
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 9 ᠳ᠋ᠤᠭᠡᠷ ᠰᠠᠷ᠎ᠠ ᠵᠢᠨ 11᠎ᠤ ᠡᠳᠦᠷ ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢᠨ ᠠᠮᠵᠢᠯᠲᠠ ᠪᠦᠲᠦᠮᠵᠢ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢᠨ ᠠᠮᠵᠢᠯᠲᠠ ᠪᠦᠲᠦᠮᠵᠢ ᠵᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠠᠷᠤᠭ᠎ᠠ ᠵᠢᠶᠠᠩ ᠪᠥᠸᠧ ᠶᠠᠨ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠲᠠᠨ ᠵᠢᠩ ᠹᠧᠩ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠯᠢ ᠰᠢᠶᠣᠤ ᠴᠢᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠪᠠᠶ᠋ᠢᠩᠭᠤ ᠵᠢᠨ ᠳᠡᠳ᠋ ᠳᠠᠷᠤᠭ᠎ᠠ ᠵᠧᠤ ᠴᠦᠨ ᠵᠢᠶᠧ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠡᠷᠭᠢᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠪᠠᠶ᠋ᠢᠩᠭᠤ ᠵᠢᠨ ᠳᠡᠳ᠋ ᠳᠠᠷᠤᠭ᠎ᠠ ᠵᠧᠤ ᠴᠦᠨ ᠵᠢᠶᠧ
ᠬᠤᠷᠠᠯ ᠡᠷᠬᠢᠯᠡᠭᠴᠢ ᠵᠧᠤ ᠴᠦᠨ ᠵᠢᠶᠧ᠄ ᠰᠤᠷᠪᠤᠯᠵᠢᠯᠠᠭᠴᠢ ᠨᠠᠶ᠋ᠢᠵᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠲᠠ ᠨᠠᠷ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠬᠢᠯᠡᠭᠰᠡᠨ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠰᠣᠨᠢᠨ ᠮᠡᠳᠡᠭᠡ ᠨᠡᠶ᠋ᠢᠲᠡᠯᠡᠬᠦ ᠰᠢᠷᠢᠰ ᠬᠤᠷᠠᠯ᠎ᠤᠨ 8 ᠳ᠋ᠤᠭ᠋ᠠᠷ ᠲᠠᠯᠠᠪᠠᠢ — ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢᠨ ᠠᠮᠵᠢᠯᠲᠠ ᠪᠦᠲᠦᠮᠵᠢ ᠵᠢᠨ ᠰᠣᠨᠢᠨ ᠮᠡᠳᠡᠭᠡ ᠨᠡᠶ᠋ᠢᠲᠡᠯᠡᠬᠦ ᠲᠤᠰᠬᠠᠶ ᠬᠤᠷᠠᠯ᠎ᠳᠤ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃
ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠠᠷᠤᠭ᠎ᠠ ᠵᠢᠶᠠᠩ ᠪᠥᠸᠧ ᠶᠠᠨ᠂ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠲᠠᠨ ᠵᠢᠩ ᠹᠧᠩ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠯᠢ ᠰᠢᠶᠣᠤ ᠴᠢᠦ ᠨᠠᠷ᠎ᠢ ᠤᠷᠢᠵᠤ᠂ ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢᠨ ᠠᠮᠵᠢᠯᠲᠠ ᠪᠦᠲᠦᠮᠵᠢ ᠵᠢ ᠲᠠᠨᠢᠯᠴᠠᠭᠤᠯᠬᠤ ᠵᠢᠨ ᠬᠠᠮᠲᠤ ᠣᠯᠠᠨ᠎ᠤ ᠠᠰᠠᠭᠤᠯᠲᠠ ᠵᠢ ᠬᠠᠷᠢᠭᠤᠯᠤᠨ᠎ᠠ᠃
ᠥᠨᠥᠳᠥᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ᠂ ᠲᠥᠪ᠎ᠤᠨ ᠦᠪᠡᠷᠲᠡᠭᠡᠨ ᠵᠠᠰᠠᠬᠤ ᠤᠷᠤᠨ᠎ᠳᠤ ᠰᠠᠭᠤᠭ᠎ᠠ ᠪᠠ ᠣᠷᠣᠨ᠎ᠤ ᠳᠣᠲᠣᠷᠠᠬᠢ ᠭᠣᠤᠯ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠰᠤᠷᠪᠤᠯᠵᠢᠯᠠᠭᠴᠢ ᠨᠠᠶ᠋ᠢᠵᠠ ᠨᠠᠷ᠎ᠢ ᠤᠷᠢᠭᠰᠠᠨ ᠪᠠᠢ᠌ᠨ᠎ᠠ᠂ ᠲᠠ ᠨᠠᠷ᠎ᠤᠨ ᠬᠦᠷᠦᠯᠴᠡᠨ ᠢᠷᠡᠭᠰᠡᠨ᠎ᠢ ᠬᠠᠯᠠᠭᠤᠨ ᠵᠶ᠋ᠠᠷ ᠤᠭᠲᠤᠵᠤ᠂ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ!
ᠡᠩ ᠲᠡᠷᠢᠭᠦᠨ᠎ᠳᠤ᠂ ᠳᠡᠳ᠋ ᠲᠡᠷᠢᠭᠦᠯᠡᠭᠴᠢ ᠵᠧᠩ ᠬᠣᠩ ᠹᠠᠨ ᠲᠠᠨᠢᠯᠴᠠᠭᠤᠯᠭ᠎ᠠ ᠬᠢᠨ᠎ᠡ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ
ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠦᠭᠡ
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ
(2019 ᠣᠨ᠎ᠤ 9 ᠳ᠋ᠤᠭᠡᠷ ᠰᠠᠷ᠎ᠠ ᠵᠢᠨ 11᠎ᠤ ᠡᠳᠦᠷ)
ᠰᠣᠨᠢᠨ ᠮᠡᠳᠡᠭᠡᠯᠡᠯᠤᠨᠬᠢᠨᠤ ᠨᠠᠶ᠋ᠢᠵᠠ ᠨᠠᠷ ᠡ᠄
ᠰᠠᠶ᠋ᠢᠨ ᠪᠠᠶ᠋ᠢᠵᠠᠭ᠋ᠠᠨ᠎ᠠ ᠤᠤ?
ᠲᠠᠨ ᠨᠠᠷ᠎ᠤᠨ ᠲᠣᠰ ᠤᠳᠠᠭ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠤᠯᠴᠠᠭᠰᠠᠨᠢ ᠪᠠᠶᠠᠷᠯᠠᠨ ᠤᠭᠲᠤᠵᠤ ᠪᠠᠶ᠋ᠢᠨ᠎ᠠ᠃ ᠲᠠ ᠪᠦᠬᠦᠨ᠎ᠤ ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠲᠤᠷᠰᠢ᠂ ᠨᠠᠮ᠎ᠤᠨ ᠦᠨᠳᠦᠰᠦᠲᠡᠨ᠎ᠤ ᠲᠥᠷᠦ ᠵᠢᠨ ᠪᠣᠳᠣᠯᠭ᠎ᠠ ᠵᠢᠨ ᠲᠤᠶᠠᠭ᠋ᠠᠯᠠᠯ ᠳᠣᠤᠷ᠎ᠠ᠂ ᠨᠠᠮ᠎ᠤᠨ ᠲᠥᠪ ᠬᠣᠷᠢᠶᠠᠨ᠎ᠤ ᠳᠣᠲᠣᠨᠣ ᠬᠠᠯᠠᠮᠵᠢᠯᠠᠯ ᠪᠠ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠬᠤᠭᠤᠴᠠᠭ᠎ᠠ ᠪᠦᠷᠢ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠨᠠᠮ᠎ᠤᠨ ᠰᠣᠶᠣᠯ᠎ᠤᠨ ᠴᠢᠭᠯᠡᠯᠲᠡ ᠲᠥᠷᠦ ᠵᠢᠨ ᠪᠣᠳᠣᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠨᠡᠶ᠋ᠢᠭᠡᠮ ᠵᠢᠷᠤᠮ᠎ᠤᠨ ᠰᠣᠶᠣᠯ᠎ᠤᠨ ᠴᠡᠴᠡᠭᠯᠡᠯ ᠬᠥᠭᠵᠢᠯ᠎ᠢ ᠶᠡᠬᠡᠪᠡᠷ ᠠᠬᠢᠭᠤᠯᠵᠤ᠂ ᠪᠦᠬᠦ ᠣᠷᠣᠨ᠎ᠤ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ ᠲᠡᠭ ᠭᠠᠷᠤᠭ᠎ᠠ᠎ᠠᠴᠠ ᠡᠬᠢᠯᠡᠵᠦ᠂ ᠲᠠᠰᠤᠷᠠᠯᠲᠠ ᠦᠭᠡᠢ ᠬᠥᠭᠵᠢᠨ ᠪᠤᠵᠠᠭ᠋ᠠᠶ᠋ᠢᠷᠠᠵᠤ᠂ ᠬᠣᠲᠠ ᠬᠥᠳᠡᠭᠡ ᠵᠢ ᠪᠦᠷᠬᠦᠭᠰᠡᠨ᠂ ᠣᠯᠠᠨ ᠡᠰᠢᠵᠢᠨ ᠬᠦᠭᠵᠢᠭᠰᠡᠨ᠂ ᠲᠡᠩᠴᠡᠭᠦᠷᠢᠲᠡᠶ ᠬᠥᠭᠵᠢᠯᠲᠡ ᠵᠢᠨ ᠪᠠᠶ᠋ᠢᠷᠢᠰᠢᠯ᠎ᠢ ᠪᠠᠢ᠌ᠭᠤᠯᠵᠤ᠂ ᠲᠡᠦᠬᠡᠲᠦ ᠴᠢᠨᠠᠷᠲᠠᠶ ᠳᠠᠪᠠᠯᠲᠠ ᠵᠢ ᠪᠡᠶᠡᠯᠡᠭᠦᠯᠵᠦ᠂ ᠥᠪᠥᠷ ᠮᠣᠩᠭᠣᠯ᠎ᠤᠨ ᠣᠨᠴᠠᠯᠢᠭ᠎ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠪᠠ᠃
ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠲᠠᠷᠠᠭ᠎ᠠ᠂ ᠪᠦᠬᠦ ᠣᠷᠣᠨ᠎ᠤ ᠳᠡᠭᠡᠳᠦ ᠳᠣᠣᠷᠠᠳᠤ ᠱᠠᠲᠤ᠎ᠪᠠᠷ ᠵᠶ᠋ᠠᠨ ᠨᠡᠶ᠋ᠢᠭᠡᠮ ᠵᠢᠷᠤᠮ᠎ᠤᠨ ᠰᠢᠨ᠎ᠡ ᠰᠣᠶᠣᠯ᠎ᠢ ᠪᠦᠲᠦᠭᠡᠨ ᠪᠠᠶ᠋ᠢᠭᠤᠯᠬᠤ ᠵᠢ ᠪᠣᠳᠣᠯᠬᠢᠯᠠᠵᠤ᠂ 《ᠬᠣᠶᠠᠷ᠎ᠲᠤ ᠦᠢ᠍ᠯᠡᠴᠢᠯᠡᠬᠦ》 ᠴᠢᠭᠯᠡᠯ ᠪᠠ 《ᠬᠣᠤᠰ ᠪᠦᠬᠦᠨ》᠎ᠤ ᠴᠢᠭᠯᠡᠯᠲᠡ ᠵᠢ ᠪᠠᠷᠢᠮᠲᠠᠯᠠᠵᠤ᠂ ᠮᠠᠤ ᠽᠸ ᠳ᠋ᠦᠩ᠎ᠤᠨ ᠶᠠᠨ ᠠᠨ᠎ᠤ ᠤᠳᠬ᠎ᠠ ᠤᠷᠠᠯᠢᠭ᠎ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠡᠯ᠎ᠡ ᠦᠨᠳᠦᠰᠦᠲᠡᠨ᠎ᠤ ᠺᠠᠳ᠋ᠷ ᠣᠯᠠᠨ ᠲᠦᠮᠡᠨ ᠰᠢᠨ᠎ᠡ ᠰᠣᠶᠣᠯ᠎ᠤᠨ ᠪᠠᠶ᠋ᠢᠭᠤᠯᠤᠯᠲᠠ᠎ᠳᠤ ᠵᠣᠷᠢᠭ ᠪᠠᠳᠠᠷᠠᠩᠭᠤᠶ᠎ᠪᠠᠷ ᠣᠷᠣᠯᠴᠠᠵᠤ᠂ ᠨᠢᠭᠡ ᠪᠦᠯᠦᠭ ᠰᠣᠶᠣᠯ᠎ᠤᠨ ᠲᠥᠬᠥᠭᠡᠷᠦᠮᠵᠢ ᠵᠢ ᠪᠠᠶ᠋ᠢᠭᠤᠯᠵᠤ᠂ ᠨᠢᠭᠡ ᠪᠦᠯᠦᠭ ᠰᠣᠶᠣᠯ᠎ᠤᠨ ᠪᠦᠯᠬᠦᠮ ᠪᠠ ᠦᠨᠳᠦᠰᠦᠨ ᠱᠠᠲᠤᠨ᠎ᠤ ᠰᠣᠶᠣᠯ᠎ᠤᠨ ᠭᠣᠤᠯᠯᠠᠭᠴᠢ ᠬᠦᠴᠦᠨ᠎ᠢ ᠬᠥᠮᠦᠵᠢᠭᠦᠯᠦᠨ ᠭᠠᠷᠭ᠋ᠠᠵᠤ᠂ ᠡᠯᠪᠡᠭ ᠪᠠᠶᠠᠯᠢᠭ ᠣᠯᠠᠨ ᠲᠦᠮᠡᠨᠴᠢ ᠰᠣᠶᠣᠯ᠎ᠤᠨ ᠠᠵᠢᠯᠯᠠᠭ᠎ᠠ ᠵᠢ ᠥᠷᠨᠢᠭᠦᠯᠵᠦ᠂ ᠨᠠᠮ᠎ᠤᠨ ᠲᠥᠷᠦ ᠵᠢᠨ ᠪᠣᠳᠣᠯᠭ᠎ᠠ ᠵᠢ ᠤᠬᠠᠭᠤᠯᠬᠤ᠂ ᠠᠷᠠᠳ ᠲᠦᠮᠡᠨ᠎ᠢ ᠰᠤᠷᠭ᠋ᠠᠨ ᠬᠥᠮᠦᠵᠢᠭᠦᠯᠵᠦ ᠦᠢ᠍ᠯᠡᠴᠢᠯᠡᠬᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠠᠳᠠᠯ ᠦᠢ᠍ᠯᠡᠰ ᠴᠣᠭᠴᠠᠯᠠᠬᠤ ᠡᠷᠴᠢ ᠵᠣᠷᠢᠭ᠎ᠢ ᠬᠥᠭᠵᠢᠭᠡᠬᠦ᠎ᠳᠤ ᠣᠷᠣᠯᠠᠭᠤᠯᠵᠤ ᠪᠣᠯᠤᠰᠢ ᠦᠭᠡᠢ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃ ᠲᠠᠯ᠎ᠠ ᠨᠤᠲᠤᠭ᠎ᠲᠤ ᠮᠡᠨᠳᠦᠯᠡᠭᠰᠡᠨ ᠤᠯᠠᠭ᠋ᠠᠨᠮᠥ᠋ᠴᠢᠷ ᠪᠣᠯ ᠳᠠᠷᠤᠶ ᠡᠨᠡ ᠬᠦ᠌ ᠬᠤᠭᠤᠴᠠᠭ᠋ᠠᠨ᠎ᠤ ᠪᠦᠬᠦ ᠣᠷᠣᠨ᠎ᠤ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠤᠨ ᠬᠥᠭᠵᠢᠯᠲᠡ ᠵᠢᠨ ᠰᠢᠯᠢᠳᠡᠭ ᠲᠥᠯᠥᠭᠡᠯᠡᠭᠴᠢ ᠪᠣᠯᠤᠨ᠎ᠠ᠃
ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢ᠂ ᠦᠵᠡᠯ ᠰᠠᠨᠠᠭ᠎ᠠ᠎ᠪᠠᠨ ᠴᠢᠯᠥᠭᠡᠯᠡᠬᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠨᠢ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠤᠨ ᠬᠥᠭᠵᠢᠯᠲᠡ᠎ᠳᠤ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠨᠡᠮᠡᠷᠢᠯᠡᠵᠦ᠂ ᠪᠦᠬᠦ ᠣᠷᠣᠨ ᠳᠡᠭᠡᠳᠦ ᠳᠣᠣᠷᠠᠳᠤ ᠱᠠᠲᠤ᠎ᠪᠠᠷ ᠵᠶ᠋ᠠᠨ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠠ ᠲᠣᠬᠢᠶᠠᠯ᠎ᠢ ᠠᠳᠬᠤᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠵᠢ ᠪᠣᠳᠣᠯᠬᠢᠯᠠᠨ᠂ ᠡᠯ᠎ᠡ ᠲᠥᠷᠥᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠪᠡᠯᠡᠳᠬᠡᠮᠵᠢ ᠵᠢ ᠶᠡᠬᠡᠪᠡᠷ ᠰᠡᠷᠭᠦᠭᠡᠨ ᠬᠥᠭᠵᠢᠭᠦᠯᠵᠦ᠂ ᠬᠢᠯᠢ ᠬᠢᠵᠠᠭ᠋ᠠᠷ᠎ᠤᠨ ᠰᠣᠶᠣᠯ᠎ᠤᠨ ᠤᠷᠲᠤ ᠬᠣᠩᠭᠢᠯ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠪᠠ ᠠᠷᠠᠳ᠎ᠤᠨ ᠰᠣᠶᠣᠯ᠎ᠤᠨ ᠬᠠᠮᠠᠭ᠋ᠠᠯᠠᠯᠲᠠ᠂ ᠺᠢᠨᠣ᠋ 《2131》᠂ ᠨᠣᠮ ᠪᠢᠴᠢᠭ ᠬᠦᠷᠭᠡᠵᠦ ᠬᠥᠳᠡᠭᠡ ᠪᠠᠭᠤᠯᠭ᠋ᠠᠬᠤ ᠵᠡᠷᠭᠡ ᠢᠨᠵᠧᠨᠧᠷᠢᠩ᠎ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠨᠡᠶ᠋ᠢᠲᠡ 23 ᠬᠣᠰᠢᠭᠤ ᠰᠢᠶᠠᠨ ᠪᠦᠬᠦ ᠤᠯᠤᠰ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠲᠡᠷᠢᠭᠦᠨ᠎ᠤ ᠬᠣᠰᠢᠭᠤ ᠰᠢᠶᠠᠨ ᠵᠶ᠋ᠠᠷ ᠰᠢᠯᠭ᠋ᠠᠷᠠᠭᠤᠯᠤᠭᠳᠠᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠤᠨ ᠲᠦᠷᠭᠡᠨ ᠬᠥᠭᠵᠢᠬᠦ᠂ ᠰᠢᠨ᠎ᠡ ᠵᠢ ᠡᠭᠦᠳᠦᠨ ᠬᠥᠭᠵᠢᠬᠦ᠂ ᠪᠦᠬᠦ ᠲᠠᠯ᠎ᠠ᠎ᠪᠠᠷ ᠬᠥᠭᠵᠢᠬᠦ ᠱᠠᠲᠤᠨ᠎ᠳᠤ ᠣᠷᠣᠬᠤ ᠵᠢ ᠲᠦᠯᠬᠢᠨ ᠠᠬᠢᠭᠤᠯᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠶ᠋ᠢᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠵᠢ ᠪᠣᠳᠣᠯᠬᠢᠯᠠᠵᠤ᠂ ᠰᠣᠶᠣᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ᠂ ᠪᠣᠯᠪᠠᠰᠤᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠪᠠᠷ ᠬᠠᠷᠠᠯᠲᠠ ᠪᠣᠯᠭ᠋ᠠᠵᠤ᠂ 《ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠲᠤᠯᠠᠬᠤ ᠬᠠᠤᠯᠢ》 ᠵᠢ ᠲᠤᠭᠤᠰᠢᠯᠠᠭᠤᠯᠤᠨ ᠨᠠᠢ᠌ᠳᠠᠪᠦᠷᠢᠵᠢᠭᠤᠯᠬᠤ᠎ᠪᠠᠷ ᠭᠣᠤᠯ ᠰᠢᠵᠢᠮ ᠪᠣᠯᠭ᠋ᠠᠵᠤ᠂ ᠰᠢᠰᠲ᠋ᠧᠮ᠎ᠢ ᠲᠡᠭᠦᠯᠳᠡᠷᠵᠢᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠡᠷᠬᠡ ᠲᠡᠭᠰᠢ ᠪᠣᠯᠭ᠋ᠠᠬᠤ ᠵᠢ ᠠᠬᠢᠭᠤᠯᠬᠤ᠎ᠪᠠᠷ ᠭᠣᠤᠯᠳᠠᠯᠭ᠎ᠠ ᠪᠤᠯᠭ᠋ᠠᠵᠤ᠂ ᠰᠤᠮᠤ ᠰᠢᠶᠠᠩ ᠪᠠᠯᠭ᠋ᠠᠰᠤ ᠵᠢᠨ ᠶᠡᠷᠦᠩᠬᠡᠶ᠋ᠢᠯᠡᠭᠰᠡᠨ ᠰᠣᠶᠣᠯ᠎ᠤᠨ ᠥᠷᠲᠡᠭᠡ ᠪᠣᠯᠤᠨ ᠭᠠᠴᠠᠭ᠎ᠠ ᠲᠣᠰᠬᠣᠨ᠎ᠤ ᠶᠡᠷᠦᠩᠬᠡᠶ᠋ᠢᠯᠡᠭᠰᠡᠨ ᠰᠣᠶᠣᠯ᠎ᠤᠨ ᠳᠠᠰᠤᠭ ᠵᠶ᠋ᠠᠷ ᠭᠣᠤᠯᠳᠠᠯᠭ᠎ᠠ ᠪᠣᠯᠭ᠋ᠠᠭᠰᠠᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠰᠣᠶᠣᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠷᠠᠳᠢᠣ᠋ ᠲᠧᠯᠸᠢᠰ ᠰᠠᠴᠤᠷᠠᠭᠤᠯᠬᠤ ᠥᠷᠲᠡᠭᠡ ᠵᠢ ᠪᠠᠷᠢᠮᠵᠢᠶᠠᠵᠢᠭᠤᠯᠬᠤ ᠪᠦᠲᠦᠭᠡᠨ ᠪᠠᠶ᠋ᠢᠭᠤᠯᠤᠯᠲᠠ ᠵᠡᠷᠭᠡ ᠭᠣᠤᠯᠳᠠᠯᠭ᠎ᠠ᠎ᠲᠠᠢ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠢᠳᠡᠪᠬᠢᠲᠡᠢ ᠳᠡᠯᠭᠡᠷᠡᠭᠦᠯᠵᠦ᠂ ᠬᠥᠬᠡᠬᠣᠲᠠ ᠪᠤᠭᠤᠲᠤ ᠣᠷᠳᠣᠰ ᠭᠤᠷᠪᠠᠨ ᠬᠣᠲᠠ ᠵᠢ ᠤᠯᠤᠰ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠵᠢᠱ᠌ᠢᠶ᠎ᠡ ᠦᠵᠡᠭᠦᠯᠬᠦ ᠣᠷᠣᠨ ᠪᠣᠯᠭ᠋ᠠᠨ ᠠᠮᠵᠢᠯᠲᠠ᠎ᠲᠠᠢ ᠴᠤᠭᠴᠠᠯᠠᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠢ ᠪᠦᠬᠦᠯᠢ ᠴᠣᠭᠴᠠ᠎ᠪᠠᠷ᠎ᠨᠢ ᠠᠬᠢᠭᠤᠯᠤᠭᠰᠠᠨ᠂ ᠪᠦᠬᠦ ᠲᠠᠯ᠎ᠠ᠎ᠪᠠᠷ ᠴᠡᠴᠡᠭᠯᠡᠨ ᠬᠥᠭᠵᠢᠭᠰᠡᠨ᠂ ᠴᠢᠨᠠᠷ ᠰᠠᠶ᠋ᠢᠲᠠᠶ ᠬᠥᠭᠵᠢᠭᠰᠡᠨ ᠰᠢᠨ᠎ᠡ ᠴᠠᠭ ᠦᠶ᠎ᠡ ᠵᠢ ᠤᠭᠲᠤᠨ ᠠᠪᠴᠢᠷᠠᠪᠠ᠃
70 ᠵᠢᠯ᠎ᠤᠨ ᠲᠤᠷᠰᠢ᠂ ᠪᠢᠳᠡ ᠴᠥᠬᠥᠷᠡᠰᠢ ᠦᠭᠡᠢ᠎ᠪᠠᠷ ᠦᠨᠳᠦᠰᠦᠨ ᠱᠠᠲᠤ ᠵᠢ ᠠᠳᠬᠤᠵᠤ᠂ ᠰᠠᠭᠤᠷᠢ ᠵᠢ ᠴᠢᠩᠭ᠋ᠠᠳᠬᠠᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠰᠠᠭᠤᠷᠢ ᠲᠥᠬᠥᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ ᠪᠢᠳᠡ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠪᠠᠷᠢᠮᠲᠠᠯᠠᠵᠤ᠂ ᠡᠯ᠎ᠡ ᠲᠠᠯ᠎ᠠ ᠵᠢᠨ ᠪᠡᠯᠡ ᠮᠥᠩᠭᠥ ᠡᠬᠢ ᠪᠠᠶᠠᠯᠢᠭ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ ᠲᠡᠢ᠌ᠰᠢ ᠬᠡᠯᠪᠡᠶ᠋ᠢᠯᠭᠡᠵᠦ᠂ ᠬᠣᠲᠠ ᠬᠥᠳᠡᠭᠡ᠎ᠳᠤ ᠨᠡᠶ᠋ᠢᠳᠡᠮ ᠲᠦᠭᠡᠭᠰᠡᠨ ᠦᠯᠡᠮᠵᠢ ᠣᠯᠠᠨ ᠣᠯᠠᠨ ᠨᠡᠢ᠍ᠢ᠍ᠲᠡ ᠵᠢᠨ ᠰᠣᠶᠣᠯ᠎ᠤᠨ ᠰᠠᠭᠤᠷᠢ ᠲᠥᠬᠥᠭᠡᠷᠦᠮᠵᠢ ᠵᠢ ᠪᠠᠶ᠋ᠢᠭᠤᠯᠪᠠ᠃ ᠡᠭᠦᠨ᠎ᠤ ᠬᠠᠮᠲᠤ᠂ ᠠᠭᠤᠰᠤᠯᠴᠠᠭᠤᠯᠤᠨ ᠬᠥᠭᠵᠢᠭᠦᠯᠬᠦ᠂ ᠬᠦᠴᠦ ᠵᠢᠭᠡᠯᠡᠨ ᠬᠥᠭᠵᠢᠭᠦᠯᠬᠦ ᠵᠢ ᠪᠠᠷᠢᠮᠲᠠᠯᠠᠵᠤ᠂ ᠰᠤᠷᠭ᠋ᠠᠭᠤᠯᠢ᠂ ᠪᠠᠢ᠌ᠭᠤᠯᠭ᠎ᠠ᠂ ᠠᠵᠤ ᠠᠬᠤᠢ᠍ᠯᠠᠯ ᠠᠵᠢᠯ ᠦᠢ᠍ᠯᠡᠰ᠎ᠤᠨ ᠨᠢᠭᠡᠴᠢ ᠵᠢᠨ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠰᠣᠶᠣᠯ᠎ᠤᠨ ᠦᠢ᠍ᠯᠡᠴᠢᠯᠡᠭᠡ ᠥᠷᠨᠢᠭᠦᠯᠬᠦ ᠵᠢ ᠬᠥᠲᠥᠯᠥᠨ ᠵᠢᠯᠣᠭᠣᠳᠴᠤ ᠠᠬᠢᠭᠤᠯᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠪᠣᠯᠤᠨ ᠣᠯᠠᠨ ᠲᠦᠮᠡᠨ᠎ᠤ ᠬᠣᠭᠣᠷᠣᠨᠳᠣᠬᠢ 《ᠲᠡᠭ ᠵᠥᠷᠢᠶ᠎ᠡ》 ᠵᠢ ᠦᠨᠳᠦᠰᠦᠨ᠎ᠳᠤ᠎ᠪᠠᠨ ᠪᠡᠶᠡᠯᠡᠭᠦᠯᠪᠡ᠃
ᠳᠡᠭᠡᠷ᠎ᠡ ᠵᠠᠭᠤᠨ᠎ᠤ ᠲᠠᠪᠢᠭ᠋ᠠᠳ ᠣᠨ᠎ᠤ ᠡᠬᠢ᠎ᠪᠠᠷ᠂ ᠪᠥᠬᠥ ᠣᠷᠣᠨ᠎ᠳᠤ ᠣᠯᠠᠨ ᠨᠡᠢ᠍ᠢ᠍ᠲᠡ ᠵᠢᠨ ᠨᠣᠮ᠎ᠤᠨ ᠰᠠᠩ 1᠂ ᠰᠣᠶᠣᠯ᠎ᠤᠨ ᠣᠷᠳᠣᠨ 74᠂ ᠰᠣᠶᠣᠯ᠎ᠤᠨ ᠥᠷᠲᠡᠭᠡ 30 ᠯᠡ ᠪᠠᠢ᠌ᠭᠰᠠᠨ᠎ᠠᠴᠠ᠎ᠪᠠᠨ ᠬᠥᠭᠵᠢᠭᠡᠳ ᠣᠳᠣ ᠪᠣᠯᠬᠤ᠎ᠳᠤ᠂ ᠣᠯᠠᠨ ᠨᠡᠢ᠍ᠢ᠍ᠲᠡ ᠵᠢᠨ ᠨᠣᠮ᠎ᠤᠨ ᠰᠠᠩ 117᠂ ᠰᠣᠶᠣᠯ᠎ᠤᠨ ᠣᠷᠳᠣᠨ 120᠂ ᠮᠦᠽᠧᠶ 185᠂ ᠤᠷᠠᠨ ᠵᠢᠷᠤᠭ᠎ᠤᠨ ᠣᠷᠳᠣᠨ 24᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠶᠡᠷᠦᠩᠬᠡᠶ᠋ᠢᠯᠡᠭᠰᠡᠨ ᠰᠣᠶᠣᠯ᠎ᠤᠨ ᠥᠷᠲᠡᠭᠡ 1093᠂ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠤ ᠶᠡᠷᠦᠩᠬᠡᠶ᠋ᠢᠯᠡᠭᠰᠡᠨ ᠴᠢᠨᠠᠷᠲᠠᠶ ᠰᠣᠶᠣᠯ᠎ᠤᠨ ᠠᠵᠢᠯᠯᠠᠭ᠋ᠠᠨ᠎ᠤ ᠲᠥᠪ 12522 ᠪᠣᠯᠵᠤ᠂ ᠲᠠᠪᠤᠨ ᠲᠡᠰ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠪᠡᠯᠡᠳᠬᠡᠮᠵᠢ ᠵᠢᠨ ᠲᠣᠤᠷ ᠰᠦᠯᠵᠢᠶ᠎ᠡ ᠦᠨᠳᠦᠰᠦᠨ᠎ᠳᠤ᠎ᠪᠠᠨ ᠪᠦᠷᠢᠯᠳᠦᠵᠦ᠂ ᠲᠦᠮᠡᠨ ᠬᠥᠮᠦᠨ ᠪᠦᠷᠢ᠎ᠳᠤ ᠣᠯᠠᠨ ᠨᠡᠢ᠍ᠢ᠍ᠲᠡ ᠵᠢᠨ ᠰᠣᠶᠣᠯ᠎ᠤᠨ ᠪᠡᠯᠡᠳᠬᠡᠮᠵᠢ᠎ᠲᠠᠢ᠂ ᠬᠥᠮᠦᠨ ᠪᠦᠷᠢ᠎ᠳᠤ ᠨᠣᠭᠳᠠᠬᠤ ᠨᠣᠮ ᠪᠢᠴᠢᠭ᠎ᠨᠢ ᠴᠥᠮ ᠪᠥᠬᠥ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠥᠨᠳᠥᠷ ᠪᠣᠯᠵᠠᠶ᠃ ᠥᠪᠥᠷ ᠮᠣᠩᠭᠣᠯ᠎ᠤᠨ ᠮᠦᠽᠧᠶ᠂ ᠰᠢᠨ᠎ᠡ ᠤᠷᠠᠨ ᠵᠢᠷᠤᠭ᠎ᠤᠨ ᠣᠷᠳᠣᠨ᠂ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ ᠲᠠᠮᠢᠷ᠎ᠤᠨ ᠬᠥᠳᠡᠯᠭᠡᠭᠡᠨ᠎ᠤ ᠲᠥᠪ ᠵᠡᠷᠭᠡ ᠨᠢᠭᠡ ᠪᠦᠯᠦᠭ ᠣᠯᠠᠨ ᠨᠡᠢ᠍ᠢ᠍ᠲᠡ ᠵᠢᠨ ᠰᠣᠶᠣᠯ᠎ᠤᠨ ᠲᠥᠬᠥᠭᠡᠷᠦᠮᠵᠢ ᠵᠢ ᠵᠠᠯᠭ᠋ᠠᠭ᠎ᠠ᠎ᠪᠠᠷ ᠪᠠᠶ᠋ᠢᠭᠤᠯᠪᠠ᠃
ᠷᠠᠳᠢᠣ᠋ ᠲᠧᠯᠸᠢᠰ᠎ᠤᠨ ᠦᠢ᠍ᠯᠡᠰ᠎ᠨᠢ ᠨᠢᠭᠡ 20KW ᠵᠢᠨ ᠳᠤᠮᠳᠠ ᠳᠣᠯᠭᠢᠶᠠᠨ᠎ᠤ ᠷᠠᠳᠢᠣ᠋ ᠨᠡᠪᠲᠡᠷᠡᠭᠦᠯᠭᠡ ᠵᠢᠨ ᠰᠠᠴᠤᠷᠠᠭᠤᠯᠬᠤ ᠮᠠᠰᠢᠨ ᠪᠠ ᠨᠢᠭᠡ ᠢᠵᠢ ᠮᠣᠩᠭᠣᠯ ᠬᠢᠲᠠᠳ ᠬᠡᠯᠡᠨ᠎ᠤ ᠬᠣᠯᠢᠯᠳᠤᠭᠤᠯᠤᠨ ᠨᠡᠪᠲᠡᠷᠡᠭᠦᠯᠬᠦ ᠫᠷᠤᠭ᠌ᠷᠠᠮ᠎ᠠᠴᠠ ᠡᠬᠢᠯᠡᠭᠡᠳ ᠬᠦᠭᠵᠢᠭᠡᠳ ᠥᠨᠥᠳᠥᠷ ᠪᠣᠯᠲᠠᠯ᠎ᠠ᠂ ᠪᠥᠬᠥ ᠣᠷᠣᠨ᠎ᠤ ᠷᠠᠳᠢᠣ᠋ ᠲᠧᠯᠸᠢᠰ ᠬᠣᠷᠢᠶ᠎ᠠ 89᠂ ᠷᠠᠳᠢᠣ᠋ ᠲᠧᠯᠸᠢᠰ᠎ᠤᠨ ᠳᠠᠮᠵᠢᠭᠤᠯᠤᠨ ᠨᠡᠪᠲᠡᠷᠡᠭᠦᠯᠬᠦ ᠥᠷᠲᠡᠭᠡ 726 ᠪᠠᠶ᠋ᠢᠵᠤ᠂ 126 ᠢᠵᠢ ᠷᠠᠳᠢᠤ᠋ ᠨᠡᠪᠲᠡᠷᠡᠭᠦᠯᠭᠡ ᠵᠢᠨ ᠫᠷᠦᠭᠷᠠᠮ᠂ 120 ᠢᠵᠢ ᠲᠸᠯᠸᠢᠰ ᠨᠡᠪᠲᠡᠷᠡᠭᠦᠯᠭᠡ ᠡᠷᠬᠢᠯᠡᠵᠦ᠂ ᠪᠥᠬᠥ ᠵᠢᠯ᠎ᠳᠤ 38.8 ᠲᠦᠮᠡᠨ ᠴᠠᠭ ᠷᠠᠳᠢᠣ᠋ ᠨᠡᠪᠲᠡᠷᠡᠭᠦᠯᠭᠡ ᠦᠢ᠍ᠯᠡᠳᠳᠡᠭ᠃ ᠪᠢᠴᠢᠯ ᠲᠤᠯᠬᠢᠶᠠᠨ᠎ᠤ ᠳᠠᠮᠵᠢᠭᠤᠯᠭ᠎ᠠ ᠵᠢᠨ ᠦᠷᠲᠡᠭᠡ 201 ᠪᠠᠶ᠋ᠢᠭᠤᠯᠵᠤ᠂ ᠪᠢᠴᠢᠯ ᠲᠤᠯᠬᠢᠶᠠᠨ᠎ᠤ ᠳᠠᠮᠵᠢᠭᠤᠯᠬᠤ ᠱᠤᠭᠤᠮ᠎ᠤᠨ ᠪᠦᠬᠦ ᠤᠷᠳᠤᠨᠢ ᠪᠦᠬᠦ ᠤᠯᠤᠰ᠎ᠲᠤ ᠲᠡᠷᠢᠭᠦᠯᠡᠪᠡ᠃ ᠤᠲᠠᠰᠤᠲᠤ ᠲᠧᠯᠸᠢᠰ᠎ᠤᠨ ᠳᠠᠮᠵᠢᠭᠤᠯᠬᠤ ᠲᠣᠤᠷ᠎ᠤᠨ ᠶᠡᠷᠦᠩᠬᠡᠶ ᠤᠷᠳᠤᠨᠢ 2.72 ᠲᠦᠮᠡᠨ ᠺᠢᠯᠣᠮᠧᠲᠷ᠎ᠲᠤ ᠬᠦᠷᠴᠦ᠂ ᠤᠲᠠᠰᠤᠲᠤ ᠲᠧᠯᠸᠢᠰ᠎ᠤᠨ ᠬᠡᠷᠡᠭᠯᠡᠭᠴᠢ 228 ᠲᠦᠮᠡᠨ ᠡᠷᠦᠬᠡ᠎ᠳᠤ ᠬᠦᠷᠴᠦ᠂ ᠡᠭᠦᠨ᠎ᠳᠤ ᠲᠣᠭ᠋ᠠᠴᠢᠯᠠᠭᠰᠠᠨ ᠬᠡᠷᠡᠭᠯᠡᠭᠴᠢ 216 ᠲᠦᠮᠡᠨ ᠡᠷᠦᠬᠡ᠎ᠳᠤ ᠬᠦᠷᠴᠡᠶ᠃ ᠷᠠᠳᠢᠣ᠋ ᠨᠡᠪᠲᠡᠷᠡᠭᠦᠯᠭᠡ᠂ ᠲᠧᠯᠸᠢᠰ᠎ᠤᠨ ᠶᠡᠷᠦᠩᠬᠡᠶ᠋ᠢᠯᠡᠭᠰᠡᠨ ᠪᠦᠷᠬᠦᠴᠡ ᠵᠢᠨ ᠨᠣᠷᠮ᠎ᠠ 99.2 %᠎ᠠᠴᠠ ᠳᠡᠭᠡᠭᠰᠢ᠎ᠳᠤ ᠬᠦᠷᠴᠡᠢ᠃
ᠳᠡᠭᠡᠷ᠎ᠡ ᠵᠠᠭᠤᠨ᠎ᠤ ᠶᠡᠷᠡᠭᠡᠳ ᠣᠨ ᠪᠣᠯᠲᠠᠯ᠎ᠠ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ᠎ᠨᠢ ᠬᠦᠮᠦᠰ᠎ᠲᠤ ᠠᠪᠴᠤ ᠬᠡᠯᠡᠪᠡᠯ ᠪᠠᠰᠠ ᠴᠤ᠌ ᠨᠢᠭᠡᠨ ᠰᠢᠨ᠎ᠡ ᠨᠡᠷ᠎ᠡ ᠦᠭᠡ ᠪᠠᠢ᠌ᠵᠠᠢ᠃ 1998 ᠣᠨ᠎ᠠᠴᠠ ᠰᠡᠭᠦᠯᠡᠷ᠂ ᠥᠪᠡᠷᠲᠡᠭᠡᠨ ᠵᠠᠰᠠᠬᠤ ᠣᠷᠣᠨ ᠵᠠᠯᠭ᠋ᠠᠭ᠎ᠠ᠎ᠪᠠᠷ 《ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠬᠠᠮᠢᠶᠠᠷᠤᠯᠲᠠ ᠵᠢᠨ ᠳᠦᠷᠢᠮ》 ᠪᠠ 《ᠥᠪᠥᠷ ᠮᠣᠩᠭᠣᠯ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠳᠦᠷᠢᠮ》᠎ᠢ ᠨᠡᠶ᠋ᠢᠲᠡᠯᠡᠵᠦ᠂ ᠪᠡᠶ᠎ᠡ ᠵᠢᠨ ᠲᠠᠮᠢᠷ᠎ᠤᠨ ᠲᠦᠭᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠪᠠ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠢ ᠬᠠᠤᠯᠢ᠎ᠪᠠᠷ ᠵᠠᠰᠠᠬᠤ ᠵᠠᠮ᠎ᠳᠤ ᠣᠷᠣᠭᠤᠯᠪᠠ᠃ ᠡᠳᠦᠭᠡ᠂ ᠪᠦᠬᠦ ᠣᠷᠣᠨ᠎ᠤ ᠪᠣᠶ ᠪᠦᠬᠦᠢ ᠬᠣᠰᠢᠭᠤ ᠰᠢᠶᠠᠨ ᠲᠣᠭᠣᠷᠢᠭ᠎ᠨᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠲᠥᠪ᠎ᠢ ᠪᠦᠷᠢᠨ ᠪᠦᠷᠬᠦᠭᠦᠯᠬᠦ ᠵᠢ ᠪᠡᠶᠡᠯᠡᠭᠦᠯᠵᠦ᠂ 92 % ᠰᠤᠮᠤ ᠰᠢᠶᠠᠩ ᠪᠠᠯᠭ᠋ᠠᠰᠤᠨ᠎ᠳᠤ ᠪᠠᠭ᠎ᠠ ᠬᠡᠪᠴᠢᠶᠡᠨ ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠲᠥᠪ᠎ᠢ ᠪᠠᠢ᠌ᠭᠤᠯᠵᠤ᠂ 95% ᠭᠠᠴᠠᠭ᠎ᠠ ᠲᠣᠰᠬᠣᠨ ᠪᠣᠯᠤᠨ 85% ᠨᠡᠶ᠋ᠢᠭᠡᠮ ᠲᠣᠭᠣᠷᠢᠭ᠎ᠲᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠴᠡᠭ ᠪᠠᠢ᠌ᠭᠤᠯᠵᠤ᠂ ᠪᠡᠶ᠎ᠡ ᠴᠢᠭᠢᠷᠠᠭᠵᠢᠭᠤᠯᠬᠤ ᠲᠠᠯᠠᠪᠠᠢ᠂ ᠪᠡᠶ᠎ᠡ ᠵᠢᠨ ᠲᠠᠮᠢᠷ᠎ᠤᠨ ᠴᠡᠴᠡᠷᠯᠢᠭ᠂ ᠬᠡᠭᠡᠷ᠎ᠡ ᠭᠠᠳᠠᠨᠠᠬᠢ ᠬᠤᠸᠠᠷᠠᠨ᠂ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠂ ᠰᠢᠩᠭᠡᠯᠢᠭ ᠮᠠᠶᠢᠭ᠎ᠤᠨ ᠬᠥᠯ ᠪᠥᠮᠪᠥᠭᠡ ᠵᠢᠨ ᠲᠠᠯᠠᠪᠠᠢ ᠵᠡᠷᠭᠡ ᠬᠣᠲᠠ ᠬᠥᠳᠡᠭᠡ ᠵᠢ ᠪᠦᠷᠬᠦᠵᠦ᠂ ᠪᠡᠶ᠎ᠡ ᠵᠢᠨ ᠲᠠᠮᠢᠷ᠎ᠤᠨ ᠲᠠᠯᠠᠪᠠᠢ ᠵᠢᠨ ᠶᠡᠷᠦᠩᠬᠡᠶ ᠲᠣᠭ᠎ᠠ 5.56 ᠲᠦᠮᠡ᠎ᠳᠤ ᠬᠦᠷᠴᠦ᠂ ᠦᠷᠭᠦᠯᠵᠢ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠳᠠᠭ ᠬᠥᠮᠦᠨ 41 %᠎ᠳᠤ ᠬᠦᠷᠴᠡᠶ᠃
70 ᠵᠢᠯ᠎ᠤᠨ ᠲᠤᠷᠰᠢ᠂ ᠪᠢᠳᠠ ᠠᠰᠢᠭ ᠬᠦᠷᠲᠡᠭᠡᠬᠦ ᠵᠢ ᠲᠦᠭᠡᠮᠡᠯᠵᠢᠭᠦᠯᠵᠦ᠂ ᠥᠭᠡᠷᠡᠴᠢᠯᠡᠯᠲᠡ ᠵᠢ ᠠᠬᠢᠭᠤᠯᠬᠤ ᠵᠢ ᠴᠥᠬᠥᠷᠡᠰᠢ ᠦᠭᠡᠢ ᠠᠳᠬᠤᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠴᠢᠳᠠᠮᠵᠢ ᠡᠳᠦᠷ ᠢᠷᠡᠬᠦᠶ᠎ᠡ ᠳᠡᠭᠡᠭᠰᠢᠯᠡᠪᠡ᠃ ᠨᠢᠭᠡ᠎ᠳᠤ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢ ᠶᠡᠬᠡᠪᠡᠷ ᠦᠷᠨᠢᠭᠦᠯᠪᠡ᠃ 1946 ᠣᠨ᠎ᠳᠤ ᠥᠪᠥᠷ ᠮᠣᠩᠭᠣᠯ᠎ᠤᠨ ᠤᠷᠠᠨ ᠰᠠᠶ᠋ᠢᠬᠠᠨ᠎ᠤ ᠪᠦᠯᠬᠦᠮ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠠᠷᠠᠳ ᠲᠦᠮᠡᠨ᠎ᠳᠤ ᠦᠢ᠍ᠯᠡᠴᠢᠯᠡᠬᠦ᠎ᠨᠢ ᠥᠪᠥᠷ ᠮᠣᠩᠭᠣᠯ᠎ᠤᠨ ᠰᠣᠶᠣᠯ᠎ᠤᠨ ᠦᠢ᠍ᠯᠡᠰ᠎ᠤᠨ ᠴᠥᠬᠥᠷᠡᠰᠢ ᠦᠭᠡᠢ ᠬᠥᠭᠡᠭᠡᠴᠡᠯᠳᠦᠯ ᠪᠣᠯᠵᠠᠶ᠃ ᠣᠳᠣᠬᠠᠨ ᠪᠣᠯᠲᠠᠯ᠎ᠠ ᠬᠥᠭᠵᠢᠭᠡᠳ ᠪᠥᠬᠥ ᠣᠷᠣᠨ᠎ᠤ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ 95᠂ 5643 ᠬᠥᠮᠦᠨ ᠪᠣᠯᠵᠤ᠂ ᠵᠢᠯ ᠪᠦᠷᠢ 《ᠵᠠᠭᠤᠨ ᠪᠦᠯᠬᠦᠮ ᠮᠢᠩᠭ᠋ᠠᠨ ᠲᠠᠯᠠᠪᠤᠷ ᠦᠨᠳᠦᠰᠦᠨ ᠱᠠᠲᠤᠨ᠎ᠳᠤ ᠪᠠᠭᠤᠬᠤ》 ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢ 1500 ᠭᠠᠷᠤᠶ ᠲᠠᠯᠠᠪᠤᠷ ᠦᠷᠨᠢᠭᠦᠯᠵᠦ ᠪᠠᠢ᠌ᠨ᠎ᠠ᠃ ᠨᠡᠭᠦᠳᠡᠯ ᠰᠣᠶᠣᠯ᠎ᠤᠨ ᠦᠢ᠍ᠯᠡᠴᠢᠯᠡᠭᠡ ᠵᠢ ᠴᠢᠩᠭ᠋ᠠᠳᠬᠠᠵᠤ᠂ ᠪᠦᠬᠦ ᠣᠷᠣᠨ᠎ᠤ 31 ᠤᠯᠤᠰ᠎ᠤᠨ ᠲᠡᠰ᠎ᠤᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠳᠤ ᠨᠡᠭᠦᠳᠡᠯ ᠨᠣᠮ ᠪᠢᠴᠢᠭ᠎ᠤᠨ ᠲᠡᠷᠭᠡ ᠪᠠ ᠨᠡᠭᠦᠳᠡᠯ ᠰᠣᠶᠣᠯ᠎ᠤᠨ ᠲᠡᠷᠭᠡ ᠲᠣᠬᠢᠷᠠᠭᠤᠯᠵᠤ᠂ 2018 ᠣᠨ᠎ᠳᠤ 5400 ᠭᠠᠷᠤᠶ ᠲᠠᠯᠠᠪᠠᠢ ᠤᠳᠠᠭ᠎ᠠ ᠨᠡᠭᠦᠳᠡᠯ ᠲᠣᠭᠯᠠᠯᠲᠠ ᠭᠠᠷᠭ᠋ᠠᠵᠤ᠂ ᠦᠵᠡᠭᠴᠢᠳ 277 ᠲᠦᠮᠡᠨ ᠬᠥᠮᠦᠨ ᠤᠳᠠᠭ᠎ᠠ᠎ᠳᠤ ᠣᠶ᠋ᠢᠷᠠᠳᠴᠤ᠂ ᠨᠡᠭᠦᠳᠡᠯ ᠨᠤᠮ ᠰᠡᠳᠬᠦᠯ᠎ᠢ 37 ᠲᠦᠮᠡᠨ ᠬᠥᠮᠦᠨ ᠤᠳᠠᠭ᠎ᠠ᠂ 70 ᠲᠦᠮᠡᠨ ᠳᠡᠪᠲᠡᠷ ᠤᠳᠠᠭ᠎ᠠ ᠵᠢᠭᠡᠯᠡᠨ ᠤᠩᠰᠢᠪᠠ᠃ ᠡᠯ᠎ᠡ ᠲᠥᠷᠥᠯ᠎ᠤᠨ ᠦᠵᠡᠰᠬᠦᠯᠡᠩ᠎ᠢ ᠪᠠᠶ᠋ᠢᠩᠭᠤᠵᠢᠭᠤᠯᠤᠨ ᠡᠷᠬᠢᠯᠡᠬᠦ ᠵᠢ ᠠᠬᠢᠭᠤᠯᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 70 ᠵᠢᠯ᠎ᠤᠨ ᠣᠢ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠡᠷᠭᠡ ᠴᠢᠬᠤᠯᠠ ᠶᠡᠬᠡ ᠴᠠᠭ ᠬᠤᠭᠤᠴᠠᠭ᠎ᠠ ᠵᠢᠨ ᠲᠣᠭᠣᠷᠢᠨ᠎ᠳᠤ᠂ ᠨᠠᠮ ᠵᠶ᠋ᠠᠨ ᠮᠠᠭᠲᠠᠨ ᠳᠠᠭᠤᠯᠠᠬᠤ᠂ ᠡᠬᠡ ᠤᠯᠤᠰ ᠵᠶ᠋ᠠᠨ ᠮᠠᠭᠲᠠᠨ ᠳᠠᠭᠤᠯᠠᠬᠤ᠂ ᠠᠷᠠᠳ ᠲᠦᠮᠡᠨ ᠵᠶ᠋ᠠᠨ ᠮᠠᠭᠲᠠᠨ ᠳᠠᠭᠤᠯᠠᠬᠤ ᠠᠯᠢ ᠣᠯᠠᠨ ᠦᠵᠡᠰᠬᠦᠯᠡᠩ᠎ᠤᠨ ᠠᠵᠢᠯᠯᠠᠭ᠎ᠠ ᠵᠢ ᠥᠷᠨᠢᠭᠦᠯᠵᠦ᠂ ᠨᠡᠶ᠋ᠢᠭᠡᠮ ᠵᠢᠷᠤᠮ᠎ᠤᠨ ᠭᠣᠤᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠵᠤ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠥᠷᠨᠢᠭᠦᠯᠬᠦ ᠠᠮᠢᠳᠤᠯᠢᠭ ᠬᠢᠴᠢᠶᠡᠯ᠎ᠤᠨ ᠲᠠᠩᠬᠢᠮ ᠪᠣᠯᠪᠠ᠃ 2018 ᠣᠨ᠎ᠳᠤ ᠪᠥᠬᠥ ᠣᠷᠣᠨ᠎ᠳᠤ ᠡᠯ᠎ᠡ ᠲᠥᠷᠥᠯ᠎ᠤᠨ ᠦᠵᠡᠰᠬᠦᠯᠡᠩ᠎ᠢ 4000 ᠭᠠᠷᠤᠶ ᠲᠠᠯᠠᠪᠤᠷ ᠤᠳᠠᠭ᠎ᠠ ᠡᠷᠬᠢᠯᠡᠵᠦ᠂ ᠪᠠᠷᠤᠭ 380 ᠲᠦᠮᠡᠨ ᠬᠥᠮᠦᠨ ᠤᠳᠠᠭ᠎ᠠ ᠲᠣᠭᠣᠷᠢᠨ ᠦᠵᠡᠪᠡ᠃ ᠰᠣᠶᠣᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠵᠢᠷᠤᠮᠵᠢᠭᠤᠯᠬᠤ᠂ ᠬᠠᠮᠢᠶᠠᠷᠤᠯᠲᠠ ᠵᠢ ᠰᠢᠨᠵᠢᠯᠡᠬᠦ ᠤᠬᠠᠭ᠋ᠠᠨᠴᠢᠯᠠᠬᠤ᠂ ᠠᠵᠢᠯᠯᠠᠭ᠎ᠠ ᠵᠢ ᠪᠠᠶ᠋ᠢᠩᠭᠤᠵᠢᠭᠤᠯᠬᠤ ᠵᠢ ᠲᠦᠯᠬᠢᠨ ᠠᠬᠢᠭᠤᠯᠵᠤ᠂ ᠪᠦᠬᠦ ᠣᠷᠣᠨ᠎ᠤ ᠰᠣᠶᠣᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ ᠵᠢ 3700 ᠰᠢᠬᠠᠮ᠂ 9 ᠲᠦᠮᠡ ᠭᠠᠷᠤᠶ ᠬᠥᠮᠦᠨ᠎ᠳᠤ ᠬᠦᠷᠲᠡᠯ᠎ᠡ ᠬᠥᠭᠵᠢᠭᠦᠯᠵᠦ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠬᠠᠩᠭ᠋ᠠᠬᠤ ᠴᠢᠬᠤᠯᠠ ᠬᠦᠴᠦᠨ ᠪᠣᠯᠭ᠋ᠠᠪᠠ᠃ ᠵᠢᠯ ᠪᠦᠷᠢ ᠡᠯ᠎ᠡ ᠲᠥᠷᠥᠯ᠎ᠤᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ 2000 ᠭᠠᠷᠤᠶ ᠲᠠᠯᠠᠪᠤᠷ ᠤᠳᠠᠭ᠎ᠠ ᠵᠣᠬᠢᠶᠠᠨ ᠪᠠᠶ᠋ᠢᠭᠤᠯᠵᠤ᠂ 1100 ᠲᠦᠮᠡᠨ ᠬᠥᠮᠦᠨ ᠤᠳᠠᠭ᠎ᠠ ᠣᠷᠤᠯᠴᠠᠪᠠ᠃
ᠬᠣᠶᠠᠷ᠎ᠲᠤ᠂ ᠣᠯᠠᠨ ᠲᠦᠮᠡᠨ᠎ᠳᠤ ᠦᠢ᠍ᠯᠡᠴᠢᠯᠡᠬᠦ 《ᠡᠴᠦᠰ᠎ᠤᠨ ᠨᠢᠭᠡ ᠺᠢᠯᠣᠮᠧᠲᠷ》᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠠᠷᠠᠳ ᠣᠯᠠᠨ ᠬᠤᠭᠤᠯᠠ ᠵᠠᠬᠢᠶᠠᠯᠠᠵᠤ᠂ ᠵᠠᠰᠠᠭ᠎ᠤᠨ ᠣᠷᠳᠣᠨ ᠳᠠᠩᠰᠠ ᠪᠣᠳᠣᠬᠤ ᠵᠢ ᠪᠠᠷᠢᠮᠲᠠᠯᠠᠨ᠎ᠠ᠃ ᠪᠤᠶ᠋ᠢᠳᠠ ᠪᠥᠭᠯᠡᠭᠦᠦ ᠮᠠᠯᠵᠢᠬᠤ ᠣᠷᠣᠨ᠎ᠤ ᠰᠣᠶᠣᠯ᠎ᠤᠨ ᠦᠢ᠍ᠯᠡᠴᠢᠯᠡᠭᠡ ᠳᠤᠲᠠᠮᠠᠭ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠪᠤᠳᠤᠯᠬᠢᠯᠠᠵᠤ᠂ 《ᠲᠣᠭ᠋ᠠᠴᠢᠯᠠᠭᠰᠠᠨ ᠰᠣᠶᠣᠯ᠎ᠢ ᠮᠣᠩᠭᠣᠯ ᠭᠡᠷ᠎ᠲᠤ ᠣᠷᠣᠭᠤᠯᠬᠤ》 ᠢᠨᠵᠧᠨᠧᠷᠢᠩ᠎ᠢ ᠬᠡᠷᠡᠭᠵᠢᠭᠦᠯᠵᠦ᠂ ᠪᠦᠷᠬᠦᠴᠡ ᠵᠢᠨ ᠬᠦᠷᠢᠶ᠎ᠡ ᠬᠡᠪᠴᠢᠶ᠎ᠡ 60 ᠭᠠᠷᠤᠢ ᠲᠦᠮᠡᠨ ᠲᠡᠭᠰᠢ ᠲᠦᠷᠪᠡᠯᠵᠢᠨ ᠺᠢᠯᠦᠮᠸᠲᠷ᠎ᠲᠤ ᠬᠦᠷᠴᠦ᠂ 300 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠪᠡ; ᠨᠡᠶ᠋ᠢᠲᠡ 5.6 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠬᠢᠯᠢ ᠪᠠ ᠶᠠᠳᠠᠭᠤ ᠬᠦᠴᠢᠷᠳᠡᠯᠲᠡᠢ ᠬᠣᠰᠢᠭᠤ ᠰᠢᠶᠠᠨ᠎ᠤ ᠷᠠᠳᠢᠣ᠋ ᠨᠡᠪᠲᠡᠷᠡᠭᠦᠯᠭᠡ ᠦᠢ᠍ᠯᠡᠳᠬᠦ ᠪᠠ ᠮᠣᠩᠭᠣᠯ ᠬᠡᠯᠡ᠎ᠪᠠᠷ ᠣᠷᠴᠢᠭᠤᠯᠬᠤ᠂ ᠨᠡᠪᠲᠡᠷᠡᠭᠦᠯᠬᠦ᠂ ᠤᠯᠠᠮᠵᠢᠯᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠯᠢ ᠬᠢᠵᠠᠭ᠋ᠠᠷ᠎ᠢ ᠪᠡᠬᠢᠵᠢᠭᠦᠯᠬᠦ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠬᠤ᠂ ᠬᠢᠯᠢ ᠬᠢᠵᠠᠭ᠋ᠠᠷ᠎ᠢ ᠴᠡᠪᠡᠷᠵᠢᠭᠦᠯᠬᠦ ᠢᠳᠡᠪᠬᠢᠲᠡᠢ ᠦᠷ᠎ᠡ ᠪᠦᠲᠦᠮᠵᠢ ᠣᠯᠪᠠ᠃ ᠣᠯᠠᠨ ᠨᠡᠢ᠍ᠢ᠍ᠲᠡ ᠵᠢᠨ ᠰᠣᠶᠣᠯ᠎ᠤᠨ ᠪᠦᠲᠦᠭᠡᠭᠳᠡᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠬᠦ ᠵᠢ ᠪᠣᠳᠣᠯᠬᠢᠯᠠᠨ᠂ ᠵᠠᠰᠠᠭ᠎ᠤᠨ ᠣᠷᠳᠣᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠬᠤᠳᠠᠯᠳᠤᠨ ᠠᠪᠬᠤ ᠰᠢᠨ᠎ᠡ ᠠᠷᠭ᠎ᠠ ᠮᠠᠶᠢᠭ᠎ᠢ ᠢᠳᠡᠪᠬᠢᠲᠡᠢ ᠰᠦᠪᠡᠭᠴᠢᠯᠡᠵᠦ᠂ ᠵᠠᠰᠠᠭ᠎ᠤᠨ ᠣᠷᠳᠣᠨ ᠠᠷᠠᠳ᠎ᠤᠨ ᠵᠦᠴᠦᠭᠡ ᠵᠢᠨ ᠪᠦᠯᠬᠦᠮ᠎ᠤᠨ ᠫᠷᠤᠭ᠌ᠷᠠᠮ ᠵᠢᠴᠢ ᠭᠠᠴᠠᠭ᠎ᠠ ᠲᠣᠰᠬᠣᠨ᠎ᠤ ᠶᠡᠷᠦᠩᠬᠡᠶ᠋ᠢᠯᠡᠭᠰᠡᠨ ᠰᠣᠶᠣᠯ᠎ᠤᠨ ᠦᠢ᠍ᠯᠡᠴᠢᠯᠡᠭᠡᠨ᠎ᠤ ᠲᠥᠪ᠎ᠤᠨ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠬᠤᠳᠠᠯᠳᠤᠨ ᠠᠪᠬᠤ ᠲᠤᠷᠰᠢᠯᠲᠠ ᠵᠢᠨ ᠴᠡᠭ ᠵᠡᠷᠭᠡ ᠵᠢ ᠥᠷᠨᠢᠭᠦᠯᠪᠡ; 《ᠥᠩᠭᠡᠲᠦ ᠡᠭᠦᠯᠡ ᠵᠢᠨ ᠦᠢ᠍ᠯᠡᠴᠢᠯᠡᠭᠡ》 ᠵᠢ ᠳᠡᠯᠭᠡᠷᠡᠭᠦᠯᠦᠨ ᠬᠡᠷᠡᠭᠵᠢᠭᠦᠯᠵᠦ᠂ ᠦᠢ᠍ᠯᠡᠴᠢᠯᠡᠭᠡ ᠪᠣᠯᠤᠨ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠪᠡ᠂ ᠡᠨᠡ ᠬᠦ᠌ ᠰᠢᠨ᠎ᠡ ᠵᠢ ᠡᠭᠦᠳᠬᠦ ᠵᠠᠭᠪᠤᠷ᠎ᠨᠢ ᠪᠦᠬᠦ ᠤᠯᠤᠰ᠎ᠤᠨ 100 ᠭᠠᠷᠤᠶ ᠨᠣᠮ᠎ᠤᠨ ᠰᠠᠩ᠎ᠳᠤ ᠲᠤᠯᠢᠯᠠᠭᠳᠠᠵᠤ᠂ ᠬᠠᠭᠤᠯᠪᠤᠷᠢᠯᠠᠭᠳᠠᠪᠠ; ᠲᠠᠯ᠎ᠠ ᠨᠤᠲᠤᠭ᠎ᠤᠨ ᠨᠣᠮ᠎ᠤᠨ ᠦᠷᠦᠭᠡ 11275 ᠵᠢ ᠪᠠᠶ᠋ᠢᠭᠤᠯᠵᠤ᠂ ᠬᠤᠨ ᠭᠠᠯᠠᠭᠤ ᠤᠩᠰᠢᠬᠤ ᠲᠥᠯᠥᠪᠯᠡᠭᠡ ᠵᠢ ᠬᠡᠷᠡᠭᠵᠢᠭᠦᠯᠵᠦ᠂ ᠪᠦᠬᠦ ᠠᠷᠠᠳ ᠵᠶ᠋ᠠᠷ ᠵᠶ᠋ᠠᠨ ᠨᠣᠮ ᠤᠩᠰᠢᠬᠤ ᠵᠢ ᠭᠦᠨᠵᠡᠭᠡᠢ ᠠᠬᠢᠭᠤᠯᠪᠠ᠃ ᠣᠨᠴᠠᠭ᠋ᠠᠢ ᠬᠥᠮᠦᠰ᠎ᠤᠨ ᠬᠦᠴᠢᠷᠳᠡᠯ᠎ᠢ ᠰᠢᠢ᠍ᠳᠪᠦᠷᠢᠯᠡᠬᠦ ᠵᠢ ᠪᠣᠳᠣᠯᠬᠢᠯᠠᠨ᠂ ᠨᠣᠮ᠎ᠤᠨ ᠰᠠᠩ᠂ ᠰᠣᠶᠣᠯ᠎ᠤᠨ ᠣᠷᠳᠣᠨ᠂ ᠶᠡᠷᠦᠩᠬᠡᠶ᠋ᠢᠯᠡᠭᠰᠡᠨ ᠰᠣᠶᠣᠯ᠎ᠤᠨ ᠥᠷᠲᠡᠭᠡ ᠵᠡᠷᠭᠡ᠎ᠳᠤ ᠬᠠᠷᠰᠢ ᠰᠠᠭ᠋ᠠᠳ ᠦᠭᠡᠢ ᠲᠥᠬᠥᠭᠡᠷᠦᠮᠵᠢ ᠲᠣᠬᠢᠷᠠᠭᠤᠯᠬᠤ ᠵᠢ ᠲᠦᠯᠬᠢᠨ ᠠᠬᠢᠭᠤᠯᠵᠤ᠂ ᠬᠠᠷᠠᠭ᠋ᠠᠨ᠎ᠤ ᠪᠡᠷᠬᠡᠰᠢᠶᠡᠯᠳᠡᠳᠤᠨ ᠪᠢᠴᠢᠭ᠎ᠤᠨ ᠨᠣᠮ ᠪᠢᠴᠢᠭ᠎ᠢ ᠵᠢᠭᠡᠯᠡᠵᠦ ᠤᠩᠰᠢᠬᠤ᠂ ᠺᠢᠨᠣ᠋ 《ᠶᠠᠷᠢᠬᠤ》 ᠵᠡᠷᠭᠡ ᠦᠢ᠍ᠯᠡᠴᠢᠯᠡᠭᠡ ᠵᠢ ᠥᠷᠨᠢᠭᠦᠯᠵᠦ᠂ ᠣᠨᠴᠠᠭ᠋ᠠᠢ ᠬᠦᠮᠦᠰ᠎ᠤᠨ ᠰᠣᠶᠣᠯ᠎ᠤᠨ ᠦᠨᠳᠦᠰᠦᠨ ᠡᠷᠬᠡ ᠠᠰᠢᠭ᠎ᠢ ᠪᠠᠲᠤᠯᠠᠪᠠ᠃
ᠭᠤᠷᠪᠠ᠎ᠳᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠪᠠ᠃ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠶ ᠬᠤᠪᠢᠷᠠᠯᠲᠠ᠂ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ ᠵᠢ ᠶᠡᠬᠡᠪᠡᠷ ᠠᠬᠢᠭᠤᠯᠵᠤ᠂ ᠶᠤᠸᠠᠨ᠎ᠤ ᠳᠡᠭᠡᠳᠦ ᠨᠡᠶ᠋ᠢᠰᠯᠡᠯ᠂ ᠯᠢᠶᠣᠣ ᠤᠯᠤᠰ᠎ᠤᠨ ᠨᠡᠶ᠋ᠢᠰᠯᠡᠯ᠎ᠤᠨ ᠪᠠᠭᠤᠷᠢ᠂ ᠤᠷᠲᠤ ᠴᠠᠭ᠋ᠠᠨ ᠬᠡᠷᠡᠮ ᠵᠡᠷᠭᠡ ᠲᠡᠤᠬᠡ ᠵᠢᠨ ᠦᠯᠡᠳᠡᠭᠳᠡᠯ᠂ ᠤᠯᠠᠭ᠋ᠠᠨᠬᠣᠲᠠ ᠵᠢᠨ 《5.1》᠎ᠤ ᠬᠤᠷᠠᠯ᠎ᠤᠨ ᠲᠠᠯᠠᠪᠠᠢ᠂ ᠪᠣᠷᠣ ᠪᠠᠯᠭ᠋ᠠᠰᠤ ᠵᠢᠨ ᠦᠨᠳᠦᠰᠦᠲᠡᠨ᠎ᠤ ᠺᠠᠳ᠋ᠷᠴᠤᠳ᠎ᠤᠨ ᠳᠡᠭᠡᠳᠦ ᠰᠤᠷᠭ᠋ᠠᠭᠤᠯᠢ᠂ ᠵᠢᠨᠢᠩ᠎ᠤᠨ ᠪᠠᠢ᠌ᠯᠳᠤᠭ᠋ᠠᠨ᠎ᠤ ᠳᠤᠷᠠᠰᠬᠠᠯ᠎ᠤᠨ ᠬᠦᠷᠢᠶᠡᠯᠡᠩ ᠵᠡᠷᠭᠡ ᠬᠤᠪᠢᠰᠬᠠᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠴᠢᠩᠭᠢᠰ ᠬᠠᠭ᠋ᠠᠨ᠎ᠤ ᠣᠩᠭᠣᠨ᠂ ᠪᠠᠳᠺᠠᠷ ᠵᠤᠤ᠂ ᠬᠠᠳᠤᠨ ᠭᠣᠤᠯ᠎ᠤᠨ ᠰᠠᠨ ᠱᠧᠩ ᠭᠦᠩ᠎ᠤᠨ ᠤᠰᠤᠨ ᠠᠰᠢᠭᠯᠠᠯᠲᠠ ᠵᠢᠨ ᠬᠦᠢ᠍ᠰᠦ ᠵᠡᠷᠭᠡ ᠰᠣᠶᠣᠯ ᠢᠷᠭᠡᠨᠰᠢᠯ᠎ᠤᠨ ᠦᠪᠡᠳᠡᠭᠰᠢ ᠪᠠᠢ᠌ᠳᠠᠯ᠂ ᠴᠠᠭ᠋ᠠᠰᠤᠴᠢ᠂ ᠪᠤᠭᠤᠲᠤ᠂ ᠲᠤᠯᠤᠨ ᠨᠠᠭᠤᠷ ᠵᠡᠷᠭᠡ ᠲᠡᠤᠬᠡ ᠰᠣᠶᠣᠯ᠎ᠤᠨ ᠨᠡᠷᠡᠲᠦ ᠪᠠᠯᠭ᠋ᠠᠰᠤ᠂ ᠮᠣᠩᠭᠣᠯ ᠦᠨᠳᠦᠰᠦᠲᠡᠨ᠎ᠤ ᠤᠷᠲᠤ ᠵᠢᠨ ᠳᠠᠭᠤᠤ᠂ ᠬᠦᠭᠡᠮᠡᠢ᠂ ᠠᠨᠳᠠᠶ ᠪᠥᠵᠢᠭ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠂ ᠲᠡᠦᠬᠡᠳᠦ ᠵᠡᠭᠡᠯᠢ ᠲᠣᠭᠣᠷᠢᠭ᠂ ᠴᠡᠴᠡᠷᠯᠢᠭ ᠠᠭᠤᠳᠠᠮ ᠲᠠᠯᠠᠪᠠᠢ᠂ ᠰᠣᠶᠣᠯ᠎ᠤᠨ ᠲᠠᠯᠠᠪᠤᠷ ᠵᠡᠷᠭᠡ ᠡᠯ᠎ᠡ ᠲᠥᠷᠥᠯ᠎ᠤᠨ ᠰᠣᠶᠣᠯ᠎ᠤᠨ ᠡᠬᠢ ᠪᠠᠶᠠᠯᠢᠭ᠎ᠢ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ᠎ᠳᠤ ᠣᠷᠣᠭᠤᠯᠵᠤ᠂ ᠬᠠᠮᠠᠭ᠋ᠠᠯᠠᠵᠤ ᠪᠦᠲᠦᠭᠡᠨ ᠪᠠᠶ᠋ᠢᠭᠤᠯᠬᠤ ᠪᠠ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠴᠢᠩᠭ᠋ᠠᠳᠬᠠᠨ᠂ ᠲᠡᠭᠦᠨ᠎ᠢ ᠴᠢᠬᠤᠯᠠ ᠵᠢᠭᠤᠯᠴᠢᠯᠠᠯ᠎ᠤᠨ ᠡᠬᠢ ᠪᠠᠶᠠᠯᠢᠭ᠂ ᠦᠢ᠍ᠯᠡᠳᠬᠦᠨ ᠪᠠ ᠦᠵᠡᠮᠵᠢ ᠵᠢᠨ ᠣᠷᠣᠨ ᠪᠣᠯᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠢ ᠲᠡᠳᠡᠨ ᠠᠪᠴᠢᠷᠠᠨ᠎ᠠ᠃ 2018 ᠣᠨ᠎ᠳᠤ᠂ ᠪᠥᠬᠥ ᠣᠷᠣᠨ᠎ᠤ ᠬᠦᠯᠢᠶᠡᠨ ᠠᠪᠤᠭᠰᠠᠨ ᠵᠢᠭᠤᠯᠴᠢᠯᠠᠭᠴᠢᠳ᠎ᠤᠨ ᠲᠤᠭ᠎ᠠ 1.3 ᠳ᠋ᠦᠩᠰᠢᠭᠤᠷ ᠬᠥᠮᠦᠨ ᠤᠳᠠᠭ᠎ᠠ ᠬᠦᠷᠴᠦ᠂ 4011 ᠳ᠋ᠦᠩᠰᠢᠭᠤᠷ ᠲᠥᠭᠥᠷᠢᠭ᠎ᠤᠨ ᠵᠢᠭᠤᠯᠴᠢᠯᠠᠯ᠎ᠤᠨ ᠣᠷᠣᠯᠭ᠎ᠠ ᠵᠢ ᠪᠡᠶᠡᠯᠡᠭᠦᠯᠪᠡ᠃ ᠣᠯᠠᠨ ᠨᠡᠢ᠍ᠢ᠍ᠲᠡ ᠵᠢᠨ ᠰᠣᠶᠣᠯ᠎ᠤᠨ ᠡᠬᠢ ᠪᠠᠶᠠᠯᠢᠭ᠎ᠲᠤ ᠲᠦᠰᠢᠭᠯᠡᠨ᠂ ᠰᠢᠨ᠎ᠡ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ᠎ᠲᠠᠢ ᠤᠶᠠᠯᠳᠤᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠢ ᠬᠥᠭᠵᠢᠭᠦᠯᠵᠦ᠂ ᠰᠣᠶᠣᠯ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠵᠢ ᠶᠡᠬᠡᠪᠡᠷ ᠲᠦᠯᠬᠢᠨ ᠠᠬᠢᠭᠤᠯᠵᠤ᠂ 3.3 ᠲᠦᠮᠡᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠡᠷᠦᠬᠡ ᠵᠢ ᠬᠠᠪᠰᠤᠷᠤᠨ ᠣᠷᠣᠯᠭ᠎ᠠ ᠵᠢ᠎ᠨᠢ ᠨᠡᠮᠡᠭᠳᠡᠭᠦᠯᠵᠦ᠂ 4736 ᠬᠥᠮᠦᠨ᠎ᠢ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠪᠠ᠃
ᠳᠥᠷᠪᠡ᠎ᠳᠤ᠂ ᠰᠣᠶᠣᠯ᠎ᠤᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠪᠠ᠃ 2012 ᠣᠨ᠎ᠠᠴᠠ ᠨᠠᠭ᠋ᠠᠰᠢ᠂ ᠪᠦᠬᠦ ᠣᠷᠣᠨ᠎ᠤ ᠣᠯᠠᠨ ᠨᠡᠢ᠍ᠢ᠍ᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ ᠥᠷᠲᠡᠭᠡ᠂ ᠮᠦᠽᠧᠶ᠂ ᠴᠡᠴᠡᠷᠯᠢᠭ ᠵᠡᠷᠭᠡ ᠵᠢ ᠰᠦᠢ᠍ᠳᠭᠡᠯ ᠬᠤᠷᠢᠶᠠᠬᠤ ᠦᠭᠡᠢ᠎ᠪᠠᠷ ᠨᠡᠭᠡᠭᠡᠬᠦ ᠵᠢ ᠪᠡᠶᠡᠯᠡᠭᠦᠯᠵᠦ᠂ ᠴᠠᠭ ᠠᠯᠤᠰᠯᠠᠨ ᠨᠡᠭᠡᠭᠡᠬᠦ ᠪᠠ ᠤᠷᠲᠤᠳᠬᠠᠨ ᠦᠢ᠍ᠯᠡᠴᠢᠯᠡᠬᠦ ᠵᠢ ᠬᠡᠷᠡᠭᠵᠢᠭᠦᠯᠦᠭᠡᠳ᠂ ᠨᠡᠶ᠋ᠢᠭᠡᠮ᠎ᠤᠨ ᠰᠠᠶ᠋ᠢᠨ ᠰᠠᠶ᠋ᠢᠬᠠᠨ ᠦᠷ᠎ᠡ ᠨᠥᠯᠥᠭᠡ ᠵᠢ ᠣᠯᠤᠭᠰᠠᠨ ᠪᠠᠶ᠋ᠢᠨ᠎ᠠ᠃ ᠣᠯᠠᠨ ᠨᠡᠢ᠍ᠢ᠍ᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ᠎ᠤ ᠶᠡᠷᠦᠩᠬᠡᠶ ᠬᠤᠪᠢᠶᠠᠷᠢ ᠣᠷᠳᠣᠨ᠎ᠤ ᠳᠦᠷᠢᠮ᠎ᠤᠨ ᠥᠭᠡᠷᠡᠴᠢᠯᠡᠯᠲᠡ ᠵᠢ ᠬᠡᠷᠡᠭᠵᠢᠭᠦᠯᠵᠦ᠂ ᠨᠢᠭᠡᠨᠲᠡ 140 ᠶᠡᠷᠦᠩᠬᠡᠶ ᠣᠷᠳᠣᠨ᠂ 525 ᠬᠤᠪᠢᠶᠠᠷᠢ ᠣᠷᠳᠣᠨ᠎ᠢ ᠪᠠᠶ᠋ᠢᠭᠤᠯᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠭᠣᠤᠯᠳᠠᠯᠭ᠎ᠠ ᠵᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ᠎ᠢ ᠳᠣᠷᠣᠭᠰᠢ ᠰᠢᠯᠵᠢᠭᠦᠯᠬᠦ᠂ ᠠᠵᠢᠯᠲᠠᠨ᠎ᠢ ᠳᠣᠷᠣᠭᠰᠢ ᠰᠢᠯᠵᠢᠭᠦᠯᠬᠦ ᠵᠢ ᠠᠬᠢᠭᠤᠯᠪᠠ᠃ 《ᠣᠶᠤᠨᠴᠢ ᠷᠠᠳᠢᠣ᠋ ᠲᠧᠯᠸᠢᠰ》᠎ᠤᠨ ᠢᠨᠵᠧᠨᠧᠷᠢᠩ᠎ᠢ ᠡᠬᠢᠯᠡᠨ ᠬᠡᠷᠡᠭᠵᠢᠭᠦᠯᠵᠦ᠂ ᠣᠳᠣ ᠦᠶ᠎ᠡ ᠵᠢᠨ ᠴᠢᠮᠡᠭᠡ ᠬᠣᠯᠪᠣᠭ᠋ᠠᠨ᠎ᠤ ᠮᠡᠷᠭᠡᠵᠢᠯ᠎ᠢ ᠬᠡᠷᠡᠭᠯᠡᠨ᠂ ᠡᠯ᠎ᠡ ᠲᠥᠷᠥᠯ᠎ᠤᠨ ᠮᠡᠳᠡᠭᠡ ᠵᠠᠩᠭᠢ ᠵᠢᠨ 《ᠥᠨᠥᠴᠢᠨ ᠠᠷᠠᠯ》᠎ᠢ ᠬᠣᠯᠪᠣᠨ ᠨᠡᠪᠲᠡᠷᠡᠭᠦᠯᠵᠦ᠂ ᠪᠥᠬᠥ ᠣᠷᠣᠨ᠎ᠢ ᠪᠦᠷᠬᠦᠭᠰᠡᠨ᠂ ᠪᠣᠬᠢᠷᠲᠤᠯ ᠥᠬᠡᠶ ᠠᠮᠤᠷ ᠲᠦᠪᠰᠢᠨ᠂ ᠥᠷᠭᠡᠨ ᠳᠡᠯᠭᠡᠷ ᠬᠡᠷᠡᠭᠯᠡᠭᠡ᠎ᠲᠠᠢ ᠷᠠᠳᠢᠣ᠋ ᠲᠧᠯᠸᠢᠰ᠎ᠤᠨ ᠰᠦᠯᠵᠢᠶ᠎ᠡ ᠵᠢ ᠪᠠᠢ᠌ᠭᠤᠯᠪᠠ᠃ ᠮᠠᠨ᠎ᠤ ᠣᠷᠣᠨ ᠪᠥᠬᠥ ᠤᠯᠤᠰ᠎ᠤᠨ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠲᠤᠷᠰᠢᠯᠲᠠ ᠵᠢᠨ ᠴᠡᠭ᠎ᠤᠨ ᠮᠣᠵᠢ ᠣᠷᠣᠨ ᠪᠠ ᠪᠥᠬᠥ ᠤᠯᠤᠰ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠮᠣᠵᠢ ᠣᠷᠣᠨ ᠵᠶ᠋ᠠᠷ ᠲᠣᠭᠲᠠᠭ᠋ᠠᠭᠳᠠᠭᠰᠠᠨ᠎ᠠᠴᠠ ᠨᠠᠭ᠋ᠠᠰᠢ᠂ ᠬᠥᠯ ᠪᠥᠮᠪᠥᠭᠡ ᠵᠢᠨ ᠥᠭᠡᠷᠡᠴᠢᠯᠡᠯᠲᠡ ᠵᠢᠨ ᠠᠵᠢᠯᠯᠠᠭ᠋ᠠᠨ᠎ᠤ ᠲᠥᠯᠥᠪᠯᠡᠭᠡ ᠵᠢ ᠶᠡᠬᠡᠪᠡᠷ ᠬᠡᠷᠡᠭᠵᠢᠭᠦᠯᠵᠦ᠂ ᠪᠠᠲᠤᠯᠠᠬᠤ ᠰᠢᠰᠲᠸᠮᠵᠢ᠂ ᠤᠷᠤᠯᠳᠤᠭ᠋ᠠᠨ᠎ᠤ ᠰᠢᠰᠲ᠋ᠧᠮᠵᠢ᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲ᠋ᠧᠮᠵᠢ᠂ ᠪᠣᠯᠪᠠᠰᠤᠷᠠᠭᠤᠯᠤᠯ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠎ᠠ ᠠᠳᠬᠤᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ᠂ ᠨᠡᠶ᠋ᠢᠭᠡᠮ᠎ᠤᠨ ᠬᠥᠯ ᠪᠥᠮᠪᠥᠭᠡ᠂ ᠠᠵᠢᠯ ᠮᠡᠷᠭᠡᠵᠢᠯ᠎ᠤᠨ ᠬᠥᠯ ᠪᠥᠮᠪᠥᠭᠡ ᠵᠢᠨ ᠬᠠᠷᠢᠯᠴᠠᠨ ᠠᠬᠢᠭᠤᠯᠵᠤ ᠬᠠᠷᠢᠯᠴᠠᠨ ᠳᠠᠪᠰᠢᠬᠤ ᠬᠥᠭᠵᠢᠯᠲᠡ ᠵᠢᠨ ᠪᠠᠶ᠋ᠢᠷᠢᠰᠢᠯ᠎ᠢ ᠪᠤᠢ ᠪᠣᠯᠭ᠋ᠠᠵᠤ᠂ 《ᠬᠥᠯ ᠪᠥᠮᠪᠥᠭᠡ ᠵᠢᠨ ᠰᠤᠪᠠᠭ》᠎ᠢ ᠡᠭᠦᠳᠦᠨ ᠪᠠᠶ᠋ᠢᠭᠤᠯᠬᠤ ᠵᠢᠨ ᠬᠠᠮᠲᠤ ᠳᠠᠭ᠋ᠠᠭᠤᠯᠢ ᠣᠳᠣᠨ ᠵᠶ᠋ᠠᠷ ᠨᠡᠪᠲᠡᠷᠡᠭᠦᠯᠬᠦ ᠵᠢ ᠪᠡᠶᠡᠯᠡᠭᠦᠯᠵᠦ᠂ ᠬᠥᠯ ᠪᠥᠮᠪᠥᠭᠡ ᠵᠢᠨ ᠬᠥᠳᠡᠯᠭᠡᠭᠡᠨ᠎ᠤ ᠪᠥᠬᠥ ᠣᠷᠣᠨ᠎ᠳᠤ ᠥᠷᠨᠢᠩᠭᠦᠶ ᠬᠥᠭᠵᠢᠬᠦ ᠵᠢ ᠠᠬᠢᠭᠤᠯᠪᠠ᠃ ᠲᠦᠷᠦᠭᠦᠬᠡᠨ ᠲᠡᠭᠦᠰᠦᠭᠰᠡᠨ ᠬᠣᠶᠠᠳᠤᠭ᠋ᠠᠷ ᠬᠤᠭᠤᠴᠠᠭ᠋ᠠᠨ᠎ᠤ ᠵᠠᠯᠠᠭᠤᠴᠤᠳ᠎ᠤᠨ ᠲᠠᠮᠢᠷ᠎ᠤᠨ ᠤᠷᠤᠯᠳᠤᠭ᠋ᠠᠨ᠎ᠤ ᠬᠥᠯ ᠪᠥᠮᠪᠥᠭᠡ ᠵᠢᠨ ᠤᠷᠤᠯᠳᠤᠭ᠋ᠠᠨ᠎ᠳᠤ ᠮᠠᠨ᠎ᠤ ᠣᠷᠣᠨ 4 ᠠᠯᠲᠠᠨ ᠮᠧᠳᠠᠯ ᠣᠯᠵᠤ᠂ ᠪᠥᠬᠥ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠶ ᠤᠷᠤᠯᠳᠤᠭ᠋ᠠᠨ᠎ᠤ ᠬᠠᠮᠤᠭ᠎ᠤᠨ ᠰᠠᠶ᠋ᠢᠨ ᠬᠢᠷᠢ ᠪᠦᠲᠦᠮᠵᠢ ᠵᠢ ᠡᠭᠦᠳᠪᠡ᠃
70 ᠵᠢᠯ᠎ᠤᠨ ᠲᠤᠷᠰᠢ᠂ ᠪᠢᠳᠡ ᠴᠥᠬᠥᠷᠡᠰᠢ ᠦᠭᠡᠢ᠎ᠪᠠᠷ ᠣᠨᠴᠠᠯᠢᠭ ᠵᠶ᠋ᠠᠨ ᠠᠳᠬᠤᠵᠤ᠂ ᠳᠠᠪᠠᠭᠤᠯᠢᠭ ᠵᠶ᠋ᠠᠨ ᠴᠢᠩᠭ᠋ᠠᠳᠬᠠᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠴᠢᠩᠭ᠋ᠠᠷᠠᠪᠠ᠃ ᠨᠢᠭᠡ᠎ᠳᠤ᠂ ᠤᠯᠠᠭ᠋ᠠᠨᠮᠥ᠋ᠴᠢᠷ᠎ᠨᠢ ᠥᠪᠥᠷ ᠮᠣᠩᠭᠣᠯ᠎ᠳᠤ ᠣᠨᠴᠠ ᠪᠠᠢ᠌ᠳᠠᠭ ᠰᠣᠶᠣᠯ᠎ᠤᠨ ᠲᠡᠮᠳᠡᠭ ᠪᠣᠯᠪᠠ᠃ 1957 ᠣᠨ᠎ᠳᠤ ᠤᠤᠭ᠋ᠠᠨ ᠤᠯᠠᠭ᠋ᠠᠨᠮᠥ᠋ᠴᠢᠷ ᠪᠠᠶ᠋ᠢᠭᠤᠯᠤᠭᠳᠠᠭᠰᠠᠨ᠎ᠠᠴᠠ ᠣᠳᠣ ᠪᠣᠯᠲᠠᠯ᠎ᠠ᠂ ᠪᠦᠬᠦ ᠣᠷᠣᠨ᠎ᠤ ᠤᠯᠠᠭ᠋ᠠᠨᠮᠥ᠋ᠴᠢᠷ ᠬᠥᠭᠵᠢᠭᠡᠳ 75 ᠪᠣᠯᠵᠤ᠂ 3000 ᠰᠢᠬᠠᠮ ᠭᠡᠰᠢᠭᠦᠨ᠎ᠲᠠᠢ ᠪᠤᠯᠪᠠ᠂ ᠦᠶ᠎ᠡ ᠦᠶ᠎ᠡ ᠵᠢᠨ ᠤᠯᠠᠭ᠋ᠠᠨᠮᠥ᠋ᠴᠢᠷ᠎ᠤᠨ ᠭᠡᠰᠢᠭᠦᠳ ᠴᠠᠰᠤ ᠰᠢᠭᠤᠷᠭ᠎ᠠ ᠵᠢ ᠤᠭᠲᠤᠨ᠂ ᠬᠠᠯᠠᠭᠤᠨ ᠬᠦᠢ᠍ᠲᠡᠨ᠎ᠢ ᠰᠥᠷᠴᠦ᠂ ᠤᠷᠳᠤ ᠬᠤᠭᠤᠴᠠᠭ᠎ᠠ᠎ᠪᠠᠷ ᠭᠣᠪᠢ᠂ ᠲᠠᠯ᠎ᠠ ᠨᠤᠲᠤᠭ ᠳᠡᠭᠡᠷ᠎ᠡ ᠠᠶᠠᠯᠠᠨ ᠶᠠᠪᠤᠵᠤ᠂ ᠬᠦᠬᠡ ᠲᠩᠷᠢ᠎ᠪᠠᠷ ᠬᠥᠰᠢᠭᠡ᠎ᠪᠠᠨ ᠪᠣᠯᠭ᠋ᠠᠵᠤ᠂ ᠬᠦᠷᠦᠰᠦᠲᠦ ᠭᠠᠵᠠᠷ ᠵᠶ᠋ᠠᠷ ᠲᠠᠪᠴᠠᠩ ᠪᠣᠯᠭ᠋ᠠᠵᠤ᠂ ᠥᠷᠭᠡᠨ ᠣᠯᠠᠨ ᠮᠠᠯᠴᠢᠨ ᠲᠠᠷᠢᠶᠠᠴᠢᠨ᠎ᠳᠤ ᠪᠠᠶᠠᠷ ᠪᠠᠶᠠᠰᠤᠯ ᠪᠠ ᠪᠣᠯᠪᠠᠰᠤᠨ᠎ᠢ ᠬᠦᠷᠭᠡᠨ ᠥᠭᠴᠦ᠂ ᠨᠠᠮ᠎ᠤᠨ ᠳᠠᠭᠤᠨ ᠪᠠ ᠬᠠᠶ᠋ᠢᠷ᠎ᠠ ᠬᠠᠯᠠᠮᠵᠢ ᠵᠢ ᠳᠠᠮᠵᠢᠭᠤᠯᠵᠤ᠂ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠡᠷᠬᠢᠮ ᠳᠡᠭᠡᠳᠦ ᠢᠷᠠᠭᠤ ᠠᠯᠳᠠᠷ᠎ᠢ ᠣᠯᠵᠤ᠂ ᠪᠦᠬᠦ ᠤᠯᠤᠰ᠎ᠤᠨ ᠤᠳᠬ᠎ᠠ ᠤᠷᠠᠯᠢᠭ᠎ᠤᠨ ᠹᠷᠣᠨᠲ᠎ᠤᠨ ᠨᠢᠭᠡᠨ ᠲᠤᠭ ᠪᠣᠯᠤᠭᠰᠠᠨ ᠪᠠᠶ᠋ᠢᠨ᠎ᠠ᠃ 2017 ᠤᠨ᠎ᠤ 11 ᠳ᠋ᠣᠭᠡᠷ ᠰᠠᠷ᠎ᠠ ᠵᠢᠨ 21᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠰᠥᠨᠢᠳ ᠪᠠᠷᠠᠭᠤᠨ ᠬᠣᠰᠢᠭᠤᠨ᠎ᠤ ᠤᠯᠠᠭ᠋ᠠᠨᠮᠥ᠋ᠴᠢᠷ᠎ᠤᠨ ᠭᠡᠰᠢᠭᠦᠳ᠎ᠲᠤ ᠬᠠᠷᠢᠭᠤ ᠵᠠᠬᠢᠳᠠᠯ ᠢᠯᠡᠭᠡᠵᠦ᠂ ᠤᠯᠠᠭ᠋ᠠᠨᠮᠥ᠋ᠴᠢᠷ᠎ᠤᠨ ᠭᠡᠰᠢᠭᠦᠳ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠵᠤ᠂ ᠠᠮᠢᠳᠤᠷᠠᠯ᠎ᠤᠨ ᠰᠢᠮᠡᠯᠢᠭ ᠬᠥᠷᠥᠰᠥᠨ᠎ᠳᠤ ᠦᠨᠳᠦᠰᠦᠯᠡᠵᠦ᠂ ᠮᠠᠯᠴᠢᠨ ᠲᠦᠮᠡᠨ᠎ᠳᠤ ᠦᠢ᠍ᠯᠡᠴᠢᠯᠡᠵᠦ᠂ ᠤᠳᠬ᠎ᠠ ᠤᠷᠠᠯᠢᠭ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠣᠯᠠᠨ ᠲᠦᠮᠡᠨ᠎ᠲᠠᠢ ᠣᠢ᠌ᠷᠠᠳᠤᠭᠰᠠᠨ᠂ ᠣᠯᠠᠨ ᠲᠦᠮᠡᠨ᠎ᠤ ᠳᠤᠮᠳᠠ ᠳᠡᠯᠭᠡᠷᠡᠵᠦ ᠦᠯᠡᠳᠡᠵᠦ ᠲᠡᠢ᠌ᠯᠬᠦ ᠨᠠᠩ ᠣᠯᠠᠨ ᠰᠢᠯᠢᠳᠡᠭ ᠪᠦᠲᠦᠭᠡᠯ᠎ᠢ ᠴᠢᠷᠮᠠᠶ᠋ᠢᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠤᠭ᠋ᠠᠷᠠᠢ ᠭᠡᠵᠦ ᠵᠤᠷᠢᠭᠵᠢᠭᠤᠯᠪᠠ᠃ ᠡᠨᠡ ᠪᠣᠯ ᠤᠯᠠᠭ᠋ᠠᠨᠮᠥ᠋ᠴᠢᠷ᠎ᠤᠨ ᠬᠥᠭᠵᠢᠯᠲᠡ ᠵᠢᠨ ᠲᠡᠤᠬᠡᠨ ᠳᠡᠭᠡᠷᠡᠬᠢ ᠯᠤᠲᠤ ᠶᠡᠬᠡ ᠠᠴᠢ ᠬᠣᠯᠪᠣᠭᠳᠠᠯ᠎ᠲᠠᠢ ᠶᠡᠬᠡ ᠶᠠᠪᠤᠳᠠᠯ ᠪᠣᠯᠤᠨ᠎ᠠ᠃ ᠶᠡᠷᠦᠩᠬᠡᠶ ᠱᠦᠵᠢ ᠵᠢᠨ ᠬᠠᠷᠢᠭᠤ ᠵᠠᠬᠢᠳᠠᠯ ᠤᠯᠠᠭ᠋ᠠᠨᠮᠥ᠋ᠴᠢᠷ᠎ᠤᠨ ᠭᠡᠰᠢᠭᠦᠳ ᠪᠣᠯᠤᠨ ᠥᠷᠭᠡᠨ ᠣᠯᠠᠨ ᠰᠣᠶᠣᠯ᠎ᠤᠨ ᠹᠷᠣᠨᠲ᠎ᠤᠨ ᠠᠵᠢᠯᠲᠠᠳ᠎ᠲᠤ ᠲᠦᠢ᠍ᠯ᠎ᠤᠨ ᠶᠡᠬᠡ ᠵᠣᠷᠢᠭᠵᠢᠭᠤᠯᠤᠯ ᠪᠣᠯᠵᠤ᠂ ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠰᠣᠶᠣᠯ ᠤᠷᠠᠯᠢᠭ᠎ᠤᠨ ᠪᠦᠯᠬᠦᠮ᠎ᠤᠨ᠎ᠬᠢᠨ ᠶᠡᠷᠦᠩᠬᠡᠶ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠮᠠᠯᠵᠢᠬᠤ ᠣᠷᠣᠨ᠂ ᠨᠡᠶ᠋ᠢᠭᠡᠮ ᠲᠣᠭᠣᠷᠢᠭ᠂ ᠰᠤᠷᠭ᠋ᠠᠭᠤᠯᠢ᠂ ᠨᠢᠭᠡᠴᠢ᠂ ᠦᠢ᠍ᠯᠡᠳᠪᠦᠷᠢ ᠠᠭᠤᠷᠬᠠᠶ᠂ ᠬᠢᠯᠢ ᠵᠢᠨ ᠬᠠᠮᠠᠭ᠋ᠠᠯᠠᠯᠲᠠ᠎ᠳᠤ ᠣᠴᠢᠵᠤ᠂ 《ᠵᠢᠷᠭᠤᠭ᠎ᠠ᠎ᠳᠤ ᠣᠴᠢᠬᠤ》 ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠪᠡ᠃ 2018 ᠣᠨ᠎ᠳᠤ ᠵᠥᠪᠬᠡᠨ ᠤᠯᠠᠭ᠋ᠠᠨᠮᠥ᠋ᠴᠢᠷ᠎ᠤᠨ᠎ᠬᠢᠨ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢ 7000 ᠭᠠᠷᠤᠶ ᠤᠳᠠᠭ᠎ᠠ ᠪᠡᠶᠡᠯᠡᠭᠦᠯᠵᠡᠶ᠃ ᠡᠨᠡ ᠵᠢᠯ᠂ ᠪᠢᠳᠡ ᠤᠯᠠᠭ᠋ᠠᠨᠮᠥ᠋ᠴᠢᠷ᠎ᠤᠨ ᠰᠣᠯᠢᠯᠴᠠᠭ᠎ᠠ ᠲᠣᠭᠯᠠᠯᠲᠠ ᠵᠢᠨ ᠠᠵᠢᠯᠯᠠᠭ᠎ᠠ ᠪᠠ ᠨᠠᠢ᠍ᠮᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠪᠠᠶᠠᠷ᠎ᠢ ᠡᠷᠬᠢᠯᠡᠪᠡ᠃ 《ᠬᠠᠤᠯᠢᠵᠢᠯ᠎ᠤᠨ ᠤᠯᠠᠭ᠋ᠠᠨᠮᠥ᠋ᠴᠢᠷ》᠂ 《ᠡᠮᠡᠭᠲᠡᠢ᠌ᠴᠦᠳ᠎ᠤᠨ ᠤᠯᠠᠭ᠋ᠠᠨᠮᠥ᠋ᠴᠢᠷ》᠂ 《ᠲᠡᠮᠦᠷ ᠵᠠᠮ᠎ᠤᠨ ᠤᠯᠠᠭ᠋ᠠᠨᠮᠥ᠋ᠴᠢᠷ》᠂ 《ᠵᠢᠵᠢᠭᠬᠡᠨ ᠤᠯᠠᠭ᠋ᠠᠨᠮᠥ᠋ᠴᠢᠷ》 ᠵᠡᠷᠭᠡ ᠠᠵᠢᠯ ᠵᠢᠨ ᠴᠢᠯᠥᠭᠡᠨ᠎ᠤ ᠤᠯᠠᠭ᠋ᠠᠨᠮᠥ᠋ᠴᠢᠷ᠎ᠤᠨ ᠡᠩᠨᠡᠭᠡ᠎ᠨᠢ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ᠂ ᠦᠨᠳᠦᠰᠦᠨ ᠱᠠᠲᠤᠨ᠎ᠤ ᠰᠣᠶᠣᠯ᠎ᠤᠨ ᠠᠮᠢᠳᠤᠷᠠᠯ᠎ᠢ ᠬᠥᠭᠵᠢᠶᠡᠨᠲᠡᠶ ᠪᠣᠯᠭ᠋ᠠᠬᠤ᠂ ᠠᠷᠠᠳ ᠣᠯᠠᠨ᠎ᠳᠤ ᠦᠢ᠍ᠯᠡᠴᠢᠯᠡᠬᠦ ᠰᠢᠨ᠎ᠡ ᠬᠦᠴᠦᠨ ᠪᠣᠯᠪᠠ᠃
ᠬᠣᠶᠠᠷ᠎ᠲᠤ᠂ ᠨᠢᠭᠡ ᠪᠦᠯᠦᠭ ᠣᠯᠠᠨ ᠨᠡᠢ᠍ᠢ᠍ᠲᠡ ᠵᠢᠨ ᠰᠣᠶᠣᠯ᠎ᠤᠨ ᠨᠡᠷᠡᠲᠦ ᠲᠡᠮᠳᠡᠭ᠎ᠢ ᠡᠭᠦᠳᠪᠡ᠃ ᠳᠠᠪᠠᠭᠤᠯᠢᠭ᠎ᠲᠤ᠎ᠪᠠᠨ ᠰᠠᠭᠤᠷᠢᠯᠠᠬᠤ ᠵᠢ ᠪᠠᠷᠢᠮᠲᠠᠯᠠᠨ᠂ ᠤᠯᠠᠮᠵᠢᠯᠠᠯ ᠬᠢᠭᠡᠳ ᠤᠳᠤ ᠦᠶ᠎ᠡ ᠵᠢᠨ᠎ᠬᠢ ᠵᠢ ᠤᠶᠠᠯᠳᠤᠭᠤᠯᠵᠤ᠂ ᠡᠯ᠎ᠡ ᠲᠥᠷᠥᠯ᠎ᠤᠨ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠵᠠᠯᠭ᠋ᠠᠭ᠎ᠠ᠎ᠪᠠᠷ 1000 ᠭᠠᠷᠤᠶ ᠵᠦᠢ᠍ᠯ ᠭᠠᠷᠭ᠋ᠠᠵᠤ᠂ ᠣᠨᠴᠠᠯᠢᠬ᠍ᠵᠢᠭᠰᠠᠨ᠂ ᠨᠡᠷᠡᠲᠦ ᠲᠡᠮᠳᠡᠭᠵᠢᠭᠰᠡᠨ᠂ ᠬᠡᠪᠴᠢᠶᠡᠵᠢᠭᠰᠡᠨ ᠰᠣᠶᠣᠯ᠎ᠤᠨ ᠠᠵᠢᠯᠯᠠᠭ᠎ᠠ ᠵᠢᠨ ᠵᠦᠢ᠍ᠯᠡᠰ᠎ᠢ 189 ᠪᠤᠢ ᠪᠣᠯᠭ᠋ᠠᠪᠠ᠃ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠶ᠋ᠢᠷ᠂ ᠬᠦᠬᠡᠬᠤᠲᠠ ᠵᠢᠨ ᠵᠤᠤ ᠵᠢᠶᠦ᠋ᠨ ᠰᠣᠶᠣᠯ᠎ᠤᠨ ᠨᠠᠶ᠋ᠢᠷ᠂ ᠪᠤᠭᠤᠲᠤ ᠵᠢᠨ ᠯᠦ᠍ ᠴᠧᠩ ᠰᠣᠶᠣᠯ᠎ᠤᠨ ᠨᠠᠶ᠋ᠢᠷ᠂ ᠵᠢᠷᠢᠮ᠎ᠤᠨ ᠮᠣᠷᠢ ᠤᠷᠤᠯᠳᠤᠬᠤ ᠨᠠᠶ᠋ᠢᠷ᠂ ᠦᠬᠠᠶ ᠬᠣᠲᠠ ᠵᠢᠨ ᠠᠭᠤᠳᠠᠮ ᠲᠠᠯᠠᠪᠠᠢ ᠵᠢᠨ ᠰᠣᠶᠣᠯ ᠤᠷᠠᠯᠢᠭ᠎ᠤᠨ ᠨᠠᠶ᠋ᠢᠷ᠂ ᠤᠯᠠᠭ᠋ᠠᠨᠬᠠᠳᠠ ᠵᠢᠨ ᠬᠤᠩᠱ᠌ᠠᠨ ᠰᠣᠶᠣᠯ᠎ᠤᠨ ᠨᠠᠶ᠋ᠢᠷ᠂ ᠡᠵᠡᠨ᠎ᠡ ᠵᠢᠨ ᠲᠣᠤᠷᠠᠶ ᠵᠢᠨ ᠨᠠᠶ᠋ᠢᠷ᠂ ᠲᠠᠯ᠎ᠠ ᠨᠤᠲᠤᠭ᠎ᠤᠨ ᠳᠠᠭᠤᠤ ᠬᠥᠭᠵᠢᠮ᠎ᠤᠨ ᠨᠠᠶ᠋ᠢᠷ ᠵᠡᠷᠭᠡ ᠣᠯᠠᠨ ᠨᠡᠢ᠍ᠢ᠍ᠲᠡ ᠵᠢᠨ ᠰᠣᠶᠣᠯ᠎ᠤᠨ ᠨᠡᠷᠡᠲᠦ ᠲᠥᠷᠥᠯ ᠲᠡᠮᠳᠡᠭᠲᠦ ᠵᠢᠨ ᠠᠯᠳᠠᠷᠰᠢᠯ ᠪᠠ ᠢᠷᠠᠭᠤ ᠠᠯᠳᠠᠷ᠎ᠤᠨ ᠬᠡᠮᠵᠢᠶ᠎ᠡ᠂ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ᠃ 《ᠷᠢᠳᠢ ᠰᠢᠳᠢ᠎ᠲᠠᠢ ᠤᠷᠠᠳ》 ᠪᠠᠷᠠᠭᠤᠨ ᠣᠷᠣᠨ᠎ᠤ ᠠᠷᠠᠳ᠎ᠤᠨ ᠳᠠᠭᠤᠤ ᠵᠢᠨ ᠴᠤᠭᠯᠠᠭ᠋ᠠᠨ 《2017 ᠣᠨ᠎ᠤ ᠪᠦᠬᠦ ᠤᠯᠤᠰ᠎ᠤᠨ ᠰᠣᠶᠣᠯ᠎ᠤᠨ ᠣᠷᠳᠤᠨ ᠦᠷᠲᠡᠭᠡ ᠵᠢᠨ ᠰᠢᠯᠢᠳᠡᠭ ᠣᠯᠠᠨ ᠲᠦᠮᠡᠨ᠎ᠤ ᠰᠣᠶᠣᠯ᠎ᠤᠨ ᠨᠡᠷᠡᠲᠦ ᠳᠡᠮᠳᠡᠭ》 ᠵᠶ᠋ᠠᠷ ᠰᠤᠩᠭᠤᠭᠳᠠᠪᠠ᠃ 29 ᠳ᠋ᠣᠭᠡᠷ ᠬᠤᠭᠤᠴᠠᠭ᠋ᠠᠨ᠎ᠤ ᠵᠤᠨ᠎ᠤ ᠤᠯᠠᠷᠢᠯ᠎ᠤᠨ ᠵᠢᠭᠤᠯᠴᠢᠯᠠᠯ᠎ᠤᠨ ᠨᠠᠭ᠋ᠠᠳᠤᠮ᠂ 16 ᠳ᠋ᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠨᠠᠭ᠋ᠠᠳᠤᠮ ᠪᠠ 9 ᠳ᠋ᠤᠭᠡᠷ ᠬᠤᠭᠤᠴᠠᠭ᠋ᠠᠨ᠎ᠤ ᠪᠦᠬᠦ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠵᠠᠯᠭ᠋ᠠᠭ᠎ᠠ᠎ᠪᠠᠷ ᠡᠷᠬᠢᠯᠡᠵᠦ᠂ ᠬᠣᠶᠠᠳᠤᠭ᠋ᠠᠷ ᠬᠤᠭᠤᠴᠠᠭ᠋ᠠᠨ᠎ᠤ ᠪᠠ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠵᠡᠢ᠃ 《ᠪᠠᠶᠠᠷ ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠣᠯ》 ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠮᠢᠷ᠎ᠤᠨ ᠴᠤᠭᠯᠠᠭ᠋ᠠᠨ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ᠎ᠤᠨ ᠠᠶᠠᠯᠠᠯ ᠵᠡᠷᠭᠡ᠎ᠨᠢ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠨᠡᠷᠡᠲᠦ ᠲᠡᠮᠳᠡᠭ᠎ᠤᠨ ᠠᠵᠢᠯᠯᠠᠭ᠎ᠠ ᠪᠣᠯᠵᠠᠶ᠃ ᠶᠡᠷᠦᠩᠬᠡᠶ ᠱᠦᠵᠢ ᠵᠢᠨ 《ᠭᠤᠷᠪᠠᠨ ᠳ᠋ᠦᠩᠰᠢᠭᠤᠷ ᠬᠥᠮᠦᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ》 ᠤᠷᠢᠶᠠᠯᠠᠭ᠎ᠠ ᠵᠢ ᠢᠳᠡᠪᠬᠢᠲᠡᠢ ᠴᠤᠤᠷᠢᠶᠠᠲᠤᠨ ᠳᠠᠭ᠋ᠠᠵᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠡᠷᠬᠢᠯᠡᠬᠦ᠎ᠪᠠᠷ ᠳᠠᠮᠵᠢᠨ᠂ ᠮᠥᠰᠥ ᠴᠠᠰᠤᠨ᠎ᠤ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠦᠨ᠎ᠡ᠃ ᠥᠨᠥᠳᠥᠷ᠎ᠠᠴᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠡᠬᠢᠯᠡᠬᠦ ᠪᠣᠯᠲᠠᠯ᠎ᠠ 158 ᠡᠳᠦᠷ᠎ᠤᠨ ᠵᠠᠢ ᠪᠠᠢ᠌ᠨ᠎ᠠ᠂ ᠪᠢ ᠡᠨᠳᠡ ᠲᠠ ᠨᠠᠷ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠰᠣᠷᠪᠤᠯᠵᠢᠯᠠᠵᠤ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠣᠷᠭᠢᠯᠤᠮ᠎ᠠ ᠰᠡᠳᠬᠢᠯᠭᠡ ᠪᠠ ᠣᠮᠣᠭᠯᠠᠩ ᠪᠢᠯᠬᠠᠮ᠎ᠠ ᠠᠭᠤᠷ ᠠᠮᠢᠰᠬᠤᠯ᠎ᠳᠤ ᠪᠡᠶ᠎ᠡ᠎ᠪᠠᠷ ᠵᠶ᠋ᠠᠨ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃
ᠭᠤᠷᠪᠠ᠎ᠳᠤ᠂ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠪᠠ ᠭᠠᠳᠠᠭᠰᠢ ᠨᠡᠭᠡᠭᠡᠯᠲᠡ ᠬᠢᠬᠦ ᠵᠢ ᠬᠦᠴᠦᠲᠡᠶ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠶᠠᠫᠣᠨ᠂ ᠣᠷᠣᠰ᠂ ᠮᠣᠩᠭᠣᠯ᠂ ᠡᠨᠡᠳᠬᠡᠭ᠂ ᠺᠣᠷᠢᠶᠠ᠂ ᠠᠮᠧᠷᠢᠺᠠ᠂ ᠢᠲ᠋ᠠᠯᠢ ᠵᠡᠷᠭᠡ 40 ᠭᠠᠷᠤᠶ ᠤᠯᠤᠰ ᠪᠠ ᠭᠠᠵᠠᠷ ᠣᠷᠣᠨ᠎ᠯᠤᠭ᠎ᠠ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠲᠣᠭᠲᠠᠴᠠ ᠵᠢ ᠪᠠᠢ᠌ᠭᠤᠯᠵᠤ᠂ ᠤᠷᠠᠯᠢᠭ᠎ᠤᠨ ᠰᠣᠯᠢᠯᠴᠠᠭ᠎ᠠ ᠲᠣᠭᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠦᠯᠭᠡ᠂ ᠦᠨᠳᠦᠰᠦᠲᠡᠨ᠎ᠤ ᠰᠣᠶᠣᠯ᠎ᠤᠨ ᠪᠣᠯᠪᠠᠰᠤᠷᠠᠯ ᠵᠡᠷᠭᠡ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠳᠡᠯᠡᠬᠡᠶ ᠳ᠋ᠠᠬᠢᠨ᠎ᠳᠤ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠰᠢᠨ᠎ᠡ ᠠᠮᠵᠢᠯᠲᠠ᠂ ᠰᠢᠨ᠎ᠡ ᠬᠥᠭᠵᠢᠯᠲᠡ᠂ ᠰᠢᠨ᠎ᠡ ᠪᠠᠢ᠌ᠳᠠᠯ ᠵᠡᠷᠭᠡ ᠵᠢ ᠳᠡᠯᠭᠡᠨ ᠦᠵᠡᠭᠦᠯᠵᠡᠶ᠃ ᠲᠣᠷᠭ᠋ᠠᠨ᠎ᠤ ᠵᠠᠮ᠎ᠤᠨ ᠺᠢᠨᠣ᠋ ᠲᠧᠯᠸᠢᠰ ᠬᠥᠭᠥᠷᠭᠡ ᠵᠢᠨ ᠢᠨᠵᠧᠨᠧᠷᠢᠩ ᠪᠠ ᠨᠠᠬᠢᠶ᠎ᠠ ᠳᠤᠮᠳᠠᠳᠤ ᠮᠣᠩᠭᠣᠯ᠎ᠤᠨ ᠬᠡᠪᠯᠡᠯ᠎ᠤᠨ ᠰᠣᠯᠢᠯᠴᠠᠭ᠋ᠠᠨ᠎ᠤ ᠢᠨᠵᠧᠨᠧᠷᠢᠩ᠎ᠢ ᠬᠡᠷᠡᠭᠵᠢᠭᠦᠯᠵᠦ᠂ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠠ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠭᠦᠳᠦᠨ ᠪᠠᠶ᠋ᠢᠭᠤᠯᠵᠤ᠂ ᠲᠦᠮᠡᠨ ᠭᠠᠵᠠᠷ᠎ᠤᠨ ᠴᠠᠢ ᠵᠢᠨ ᠵᠠᠮ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠋ᠠᠨ᠎ᠳᠤ ᠢᠳᠡᠪᠬᠢᠲᠡᠢ ᠣᠷᠣᠯᠴᠠᠵᠤ᠂ ᠬᠣᠶᠠᠷ ᠬᠤᠭᠤᠴᠠᠭ᠋ᠠᠨ᠎ᠤ ᠷᠠᠰᠢᠶᠠᠨ᠎ᠤ ᠶᠠᠷᠢᠶᠠᠨ᠎ᠤ ᠲᠠᠪᠴᠠᠩ᠂ ᠭᠤᠷᠪᠠᠨ ᠬᠤᠭᠤᠴᠠᠭ᠋ᠠᠨ᠎ᠤ ᠳᠤᠮᠳᠠᠳᠤ ᠮᠣᠩᠭᠣᠯ᠎ᠤᠨ ᠦᠵᠡᠰᠬᠦᠯᠡᠩ᠎ᠤᠨ ᠴᠤᠭᠯᠠᠭ᠋ᠠᠨ᠂ 21 ᠳ᠋ᠤᠭᠡᠷ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠮᠡᠷᠭᠡᠳ᠎ᠤᠨ ᠲᠠᠪᠴᠠᠩ᠎ᠢ ᠵᠠᠯᠭ᠋ᠠᠭ᠎ᠠ᠎ᠪᠠᠷ ᠡᠷᠬᠢᠯᠡᠪᠡ᠃ 2018 ᠣᠨ᠎ᠳᠤ ᠤᠷᠠᠯᠢᠭ᠎ᠤᠨ ᠪᠦᠯᠬᠦᠮ᠎ᠢ ᠰᠣᠩᠭᠣᠨ ᠲᠣᠮᠢᠯᠠᠵᠤ ᠸᠢᠶᠧᠲᠨᠠᠮ᠂ ᠰᠯᠤᠸᠠᠺᠢᠶ᠎ᠠ᠂ ᠭᠧᠷᠮᠠᠨ ᠵᠡᠷᠭᠡ 11 ᠤᠯᠤᠰ ᠪᠠ ᠭᠠᠵᠠᠷ ᠣᠷᠣᠨ᠎ᠳᠤ 《ᠪᠠᠶᠠᠷ ᠪᠠᠶᠠᠰᠬᠤᠯᠠᠩᠲᠤ ᠴᠠᠭ᠋ᠠᠨ ᠰᠠᠷ᠎ᠠ》 ᠵᠢᠨ ᠰᠣᠶᠣᠯ᠎ᠤᠨ ᠰᠣᠯᠢᠯᠴᠠᠭ᠎ᠠ ᠪᠠ ᠲᠠᠨᠢᠯᠴᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ 52 ᠲᠠᠯᠠᠪᠤᠷ ᠤᠳᠠᠭ᠎ᠠ ᠲᠣᠭᠯᠠᠯᠲᠠ ᠭᠠᠷᠭ᠋ᠠᠵᠤ᠂ ᠦᠵᠡᠭᠴᠢᠳ 100 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠴᠡᠶ᠃ ᠳᠤᠮᠳᠠᠳᠤ ᠮᠣᠩᠭᠣᠯ᠂ ᠳᠤᠮᠳᠠᠳᠤ ᠣᠷᠣᠰ᠎ᠤᠨ ᠬᠠᠷᠢᠯᠴᠠᠭ᠎ᠠ ᠪᠠᠶ᠋ᠢᠭᠤᠯᠤᠭᠰᠠᠨ 70 ᠵᠢᠯ᠎ᠤᠨ ᠤᠢ ᠵᠢ ᠳᠤᠷᠠᠰᠬᠠᠬᠤ ᠵᠢᠨ ᠲᠣᠭᠣᠷᠢᠨ᠎ᠳᠤ᠂ ᠣᠷᠣᠰ ᠮᠣᠩᠭᠣᠯ᠎ᠳᠤ ᠰᠢᠷᠢᠰ ᠰᠣᠶᠣᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠤᠮᠳᠠᠳᠤ ᠮᠣᠩᠭᠣᠯ ᠣᠷᠣᠰ ᠭᠤᠷᠪᠠᠨ ᠤᠯᠤᠰ᠎ᠤᠨ ᠰᠣᠶᠣᠯ ᠵᠢᠭᠤᠯᠴᠢᠯᠠᠯ᠎ᠤᠨ ᠰᠠᠢ᠌ᠳ ᠨᠠᠷ᠎ᠤᠨ ᠬᠤᠷᠠᠯ᠎ᠢ ᠳᠠᠭ᠋ᠠᠭ᠋ᠠᠴᠢᠯᠠᠨ ᠡᠷᠬᠢᠯᠡᠵᠦ᠂ ᠮᠠᠨᠵᠤᠤᠷ ᠪᠥᠬᠥ ᠤᠯᠤᠰ᠎ᠤᠨ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ ᠪᠠ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ ᠪᠣᠯᠪᠠ᠃
70 ᠵᠢᠯ᠎ᠤᠨ ᠲᠤᠷᠰᠢ᠂ ᠪᠢᠳᠡ ᠪᠠᠲᠤᠯᠠᠭ᠎ᠠ ᠵᠢ ᠴᠥᠬᠥᠷᠡᠰᠢ ᠦᠭᠡᠢ ᠠᠳᠬᠤᠵᠤ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠪᠠᠢ᠌ᠭᠤᠯᠤᠮᠵᠢ ᠵᠢᠨ ᠲᠣᠭᠲᠠᠴᠠ ᠡᠳᠦᠷ ᠢᠷᠡᠬᠦᠶ᠎ᠡ ᠲᠡᠭᠦᠯᠳᠡᠷᠵᠢᠪᠡ᠃ ᠨᠢᠭᠡ᠎ᠳᠤ᠂ ᠲᠥᠷᠦ ᠵᠢᠨ ᠪᠣᠳᠣᠯᠭ᠎ᠠ ᠵᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠴᠢᠩᠭ᠋ᠠᠳᠬᠠᠬᠤ ᠵᠢ ᠴᠢᠬᠤᠯᠠᠴᠢᠯᠠᠵᠤ᠂ 《ᠣᠳᠣ ᠦᠶ᠎ᠡ ᠵᠢᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠬᠤ ᠲᠤᠬᠠᠶ ᠬᠡᠷᠡᠭᠵᠢᠭᠦᠯᠬᠦ ᠰᠠᠨᠠᠯ》᠂ 《ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠴᠢᠨᠠᠷᠲᠠᠶ ᠰᠣᠶᠣᠯ᠎ᠤᠨ ᠦᠢ᠍ᠯᠡᠴᠢᠯᠡᠭᠡᠨ᠎ᠤ ᠲᠥᠪ᠎ᠤᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠂ 《ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠦᠨᠡᠯᠡᠵᠦ ᠰᠢᠯᠭ᠋ᠠᠨ ᠬᠢᠨᠠᠬᠤ ᠠᠷᠭ᠎ᠠ》᠂ 《ᠨᠡᠶ᠋ᠢᠭᠡᠮ ᠲᠣᠭᠣᠷᠢᠭ ᠬᠢᠭᠡᠳ ᠪᠠᠶ᠋ᠢᠭᠤᠯᠭ᠎ᠠ ᠨᠢᠭᠡᠴᠢ ᠵᠢᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠬᠠᠮᠲᠤ᠎ᠪᠠᠷ ᠪᠠᠢ᠌ᠭᠤᠯᠵᠤ ᠬᠠᠮᠳᠤᠪᠡᠷ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》᠂ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠢ ᠬᠠᠤᠯᠢ᠎ᠪᠠᠷ ᠵᠠᠰᠠᠬᠤ ᠵᠠᠮ᠎ᠳᠤ ᠣᠷᠣᠭᠤᠯᠬᠤ ᠵᠢ ᠠᠬᠢᠭᠤᠯᠪᠠ᠃ 2000 ᠣᠨ᠎ᠤ 8 ᠳ᠋ᠤᠭ᠋ᠠᠷ ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ 《ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠨᠣᠮ᠎ᠤᠨ ᠰᠠᠩ᠎ᠤᠨ ᠬᠠᠮᠢᠶᠠᠷᠤᠯᠲᠠ ᠵᠢᠨ ᠳᠦᠷᠢᠮ》᠎ᠢ ᠬᠢᠨᠠᠨ ᠵᠥᠪᠯᠡᠵᠦ ᠪᠠᠲᠤᠯᠠᠭ᠋ᠠᠳ᠂ ᠮᠠᠨ᠎ᠤ ᠣᠷᠣᠨ ᠪᠥᠬᠥ ᠤᠯᠤᠰ᠎ᠤᠨ ᠠᠩᠬᠠᠳᠠᠭᠴᠢ ᠣᠯᠠᠨ ᠨᠡᠢ᠍ᠢ᠍ᠲᠡ ᠵᠢᠨ ᠨᠣᠮ᠎ᠤᠨ ᠰᠠᠩ᠎ᠤᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠨᠡᠶ᠋ᠢᠲᠡᠯᠡᠭᠰᠡᠨ ᠮᠣᠵᠢ ᠣᠷᠣᠨ ᠪᠣᠯᠤᠭᠰᠠᠨ ᠪᠠᠶ᠋ᠢᠨ᠎ᠠ᠃ 《ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠳᠦᠷᠢᠮ》᠎ᠢ 《ᠳᠣᠯᠣᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠭᠣᠤᠯᠳᠠᠯᠭ᠎ᠠ ᠪᠣᠯᠭ᠋ᠠᠵᠤ᠂ 《ᠥᠪᠥᠷ ᠮᠣᠩᠭᠣᠯ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠲᠣᠭᠲᠠᠭ᠋ᠠᠬᠤ ᠲᠥᠯᠥᠪᠵᠢᠭᠦᠯᠭᠡ᠎ᠳᠤ ᠣᠷᠣᠭᠤᠯᠪᠠ᠃
ᠬᠣᠶᠠᠷ᠎ᠲᠤ᠂ ᠶᠡᠷᠦᠩᠬᠡᠶ᠋ᠢᠯᠡᠭᠰᠡᠨ ᠣᠷᠣᠭᠤᠯᠤᠯᠲᠠ ᠵᠢ ᠲᠠᠰᠤᠷᠠᠯᠲᠠ ᠦᠭᠡᠢ ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠬᠦ ᠵᠢ ᠠᠬᠢᠭᠤᠯᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠵᠢ ᠤᠷᠢᠳᠠᠪᠠᠷ ᠪᠠᠲᠤᠯᠠᠬᠤ ᠬᠡᠪᠴᠢᠶᠡᠨ᠎ᠳᠤ ᠣᠷᠣᠭᠤᠯᠵᠤ᠂ ᠣᠷᠣᠭᠤᠯᠤᠯᠲᠠ ᠵᠢᠨ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠪᠠ᠃ 1952 ᠣᠨ᠎ᠳᠤ᠂ ᠪᠦᠬᠦ ᠣᠷᠣᠨ᠎ᠤ ᠰᠣᠶᠣᠯ᠎ᠤᠨ ᠦᠢ᠍ᠯᠡᠰ᠎ᠤᠨ ᠡᠳ᠋᠎ᠤᠨ ᠵᠠᠰᠠᠭ᠎ᠤᠨ ᠵᠠᠷᠤᠯᠭ᠎ᠠ ᠵᠥᠪᠬᠡᠨ 200 ᠲᠦᠮᠡᠨ ᠲᠥᠭᠥᠷᠢᠭ ᠪᠠᠶ᠋ᠢᠵᠤ᠂ 2018 ᠣᠨ ᠪᠣᠯᠬᠤ᠎ᠳᠤ 94.3 ᠳ᠋ᠦᠩᠰᠢᠭᠤᠷ ᠲᠥᠭᠥᠷᠢᠭ᠎ᠲᠤ ᠬᠦᠷᠴᠡᠶ᠃ 1995 ᠣᠨ᠎ᠠᠴᠠ ᠣᠳᠣ ᠪᠣᠯᠲᠠᠯ᠎ᠠ᠂ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠬᠤᠨᠵᠢᠪᠤᠷᠢᠲᠤ ᠰᠤᠭᠤᠯᠤᠭ᠎ᠠ ᠵᠢ ᠨᠡᠶ᠋ᠢᠲᠡ 338.53 ᠳ᠋ᠦᠩᠰᠢᠭᠤᠷ ᠲᠥᠭᠥᠷᠢᠭ ᠪᠣᠷᠣᠯᠠᠭᠤᠯᠵᠤ᠂ ᠨᠡᠶ᠋ᠢᠲᠡ 91.99 ᠳ᠋ᠦᠩᠰᠢᠭᠤᠷ ᠲᠥᠭᠥᠷᠢᠭ᠎ᠤᠨ ᠨᠡᠢ᠍ᠢ᠍ᠲᠡ ᠵᠢᠨ ᠠᠰᠠᠷᠠᠮᠵᠢ ᠵᠢᠨ ᠮᠥᠩᠭᠥ ᠴᠤᠭᠯᠠᠭᠤᠯᠵᠤ᠂ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠪᠠ ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠠᠵᠢᠯᠯᠠᠭ᠎ᠠ ᠥᠷᠨᠢᠭᠦᠯᠬᠦ ᠵᠢ ᠬᠦᠴᠦᠲᠡᠶ ᠳᠠᠮᠵᠢᠪᠠ᠃
ᠭᠤᠷᠪᠠ᠎ᠳᠤ᠂ ᠡᠩᠨᠡᠭᠡᠨ᠎ᠤ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠷᠠᠭᠤᠯᠪᠠ᠃ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠥᠮᠦᠨ ᠰᠣᠩᠭᠣᠵᠤ ᠬᠥᠮᠦᠨ ᠬᠡᠷᠡᠭᠯᠡᠬᠦ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠣᠯᠪᠠᠰᠤᠷᠠᠭᠤᠯᠤᠨ ᠬᠥᠮᠦᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠣᠳᠣ ᠦᠶ᠎ᠡ ᠵᠢᠨ ᠦᠵᠡᠯ ᠤᠬᠠᠮᠰᠠᠷ᠂ ᠰᠢᠨ᠎ᠡ ᠵᠢ ᠡᠭᠦᠳᠬᠦ ᠦᠵᠡᠯ ᠤᠬᠠᠮᠰᠠᠷ᠂ ᠦᠢ᠍ᠯᠡᠴᠢᠯᠡᠭᠡᠨ᠎ᠤ ᠦᠵᠡᠯ ᠤᠬᠠᠮᠰᠠᠷ᠎ᠲᠠᠢ ᠣᠯᠠᠨ ᠨᠡᠢ᠍ᠢ᠍ᠲᠡ ᠵᠢᠨ ᠰᠣᠶᠣᠯ᠎ᠤᠨ ᠬᠠᠮᠢᠶᠠᠷᠤᠯᠲᠠ ᠪᠠ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠡᠩᠨᠡᠭᠡ ᠵᠢ ᠬᠦᠴᠦᠯᠡᠨ ᠪᠠᠢ᠌ᠭᠤᠯᠪᠠ᠃ ᠪᠦᠬᠦ ᠣᠷᠣᠨ᠎ᠤ ᠣᠯᠠᠨ ᠨᠡᠢ᠍ᠢ᠍ᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ᠎ᠤ ᠥᠷᠲᠡᠭᠡ᠎ᠳᠤ 7000 ᠰᠢᠬᠠᠮ ᠲᠤᠰᠬᠠᠶ ᠮᠡᠷᠭᠡᠵᠢᠯ᠎ᠤᠨ ᠠᠵᠢᠯᠲᠠᠨ᠎ᠲᠠᠢ ᠪᠠᠶ᠋ᠢᠵᠤ᠂ ᠡᠭᠦᠨ᠎ᠳᠤ ᠳᠤᠮᠳᠠ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠬᠥᠮᠦᠰ᠎ᠤᠨ ᠡᠵᠡᠯᠡᠬᠦ ᠬᠠᠷᠢᠴᠠᠯ᠎ᠨᠢ 30%᠎ᠠᠴᠠ ᠳᠡᠭᠡᠭᠰᠢ᠎ᠳᠤ ᠬᠦᠷᠴᠡᠶ᠃ ᠭᠠᠴᠠᠭ᠎ᠠ ᠲᠣᠰᠬᠣᠨ ᠨᠢᠭᠡᠪᠦᠷᠢ᠎ᠳᠤ ᠴᠥᠮ ᠲᠤᠰᠬᠠᠶ ᠪᠤᠶᠤ ᠲᠤᠰᠢᠶᠠᠯ ᠬᠠᠪᠰᠤᠷᠭ᠋ᠠᠭᠰᠠᠨ ᠰᠣᠶᠣᠯ᠎ᠤᠨ ᠬᠠᠮᠢᠶᠠᠷᠤᠭᠴᠢ᠎ᠲᠠᠢ᠃ ᠪᠥᠬᠥ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠣᠭᠴᠢ ᠵᠢᠨ ᠲᠣᠭ᠎ᠠ 4.6 ᠲᠦᠮᠡ ᠭᠠᠷᠤᠶ᠎ᠳᠤ ᠬᠦᠷᠴᠦ᠂ ᠷᠠᠳᠢᠣ᠋ ᠲᠧᠯᠸᠢᠰ᠎ᠤᠨ ᠠᠵᠢᠯᠲᠠᠨ 1.8 ᠲᠦᠮᠡ ᠬᠦᠷᠴᠡᠶ᠃ ᠦᠨᠳᠦᠰᠦᠨ ᠱᠠᠲᠤᠨ᠎ᠤ ᠰᠣᠶᠣᠯ᠎ᠤᠨ ᠡᠩᠨᠡᠭᠡᠨ᠎ᠤ ᠪᠣᠯᠪᠠᠰᠤᠷᠠᠭᠤᠯᠤᠯ᠎ᠢ ᠪᠠᠶ᠋ᠢᠩᠭᠤᠵᠢᠭᠤᠯᠬᠤ᠂ ᠳᠦᠷᠢᠮᠵᠢᠭᠦᠯᠬᠦ ᠵᠢ ᠲᠦᠯᠬᠢᠨ ᠠᠬᠢᠭᠤᠯᠵᠤ᠂ ᠲᠤᠰᠬᠠᠶ ᠮᠡᠷᠭᠡᠵᠢᠯ᠎ᠤᠨ ᠰᠣᠶᠣᠯ᠎ᠤᠨ ᠭᠣᠤᠯᠯᠠᠭᠴᠢ ᠬᠦᠴᠦᠨ᠎ᠢ ᠵᠢᠯ ᠪᠦᠷᠢ ᠳᠤᠮᠳᠠᠴᠢ᠎ᠪᠠᠷ 1 ᠲᠦᠮᠡᠨ ᠬᠥᠮᠦᠨ ᠤᠳᠠᠭ᠎ᠠ᠂ ᠠᠵᠢᠯ᠎ᠤᠨ ᠴᠢᠯᠥᠭᠡᠨ᠎ᠤ ᠰᠣᠶᠣᠯ᠎ᠤᠨ ᠭᠣᠤᠯᠯᠠᠭᠴᠢ ᠬᠦᠴᠦᠨ᠎ᠢ 30 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠵᠢ ᠲᠦᠯᠬᠢᠨ ᠠᠬᠢᠭᠤᠯᠬᠤ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠪᠠᠲᠤᠯᠠᠭ᠎ᠠ ᠪᠠ ᠣᠶᠤᠨ᠎ᠤ ᠳᠡᠮᠵᠢᠯᠭᠡ ᠬᠠᠩᠭ᠋ᠠᠪᠠ᠃
70 ᠵᠢᠯ᠎ᠤᠨ ᠬᠥᠭᠵᠢᠯᠲᠡ ᠵᠢᠨ ᠲᠡᠤᠬᠡᠨ ᠶᠠᠪᠤᠴᠠ ᠵᠢ ᠡᠷᠬᠢᠴᠡᠭᠦᠯᠬᠦ᠎ᠳᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠤᠨ ᠴᠡᠴᠡᠭᠯᠡᠨ ᠬᠥᠭᠵᠢᠬᠦ ᠵᠢ ᠲᠦᠯᠬᠢᠨ ᠠᠬᠢᠭᠤᠯᠬᠤ᠎ᠳᠤ ᠡᠷᠬᠡᠪᠰᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠰᠣᠶᠣᠯ᠎ᠤᠨ ᠤᠷᠤᠭᠰᠢᠯᠠᠯᠲᠠ ᠵᠢᠨ ᠴᠢᠭᠯᠡᠯ᠎ᠢ ᠪᠠᠲᠤ ᠡᠵᠡᠮᠰᠢᠬᠦ ᠬᠡᠷᠡᠭᠲᠡᠶ; ᠡᠷᠬᠡᠪᠰᠢ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠳᠤ ᠦᠢ᠍ᠯᠡᠴᠢᠯᠡᠵᠦ᠂ ᠨᠡᠶ᠋ᠢᠭᠡᠮ ᠵᠢᠷᠤᠮᠳᠤ ᠦᠢ᠍ᠯᠡᠴᠢᠯᠡᠵᠦ᠂ ᠣᠯᠠᠨ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠶ᠋ᠢᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠲᠡᠶ; ᠡᠷᠬᠡᠪᠰᠢ ᠭᠠᠵᠠᠷ ᠣᠷᠣᠨ᠎ᠤ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠶ ᠬᠤᠪᠢᠷᠠᠯᠲᠠ᠂ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ ᠵᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ᠎ᠲᠠᠢ ᠴᠢᠨᠠᠷ ᠰᠠᠶ᠋ᠢᠲᠠᠶ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠳᠬᠦᠨ᠎ᠤ ᠬᠠᠩᠭ᠋ᠠᠯᠭ᠎ᠠ ᠵᠢ ᠥᠷᠭᠡᠳᠬᠡᠬᠦ ᠬᠡᠷᠡᠭᠲᠡᠶ; ᠡᠷᠬᠡᠪᠰᠢ ᠭᠦᠨᠵᠡᠭᠡᠶ ᠠᠭᠤᠰᠤᠯᠴᠠᠬᠤ ᠵᠢ ᠪᠠᠷᠢᠮᠲᠠᠯᠠᠵᠤ᠂ 《ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ +》 ᠵᠢ ᠬᠡᠷᠡᠭᠵᠢᠭᠦᠯᠵᠦ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠵᠢᠨ ᠨᠡᠢ᠌ᠭᠡᠮ᠎ᠤᠨ ᠦᠢ᠍ᠯᠡᠳᠦᠯ᠂ ᠳᠠᠶ᠋ᠢᠴᠢᠯᠠᠬᠤ ᠦᠢ᠍ᠯᠡᠳᠦᠯ᠎ᠢ ᠳᠡᠭᠡᠭᠰᠢᠯᠡᠭᠦᠯᠬᠦ ᠬᠡᠷᠡᠭᠲᠡᠶ; ᠡᠷᠬᠡᠪᠰᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠭᠣᠤᠯ ᠴᠣᠭᠴᠠ ᠵᠢᠨ ᠦᠢ᠍ᠯᠡᠳᠦᠯ᠎ᠢ ᠴᠢᠩᠭ᠋ᠠᠳᠬᠠᠵᠤ᠂ ᠲᠥᠷᠦ ᠵᠢᠨ ᠪᠣᠳᠣᠯᠭ᠎ᠠ ᠵᠢᠨ ᠳᠡᠮᠵᠢᠯᠭᠡ ᠪᠠ ᠣᠷᠣᠭᠤᠯᠤᠯᠲᠠ ᠵᠢᠨ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠰ᠎ᠤᠨ ᠦᠷᠬᠦᠯᠵᠢᠯᠡᠨ ᠬᠦᠭᠵᠢᠬᠦ ᠵᠢ ᠠᠬᠢᠭᠤᠯᠬᠤ ᠬᠡᠷᠡᠭᠲᠡᠶ ᠭᠡᠳᠡᠭ᠎ᠢ ᠮᠡᠳᠡᠷᠡᠵᠡᠢ᠃
ᠶᠡᠷᠦᠩᠬᠡᠶ ᠱᠦᠵᠢ ᠵᠢᠨ ᠬᠣᠯᠪᠣᠭᠳᠠᠯ ᠪᠦᠬᠦᠢ ᠴᠢᠬᠤᠯᠠ ᠦᠬᠦᠯᠡᠯᠲᠡ᠎ᠲᠠᠢ ᠬᠠᠷᠭᠤᠭᠤᠯᠵᠤ᠂ ᠠᠷᠠᠳ ᠣᠯᠠᠨ᠎ᠤ ᠰᠠᠶ᠋ᠢᠨ ᠰᠠᠢ᠌ᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠳᠤ ᠬᠠᠷᠢᠭᠤ ᠲᠤᠰᠬᠠᠯ ᠥᠭᠴᠦ᠂ ᠮᠠᠨ᠎ᠤ ᠠᠵᠢᠯ ᠪᠠᠰᠠ ᠡᠷᠬᠡᠪᠰᠢ ᠤᠯᠠᠮ ᠨᠢᠭᠡ ᠠᠯᠬᠤᠮ ᠰᠢᠨ᠎ᠡ ᠵᠢ ᠡᠭᠦᠳᠴᠦ ᠴᠢᠩᠭ᠋ᠠᠳᠬᠠᠬᠤ ᠬᠡᠷᠡᠭᠲᠡᠶ ᠭᠡᠳᠡᠭ᠎ᠢ ᠪᠢᠳᠡ ᠭᠦᠨᠵᠡᠭᠡᠶ ᠣᠶ᠋ᠢᠯᠠᠭ᠋ᠠᠵᠤ ᠪᠠᠶ᠋ᠢᠨ᠎ᠠ᠃ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ 《ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠲᠤᠯᠠᠬᠤ ᠬᠠᠤᠯᠢ》 ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠥᠷᠦ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠵᠢ ᠪᠠᠷᠢᠮᠲᠠᠯᠠᠵᠤ᠂ ᠦᠨᠳᠦᠰᠦᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠴᠢᠨᠠᠭᠰᠢᠳᠠ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ᠎ᠤ ᠰᠣᠶᠣᠯ᠎ᠤᠨ ᠬᠦᠴᠦᠷᠬᠡᠭ ᠣᠷᠣᠨ᠎ᠤ ᠪᠠᠶ᠋ᠢᠭᠤᠯᠤᠯᠲᠠ ᠵᠢ ᠠᠬᠢᠭᠤᠯᠵᠤ᠂ ᠪᠣᠯᠪᠠᠰᠤᠨ ᠥᠪᠥᠷ ᠮᠣᠩᠭᠣᠯ᠎ᠢ ᠪᠦᠲᠦᠭᠡᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠣᠶᠣᠯ᠎ᠤᠨ ᠬᠦᠷᠲᠡᠮᠵᠢ ᠵᠢᠨ ᠲᠥᠷᠥᠭᠳᠡᠯ ᠪᠣᠯᠤᠨ ᠵᠢᠷᠭ᠋ᠠᠯᠲᠤ ᠲᠥᠷᠥᠭᠳᠡᠯ᠎ᠢ ᠨᠡᠮᠡᠭᠳᠡᠭᠦᠯᠦᠨ᠎ᠡ᠃
ᠵᠠᠭᠤᠴᠢᠯᠠᠭᠤᠷ᠎ᠤᠨ ᠨᠠᠢ᠌ᠵᠠ ᠨᠠᠷ᠎ᠤᠨ ᠪᠢᠳᠡᠨ᠎ᠤ ᠠᠵᠢᠯ᠎ᠢ ᠦᠷᠬᠦᠯᠵᠢᠯᠡᠨ ᠳᠡᠮᠵᠢᠵᠦ ᠬᠢᠨᠠᠯᠲᠠ ᠲᠠᠯᠪᠢᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠨ᠎ᠠ᠃
ᠪᠠᠶᠠᠷᠯᠠᠯ᠎ᠠ!
ᠥᠪᠥᠷ ᠮᠣᠩᠭᠣᠯ᠎ᠤᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠰ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠠᠰᠠᠭᠤᠯᠲᠠ ᠬᠠᠷᠢᠭᠤᠯᠲᠠ ᠵᠢᠨ ᠭᠣᠭᠴᠣᠭ᠎ᠠ

ᠰᠢᠨᠬᠤᠸᠠ ᠬᠣᠷᠢᠶᠠᠨ᠎ᠤ ᠰᠤᠷᠪᠤᠯᠵᠢᠯᠠᠭᠴᠢ
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠄ ᠷᠠᠳᠢᠣ᠋ ᠲᠧᠯᠸᠢᠰ ᠪᠣᠯ ᠠᠷᠠᠳ ᠢᠷᠭᠡᠨ᠎ᠤ ᠠᠮᠢᠳᠤᠷᠠᠯ ᠳᠤᠮᠳᠠᠬᠢ ᠲᠤᠢ᠌ᠯ᠎ᠤᠨ ᠴᠢᠬᠤᠯᠠ ᠨᠢᠭᠡ ᠬᠡᠰᠡᠭ ᠮᠥᠨ᠂ ᠭᠡᠪᠡᠴᠦ ᠰᠦᠯᠵᠢᠶᠡᠨ᠎ᠤ ᠵᠠᠭᠤᠴᠢᠯᠠᠭᠤᠷ᠂ ᠬᠤᠪᠢ ᠬᠦᠮᠦᠨ᠎ᠤ ᠵᠠᠭᠤᠴᠢᠯᠠᠭᠤᠷ᠎ᠤᠨ ᠲᠦᠷᠭᠡᠨ ᠬᠥᠭᠵᠢᠬᠦ ᠵᠢ ᠳᠠᠭ᠋ᠠᠯᠳᠤᠨ᠂ ᠣᠯᠠᠨ ᠲᠦᠮᠡᠨ᠎ᠤ ᠮᠡᠳᠡᠭᠡ ᠵᠠᠩᠭᠢ ᠤᠯᠬᠤ ᠠᠷᠭ᠎ᠠ ᠵᠠᠮ ᠣᠯᠠᠨ ᠶᠠᠩᠵᠤ᠂ ᠳᠥᠬᠦᠮ ᠳᠥᠲᠡ ᠪᠣᠯᠵᠣ᠂ ᠠᠩᠬᠠᠷᠤᠯ ᠢ ᠠᠯᠬᠤᠮ ᠠᠯᠬᠤᠮ ᠵᠶ᠋ᠠᠷ ᠰᠠᠷᠨᠢᠭᠤᠯᠵᠤ᠂ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠡᠷᠬᠡ ᠰᠦᠷᠲᠦ ᠴᠢᠨᠠᠷ ᠪᠠ ᠳᠠᠮᠵᠢᠭᠤᠯᠬᠤ ᠬᠦᠴᠦᠨ ᠢ ᠥᠷᠢᠰᠥᠯᠳᠦᠭᠡᠨ᠎ᠳᠤ ᠤᠴᠠᠷᠠᠭᠤᠯᠵᠠᠢ᠃ ᠰᠢᠨ᠎ᠡ ᠴᠠᠭ ᠦᠶ᠎ᠡ᠎ᠳᠤ ᠷᠠᠳᠢᠣ᠋ ᠲᠧᠯᠸᠢᠰ᠎ᠤᠨ ᠦᠢ᠍ᠯᠡᠰ ᠡᠨᠡ ᠬᠦ᠌ ᠥᠷᠢᠰᠥᠯᠳᠦᠭᠡᠨ᠎ᠢ ᠬᠡᠷᠬᠢᠨ ᠠᠷᠭ᠋ᠠᠴᠠᠵᠤ᠂ ᠠᠷᠠᠳ ᠤᠯᠠᠨ᠎ᠤ ᠷᠠᠳᠢᠣ᠋ ᠲᠧᠯᠸᠢᠰ᠎ᠤᠨ ᠲᠤᠬᠠᠢ ᠰᠢᠨ᠎ᠡ ᠬᠦᠰᠡᠯ ᠡᠷᠡᠮᠡᠯᠵᠡᠯ᠎ᠢ ᠬᠡᠷᠬᠢᠨ ᠨᠡᠩ ᠰᠠᠶ᠋ᠢᠲᠤᠷ ᠬᠠᠩᠭ᠋ᠠᠬᠤ ᠪᠤᠢ?

ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠤᠪᠴᠢᠶᠠᠨ᠎ᠤ ᠳᠠᠷᠤᠭ᠎ᠠ ᠵᠢᠶᠠᠩ ᠪᠥᠸᠧ ᠶᠠᠨ
ᠵᠢᠶᠠᠩ ᠪᠥᠸᠧ ᠶᠠᠨ᠄ ᠥᠪᠡᠷᠲᠡᠭᠡᠨ ᠵᠠᠰᠠᠬᠤ ᠣᠷᠣᠨ ᠡᠨᠡ ᠵᠢᠯ᠎ᠠᠴᠠ ᠥᠪᠥᠷ ᠮᠣᠩᠭᠣᠯ᠎ᠤᠨ 《ᠤᠶᠤᠨᠲᠤ ᠷᠠᠳᠢᠤ᠋ ᠲᠧᠯᠸᠢᠰ》᠎ᠤᠨ ᠪᠥᠲᠥᠭᠡᠨ ᠪᠠᠶ᠋ᠢᠭᠤᠯᠤᠯᠲᠠ ᠵᠢ ᠡᠬᠢᠯᠡᠨ ᠬᠡᠷᠡᠭᠵᠢᠭᠦᠯᠵᠦ᠂ 3 ᠵᠢᠯ᠎ᠤᠨ ᠲᠤᠳᠤᠷ᠎ᠠ ᠦᠨᠳᠦᠰᠦᠨ᠎ᠳᠤ᠎ᠪᠠᠨ ᠪᠠᠶ᠋ᠢᠭᠤᠯᠵᠤ ᠳᠠᠭᠤᠰᠬᠠᠬᠤ᠎ᠪᠠᠷ ᠲᠥᠯᠥᠪᠯᠡᠵᠦ ᠪᠣᠶ᠃
ᠨᠢᠭᠡ᠎ᠳᠤ᠂ ᠬᠥᠭᠵᠢᠯᠲᠡ ᠵᠢᠨ ᠣᠶ᠋ᠢᠯᠠᠭ᠋ᠠᠭᠳᠠᠬᠤᠨ ᠵᠶ᠋ᠠᠨ ᠰᠢᠨᠡᠴᠢᠯᠡᠨ᠎ᠡ᠃ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠭᠡᠳᠡᠭ᠎ᠨᠢ ᠤᠲᠠᠰᠤᠲᠤ᠂ ᠤᠲᠠᠰᠤ ᠥᠬᠡᠶ᠂ ᠳᠠᠭ᠋ᠠᠭᠤᠯᠢ ᠤᠳᠤᠨ᠎ᠤ ᠣᠶᠤᠨᠴᠢ ᠬᠠᠮᠵᠢᠯᠴᠠᠭ᠎ᠠ ᠵᠢᠨ ᠪᠦᠷᠬᠦᠴᠡ ᠵᠢ ᠪᠠᠶ᠋ᠢᠭᠤᠯᠵᠤ᠂ 《ᠮᠡᠳᠡᠭᠡ ᠵᠠᠩᠭᠢ ᠵᠢᠨ ᠥᠨᠥᠴᠢᠨ ᠠᠷᠠᠯ》᠎ᠢ ᠬᠣᠯᠪᠣᠨ ᠨᠡᠪᠲᠡᠷᠡᠭᠦᠯᠵᠦ᠂ ᠲᠦᠭ ᠲᠦᠮᠡᠨ ᠠᠶ᠋ᠢᠯ ᠡᠷᠦᠬᠡ ᠵᠢᠨ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠵᠦ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠵᠦ ᠬᠠᠮᠲᠤ᠎ᠪᠠᠷ ᠬᠡᠷᠡᠭᠯᠡᠬᠦ᠂ ᠬᠠᠮᠢᠶᠠᠷᠴᠤ ᠡᠵᠡᠮᠳᠡᠬᠦᠢ᠂ ᠪᠣᠬᠢᠷᠲᠤᠯ ᠥᠬᠡᠶ᠂ ᠠᠮᠤᠷ ᠲᠦᠪᠰᠢᠨ ᠣᠲᠣ ᠦᠶ᠎ᠡ ᠵᠢᠨ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠰᠢᠨ᠎ᠡ ᠪᠠᠢ᠌ᠷᠢᠰᠢᠯ᠎ᠢ ᠪᠠᠢ᠌ᠭᠤᠯᠬᠤ ᠵᠢ ᠵᠢᠭ᠋ᠠᠵᠤ ᠪᠠᠢ᠌ᠨ᠎ᠠ᠃ ᠠᠭᠤᠰᠤᠯᠴᠠᠨ ᠬᠥᠭᠵᠢᠬᠦ᠂ ᠲᠤᠬᠠᠶ᠋ᠢᠯᠠᠪᠠᠯ ᠲᠤᠪᠴᠢᠶ᠎ᠠ᠂ ᠰᠤᠪᠠᠭ᠂ ᠰᠦᠯᠵᠢᠶ᠎ᠡ ᠳᠠᠪᠠᠭᠤᠯᠢᠭ ᠵᠶ᠋ᠠᠨ ᠬᠠᠷᠢᠯᠴᠠᠨ ᠨᠥᠬᠦᠪᠦᠷᠢᠯᠡᠵᠦ᠂ ᠡᠬᠢ ᠪᠠᠶᠠᠯᠢᠭ ᠵᠶ᠋ᠠᠨ ᠬᠠᠮᠲᠤ᠎ᠪᠠᠷ ᠡᠳ᠋ᠯᠡᠵᠦ᠂ ᠠᠭᠤᠰᠤᠯᠴᠠᠨ ᠬᠦᠭᠵᠢᠵᠦ᠂ ᠴᠢᠳᠠᠪᠬᠢ᠎ᠨᠢ ᠨᠡᠩ ᠬᠦᠴᠦᠷᠬᠡᠭ ᠭᠤᠤᠯᠯᠠᠭᠴᠢ ᠵᠠᠭᠤᠴᠢᠯᠠᠭᠤᠷ᠎ᠤᠨ ᠠᠭᠤᠰᠤᠯᠳᠤᠨ ᠳᠠᠮᠵᠢᠭᠤᠯᠬᠤ ᠲᠣᠣᠷ ᠰᠦᠯᠵᠢᠶ᠎ᠡ᠂ ᠲᠣᠭ᠋ᠠᠴᠢᠯᠠᠭᠰᠠᠨ ᠰᠣᠶᠣᠯ᠎ᠤᠨ ᠳᠠᠮᠵᠢᠭᠤᠯᠬᠤ ᠲᠣᠣᠷ ᠰᠦᠯᠵᠢᠶ᠎ᠡ᠂ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢ ᠲᠣᠣᠷ᠎ᠢ ᠪᠠᠶ᠋ᠢᠭᠤᠯᠤᠨ᠎ᠠ᠃ ᠰᠢᠰᠲ᠋ᠧᠮ᠎ᠤᠨ ᠪᠥᠲᠦᠭᠡᠨ ᠪᠠᠶ᠋ᠢᠭᠤᠯᠤᠯᠲᠠ᠂ ᠲᠤᠬᠠᠶ᠋ᠢᠯᠠᠪᠠᠯ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠪᠦᠳᠦᠭᠦᠯᠢᠭ ᠮᠠᠶᠢᠭ᠎ᠤᠨ ᠪᠦᠷᠬᠦᠴᠡ᠎ᠠᠴᠠ ᠡᠷᠦᠬᠡ᠎ᠳᠤ ᠤᠷᠤᠲᠠᠯ᠎ᠠ ᠨᠠᠷᠢᠯᠢᠬ᠍ᠵᠢᠭᠤᠯᠤᠨ ᠲᠠᠰ ᠳᠡᠪᠰᠢᠬᠦᠯᠬᠦ ᠵᠢ ᠠᠬᠢᠭᠤᠯᠵᠤ᠂ ᠤᠯᠠᠮᠵᠢᠯᠠᠯᠲᠤ ᠦᠵᠡᠵᠦ ᠰᠣᠨᠣᠰᠬᠤ ᠦᠢ᠍ᠯᠡᠴᠢᠯᠡᠭᠡ᠎ᠠᠴᠠ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠬᠡᠯᠪᠡᠷᠢ᠂ ᠣᠯᠠᠨ ᠡᠵᠡᠩᠨᠡᠯᠲᠡ ᠵᠢᠨ ᠪᠠᠶ᠋ᠢᠳᠠᠯ᠎ᠤᠨ ᠦᠢ᠍ᠯᠡᠴᠢᠯᠡᠭᠡ ᠲᠡᠢ᠌ᠰᠢ ᠲᠠᠰ ᠳᠡᠪᠰᠢᠭᠦᠯᠵᠦ᠂ ᠲᠩᠷᠢ ᠭᠠᠵᠠᠷ᠎ᠢ ᠨᠢᠭᠡ ᠴᠣᠭᠴᠠᠵᠢᠭᠤᠯᠤᠭᠰᠠᠨ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠭᠰᠡᠨ᠂ ᠥᠷᠭᠡᠨ ᠪᠦᠰᠡᠲᠦ ᠰᠦᠯᠵᠢᠶ᠎ᠡ ᠬᠠᠷᠢᠯᠴᠠᠨ ᠤᠶᠠᠯᠳᠤᠭᠰᠠᠨ᠂ ᠣᠶᠤᠨᠯᠢᠭ ᠬᠠᠮᠵᠢᠯᠴᠠᠭᠰᠠᠨ ᠰᠦᠯᠵᠢᠶᠡᠨ᠎ᠤ ᠳᠠᠮᠵᠢᠭᠤᠯᠬᠤ ᠰᠢᠰᠲᠸᠮ᠎ᠢ ᠪᠠᠶ᠋ᠢᠭᠤᠯᠤᠨ᠎ᠠ᠃ ᠶᠡᠷᠦᠩᠬᠡᠶ᠋ᠢᠯᠡᠨ ᠠᠰᠢᠭᠯᠠᠬᠤ ᠭᠡᠳᠡᠭ᠎ᠨᠢ ᠷᠠᠳᠢᠣ᠋ ᠲᠧᠯᠸᠢᠰ᠎ᠢ ᠬᠣᠯᠪᠣᠭᠳᠠᠯ ᠪᠦᠬᠦᠢ ᠬᠦᠷᠢᠶ᠎ᠡ ᠴᠠᠷᠠᠭ᠎ᠠ᠎ᠲᠠᠢ ᠵᠣᠯᠭ᠋ᠠᠭᠤᠯᠬᠤ ᠵᠢ ᠲᠦᠯᠬᠢᠨ ᠠᠬᠢᠭᠤᠯᠵᠤ᠂ ᠷᠠᠳᠢᠣ᠋ ᠲᠧᠯᠸᠢᠰ᠎ᠤᠨ ᠰᠦᠯᠵᠢᠶ᠎ᠡ ᠵᠢ ᠣᠶᠤᠨᠴᠢ ᠬᠤᠲᠠ᠂ ᠤᠶᠤᠨᠲᠤ ᠬᠥᠳᠡᠭᠡ ᠲᠣᠰᠬᠣᠨ᠎ᠤ ᠭᠣᠤᠯᠯᠠᠬᠤ ᠠᠴᠢᠶᠠᠯᠠᠪᠤᠷᠢ ᠵᠢᠨ ᠲᠣᠤᠷ ᠰᠦᠯᠵᠢᠶ᠎ᠡ ᠪᠣᠯᠭ᠋ᠠᠨ᠎ᠠ᠃
ᠬᠣᠶᠠᠷ᠎ᠲᠤ᠂ ᠠᠵᠢᠯᠯᠠᠭ᠋ᠠᠨ᠎ᠤ ᠵᠠᠭᠪᠤᠷ᠎ᠢ ᠰᠢᠨᠡᠴᠢᠯᠡᠵᠦ ᠂ ᠵᠠᠰᠠᠭ᠎ᠤᠨ ᠣᠷᠳᠣᠨ ᠵᠶ᠋ᠠᠷ ᠭᠣᠤᠯᠯᠠᠭᠤᠯᠤᠨ᠂ ᠵᠠᠬ᠎ᠠ ᠳᠡᠯᠭᠡᠭᠦᠷ ᠵᠶ᠋ᠠᠷ ᠠᠵᠢᠯᠯᠠᠭᠤᠯᠵᠤ᠂ ᠠᠵᠤ ᠠᠬᠤᠶ᠋ᠢᠯᠠᠯ ᠵᠶ᠋ᠠᠷ ᠬᠡᠷᠡᠭᠵᠢᠬᠦᠯᠦᠯᠦᠨᠡ᠃ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠲᠤᠬᠠᠶ᠋ᠢᠯᠠᠪᠠᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠥᠪᠥᠷ ᠮᠣᠩᠭᠣᠯ᠎ᠤᠨ 《ᠤᠶᠤᠨᠲᠤ ᠷᠠᠳᠢᠣ᠋ ᠲᠧᠯᠸᠢᠰ》᠎ᠤᠨ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠨᠠᠢ᠌ᠷᠠᠭᠤᠯᠤᠨ ᠵᠣᠬᠢᠶᠠᠵᠤ᠂ ᠪᠥᠲᠥᠭᠡᠨ ᠪᠠᠶ᠋ᠢᠭᠤᠯᠬᠤ ᠵᠠᠷᠴᠢᠮ᠂ ᠠᠭᠤᠯᠭ᠎ᠠ᠂ ᠬᠠᠷᠠᠯᠲᠠ ᠪᠠ ᠱᠠᠭ᠋ᠠᠷᠳᠠᠯᠭ᠎ᠠ ᠵᠢ ᠲᠤᠭᠲᠠᠭ᠋ᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠂ ᠠᠭᠤᠯᠭ᠎ᠠ ᠵᠢᠨ ᠤᠳᠤᠷᠢᠳᠤᠮᠵᠢ ᠵᠥᠪ ᠣᠨᠣᠪᠴᠢᠲᠠᠶ᠂ ᠰᠦᠯᠵᠢᠶᠡᠨ᠎ᠤ ᠠᠮᠤᠷ ᠲᠦᠪᠰᠢᠨ ᠨᠠᠶ᠋ᠢᠳᠠᠪᠤᠷᠢᠲᠠᠶ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠤᠷᠬᠤ ᠬᠡᠪᠴᠢᠶ᠎ᠡ ᠪᠠ ᠳᠣᠭᠢᠷᠠᠬᠤ ᠴᠢᠨᠠᠷ᠎ᠢ ᠪᠠᠲᠤᠯᠠᠨ᠎ᠠ; ᠵᠠᠬ᠎ᠠ ᠳᠡᠯᠭᠡᠭᠦᠷ᠎ᠤᠨ ᠠᠵᠢᠯᠯᠠᠭ᠋ᠠᠨ ᠭᠡᠳᠡᠭ᠎ᠨᠢ ᠵᠠᠰᠠᠭ᠎ᠤᠨ ᠣᠷᠳᠣᠨ ᠳᠠᠭ᠋ᠠᠭ᠋ᠠᠴᠢᠯᠠᠨ ᠡᠷᠬᠢᠯᠡᠬᠦ᠂ ᠪᠡᠯᠡ ᠤᠷᠤᠭᠤᠯᠬᠤ ᠠᠵᠢᠯ ᠦᠢ᠍ᠯᠡᠰ ᠡᠷᠬᠢᠯᠡᠬᠦ ᠤᠯᠠᠮᠵᠢᠯᠠᠯᠲᠤ ᠰᠡᠳᠬᠢᠬᠦᠶ ᠪᠠ ᠬᠡᠪ ᠵᠠᠭᠪᠤᠷ ᠵᠶ᠋ᠠᠨ ᠬᠤᠪᠢᠷᠠᠭᠤᠯᠵᠤ᠂ ᠦᠢ᠍ᠯᠡᠴᠢᠯᠡᠭᠡ ᠬᠤᠳᠠᠯᠳᠤᠨ ᠠᠪᠴᠤ᠂ ᠲᠡᠳᠬᠦᠨ ᠳᠡᠮᠵᠢᠬᠦ ᠲᠦᠷᠦ ᠵᠢᠨ ᠪᠤᠳᠤᠯᠭ᠎ᠠ ᠭᠠᠷᠭ᠋ᠠᠵᠤ᠂ ᠬᠥᠲᠥᠯᠥᠨ ᠵᠢᠯᠤᠭᠤᠳᠬᠤ ᠴᠢᠨᠠᠷᠲᠠᠶ ᠪᠡᠯᠡ ᠮᠥᠩᠭᠥ ᠭᠠᠷᠭ᠋ᠠᠵᠦ ᠪᠠᠢ᠌ᠭ᠋ᠠᠳ ᠵᠠᠬ᠎ᠠ ᠳᠡᠯᠭᠡᠭᠦᠷ᠎ᠤᠨ ᠲᠣᠭᠲᠠᠴᠠ ᠵᠢ ᠬᠡᠷᠡᠭᠯᠡᠨ ᠪᠡᠯᠡ ᠴᠤᠭᠯᠠᠭᠤᠯᠬᠤ ᠪᠡᠯᠡ ᠣᠷᠣᠭᠤᠯᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠬᠡᠪ ᠵᠠᠭᠪᠤᠷ᠎ᠢ ᠪᠠᠶ᠋ᠢᠭᠤᠯᠬᠤ ᠶᠠᠪᠤᠳᠠᠯ ᠪᠣᠯᠤᠨ᠎ᠠ; ᠠᠵᠤ ᠠᠬᠤᠶ᠋ᠢᠯᠠᠯ ᠬᠡᠷᠡᠭᠵᠢᠬᠦᠯᠬᠦ ᠭᠡᠳᠡᠭ᠎ᠨᠢ ᠵᠠᠰᠠᠭ᠎ᠤᠨ ᠣᠷᠳᠣᠨ᠎ᠤ ᠵᠢᠯᠣᠭᠣᠳᠣᠯᠭ᠎ᠠ ᠳᠣᠤᠷ᠎ᠠ᠂ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠲᠣᠤᠷ ᠰᠦᠯᠵᠢᠶᠡᠨ᠎ᠤ ᠪᠦᠯᠦᠭᠯᠡᠯ ᠪᠣᠯᠤᠨ ᠥᠪᠥᠷ ᠮᠣᠩᠭᠣᠯ᠎ᠤᠨ ᠲᠤᠮᠤ ᠳ᠋ᠠᠶ᠋ᠢᠲ᠋ᠠ ᠵᠢᠨ ᠪᠠᠯᠠ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ ᠬᠠᠮᠲᠤᠷᠠᠯᠴᠠᠵᠤ ᠪᠠᠢ᠌ᠭ᠋ᠠᠳ ᠥᠪᠥᠷ ᠮᠣᠩᠭᠣᠯ᠎ᠤᠨ 《ᠤᠶᠤᠨᠲᠤ ᠷᠠᠳᠢᠣ᠋ ᠲᠧᠯᠸᠢᠰ》᠎ᠢ ᠠᠬᠢᠭᠤᠯᠤᠨ ᠡᠵᠡᠩᠨᠡᠬᠦ ᠵᠢ ᠵᠢᠭ᠋ᠠᠵᠤ ᠪᠠᠢ᠌ᠨ᠎ᠠ᠃
ᠭᠤᠷᠪᠠ᠎ᠳᠤ᠂ ᠲᠸᠭᠨᠢᠭ ᠮᠡᠷᠭᠡᠵᠢᠯ᠎ᠤᠨ ᠬᠡᠷᠡᠭᠯᠡᠭᠡᠨ᠎ᠢ ᠰᠢᠨᠡᠴᠢᠯᠡᠨ᠎ᠡ᠃ ᠡᠬᠢ ᠪᠠᠶᠠᠯᠢᠭ᠎ᠢ ᠨᠢᠭᠡᠳᠬᠡᠬᠦ ᠭᠡᠳᠡᠭ᠎ᠨᠢ ᠷᠠᠳᠢᠣ᠋ ᠲᠧᠯᠸᠢᠰ᠎ᠤᠨ ᠤᠲᠠᠰᠤᠲᠤ᠂ ᠤᠲᠠᠰᠤ ᠦᠭᠡᠢ᠂ ᠰᠢᠭᠤᠳ ᠨᠡᠪᠲᠡᠷᠡᠭᠦᠯᠬᠦ ᠳᠠᠭ᠋ᠠᠭᠤᠯᠢ ᠣᠳᠣᠨ᠎ᠤ ᠡᠬᠢ ᠪᠠᠶᠠᠯᠢᠭ᠎ᠢ ᠨᠢᠭᠡᠳᠬᠡᠵᠦ᠂ ᠷᠠᠳᠢᠤ᠋ ᠲᠧᠯᠸᠢᠰ᠎ᠤᠨ ᠲᠤᠪᠴᠢᠶᠠᠨ᠎ᠤ ᠵᠠᠰᠠᠭ ᠵᠠᠬᠢᠷᠭ᠋ᠠᠨ᠎ᠤ ᠡᠬᠢ ᠪᠠᠶᠠᠯᠢᠭ᠂ ᠷᠠᠳᠢᠣ᠋ ᠲᠧᠯᠸᠢᠰ᠎ᠤᠨ ᠲᠣᠤᠷ ᠰᠦᠯᠵᠢᠶᠡᠨ᠎ᠤ ᠺᠣᠮᠫᠠᠨᠢ ᠵᠢᠨ ᠰᠦᠯᠵᠢᠶᠡᠨ᠎ᠤ ᠡᠬᠢ ᠪᠠᠶᠠᠯᠢᠭ᠂ ᠷᠠᠳᠢᠣ᠋ ᠲᠧᠯᠸᠢᠰ ᠬᠤᠷᠢᠶᠠᠨ᠎ᠤ ᠠᠭᠤᠯᠭ᠎ᠠ ᠵᠢᠨ ᠡᠬᠢ ᠪᠠᠶᠠᠯᠢᠭ᠎ᠢ ᠨᠢᠭᠡᠳᠬᠡᠵᠦ᠂ ᠴᠠᠭ ᠦᠶ᠎ᠡ ᠵᠢᠨ ᠬᠡᠷᠡᠭᠴᠡᠭᠡ ᠳᠤ ᠵᠣᠬᠢᠴᠠᠭᠰᠠᠨ ᠷᠠᠳᠢᠣ᠋ ᠲᠧᠯᠸᠢᠰ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠬᠠᠮᠲᠤ᠎ᠪᠠᠷ ᠪᠠᠶ᠋ᠢᠭᠤᠯᠬᠤ ᠶᠠᠪᠤᠳᠠᠯ ᠪᠣᠯᠤᠨ᠎ᠠ᠃ ᠰᠦᠯᠵᠢᠶᠡᠨ᠎ᠤ ᠤᠶᠤᠨᠴᠢ ᠴᠢᠳᠠᠪᠤᠷᠢ᠂ ᠲᠤᠬᠠᠶ᠋ᠢᠯᠠᠪᠠᠯ ᠷᠠᠳᠢᠣ᠋ ᠲᠧᠯᠸᠢᠰ᠎ᠤᠨ ᠳᠠᠮᠵᠢᠭᠤᠯᠬᠤ ᠰᠦᠯᠵᠢᠶ᠎ᠡ ᠵᠢ ᠲᠩᠷᠢ ᠭᠠᠵᠠᠷ᠎ᠢ ᠨᠢᠭᠡ ᠴᠤᠭᠴᠠᠵᠢᠭᠤᠯᠬᠤ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦᠯᠬᠦ᠂ ᠥᠷᠭᠡᠨ ᠪᠦᠰᠡᠲᠦ ᠰᠤᠯᠢᠯᠴᠠᠭ᠎ᠠ᠂ ᠣᠶᠤᠨᠴᠢ ᠬᠠᠮᠵᠢᠯᠴᠠᠭᠤᠯᠬᠤ ᠴᠢᠭᠯᠡᠯ ᠵᠶ᠋ᠠᠷ ᠬᠥᠭᠵᠢᠭᠦᠯᠬᠦ ᠵᠢ ᠠᠬᠢᠭᠤᠯᠵᠤ᠂ ᠷᠠᠳᠢᠣ᠋ ᠲᠧᠯᠸᠢᠰ᠎ᠤᠨ ᠰᠦᠯᠵᠢᠶ᠎ᠡ ᠵᠢ ᠤᠶᠤᠨᠲᠤ ᠨᠡᠶ᠋ᠢᠭᠡᠮ᠎ᠤᠨ ᠭᠣᠤᠯ ᠠᠴᠢᠶᠠᠯᠠᠪᠤᠷᠢ ᠵᠢᠨ ᠲᠣᠤᠷ ᠰᠦᠯᠵᠢᠶ᠎ᠡ ᠪᠣᠯᠭ᠋ᠠᠵᠤ᠂ ᠲᠤᠤᠷ ᠰᠦᠯᠵᠢᠶᠡᠨ᠎ᠤ ᠬᠦᠴᠦᠷᠬᠡᠭ ᠣᠷᠣᠨ᠎ᠢ ᠪᠥᠲᠥᠭᠡᠨ ᠪᠠᠶ᠋ᠢᠭᠤᠯᠬᠤ ᠴᠢᠬᠤᠯᠠ ᠰᠠᠭᠤᠷᠢ ᠪᠡᠯᠡᠳᠬᠡᠮᠵᠢ ᠪᠠ ᠭᠣᠤᠯᠯᠠᠭᠴᠢ ᠬᠦᠴᠦᠨ ᠪᠣᠯᠭ᠋ᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠬᠥᠲᠥᠯᠥᠨ ᠳᠠᠭ᠋ᠠᠭᠤᠯᠤᠨ᠎ᠠ᠂ ᠲᠤᠬᠠᠶ᠋ᠢᠯᠠᠪᠠᠯ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠷᠠᠳᠢᠣ᠋ ᠲᠧᠯᠸᠢᠰ᠎ᠤᠨ ᠲᠣᠤᠷ ᠰᠦᠯᠵᠢᠶ᠎ᠡ᠎ᠳᠤ᠎ᠬᠢ ᠪᠠᠶ᠋ᠢᠷᠢᠯᠠᠭᠤᠯᠤᠯᠲᠠ ᠵᠢ ᠲᠦᠷᠭᠡᠳᠬᠡᠵᠦ᠂ ᠡᠭᠦᠯᠡᠨ ᠪᠤᠳᠤᠯᠲᠠ᠂ ᠲᠣᠮᠣ ᠳ᠋ᠠᠶ᠋ᠢᠲ᠋ᠠ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ IPv6᠂ ᠵᠣᠬᠢᠶᠠᠮᠠᠯ ᠤᠶᠤᠨᠴᠢ ᠴᠢᠳᠠᠪᠤᠷᠢ᠂ ᠬᠡᠰᠡᠭ ᠪᠦᠯᠦᠭ᠎ᠤᠨ ᠬᠡᠯᠬᠢᠶ᠎ᠡ᠂ 5G ᠵᠡᠷᠭᠡ ᠶᠡᠷᠦᠩᠬᠡᠶ᠋ᠢᠯᠡᠭᠰᠡᠨ ᠲᠤᠭ᠋ᠠᠴᠢᠯᠠᠭᠰᠨ ᠮᠡᠳᠡᠭᠡ ᠵᠠᠩᠭᠢ ᠵᠢᠨ ᠮᠡᠷᠭᠡᠵᠢᠯ ᠵᠶ᠋ᠠᠷ ᠲᠦᠰᠢᠭ ᠪᠣᠯᠭ᠋ᠠᠵᠤ᠂ 4K ᠬᠡᠲᠦ ᠲᠣᠳᠣ᠂ 3D ᠳᠠᠭᠤ᠂ ᠲᠣᠭᠣᠷᠢᠯ ᠳᠠᠭᠤ ᠵᠡᠷᠭᠡ ᠲᠡᠷᠢᠭᠦᠨ᠎ᠤ ᠷᠠᠳᠢᠣ᠋ ᠲᠧᠯᠸᠢᠰ᠎ᠤᠨ ᠮᠡᠷᠭᠡᠵᠢᠯ᠎ᠲᠠᠢ ᠤᠶᠠᠯᠳᠤᠭᠤᠯᠤᠨ᠂ ᠲᠣᠭᠲᠠᠮᠠᠯ ᠲᠡᠭᠦᠰᠭᠡᠯ᠂ ᠴᠢᠳᠠᠮᠵᠢ ᠵᠢᠨ ᠬᠢᠵᠠᠭ᠋ᠠᠷ᠂ ᠳᠠᠩ ᠴᠢᠭᠯᠡᠯᠲᠦ ᠳᠠᠮᠵᠢᠭᠤᠯᠭ᠎ᠠ ᠵᠡᠷᠭᠡ ᠪᠤᠭᠤᠮᠲᠠ ᠵᠢ ᠰᠢᠪᠲᠤᠯᠵᠤ᠂ ᠷᠠᠳᠢᠣ᠋ ᠲᠧᠯᠸᠢᠰ᠎ᠤᠨ ᠭᠣᠤᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
ᠪᠢᠳᠡ 《ᠣᠶᠤᠨᠴᠢ ᠷᠠᠳᠢᠣ᠋ ᠲᠧᠯᠸᠢᠰ》᠎ᠤᠨ ᠪᠥᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠡᠮᠬᠢ ᠵᠢᠷᠤᠮ᠎ᠲᠠᠢ᠎ᠪᠠᠷ ᠨᠠᠢ᠌ᠳᠠᠪᠤᠷᠢᠵᠢᠭᠤᠯᠪᠠ᠃ ᠨᠢᠭᠡ᠎ᠳᠤ ᠂ 《ᠭᠤᠷᠪᠠᠨ ᠶᠡᠬᠡ ᠢᠨᠵᠧᠨᠧᠷᠢᠩ》᠎ᠢ ᠬᠡᠷᠡᠭᠵᠢᠭᠦᠯᠦᠨ᠎ᠡ᠂ ᠲᠤᠬᠠᠶ᠋ᠢᠯᠠᠪᠠᠯ ᠷᠠᠳᠢᠣ᠋ ᠲᠧᠯᠸᠢᠰ᠎ᠤᠨ ᠲᠣᠤᠷ ᠰᠦᠯᠵᠢᠶ᠎ᠡ ᠵᠢ ᠡᠷᠦᠬᠡ᠎ᠳᠤ ᠣᠷᠣᠭᠤᠯᠬᠤ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠢᠨᠵᠧᠨᠧᠷᠢᠩ᠎ᠢ ᠬᠡᠷᠡᠭᠵᠢᠬᠦᠯᠵᠦ᠂ ᠭᠠᠴᠠᠭ᠎ᠠ ᠲᠣᠰᠬᠣᠨ᠂ ᠲᠦᠭ ᠲᠦᠮᠡᠨ ᠡᠷᠦᠬᠡ᠎ᠳᠤ ᠨᠡᠪᠲᠡᠷᠡᠭᠰᠡᠨ ᠣᠶᠤᠨᠴᠢ ᠷᠠᠳᠢᠣ᠋ ᠲᠧᠯᠸᠢᠰ᠎ᠤᠨ ᠲᠣᠤᠷ ᠰᠦᠯᠵᠢᠶ᠎ᠡ ᠵᠢ ᠪᠠᠢ᠌ᠭᠤᠯᠤᠨ᠎ᠠ᠃ ᠡᠳᠦᠭᠡ ᠷᠠᠳᠢᠣ᠋ ᠲᠧᠯᠸᠢᠰ᠎ᠤᠨ ᠠᠭᠤᠯᠭ᠎ᠠ ᠵᠢᠨ ᠦᠢ᠍ᠯᠡᠴᠢᠯᠡᠭᠡᠨ᠎ᠤ ᠲᠠᠪᠴᠠᠩ 11᠂ ᠠᠶ᠋ᠢᠮᠠᠭ ᠬᠣᠲᠠ ᠵᠢᠨ ᠬᠤᠪᠢᠶᠠᠷᠢ ᠲᠠᠪᠴᠠᠩ 58᠂ ᠰᠦᠯᠵᠢᠶᠡᠨ᠎ᠳᠤ 12᠂ ᠭᠡᠷ᠎ᠡ ᠲᠣᠭᠲᠠᠭᠰᠠᠨ ᠬᠣᠰᠢᠭᠤ ᠰᠢᠶᠠᠨ 26᠂ ᠲᠥᠰᠦᠯ ᠪᠠᠶ᠋ᠢᠭᠤᠯᠤᠭᠰᠠᠨ ᠢᠨᠵᠧᠨᠧᠷᠢᠩ 15 ᠪᠠᠶ᠋ᠢᠵᠤ᠂ ᠪᠥᠭᠦᠳᠡ 12 .5 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠤᠯᠲᠠ᠎ᠲᠤ ᠬᠦᠷᠴᠡᠶ ; ᠷᠠᠳᠢᠣ᠋ ᠲᠧᠯᠸᠢᠰ᠎ᠤᠨ ᠬᠢᠯᠢ ᠬᠢᠵᠠᠭ᠋ᠠᠷ᠎ᠢ ᠪᠡᠬᠢᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠬᠢᠯᠢ ᠬᠢᠵᠠᠭ᠋ᠠᠷ ᠤᠷᠤᠨ᠎ᠤ ᠷᠠᠳᠢᠣ᠋ ᠲᠧᠯᠸᠢᠰ᠎ᠤᠨ ᠤᠶᠤᠨᠴᠢᠯᠠᠭᠰᠠᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠠᠭᠤᠷᠢ ᠵᠢ ᠪᠡᠬᠢᠵᠢᠬᠦᠯᠦᠨ᠎ᠡ᠃ ᠣᠲᠣ ᠨᠢᠭᠡᠨᠲᠡ 《ᠣᠶᠤᠨᠴᠢ ᠷᠠᠳᠢᠣ᠋ ᠲᠧᠯᠸᠢᠰ》᠎ᠤᠨ ᠬᠢᠯᠢ ᠬᠢᠵᠠᠭ᠋ᠠᠷ᠎ᠢ ᠪᠡᠬᠢᠵᠢᠭᠦᠯᠬᠦ ᠲᠤᠷᠰᠢᠯᠲᠠ ᠵᠢᠨ ᠢᠨᠵᠧᠨᠧᠷᠢᠩ᠎ᠢ ᠪᠠᠶ᠋ᠢᠭᠤᠯᠵᠤ᠂ ᠣᠶ᠋ᠢᠷ᠎ᠠ ᠵᠢᠨ ᠬᠤᠭᠤᠴᠠᠭ᠋ᠠᠨ᠎ᠳᠤ ᠴᠡᠷᠢᠭ ᠠᠩᠭᠢ ᠵᠢᠨ᠎ᠬᠢᠨ᠎ᠲᠠᠢ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠪᠥᠬᠥ ᠣᠷᠣᠨ᠎ᠤ ᠬᠡᠪᠴᠢᠶᠡᠨ᠎ᠳᠤ ᠪᠥᠬᠥ ᠲᠠᠯ᠎ᠠ᠎ᠪᠠᠷ ᠬᠡᠷᠡᠭᠵᠢᠬᠦᠯᠬᠦ ᠪᠤᠯᠤᠨ᠎ᠠ ; ᠬᠡᠳᠦ ᠲᠣᠳᠣ ᠥᠪᠥᠷ ᠮᠣᠩᠭᠣᠯ᠎ᠤᠨ ᠢᠨᠵᠧᠨᠧᠷᠢᠩ᠎ᠢ ᠬᠡᠷᠡᠭᠵᠢᠬᠦᠯᠦᠨ᠎ᠡ᠃ ᠡᠨᠡ ᠵᠢᠯ 12 ᠨᠢᠭᠡᠴᠢ ᠵᠢᠨ 19 ᠰᠤᠪᠠᠭ ᠤᠨ ᠥᠨᠳᠥᠷ ᠪᠠᠷᠢᠮᠵᠢᠶᠠᠲᠤ ᠲᠤᠳᠤ ᠨᠡᠪᠲᠡᠷᠡᠭᠦᠯᠭᠡ ᠵᠢ ᠬᠠᠮᠲᠤᠳᠤᠨᠢ ᠨᠡᠪᠲᠡᠷᠡᠭᠦᠯᠬᠦ ᠵᠢ ᠪᠡᠶᠡᠯᠡᠭᠦᠯᠵᠦ᠂ 2020 ᠤᠨ ᠪᠣᠯᠬᠤ᠎ᠳᠤ ᠥᠪᠥᠷ ᠮᠣᠩᠭᠣᠯ᠎ᠤᠨ ᠮᠣᠩᠭᠣᠯ᠂ ᠬᠢᠲᠠᠳ ᠬᠡᠯᠡᠨ᠎ᠤ ᠤᠳᠤᠨ ᠲᠸᠯᠸᠢᠰ᠎ᠤᠨ ᠬᠡᠳᠦ ᠲᠣᠳᠣ ᠪᠠᠷ ᠨᠡᠪᠲᠡᠷᠡᠭᠦᠯᠬᠦ ᠂ ᠵᠢᠯ᠎ᠤᠨ ᠳᠣᠲᠣᠷ᠎ᠠ ᠡᠯ᠎ᠡ ᠠᠶ᠋ᠢᠮᠠᠭ ᠬᠤᠲᠠ ᠵᠢᠨ ᠨᠠᠭ᠋ᠠᠳᠤ ᠵᠠᠬ᠎ᠠ᠎ᠳᠤ᠎ᠪᠠᠨ ᠨᠢᠭᠡ ᠰᠤᠪᠠᠭ ᠵᠶ᠋ᠠᠨ ᠬᠡᠳᠦ ᠲᠤᠳᠤ᠎ᠪᠠᠷ ᠨᠡᠪᠲᠡᠷᠡᠬᠦᠯᠬᠦ ᠵᠢ ᠪᠡᠶᠡᠯᠡᠬᠦᠯᠦᠨ᠎ᠡ᠃ ᠬᠣᠶᠠᠷ᠎ᠲᠤ᠂ 《ᠳᠥᠷᠪᠡᠨ ᠶᠡᠬᠡ ᠰᠢᠰᠲᠸᠮ》 ᠢ ᠪᠠᠶ᠋ᠢᠭᠤᠯᠤᠨ᠎ᠠ᠂ ᠲᠤᠬᠠᠶ᠋ᠢᠯᠠᠪᠠᠯ ᠪᠠᠴᠢᠮ ᠪᠠᠶ᠋ᠢᠳᠠᠯ᠎ᠢ ᠠᠷᠭ᠋ᠠᠴᠠᠬᠤ ᠷᠠᠳᠢᠣ᠋ ᠨᠡᠪᠲᠡᠷᠡᠭᠦᠯᠭᠡ ᠵᠢᠨ ᠰᠢᠰᠲᠸᠮ᠎ᠢ ᠪᠠᠢ᠌ᠭᠤᠯᠤᠨ᠎ᠠ᠃ ᠬᠢᠩᠭ᠋ᠠᠨ ᠠᠶ᠋ᠢᠮᠠᠭ᠎ᠤᠨ 4 ᠣᠨᠴᠠ ᠶᠠᠳᠠᠭᠤ ᠬᠦᠴᠢᠷᠳᠡᠯᠲᠡᠢ ᠬᠣᠰᠢᠭᠤ ᠰᠢᠶᠠᠨ᠂ ᠤᠯᠠᠭ᠋ᠠᠨᠴᠠᠪ ᠬᠣᠲᠠ ᠵᠢᠨ 8 ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠷᠠᠳᠢᠣ᠋ ᠨᠡᠪᠲᠡᠷᠡᠭᠦᠯᠭᠡ ᠵᠢᠨ ᠰᠢᠰᠲᠸᠮ᠎ᠢ ᠪᠠᠶ᠋ᠢᠭᠤᠯᠵᠤ ᠪᠠᠢ᠌ᠬᠤ ᠮᠥᠷᠲᠡᠭᠡᠨ ᠪᠤᠰᠤᠳ 3 ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠷᠠᠳᠢᠣ᠋ ᠨᠡᠪᠲᠡᠷᠡᠭᠦᠯᠭᠡ ᠵᠢᠨ ᠰᠢᠰᠲᠸᠮ᠎ᠤᠨ ᠪᠠᠶ᠋ᠢᠭᠤᠯᠤᠯᠲᠠ ᠵᠢ 2020 ᠣᠨ᠎ᠳᠤ ᠬᠡᠷᠡᠭᠵᠢᠬᠦᠯᠬᠦ᠎ᠪᠠᠷ ᠪᠠᠢ᠌ᠨ᠎ᠠ; ᠥᠷᠲᠡᠭᠡ ᠵᠢ ᠪᠠᠷᠢᠮᠵᠢᠶᠠᠵᠢᠭᠤᠯᠬᠤ ᠰᠢᠰᠲᠸᠮ᠎ᠢ ᠪᠠᠶ᠋ᠢᠭᠤᠯᠵᠤ᠂ ᠥᠷᠲᠡᠭᠡ ᠵᠢ ᠪᠠᠷᠢᠮᠵᠢᠶᠠᠵᠢᠭᠤᠯᠤᠭᠰᠠᠨ ᠪᠦᠲᠦᠭᠡᠨ ᠪᠠᠶ᠋ᠢᠭᠤᠯᠤᠯᠲᠠ ᠵᠢᠨ 2.0 ᠬᠡᠪ᠎ᠢ ᠪᠠᠶ᠋ᠢᠭᠤᠯᠵᠤ᠂ ᠲᠤᠪᠴᠢᠶᠠᠨ᠎ᠤ ᠬᠠᠷᠢᠶᠠᠲᠤ ᠷᠠᠳᠢᠣ᠋ ᠲᠸᠯᠸᠢᠰ᠎ᠤᠨ ᠫᠷᠤᠭ᠌ᠷᠠᠮ᠎ᠤᠨ ᠭᠡᠷᠡᠯ ᠰᠢᠷᠬᠡᠭ᠎ᠤᠨ ᠳᠣᠬᠢᠶᠠᠨ ᠰᠤᠷᠪᠤᠯᠵᠢ ᠵᠢᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠢ ᠵᠠᠷᠯᠠᠬᠤ ᠵᠢ ᠪᠡᠶᠡᠯᠡᠭᠦᠯᠵᠦ᠂ 7 ᠰᠢᠭᠤᠳ ᠬᠠᠷᠢᠶ᠎ᠠ ᠬᠣᠷᠢᠶ᠎ᠠ᠂ 6 ᠲᠥᠪ ᠬᠤᠷᠢᠶᠠᠨ ᠳᠤ ᠭᠡᠷᠡᠯᠯᠢᠭ ᠰᠢᠷᠬᠡᠭ᠎ᠤᠨ ᠰᠦᠯᠵᠢᠶ᠎ᠡ ᠵᠢ ᠨᠡᠪᠲᠡᠷᠡᠭᠦᠯᠬᠦ ᠪᠠ ᠷᠠᠳᠢᠣ᠋ ᠲᠧᠯᠸᠢᠰ᠎ᠤᠨ ᠫᠷᠤᠭ᠌ᠷᠠᠮ᠎ᠢ ᠬᠤᠯᠪᠤᠬᠤ ᠵᠢ ᠪᠡᠶᠡᠯᠡᠭᠦᠯᠪᠡ ; ᠷᠠᠳᠢᠣ᠋ ᠲᠧᠯᠸᠢᠰ᠎ᠢ ᠬᠢᠨᠠᠨ ᠰᠢᠯᠭ᠋ᠠᠬᠤ ᠬᠢᠨᠠᠨ ᠬᠠᠮᠢᠶᠠᠷᠬᠤ ᠰᠢᠰᠲ᠋ᠧᠮ᠎ᠢ ᠪᠠᠢ᠌ᠭᠤᠯᠤᠨ᠎ᠠ᠃ ᠲᠥᠰᠦᠯ᠎ᠤᠨ ᠪᠥᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠲᠥᠯᠦᠪᠯᠡᠭᠡ ᠵᠢ ᠨᠢᠭᠡᠨᠲᠡ ᠪᠡᠶᠡᠯᠡᠭᠦᠯᠵᠦ᠂ ᠦᠵᠡᠵᠦ ᠰᠣᠨᠣᠰᠬᠤ ᠫᠷᠤᠭ᠌ᠷᠠᠮ᠎ᠤᠨ ᠰᠦᠯᠵᠢᠶᠡᠨ᠎ᠤ ᠦᠷᠳᠡᠭᠡ᠂ IPTV ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠪᠡ; ᠷᠠᠳᠢᠣ᠋ ᠲᠧᠯᠸᠢᠰ᠎ᠤᠨ ᠠᠵᠢᠯᠯᠠᠭᠤᠯᠵᠤ ᠬᠠᠮᠠᠭ᠋ᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ᠎ᠠ᠃ ᠠᠮᠤᠷ ᠲᠦᠪᠰᠢᠨ ᠵᠶ᠋ᠠᠷ ᠨᠡᠪᠲᠡᠷᠡᠭᠦᠯᠬᠦ ᠵᠢ ᠶᠡᠬᠡ᠎ᠪᠠᠷ ᠪᠠᠶ᠋ᠢᠴᠠᠭ᠋ᠠᠬᠤ ᠪᠠ ᠠᠮᠤᠷ ᠲᠦᠪᠰᠢᠨ᠎ᠤ ᠳᠠᠯᠳᠠ ᠠᠶᠤᠯ᠎ᠢ ᠨᠢᠭᠲᠠᠯᠠᠨ ᠪᠠᠶ᠋ᠢᠴᠠᠭ᠋ᠠᠬᠤ ᠰᠠᠷ᠎ᠠ᠂ ᠠᠮᠤᠷ ᠲᠦᠪᠰᠢᠨ ᠵᠶ᠋ᠠᠷ ᠨᠡᠪᠲᠡᠷᠡᠭᠦᠯᠬᠦ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠭᠠᠷᠠᠭ᠎ᠤᠨ ᠠᠵᠢᠯᠯᠠᠭ᠎ᠠ ᠵᠢ 3 ᠡᠭᠡᠯᠵᠢ ᠥᠷᠨᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠯᠤᠭᠤᠳᠤᠨ ᠲᠣᠬᠢᠷᠠᠭᠤᠯᠬᠤ ᠲᠥᠪ᠎ᠢ ᠪᠠᠶ᠋ᠢᠭᠤᠯᠪᠠ᠃

ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ
ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ᠄ ᠣᠶ᠋ᠢᠷ᠎ᠠ ᠵᠢᠨ ᠬᠡᠳᠦᠨ ᠵᠢᠯ᠎ᠳᠤ᠂ ᠠᠷᠠᠳ ᠣᠯᠠᠨ᠎ᠤ ᠠᠮᠢᠳᠤᠷᠠᠯ᠎ᠤᠨ ᠬᠢᠷᠢ ᠲᠦᠪᠰᠢᠨ᠎ᠤ ᠲᠠᠰᠤᠷᠠᠯᠲᠠ ᠥᠬᠡᠶ ᠳᠡᠭᠡᠭᠰᠢᠯᠡᠬᠦ ᠵᠢ ᠳᠠᠭ᠋ᠠᠯᠳᠤᠨ ᠣᠯᠠᠨ ᠲᠦᠮᠡᠨ᠎ᠤ ᠪᠡᠶ᠎ᠡ᠎ᠪᠠᠨ ᠴᠢᠭᠢᠷᠠᠭᠵᠢᠭᠤᠯᠬᠤ ᠤᠬᠠᠮᠰᠠᠷ ᠠᠯᠬᠤᠮ ᠠᠯᠬᠤᠮ ᠵᠶ᠋ᠠᠷ ᠴᠢᠩᠭ᠋ᠠᠷᠠᠵᠤ ᠪᠠᠶ᠋ᠢᠨ᠎ᠠ᠃ ᠲᠠᠨ ᠵᠢᠩ ᠹᠸᠩ ᠲᠣᠪᠴᠢᠶᠠᠨ ᠳᠠᠷᠤᠭ᠎ᠠ ᠡ᠂ ᠬᠡᠷᠬᠢᠨ ᠪᠥᠬᠥ ᠠᠷᠠᠳ᠎ᠤᠨ ᠪᠡᠶ᠎ᠡ᠎ᠪᠠᠨ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨ ᠠᠭᠤᠰᠤᠯᠴᠠᠯ᠎ᠢ ᠠᠬᠢᠭᠤᠯᠵᠤ᠂ ᠪᠡᠶ᠎ᠡ ᠪᠠᠨ ᠴᠢᠭᠢᠷᠠᠭᠵᠢᠭᠤᠯᠬᠤ ᠬᠥᠳᠡᠯᠭᠡᠭᠡᠨ᠎ᠢ ᠦᠨᠡᠨ ᠬᠦ᠌ ᠥᠷᠭᠡᠨ ᠣᠯᠠᠨ ᠠᠷᠠᠳ ᠲᠦᠮᠡᠨ᠎ᠤ ᠠᠮᠢᠳᠤᠷᠠᠯ᠎ᠤᠨ ᠨᠢᠭᠡ ᠬᠡᠰᠡᠭ ᠪᠣᠯᠭ᠋ᠠᠬᠤ ᠪᠣᠶ?

ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠤᠪᠴᠢᠶᠠᠨ ᠤ ᠳᠠᠷᠤᠭ᠎ᠠ ᠲᠠᠨ ᠵᠢᠩ ᠹᠧᠩ
ᠲᠠᠨ ᠵᠢᠩ ᠹᠧᠩ᠄ ᠡᠷᠡᠭᠦᠯ ᠮᠡᠨᠳᠦ ᠪᠣᠯ ᠪᠡᠶ᠎ᠡ ᠵᠢᠨ ᠲᠠᠮᠢᠷ᠎ᠤᠨ ᠬᠠᠮᠤᠭ᠎ᠤᠨ ᠳᠡᠭᠡᠳᠦ ᠱᠠᠭ᠋ᠠᠷᠳᠠᠯᠭ᠎ᠠ᠂ ᠬᠠᠮᠤᠭ᠎ᠤᠨ ᠳᠡᠭᠡᠳᠦ ᠲᠦᠪᠰᠢᠨ ᠮᠥᠨ᠃ ᠪᠡᠶ᠎ᠡ ᠵᠢᠨ ᠲᠠᠮᠢᠷ ᠪᠣᠯ ᠳᠠᠷᠤᠶ ᠬᠥᠳᠡᠯᠭᠡᠭᠡᠨ ᠤ ᠬᠡᠯᠪᠡᠷᠢ᠎ᠪᠠᠷ ᠪᠡᠶ᠎ᠡ ᠮᠠᠬᠠᠪᠣᠳ ᠵᠶ᠋ᠠᠨ ᠰᠤᠷᠭ᠋ᠠᠨ ᠬᠥᠮᠦᠵᠢᠭᠦᠯᠬᠦ ᠶᠠᠪᠤᠳᠠᠯ ᠪᠣᠯᠤᠨ᠎ᠠ᠃ ᠡᠨᠡ᠎ᠨᠢ ᠲᠥᠷᠥᠯᠬᠢ ᠵᠢᠨ ᠮᠥᠷᠲᠡᠭᠡᠨ ᠨᠠᠰᠤᠨ ᠲᠤᠷᠰᠢᠳᠠ ᠵᠢᠨ ᠰᠤᠷᠭ᠋ᠠᠨ ᠬᠥᠮᠦᠵᠢᠯ ᠪᠢᠯᠡ᠃ ᠬᠥᠮᠦᠨ ᠬᠦᠪᠦᠷᠡᠯ᠎ᠤᠨ ᠬᠥᠮᠦᠵᠢᠯ᠎ᠠᠴᠠ ᠠᠪᠤᠭ᠋ᠠᠳ ᠲᠥᠷᠥᠭᠰᠡᠨᠤ ᠳᠠᠷᠠᠭ᠎ᠠ ᠤᠷᠪᠠᠬᠤ᠂ ᠰᠠᠭᠤᠬᠤ᠂ ᠠᠯᠬᠤᠬᠤ ᠵᠡᠷᠭᠡ᠎ᠨᠢ ᠪᠦᠷ ᠬᠠᠮᠤᠭ᠎ᠤᠨ ᠠᠩᠬᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠪᠣᠯᠤᠨ᠎ᠠ᠃ ᠨᠢᠭᠡ ᠬᠥᠮᠦᠨ ᠡᠨᠡ ᠳᠡᠯᠡᠬᠡᠢ ᠳᠡᠭᠡᠷ᠎ᠡ᠂ ᠣᠨᠴᠠᠭ᠋ᠠᠶ᠋ᠢᠯᠠᠨ ᠨᠢᠯᠬ᠎ᠠ ᠬᠡᠦᠬᠡᠳ᠎ᠤᠨ ᠱᠠᠲᠤᠨ᠎ᠳᠤ ᠬᠠᠮᠤᠭ᠎ᠤᠨ ᠡᠷᠲᠡ ᠬᠦᠷᠲᠡᠭᠰᠡᠨ ᠰᠤᠷᠭ᠋ᠠᠨ ᠬᠥᠮᠦᠵᠢᠯ ᠪᠣᠯ ᠳᠠᠷᠤᠢ ᠪᠡᠶ᠎ᠡ ᠵᠢᠨ ᠲᠠᠮᠢᠷ ᠪᠣᠯᠤᠨ᠎ᠠ᠂ ᠪᠡᠶ᠎ᠡ ᠵᠢᠨ ᠲᠠᠮᠢᠷ᠎ᠤᠨ ᠰᠠᠭᠤᠷᠢᠨ ᠳᠡᠭᠡᠷ᠎ᠡ ᠠᠯᠬᠤᠮ ᠠᠯᠬᠤᠮ ᠵᠶ᠋ᠠᠷ ᠤᠶᠤᠨ᠎ᠤ ᠬᠥᠮᠦᠵᠢᠯ᠂ ᠶᠣᠰᠣ ᠰᠤᠷᠲᠠᠬᠤᠨ᠎ᠤ ᠬᠥᠮᠦᠵᠢᠯ᠂ ᠭᠤᠸ᠎ᠠ ᠰᠠᠶ᠋ᠢᠬᠠᠨ᠎ᠤ ᠬᠥᠮᠦᠵᠢᠯ᠎ᠢ ᠬᠦᠷᠲᠡᠲᠡᠭ᠃ ᠪᠡᠶ᠎ᠡ ᠵᠢᠨ ᠲᠠᠮᠢᠷ᠎ᠤᠨ ᠲᠠᠪᠰᠢᠯᠳᠠ ᠦᠭᠡᠢ ᠪᠣᠯ ᠬᠥᠮᠦᠨ ᠤᠶᠤᠨ᠎ᠤ ᠬᠥᠮᠦᠵᠢᠯ᠂ ᠶᠣᠰᠣ ᠰᠤᠷᠲᠠᠬᠤᠨ᠎ᠤ ᠬᠥᠮᠦᠵᠢᠯ᠂ ᠭᠤᠸ᠎ᠠ ᠰᠠᠶ᠋ᠢᠬᠠᠨ᠎ᠤ ᠬᠥᠮᠦᠵᠢᠯ᠎ᠢ ᠬᠦᠷᠳᠡᠬᠦ ᠨᠥᠬᠥᠴᠡᠯ᠎ᠳᠤ ᠬᠦᠷᠴᠦ ᠴᠢᠳᠠᠬᠤ ᠦᠭᠡᠢ ᠶᠤᠮ᠃ ᠪᠡᠶ᠎ᠡ ᠵᠢᠨ ᠲᠠᠮᠢᠷ ᠪᠣᠯ ᠨᠢᠭᠡ ᠵᠦᠢ᠍ᠯ᠎ᠤᠨ ᠬᠥᠳᠡᠯᠭᠡᠭᠡᠨ᠂ ᠨᠢᠭᠡ ᠵᠦᠢ᠍ᠯ᠎ᠤᠨ ᠠᠵᠢᠯ ᠦᠢ᠍ᠯᠡᠰ᠂ ᠨᠢᠭᠡ ᠵᠦᠢ᠍ᠯ᠎ᠤᠨ ᠰᠤᠶᠤᠯ᠂ ᠪᠠᠰᠠ ᠨᠢᠭᠡ ᠵᠦᠢ᠍ᠯ᠎ᠤᠨ ᠠᠵᠤ ᠦᠢ᠍ᠯᠡᠰ ᠪᠣᠯᠤᠨ᠎ᠠ᠂ ᠪᠡᠶ᠎ᠡ ᠵᠢᠨ ᠲᠠᠮᠢᠷ ᠲᠤ ᠪᠡᠶ᠎ᠡ ᠰᠤᠪᠢᠯᠠᠯᠲᠠ ᠵᠢᠨ ᠡᠷᠡᠭᠦᠯᠵᠢᠯ᠎ᠤᠨ ᠴᠢᠳᠠᠮᠵᠢ᠂ ᠤᠷᠢᠳᠴᠢᠯᠠᠨ ᠰᠡᠷᠭᠡᠶ᠋ᠢᠯᠡᠬᠦ ᠡᠷᠡᠭᠦᠯᠵᠢᠯ᠎ᠤᠨ ᠴᠢᠳᠠᠮᠵᠢ᠂ ᠡᠮ ᠡᠮᠨᠡᠯᠭᠡ ᠵᠢᠨ ᠡᠷᠡᠭᠦᠯᠵᠢᠯ᠎ᠤᠨ ᠴᠢᠳᠠᠮᠵᠢ᠂ ᠰᠢᠮ᠎ᠡ ᠲᠡᠵᠢᠭᠡᠯ ᠤᠨ ᠡᠷᠡᠭᠦᠯᠵᠢᠯ᠎ᠤᠨ ᠴᠢᠳᠠᠮᠵᠢ ᠪᠠ ᠰᠡᠳᠬᠢᠴᠡ ᠵᠢᠨ ᠡᠷᠡᠭᠦᠯᠵᠢᠯ᠎ᠤᠨ ᠴᠢᠳᠠᠮᠵᠢ᠎ᠲᠠᠢ᠃
ᠪᠦᠬᠦ ᠠᠷᠠᠳ᠎ᠤᠨ ᠪᠡᠶ᠎ᠡ᠎ᠪᠠᠨ ᠴᠢᠭᠢᠷᠠᠭᠵᠢᠭᠤᠯᠬᠤ ᠬᠢᠭᠡᠳ ᠪᠦᠬᠦ ᠠᠷᠠᠳ᠎ᠤᠨ ᠡᠷᠡᠭᠦᠯ ᠮᠡᠨᠳᠦ ᠵᠢᠨ ᠭᠦᠨ ᠠᠭᠤᠰᠤᠯᠴᠠᠯ᠎ᠢ ᠲᠦᠯᠬᠢᠨ ᠠᠬᠢᠭᠤᠯᠵᠤ᠂ ᠮᠠᠨ᠎ᠤ ᠣᠷᠣᠨ᠎ᠤ ᠣᠯᠠᠨ ᠲᠦᠮᠡᠨ᠎ᠤ ᠪᠡᠶ᠎ᠡ ᠵᠢᠨ ᠲᠠᠮᠢᠷ᠎ᠢ ᠠᠮᠢᠳᠤᠷᠠᠯᠵᠢᠭᠤᠯᠬᠤ ᠵᠢ ᠪᠠᠷᠢᠮᠲᠠᠯᠠᠨ᠂ 《ᠵᠢᠷᠭᠤᠭ᠋ᠠᠨ ᠳᠡᠷᠭᠡᠳᠡᠬᠢ》 ᠢᠨᠵᠧᠨᠧᠷᠢᠩ᠎ᠢ ᠭᠦᠨᠵᠡᠭᠡᠶ ᠲᠦᠯᠬᠢᠨ ᠠᠬᠢᠭᠤᠯᠵᠤ᠂ (ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠵᠢ ᠲᠡᠭᠦᠯᠳᠡᠷᠵᠢᠬᠦᠯᠵᠦ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢ ᠪᠠᠢ᠌ᠭᠤᠯᠵᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠪᠠᠶᠠᠯᠢᠭᠵᠢᠭᠤᠯᠵᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠬᠢᠷᠠᠭᠵᠢᠭᠤᠯᠬᠤ ᠤᠷᠤᠯᠳᠤᠭ᠋ᠠᠨ᠎ᠢ ᠳᠡᠮᠵᠢᠵᠦ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠵᠢᠯᠣᠭᠣᠳᠤᠯᠭ᠎ᠠ ᠵᠢ ᠴᠢᠨᠭ᠌ᠭ᠋ᠠᠳᠬᠠᠵᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠰᠣᠶᠣᠯ᠎ᠢ ᠪᠠᠳᠠᠷᠠᠭᠤᠯᠤᠨ᠎ᠠ) ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠱᠠᠭ᠋ᠠᠷᠳᠠᠯᠭ᠎ᠠ ᠬᠢᠭᠡᠳ ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠲᠡᠩᠴᠡᠭᠦᠷᠢ ᠦᠭᠡᠶ᠂ ᠬᠦᠢ᠍ᠴᠡᠳ ᠦᠭᠡᠶ ᠪᠠᠶ᠋ᠢᠬᠤ ᠵᠢᠨ ᠬᠣᠭᠣᠷᠣᠨᠳᠣᠬᠢ ᠵᠥᠷᠢᠴᠡᠯ᠎ᠢ ᠬᠦᠴᠦᠯᠡᠨ ᠰᠢᠢ᠍ᠳᠪᠤᠷᠢᠯᠡᠵᠦ᠂ ᠬᠠᠮᠤᠷᠬᠤ ᠬᠡᠪᠴᠢᠶ᠎ᠡ᠎ᠨᠢ ᠥᠷᠭᠡᠨ᠂ ᠴᠢᠳᠠᠮᠵᠢ᠎ᠨᠢ ᠲᠡᠭᠦᠯᠳᠡᠷ ᠪᠦᠬᠦ ᠠᠷᠠᠳ᠎ᠤᠨ ᠪᠡᠶ᠎ᠡ᠎ᠪᠠᠨ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ ᠢ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠪᠥᠬᠥ ᠠᠷᠠᠳ᠎ᠤᠨ ᠪᠡᠶ᠎ᠡ᠎ᠪᠠᠨ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨ ᠠᠭᠤᠰᠤᠯᠴᠠᠯ᠎ᠢ ᠠᠬᠢᠭᠤᠯᠵᠤ᠂ ᠡᠷᠡᠭᠦᠯ ᠡᠩᠬᠡ ᠥᠪᠥᠷ ᠮᠣᠩᠭᠣᠯ᠎ᠤᠨ ᠳᠡᠪᠢᠰᠬᠡᠷ ᠥᠩᠭᠡ ᠵᠢ ᠨᠠᠩ ᠠᠮᠢᠳᠤᠯᠢᠭ ᠪᠣᠯᠭ᠋ᠠᠨ᠎ᠠ᠃
ᠨᠢᠭᠡ᠎ᠳᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠪᠥᠬᠥ ᠠᠷᠠᠳ᠎ᠤᠨ ᠪᠡᠶ᠎ᠡ ᠪᠠᠨ ᠴᠢᠭᠢᠷᠠᠭᠵᠢᠭᠤᠯᠬᠤ ᠨᠡᠶ᠋ᠢᠭᠡᠮᠴᠢᠯᠡᠯᠲᠡ ᠵᠢ ᠠᠬᠢᠭᠤᠯᠤᠨ᠎ᠠ᠃ ᠪᠥᠬᠥ ᠣᠷᠣᠨ᠎ᠤ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠂ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠪᠦᠯᠬᠦᠮ᠎ᠤᠨ ᠥᠷᠭᠡᠨ ᠵᠶ᠋ᠠᠷ ᠬᠠᠮᠤᠷᠬᠤ ᠵᠢ ᠬᠦᠴᠦᠯᠡᠨ ᠠᠬᠢᠭᠤᠯᠵᠤ᠂ ᠠᠶ᠋ᠢᠮᠠᠭ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ ᠵᠢᠨ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠦᠨᠳᠦᠰᠦᠨ ᠱᠠᠲᠤᠨ᠎ᠤ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ ᠵᠢ ᠭᠣᠤᠯᠳᠠᠯᠭ᠎ᠠ᠎ᠲᠠᠢ ᠲᠡᠳᠬᠦᠵᠦ᠂ ᠭᠠᠭᠴᠠ ᠲᠥᠷᠦᠯ᠎ᠤᠨ ᠨᠡᠶ᠋ᠢᠭᠡᠮᠯᠢᠭ᠂ ᠪᠡᠶ᠎ᠡ ᠴᠢᠭᠢᠷᠠᠭᠵᠢᠭᠤᠯᠬᠤ ᠺᠯᠦ᠋ᠪ ᠵᠡᠷᠭᠡ ᠡᠯ᠎ᠡ ᠲᠥᠷᠥᠯ᠎ᠤᠨ ᠪᠡᠶ᠎ᠡ᠎ᠪᠠᠨ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠵᠢᠨ ᠦᠨᠳᠦᠰᠦᠨ ᠱᠠᠲᠤᠨ᠎ᠤ ᠨᠡᠶ᠋ᠢᠭᠡᠮ ᠲᠣᠭᠣᠷᠢᠭ ᠪᠣᠯᠤᠨ ᠲᠠᠷᠢᠶᠠᠯᠠᠬᠤ ᠮᠠᠯᠵᠢᠬᠤ ᠣᠷᠣᠨ ᠲᠡᠢ᠌ᠰᠢ ᠬᠥᠪᠦᠷᠡᠬᠦ ᠵᠢ ᠲᠦᠯᠬᠢᠨ ᠠᠬᠢᠭᠤᠯᠤᠨ᠎ᠠ᠃ ᠣᠳᠣᠬᠠᠨ᠎ᠳᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠵᠢ ᠬᠡᠷᠡᠭᠵᠢᠭᠦᠯᠬᠦ ᠲᠥᠯᠥᠪᠯᠡᠭᠡ ᠵᠢ ᠵᠣᠬᠢᠶᠠᠨ ᠪᠠᠶ᠋ᠢᠭᠤᠯᠵᠤ᠂ ᠤᠳᠤᠷᠢᠳᠴᠤ ᠵᠣᠬᠢᠴᠠᠭᠤᠯᠬᠤ ᠲᠣᠭᠲᠠᠴᠠ ᠵᠢ ᠪᠦᠬᠦᠨ᠎ᠢ ᠬᠠᠮᠤᠷᠬᠤ ᠵᠢ ᠪᠡᠶᠡᠯᠡᠬᠦᠯᠵᠡᠢ᠃ ᠪᠥᠬᠥ ᠣᠷᠣᠨ᠎ᠳᠤ ᠡᠯ᠎ᠡ ᠱᠠᠲᠤᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ 118 ᠪᠠᠶ᠋ᠢᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠰᠤᠮᠤ ᠰᠢᠶᠠᠩ ᠪᠠᠯᠭ᠋ᠠᠰᠤ ᠵᠢᠨ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠎ᠤᠨ ᠪᠦᠷᠬᠦᠴᠡ ᠵᠢᠨ ᠨᠣᠷᠮ᠎ᠠ 50%᠎ᠳᠤ ᠬᠦᠷᠴᠦ᠂ 《ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ + ᠭᠠᠭᠴᠠ ᠲᠥᠷᠦᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ + ᠤᠯᠠᠨ ᠬᠦᠮᠦᠨ᠎ᠤ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ》᠎ᠤᠨ ᠪᠡᠶ᠎ᠡ ᠵᠢᠨ ᠲᠠᠮᠢᠷ᠎ᠤᠨ ᠪᠡᠶ᠎ᠡ᠎ᠪᠠᠨ ᠴᠢᠬᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠵᠢᠨ ᠲᠣᠤᠷ ᠰᠦᠯᠵᠢᠶ᠎ᠡ ᠵᠢ ᠠᠩᠬ᠎ᠠ ᠠᠯᠬᠤᠮ ᠪᠦᠷᠢᠯᠳᠦᠭᠦᠯᠵᠡᠶ᠃ ᠤᠳᠤᠬᠠᠨ᠎ᠳᠤ ᠪᠥᠬᠥ ᠣᠷᠣᠨ᠎ᠳᠤ 4.6 ᠲᠦᠮᠡ ᠭᠠᠷᠤᠶ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠣᠳᠣᠭᠴᠢ ᠪᠠᠶ᠋ᠢᠨ᠎ᠠ᠃
ᠬᠣᠶᠠᠷ᠎ᠲᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢ ᠪᠠᠶ᠋ᠢᠭᠤᠯᠵᠤ᠂ ᠣᠯᠠᠨ ᠲᠦᠮᠡᠨ᠎ᠤ ᠪᠡᠶ᠎ᠡ᠎ᠪᠠᠨ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠪᠥᠬᠥ ᠣᠷᠣᠨ᠎ᠤ 61 ᠲᠣᠮᠣ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠲᠠᠯᠠᠪᠤᠷ᠂ ᠣᠷᠳᠣᠨ ᠤ ᠰᠦᠢ᠍ᠳᠬᠡᠯ ᠬᠤᠷᠢᠶᠠᠬᠤ ᠦᠭᠡᠢ ᠪᠤᠶᠤ ᠳᠣᠤᠷ᠎ᠠ ᠰᠦᠢ᠍ᠳᠬᠡᠯ ᠬᠤᠷᠢᠶᠠᠵᠤ ᠴᠢᠯᠥᠭᠡᠲᠡᠶ ᠨᠡᠭᠡᠭᠡᠬᠦ ᠵᠢ ᠳᠡᠮᠵᠢᠨ᠎ᠡ᠃ ᠲᠥᠪ ᠤᠨ ᠲᠥᠪᠯᠡᠷᠡᠬᠦᠯᠦᠭᠰᠡᠨ ᠬᠤᠨᠵᠢᠪᠤᠷᠢᠲᠤ ᠰᠤᠭᠤᠯᠤᠭ᠎ᠠ ᠵᠢᠨ ᠨᠡᠶ᠋ᠢᠲᠡ ᠵᠢᠨ ᠬᠠᠯᠠᠮᠵᠢ ᠵᠢᠨ ᠮᠥᠩᠭᠥ ᠪᠠᠷ ᠨᠡᠶ᠋ᠢᠭᠡᠮ ᠲᠣᠭᠣᠷᠢᠭ᠎ᠤᠨ ᠪᠡᠶ᠎ᠡ ᠴᠢᠭᠢᠷᠠᠭᠵᠢᠭᠤᠯᠬᠤ ᠲᠥᠪ᠂ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠲᠠᠯᠠᠪᠤᠷ ᠣᠷᠳᠣᠨ᠂ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠂ ᠪᠡᠶ᠎ᠡ ᠵᠢᠨ ᠲᠠᠮᠢᠷ᠎ᠤᠨ ᠴᠡᠴᠡᠷᠯᠢᠭ ᠵᠡᠷᠭᠡ ᠵᠢ ᠪᠠᠶ᠋ᠢᠭᠤᠯᠬᠤ ᠵᠠᠷᠤᠳᠠᠯ᠎ᠢ ᠲᠦᠯᠦᠬᠦᠯᠬᠦ᠎ᠪᠠᠷ ᠴᠢᠷᠮᠠᠶ᠋ᠢᠨ᠎ᠠ᠃ ᠮᠠᠨ᠎ᠤ ᠣᠷᠣᠨ᠎ᠤ ᠤᠯᠤᠰ᠎ᠤᠨ ᠶᠠᠳᠠᠭᠤ ᠬᠦᠴᠢᠷᠳᠡᠯᠲᠡᠶ᠂ ᠣᠷᠣᠨ᠎ᠤ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠳᠤ ᠪᠡᠶ᠎ᠡ ᠵᠢᠨ ᠲᠠᠮᠢᠷ᠎ᠤᠨ ᠪᠠᠭ᠋ᠠᠵᠢ ᠬᠡᠷᠡᠭᠰᠡᠯ᠂ ᠪᠡᠯᠡᠳᠬᠡᠮᠵᠢ ᠵᠢᠨ ᠳᠡᠮᠵᠢᠯᠭᠡ ᠦᠵᠡᠭᠦᠯᠵᠦ᠂ ᠪᠡᠶ᠎ᠡ ᠵᠢᠨ ᠲᠠᠮᠢᠷ ᠵᠶ᠋ᠠᠷ ᠶᠠᠳᠠᠭᠤ ᠵᠢ ᠲᠡᠳᠬᠦᠵᠦ ᠠᠷᠠᠳ᠎ᠲᠤ ᠠᠰᠢᠭ ᠬᠦᠷᠲᠡᠭᠡᠬᠦ ᠵᠢ ᠪᠡᠶᠡᠯᠡᠭᠦᠯᠦᠨ᠎ᠡ᠃ ᠣᠳᠣᠬᠠᠨ᠎ᠳᠤ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠶᠡᠷᠦᠩᠬᠡᠶ ᠲᠣᠭ᠎ᠠ 55600 ᠭᠠᠷᠤᠢ ᠪᠠᠶ᠋ᠢᠵᠤ᠂ ᠬᠥᠮᠦᠨ ᠪᠦᠷᠢ ᠵᠢᠨ ᠳᠤᠮᠳᠠᠴᠢ ᠪᠡᠶ᠎ᠡ ᠵᠢᠨ ᠲᠠᠮᠢᠷ᠎ᠤᠨ ᠲᠠᠯᠠᠪᠠᠶ᠎ᠨᠢ 1.93 ᠲᠡᠭᠰᠢ ᠳᠥᠷᠪᠡᠯᠵᠢᠨ ᠮᠧᠲᠷ ᠪᠠᠶ᠋ᠢᠵᠤ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠪᠠᠶ᠋ᠢᠩᠭᠤ ᠣᠷᠣᠯᠴᠠᠬᠤ ᠬᠦᠮᠦᠨ᠎ᠤ ᠲᠣᠭ᠎ᠠ ᠵᠢᠨ ᠬᠠᠷᠢᠴᠠᠯ᠎ᠨᠢ 41%᠎ᠳᠤ ᠬᠦᠷᠴᠦ᠂ ᠪᠡᠶ᠎ᠡ ᠴᠢᠭᠢᠷᠠᠭᠵᠢᠭᠤᠯᠬᠤ᠎ᠨᠢ ᠨᠢᠭᠡᠨᠲᠡ ᠪᠦᠬᠦ ᠠᠷᠠᠳ᠎ᠤᠨ ᠰᠢᠨ᠎ᠡ ᠬᠡᠪ ᠰᠤᠷᠲᠠᠯ ᠪᠣᠯᠤᠭᠰᠠᠨ ᠪᠠᠶ᠋ᠢᠨ᠎ᠠ᠃
ᠭᠤᠷᠪᠠ᠎ᠳᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠪᠠᠶᠠᠯᠢᠭᠵᠢᠭᠤᠯᠵᠤ᠂ ᠪᠡᠶ᠎ᠡ ᠵᠢᠨ ᠲᠠᠮᠢᠷ ᠢ ᠠᠮᠢᠳᠤᠷᠠᠯᠵᠢᠭᠤᠯᠬᠤ ᠠᠬᠢᠴᠠ ᠵᠢ ᠲᠦᠯᠬᠢᠨ ᠠᠬᠢᠭᠤᠯᠤᠨ᠎ᠠ᠃ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠨᠠᠷᠠᠲᠤ ᠲᠡᠮᠳᠡᠭᠲᠦ ᠵᠢᠨ ᠠᠵᠢᠯᠯᠠᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ᠎ᠤ ᠦᠵᠡᠵᠦ ᠰᠣᠨᠣᠰᠬᠤ ᠳᠤᠷᠠᠲᠠᠶ᠂ ᠵᠢᠵᠢᠭ ᠬᠡᠯᠪᠡᠷᠢ ᠵᠢᠨ ᠣᠯᠠᠨ ᠶᠠᠩᠵᠤ ᠵᠢᠨ᠂ ᠠᠳᠠᠯᠢ ᠪᠤᠰᠤ ᠬᠥᠮᠦᠰ᠎ᠲᠤ ᠵᠣᠬᠢᠴᠠᠬᠤ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠤ ᠠᠵᠢᠯᠯᠠᠭ᠎ᠠ ᠵᠢ ᠥᠷᠭᠡᠨ ᠵᠶ᠋ᠠᠷ ᠥᠷᠨᠢᠬᠦᠯᠦᠨ᠎ᠡ᠃ ᠵᠢᠱ᠌ᠢᠶᠡᠯᠡᠪᠡᠯ 8 ᠰᠠᠷ᠎ᠠ ᠵᠢᠨ 8᠎ᠤ ᠡᠳᠦᠷ ᠤᠨ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠡᠳᠦᠷ᠎ᠤᠨ ᠠᠵᠢᠯᠯᠠᠭ᠎ᠠ᠂ ᠰᠢᠭᠤᠷᠬᠠᠢ ᠠᠯᠬᠤᠭᠰᠠᠳᠤᠨ ᠬᠦᠳᠡᠯᠭᠡᠭᠡᠨ ᠂ ᠪᠥᠬᠥ ᠣᠷᠣᠨ᠎ᠤ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ ᠵᠢᠨ ᠪᠥᠵᠢᠭ᠎ᠤᠨ ᠦᠵᠡᠭᠦᠯᠦᠯᠭᠡ ᠵᠡᠷᠭᠡ ᠵᠢ ᠥᠷᠭᠡᠨ ᠵᠶ᠋ᠠᠷ ᠥᠷᠨᠢᠭᠦᠯᠵᠦ᠂ ᠨᠠᠩ ᠣᠯᠠᠨ ᠠᠷᠠᠳ ᠲᠦᠮᠡᠨ᠎ᠢ ᠳᠠᠶ᠋ᠢᠴᠢᠯᠠᠨ ᠪᠡᠶ᠎ᠡ ᠴᠢᠭᠢᠷᠠᠭᠵᠢᠭᠤᠯᠬᠤ᠎ᠠᠴᠠ ᠪᠣᠯᠤᠭᠰᠠᠨ ᠡᠷᠡᠭᠦᠯ ᠮᠡᠨᠳᠦ ᠪᠠ ᠪᠠᠶᠠᠷ ᠪᠠᠶᠠᠰᠤᠯ᠎ᠢ ᠬᠦᠢ᠍ᠴᠡᠳ ᠡᠳ᠋ᠯᠡᠭᠦᠯᠵᠦ᠂ ᠡᠯ᠎ᠡ ᠲᠥᠷᠥᠯ᠎ᠤᠨ ᠬᠥᠮᠦᠰ᠎ᠢ ᠬᠠᠮᠤᠷᠤᠭᠰᠠᠨ᠂ ᠡᠯ᠎ᠡ ᠣᠷᠣᠨ ᠪᠦᠰᠡ ᠵᠢ ᠬᠠᠮᠤᠷᠤᠭᠰᠠᠨ᠂ ᠪᠥᠬᠦᠯᠢ ᠵᠢᠯ ᠵᠶ᠋ᠠᠷ ᠲᠤᠭᠤᠰᠢᠯᠠᠭᠳᠠᠭᠰᠠᠨ 《ᠨᠢᠭᠡ ᠭᠠᠵᠠᠷ ᠨᠢᠭᠡ ᠨᠠᠷᠠᠲᠤ ᠲᠡᠮᠳᠡᠭ᠂ ᠨᠢᠭᠡ ᠭᠠᠵᠠᠷ ᠨᠢᠭᠡ ᠣᠨᠴᠠᠯᠢᠭ》 ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠦᠢ᠍ᠯᠡᠴᠢᠯᠡᠭᠡᠨ᠎ᠤ ᠲᠣᠤᠷ ᠰᠦᠯᠵᠢᠶᠡᠨ ᠤ ᠴᠤᠭᠴᠠ ᠵᠢ ᠪᠦᠷᠢᠯᠳᠦᠬᠦᠯᠦᠨ᠎ᠡ᠃
ᠳᠥᠷᠪᠡ᠎ᠳᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠢ ᠳᠡᠮᠵᠢᠵᠦ᠂ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠢᠳᠡᠪᠬᠢᠵᠢᠯ᠎ᠢ ᠳᠠᠶ᠋ᠢᠴᠢᠯᠠᠨ᠎ᠠ᠃ ᠠᠷᠠᠳ ᠲᠦᠮᠡᠨ ᠵᠶ᠋ᠠᠷ ᠭᠣᠣᠯ ᠪᠤᠯᠭ᠋ᠠᠭᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ ᠲᠥᠮᠡᠨ᠎ᠤ ᠪᠠᠬᠠᠷᠬᠠᠳᠠᠭ ᠤᠷᠤᠯᠳᠤᠭ᠋ᠠᠨ ᠪᠠ ᠠᠷᠠᠳ ᠤᠯᠠᠨ᠎ᠤ ᠳᠡᠷᠭᠡᠳᠡᠬᠢ ᠤᠷᠤᠯᠳᠤᠭ᠋ᠠᠨ᠎ᠢ ᠡᠷᠬᠢᠯᠡᠵᠤ᠂ ᠠᠷᠠᠳ ᠲᠥᠮᠡᠨ᠎ᠢ ᠭᠡᠷ᠎ᠤᠨ ᠡᠭᠦᠳᠡᠨ᠎ᠳᠤ ᠨᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠤᠷᠤᠯᠴᠠᠭᠤᠯᠤᠨ᠎ᠠ᠃ ᠪᠢᠳᠡ ᠣᠯᠠᠨ ᠲᠦᠮᠡᠨ᠎ᠤ ᠭᠡᠷ ᠤᠨ ᠡᠭᠦᠳᠡᠨ᠎ᠳᠤ ᠪᠠᠶᠠᠯᠢᠭ ᠰᠠᠶ᠋ᠢᠬᠠᠨ ᠮᠥᠷᠲᠡᠭᠡᠨ ᠣᠷᠣᠯᠴᠠᠬᠤ᠎ᠳᠤ ᠠᠮᠠᠷᠬᠠᠨ᠂ ᠥᠷᠭᠡᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠢ ᠡᠷᠬᠢᠯᠡᠬᠦ᠎ᠪᠠᠷ ᠳᠡᠮᠵᠢᠨ᠂ ᠠᠷᠠᠳ ᠣᠯᠠᠨ᠎ᠳᠤ ᠨᠠᠩ ᠣᠯᠠᠨ ᠬᠦᠷᠲᠡᠮᠵᠢ ᠵᠢᠨ ᠲᠥᠷᠥᠭᠳᠡᠯ᠂ ᠠᠮᠵᠢᠯᠲᠠ ᠪᠥᠲᠦᠮᠵᠢ ᠵᠢᠨ ᠲᠥᠷᠥᠭᠳᠡᠯ ᠪᠠ ᠵᠣᠯ ᠵᠢᠷᠭ᠋ᠠᠯ᠎ᠤᠨ ᠲᠥᠷᠥᠭᠳᠡᠯ ᠤᠯᠭᠤᠨ᠎ᠠ᠃
ᠲᠠᠪᠤ᠎ᠳᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠵᠢᠯᠣᠭᠣᠳᠣᠯᠭ᠎ᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠤᠬᠠᠮᠰᠠᠷ᠎ᠢ ᠪᠣᠶ ᠪᠣᠯᠭ᠋ᠠᠨ᠎ᠠ᠃ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ᠎ᠤᠨ ᠠᠶᠠᠯᠠᠯ᠂ ᠪᠡᠶ᠎ᠡ ᠮᠠᠬᠠᠪᠣᠳ᠎ᠤᠨ ᠡᠷᠡᠬᠦᠯ ᠴᠢᠭᠢᠷᠠᠭ᠎ᠢ ᠪᠠᠶ᠋ᠢᠭᠤᠯᠭ᠎ᠠ᠎ᠳᠤ ᠣᠷᠣᠭᠤᠯᠬᠤ ᠂ ᠨᠡᠢ᠌ᠭᠡᠮ ᠲᠤᠭᠤᠷᠢᠭ᠎ᠲᠤ ᠤᠷᠤᠭᠤᠯᠬᠤ ᠵᠡᠷᠭᠡ ᠪᠡᠶ᠎ᠡ ᠴᠢᠭᠢᠷᠠᠭᠵᠢᠭᠤᠯᠬᠤ ᠵᠢ ᠵᠢᠯᠣᠭᠣᠳᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠪᠡᠶ᠎ᠡ ᠴᠢᠭᠢᠷᠠᠭᠵᠢᠭᠤᠯᠬᠤ ᠮᠡᠳᠡᠯᠭᠡ᠂ ᠪᠡᠶ᠎ᠡ ᠴᠢᠭᠢᠷᠠᠭᠵᠢᠭᠤᠯᠬᠤ ᠠᠷᠭ᠎ᠠ ᠪᠠ ᠰᠢᠯᠢᠳᠡᠭ ᠪᠡᠶ᠎ᠡ ᠴᠢᠭᠢᠷᠠᠭᠵᠢᠭᠤᠯᠬᠤ ᠲᠥᠰᠦᠯ᠎ᠢ ᠳᠡᠯᠭᠡᠷᠡᠭᠦᠯᠬᠦ ᠪᠠ ᠰᠣᠯᠢᠯᠴᠠᠬᠤ ᠵᠢ ᠴᠢᠩᠭ᠋ᠠᠳᠬᠠᠨ᠎ᠠ᠃ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠣᠳᠣᠭᠴᠢ᠎ᠪᠠᠷ ᠭᠣᠤᠯ ᠴᠣᠭᠴᠠ ᠪᠣᠯᠭ᠋ᠠᠵᠤ᠂ ᠰᠢᠯᠢᠳᠡᠭ ᠪᠡᠶ᠎ᠡ ᠵᠢᠨ ᠲᠠᠮᠢᠷ᠎ᠤᠨ ᠠᠩᠭᠢ ᠵᠢᠨ ᠲᠠᠮᠢᠷᠴᠢᠨ᠂ ᠰᠤᠷᠭ᠋ᠠᠭᠴᠢ ᠵᠢ ᠵᠣᠬᠢᠶᠠᠨ ᠪᠠᠶ᠋ᠢᠭᠤᠯᠤᠨ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠢ ᠶᠡᠬᠡ ᠪᠠᠷ ᠥᠷᠨᠢᠭᠦᠯᠵᠦ᠂ ᠪᠥᠬᠥ ᠠᠷᠠᠳ᠎ᠤᠨ ᠪᠡᠶ᠎ᠡ ᠴᠢᠬᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠡᠩᠴᠡᠭᠦᠷᠢᠰᠢᠬᠦ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃
ᠵᠢᠷᠭᠤᠭ᠎ᠠ᠎ᠳᠤ᠂ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠰᠣᠶᠣᠯ᠎ᠢ ᠪᠠᠳᠠᠷᠠᠭᠤᠯᠵᠤ᠂ ᠭᠦᠨ ᠵᠤᠵᠠᠭ᠋ᠠᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠪᠡᠶ᠎ᠡ ᠵᠢᠨ ᠲᠠᠮᠢᠷ᠎ᠤᠨ ᠰᠣᠶᠣᠯ ᠪᠣᠯ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠰᠦᠭ ᠰᠦᠨᠡᠰᠦ ᠮᠥᠨ᠃ ᠪᠢᠳᠡ ᠪᠡᠶ᠎ᠡ ᠵᠢᠨ ᠲᠠᠮᠢᠷ᠎ᠤᠨ ᠰᠣᠶᠣᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠬᠦᠨᠳᠦᠳᠬᠡᠭᠰᠡᠨ ᠰᠠᠭᠤᠷᠢᠨ ᠳᠡᠭᠡᠷ᠎ᠡ ᠪᠡᠶ᠎ᠡ ᠵᠢᠨ ᠲᠠᠮᠢᠷ᠎ᠤᠨ ᠰᠣᠶᠣᠯ ᠢ ᠦᠵᠡᠭᠳᠡᠵᠢᠬᠦᠯᠬᠦ᠂ ᠠᠴᠢᠶᠠᠪᠤᠷᠢᠵᠢᠭᠤᠯᠬᠤ᠂ ᠦᠯᠢᠭᠡᠷᠵᠢᠬᠦᠯᠬᠦ᠂ ᠲᠤᠭ᠋ᠠᠴᠢᠵᠢᠭᠤᠯᠬᠤ᠂ ᠠᠵᠤ ᠦᠢ᠍ᠯᠡᠰᠵᠢᠬᠦᠯᠬᠦ ᠪᠠ ᠠᠮᠢᠳᠤᠷᠠᠯᠵᠢᠭᠤᠯᠬᠤ ᠵᠢ ᠠᠬᠢᠭᠤᠯᠵᠤ᠂ ᠪᠡᠶ᠎ᠡ ᠵᠢᠨ ᠲᠠᠮᠢᠷ᠎ᠤᠨ ᠰᠣᠶᠣᠯ᠎ᠤᠨ ᠲᠠᠲᠠᠬᠤ ᠬᠦᠴᠦᠨ᠂ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

ᠠᠷᠠᠳ᠎ᠤᠨ ᠰᠦᠯᠵᠢᠶᠡᠨ ᠤ ᠰᠤᠷᠪᠤᠯᠵᠢᠯᠠᠭᠴᠢ
ᠠᠷᠠᠳ᠎ᠤᠨ ᠰᠦᠯᠵᠢᠶᠡᠨ᠎ᠤ ᠰᠤᠷᠪᠤᠯᠵᠢᠯᠠᠭᠴᠢ᠄ ᠪᠢ ᠯᠢ ᠰᠢᠶᠤᠤ ᠴᠢᠦ ᠳᠡᠳ᠋ ᠲᠢᠩᠬᠢᠮ᠎ᠤᠨ ᠳᠠᠷᠤᠭ᠎ᠠ᠎ᠠᠴᠠ ᠬᠣᠶᠠᠷ ᠠᠰᠠᠭᠤᠯᠲᠠ ᠠᠰᠠᠭᠤᠶ᠎ᠠ ᠭᠡᠵᠦ ᠪᠤᠳᠤᠵᠤ ᠪᠠᠶ᠋ᠢᠨ᠎ᠠ᠂ ᠨᠢᠭᠡᠳᠦᠭᠡᠷ ᠠᠰᠠᠭᠤᠯᠲᠠ᠂ ᠮᠢᠨᠦ ᠣᠶ᠋ᠢᠯᠠᠭ᠋ᠠᠭᠰᠠᠨ ᠵᠶ᠋ᠠᠷ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠨᠢᠭᠡᠨᠲᠡ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠬᠦᠷᠢᠶᠡᠨ᠎ᠳᠤ ᠣᠷᠣᠭᠤᠯᠵᠠᠶ᠃ ᠲᠡᠭᠡᠪᠡᠯ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠡᠷᠬᠢᠨ ᠡᠨᠡ ᠬᠦ᠌ ᠠᠵᠢᠯ ᠵᠶ᠋ᠠᠷ ᠳᠠᠮᠵᠢᠭᠤᠯᠤᠨ ᠣᠯᠠᠨ ᠲᠦᠮᠡᠨ ᠢ ᠨᠠᠩ ᠣᠯᠠᠨ ᠬᠦᠷᠲᠡᠮᠵᠢ ᠵᠢᠨ ᠲᠥᠷᠥᠭᠳᠡᠯ᠎ᠲᠠᠢ ᠪᠣᠯᠭ᠋ᠠᠬᠤ ᠪᠣᠶ? ᠬᠣᠶᠠᠳᠤᠭ᠋ᠠᠷ ᠠᠰᠠᠭᠤᠯᠲᠠ᠂ ᠤᠯᠠᠭ᠋ᠠᠨᠮᠥ᠋ᠴᠢᠷ᠎ᠨᠢ ᠪᠥᠬᠥ ᠤᠯᠤᠰ᠎ᠤᠨ ᠤᠳᠬ᠎ᠠ ᠤᠷᠠᠯᠢᠭ᠎ᠤᠨ ᠹᠷᠣᠨᠲ᠎ᠤᠨ ᠬᠤᠰᠢᠭᠤᠴᠢ ᠪᠣᠯᠤᠭᠰᠠᠨ᠎ᠤ ᠬᠤᠪᠢ᠎ᠳᠤ ᠲᠠᠯ᠎ᠠ ᠨᠤᠲᠤᠭ᠎ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠬᠡᠮᠡᠭᠳᠡᠭᠰᠡᠨ ᠪᠣᠯᠪᠠᠴᠤ ᠮᠥᠨ ᠴᠢᠨᠠᠷ ᠳᠡᠭᠡᠷ᠎ᠡ᠎ᠪᠠᠨ ᠨᠠᠩ ᠴᠤ᠌ 《ᠨᠡᠭᠦᠳᠡᠯ ᠰᠣᠶᠣᠯ᠎ᠤᠨ ᠣᠷᠳᠣᠨ》 ᠤ ᠳᠦᠷᠢ᠎ᠪᠠᠷ ᠦᠨᠳᠦᠰᠦᠨ ᠱᠠᠲᠤᠨ᠎ᠳᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠠᠩᠭ᠋ᠠᠬᠤ ᠲᠠᠯ᠎ᠠ᠎ᠪᠠᠷ ᠴᠢᠬᠤᠯᠠ ᠦᠢ᠍ᠯᠡᠳᠦᠯ ᠪᠠᠳᠠᠷᠠᠭᠤᠯᠤᠭᠰᠠᠨ ᠪᠠᠶ᠋ᠢᠨ᠎ᠠ᠃ ᠲᠠ ᠡᠨᠡ ᠲᠠᠯ᠎ᠠ ᠵᠢᠨ ᠪᠠᠶ᠋ᠢᠳᠠᠯ᠎ᠢ ᠲᠠᠨᠢᠯᠴᠠᠭᠤᠯᠤᠭ᠋ᠠᠷᠠᠢ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ
ᠯᠢ ᠰᠢᠶᠤᠤ ᠴᠢᠦ᠄ ᠪᠢ ᠤᠷᠢᠳᠠᠪᠠᠷ ᠨᠢᠭᠡᠳᠦᠭᠡᠷ ᠠᠰᠠᠭᠤᠯᠲᠠ ᠵᠢ ᠬᠠᠷᠢᠭᠤᠯᠤᠶ᠎ᠠ᠂ ᠵᠠᠰᠠᠭ᠎ᠤᠨ ᠣᠷᠳᠣᠨ ᠨᠡᠢ᠌ᠭᠡᠮ᠎ᠤᠨ ᠬᠦᠴᠦᠨ᠎ᠠᠴᠠ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠤᠳᠠᠯᠳᠤᠨ ᠠᠪᠬᠤ ᠪᠠᠶ᠋ᠢᠭᠤᠯᠤᠮᠵᠢ ᠲᠤᠭᠲᠠᠴᠠ ᠵᠢ ᠪᠢᠳᠡ ᠢᠳᠡᠪᠬᠢᠲᠡᠶ ᠰᠥᠪᠡᠭᠴᠢᠯᠡᠵᠦ᠂ ᠪᠠᠶ᠋ᠢᠭᠤᠯᠤᠨ ᠪᠦᠷᠢᠨᠰᠢᠬᠦᠯᠵᠦ ᠪᠠᠢ᠌ᠨ᠎ᠠ᠃ 2015 ᠣᠨ᠎ᠤ 12 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠵᠠᠰᠠᠭ᠎ᠤᠨ ᠣᠷᠳᠣᠨ ᠨᠡᠶ᠋ᠢᠭᠡᠮ᠎ᠤᠨ ᠬᠦᠴᠦᠨ᠎ᠠᠴᠠ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠤᠳᠠᠯᠳᠤᠨ ᠠᠪᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《ᠵᠠᠰᠠᠭ᠎ᠤᠨ ᠣᠷᠳᠣᠨ ᠨᠡᠶ᠋ᠢᠭᠡᠮ᠎ᠤᠨ ᠬᠦᠴᠦᠨ᠎ᠠᠴᠠ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢᠯᠣᠭᠣᠳᠬᠤ ᠴᠢᠨᠠᠷᠲᠠᠶ ᠭᠠᠷᠴᠠᠭ》᠎ᠢ ᠲᠣᠭᠲᠠᠭ᠋ᠠᠵᠤ᠂ ᠲᠠᠪᠤᠨ ᠶᠡᠬᠡ ᠲᠥᠷᠥᠯ᠎ᠤᠨ 33 ᠵᠦᠢ᠍ᠯ᠎ᠤᠨ ᠦᠢ᠍ᠯᠡᠴᠢᠯᠡᠭᠡᠨ᠎ᠤ ᠲᠥᠰᠦᠯ᠎ᠢ ᠲᠤᠭᠲᠠᠭ᠋ᠠᠪᠠ᠃ ᠲᠡᠷᠡ᠎ᠨᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠰᠣᠶᠣᠯ ᠪᠡᠶ᠎ᠡ ᠵᠢᠨ ᠲᠠᠮᠢᠷ᠎ᠤᠨ ᠪᠦᠲᠦᠭᠡᠭᠳᠡᠬᠦᠨ᠎ᠢ ᠬᠤᠳᠠᠯᠳᠤᠨ ᠠᠪᠬᠤ᠂ ᠵᠣᠬᠢᠶᠠᠨ ᠪᠦᠲᠦᠭᠡᠬᠦ ᠪᠠ ᠲᠠᠷᠬᠠᠭ᠋ᠠᠨ ᠲᠦᠭᠡᠭᠡᠬᠦ᠂ ᠣᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠬᠤ ᠬᠢᠭᠡᠳ ᠳᠠᠭ᠋ᠠᠭ᠋ᠠᠴᠢᠯᠠᠨ ᠡᠷᠬᠢᠯᠡᠬᠦ᠂ ᠰᠢᠯᠢᠳᠡᠭ ᠤᠯᠠᠮᠵᠢᠯᠠᠯᠲᠤ ᠰᠣᠶᠣᠯ ᠬᠢᠭᠡᠳ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ ᠠᠷᠠᠳ᠎ᠤᠨ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠬᠠᠮᠠᠭ᠋ᠠᠯᠠᠯᠲᠠ᠂ ᠤᠯᠠᠮᠵᠢᠯᠠᠯ ᠬᠢᠭᠡᠳ ᠦᠵᠡᠭᠦᠯᠦᠯᠭᠡ᠂ ᠣᠯᠠᠨ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢᠨ ᠡᠵᠡᠩᠨᠡᠯᠲᠡ ᠬᠢᠭᠡᠳ ᠬᠠᠮᠢᠶᠠᠷᠤᠯᠲᠠ᠂ ᠠᠷᠠᠳ᠎ᠠᠴᠠ ᠡᠷᠬᠢᠯᠡᠭᠰᠡᠨ ᠰᠣᠶᠣᠯ ᠪᠡᠶ᠎ᠡ ᠵᠢᠨ ᠲᠠᠮᠢᠷ᠎ᠤᠨ ᠪᠠᠶ᠋ᠢᠭᠤᠯᠤᠮᠵᠢ ᠵᠢᠨ ᠬᠠᠩᠭ᠋ᠠᠭᠰᠠᠨ ᠰᠦᠢ᠍ᠳᠬᠡᠯ ᠬᠤᠷᠢᠶᠠᠬᠤ ᠦᠭᠡᠶ ᠪᠤᠶᠤ ᠳᠤᠤᠷ᠎ᠠ ᠰᠦᠢ᠍ᠳᠬᠡᠯ ᠬᠤᠷᠢᠶᠠᠬᠤ ᠦᠢ᠍ᠯᠡᠴᠢᠯᠡᠬᠡ ᠵᠡᠷᠭᠡ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠠᠭᠤᠯᠭ᠎ᠠ ᠵᠢ ᠬᠠᠮᠤᠷᠴᠤ᠂ ᠨᠡᠢ᠌ᠭᠡᠮ ᠤᠨ ᠬᠦᠴᠦᠨ ᠢ ᠢᠳᠡᠪᠬᠢᠲᠡᠶ᠎ᠪᠠᠷ ᠰᠢᠩᠭᠡᠭᠡᠨ ᠠᠪᠴᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠬᠡᠨ᠎ᠳᠤ ᠣᠷᠣᠯᠴᠠᠭᠤᠯᠤᠨ᠂ ᠰᠣᠶᠣᠯ᠎ᠤᠨ ᠨᠢᠭᠡᠴᠢ ᠬᠢᠭᠡᠳ ᠨᠡᠶ᠋ᠢᠭᠡᠮ᠎ᠤᠨ ᠪᠦᠯᠬᠦᠮ᠎ᠤᠨ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠬᠦ ᠵᠢ ᠳᠡᠮᠵᠢᠵᠡᠢ᠃
2018 ᠣᠨ᠎ᠳᠤ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠲᠣᠰ ᠱᠠᠲᠤᠨ ᠳᠤ 7082 ᠲᠦᠮᠡᠨ ᠲᠥᠭᠥᠷᠢᠭ᠎ᠤᠨ ᠪᠠᠯᠠ ᠮᠥᠩᠭᠦ ᠳᠣᠭᠢᠷᠠᠭᠤᠯᠵᠤ᠂ 2019 ᠣᠨ᠎ᠳᠤ 8869 ᠲᠦᠮᠡᠨ ᠲᠥᠭᠥᠷᠢᠭ᠎ᠤᠨ ᠪᠠᠯᠠ ᠮᠥᠩᠭᠥ ᠳᠣᠭᠢᠷᠠᠭᠤᠯᠵᠤ᠂ ᠨᠡᠶ᠋ᠢᠭᠡᠮ᠎ᠤᠨ ᠬᠦᠴᠦᠨ᠎ᠳᠤ ᠬᠠᠨᠳᠤᠭᠤᠯᠤᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠬᠡ ᠬᠤᠳᠠᠯᠳᠤᠨ ᠠᠪᠬᠤ᠎ᠳᠤ ᠬᠡᠷᠡᠭᠯᠡᠪᠡ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ ᠴᠤ᠌ ᠵᠤᠬᠢᠬᠤ ᠬᠡᠮᠵᠢᠶᠡᠨ ᠤ ᠲᠤᠰᠬᠠᠶ ᠪᠠᠯᠠ ᠮᠥᠩᠭᠥ ᠳᠣᠭᠢᠷᠠᠭᠤᠯᠵᠤ᠂ ᠬᠠᠢ᠌ᠨ ᠰᠥᠪᠡᠭᠴᠢᠯᠲᠡᠪᠠᠷ ᠳᠠᠮᠵᠢᠨ ᠠᠷᠠᠳ᠎ᠲᠤ ᠠᠰᠢᠭ ᠬᠦᠷᠲᠡᠭᠡᠬᠦ ᠰᠣᠶᠣᠯ᠎ᠤᠨ ᠲᠣᠭᠯᠠᠯᠲᠠ ᠵᠢᠨ ᠺᠠᠷᠲ᠂ ᠰᠢ ᠲᠠᠭᠤᠷᠢᠯᠢᠬ ᠬᠤᠳᠠᠯᠳᠤᠨ ᠠᠪᠴᠤ ᠬᠥᠳᠡᠭᠡ ᠲᠣᠰᠬᠣᠨ ᠳᠤ ᠤᠷᠤᠭᠤᠯᠬᠤ ᠦᠢ᠍ᠯᠡᠴᠢᠯᠡᠬᠡ᠂ ᠰᠣᠶᠣᠯ᠎ᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠥᠰᠦᠯ᠎ᠤᠨ ᠦᠢ᠍ᠯᠡᠴᠢᠯᠡᠬᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠎ᠢ ᠰᠢᠨ᠎ᠡ᠎ᠪᠠᠷ ᠨᠡᠮᠡᠭᠳᠡᠬᠦᠯᠵᠦ᠂ ᠵᠠᠰᠠᠭ᠎ᠤᠨ ᠣᠷᠳᠣᠨ ᠤ ᠦᠢ᠍ᠯᠡᠴᠢᠯᠡᠬᠡ ᠬᠤᠳᠠᠯᠳᠤᠨ ᠠᠪᠬᠤ ᠵᠢ ᠭᠦᠨᠵᠡᠭᠡᠢ᠌ᠷᠡᠬᠦᠯᠵᠦ ᠪᠣᠳᠠᠲᠠᠶ᠋ᠢᠵᠢᠭᠤᠯᠬᠤ ᠵᠢ ᠠᠬᠢᠭᠤᠯᠬᠤ ᠲᠠᠯ᠎ᠠ᠎ᠪᠠᠷ ᠰᠠᠶ᠋ᠢᠨ ᠦᠷ᠎ᠡ ᠪᠦᠲᠦᠮᠵᠢ ᠤᠯᠪᠠ᠃ ᠵᠢᠱ᠌ᠢᠶᠡᠯᠡᠪᠡᠯ᠂ ᠪᠢᠳᠡ 《ᠰᠢ ᠲᠠᠭᠤᠷᠢᠯᠢᠬ᠎ᠢ ᠬᠥᠳᠡᠭᠡ ᠲᠣᠰᠬᠣᠨ᠎ᠳᠤ ᠬᠦᠷᠭᠡᠬᠦ》 ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ ᠠᠷᠠᠳ᠎ᠤᠨ ᠳᠤᠮᠳᠠᠬᠢ ᠰᠢ ᠲᠠᠭᠤᠷᠢᠯᠢᠬ᠎ᠤᠨ 7 ᠫᠷᠤᠭ᠌ᠷᠠᠮ᠎ᠢ ᠬᠤᠳᠠᠯᠳᠤᠨ ᠠᠪᠴᠤ᠂ 10 ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠣᠯᠠᠨ ᠲᠦᠮᠡᠨ᠎ᠳᠤ 100 ᠲᠠᠯᠠᠪᠠᠶ ᠲᠣᠭᠯᠠᠯᠲᠠ ᠭᠠᠷᠭ᠋ᠠᠵᠤ ᠥᠭᠪᠡ; ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ 168 ᠭᠠᠴᠠᠭ᠎ᠠ ᠲᠣᠰᠬᠣᠨ᠎ᠤ ᠶᠡᠷᠦᠩᠬᠡᠶ᠋ᠢᠯᠡᠭᠰᠡᠨ ᠰᠣᠶᠣᠯ᠎ᠤᠨ ᠦᠢ᠍ᠯᠡᠴᠢᠯᠡᠭᠡᠨ᠎ᠤ ᠲᠥᠪ ᠨᠢᠭᠡᠪᠦᠷᠢ᠎ᠳᠤ 1 ᠬᠠᠮᠢᠶᠠᠷᠤᠯᠲᠠ ᠵᠢᠨ ᠠᠵᠢᠯᠲᠠᠨ ᠲᠣᠬᠢᠷᠠᠭᠤᠯᠵᠤ᠂ ᠭᠠᠴᠠᠭ᠎ᠠ ᠲᠣᠰᠬᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠬᠦᠯᠪᠡ; ᠲᠠᠯ᠎ᠠ ᠨᠤᠲᠤᠭ᠎ᠤᠨ ᠮᠠᠯᠵᠢᠬᠤ ᠣᠷᠣᠨ᠎ᠤ ᠭᠠᠵᠠᠷ ᠨᠤᠲᠤᠭ ᠥᠷᠭᠡᠨ ᠠᠭᠤᠳᠠᠮ᠂ ᠬᠥᠮᠦᠨ ᠠᠮᠠ ᠰᠡᠢ᠌ᠷᠡᠭ ᠴᠥᠭᠡᠨ ᠪᠣᠳᠠᠲᠠᠶ ᠪᠠᠢ᠌ᠳᠠᠯ᠎ᠲᠠᠢ ᠤᠶᠠᠯᠳᠤᠭᠤᠯᠤᠨ᠂ ᠳᠥᠷᠪᠡᠳ ᠬᠣᠰᠢᠭᠤ ᠵᠡᠷᠭᠡ 4 ᠬᠢᠯᠢ ᠬᠢᠵᠠᠭ᠋ᠠᠷ᠎ᠤᠨ ᠶᠠᠳᠠᠭᠤ ᠬᠦᠴᠢᠷᠳᠡᠯᠲᠡᠶ ᠬᠣᠰᠢᠭᠤ᠎ᠳᠤ ᠬᠥᠳᠡᠭᠡ ᠲᠣᠰᠬᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠲᠣᠭ᠋ᠠᠴᠢᠯᠠᠭᠰᠠᠨ ᠦᠢ᠍ᠯᠡᠴᠢᠯᠡᠭᠡᠨ᠎ᠤ ᠲᠤᠷᠰᠢᠯᠲᠠ ᠵᠢᠨ ᠠᠵᠢᠯ᠎ᠢ ᠥᠷᠨᠢᠭᠦᠯᠵᠦ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ 《ᠡᠴᠦᠰ᠎ᠤᠨ ᠨᠢᠭᠡ ᠺᠢᠯᠣᠮᠧᠲᠷ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ; ᠬᠥᠬᠡᠬᠣᠲᠠ ᠵᠢᠨ ᠰᠦᠯᠵᠢᠶᠡᠨ᠎ᠤ ᠪᠠᠭ᠋ᠠᠷ ᠪᠠ ᠵᠤᠭ᠎ᠠ ᠴᠡᠩᠭᠡᠯ᠎ᠤᠨ ᠦᠢ᠍ᠯᠡᠴᠢᠯᠡᠬᠡ ᠵᠡᠷᠭᠡ ᠲᠥᠰᠦᠯ᠎ᠢ ᠲᠤᠷᠰᠢᠨ ᠬᠤᠳᠠᠯᠳᠤᠨ ᠠᠪᠴᠤ᠂ ᠬᠣᠲᠠ ᠵᠢᠨ ᠰᠠᠭᠤᠭ᠋ᠠᠯᠢ ᠠᠷᠠᠳ᠎ᠤᠨ ᠰᠦᠯᠵᠢᠶ᠎ᠡ᠂ ᠵᠤᠭ᠎ᠠ ᠴᠡᠩᠭᠡᠯ᠎ᠤᠨ ᠦᠢ᠍ᠯᠡᠴᠢᠯᠡᠭᠡᠨ᠎ᠤ ᠪᠡᠶᠡᠴᠢᠯᠡᠭᠰᠡᠨ ᠦᠢ᠍ᠯᠠᠭ᠋ᠠᠯᠲᠠ ᠵᠡᠷᠭᠡ ᠵᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠵᠠᠰᠠᠭ᠎ᠤᠨ ᠣᠷᠳᠣᠨ ᠦᠢ᠍ᠯᠡᠴᠢᠯᠡᠬᠡ ᠬᠤᠳᠠᠯᠳᠤᠨ ᠠᠪᠬᠤ᠎ᠪᠠᠷ ᠳᠠᠮᠵᠢᠨ᠂ ᠮᠠᠨ᠎ᠤ ᠣᠷᠣᠨ᠎ᠤ ᠣᠯᠠᠨ ᠨᠡᠢ᠍ᠢ᠍ᠲᠡ ᠵᠢᠨ ᠰᠤᠶᠤᠯ᠎ᠤᠨ ᠦᠢ᠍ᠯᠡᠴᠢᠯᠡᠭᠡᠨ᠎ᠤ ᠠᠭᠤᠯᠭ᠎ᠠ ᠡᠳᠦᠷ ᠢᠷᠡᠬᠦᠶ᠎ᠡ ᠪᠠᠶᠠᠯᠢᠭᠵᠢᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠪᠣᠯᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠠᠷᠠᠳ ᠣᠯᠠᠨ᠎ᠤ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠨᠡᠶ᠋ᠢᠴᠡᠭᠰᠡᠨ ᠣᠯᠠᠨ ᠨᠡᠢ᠍ᠢ᠍ᠲᠡ ᠵᠢᠨ ᠰᠣᠶᠣᠯ᠎ᠤᠨ ᠡᠬᠢ ᠪᠠᠶᠠᠯᠢᠭ᠎ᠢ ᠲᠣᠬᠢᠷᠠᠭᠤᠯᠬᠤ ᠲᠣᠭᠲᠠᠴᠠ ᠪᠣᠯᠤᠨ ᠬᠠᠩᠭ᠋ᠠᠯᠭ᠎ᠠ ᠵᠢᠨ ᠲᠣᠭᠲᠠᠴᠠ ᠦᠨᠳᠦᠰᠦᠨ ᠳᠤ᠎ᠪᠠᠨ ᠪᠦᠷᠢᠯᠳᠦᠪᠡ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠬᠤᠳᠠᠯᠳᠤᠨ ᠠᠪᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠭ᠎ᠠ ᠮᠠᠶᠢᠭ᠎ᠨᠢ ᠠᠮᠢᠳᠤᠯᠢᠭ᠂ ᠲᠠᠰ ᠳᠠᠷᠠᠭ᠋ᠠᠯᠠᠯ᠎ᠨᠢ ᠵᠢᠷᠤᠮᠵᠢᠯ᠎ᠲᠠᠢ᠂ ᠪᠠᠷᠢᠮᠵᠢᠶ᠎ᠠ᠎ᠨᠢ ᠲᠣᠳᠣᠷᠬᠠᠶ᠂ ᠦᠷ᠎ᠡ ᠳ᠋ᠦᠩ᠎ᠢ ᠦᠨᠡᠯᠡᠬᠦ᠂ ᠬᠥᠳᠡᠯᠦᠩᠭᠦᠶ᠎ᠪᠠᠷ ᠳᠣᠭᠢᠷᠠᠭᠤᠯᠬᠤ ᠬᠤᠳᠠᠯᠳᠤᠨ ᠠᠪᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠵᠦ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠣᠳᠠᠲᠠᠶ ᠠᠭᠤᠯᠭ᠎ᠠ᠂ ᠣᠨᠴᠠᠯᠢᠭ ᠪᠠ ᠣᠷᠣᠨ ᠨᠤᠲᠤᠭ᠎ᠤᠨ ᠪᠣᠳᠠᠲᠠᠶ᠎ᠲᠠᠢ ᠤᠶᠠᠯᠳᠤᠭᠤᠯᠤᠨ ᠠᠵᠢᠯ ᠵᠶ᠋ᠠᠨ ᠥᠷᠨᠢᠬᠦᠯᠦᠨ᠎ᠡ; ᠵᠠᠰᠠᠭ᠎ᠤᠨ ᠣᠷᠳᠣᠨ ᠦᠢ᠍ᠯᠡᠴᠢᠯᠡᠬᠡ ᠬᠤᠳᠠᠯᠳᠤᠨ ᠠᠪᠬᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠤᠳᠠᠯᠳᠤᠨ ᠠᠪᠬᠤ ᠭᠣᠤᠯ ᠴᠣᠭᠴᠠ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ ᠤ ᠡᠲᠡᠭᠡᠳ ᠵᠢᠴᠢ ᠭᠤᠷᠪᠠᠳᠠᠬᠢ ᠡᠲᠡᠭᠡᠳ ᠬᠠᠮᠲᠤ᠎ᠪᠠᠷ ᠣᠷᠣᠯᠴᠠᠭᠰᠠᠨ ᠶᠡᠷᠦᠩᠬᠡᠶ᠋ᠢᠯᠡᠭᠰᠡᠨ ᠬᠢᠨᠠᠨ ᠲᠣᠭᠲᠠᠭ᠋ᠠᠬᠤ ᠲᠤᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠦᠢ᠍ᠯᠡᠴᠢᠯᠡᠬᠦ ᠡᠲᠡᠭᠡᠳ᠎ᠤᠨ ᠣᠯᠠᠨ ᠨᠡᠢ᠍ᠢ᠍ᠲᠡ ᠵᠢᠨ ᠰᠤᠶᠤᠯ᠎ᠤᠨ ᠦᠢ᠍ᠯᠡᠴᠢᠯᠡᠭᠡᠨ ᠳᠤ᠎ᠬᠢ ᠬᠠᠨᠤᠮᠵᠢ ᠵᠢᠨ ᠬᠡᠮᠵᠢᠶᠡᠨ᠎ᠤ ᠦᠨᠡᠯᠡᠯᠲᠡ ᠵᠢᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠵᠠᠰᠠᠭ᠎ᠤᠨ ᠣᠷᠳᠣᠨ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠬᠡ ᠬᠤᠳᠠᠯᠳᠤᠨ ᠠᠪᠬᠤ ᠵᠢ ᠨᠠᠩ ᠥᠨᠳᠥᠷ ᠬᠢᠷᠢ ᠬᠡᠮᠵᠢᠶ᠎ᠡ᠂ ᠨᠠᠩ ᠭᠦᠨ ᠳᠠᠪᠬᠤᠷᠭ᠎ᠠ᠂ ᠨᠠᠩ ᠥᠷᠭᠡᠨ ᠬᠦᠷᠢᠶ᠎ᠡ ᠲᠡᠢ᠌ᠰᠢ ᠥᠷᠭᠡᠳᠬᠡᠬᠦ ᠵᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠣᠶᠤᠨ᠎ᠤ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠪᠤᠯᠤᠨ᠎ᠠ᠃
ᠬᠣᠶᠠᠳᠤᠭ᠋ᠠᠷ ᠠᠰᠠᠭᠤᠳᠠᠯ᠎ᠤᠨ ᠲᠤᠬᠠᠶ᠂ ᠰᠤᠷᠪᠤᠯᠵᠢᠯᠠᠭᠴᠢ ᠵᠢᠨ ᠬᠡᠯᠡᠭᠰᠡᠨᠴᠢᠯᠡᠨ᠂ ᠤᠯᠠᠭ᠋ᠠᠨᠮᠥ᠋ᠴᠢᠷ ᠪᠣᠯ ᠲᠠᠯ᠎ᠠ ᠨᠤᠲᠤᠭ᠎ᠤᠨ ᠦᠢ᠍ᠯᠡᠳᠪᠦᠷᠢᠯᠡᠯ ᠠᠮᠢᠳᠤᠷᠠᠯ᠎ᠤᠨ ᠣᠨᠴᠠᠯᠢᠭᠲᠤ ᠵᠣᠬᠢᠴᠠᠭᠤᠯᠤᠨ ᠮᠡᠨᠳᠦᠯᠡᠭᠰᠡᠨ ᠰᠣᠶᠣᠯ᠎ᠤᠨ ᠠᠵᠢᠯ᠎ᠤᠨ ᠠᠩᠭᠢ ᠮᠥᠨ᠃ ᠲᠤᠬᠠᠶ ᠵᠢᠨ ᠦᠶ᠎ᠡ᠎ᠳᠤ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠵᠠᠮ ᠬᠠᠷᠢᠯᠴᠠᠭ᠎ᠠ ᠳᠥᠭᠥᠮ ᠦᠭᠡᠢ᠂ ᠮᠠᠯᠴᠢᠨ ᠲᠠᠷᠢᠶᠠᠴᠢᠨ᠎ᠤ ᠣᠷᠣᠨ ᠰᠠᠭᠤᠴᠠ ᠨᠡᠯᠢᠶᠡᠳ ᠲᠠᠷᠠᠬᠠᠶ ᠪᠤᠲᠠᠷᠬᠠᠶ ᠪᠠᠶ᠋ᠢᠵᠤ᠂ ᠬᠣᠰᠢᠭᠤ ᠰᠢᠶᠠᠨ᠎ᠳᠤ ᠪᠠᠶ᠋ᠢᠭᠤᠯᠤᠭᠰᠠᠨ ᠰᠣᠶᠣᠯ᠎ᠤᠨ ᠣᠷᠳᠣᠨ᠎ᠨᠢ ᠦᠨᠳᠦᠰᠦᠨ ᠱᠠᠲᠤᠨ᠎ᠤ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠵᠤ ᠴᠢᠳᠠᠬᠤ ᠦᠭᠡᠢ ᠪᠠᠶ᠋ᠢᠪᠠ᠃ ᠭᠦᠢ᠍ᠴᠡᠳ ᠪᠠᠶ᠋ᠢᠴᠠᠭ᠋ᠠᠨ ᠰᠤᠳᠤᠯᠤᠯᠲᠠ ᠪᠠ ᠢᠳᠡᠪᠬᠢᠲᠡᠶ ᠬᠠᠶ᠋ᠢᠨ ᠰᠥᠪᠡᠭᠴᠢᠯᠡᠯᠲᠡ ᠬᠢᠭᠰᠡᠨ ᠰᠠᠭᠤᠷᠢᠨ ᠳᠡᠭᠡᠷ᠎ᠡ᠂ 1957 ᠣᠨ᠎ᠤ 6 ᠳ᠋ᠤᠭ᠋ᠠᠷ ᠰᠠᠷ᠎ᠠ ᠵᠢᠨ 17᠎ᠤ ᠡᠳᠦᠷ᠂ ᠤᠯᠠᠭ᠋ᠠᠨᠮᠥ᠋ᠴᠢᠷ ᠰᠥᠨᠢᠳ ᠪᠠᠷᠠᠭᠤᠨ ᠬᠣᠰᠢᠭᠤᠨ᠎ᠤ ᠲᠠᠯ᠎ᠠ ᠨᠤᠲᠤᠭ᠎ᠲᠤ ᠮᠡᠨᠳᠦᠯᠡᠪᠡ᠃ ᠡᠩᠨᠡᠭᠡ᠎ᠨᠢ ᠠᠪᠰᠠᠷᠬᠠᠨ ᠠᠲᠠᠯ᠎ᠠ ᠴᠢᠨᠠᠷᠯᠢᠭ᠂ ᠭᠡᠰᠢᠭᠦᠳ᠎ᠨᠢ ᠨᠢᠭᠡ ᠵᠦᠢ᠍ᠯ᠎ᠤᠨ ᠲᠤᠰᠬᠠᠶ ᠮᠡᠷᠭᠡᠵᠢᠯ ᠣᠯᠠᠨ ᠲᠠᠯ᠎ᠠ ᠵᠢᠨ ᠴᠢᠳᠠᠪᠤᠷᠢ᠎ᠲᠠᠢ᠂ ᠫᠷᠤᠭ᠌ᠷᠠᠮ᠎ᠨᠢ ᠵᠢᠵᠢᠭ ᠬᠡᠯᠪᠡᠷᠢ ᠵᠢᠨ ᠣᠯᠠᠨ ᠶᠠᠩᠵᠤ ᠵᠢᠨ᠂ ᠲᠣᠨᠣᠭ ᠳᠦᠬᠦᠭᠡᠷᠦᠮᠵᠢ᠎ᠨᠢ ᠬᠥᠩᠭᠡᠨ ᠪᠥᠭᠡᠳ ᠠᠮᠢᠳᠤᠯᠢᠭ ᠪᠠᠶ᠋ᠢᠵᠤ᠂ ᠨᠢᠭᠡ ᠮᠣᠷᠢᠨ ᠲᠡᠷᠭᠡ᠂ ᠭᠤᠷᠪᠠ ᠲᠠᠪᠤᠨ ᠭᠡᠰᠢᠭᠦᠨ᠎ᠨᠢ ᠣᠯᠠᠨ ᠲᠦᠮᠡᠨ᠎ᠤ ᠬᠡᠷᠡᠭᠰᠡᠬᠦ ᠰᠣᠶᠣᠯ ᠤᠳᠬ᠎ᠠ ᠤᠷᠠᠯᠢᠭ᠎ᠤᠨ ᠦᠢ᠍ᠯᠡᠴᠢᠯᠡᠬᠡ ᠵᠢ ᠮᠠᠯᠴᠢᠨ ᠲᠠᠷᠢᠶᠠᠴᠢᠨ᠎ᠤ ᠡᠭᠦᠳᠡᠨ᠎ᠳᠤ ᠬᠦᠷᠭᠡᠵᠦ᠂ ᠲᠠᠯ᠎ᠠ ᠨᠤᠲᠤᠭ᠎ᠤᠨ 《ᠨᠡᠭᠦᠳᠡᠯ ᠰᠣᠶᠣᠯ᠎ᠤᠨ ᠣᠷᠳᠣᠨ》 ᠬᠡᠮᠡᠭᠳᠡᠪᠡ᠃
60 ᠭᠠᠷᠤᠶ ᠵᠢᠯ᠎ᠤᠨ ᠲᠤᠷᠰᠢ᠂ ᠦᠶ᠎ᠡ ᠦᠶ᠎ᠡ ᠵᠢᠨ ᠤᠯᠠᠭ᠋ᠠᠨᠮᠥ᠋ᠴᠢᠷ᠎ᠤᠨ ᠭᠡᠰᠢᠭᠦᠳ ᠴᠠᠰᠤ ᠰᠢᠭᠤᠷᠭ᠎ᠠ ᠵᠢ ᠤᠭᠲᠤᠵᠤ᠂ ᠬᠦᠢ᠍ᠲᠡᠨ ᠬᠠᠯᠠᠭᠤᠨ ᠢ ᠰᠥᠷᠴᠦ᠂ ᠲᠩᠷᠢ᠎ᠪᠠᠷ ᠬᠥᠰᠢᠭᠡ ᠪᠣᠯᠭ᠋ᠠᠵᠤ᠂ ᠭᠠᠵᠠᠷ ᠵᠶ᠋ᠠᠷ ᠲᠠᠪᠴᠠᠩ ᠪᠣᠯᠭ᠋ᠠᠵᠤ᠂ ᠣᠷᠳᠣ ᠬᠤᠭᠤᠴᠠᠭ᠎ᠠ᠎ᠪᠠᠷ ᠭᠣᠪᠢ᠂ ᠲᠠᠯ᠎ᠠ ᠨᠤᠲᠤᠭ ᠵᠶ᠋ᠠᠷ ᠠᠶᠠᠯᠠᠵᠤ᠂ ᠥᠷᠭᠡᠨ ᠣᠯᠠᠨ ᠮᠠᠯᠴᠢᠨ ᠲᠠᠷᠢᠶᠠᠴᠢᠨ᠎ᠳᠤ ᠪᠠᠶᠠᠷ ᠬᠥᠷ ᠪᠠ ᠪᠣᠯᠪᠠᠰᠤᠨ᠎ᠢ ᠬᠦᠷᠭᠡᠵᠦ᠂ ᠨᠠᠮ᠎ᠤᠨ ᠲᠠᠭᠤᠨ ᠪᠠ ᠬᠠᠶ᠋ᠢᠷ᠎ᠠ ᠬᠠᠯᠠᠮᠵᠢ ᠵᠢ ᠳᠠᠮᠵᠢᠭᠤᠯᠵᠠᠶ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠪᠥᠬᠥ ᠣᠷᠣᠨ᠎ᠤ ᠤᠯᠠᠭ᠋ᠠᠨᠮᠥ᠋ᠴᠢᠷ ᠨᠡᠶ᠋ᠢᠲᠡ 130 ᠭᠠᠷᠤᠶ ᠲᠦᠮᠡᠨ ᠺᠢᠯᠤᠮᠸᠲᠷ ᠠᠶᠠᠯᠠᠵᠤ᠂ 2.6 ᠳ᠋ᠦᠩᠰᠢᠭᠤᠷ ᠬᠥᠮᠦᠨ ᠤᠳᠠᠭ᠋ᠠᠨ ᠤ ᠦᠵᠡᠭᠴᠢᠳ᠎ᠲᠤ ᠦᠢ᠍ᠯᠡᠴᠢᠯᠡᠵᠦ᠂ ᠨᠡᠶ᠋ᠢᠲᠡ 36 ᠲᠦᠮᠡᠨ ᠤᠳᠠᠭ᠎ᠠ ᠲᠠᠯᠠᠪᠠᠶ ᠲᠣᠭᠯᠠᠯᠲᠠ ᠭᠠᠷᠭ᠋ᠠᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠤ ᠣᠶᠤᠨ᠎ᠤ ᠪᠠ ᠰᠣᠶᠣᠯ᠎ᠤᠨ ᠠᠮᠢᠳᠤᠷᠠᠯ᠎ᠢ ᠲᠤᠶ᠋ᠢᠯ᠎ᠤᠨ ᠶᠡᠬᠡ᠎ᠪᠠᠷ ᠪᠠᠶᠠᠯᠢᠭᠵᠢᠭᠤᠯᠪᠠ᠃ 2017 ᠣᠨ᠎ᠤ 11 ᠳ᠋ᠤᠭᠡᠷ ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠤᠯᠠᠭ᠋ᠠᠨᠮᠥ᠋ᠴᠢᠷ᠎ᠤᠨ ᠭᠡᠰᠢᠭᠦᠳ᠎ᠲᠤ ᠬᠠᠷᠢᠭᠤ ᠵᠠᠬᠢᠳᠠᠯ ᠢᠯᠡᠭᠡᠵᠦ᠂ ᠲᠡᠳᠡᠨ᠎ᠢ ᠣᠯᠠᠨ ᠲᠦᠮᠡᠨ᠎ᠲᠠᠢ ᠣᠶ᠋ᠢᠷᠠᠳᠴᠤ᠂ ᠤᠯᠠᠮᠵᠢᠯᠠᠭᠳᠠᠮᠠᠷ᠂ ᠦᠯᠡᠳᠡᠭᠳᠡᠮᠡᠷ ᠰᠢᠯᠢᠳᠡᠭ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠬᠤ ᠵᠢ ᠵᠣᠷᠢᠭᠵᠢᠭᠤᠯᠪᠠ᠃
ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠨᠠᠶ᠋ᠢᠳᠠᠯᠭ᠎ᠠ ᠶᠣᠰᠣᠭ᠋ᠠᠷ ᠪᠢᠳᠡ ᠤᠯᠠᠭ᠋ᠠᠨᠮᠥ᠋ᠴᠢᠷ᠎ᠤᠨ ᠤᠷᠤᠨ ᠨᠤᠲᠤᠭ᠎ᠤᠨ ᠬᠠᠤᠯᠢ ᠲᠣᠭᠲᠠᠭ᠋ᠠᠬᠤ ᠠᠵᠢᠯ᠎ᠢ ᠢᠳᠡᠪᠬᠢᠲᠡᠶ ᠠᠬᠢᠭᠤᠯᠵᠤ᠂ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠦᠭᠵᠢᠯᠲᠡ ᠵᠢᠨ ᠤᠷᠲᠤᠪᠲᠤᠷ ᠪᠠ ᠣᠷᠳᠣ ᠬᠤᠭᠤᠴᠠᠭ᠋ᠠᠨ᠎ᠤ ᠲᠥᠯᠥᠪᠵᠢᠭᠦᠯᠭᠡ ᠪᠠ ᠪᠡᠯᠡᠳᠬᠡᠮᠵᠢ ᠵᠢᠨ ᠪᠥᠲᠥᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠥᠭᠵᠢᠯᠲᠡ ᠵᠢᠨ ᠲᠤᠰᠬᠠᠢ ᠪᠠᠯᠠ ᠮᠥᠩᠭᠥ ᠵᠢ ᠪᠠᠶ᠋ᠢᠭᠤᠯᠵᠤ᠂ ᠤᠯᠠᠭ᠋ᠠᠨᠮᠥ᠋ᠴᠢᠷ᠎ᠲᠤ ᠲᠣᠭᠯᠠᠭᠴᠢ ᠵᠢᠨ ᠲᠣᠮᠣ ᠰᠠᠭᠤᠳᠠᠯ᠎ᠤᠨ ᠮᠠᠰᠢᠨ ᠪᠠ ᠨᠡᠭᠦᠳᠡᠯ ᠲᠠᠶ᠋ᠢᠰᠠᠨ᠎ᠤ ᠮᠠᠰᠢᠨ ᠲᠡᠷᠭᠡ ᠳᠣᠭᠢᠷᠠᠭᠤᠯᠤᠨ ᠥᠭᠴᠦ᠂ ᠤᠯᠠᠭ᠋ᠠᠨᠮᠥ᠋ᠴᠢᠷ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠪᠠᠶ᠋ᠢᠭᠤᠯᠪᠠ᠃ ᠤᠯᠠᠭ᠋ᠠᠨᠮᠥ᠋ᠴᠢᠷ᠎ᠤᠨ ᠰᠤᠯᠢᠯᠴᠠᠭ᠋ᠠᠨ ᠤ ᠲᠣᠭᠯᠠᠯᠲᠠ ᠵᠢᠨ ᠰᠠᠷ᠎ᠠ ᠵᠢᠨ ᠠᠵᠢᠯᠯᠠᠭ᠎ᠠ ᠵᠢ ᠡᠷᠬᠢᠯᠡᠵᠦ᠂ ᠪᠦᠬᠦ ᠣᠷᠣᠨ᠎ᠤ ᠤᠯᠠᠭ᠋ᠠᠨᠮᠥ᠋ᠴᠢᠷ᠎ᠢ ᠵᠣᠬᠢᠶᠠᠨ ᠪᠠᠢ᠌ᠭᠤᠯᠵᠤ ᠰᠤᠯᠢᠯᠴᠠᠨ ᠲᠤᠭᠯᠠᠭᠤᠯᠪᠠ᠃ ᠡᠳᠦᠭᠡ ᠪᠤᠯᠲᠠᠯ᠎ᠠ᠂ ᠪᠥᠬᠥ ᠣᠷᠣᠨ᠎ᠳᠤ ᠨᠡᠶ᠋ᠢᠲᠡ 75 ᠤᠯᠠᠭ᠋ᠠᠨᠮᠥ᠋ᠴᠢᠷ᠎ᠤᠨ 3000 ᠭᠠᠷᠤᠶ ᠭᠡᠰᠢᠭᠦᠨ ᠪᠣᠶ᠃
2018 ᠣᠨ᠎ᠠᠴᠠ ᠡᠬᠢᠯᠡᠨ᠂ ᠡᠯ᠎ᠡ ᠭᠠᠵᠠᠷ᠎ᠤᠨ ᠤᠯᠠᠭ᠋ᠠᠨᠮᠥ᠋ᠴᠢᠷ ᠤᠯᠤᠰ ᠲᠥᠷᠥ ᠬᠠᠤᠯᠢ ᠴᠠᠭ᠋ᠠᠵᠠ᠂ ᠰᠣᠶᠣᠯ᠂ ᠰᠢᠨᠵᠢᠯᠡᠬᠦ ᠤᠬᠠᠭ᠋ᠠᠨ ᠮᠡᠷᠭᠡᠵᠢᠯ᠂ ᠡᠷᠡᠭᠦᠯ ᠬᠠᠮᠠᠭ᠋ᠠᠯᠠᠯ᠂ ᠲᠠᠷᠢᠶᠠᠯᠠᠩ ᠮᠠᠯ ᠠᠵᠤ ᠠᠬᠤᠶ᠂ ᠶᠠᠳᠠᠭᠤ ᠵᠢ ᠲᠡᠳᠬᠦᠬᠦ᠂ ᠬᠠᠤᠯᠢ ᠴᠠᠭ᠋ᠠᠵᠠ᠂ ᠦᠨᠳᠦᠰᠦᠲᠡᠨ᠎ᠤ ᠱᠠᠰᠢᠨ ᠰᠤᠷᠲᠠᠬᠤᠨ᠂ ᠬᠤᠳᠠᠯᠳᠤᠭ᠋ᠠᠨ᠎ᠤ ᠶᠠᠪᠤᠳᠠᠯ ᠵᠡᠷᠭᠡ ᠨᠢᠭᠡᠴᠢ ᠪᠠ ᠰᠠᠯᠠᠭ᠎ᠠ ᠮᠥᠴᠢᠷ᠎ᠲᠠᠢ ᠬᠠᠮᠲᠤᠷᠠᠨ᠂ ᠤᠯᠠᠭ᠋ᠠᠨᠮᠥ᠋ᠴᠢᠷ᠎ᠤᠨ ᠰᠢᠯᠢᠳᠡᠭ ᠤᠯᠠᠮᠵᠢᠯᠠᠯ᠎ᠢ ᠪᠠᠳᠠᠷᠠᠭᠤᠯᠵᠤ᠂ 《ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠠᠷᠠᠳ ᠲᠦᠮᠡᠨ᠎ᠤ ᠳᠤᠮᠳᠠ ᠪᠠᠳᠠᠷᠠᠭᠤᠯᠬᠤ》 ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ 《ᠤᠯᠠᠭ᠋ᠠᠨᠮᠥ᠋ᠴᠢᠷ +》 ᠠᠷᠭ᠎ᠠ ᠮᠠᠶᠢᠭ ᠵᠶ᠋ᠠᠷ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠵᠢ ᠰᠢᠪᠲᠤᠯᠬᠤ᠂ ᠬᠥᠳᠡᠭᠡ ᠲᠣᠰᠬᠣᠨ᠎ᠢ ᠬᠦᠭᠵᠢᠬᠦᠯᠦᠨ ᠮᠠᠨᠳᠤᠭᠤᠯᠬᠤ᠂ ᠦᠨᠳᠦᠰᠦᠲᠡᠨ᠎ᠤ ᠪᠦᠯᠬᠦᠮᠳᠡᠯ᠂ ᠡᠪᠡᠳᠴᠢᠨ᠎ᠢ ᠰᠡᠷᠭᠡᠶ᠋ᠢᠯᠡᠨ ᠡᠪᠡᠳᠴᠢᠨ᠎ᠢ ᠵᠠᠰᠠᠬᠤ᠂ ᠲᠠᠷᠢᠵᠤ ᠲᠡᠵᠢᠭᠡᠨ ᠦᠷᠡᠵᠢᠭᠦᠯᠬᠦ᠂ ᠰᠣᠶᠣᠯ᠎ᠢ ᠵᠢᠯᠣᠭᠣᠳᠬᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢᠴᠢ ᠬᠠᠤᠯᠢ ᠳᠦᠷᠢᠮ᠎ᠤᠨ ᠤᠬᠠᠭᠤᠯᠭ᠎ᠠ᠂ ᠱᠠᠯᠢᠭ ᠵᠠᠪᠠᠬᠠᠢ ᠵᠢ ᠠᠷᠢᠯᠭ᠋ᠠᠵᠤ ᠬᠠᠤᠯᠢ ᠪᠤᠰᠤ ᠡᠲᠡᠭᠡᠳ᠎ᠲᠤ ᠴᠣᠬᠢᠯᠲᠠ ᠥᠭᠬᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠡᠷᠭᠡ ᠤᠬᠠᠭᠤᠯᠭ᠎ᠠ ᠵᠢᠨ ᠡᠭᠦᠷᠭᠡ ᠵᠢᠨ ᠲᠣᠭᠣᠷᠢᠨ᠎ᠳᠤ᠂ ᠠᠮᠢᠳᠤᠯᠢᠭ ᠣᠯᠠᠨ ᠶᠠᠩᠵᠤ ᠵᠢᠨ ᠤᠷᠠᠨ ᠰᠠᠶ᠋ᠢᠬᠠᠨ᠎ᠤ ᠲᠣᠭᠯᠠᠯᠲᠠ᠂ ᠰᠣᠶᠣᠯ᠎ᠤᠨ ᠵᠢᠯᠤᠭᠤᠳᠤᠯᠭ᠎ᠠ᠂ ᠲᠥᠷᠦ ᠵᠢᠨ ᠪᠣᠳᠣᠯᠭ᠎ᠠ ᠵᠢᠨ ᠤᠬᠠᠭᠤᠯᠤᠨ ᠲᠠᠢ᠌ᠯᠪᠤᠷᠢᠯᠠᠯᠲᠠ᠂ ᠡᠮ ᠡᠮᠨᠡᠯᠭᠡ ᠵᠢᠨ ᠦᠢ᠍ᠯᠡᠴᠢᠯᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠵᠡᠷᠭᠡ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ ᠲᠠᠯ᠎ᠠ ᠨᠤᠲᠤᠭ᠎ᠤᠨ ᠬᠠᠮᠤᠭ᠎ᠤᠨ ᠦᠵᠡᠰᠬᠦᠯᠡᠩᠲᠦ ᠰᠠᠢ᠌ᠬᠠᠨ ᠦᠵᠡᠮᠵᠢ ᠪᠣᠯᠪᠠ᠃