ ᠵᠢᠨ ᠲᠥᠯᠥᠭᠡ   ᠲᠣᠰ ᠤᠳᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ ᠳᠡᠭᠡᠷ᠎ᠡ ᠮᠠᠨ᠎ᠤ ᠬᠣᠲᠠ ᠵᠢᠨ ᠲᠥᠯᠥᠭᠡᠯᠡᠬᠦ ᠴᠢᠨᠠᠷᠲᠠᠶ ᠰᠣᠶᠣᠯ ᠵᠢᠭᠣᠯᠴᠢᠯᠡᠯ᠎ᠤᠨ ᠡᠬᠢ ᠪᠠᠶᠠᠯᠢᠭ ᠪᠣᠯᠤᠨ ᠪᠦᠲᠦᠭᠡᠭᠳᠡᠬᠦᠨ ᠵᠶ᠋ᠠᠨ ᠳᠡᠯᠭᠡᠨ ᠦᠵᠡᠭᠦᠯᠬᠦ ᠪᠣᠯᠤᠨ᠎ᠠ᠃
      ᠣᠳᠣᠬᠠᠨ᠎ᠳᠤ᠂ ᠮᠠᠨ᠎ᠤ ᠬᠣᠲᠠ 《ᠲᠦᠮᠡᠨ ᠭᠠᠵᠠᠷ᠎ᠤᠨ ᠴᠠᠢ ᠵᠢᠨ ᠵᠠᠮ》   ᠳᠠᠭ᠋ᠠᠤ ᠵᠢᠨ ᠤᠯᠤᠰ᠂ ᠭᠠᠵᠠᠷ ᠣᠷᠣᠨ᠎ᠤ ᠠᠵᠤ ᠠᠬᠤᠶ ᠠᠷᠠᠯᠵᠢᠶ᠎ᠠ ᠪᠣᠯᠤᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠡᠷᠭᠡ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠦᠭᠰᠠᠨ ᠰᠠᠭᠤᠷᠢᠨ ᠳᠡᠭᠡᠷ᠎ᠡ᠂ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠦᠵᠡᠮᠵᠢ ᠵᠢᠨ ᠣᠷᠣᠨ᠎ᠲᠠᠢ ᠬᠠᠷᠢᠯᠴᠠᠭ᠎ᠠ ᠬᠣᠯᠪᠣᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠣᠯᠠᠨ ᠵᠶ᠋ᠠᠷ ᠵᠶ᠋ᠠᠨ ᠭᠠᠷ ᠬᠣᠯᠪᠣᠯᠴᠠᠨ ᠴᠠᠢ ᠵᠢᠨ ᠵᠢᠭᠣᠯᠴᠢᠯᠡᠯ᠎ᠤᠨ ᠠᠭᠤᠰᠤᠯᠴᠠᠭᠰᠠᠨ ᠤᠨᠴᠠᠯᠢᠬᠳᠤ   ᠵᠢᠭᠣᠯᠴᠢᠯᠡᠯ᠎ᠤᠨ ᠰᠣᠶᠣᠯ᠎ᠢ ᠬᠥᠭᠵᠢᠭᠦᠯᠵᠦ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠣᠯᠴᠢᠯᠡᠯ᠎ᠤᠨ ᠨᠠᠷᠠᠲᠤ ᠲᠡᠮᠳᠡᠭ᠎ᠢ ᠬᠠᠮᠲᠤᠪᠠᠷ ᠴᠣᠭᠴᠠᠯᠠᠪᠠ᠃ ᠡᠯ᠎ᠡ ᠲᠥᠷᠥᠯ᠎ᠤᠨ ᠦᠵᠡᠰᠬᠦᠯᠡᠩ᠎ᠤᠨ ᠴᠤᠭᠯᠠᠭ᠋ᠠᠨ᠂ ᠲᠠᠨᠢᠯᠴᠠᠭᠤᠯᠭ᠎ᠠ ᠵᠢᠨ ᠬᠤᠷᠠᠯ ᠵᠡᠷᠭᠡ ᠵᠢ ᠡᠷᠬᠢᠯᠡᠬᠦ ᠪᠠ ᠣᠷᠣᠯᠴᠠᠬᠤ᠎ᠪᠠᠷ ᠳᠠᠮᠵᠢᠨ᠂ ᠮᠠᠨ᠎ᠤ ᠬᠣᠲᠠ ᠪᠣᠯᠤᠨ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠤᠯᠤᠰ ᠪᠣᠯᠤᠨ ᠭᠠᠵᠠᠷ ᠣᠷᠣᠨ᠎ᠤ ᠬᠠᠷᠢᠯᠴᠠᠭ᠎ᠠ ᠤᠯᠠᠮ᠎ᠠᠴᠠ ᠤᠯᠠᠮ ᠨᠢᠭᠲᠠ ᠪᠣᠯᠪᠠ; ᠡᠭᠦᠨ᠎ᠤ ᠬᠠᠮᠲᠤ   ᠤᠢ᠌ᠷ᠎ᠡ ᠵᠢᠨ ᠵᠢᠯ᠎ᠤᠳ᠎ᠲᠤ ᠮᠠᠨ᠎ᠤ ᠬᠣᠲᠠ ᠪᠠᠰᠠ ᠳᠤᠮᠳᠠᠳᠤ ᠤᠯᠤᠰ᠎ᠤᠨ ᠰᠢᠨ᠎ᠡ ᠶᠠ ᠪᠦᠦ ᠯᠦ᠍ ᠬᠤᠳᠠᠯᠳᠤᠭ᠋ᠠᠨ᠎ᠤ ᠬᠣᠲᠠ ᠵᠢ ᠪᠠᠶ᠋ᠢᠭᠤᠯᠵᠤ᠂ ᠡᠨᠡ ᠵᠢᠯ᠎ᠢ   ᠪᠠᠭᠲᠠᠭ᠋ᠠᠨ ᠦᠷᠭᠦᠵᠢᠯᠡᠭᠰᠡᠨ ᠭᠤᠷᠪᠠᠨ ᠬᠣᠭᠣᠴᠠᠭ᠋ᠠᠨ᠎ᠤ ᠳᠣᠮᠳᠠᠳᠦ ᠣᠷᠣᠰ ᠮᠣᠩᠭᠣᠯ᠎ᠤᠨ ᠠᠮᠲᠠᠲᠤ ᠢᠳᠡᠭᠡᠨ᠎ᠤ ᠰᠣᠶᠣᠯ᠎ᠤᠨ ᠨᠠᠶ᠋ᠢᠷ᠎ᠢ ᠡᠷᠬᠢᠯᠡᠬᠦ ᠪᠣᠯᠤᠨ᠎ᠠ; ᠮᠠᠨ᠎ᠤ ᠬᠣᠲᠠ ᠶᠠᠭ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠦᠵᠡᠰᠬᠦᠯᠡᠩ᠎ᠤᠨ ᠴᠤᠭᠯᠠᠭ᠋ᠠᠨ ᠵᠡᠷᠭᠡ ᠡᠯ᠎ᠡ   ᠵᠦᠢ᠍ᠯ᠎ᠤᠨ ᠭᠠᠳᠠᠭ᠋ᠠᠳᠤ ᠰᠣᠯᠢᠯᠴᠠᠭ᠋ᠠᠨ᠎ᠤ ᠴᠢᠬᠤᠯᠠ ᠲᠠᠪᠴᠠᠩ  ᠎ᠢ   ᠠᠰᠢᠭᠯᠠᠨ᠂ ᠥᠪᠥᠷ ᠮᠣᠩᠭᠣᠯ᠎ᠤᠨ ᠣᠯᠠᠨ ᠤᠯᠤᠰ ᠎ᠤᠨ ᠵᠢᠭᠤᠯᠴᠢᠯᠡᠯ᠎ᠤᠨ   ᠦᠢ᠍ᠯᠡᠴᠢᠯᠡᠭᠡᠨ᠎ᠤ ᠲᠥᠪ ᠪᠠ ᠣᠯᠠᠨ ᠤᠯᠤᠰ ᠎ᠤᠨ ᠵᠢᠭᠣᠯᠴᠢᠯᠡᠯ᠎ᠤᠨ ᠡᠷᠭᠢᠯᠲᠡ ᠵᠢᠨ ᠥᠷᠲᠡᠭᠡ ᠵᠢ   ᠪᠠᠢ᠌ᠭᠣᠯᠵᠣ᠂ ᠤᠯᠠᠭ᠋ᠠᠨᠴᠠᠪ᠎ᠤᠨ ᠰᠣᠶᠣᠯ ᠵᠢᠭᠣᠯᠴᠢᠯᠡᠯ᠎ᠤᠨ ᠦᠢ᠍ᠯᠡᠰ᠎ᠤᠨ ᠭᠠᠳᠠᠭ᠋ᠠᠳᠤ ᠨᠡᠭᠡᠭᠡᠯᠲᠡ ᠵᠢᠨ ᠬᠥᠭᠵᠢᠯᠲᠡ ᠵᠢᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠪᠠᠷ ᠴᠢᠷᠮᠠᠶ᠋ᠢᠵᠤ ᠪᠠᠶ᠋ᠢᠨ᠎ᠠ᠃       ᠶᠡᠷᠦᠩᠬᠡᠶ᠋ᠢᠯᠡᠪᠡᠯ᠂ ᠲᠡᠤᠬᠡ ᠵᠢᠨ ᠠᠴᠢ ᠬᠣᠯᠪᠣᠭᠳᠠᠯ ᠪᠠ ᠶᠡᠬᠡ ᠲᠠᠯ᠎ᠠ᠎ᠠᠴᠠ ᠠᠪᠴᠤ ᠬᠡᠯᠡᠪᠡᠯ᠂ ᠤᠯᠠᠭ᠋ᠠᠨᠴᠠᠪ ᠪᠣᠯ   ᠡᠢ᠌ᠮᠣᠷᠬᠦᠤ ᠴᠢᠬᠤᠯᠠ ᠠᠵᠢᠯᠯᠠᠭ᠎ᠠ ᠵᠢ ᠳᠠᠭ᠋ᠠᠭ᠋ᠠᠨ ᠡᠷᠬᠢᠯᠡᠬᠦ᠎ᠳᠤ ᠨᠡᠯᠢᠶᠡᠳ   ᠲᠣᠬᠢᠷᠡᠮᠵᠢᠲᠡᠢ ᠭᠠᠵᠠᠷ ᠣᠷᠣᠨ ᠮᠥᠨ᠂ ᠬᠠᠷᠢᠨ ᠶᠠᠭ ᠰᠠᠢ᠌ᠬᠠᠨ ᠴᠡᠴᠡᠭᠯᠡᠨ   ᠬᠦᠭᠵᠢᠭᠦᠢ ᠤᠯᠠᠭ᠋ᠠᠨᠴᠠᠪ ᠬᠣᠲᠠ᠎ᠳᠤ   ᠡᠢ᠌ᠮᠣᠷᠬᠦᠤ ᠣᠯᠠᠨ ᠤᠯᠤᠰᠴᠢᠯᠠᠭᠰᠠᠨ ᠲᠠᠪᠴᠠᠩ᠎ᠤᠨ ᠳᠡᠮᠵᠢᠯᠭᠡ ᠲᠤᠯᠭ᠋ᠠᠮ ᠱᠠᠭ᠋ᠠᠷᠳᠠᠭᠳᠠᠵᠣ ᠪᠠᠢ᠌ᠬᠣ ᠪᠥᠭᠡᠳ ᠪᠠᠰᠠ ᠡᠨᠡ ᠬᠦ᠌ ᠲᠠᠪᠴᠠᠩ  ᠎ᠢ ᠬᠤᠪᠢ ᠳᠠᠬᠢᠨ ᠨᠠᠨᠳᠢᠩᠨᠠᠬᠤ ᠴᠢᠬᠤᠯᠠᠲᠠᠶ ᠪᠠᠶ᠋ᠢᠨ᠎ᠠ᠃ ᠲᠣᠰ ᠤᠳᠠᠭ᠋ᠠᠨ᠎ᠤ ᠠᠵᠢᠯᠯᠠᠭ᠎ᠠ ᠵᠢ ᠳᠠᠭ᠋ᠠᠭ᠋ᠠᠨ ᠡᠷᠬᠢᠯᠡᠬᠦ᠎ᠪᠠᠷ ᠳᠠᠮᠵᠢᠨ᠂ ᠤᠯᠠᠭ᠋ᠠᠨᠴᠠᠪ ᠬᠣᠲᠠ ᠵᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ᠎ᠢ ᠥᠷᠭᠡᠳᠬᠡᠪᠡ; ᠡᠭᠦᠨ᠎ᠤ ᠬᠠᠮᠲᠤ᠂   ᠮᠠᠨ᠎ᠤ ᠬᠣᠲᠠ ᠵᠢᠨ ᠰᠣᠶᠣᠯ   ᠵᠢᠭᠣᠯᠴᠢᠯᠡᠯ᠎ᠤᠨ ᠠᠵᠤ   ᠦᠢ᠍ᠯᠡᠰ᠎ᠢ   ᠳᠠᠢ᠌ᠴᠢᠯᠠᠨ ᠨᠠᠪᠴᠢᠭᠦᠯᠬᠦ ᠪᠣᠯᠤᠨ᠎ᠠ᠃ ᠤᠯᠤᠰ ᠎ᠤᠨ ᠰᠣᠶᠣᠯ   ᠵᠢᠭᠣᠯᠴᠢᠯᠡᠯ᠎ᠤᠨ ᠭᠦᠨᠵᠡᠭᠡᠶ ᠠᠭᠤᠰᠤᠯᠴᠠᠬᠤ ᠶᠡᠬᠡ ᠬᠠᠨᠳᠤᠰᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠡ   ᠵᠢᠭᠣᠯᠴᠢᠯᠡᠯ᠎ᠤᠨ ᠲᠢᠩᠬᠢᠮ᠎ᠤᠨ ᠬᠦᠴᠤᠲᠡᠢ   ᠳᠡᠮᠵᠢᠯᠭᠡ᠂ ᠤᠯᠠᠭ᠋ᠠᠨᠴᠠᠪ ᠬᠣᠲᠠ ᠵᠢᠨ ᠦᠨᠢᠷ ᠵᠣᠵᠠᠭ᠋ᠠᠨ ᠡᠬᠢ ᠪᠠᠶᠠᠯᠢᠭ ᠪᠠ ᠥᠷᠭᠡᠨ ᠠᠭᠤᠳᠠᠮ ᠨᠤᠲᠤᠭ ᠳᠡᠪᠢᠰᠬᠡᠷ ᠪᠠᠢ᠌ᠭ᠎ᠠ ᠪᠣᠯᠬᠣᠷ  ᠂ ᠤᠯᠠᠭ᠋ᠠᠨᠴᠠᠪ ᠬᠣᠲᠠ᠎ᠪᠠᠷ ᠲᠥᠯᠥᠭᠡᠯᠡᠭᠦᠯᠦᠭᠰᠡᠨ ᠪᠦᠬᠦ ᠣᠷᠣᠨ᠎ᠤ ᠰᠣᠶᠣᠯ   ᠵᠢᠭᠣᠯᠴᠢᠯᠡᠯ᠎ᠤᠨ ᠠᠵᠤ ᠦᠢ᠍ᠯᠡᠰ ᠯᠠᠪᠲᠠᠶ ᠭᠣᠢ᠌ᠳᠠ   ᠰᠠᠢ᠌ᠬᠠᠨ ᠴᠡᠴᠡᠭ ᠳᠡᠯᠭᠡᠷᠡᠵᠦ᠂ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠡᠯᠪᠡᠭ ᠪᠠᠶᠠᠯᠢᠭ ᠦᠷ᠎ᠡ ᠪᠦᠲᠦᠭᠡᠯ᠎ᠢ ᠣᠯᠬᠤ ᠎ᠳᠤ ᠪᠢᠳᠡ ᠢᠲᠡᠭᠡᠵᠦ ᠪᠠᠶ᠋ᠢᠨ᠎ᠠ᠃
      ᠲᠣᠰ ᠤᠳᠠᠭ᠋ᠠᠨ᠎ᠤ ᠠᠵᠢᠯᠯᠠᠭ᠎ᠠ᠎ᠳᠤ᠂ ᠤᠯᠠᠭ᠋ᠠᠨᠴᠠᠪ ᠬᠣᠲᠠ ᠭᠣᠤᠯᠳᠠᠭᠤ ᠳᠤᠮᠳᠠᠳᠤ ᠮᠣᠩᠭᠣᠯ ᠣᠷᠣᠰ᠎ᠤᠨ ᠣᠯᠠᠨ ᠤᠯᠤᠰ᠎ᠤᠨ ᠮᠠᠰᠢᠨ ᠲᠡᠷᠭᠡᠨ᠎ᠤ ᠪᠣᠣᠭᠢᠶ᠎ᠠ ᠤᠷᠤᠯᠳᠤᠭ᠋ᠠᠨ᠎ᠤ ᠠᠮᠣᠷ ᠲᠦᠪᠰᠢᠨ᠎ᠤ ᠬᠠᠮᠠᠭ᠋ᠠᠯᠠᠯᠲᠠ ᠵᠢᠨ ᠢᠵᠢ ᠪᠦᠷᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠠᠵᠢᠯ ᠵᠢᠴᠢ ᠬᠤᠷᠠᠯ᠎ᠤᠨ ᠶᠠᠪᠤᠳᠠᠯ᠂ ᠬᠦᠯᠢᠶᠡᠨ ᠠᠪᠬᠤ᠂ ᠰᠢᠨᠵᠢᠯᠡᠨ ᠪᠠᠶ᠋ᠢᠴᠠᠭ᠋ᠠᠬᠤ᠂ ᠤᠬᠠᠭᠤᠯᠬᠤ ᠵᠡᠷᠭᠡ ᠵᠢ ᠵᠣᠯᠭ᠋ᠠᠯᠳᠤᠭᠤᠯᠤᠨ ᠬᠠᠮᠵᠢᠯᠴᠠᠬᠤ ᠡᠭᠦᠷᠭᠡ ᠵᠢ ᠡᠭᠦᠷᠭᠡᠯᠡᠨ᠎ᠡ᠃ ᠮᠠᠨ᠎ᠤ ᠬᠣᠲᠠ ᠲᠣᠰ ᠤᠳᠠᠭ᠋ᠠᠨ᠎ᠤ ᠠᠵᠢᠯᠯᠠᠭ᠎ᠠ ᠵᠢ   ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠣᠤᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠮᠠᠩᠯᠠᠶ᠋ᠢᠯᠠᠵᠤ᠂ ᠣᠯᠠᠨ ᠤᠳᠠᠭ᠎ᠠ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠭᠰᠡᠨ ᠪᠥᠭᠡᠳ ᠡᠯ᠎ᠡ ᠬᠠᠮᠢᠶ᠎ᠠ ᠪᠦᠬᠦᠢ ᠬᠣᠲᠠ ᠵᠢᠨ ᠤᠳᠤᠷᠢᠳᠤᠯᠭ᠎ᠠ᠎ᠪᠠᠷ ᠲᠦᠷᠦᠭᠦᠯᠡᠭᠦᠯᠦᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠵᠢᠯᠲᠠᠨ ᠵᠶ᠋ᠠᠷ ᠪᠦᠷᠢᠯᠳᠦᠭᠰᠡᠨ ᠶᠡᠷᠦᠩᠬᠡᠶ᠋ᠢᠯᠡᠨ ᠨᠢᠭᠡᠳᠦᠯᠲᠡᠶ ᠲᠥᠯᠥᠪᠯᠡᠬᠦ ᠳᠤᠭᠤᠶ᠋ᠢᠯᠠᠩ᠂ ᠬᠤᠷᠠᠯ᠎ᠤᠨ ᠶᠠᠪᠤᠳᠠᠯ᠎ᠤᠨ ᠶᠠᠷᠢᠶᠠᠨ᠎ᠤ ᠲᠠᠪᠴᠠᠩ᠎ᠤᠨ ᠳᠤᠭᠤᠶ᠋ᠢᠯᠠᠩ᠂ 《ᠥᠪᠥᠷ ᠮᠣᠩᠭᠣᠯ᠎ᠤᠨ ᠦᠨᠦᠷ   ᠠᠮᠲᠠᠳᠦ》 ᠪᠦᠳᠦᠭᠡᠭᠳᠡᠭᠦᠨ᠎ᠤ ᠶᠠᠰᠤ ᠴᠢᠨᠠᠷ᠎ᠤᠨ   ᠬᠢᠨᠠᠨ ᠰᠢᠯᠭ᠋ᠠᠬᠣ ᠳᠤᠭᠤᠶ᠋ᠢᠯᠠᠩ᠂ ᠦᠵᠡᠰᠬᠦᠯᠡᠩ᠎ᠤᠨ ᠳᠤᠭᠤᠶ᠋ᠢᠯᠠᠩ᠂ ᠳᠤᠮᠳᠠᠳᠤ ᠮᠣᠩᠭᠣᠯ ᠣᠷᠣᠰ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢᠨ ᠳᠤᠭᠤᠶ᠋ᠢᠯᠠᠩ ᠵᠡᠷᠭᠡ 11 ᠲᠤᠰᠬᠠᠶ ᠠᠵᠢᠯ᠎ᠤᠨ   ᠳᠣᠭᠣᠢ᠌ᠯᠠᠩ᠎ᠢ ᠪᠠᠶ᠋ᠢᠭᠤᠯᠵᠤ᠂   ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠪᠡ; ᠲᠡᠷᠡᠴᠢᠯᠡᠨ ᠠᠵᠢᠯᠯᠠᠭ᠎ᠠ ᠵᠢ ᠳᠠᠭ᠋ᠠᠭ᠋ᠠᠨ ᠭᠦᠢ᠍ᠴᠡᠳᠭᠡᠬᠦ ᠲᠠᠯ᠎ᠠ ᠵᠢᠨ ᠳᠤᠮᠳᠠᠳᠤ ᠤᠯᠤᠰ ᠎ᠤᠨ ᠵᠠᠯᠠᠭᠤᠴᠤᠳ᠎ᠤᠨ ᠠᠶᠠᠯᠠᠯ ᠵᠢᠭᠣᠯᠴᠢᠯᠡᠯ᠎ᠤᠨ ᠬᠣᠯᠪᠣᠭ᠋ᠠᠲᠤ ᠰᠠᠯᠠᠭ᠋ᠠᠨ᠎ᠤ ᠺᠣᠮᠫᠠᠨᠢ᠎ᠲᠠᠢ ᠥᠨᠳᠥᠷ ᠦᠷ᠎ᠡ ᠪᠦᠲᠦᠮᠵᠢᠲᠡᠶ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠪᠠ᠃ ᠣᠳᠣᠬᠠᠨ᠎ᠳᠤ ᠡᠯ᠎ᠡ ᠬᠣᠯᠪᠣᠭᠳᠠᠯ ᠪᠦᠬᠦᠢ ᠠᠵᠢᠯᠯᠠᠬᠤ ᠳᠤᠭᠤᠶ᠋ᠢᠯᠠᠩ ᠶᠠᠭ ᠪᠥᠬᠥ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠡᠯ᠎ᠡ   ᠵᠦᠢ᠍ᠯ᠎ᠤᠨ ᠪᠡᠯᠡᠳᠬᠡᠯ ᠠᠵᠢᠯ᠎ᠢ ᠪᠠᠴᠢᠮ ᠶᠠᠭ᠋ᠠᠷᠠᠯᠲᠠᠶ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ   ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠰᠢᠭᠤᠳ ᠵᠢᠯᠣᠭᠣᠳᠣᠯᠭ᠎ᠠ ᠳᠣᠤᠷ᠎ᠠ᠂ ᠤᠯᠠᠭ᠋ᠠᠨᠴᠠᠪ ᠬᠣᠲᠠ ᠲᠣᠰ ᠤᠳᠠᠭ᠋ᠠᠨ᠎ᠤ ᠠᠵᠢᠯᠯᠠᠭ᠎ᠠ ᠵᠢ ᠳᠠᠭ᠋ᠠᠭ᠋ᠠᠨ   ᠭᠦᠢ᠍ᠴᠡᠳᠭᠡᠵᠣ ᠬᠠᠮᠵᠢᠯᠴᠠᠨ ᠬᠢᠬᠦ ᠡᠷᠡᠰ ᠵᠣᠷᠢᠭ᠎ᠲᠠᠢ᠂ ᠨᠥᠬᠥᠴᠡᠯ᠎ᠲᠠᠢ᠂ ᠴᠢᠳᠠᠪᠤᠷᠢ᠎ᠲᠠᠢ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠠᠵᠤ   ᠦᠢ᠍ᠯᠡᠰ᠎ᠢ ᠬᠥᠭᠵᠢᠭᠦᠯᠬᠦ  ᠎ᠳᠤ ᠬᠦᠴᠤᠨ ᠴᠢᠳᠠᠯ ᠵᠶ᠋ᠠᠨ ᠡᠷᠭᠦᠨ᠎ᠡ᠃
      ᠤᠷᠤᠨ ᠪᠦᠰᠡ ᠵᠢᠨ ᠳᠠᠪᠠᠭᠣᠯᠢᠭ  ᠂ ᠳᠥᠭᠥᠮ ᠳᠥᠲᠡ ᠵᠠᠮ ᠬᠠᠷᠢᠯᠴᠠᠭ᠎ᠠ᠂ ᠰᠡᠷᠢᠭᠦᠨ   ᠲᠠᠭ᠋ᠠᠯᠠᠮᠵᠢᠳᠡᠢ ᠴᠠᠭ ᠣᠯᠠᠷᠢᠯ᠂ ᠰᠢᠨ᠎ᠡ ᠰᠣᠷᠭᠣᠭ   ᠠᠭ᠋ᠠᠷ ᠠᠮᠢᠰᠬᠤᠯ᠂ ᠦᠵᠡᠰᠬᠦᠯᠡᠩᠲᠦ ᠰᠠᠶ᠋ᠢᠬᠠᠨ ᠲᠠᠯ᠎ᠠ ᠨᠤᠲᠤᠭ᠂ ᠥᠨᠢᠷ ᠥᠳᠬᠡᠨ ᠠᠷᠠᠳ᠎ᠤᠨ ᠵᠠᠩ ᠵᠠᠩᠰᠢᠯ᠂ ᠣᠷᠭ᠋ᠠᠨᠢᠭ ᠲᠡᠵᠢᠭᠡᠯᠲᠦ ᠣᠷᠣᠨ ᠨᠤᠲᠤᠭ᠎ᠤᠨ ᠠᠮᠲᠠᠲᠤ ᠢᠳᠡᠭᠡᠨ᠂ ᠴᠠᠭ᠎ᠤᠨ ᠥᠩᠭᠡ ᠵᠢ   ᠳᠠᠭ᠋ᠠᠵᠣ ᠴᠢᠳᠠᠬᠣᠢ᠌ᠴᠠ ᠠᠰᠢᠭ ᠣᠯᠵᠠᠪᠣᠷᠢ᠎ᠲᠠᠢ ᠣᠨᠴᠠᠯᠢᠭᠲᠤ ᠠᠷᠠᠰᠤ ᠰᠢᠷᠢ ᠵᠢᠨ ᠪᠦᠳᠦᠭᠡᠭᠳᠡᠭᠦᠨ ᠵᠡᠷᠭᠡ᠎ᠨᠢ ᠴᠥᠮ ᠡᠯ᠎ᠡ ᠭᠠᠵᠠᠷ᠎ᠤᠨ ᠨᠠᠶ᠋ᠢᠵᠠ ᠨᠠᠷ᠎ᠢ ᠤᠯᠠᠭ᠋ᠠᠨᠴᠠᠪ᠎ᠲᠤ ᠤᠷᠢᠵᠤ ᠠᠪᠴᠢᠷᠠᠬᠤ ᠵᠢᠨ ᠰᠢᠯᠲᠠᠭ᠋ᠠᠨ ᠪᠣᠯᠤᠨ᠎ᠠ; ᠪᠡᠭᠡᠵᠢᠩ ᠬᠣᠲᠠ᠎ᠠᠴᠠ ᠪᠠᠷᠠᠭᠤᠨᠰᠢ ᠨᠢᠭᠡ ᠯᠡ ᠠᠯᠬᠣᠪᠠᠯ ᠳᠠᠷᠤᠶ ᠠᠮᠢ ᠠᠬᠤᠢ ᠵᠢᠨ ᠲᠠᠯ᠎ᠠ ᠨᠤᠲᠤᠭ᠂ ᠵᠤᠰᠠᠯᠠᠩ᠎ᠤᠨ ᠬᠣᠲᠠ ᠤᠯᠠᠭ᠋ᠠᠨᠴᠠᠪ ᠪᠣᠯᠤᠨ᠎ᠠ! ᠬᠤᠷᠠᠯ᠎ᠤᠨ ᠡᠮᠦᠨ᠎ᠡ ᠴᠣ᠌ ᠪᠠᠢ᠌ᠭ᠂ ᠬᠤᠷᠠᠯ᠎ᠤᠨ ᠳᠤᠮᠳᠠ   ᠴᠤ᠌ ᠪᠠᠢ᠌ᠭ᠂   ᠬᠣᠷᠠᠯ᠎ᠤᠨ ᠳᠠᠷᠠᠭ᠎ᠠ ᠴᠤ᠌ ᠭᠡᠰᠡᠨ ᠥᠬᠡᠶ᠂   ᠵᠠᠭᠤᠴᠢᠯᠠᠭᠤᠷ᠎ᠤᠨ ᠨᠠᠶ᠋ᠢᠵᠠ ᠨᠠᠷ ᠮᠠᠨᠢ ᠬᠦᠷᠦᠯᠴᠡᠨ ᠢᠷᠡᠵᠦ ᠮᠡᠳᠡᠭᠡᠯᠡᠨ ᠤᠬᠠᠭᠤᠯᠵᠤ᠂ ᠵᠢᠭᠣᠯᠴᠢᠯᠡᠨ ᠰᠠᠭ᠋ᠠᠲᠠᠬᠣ ᠵᠢ ᠮᠠᠨ᠎ᠤ ᠤᠯᠠᠭ᠋ᠠᠨᠴᠠᠪ   ᠬᠣᠲᠠ ᠵᠢᠨ᠎ᠬᠢᠨ ᠪᠠᠶᠠᠷᠯᠠᠨ ᠤᠭᠲᠤᠨ᠎ᠠ!
      ᠲᠣᠰ ᠤᠳᠠᠭ᠋ᠠᠨ᠎ᠤ ᠠᠵᠢᠯᠯᠠᠭ᠎ᠠ ᠵᠢᠨ ᠲᠡᠭᠦᠰ ᠠᠮᠵᠢᠯᠲᠠ ᠣᠯᠬᠤ ᠵᠢ ᠵᠥᠩᠨᠡᠶ᠎ᠡ! ᠣᠯᠠᠨ᠎ᠳᠤ ᠲᠠᠯᠠᠷᠬᠠᠯ᠎ᠠ᠃

   
     《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ  

      ᠹᠧᠩ ᠬᠤᠸᠠᠩ ᠰᠦᠯᠵᠢᠶᠡᠨ᠎ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶ᠋ᠢᠨ ᠪᠠᠶ᠋ᠢᠵᠠᠭ᠋ᠠᠨ᠎ᠠ ᠤᠤ  ? ᠲᠣᠰ ᠤᠳᠠᠭ᠋ᠠᠨ᠎ᠤ 《ᠲᠦᠮᠡᠨ ᠭᠠᠵᠠᠷ᠎ᠤᠨ ᠴᠠᠢ ᠵᠢᠨ ᠵᠠᠮ》 ᠵᠢᠭᠤᠯᠴᠢᠯᠠᠯ᠎ᠤᠨ ᠦᠵᠡᠰᠬᠦᠯᠡᠩ  ᠎ᠤᠨ   ᠴᠣᠭᠯᠠᠭ᠋ᠠᠨ᠎ᠳᠤ ᠬᠣᠲᠠ ᠵᠢᠨ ᠠᠷᠠᠳ   ᠬᠡᠷᠬᠢᠨ ᠣᠷᠣᠯᠴᠠᠬᠣ ᠪᠣᠢ?  
      ᠸᠧᠶ   ᡁᠢ ᠭᠦᠸᠧ᠄ ᠲᠣᠰ ᠬᠤᠭᠤᠴᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ 5 ᠡᠳᠦᠷ ᠶᠠᠪᠤᠭᠳᠠᠨ᠎ᠠ᠂ ᠪᠦᠭᠦᠳᠡ ᠰᠦᠢ᠍ᠳᠭᠡᠯ ᠬᠤᠷᠢᠶᠠᠬᠤ ᠦᠭᠡᠢ᠎ᠪᠠᠷ ᠣᠯᠠᠨ ᠨᠡᠶ᠋ᠢᠲᠡ᠎ᠳᠤ ᠨᠡᠭᠡᠭᠡᠵᠦ᠂ ᠬᠣᠲᠠ ᠵᠢᠨ ᠠᠷᠠᠳ ᠮᠠᠨ᠎ᠤ ᠠᠯᠪᠠᠨ ᠰᠦᠯᠵᠢᠶ᠎ᠡ — ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠯᠪᠠᠨ ᠸᠢᠴᠠᠲ — ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠮᠡᠳᠡᠭᠡ ᠵᠠᠩᠭᠢ ᠳᠡᠭᠡᠷ᠎ᠡ ᠨᠡᠶ᠋ᠢᠲᠡᠯᠡᠭᠰᠡᠨ ᠮᠡᠳᠡᠭᠡ ᠵᠢ ᠦᠨᠳᠦᠰᠦᠯᠡᠨ᠂ ᠦᠵᠡᠰᠬᠦᠯᠡᠩ᠎ᠤᠨ ᠴᠤᠭᠯᠠᠭ᠋ᠠᠨ᠎ᠳᠤ ᠲᠥᠯᠥᠪᠯᠡᠭᠡ᠎ᠲᠠᠢ᠎ᠪᠠᠷ ᠣᠷᠣᠯᠴᠠᠵᠤ ᠪᠣᠯᠤᠨ᠎ᠠ᠃

 
      ᠤᠯᠠᠭ᠋ᠠᠨᠴᠠᠪ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶ᠋ᠢᠨ ᠪᠠᠶ᠋ᠢᠵᠠᠭ᠋ᠠᠨ᠎ᠠ ᠤᠤ  ?  《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠬᠡᠪᠴᠢᠶ᠎ᠡ ᠪᠣᠯᠤᠨ ᠪᠡᠯᠡᠳᠬᠡᠯ᠎ᠤᠨ ᠪᠠᠢ᠌ᠳᠠᠯ ᠶᠠᠮᠠᠷ ᠵᠡᠷᠭᠡ ᠪᠠᠢ᠌ᠨ᠎ᠠ   ᠪᠣᠶ?

      ᠢᠤᠢ ᡁᠢ ᠭᠦᠸᠧ᠄ ᠲᠣᠰ ᠬᠤᠭᠤᠴᠠᠭ᠋ᠠᠨ᠎ᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ ᠎ᠤᠨ ᠴᠤᠭᠯᠠᠭ᠋ᠠᠨ᠎ᠢ ᠲᠦᠷᠪᠡᠳᠦᠭᠡᠷ ᠣᠳᠠᠭ᠋ᠠᠨ᠎ᠤ ᠳᠣᠮᠳᠠᠳᠦ ᠣᠷᠣᠰ ᠮᠤᠩᠭᠤᠯ ᠭᠣᠷᠪᠠᠨ ᠣᠯᠣᠰ᠎ᠤᠨ   ᠵᠢᠭᠤᠯᠴᠢᠯᠠᠯ᠎ᠤᠨ ᠶᠠᠮᠤᠨ᠎ᠤ ᠰᠠᠶ᠋ᠢᠳ ᠨᠠᠷ᠎ᠤᠨ ᠬᠣᠷᠠᠯ᠎ᠲᠠᠢ ᠵᠡᠷᠭᠡ᠎ᠪᠠᠷ ᠡᠷᠬᠢᠯᠡᠵᠦ᠂   ᠰᠠᠢ᠌ᠳ ᠨᠠᠷ᠎ᠤᠨ ᠬᠤᠷᠠᠯ᠎ᠤᠨ ᠬᠤᠭᠤᠴᠠᠭ᠋ᠠᠨ᠎ᠳᠤ ᠢᠵᠢ ᠪᠦᠷᠢᠳᠦᠭᠦᠯᠦᠨ ᠡᠷᠬᠢᠯᠡᠭᠰᠡᠨ ᠨᠢᠭᠡ ᠵᠦᠢ᠍ᠯ᠎ᠤᠨ ᠠᠵᠢᠯᠯᠠᠭ᠎ᠠ ᠪᠣᠯᠤᠨ᠎ᠠ᠃ ᠲᠣᠰ ᠤᠳᠠᠭ᠋ᠠᠨ᠎ᠤ ᠦᠵᠡᠰᠬᠦᠯᠡᠩ ᠎ᠤᠨ ᠴᠤᠭᠯᠠᠭ᠋ᠠᠨ᠎ᠢ ᠡᠷᠬᠢᠯᠡᠭᠰᠡᠨ᠎ᠨᠢ   ᠮᠦᠨ ᠴᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠣᠯᠴᠢᠯᠡᠯ᠎ᠤᠨ ᠠᠭᠤᠰᠤᠯᠴᠠᠯ᠂ ᠰᠢᠨ᠎ᠡ ᠵᠢ ᠡᠭᠦᠳᠦᠨ ᠬᠦᠭᠵᠢᠭᠦᠯᠬᠦ ᠵᠢ ᠠᠬᠢᠭᠤᠯᠬᠤ ᠴᠢᠬᠤᠯᠠ ᠲᠠᠪᠴᠠᠩ ᠪᠣᠯᠤᠨ᠎ᠠ᠃   ᠠᠬᠣᠢ ᠳᠠᠯᠠᠪᠠᠢ᠎ᠨᠢ   ᠤᠯᠠᠭ᠋ᠠᠨᠴᠠᠪ ᠬᠣᠲᠠ ᠵᠢᠨ ᠮᠦᠽᠧᠶ ᠵᠢᠨ ᠬᠣᠶᠠᠳᠤᠭ᠋ᠠᠷ ᠳᠠᠪᠬᠤᠷᠯᠢᠭ᠎ᠲᠤ ᠪᠠᠶ᠋ᠢᠵᠤ᠂ 3000 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠦᠵᠡᠭᠦᠯᠦᠯᠭᠡ ᠵᠢᠨ ᠲᠠᠯᠠᠪᠠᠢ ᠵᠢ ᠲᠥᠯᠥᠪᠵᠢᠭᠦᠯᠦᠨ᠂ 30 ᠭᠠᠷᠤᠶ ᠣᠨᠴᠠᠭ᠋ᠠᠢ ᠤᠭᠰᠠᠷᠠᠭᠰᠠᠨ   ᠦᠵᠡᠭᠦᠯᠦᠯᠭᠡ ᠵᠢᠨ ᠪᠠᠶ᠋ᠢᠷᠢ᠂ ᠪᠠᠷᠢᠮᠵᠢᠶᠠᠲᠤ ᠦᠵᠡᠭᠦᠯᠦᠯᠭᠡ ᠵᠢᠨ ᠪᠠᠶ᠋ᠢᠷᠢ ᠡᠳᠦᠶ ᠲᠡᠳᠦᠶ ᠲᠣᠬᠢᠷᠠᠭᠤᠯᠵᠤ᠂ ᠬᠠᠮᠲᠤ᠎ᠳᠤᠨᠢ 5000 ᠬᠥᠮᠦᠨ ᠦᠵᠡᠰᠬᠦᠯᠡᠩ᠎ᠤᠨ ᠴᠤᠭᠯᠠᠭ᠋ᠠᠨ᠎ᠤ ᠠᠬᠤᠶ ᠲᠠᠯᠠᠪᠠᠢ᠎ᠳᠤ ᠲᠣᠭᠣᠷᠢᠨ   ᠦᠵᠡᠵᠣ᠂ ᠰᠢᠨᠵᠢᠯᠡᠨ ᠪᠠᠶ᠋ᠢᠴᠠᠭ᠋ᠠᠵᠤ ᠪᠣᠯᠤᠨ᠎ᠠ᠃ ᠣᠳᠣᠬᠠᠨ᠎ᠳᠤ᠂ ᠦᠵᠡᠰᠬᠦᠯᠡᠩ᠎ᠤᠨ ᠴᠤᠭᠯᠠᠭ᠋ᠠᠨ᠎ᠤ ᠡᠯ᠎ᠡ   ᠵᠦᠢ᠍ᠯ᠎ᠤᠨ ᠪᠡᠯᠡᠳᠬᠡᠯ ᠠᠵᠢᠯ ᠤᠷᠤᠭᠰᠢᠲᠠᠶ ᠶᠠᠪᠤᠭᠳᠠᠵᠤ᠂ ᠦᠵᠡᠰᠬᠦᠯᠡᠩ᠎ᠤᠨ ᠲᠢᠩᠬᠢᠮ᠎ᠤᠨ ᠳᠣᠲᠣᠭ᠋ᠠᠳᠤ ᠵᠢᠨ ᠴᠢᠮᠡᠭᠯᠡᠯ ᠦᠨᠳᠦᠰᠦᠨ᠎ᠳᠤ᠎ᠪᠠᠨ ᠳᠠᠭᠤᠰᠴᠤ᠂   ᠣᠳᠣ ᠶᠠᠭ   ᠦᠵᠡᠭᠦᠯᠦᠯᠭᠡ᠎ᠪᠠᠨ ᠳᠡᠯᠭᠡᠨ ᠪᠠᠢ᠌ᠷᠢᠰᠢᠭᠣᠯᠬᠣ ᠠᠵᠢᠯ᠎ᠢ ᠬᠢᠵᠦ ᠪᠣᠶ; ᠳᠡᠯᠭᠡᠨ   ᠦᠵᠡᠭᠦᠯᠦᠯᠭᠡ ᠵᠢᠨ ᠡᠯᠰᠡᠯᠲᠡ ᠵᠢᠨ ᠠᠵᠢᠯ ᠨᠢᠭᠡᠨᠲᠡ ᠬᠠᠮᠤᠭ ᠡᠴᠦᠰ᠎ᠤᠨ ᠨᠤᠲᠠᠯᠠᠯᠲᠠ ᠵᠢᠨ ᠱᠠᠲᠤᠨ᠎ᠳᠤ   ᠣᠷᠣᠪᠠ᠂ 5 ᠰᠠᠷ᠎ᠠ ᠵᠢᠨ 30᠎ᠤ ᠡᠳᠦᠷ   ᠬᠦᠷᠲᠡᠯ᠎ᠡ᠂ ᠣᠷᠣᠰ᠂ ᠮᠣᠩᠭᠣᠯ ᠵᠡᠷᠭᠡ ᠠᠷᠪᠠ ᠭᠠᠷᠤᠶ ᠭᠣᠤᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠦᠵᠡᠭᠦᠯᠦᠯᠭᠡ ᠵᠢᠨ   ᠬᠣᠳᠠᠯᠳᠣᠭ᠋ᠠᠴᠢᠳ ᠬᠤᠷᠠᠯ᠎ᠳᠤ ᠣᠷᠣᠯᠴᠠᠬᠤ᠎ᠪᠠᠷ ᠲᠣᠭᠲᠠᠵᠠᠶ᠃ ᠤᠯᠤᠰ ᠎ᠤᠨ ᠳᠣᠲᠣᠭ᠋ᠠᠳᠤ ᠵᠢᠨ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠮᠣᠵᠢ ᠣᠷᠣᠨ ᠪᠣᠯᠤᠨ ᠥᠪᠡᠷᠲᠡᠭᠡᠨ ᠵᠠᠰᠠᠬᠤ ᠣᠷᠣᠨ᠎ᠤ ᠡᠯ᠎ᠡ   ᠠᠢ᠌ᠮᠠᠭ ᠬᠣᠲᠠ ᠵᠢᠨ ᠦᠵᠡᠰᠬᠦᠯᠡᠩ᠎ᠳᠤ ᠣᠷᠣᠯᠴᠠᠬᠤ ᠠᠵᠤ   ᠠᠬᠣᠢ᠌ᠯᠠᠯ᠂ ᠪᠡᠭᠡᠵᠢᠩ ᠬᠣᠲᠠ ᠵᠢᠨ ᠭᠣᠤᠯᠳᠠᠯᠭ᠎ᠠ᠎ᠲᠠᠢ ᠵᠢᠭᠤᠯᠴᠢᠯᠠᠯ᠎ᠤᠨ ᠠᠵᠤ   ᠠᠬᠣᠢ᠌ᠯᠠᠯ᠎ᠤᠨ ᠲᠥᠯᠥᠭᠡᠯᠡᠭᠴᠢᠳ ᠴᠦ᠍ ᠶᠠᠭ   ᠬᠠᠷᠢᠯᠴᠠᠵᠣ ᠪᠠᠢ᠌ᠭ᠎ᠠ᠂ ᠵᠢᠱ᠌ᠢᠯᠲᠡ᠎ᠪᠠᠷ 6 ᠰᠠᠷ᠎ᠠ ᠵᠢᠨ ᠡᠬᠢ᠎ᠪᠠᠷ ᠦᠵᠡᠰᠬᠦᠯᠡᠩ᠎ᠳᠤ ᠣᠷᠣᠯᠴᠠᠬᠤ ᠠᠵᠤ   ᠠᠬᠣᠢ᠌ᠯᠠᠯ᠎ᠤᠨ ᠨᠡᠷᠡᠰ᠎ᠢ ᠲᠣᠭᠲᠠᠭ᠋ᠠᠬᠣ ᠪᠣᠯᠤᠨ᠎ᠠ᠃ ᠠᠬᠣᠢ ᠲᠠᠯᠠᠪᠠᠢ ᠵᠢᠨ ᠨᠡᠶ᠋ᠢᠲᠡ ᠳᠥᠷᠪᠡᠨ ᠦᠵᠡᠭᠦᠯᠦᠯᠭᠡ ᠵᠢᠨ ᠲᠢᠩᠬᠢᠮ᠎ᠳᠤ ᠪᠢᠳᠠ  《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠤᠯᠤᠰ ᠣᠷᠣᠨ᠎ᠤ ᠡᠯᠪᠡᠭ ᠪᠠᠶᠠᠯᠢᠭ ᠵᠢᠭᠤᠯᠴᠢᠯᠠᠯ᠎ᠤᠨ ᠵᠠᠮ ᠱᠤᠭᠤᠮ᠂ ᠵᠢᠭᠤᠯᠴᠢᠯᠠᠯ᠎ᠤᠨ ᠪᠦᠳᠦᠭᠡᠭᠳᠡᠭᠦᠨ ᠵᠢᠴᠢ ᠰᠣᠶᠣᠯ᠎ᠤᠨ ᠡᠭᠦᠳᠦᠯᠲᠡ ᠵᠢᠨ   ᠪᠦᠳᠦᠭᠡᠭᠳᠡᠭᠦᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ   ᠪᠦᠳᠦᠭᠡᠭᠳᠡᠭᠦᠨ ᠵᠡᠷᠭᠡ   ᠭᠢᠭᠡᠳ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠬᠠᠮᠲᠤᠷᠠᠯᠴᠠᠭ᠎ᠠ ᠬᠥᠭᠵᠢᠯᠲᠡ ᠵᠢᠨ ᠵᠠᠷᠢᠮ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠬᠦ ᠪᠣᠯᠤᠨ᠎ᠠ᠂   ᠠᠭᠣᠯᠭ᠎ᠠ ᠵᠢᠨ ᠳᠠᠯ᠎ᠠ᠎ᠪᠠᠷ ᠮᠠᠰᠢ   ᠭᠣᠶᠣ   ᠮᠠᠰᠢ ᠪᠠᠶᠠᠯᠢᠭ ᠪᠣᠯᠬᠣ᠎ᠨᠢ ᠶᠠᠷᠢᠶᠠᠨ ᠦᠭᠡᠢ ᠶᠤᠮ᠃ ᠬᠠᠷᠢᠭᠤᠯᠵᠤ   ᠳᠠᠭᠣᠰᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            