ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠦᠪᠦᠷ ᠮᠣᠩᠭᠣᠯ᠄ ᠰᠣᠶᠣᠯ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠎ᠳᠤ ᠳᠠᠬᠢᠨᠲᠠ ᠬᠦᠴᠦᠯᠡᠬᠦ ᠬᠡᠷᠡᠭᠲᠡᠶ — ᠦᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ᠎ᠲᠠᠢ ᠬᠢᠭᠰᠡᠨ ᠲᠤᠰᠬᠠᠶ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄ 2020-09-25

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠠᠢ᠌ᠩᠭᠣᠵᠢᠭᠰᠠᠨ ᠰᠢᠨ᠎ᠡ ᠪᠠᠢ᠌ᠳᠠᠯ ᠳᠣᠣᠷ᠎ᠠ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠪᠦᠬᠦ ᠬᠦᠴᠦᠨ ᠵᠶ᠋ᠠᠷ ᠠᠬᠢᠭᠤᠯᠵᠤ᠂ 《ᠵᠢᠷᠭᠣᠭ᠎ᠠ ᠵᠢ ᠲᠣᠭᠲᠠᠪᠤᠷᠢᠵᠢᠭᠤᠯᠬᠤ》᠂ 《ᠵᠢᠷᠭᠤᠭ᠎ᠠ ᠵᠢ ᠪᠠᠲᠤᠯᠠᠬᠤ》 ᠠᠯᠢ ᠣᠯᠠᠨ ᠠᠷᠭ᠎ᠠ ᠬᠡᠮᠵᠢᠶ᠎ᠡ ᠎ᠪᠠᠨ ᠨᠠᠢ᠌ᠳᠠᠪᠦᠷᠢᠵᠢᠭᠤᠯᠵᠤ ᠪᠠᠢ᠌ᠨ᠎ᠠ  ᠃ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠥᠭᠵᠢᠭᠡᠬᠦ ᠲᠠᠯ᠎ᠠ᠎ᠪᠠᠷ᠂ 《ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠢᠯᠠᠨ ᠳᠠᠪᠠᠵᠤ ᠬᠦᠭᠵᠢᠯᠲᠡ᠎ᠪᠠᠨ ᠲᠦᠷᠭᠡᠳᠬᠡᠬᠦ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠵᠦ᠂ ᠡᠯ᠎ᠡ ᠱᠠᠲᠤᠨ᠎ᠤ ᠤᠳᠤᠷᠢᠳᠤᠯᠭ᠎ᠠ ᠨᠢᠭᠡᠳᠦᠭᠡᠷ ᠹᠷᠣᠨᠲ᠎ᠲᠤ ᠵᠢᠯᠣᠭᠣᠳᠴᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠵᠣ᠂ ᠨᠠᠢ᠌ᠳᠠᠪᠦᠷᠢᠵᠢᠭᠤᠯᠤᠯᠲᠡ ᠵᠢ ᠬᠦᠴᠦᠲᠡᠶ ᠠᠳᠬᠣᠵᠣ ᠪᠠᠢ᠌ᠨ᠎ᠠ᠃ ᠣᠳᠣᠬᠠᠨ᠎ᠳᠤ᠂ ᠪᠦᠬᠦᠯᠢ ᠴᠣᠭᠴᠠ ᠵᠢᠨ ᠪᠠᠶ᠋ᠢᠳᠠᠯ ᠶᠠᠮᠠᠷ ᠵᠡᠷᠭᠡ ᠪᠠᠢ᠌ᠨ᠎ᠠ ᠪᠣᠶ? ᠢᠯᠠᠩᠭᠤᠶ᠎ᠠ ᠬᠢᠵᠢᠭ᠎ᠤᠨ ᠪᠠᠶ᠋ᠢᠳᠠᠯ᠎ᠢ ᠠᠷᠭ᠋ᠠᠴᠠᠬᠤ ᠪᠠ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠬᠦ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠲᠠᠯ᠎ᠠ᠎ᠪᠠᠷ ᠶᠠᠮᠠᠷ ᠶᠠᠮᠠᠷ ᠮᠡᠳᠡᠭᠳᠡᠬᠦᠶ᠋ᠢᠴᠡ ᠦᠷ᠎ᠡ ᠪᠦᠲᠦᠭᠡᠯ ᠪᠠ ᠪᠣᠯᠪᠠᠰᠤᠷᠠᠩᠭᠤᠶ ᠲᠤᠷᠰᠢᠯᠭ᠎ᠠ ᠪᠠᠶ᠋ᠢᠬᠤ ᠪᠤᠢ? ᠡᠭᠦᠨ᠎ᠤ ᠲᠤᠬᠠᠶ ᠠᠷᠠᠳ᠎ᠤᠨ ᠰᠦᠯᠵᠢᠶ᠎ᠡ ᠵᠢᠨ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ   ᠵᠢᠭᠣᠯᠴᠢᠯᠡᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠵᠢ ᠲᠤᠰᠬᠠᠶ᠋ᠢᠯᠠᠨ ᠰᠤᠷᠪᠤᠯᠵᠢᠯᠠᠪᠠ᠃

 
      ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ᠎ᠤᠨ ᠰᠤᠪᠠᠭ᠄   ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠠᠵᠢᠯ ᠪᠠᠶ᠋ᠢᠴᠠᠭ᠋ᠠᠬᠤ᠎ᠳᠤ᠎ᠪᠠᠨ᠂ ᠰᠢᠨ᠎ᠡ ᠴᠠᠭ ᠦᠶ᠎ᠡ᠎ᠳᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠷᠠᠳ ᠲᠦᠮᠡᠨ᠎ᠳᠤ ᠦᠢ᠍ᠯᠡᠴᠢᠯᠡᠵᠣ᠂ ᠨᠡᠶ᠋ᠢᠭᠡᠮ ᠵᠢᠷᠤᠮ᠎ᠳᠤ ᠦᠢ᠍ᠯᠡᠴᠢᠯᠡᠬᠦ ᠤᠳᠬ᠎ᠠ ᠤᠷᠠᠯᠢᠭ᠎ᠤᠨ ᠴᠢᠭᠯᠡᠯ᠎ᠢ ᠪᠠᠷᠢᠮᠲᠡᠯᠡᠵᠣ᠂ ᠦᠨᠳᠦᠰᠦᠨ ᠱᠠᠲᠤᠨ᠎ᠤ ᠠᠷᠠᠳ ᠤᠯᠠᠨ᠎ᠳᠤ ᠰᠢᠭᠤᠳ ᠦᠢ᠍ᠯᠡᠴᠢᠯᠡᠬᠦ ᠤᠳᠬ᠎ᠠ ᠤᠷᠠᠯᠢᠭ᠎ᠤᠨ ᠠᠵᠢᠯᠯᠠᠭ᠎ᠠ ᠵᠢ ᠢᠳᠡᠪᠬᠢᠲᠡᠢ ᠲᠡᠮᠵᠢᠨ ᠳᠡᠯᠭᠡᠷᠡᠭᠦᠯᠬᠦ ᠬᠡᠷᠡᠭᠲᠡᠶ ᠭᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠬᠡᠷᠬᠢᠨ ᠲᠣᠭᠣᠰᠢᠯᠠᠭᠣᠯᠣᠨ ᠨᠠᠶ᠋ᠢᠳᠠᠪᠤᠷᠢᠵᠢᠭᠤᠯᠵᠤ ᠪᠠᠶ᠋ᠢᠭ᠎ᠠ ᠪᠤᠢ?


      ᠯᠢ ᠰᠢᠶᠤᠤ ᠴᠢᠦ᠄ 2018 ᠣᠨ᠎ᠠᠴᠠ   ᠨᠠᠭ᠋ᠠᠰᠢ᠂ ᠪᠢᠳᠡ ᠬᠠᠷᠠᠴᠠ᠎ᠪᠠᠨ ᠳᠣᠷᠣᠭᠰᠢ ᠬᠠᠨᠳᠤᠭᠤᠯᠬᠤ᠂ ᠭᠣᠤᠯᠳᠠᠯᠭ᠎ᠠ᠎ᠪᠠᠨ ᠳᠣᠷᠣᠭᠰᠢ ᠰᠢᠯᠵᠢᠭᠦᠯᠬᠦ ᠵᠢ ᠪᠠᠷᠢᠮᠲᠠᠯᠠᠵᠤ᠂ ᠣᠯᠠᠨ ᠲᠦᠮᠡᠨ᠎ᠲᠠᠢ ᠣᠶ᠋ᠢᠷᠠᠳᠬᠤ᠂ ᠣᠯᠠᠨ ᠲᠦᠮᠡᠨ᠎ᠳᠤ ᠦᠢ᠍ᠯᠡᠴᠢᠯᠡᠬᠦ ᠰᠢᠨ᠎ᠡ ᠬᠡᠯᠪᠡᠷᠢ᠂ ᠰᠢᠨ᠎ᠡ ᠠᠷᠭ᠎ᠠ ᠵᠠᠮ  ᠎ᠢ ᠭᠦᠨᠵᠡᠭᠡᠶ ᠬᠠᠶ᠋ᠢᠨ ᠰᠦᠪᠡᠭᠴᠢᠯᠡᠵᠦ᠂ ᠦᠨᠳᠦᠰᠦᠨ ᠱᠠᠲᠤᠨ᠎ᠤ ᠡᠨᠡ ᠬᠦ᠌ ᠤᠳᠬ᠎ᠠ ᠤᠷᠠᠯᠢᠭ᠎ᠤᠨ ᠰᠢᠯᠢᠳᠡᠭ ᠴᠢᠳᠠᠪᠤᠷᠢᠲᠠᠨ᠎ᠢ ᠦᠰᠭᠡᠨ ᠪᠣᠢ᠌ᠵᠢᠭᠣᠯᠳᠠᠭ ᠦᠩ ᠰᠢᠮᠡᠯᠢᠭ ᠬᠥᠷᠥᠰᠥᠨ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠨᠳᠤᠵᠤ᠂ ᠤᠳᠬ᠎ᠠ ᠤᠷᠠᠯᠢᠭ᠎ᠤᠨ ᠠᠷᠠᠳ ᠲᠦᠮᠡᠨ᠎ᠳᠤ ᠦᠢ᠍ᠯᠡᠴᠢᠯᠡᠬᠦ᠂ ᠨᠡᠶ᠋ᠢᠭᠡᠮ ᠵᠢᠷᠤᠮ᠎ᠳᠤ ᠦᠢ᠍ᠯᠡᠴᠢᠯᠡᠬᠦ ᠬᠠᠮᠤᠭ᠎ᠤᠨ ᠰᠢᠭᠤᠳ᠂ ᠬᠠᠮᠤᠭ᠎ᠤᠨ ᠥᠷᠭᠡᠨ ᠠᠭᠤᠳᠠᠮ ᠲᠠᠪᠴᠠᠩ᠎ᠢ ᠦᠢ᠍ᠯᠡᠳᠦᠯᠭᠡᠵᠢᠭᠦᠯᠵᠤ  ᠂ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠢᠨᠵᠧᠨᠧᠷᠢᠩ᠂ ᠪᠠᠶᠠᠷ ᠳᠤᠷᠠᠰᠬᠠᠯ᠎ᠤᠨ ᠠᠵᠢᠯᠯᠠᠭ᠎ᠠ ᠡᠷᠬᠢᠯᠡᠬᠦ ᠪᠠ ᠤᠯᠠᠭ᠋ᠠᠨᠮᠥ᠋ᠴᠢᠷ᠎ᠤᠨ ᠠᠷᠠᠳ᠎ᠤᠨ ᠲᠥᠯᠥᠭᠡ ᠲᠣᠭᠯᠠᠯᠲᠠ ᠭᠠᠷᠭ᠋ᠠᠬᠤ ᠵᠡᠷᠭᠡ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠠᠷᠠᠳ ᠣᠯᠠᠨ᠎ᠳᠤ ᠰᠢᠯᠢᠳᠡᠭ ᠣᠶᠤᠨ᠎ᠤ ᠰᠢᠮ᠎ᠡ ᠲᠡᠵᠢᠭᠡᠯ ᠪᠣᠯᠤᠨ ᠰᠣᠶᠣᠯ᠎ᠤᠨ ᠦᠢ᠍ᠯᠡᠴᠢᠯᠡᠭᠡ ᠵᠢ ᠬᠠᠩᠭ᠋ᠠᠵᠣ ᠪᠠᠢ᠌ᠨ᠎ᠠ᠃
   


      ᠪᠥᠬᠥ ᠣᠷᠣᠨ᠎ᠤ ᠰᠣᠳᠣᠨ ᠤᠷᠠᠯᠢᠭ᠎ᠤᠨ ᠲᠣᠭᠯᠠᠯᠲᠠ᠂ ᠰᠣᠶᠣᠯ᠎ᠤᠨ ᠡᠭᠦᠳᠦᠨ ᠪᠦᠲᠦᠭᠡᠯᠲᠡ ᠪᠠ ᠪᠣᠳᠠᠰ᠎ᠤᠨ ᠪᠣᠰᠣ ᠰᠣᠶᠣᠯ᠎ᠤᠨ ᠥᠪ  ᠎ᠢ ᠦᠵᠡᠮᠵᠢ ᠵᠢᠨ ᠣᠷᠣᠨ᠎ᠳᠤ ᠤᠷᠤᠭᠤᠯᠬᠣ ᠦᠢ᠍ᠯᠡ ᠠᠵᠢᠯᠯᠠᠭ᠋ᠠᠨ ᠬᠥᠬᠡᠬᠣᠲᠠ᠎ᠳᠤ   ᠪᠣᠯᠪᠠ᠃         ᠵᠧᠤ ᠬᠣᠩ ᠢᠦᠶ ᠰᠡᠭᠦᠳᠡᠷᠯᠡᠪᠡ  


      ᠨᠢᠭᠡ᠎ᠳᠤ᠂ 《ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠢᠨᠵᠧᠨᠧᠷᠢᠩ》᠎ᠢ ᠨᠠᠷᠢᠨ ᠨᠢᠮᠪᠠᠶ ᠵᠣᠬᠢᠶᠠᠨ ᠪᠠᠢ᠌ᠭᠣᠯᠪᠠ᠃ ᠪᠦᠬᠦ ᠣᠷᠣᠨ᠎ᠤ ᠭᠣᠣᠯ ᠪᠣᠯᠬᠤ ᠵᠠᠰᠠᠭ ᠵᠠᠬᠢᠷᠭ᠋ᠠᠨ᠎ᠤ ᠲᠣᠰᠬᠣᠨ᠎ᠳᠤ᠂ ᠢᠯᠠᠩᠭᠤᠶ᠎ᠠ ᠪᠣᠶ᠋ᠢᠳᠠ ᠪᠥᠭᠯᠡᠭᠦᠤ ᠭᠠᠵᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠦᠢ᠍ᠯᠡᠳᠪᠦᠷᠢ ᠠᠭᠣᠷᠬᠠᠢ᠂ ᠠᠵᠤ ᠠᠬᠤᠶ᠋ᠢᠯᠠᠯ᠂ ᠰᠤᠷᠭ᠋ᠠᠭᠤᠯᠢ᠂ ᠨᠡᠶ᠋ᠢᠭᠡᠮ ᠲᠣᠭᠣᠷᠢᠭ᠂ ᠵᠡᠭᠡᠯᠢ ᠭᠤᠳᠤᠮᠵᠢ ᠵᠡᠷᠭᠡ ᠭᠠᠵᠠᠷ᠎ᠤᠳ᠎ᠲᠤ 《ᠲᠠᠯ᠎ᠠ ᠨᠣᠳᠣᠭ᠎ᠤᠨ ᠤᠳᠬ᠎ᠠ ᠤᠷᠠᠯᠢᠭ᠎ᠢ ᠡᠳᠦᠷ ᠡᠳᠦᠷ ᠲᠣᠭᠯᠠᠨ᠎ᠠ》᠂ 《ᠵᠠᠭᠣᠨ ᠪᠦᠯᠬᠦᠮ ᠮᠢᠩᠭ᠋ᠠᠨ ᠳᠠᠯᠠᠪᠣᠷ ᠲᠣᠭᠯᠠᠯᠲᠠ ᠦᠨᠳᠦᠰᠣᠨ ᠱᠠᠳᠣᠨ᠎ᠳᠤ ᠪᠠᠭᠣᠬᠣ》᠂ 《ᠲᠠᠯ᠎ᠠ ᠨᠤᠲᠤᠭ᠎ᠤᠨ ᠳᠠᠭᠤᠤ ᠬᠥᠭᠵᠢᠮ᠎ᠤᠨ ᠭᠠᠷᠠᠭ᠎ᠤᠨ ᠰᠡᠭᠦᠯᠴᠢ》᠂ 《ᠲᠠᠯ᠎ᠠ ᠨᠤᠲᠤᠭ᠎ᠤᠨ ᠰᠢ ᠵᠦᠴᠦᠭᠡ ᠵᠢᠨ ᠲᠣᠭᠯᠠᠯᠲᠠ ᠵᠢᠨ ᠰᠠᠷ᠎ᠠ》᠂ 《ᠳᠥᠷᠪᠡᠨ ᠤᠯᠠᠷᠢᠯ ᠥᠪᠥᠷ ᠮᠣᠩᠭᠣᠯ᠎ᠤᠨ ᠲᠣᠭᠯᠠᠯᠲᠠ ᠵᠢᠨ ᠤᠯᠠᠷᠢᠯ》 ᠵᠡᠷᠭᠡ ᠠᠵᠢᠯᠯᠠᠭ᠎ᠠ ᠵᠢ ᠥᠷᠨᠢᠭᠦᠯᠵᠦ᠂ ᠵᠢᠯ ᠪᠦᠷᠢ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠲᠣᠭᠯᠠᠯᠲᠠ ᠭᠠᠷᠭ᠋ᠠᠭᠰᠠᠨ ᠲᠣᠭ᠎ᠠ ᠲᠦᠮᠡ ᠭᠠᠷᠤᠶ ᠤᠳᠠᠭ᠎ᠠ᠎ᠳᠤ ᠬᠦᠷᠦᠭᠰᠡᠨ ᠪᠠᠢ᠌ᠨ᠎ᠠ᠃ ᠡᠨᠡ ᠬᠤᠭᠤᠴᠠᠭ᠋ᠠᠨ᠎ᠳᠤ᠂ ᠪᠢᠳᠡ ᠤᠯᠠᠭ᠋ᠠᠨᠮᠥ᠋ᠴᠢᠷ᠎ᠤᠨ ᠦᠢ᠍ᠯᠡᠴᠢᠯᠡᠭᠡᠨ᠎ᠤ ᠬᠡᠪ ᠵᠠᠭᠪᠤᠷ᠎ᠢ ᠰᠢᠨᠡᠴᠢᠯᠡᠵᠦ᠂ 《ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠷᠠᠳ ᠲᠦᠮᠡᠨ᠎ᠤ ᠳᠤᠮᠳᠠ ᠣᠴᠢᠬᠣ》 ᠦᠨᠳᠦᠰᠦᠨ ᠱᠠᠲᠣᠨ᠎ᠤ ᠶᠡᠷᠦᠩᠬᠡᠶ᠋ᠢᠯᠡᠭᠰᠡᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ ᠤᠳᠬ᠎ᠠ ᠤᠷᠠᠯᠢᠭ᠎ᠤᠨ ᠲᠣᠭᠯᠠᠯᠲᠠ ᠵᠢᠨ ᠰᠠᠭᠤᠷᠢᠨ ᠳᠡᠭᠡᠷ᠎ᠡ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠣᠷᠠᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ   ᠦᠢ᠍ᠯᠡᠳᠦᠯᠭᠡ᠎ᠳᠤ ᠣᠷᠣᠯᠴᠠᠬᠣ᠂ ᠣᠨᠣᠯ᠎ᠤᠨ ᠶᠠᠷᠢᠶ᠎ᠠ ᠲᠠᠢ᠌ᠯᠣᠨ ᠬᠢᠬᠦ᠂ ᠰᠢᠨᠵᠢᠯᠡᠬᠦ ᠤᠬᠠᠭ᠋ᠠᠨ᠎ᠤ ᠮᠡᠳᠡᠯᠭᠡ ᠲᠦᠭᠡᠮᠡᠯᠵᠢᠭᠦᠯᠬᠦ᠂ ᠡᠷᠡᠭᠦᠯ ᠮᠡᠨᠳᠦ ᠵᠢᠨ ᠠᠯᠪᠠᠨ ᠵᠢᠷᠤᠮ᠎ᠤᠨ ᠡᠮᠴᠢᠯᠡᠭᠡ ᠬᠢᠬᠦ᠂   ᠶᠠᠳᠠᠭᠣ ᠬᠦᠴᠢᠷᠳᠡᠯ᠎ᠲᠠᠢ ᠬᠦᠮᠦᠰ᠎ᠢ ᠬᠠᠪᠰᠤᠷᠤᠨ ᠲᠡᠳᠬᠦᠬᠦ ᠵᠡᠷᠭᠡ ᠣᠯᠠᠨ ᠵᠦᠢ᠍ᠯ᠎ᠤᠨ ᠨᠠᠷᠢᠯᠢᠭ ᠣᠨᠣᠴᠠᠲᠠᠶ ᠰᠠᠶ᠋ᠢᠨ ᠳᠤᠷ᠎ᠠ ᠵᠢᠨ ᠦᠢ᠍ᠯᠡᠴᠢᠯᠡᠭᠡ ᠦᠷᠨᠢᠭᠦᠯᠪᠡ᠃ ᠣᠢ᠌ᠷ᠎ᠡ ᠵᠢᠨ 2020 ᠣᠨ᠎ᠤ 6᠂ 7 ᠳ᠋ᠣᠭ᠋ᠠᠷ ᠰᠠᠷ᠎ᠠ᠎ᠳᠤ ᠯᠠ ᠭᠡᠬᠦ᠎ᠳᠤ᠂ 《ᠠᠯᠢᠪᠠ ᠪᠦᠬᠦᠨ ᠠᠷᠠᠳ ᠲᠦᠮᠡᠨ᠎ᠤ ᠲᠥᠯᠥᠭᠡ》 ᠬᠡᠮᠡᠬᠦ ᠭᠣᠤᠯ ᠰᠡᠳᠦᠪ ᠵᠶ᠋ᠠᠷ ᠤᠯᠠᠭ᠋ᠠᠨᠮᠥ᠋ᠴᠢᠷ᠎ᠤᠨ᠎ᠬᠢᠨ ᠡᠷᠦᠬᠡ᠎ᠳᠤ   ᠬᠦᠷᠴᠤ ᠲᠣᠭᠯᠠᠯᠲᠠ ᠭᠠᠷᠭ᠋ᠠᠬᠤ᠂ ᠦᠨᠳᠦᠰᠦᠨ ᠱᠠᠲᠤᠨ᠎ᠤ 《ᠵᠢᠷᠭᠤᠭ᠎ᠠ᠎ᠳᠤ   ᠬᠦᠷᠬᠦ》 ᠲᠣᠭᠯᠠᠯᠲᠠ ᠵᠢ 600 ᠭᠠᠷᠤᠶ ᠲᠠᠯᠠᠪᠠᠶ ᠤᠳᠠᠭ᠎ᠠ ᠥᠷᠨᠢᠭᠦᠯᠵᠦ᠂ ᠣᠯᠠᠨ ᠲᠦᠮᠡᠨ᠎ᠳᠤ 40 ᠭᠠᠷᠤᠶ ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ ᠰᠠᠶ᠋ᠢᠨ ᠳᠤᠷ᠎ᠠ ᠵᠢᠨ ᠦᠢ᠍ᠯᠡᠴᠢᠯᠡᠭᠴᠢ   ᠵᠢᠨ ᠠᠵᠢᠯᠯᠠᠭ᠎ᠠ 500 ᠭᠠᠷᠤᠢ ᠤᠳᠠᠭ᠎ᠠ  ᠎ᠳᠤ   ᠬᠦᠷᠪᠡ᠃

   

 
      ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ · ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠶ᠋ᠢᠷ᠎ᠤᠨ ᠡᠬᠢᠯᠡᠯᠲᠡ ᠵᠢᠨ ᠶᠣᠰᠣᠯᠠᠯ ᠳᠡᠭᠡᠷᠡᠬᠢ ᠲᠣᠭᠣᠷᠢᠨ ᠵᠢᠭᠣᠯᠴᠢᠯᠠᠬᠣ   ᠠᠵᠢᠯᠯᠠᠭ᠋ᠠᠨ                 ᠴᠢ ᠬᠤᠤ ᠨᠠᠨ ᠰᠡᠭᠦᠳᠡᠷᠯᠡᠪᠡ

 
      ᠬᠣᠶᠠᠷ᠎ᠲᠤ᠂ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠡᠯᠡᠪᠡ᠃ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠦᠨᠳᠦᠰᠦᠨ ᠱᠠᠲᠤᠨ᠎ᠳᠤ ᠡᠷᠬᠢᠯᠡᠨ᠂ ᠦᠨᠳᠦᠰᠦᠨ ᠱᠠᠲᠤᠨ᠎ᠳᠤ ᠨᠡᠶ᠋ᠢᠳᠡᠮ ᠠᠰᠢᠭ ᠬᠦᠷᠲᠡᠭᠡᠵᠦ᠂ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠦᠨᠡᠨ ᠬᠦ᠌ ᠠᠷᠠᠳ ᠲᠦᠮᠡᠨ᠎ᠤ ᠪᠠᠶᠠᠷ᠎ᠤᠨ ᠡᠳᠦᠷ ᠪᠣᠯᠭ᠋ᠠᠨ ᠡᠷᠬᠢᠯᠡᠪᠡ᠃ ᠳᠤᠮᠳᠠᠳᠤ ᠤᠯᠤᠰ · ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠶ᠋ᠢᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠶ᠋ᠢᠷ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ᠂ ᠥᠪᠥᠷ ᠮᠣᠩᠭᠣᠯ᠎ᠤᠨ   ᠣᠷᠣᠨ ᠨᠤᠲᠤᠭ᠎ᠤᠨ ᠰᠢᠯᠢᠳᠡᠭ ᠰᠢ ᠵᠦᠴᠦᠭᠡ ᠵᠢᠨ ᠦᠵᠡᠭᠦᠯᠦᠯᠭᠡ ᠵᠡᠷᠭᠡ ᠵᠢ ᠭᠣᠤᠯᠳᠠᠯᠭ᠎ᠠ᠎ᠲᠠᠢ ᠡᠷᠬᠢᠯᠡᠪᠡ᠃ ᠡᠭᠦᠨ᠎ᠳᠤ᠂ 2019 ᠣᠨ᠎ᠳᠤ ᠪᠥᠬᠥ ᠣᠷᠣᠨ᠎ᠤ ᠰᠢᠯᠢᠳᠡᠭ ᠵᠦᠴᠦᠭᠡ ᠵᠢᠨ ᠦᠵᠡᠭᠦᠯᠦᠯᠭᠡ ᠵᠢᠨ ᠲᠣᠭᠯᠠᠯᠲᠠ᠂ ᠵᠡᠭᠦᠨ ᠪᠠᠷᠠᠭᠤᠨ ᠬᠡᠰᠡᠭ᠎ᠤᠨ ᠤᠯᠠᠭ᠋ᠠᠨᠮᠥ᠋ᠴᠢᠷ᠎ᠤᠨ ᠬᠣᠭᠣᠷᠣᠨᠳᠣᠬᠢ ᠰᠣᠯᠢᠯᠴᠠᠭ᠋ᠠᠨ᠎ᠤ ᠲᠣᠭᠯᠠᠯᠲᠠ᠂ ᠪᠥᠬᠥ ᠣᠷᠣᠨ᠎ᠤ ᠰᠢᠯᠢᠳᠡᠭ ᠤᠯᠠᠭ᠋ᠠᠨᠮᠥ᠋ᠴᠢᠷ᠎ᠤᠨ ᠰᠢᠯᠭ᠋ᠠᠷᠠᠭᠣᠯᠣᠯᠲᠠ ᠲᠣᠭᠯᠠᠯᠲᠠ᠂ ᠪᠦᠦ ᠯᠢ ᠬᠦᠷᠢᠶᠡᠯᠡᠩ᠎ᠤᠨ ᠱᠤᠭᠤᠮ᠎ᠤᠨ ᠤᠯᠠᠭ᠋ᠠᠨᠮᠥ᠋ᠴᠢᠷ᠎ᠤᠨ ᠪᠥᠬᠥ ᠤᠯᠤᠰ᠎ᠤᠨ ᠠᠶᠠᠯᠠᠯ᠎ᠤᠨ ᠲᠣᠭᠯᠠᠯᠲᠠ ᠵᠡᠷᠭᠡ ᠵᠢ 300 ᠭᠠᠷᠤᠶ ᠲᠠᠯᠠᠪᠠᠶ ᠤᠳᠠᠭ᠎ᠠ ᠥᠷᠨᠢᠭᠦᠯᠵᠦ᠂ ᠠᠰᠢᠭ ᠬᠦᠷᠲᠡᠭᠰᠡᠨ ᠦᠵᠡᠭᠴᠢᠳ 100 ᠭᠠᠷᠤᠶ ᠲᠦᠮᠡᠨ ᠬᠥᠮᠦᠨ ᠤᠳᠠᠭ᠎ᠠ  ᠎ᠳᠤ ᠬᠦᠷᠪᠡ᠃
      ᠭᠤᠷᠪᠠ᠎ᠳᠤ᠂ ᠥᠪᠥᠷ ᠮᠣᠩᠭᠣᠯ᠎ᠤᠨ ᠲᠠᠶ᠋ᠢᠰᠠᠨ᠎ᠤ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠢᠨᠵᠸᠨ᠋ᠷᠢᠩ᠎ᠢ ᠬᠡᠷᠡᠭᠵᠢᠭᠦᠯᠪᠡ᠃ ᠤᠷᠠᠯᠢᠭ᠎ᠤᠨ ᠵᠣᠬᠢᠶᠠᠨ ᠪᠦᠳᠦᠭᠡᠭᠴᠢᠳ ᠠᠮᠢᠳᠤᠷᠠᠯ᠎ᠤᠨ ᠰᠢᠮᠡᠯᠢᠭ ᠬᠥᠷᠥᠰᠥᠨ᠎ᠳᠤ ᠦᠨᠳᠦᠰᠦᠯᠡᠵᠦ᠂ ᠦᠨᠳᠦᠰᠦᠨ ᠱᠠᠲᠤᠨ᠎ᠤ   ᠲᠠᠷᠢᠶᠠᠴᠢᠨ ᠮᠠᠯᠴᠢᠨ ᠲᠦᠮᠡᠨ᠎ᠳᠤ ᠦᠢ᠍ᠯᠡᠴᠢᠯᠡᠵᠦ᠂ ᠥᠪᠥᠷ ᠮᠣᠩᠭᠣᠯ᠎ᠤᠨ ᠡᠯᠪᠡᠭ ᠳᠡᠯᠪᠡᠭ ᠲᠡᠤᠬᠡ ᠰᠣᠶᠣᠯ᠎ᠤᠨ ᠡᠬᠢ ᠪᠠᠶᠠᠯᠢᠭ᠂ ᠦᠨᠳᠦᠰᠦᠲᠡᠨ᠎ᠤ ᠰᠣᠶᠣᠯ᠎ᠤᠨ ᠡᠬᠢ   ᠪᠠᠶᠠᠯᠢᠭ ᠪᠠ ᠬᠤᠪᠢᠰᠬᠠᠯᠲᠤ ᠰᠣᠶᠣᠯ᠎ᠤᠨ ᠡᠬᠢ ᠪᠠᠶᠠᠯᠢᠭ᠎ᠲᠤ ᠲᠦᠰᠢᠭᠯᠡᠨ᠂ ᠦᠨᠳᠦᠰᠦᠨ ᠱᠠᠲᠤᠨ᠎ᠤ ᠣᠯᠠᠨ ᠲᠦᠮᠡᠨ᠎ᠤ ᠰᠣᠶᠣᠯ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠲᠠᠢ ᠵᠣᠯᠭ᠋ᠠᠭᠤᠯᠵᠤ᠂ 《ᠤᠯᠠᠭ᠋ᠠᠨᠮᠥ᠋ᠴᠢᠷ》᠂ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠤ》 ᠵᠡᠷᠭᠡ ᠨᠢᠭᠡ ᠪᠦᠯᠦᠭ ᠶᠠᠰᠤ ᠰᠢᠷᠪᠥᠰᠥ᠎ᠲᠠᠢ᠂ ᠶᠣᠰᠣ ᠮᠣᠷᠠᠯ᠎ᠲᠠᠢ᠂ ᠬᠠᠯᠠᠭᠣᠨ ᠳᠣᠯᠠᠭ᠋ᠠᠨ ᠢᠯᠴᠢ᠎ᠲᠠᠢ᠂ ᠤᠷᠠᠯᠢᠭ᠎ᠤᠨ   ᠰᠦᠷ ᠵᠢᠪᠬᠣᠭ᠎ᠠ ᠵᠢ   ᠪᠠᠳᠠᠷᠠᠭᠣᠯᠣᠭᠰᠠᠨ᠂ ᠴᠠᠭ ᠦᠶ᠎ᠡ ᠵᠢᠨ ᠣᠨᠴᠠᠯᠢᠭ᠎ᠢ ᠬᠠᠷᠠᠭᠤᠯᠤᠭᠰᠠᠨ᠂ ᠲᠠᠯ᠎ᠠ ᠨᠤᠲᠤᠭ᠎ᠤᠨ ᠣᠨᠴᠠᠯᠢᠭ᠎ᠢ ᠢᠯᠡᠷᠡᠭᠦᠯᠦᠭᠰᠡᠨ ᠰᠢᠯᠢᠳᠡᠭ   ᠪᠦᠲᠦᠭᠡᠯ᠎ᠢ ᠳᠡᠭᠡᠳᠦ ᠡᠬᠢᠯᠡᠯᠲᠡ᠎ᠲᠠᠢ᠂ ᠥᠨᠳᠥᠷ ᠲᠦᠪᠰᠢᠨ᠎ᠳᠤ   ᠵᠣᠬᠢᠶᠠᠨ ᠪᠦᠲᠦᠭᠡᠪᠡ᠃
      ᠡᠭᠦᠨ᠎ᠠᠴᠠ ᠭᠠᠳᠠᠨ᠎ᠠ᠂ ᠬᠢᠵᠢᠭ᠎ᠢ ᠰᠡᠷᠭᠡᠶ᠋ᠢᠯᠡᠨ ᠬᠢᠵᠠᠭ᠋ᠠᠷᠯᠠᠬᠤ   ᠪᠠᠢ᠌ᠩᠭᠣᠵᠢᠭᠰᠠᠨ ᠪᠠᠢ᠌ᠳᠠᠯ ᠳᠣᠣᠷ᠎ᠠ᠂ ᠪᠢᠳᠡ ᠪᠠᠰᠠ ᠰᠦᠯᠵᠢᠶᠡᠨ ᠳᠡᠭᠡᠷᠡᠬᠢ ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠦᠢ᠍ᠯᠡᠴᠢᠯᠡᠭᠡᠨ᠎ᠤ ᠰᠢᠨ᠎ᠡ ᠬᠡᠪ ᠵᠠᠭᠪᠤᠷ᠎ᠢ ᠰᠦᠪᠡᠭᠴᠢᠯᠡᠨ ᠥᠷᠭᠡᠳᠬᠡᠵᠦ᠂ ᠰᠦᠯᠵᠢᠶᠡᠨ ᠳᠡᠭᠡᠷᠡᠬᠢ ᠤᠯᠠᠭ᠋ᠠᠨᠮᠥ᠋ᠴᠢᠷ ᠵᠡᠷᠭᠡ ᠰᠦᠯᠵᠢᠶᠡᠨ᠎ᠤ ᠳᠠᠪᠴᠠᠩ ᠪᠣᠯᠤᠨ ᠣᠬᠣᠷ ᠸᠢᠳᠢᠣ᠋ ᠵᠡᠷᠭᠡ ᠰᠢᠭᠤᠳ ᠨᠡᠪᠲᠡᠷᠡᠭᠦᠯᠬᠦ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠠᠰᠢᠭᠯᠠᠨ᠂ ᠤᠳᠬ᠎ᠠ ᠤᠷᠠᠯᠢᠭ ᠵᠶ᠋ᠠᠷ ᠠᠷᠠᠳ᠎ᠲᠤ ᠠᠰᠢᠭ ᠬᠦᠷᠲᠡᠭᠡᠬᠦ ᠠᠵᠢᠯ᠎ᠢ ᠥᠨᠳᠥᠷ ᠪᠦᠲᠦᠮᠵᠢᠲᠡᠶ᠎ᠪᠠᠷ ᠥᠷᠨᠢᠭᠦᠯᠬᠦ ᠵᠢ ᠠᠬᠢᠭᠤᠯᠵᠤ᠂ ᠤᠳᠬ᠎ᠠ ᠤᠷᠠᠯᠢᠭ ᠵᠶ᠋ᠠᠷ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ   ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠤᠳᠬ᠎ᠠ ᠤᠷᠠᠯᠢᠭ ᠵᠶ᠋ᠠᠷ ᠠᠷᠠᠳ᠎ᠲᠤ ᠠᠰᠢᠭ ᠬᠦᠷᠲᠡᠭᠡᠬᠦ   ᠦᠢ᠍ᠯᠡᠴᠢᠯᠡᠭᠡᠨ᠎ᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠪᠡ᠃  


    ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ᠎ᠤᠨ ᠰᠤᠪᠠᠭ᠄ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠠᠴᠠ ᠪᠣᠯᠵᠤ ᠠᠵᠤ ᠠᠬᠤᠶ ᠪᠠᠭᠤᠷᠠᠬᠤ ᠳᠠᠷᠤᠯᠲᠠ   ᠬᠦᠨᠳᠦᠷᠡᠵᠤ᠂ ᠠᠷᠠᠳ ᠣᠯᠠᠨ᠎ᠤ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠭᠰᠡᠨ ᠪᠠᠢ᠌ᠳᠠᠯ ᠳᠣᠣᠷ᠎ᠠ᠂ ᠥᠪᠥᠷ ᠮᠣᠩᠭᠣᠯ ᠬᠢᠵᠢᠭ ᠎ᠤᠨ ᠪᠠᠢ᠌ᠳᠠᠯ ᠎ᠠᠴᠠ ᠪᠣᠯᠣᠭᠰᠠᠨ ᠠᠰᠢᠭ ᠦᠭᠡᠢ ᠨᠥᠯᠥᠭᠡ ᠵᠢ ᠴᠢᠷᠮᠠᠶ᠋ᠢᠨ ᠲᠡᠪᠴᠢᠵᠣ᠂ ᠲᠠᠯ᠎ᠠ ᠨᠤᠲᠤᠭ᠎ᠤᠨ ᠰᠣᠶᠣᠯ᠎ᠤᠨ ᠨᠠᠶ᠋ᠢᠷ ᠡᠷᠬᠢᠯᠡᠬᠦ᠎ᠪᠠᠷ ᠳᠠᠮᠵᠢᠨ᠂ ᠰᠣᠶᠣᠯ ᠬᠢᠭᠡᠳ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ ᠪᠠᠢ᠌ᠭ᠎ᠠ ᠵᠢ ᠪᠢᠳᠡ ᠤᠯᠵᠣ ᠬᠠᠷᠠᠯ᠎ᠠ᠂ ᠲᠠ ᠨᠠᠷ ᠰᠣᠶᠣᠯ ᠵᠶ᠋ᠠᠷ ᠳᠡᠮᠵᠢᠨ ᠲᠠᠪᠴᠠᠩ ᠪᠠᠶ᠋ᠢᠭᠤᠯᠵᠤ᠂ ᠠᠵᠤ   ᠠᠬᠣᠢ᠌ᠯᠢᠭ ᠰᠢ ᠲᠣᠭᠯᠠᠵᠣ᠂ ᠨᠠᠩ ᠣᠯᠠᠨ ᠬᠦᠮᠦᠨ᠎ᠳᠤ ᠲᠠᠯ᠎ᠠ ᠨᠤᠲᠤᠭ᠎ᠤᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠬᠡᠷᠬᠢᠨ ᠮᠡᠳᠡᠷᠡᠭᠦᠯᠵᠦ   ᠴᠢᠳᠠᠭᠰᠠᠨ ᠪᠣᠶ?


      ᠯᠢ ᠰᠢᠶᠤᠤ ᠴᠢᠦ᠄ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ ᠪᠠᠶ᠋ᠢᠩᠭᠤᠵᠢᠭᠰᠠᠨ ᠪᠠᠢ᠌ᠳᠠᠯ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠦᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠱ᠌ᠢ᠎ᠲᠠᠢ ᠹᠸᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠵᠡᠷᠭᠡ ᠤᠳᠤᠷᠢᠳᠤᠯᠭ᠎ᠠ ᠵᠢᠭᠤᠯᠴᠢᠯᠠᠯ᠎ᠤᠨ ᠰᠡᠷᠭᠦᠯᠲᠡ ᠬᠥᠭᠵᠢᠯᠲᠡ ᠵᠢ ᠠᠬᠢᠭᠤᠯᠬᠤ ᠲᠤᠬᠠᠶ ᠣᠯᠠᠨ ᠤᠳᠠᠭ᠎ᠠ ᠴᠢᠬᠤᠯᠠ ᠵᠢᠭ᠋ᠠᠪᠤᠷᠢ ᠥᠭᠴᠦ᠂ ᠪᠠᠶ ᠢᠦᠶ ᠭᠠᠩ   ᠣᠬᠠᠭᠣᠯᠬᠤ ᠭᠡᠯᠲᠡᠰ᠎ᠤᠨ ᠳᠠᠷᠣᠭ᠎ᠠ᠂ ᠵᠧᠩ ᠬᠣᠩ ᠹᠠᠨ ᠳᠡᠳ᠋ ᠲᠡᠷᠢᠭᠦᠯᠡᠭᠴᠢ ᠵᠢᠭᠤᠯᠴᠢᠯᠠᠯ᠎ᠤᠨ ᠰᠡᠷᠭᠦᠯᠲᠡ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠰᠡᠷᠭᠦᠭᠡᠨ ᠬᠥᠭᠵᠢᠭᠦᠯᠬᠦ ᠵᠢ ᠲᠦᠷᠭᠡᠳᠬᠡᠨ ᠠᠬᠢᠭᠤᠯᠬᠤ ᠬᠠᠮᠢᠶ᠎ᠠ ᠪᠦᠬᠦᠢ ᠠᠵᠢᠯ᠎ᠢ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠣᠣᠷ᠎ᠠ᠂ ᠪᠢᠳᠡ ᠴᠠᠭ ᠲᠤᠬᠠᠶ᠎ᠳᠤ᠎ᠨᠢ ᠠᠷᠭ᠎ᠠ ᠰᠦᠪᠡᠭᠴᠢᠯᠡᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠲᠥᠷᠥ ᠵᠢᠨ ᠪᠣᠳᠣᠯᠭ᠎ᠠ ᠨᠡᠶ᠋ᠢᠲᠡᠯᠡᠬᠦ᠂ ᠬᠠᠩᠭ᠋ᠠᠯᠭ᠎ᠠ ᠵᠢ ᠰᠢᠯᠢᠳᠡᠭᠵᠢᠭᠦᠯᠬᠦ᠂ ᠤᠬᠠᠭᠤᠯᠭ᠎ᠠ᠎ᠪᠠᠨ   ᠴᠢᠩᠭ᠋ᠠᠳᠬᠠᠬᠣ᠂ ᠦᠢ᠍ᠯᠡᠴᠢᠯᠡᠭᠡ ᠎ᠪᠠᠨ ᠰᠠᠢ᠌ᠵᠢᠷᠠᠭᠣᠯᠬᠤ   ᠵᠡᠷᠭᠡ ᠣᠯᠠᠨ ᠲᠠᠯ᠎ᠠ ᠵᠢᠨ ᠠᠷᠭ᠎ᠠ   ᠪᠠᠷᠢᠯ ᠵᠶ᠋ᠠᠷ ᠳᠠᠮᠵᠢᠭᠣᠯᠣᠨ᠂ ᠠᠷᠠᠳ ᠣᠯᠠᠨ᠎ᠤ ᠴᠢᠨᠠᠷ ᠰᠠᠶ᠋ᠢᠲᠠᠶ ᠶᠠᠪᠤᠵᠤ ᠰᠠᠭᠤᠬᠤ ᠵᠢ ᠪᠠᠲᠤᠯᠠᠵᠤ᠂ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠦᠢ᠍ᠯᠡᠴᠢᠯᠡᠭᠡᠨ᠎ᠤ ᠪᠠᠳᠣᠯᠠᠭ᠋ᠠᠳᠣ ᠴᠢᠳᠠᠪᠤᠷᠢ ᠵᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ᠎ᠤᠨ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠣᠢ ᠪᠣᠯᠭ᠋ᠠᠪᠠ᠃
    ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠪᠠ᠃ 《ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠢᠵᠢᠭ᠎ᠤᠨ   ᠪᠠᠢ᠌ᠳᠠᠯ᠎ᠤᠨ ᠨᠥᠯᠥᠭᠡ ᠵᠢ ᠢᠯᠠᠨ ᠳᠠᠪᠠᠵᠤ ᠰᠡᠷᠭᠦᠭᠡᠨ ᠬᠦᠭᠵᠢᠭᠦᠯᠬᠦ ᠵᠢ ᠲᠦᠷᠭᠡᠳᠬᠡᠬᠦ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠲᠣᠭᠲᠠᠭ᠋ᠠᠨ ᠨᠡᠶ᠋ᠢᠲᠡᠯᠡᠵᠦ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ᠎ᠨᠢ ᠪᠠᠭᠤᠷᠠᠭᠤᠯᠬᠤ᠂ ᠠᠵᠤ ᠠᠬᠤᠶ᠋ᠢᠯᠠᠯ᠎ᠤᠨ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢ ᠨᠡᠮᠡᠭᠳᠡᠭᠦᠯᠬᠦ   ᠵᠡᠷᠭᠡ ᠲᠠᠯ᠎ᠠ᠎ᠪᠠᠷ 23   ᠵᠦᠢ᠍ᠯ ᠎ᠤᠨ ᠪᠣᠳᠠᠲᠠᠶ ᠠᠷᠭ᠎ᠠ ᠬᠡᠮᠵᠢᠶ ᠎ᠡ ᠵᠢ ᠲᠣᠭᠲᠠᠭ᠋ᠠᠪᠠ; ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠂ ᠪᠠᠩᠬᠢ ᠪᠠ ᠳᠠᠭ᠋ᠠᠳᠬᠠᠯ᠎ᠤᠨ ᠬᠢᠨᠠᠯᠲᠠ ᠵᠡᠷᠭᠡ ᠰᠠᠯᠠᠭ᠎ᠠ ᠮᠥᠴᠢᠷ᠎ᠢ ᠢᠳᠡᠪᠬᠢᠲᠡᠶ᠎ᠪᠠᠷ ᠵᠣᠬᠢᠴᠠᠭᠤᠯᠤᠨ ᠭᠠᠶ᠋ᠢᠯᠢ ᠰᠦᠢ᠍ᠳᠭᠡᠯ᠎ᠢ ᠬᠠᠰᠤᠵᠤ ᠬᠡᠯᠳᠦᠷᠢᠭᠦᠯᠬᠦ ᠠᠵᠢᠯ᠎ᠢ ᠦᠷᠨᠢᠭᠦᠯᠪᠡ; ᠳᠠᠭ᠋ᠠᠳᠬᠠᠯ᠎ᠤᠨ ᠺᠣᠮᠫᠠᠨᠢ ᠵᠢ ᠵᠣᠬᠢᠴᠠᠭᠤᠯᠬᠤ ᠵᠢᠨ ᠲᠥᠯᠥᠭᠡ ᠵᠢᠭᠤᠯᠴᠢᠯᠠᠯ᠎ᠤᠨ ᠭᠠᠵᠠᠷ᠎ᠤᠨ ᠠᠵᠢᠯ᠂ ᠦᠢ᠍ᠯᠡᠳᠪᠦᠷᠢᠯᠡᠯ ᠵᠣᠭᠰᠣᠭᠰᠠᠨ ᠬᠤᠭᠤᠴᠠᠭ᠋ᠠᠨ᠎ᠳᠤ᠎ᠬᠢ ᠵᠢᠭᠤᠯᠴᠢᠯᠠᠯ᠎ᠤᠨ ᠭᠠᠵᠠᠷ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠵᠠᠷᠤᠳᠠᠯ 238.88 ᠲᠦᠮᠡᠨ ᠲᠥᠭᠥᠷᠢᠭ᠎ᠢ ᠬᠠᠰᠤᠵᠤ ᠬᠡᠯᠲᠦᠷᠢᠭᠦᠯᠪᠡ; ᠵᠢᠭᠤᠯᠴᠢᠯᠠᠯ᠎ᠤᠨ   ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ 1.43 ᠳ᠋ᠦᠩᠰᠢᠭᠤᠷ   ᠲᠦᠭᠦᠷᠢᠭ᠎ᠢ ᠲᠦᠷ ᠪᠤᠴᠠᠭ᠋ᠠᠪᠠ᠃



      ᠬᠦᠬᠡᠬᠣᠲᠠ ᠵᠢᠨ ᠲᠠᠯ᠎ᠠ ᠨᠤᠲᠤᠭ᠎ᠤᠨ ᠳᠠᠭᠤᠤ ᠬᠦᠭᠵᠢᠮᠳᠦ ᠠᠮᠲᠠᠲᠤ ᠢᠳᠡᠭᠡᠨ᠎ᠤ ᠤᠯᠠᠷᠢᠯ ᠭᠣᠢ᠌ᠳᠠ ᠰᠠᠶ᠋ᠢᠬᠠᠨ ᠡᠬᠢᠯᠡᠯ᠎ᠡ                             ᠳ᠋ᠢᠩ   ᠭ᠋ᠸᠨ ᠾᠧᠦ ᠰᠡᠭᠦᠳᠡᠷᠯᠡᠪᠡ  


      ᠬᠣᠶᠠᠷ᠎ᠲᠤ᠂   ᠦᠢ᠍ᠯᠡᠳᠭᠦᠨ᠎ᠤ ᠬᠠᠩᠭ᠋ᠠᠯᠭ᠎ᠠ ᠵᠢ ᠰᠢᠯᠢᠳᠡᠭᠵᠢᠭᠦᠯᠪᠡ᠃ 《ᠥᠪᠥᠷ ᠮᠣᠩᠭᠣᠯ᠎ᠤᠨ ᠠᠷᠠᠳ᠎ᠤᠨ ᠵᠢᠭᠤᠯᠴᠢᠯᠠᠯ》 ᠭᠡᠬᠦ ᠰᠣᠳᠣᠨ ᠵᠢᠭᠤᠯᠴᠢᠯᠠᠯ᠎ᠤᠨ ᠱᠤᠭᠤᠮ᠎ᠢ 150 ᠭᠠᠷᠤᠶ   ᠵᠤᠷᠪᠣᠰ ᠭᠠᠷᠭ᠋ᠠᠵᠤ᠂ ᠦᠵᠡᠮᠵᠢ ᠵᠢᠨ ᠣᠷᠣᠨ᠎ᠤ ᠡᠭᠦᠳᠡᠨ ᠪᠢᠯᠧᠲ᠎ᠢ ᠬᠠᠰᠤᠵᠤ ᠭᠡᠯᠳᠦᠷᠢᠭᠦᠯᠬᠦ᠂ ᠢᠵᠢ ᠪᠢᠯᠧᠲ᠎ᠤᠨ ᠦᠨ᠎ᠡ ᠵᠢ ᠭᠢᠮᠳᠠᠷᠠᠭᠣᠯᠬᠤ  ᠂ ᠪᠠᠭᠤᠳᠠᠯ᠎ᠤᠨ ᠬᠡᠷ ᠪᠠᠶ᠋ᠢᠰᠢᠩ᠎ᠤᠨ ᠦᠨ᠎ᠡ ᠵᠢ ᠬᠢᠮᠳᠠᠷᠠᠭᠤᠯᠬᠤ᠂ ᠠᠭ᠋ᠠᠷ᠎ᠤᠨ ᠲᠡᠭᠡᠭᠡᠪᠦᠷᠢ ᠵᠢᠨ ᠨᠡᠶ᠋ᠢᠲᠡ ᠵᠢᠨ ᠮᠠᠰᠢᠨ ᠲᠡᠷᠭᠡᠨ᠎ᠤ ᠺᠠᠷᠲ ᠵᠡᠷᠭᠡ ᠠᠯᠢ ᠣᠯᠠᠨ ᠥᠪᠥᠷ ᠮᠣᠩᠭᠣᠯ᠎ᠤᠨ 《ᠲᠣᠮᠣ ᠪᠡᠯᠡᠭ》᠎ᠢ ᠢᠵᠢ ᠪᠦᠷᠢᠳᠦᠭᠦᠯᠦᠨ ᠨᠡᠶ᠋ᠢᠲᠡᠯᠡᠪᠡ;
《ᠠᠭ᠋ᠠᠷ᠎ᠤᠨ ᠠᠶᠠᠯᠠᠯ + ᠵᠢᠭᠤᠯᠴᠢᠯᠠᠯ》 ᠪᠠ 《ᠲᠡᠮᠦᠷ ᠵᠠᠮ + ᠵᠢᠭᠤᠯᠴᠢᠯᠠᠯ》᠎ᠤᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠭᠦᠨᠵᠡᠭᠡᠶ ᠨᠡᠭᠡᠭᠡᠨ ᠬᠥᠭᠵᠢᠭᠦᠯᠵᠦ᠂ ᠲᠢᠶᠠᠨ ᠵᠢᠶᠤᠤ ᠠᠭ᠋ᠠᠷ᠎ᠤᠨ ᠠᠶᠠᠯᠠᠯ  ᠎ᠤᠨ 《ᠬᠥᠬᠡᠬᠣᠲᠠ —᡺ ᠤᠯᠠᠭ᠋ᠠᠨᠬᠣᠲᠠ》 ᠵᠢᠨ ᠠᠭ᠋ᠠᠷ᠎ᠤᠨ ᠠᠶᠠᠯᠠᠯ᠎ᠤᠨ   ᠵᠢᠭᠣᠯᠴᠢᠯᠡᠯ ᠎ᠤᠨ ᠲᠤᠰᠬᠠᠶ ᠱᠤᠭᠤᠮ᠎ᠢ ᠨᠡᠪᠲᠡᠷᠡᠭᠦᠯᠵᠦ᠂ ᠠᠯᠠᠱ᠌ᠠ ᠠᠶ᠋ᠢᠮᠠᠭ  《ᠡᠵᠡᠨ᠎ᠡ》   ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡ ᠵᠢ ᠨᠡᠪᠲᠡᠷᠡᠭᠦᠯᠪᠡ᠃


   
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠭᠠᠷ ᠤᠷᠠᠯᠠᠯ ᠪᠠ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠰᠣᠳᠣᠨ ᠪᠦᠲᠦᠭᠡᠯ᠎ᠤᠨ ᠦᠵᠡᠭᠦᠯᠦᠯᠭᠡ ᠵᠢᠨ ᠠᠬᠤᠶ ᠲᠠᠯᠠᠪᠠᠶ         ᠴᠧᠨ ᠯᠢ   ᠭᠧᠩ ᠰᠡᠭᠦᠳᠡᠷᠯᠡᠪᠡ

      ᠭᠤᠷᠪᠠ᠎ᠳᠤ᠂ ᠰᠢᠨ᠎ᠡ ᠵᠢ ᠡᠭᠦᠳᠬᠦ ᠦᠢ᠍ᠯᠡᠳᠭᠦᠨ ᠵᠶ᠋ᠠᠷ ᠬᠥᠳᠡᠯᠭᠡᠭᠦᠷ ᠪᠤᠯᠭ᠋ᠠᠪᠠ᠃ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ᠎ᠠᠴᠠ ᠡᠬᠢᠯᠡᠨ᠂ ᠬᠣᠤᠰ ᠠᠮᠠᠷᠠᠯᠲᠠ ᠵᠢᠨ ᠡᠳᠦᠷ ᠪᠠ ᠪᠠᠶᠠᠷ ᠳᠤᠷᠠᠰᠬᠠᠯ᠎ᠤᠨ ᠡᠳᠦᠷ ᠪᠣᠯᠭ᠋ᠠᠨ᠎ᠳᠤ ᠴᠥᠮ ᠰᠤᠳᠤᠨ ᠤᠷᠠᠯᠢᠭ᠎ᠤᠨ ᠲᠣᠭᠯᠠᠯᠲᠠ᠂ ᠰᠣᠶᠣᠯ᠎ᠤᠨ   ᠡᠭᠦᠳᠦᠨ ᠪᠦᠲᠦᠭᠡᠯᠲᠡ ᠪᠠ ᠪᠤᠳᠠᠰ᠎ᠤᠨ ᠪᠤᠰᠤ ᠰᠤᠶᠤᠯ᠎ᠤᠨ ᠥᠪ᠎ᠢ ᠦᠵᠡᠮᠵᠢ ᠵᠢᠨ ᠣᠷᠣᠨ᠎ᠳᠤ ᠤᠷᠤᠭᠤᠯᠬᠤ ᠠᠵᠢᠯᠯᠠᠭ᠎ᠠ ᠵᠢ ᠡᠷᠬᠢᠯᠡᠵᠡᠢ᠃ ᠣᠳᠣ ᠪᠣᠯᠲᠠᠯ᠎ᠠ ᠨᠡᠶ᠋ᠢᠲᠡ 344 ᠲᠠᠯᠠᠪᠠᠶ ᠡᠷᠬᠢᠯᠡᠵᠦ᠂ ᠠᠷᠠᠳ ᠲᠦᠮᠡᠨ᠎ᠢ ᠲᠠᠯ᠎ᠠ ᠨᠤᠲᠤᠭ᠎ᠤᠨ ᠰᠣᠶᠣᠯ᠎ᠲᠠᠢ ᠨᠢᠭᠲᠠ ᠬᠠᠷᠢᠯᠴᠠᠭᠤᠯᠵᠤ ᠪᠠᠶ᠋ᠢᠨ᠎ᠠ᠃ ᠡᠭᠦᠨ᠎ᠠᠴᠠ ᠭᠠᠳᠠᠨ᠎ᠠ᠂ ᠪᠢᠳᠡ ᠪᠠᠰᠠ ᠪᠦᠬᠦ ᠣᠷᠣᠨ᠎ᠤ ᠦᠨᠳᠦᠰᠦᠲᠡᠨ᠎ᠤ ᠭᠠᠷ ᠤᠷᠠᠯᠠᠯ ᠪᠣᠯᠤᠨ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠰᠣᠳᠣᠨ ᠦᠵᠡᠭᠦᠯᠦᠯᠭᠡ ᠵᠢᠨ ᠠᠵᠢᠯᠯᠠᠭ᠎ᠠ ᠡᠷᠬᠢᠯᠡᠵᠦ᠂ 200 ᠭᠠᠷᠤᠶ ᠠᠵᠤ ᠠᠬᠤᠶ᠋ᠢᠯᠠᠯ ᠦᠵᠡᠰᠬᠦᠯᠡᠩ᠎ᠳᠤ ᠤᠷᠤᠯᠴᠠᠵᠤ᠂ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠲᠠᠸᠠᠷ᠎ᠢ 5000 ᠭᠠᠷᠤᠶ ᠵᠦᠢ᠍ᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ 35 ᠵᠢ ᠴᠤᠭᠯᠠᠭᠤᠯᠪᠠ᠃ ᠥᠪᠥᠷ ᠮᠣᠩᠭᠣᠯ᠎ᠤᠨ ᠮᠦᠽᠧᠶ᠂ ᠨᠣᠮ᠎ᠤᠨ ᠰᠠᠩ᠂ ᠦᠵᠡᠰᠬᠦᠯᠡᠩ᠎ᠤᠨ ᠣᠷᠳᠣᠨ᠂ ᠰᠣᠶᠣᠯ᠎ᠤᠨ ᠣᠷᠳᠣᠨ᠎ᠤ ᠨᠡᠭᠡᠭᠡᠬᠦ ᠴᠠᠭ᠎ᠢ ᠤᠷᠳᠤᠳᠬᠠᠪᠠ᠃    
      ᠳᠥᠷᠪᠡ᠎ᠳᠤ᠂ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠪᠠ᠃ 《ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ》᠎ᠪᠠᠷ ᠳᠠᠮᠵᠢᠭᠤᠯᠤᠨ ᠵᠢᠭᠤᠯᠴᠢᠯᠠᠭᠴᠢᠳ᠎ᠲᠤ ᠥᠪᠥᠷ ᠮᠣᠩᠭᠣᠯ᠎ᠤᠨ ᠵᠢᠭᠤᠯᠴᠢᠯᠠᠯ᠎ᠢ ᠪᠥᠬᠥ ᠲᠠᠯ᠎ᠠ᠎ᠪᠠᠷ ᠳᠡᠯᠭᠡᠷᠡᠭᠦᠯᠪᠡ᠃ ᠰᠦᠯᠵᠢᠶᠡᠨ ᠳᠡᠭᠡᠷ᠎ᠡ 《ᠥᠪᠥᠷ ᠮᠣᠩᠭᠣᠯ᠎ᠤᠨ᠎ᠬᠢᠨ ᠥᠪᠥᠷ ᠮᠣᠩᠭᠣᠯ᠎ᠳᠤ᠎ᠪᠠᠨ ᠵᠢᠭᠤᠯᠴᠢᠯᠠᠬᠤ》 ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠺᠠᠳ᠋ᠷ 《ᠥᠪᠥᠷ ᠮᠣᠩᠭᠣᠯ᠎ᠤᠨ ᠵᠢᠭᠤᠯᠴᠢᠯᠠᠯ᠎ᠤᠨ ᠤᠬᠠᠭᠤᠯᠭ᠎ᠠ ᠵᠢᠨ ᠡᠯᠴᠢᠨ》᠎ᠤ ᠬᠠᠷᠢᠭᠤᠴᠠᠯᠭ᠎ᠠ ᠡᠭᠦᠷᠭᠡᠯᠡᠬᠦ ᠵᠢ ᠰᠠᠨᠠᠭ᠋ᠠᠴᠢᠯᠠᠵᠤ᠂ ᠸᠢᠴᠠᠲ ᠵᠢᠨ ᠴᠤᠭᠯᠠᠷᠠᠯ᠂ ᠨᠠᠶ᠋ᠢᠵᠠ ᠵᠢᠨ ᠲᠣᠭᠣᠷᠢᠭ᠂ ᠲᠢᠭ ᠲᠤᠭ᠎ᠤᠨ ᠤᠬᠤᠷ ᠸᠢᠳᠢᠣ᠋ ᠵᠡᠷᠭᠡ ᠠᠷᠭ᠎ᠠ ᠵᠠᠮ᠎ᠢ ᠠᠰᠢᠭᠯᠠ᠂ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠢ ᠶᠡᠬᠡᠪᠡᠷ ᠤᠬᠠᠭᠤᠯᠪᠠ; ᠰᠦᠯᠵᠢᠶᠡᠨ ᠭᠠᠳᠠᠨ᠎ᠠ ᠨᠢᠰᠬᠡᠯ᠎ᠤᠨ ᠪᠠᠭᠤᠳᠠᠯ᠂ ᠲᠡᠷᠭᠡᠨ ᠥᠷᠲᠡᠭᠡ᠂ ᠪᠠᠭᠤᠳᠠᠯ᠂ ᠬᠤᠳᠠᠯᠳᠤᠭ᠋ᠠᠨ᠎ᠤ ᠲᠠᠯᠠᠪᠠᠢ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ᠎ᠲᠤ ᠤᠬᠠᠭᠤᠯᠭ᠎ᠠ ᠵᠢᠨ ᠰᠠᠮᠪᠠᠷ᠎ᠠ ᠭᠠᠷᠭ᠋ᠠᠵᠤ᠂ ᠤᠬᠠᠭᠤᠯᠭ᠎ᠠ ᠵᠢᠨ ᠬᠠᠭᠤᠳᠠᠰᠤ ᠲᠠᠯᠪᠢᠪᠠ᠃ ᠱᠠᠨ ᠰᠢ᠂ ᠱᠠᠨᠰᠢ᠂ ᠨᠢᠩᠰᠢᠶᠠ ᠵᠡᠷᠭᠡ ᠬᠥᠷᠰᠢ ᠵᠡᠷᠭᠡᠯᠡᠳᠡᠭᠡ 6 ᠮᠤᠵᠢ ᠣᠷᠣᠨ᠎ᠳᠤ ᠬᠦᠷᠴᠦ ᠰᠣᠶᠣᠯ ᠵᠢᠭᠤᠯᠴᠢᠯᠠᠯ᠎ᠤᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠦᠷᠨᠢᠭᠦᠯᠪᠡ᠃ 8 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠪᠠᠰᠠ ᠬᠥᠬᠡᠮᠥ᠋ᠷᠡᠨ᠎ᠤ ᠭᠤᠷᠪᠠᠯᠵᠢᠨ ᠬᠣᠶ᠋ᠢᠭ ᠪᠠ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠠᠶᠠᠨᠴᠢᠳ᠎ᠤᠨ ᠢᠷᠡᠯᠲᠡ ᠵᠢᠨ ᠭᠠᠵᠠᠷ᠎ᠲᠤ ᠬᠦᠷᠴᠦ ᠵᠢᠭᠤᠯᠴᠢᠯᠠᠯ᠎ᠤᠨ ᠤᠬᠠᠭᠤᠯᠤᠨ ᠲᠠᠨᠢᠯᠴᠠᠭᠤᠯᠬᠤ   ᠠᠵᠢᠯᠯᠠᠭ᠎ᠠ ᠦᠷᠨᠢᠭᠦᠯᠦᠭᠰᠡᠨ ᠪᠠᠢ᠌ᠨ᠎ᠠ᠃
      ᠲᠠᠪᠤ᠎ᠳᠤ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠪᠡ᠃ 《ᠪᠣᠯᠪᠠᠰᠤᠨ ᠵᠶ᠋ᠠᠷ ᠵᠢᠭᠤᠯᠴᠢᠯᠠᠵᠤ · ᠳᠤᠮᠳᠠᠳᠤ ᠤᠯᠤᠰ᠎ᠲᠤ ᠬᠤᠪᠢ ᠨᠡᠮᠡᠬᠦ · ᠥᠪᠥᠷ ᠮᠣᠩᠭᠣᠯ᠎ᠳᠤ ᠥᠩᠭᠡ ᠭᠡᠷᠡᠯ ᠤᠯᠭᠤᠬᠤ》 ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠦᠨᠡᠨᠴᠢ ᠢᠲᠡᠭᠡᠮᠵᠢᠲᠡᠶ᠎ᠪᠠᠷ ᠡᠵᠡᠩᠨᠡᠬᠦ᠂ ᠴᠢᠨᠠᠷ ᠰᠠᠶ᠋ᠢᠲᠠᠶ ᠦᠢ᠍ᠯᠡᠴᠢᠯᠡᠭᠡ ᠵᠢ ᠰᠠᠨᠠᠭ᠋ᠠᠴᠢᠯᠠᠵᠤ᠂ ᠵᠢᠭᠤᠯᠴᠢᠯᠠᠭᠴᠢᠳ᠎ᠤᠨ ᠪᠣᠯᠪᠠᠰᠤᠨ ᠵᠶ᠋ᠠᠷ ᠵᠢᠭᠤᠯᠴᠢᠯᠠᠬᠤ  ᠂ ᠠᠮᠤᠷ ᠲᠦᠪᠰᠢᠨ ᠵᠶ᠋ᠠᠷ ᠵᠢᠭᠤᠯᠴᠢᠯᠠᠬᠤ᠂ ᠣᠶᠤᠨᠴᠢ ᠵᠶ᠋ᠠᠷ ᠬᠡᠷᠡᠭᠯᠡᠬᠦ ᠵᠢ ᠬᠥᠲᠥᠯᠦᠨ ᠵᠢᠯᠤᠭᠤᠳᠪᠠ᠃ ᠵᠢᠭᠤᠯᠴᠢᠯᠠᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠢ ᠦᠷᠨᠢᠭᠦᠯᠵᠦ᠂ ᠥᠷᠭᠡᠨ ᠣᠯᠠᠨ ᠵᠢᠭᠤᠯᠴᠢᠯᠠᠭᠴᠢᠳ ᠬᠢᠭᠡᠳ ᠵᠢᠭᠤᠯᠴᠢᠯᠠᠯ᠎ᠤᠨ ᠠᠵᠢᠯ ᠡᠷᠬᠢᠯᠡᠭᠰᠡᠳ᠎ᠤᠨ ᠬᠠᠤᠯᠢ ᠳᠦᠷᠢᠮ᠎ᠤᠨ ᠦᠵᠡᠯᠲᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃

 
    ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ᠎ᠤᠨ ᠰᠤᠪᠠᠭ᠄ ᠥᠪᠥᠷ ᠮᠣᠩᠭᠣᠯ ᠦᠵᠡᠰᠬᠦᠯᠡᠩᠲᠦ ᠰᠠᠶ᠋ᠢᠬᠠᠨ ᠥᠷᠭᠡᠨ ᠠᠭᠤᠳᠠᠮ᠂ ᠳᠥᠷᠪᠡᠨ ᠤᠯᠠᠷᠢᠯ ᠲᠣᠳᠣᠷᠬᠠᠶ; ᠲᠠᠯ᠎ᠠ ᠨᠤᠲᠤᠭ ᠴᠡᠪᠡᠷ ᠲᠤᠩᠭ᠋ᠠᠯᠠᠭ᠂ ᠬᠥᠬᠡ ᠲᠩᠷᠢ ᠴᠠᠭ᠋ᠠᠨ ᠡᠭᠦᠯᠡ᠂ ᠬᠦᠬᠡ ᠠᠭᠤᠯᠠ ᠬᠥᠬᠡᠮᠳᠦᠭ ᠤᠰᠤ᠂ ᠡᠨᠳᠡ ᠬᠥᠳᠡᠭᠡ ᠨᠤᠲᠤᠭ᠎ᠤᠨ ᠢᠷᠠᠭᠤ ᠳᠠᠭᠤᠤ ᠬᠠᠩᠭᠢᠨᠠᠵᠤ᠂ ᠰᠦ᠎ᠲᠠᠢ ᠴᠠᠢ ᠵᠢᠨ ᠠᠩᠬᠢᠯᠤᠮ᠎ᠠ ᠦᠨᠦᠷ ᠬᠠᠩᠬᠤᠯᠤᠨ᠎ᠠ᠃ ᠪᠠᠰᠠ ᠯᠠ ᠲᠠᠯ᠎ᠠ ᠨᠤᠲᠤᠭ᠎ᠤᠨ ᠬᠠᠮᠤᠭ᠎ᠤᠨ ᠰᠠᠶ᠋ᠢᠬᠠᠨ ᠤᠯᠠᠷᠢᠯ ᠪᠤᠯᠴᠢᠬᠠᠯ᠎ᠠ᠂ ᠠᠷᠠᠳ᠎ᠤᠨ ᠰᠦᠯᠵᠢᠶ᠎ᠡ᠎ᠪᠠᠷ ᠳᠠᠮᠵᠢᠭᠤᠯᠤᠨ ᠰᠦᠯᠵᠢᠶᠡᠨ᠎ᠤ ᠠᠨᠳᠠ ᠨᠠᠷ᠎ᠲᠤ ᠤᠷᠢᠯᠭ᠎ᠠ ᠢᠯᠡᠭᠡᠶ᠎ᠡ᠂ ᠳᠦᠷᠪᠡᠨ ᠵᠦᠭ   ᠨᠠᠢ᠍ᠮᠠᠨ ᠵᠣᠪᠬᠢᠰ᠎ᠤᠨ ᠨᠠᠶ᠋ᠢᠵᠠ ᠨᠠᠷ ᠥᠪᠥᠷ ᠮᠣᠩᠭᠣᠯ᠎ᠤᠨ ᠲᠠᠯ᠎ᠠ ᠨᠤᠲᠤᠭ᠎ᠲᠤ ᠠᠢ᠌ᠯᠴᠢᠯᠠᠵᠤ ᠢᠷᠡᠭᠡᠷᠡᠶ᠃


      ᠯᠢ ᠰᠢᠶᠤᠤ ᠴᠢᠦ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠥᠪᠥᠷ ᠮᠣᠩᠭᠣᠯ᠎ᠤᠨ ᠪᠥᠬᠥ ᠪᠥᠮᠪᠥᠷᠴᠡᠭ᠎ᠤᠨ ᠲᠠᠨᠢᠯᠴᠠᠭᠤᠯᠭ᠎ᠠ ᠵᠢᠨ ᠠᠵᠢᠯᠯᠠᠭ᠋ᠠᠨ ᠳᠡᠭᠡᠷ᠎ᠡ ᠬᠡᠯᠡᠬᠦ ᠎ᠳᠤ᠎ᠪᠠᠨ᠂ ᠥᠪᠥᠷ ᠮᠣᠩᠭᠣᠯ ᠪᠣᠯ ᠢᠷᠡᠭᠰᠡᠨ ᠪᠦᠬᠦᠨ᠎ᠤ ᠬᠠᠢ᠌ᠷ᠎ᠠ ᠵᠢ ᠲᠠᠲᠠᠬᠤ ᠭᠠᠵᠠᠷ ᠭᠡᠰᠡᠨ ᠪᠢᠯᠡ᠃ ᠤᠳᠤ ᠪᠢ ᠥᠪᠥᠷ ᠮᠣᠩᠭᠣᠯ᠎ᠢ ᠬᠠᠶ᠋ᠢᠷᠠᠯᠠᠭᠰᠠᠨ ᠰᠢᠯᠲᠠᠭ᠋ᠠᠨ ᠵᠶ᠋ᠠᠨ ᠳᠠᠬᠢᠨᠲᠠ ᠲᠠᠶ᠋ᠢᠯᠪᠤᠷᠢᠯᠠᠬᠤ ᠵᠢᠨ ᠬᠠᠮᠲᠤ ᠪᠦᠬᠦ ᠤᠯᠤᠰ᠎ᠤᠨ ᠵᠢᠭᠤᠯᠴᠢᠯᠠᠭᠴᠢᠳ᠎ᠢ ᠥᠪᠥᠷ ᠮᠣᠩᠭᠣᠯ᠎ᠳᠤ ᠢᠷᠡᠵᠦ᠂ ᠥᠪᠥᠷ ᠮᠣᠩᠭᠣᠯ᠎ᠢ ᠪᠡᠶᠡᠴᠢᠯᠡᠨ ᠤᠢ᠌ᠯᠠᠭ᠋ᠠᠭ᠋ᠠᠷᠠᠢ ᠬᠡᠮᠡᠨ ᠤᠷᠢᠶ᠎ᠠ᠃


      ᠤᠮᠠᠷᠠᠲᠤ ᠵᠢᠨ ᠲᠡᠦᠬᠡ ᠰᠣᠶᠣᠯ ᠲᠠᠨ᠎ᠢ ᠤᠷᠢᠵᠤ ᠪᠠᠢ᠌ᠨ᠎ᠠ  ᠄


      ᠥᠪᠥᠷ ᠮᠣᠩᠭᠣᠯ᠎ᠳᠤ 7570 ᠺᠢᠯᠣᠮᠧᠲᠷ ᠠᠳᠠᠯᠢ ᠪᠤᠰᠤ ᠴᠠᠭ ᠦᠶ᠎ᠡ ᠵᠢᠨ ᠤᠷᠲᠤ ᠴᠠᠭ᠋ᠠᠨ ᠬᠡᠷᠡᠮ᠎ᠲᠠᠢ ᠪᠠᠶ᠋ᠢᠵᠤ᠂ ᠬᠠᠲᠤᠨ ᠭᠣᠤᠯ 743 ᠺᠢᠯᠣᠮᠧᠲᠷ ᠤᠷᠤᠰᠤᠨ ᠥᠩᠭᠡᠷᠡᠨ᠎ᠡ᠃ ᠡᠨᠡ ᠪᠣᠯ ᠳᠤᠮᠳᠠᠳᠤ ᠵᠢᠨ ᠪᠣᠯᠪᠠᠰᠤᠨ᠎ᠤ ᠡᠭᠦᠰᠦᠭᠰᠡᠨ ᠭᠠᠵᠠᠷ᠎ᠤᠨ ᠨᠢᠭᠡ ᠪᠣᠯᠤᠨ᠎ᠠ᠃ ᠲᠠᠯ᠎ᠠ ᠨᠤᠲᠤᠭ᠎ᠤᠨ ᠪᠣᠯᠪᠠᠰᠤᠨ ᠪᠣᠯᠤᠨ ᠲᠠᠷᠢᠶᠠᠯᠠᠬᠤ ᠪᠣᠯᠪᠠᠰᠤᠨ᠎ᠤ ᠤᠶᠠᠯᠳᠤᠯ ᠵᠶ᠋ᠠᠷ ᠤᠯᠠᠭ᠋ᠠᠨᠬᠠᠳᠠ ᠵᠢᠨ ᠰᠣᠶᠣᠯ᠂ ᠳ᠋ᠠ ᠶᠣᠣ ᠵᠢᠨ ᠰᠣᠶᠣᠯ᠂ ᠪᠣᠷᠣ ᠲᠣᠬᠣᠶ ᠵᠢᠨ ᠰᠣᠶᠣᠯ᠎ᠢ ᠪᠦᠷᠢᠯᠳᠦᠭᠦᠯᠵᠡᠶ᠃ ᠤᠤᠯ᠎ᠨᠢ ᠡᠨᠳᠡ ᠠᠮᠢᠳᠤᠷᠠᠨ ᠰᠠᠭᠤᠷᠢᠰᠢᠵᠤ ᠪᠠᠶ᠋ᠢᠭᠰᠠᠨ ᠤᠭᠰᠠᠭ᠋ᠠᠲᠠᠨ ᠪᠠᠰᠠ ᠰᠢᠶᠡᠨᠪᠢ᠂ ᠲᠦᠷᠺ᠂ ᠬᠢᠳᠠᠨ᠂ ᠵᠦᠷᠴᠢᠨ ᠵᠡᠷᠭᠡ ᠪᠠᠢ᠌ᠳᠠᠭ᠃ ᠰᠢᠶᠠ᠎ᠠᠴᠠ ᠴᠢᠩ ᠬᠦᠷᠬᠦ᠎ᠳᠤ᠂ ᠲᠡᠦᠬᠡ ᠰᠤᠯᠢᠭᠳᠠᠨ ᠦᠨᠳᠦᠰᠦᠲᠡᠨ᠎ᠨᠦᠭᠦᠳ᠎ᠤᠨ ᠰᠣᠶᠣᠯ ᠠᠭᠤᠰᠤᠯᠳᠤᠨ ᠲᠡᠭᠦᠯᠳᠡᠷᠵᠢᠨ ᠬᠥᠭᠵᠢᠵᠦ᠂ ᠥᠪᠥᠷ ᠮᠣᠩᠭᠣᠯ᠎ᠳᠤ ᠡᠯᠪᠡᠭ ᠪᠠᠶᠠᠯᠢᠭ ᠲᠡᠦᠬᠡ ᠵᠢᠨ ᠦᠨᠡᠲᠦ ᠡᠷᠳᠡᠨᠢᠰ᠎ᠢ ᠦᠯᠡᠳᠡᠭᠡᠵᠦ ᠥᠭᠴᠡᠢ᠃


   
      ᠵᠤᠨ᠎ᠤ ᠴᠠᠭ᠎ᠤᠨ ᠤᠯᠠᠭ᠋ᠠᠨ ᠪᠤᠲᠤᠩ ᠵᠢᠷᠤᠭ᠎ᠤᠨ ᠶᠤᠮ ᠰᠢᠭ᠋ ᠲᠠᠯ᠎ᠠ ᠨᠤᠲᠤᠭ᠃   ᠸᠠᠩ ᠾᠤᠶ᠋ᠢ ᠰᠡᠭᠦᠳᠡᠷᠯᠡᠪᠡ


      ᠴᠢᠨᠠᠷ ᠰᠠᠶ᠋ᠢᠲᠠᠶ ᠵᠢᠭᠤᠯᠴᠢᠯᠠᠯ᠎ᠤᠨ ᠡᠬᠢ ᠪᠠᠶᠠᠯᠢᠭ ᠲᠠᠨ᠎ᠢ ᠤᠷᠢᠵᠤ ᠪᠠᠢ᠌ᠨ᠎ᠠ  ᠄


      ᠡᠨᠳᠡ ᠬᠥᠯᠥᠨ ᠪᠣᠶ᠋ᠢᠷ᠂ ᠰᠢᠯᠢ ᠵᠢᠨ ᠭᠣᠤᠯ᠂ ᠬᠣᠷᠴᠢᠨ᠂ ᠣᠷᠳᠣᠰ᠂ ᠠᠯᠠᠱ᠌ᠠ ᠵᠡᠷᠭᠡ ᠠᠳᠠᠯᠢ ᠪᠤᠰᠤ ᠲᠥᠷᠥᠯ᠎ᠤᠨ ᠪᠠᠢ᠌ᠭ᠋ᠠᠯᠢ ᠵᠢᠨ ᠲᠠᠯ᠎ᠠ ᠨᠤᠲᠤᠭ᠎ᠤᠨ ᠥᠩᠭᠡ ᠦᠵᠡᠮᠵᠢ ᠵᠢ ᠣᠶ᠋ᠢᠯᠠᠭ᠋ᠠᠵᠤ ᠪᠣᠯᠤᠨ᠎ᠠ᠃ ᠶᠡᠬᠡ ᠬᠢᠩᠭ᠋ᠠᠨ ᠳᠠᠪᠠᠭ᠎ᠠ ᠪᠣᠯ ᠳᠤᠮᠳᠠᠳᠤ ᠤᠯᠤᠰ᠎ᠤᠨ ᠬᠠᠮᠤᠭ᠎ᠤᠨ ᠶᠡᠬᠡ ᠲᠠᠯᠠᠪᠠᠢ᠎ᠲᠠᠢ   ᠡᠷᠲᠡᠨ᠎ᠤ ᠰᠢᠭᠤᠶ᠋ᠢᠲᠤ ᠤᠷᠤᠨ ᠪᠠᠶ᠋ᠢᠵᠤ᠂ 2200 ᠭᠠᠷᠤᠶ ᠲᠥᠷᠥᠯ᠎ᠤᠨ ᠬᠡᠭᠡᠷ᠎ᠡ ᠵᠢᠨ ᠠᠮᠢᠲᠠᠨ ᠤᠷᠭᠤᠮᠠᠯ᠎ᠲᠠᠢ᠃ ᠷᠠᠰᠢᠶᠠᠨ᠎ᠤ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠦᠵᠡᠮᠵᠢ᠎ᠨᠢ ᠵᠢᠷᠤᠭ ᠮᠡᠲᠦ᠂ ᠠᠽᠢᠶ᠎ᠠ ᠲᠢᠪ ᠎ᠤᠨ ᠬᠠᠮᠤᠭ᠎ᠤᠨ ᠪᠦᠷᠢᠨ ᠪᠦᠲᠦᠨ᠂ ᠬᠠᠮᠤᠭ᠎ᠤᠨ ᠶᠡᠬᠡ ᠲᠠᠯᠠᠪᠠᠢ᠎ᠲᠠᠢ ᠭᠠᠯᠲᠤ ᠠᠭᠤᠯᠠ᠎ᠨᠤᠭᠤᠳ᠎ᠲᠠᠢ᠃ ᠬᠡᠰᠢᠭᠲᠡᠨ᠎ᠤ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠠᠮᠢ ᠠᠬᠤᠢ ᠵᠢᠨ ᠲᠥᠷᠥᠯ ᠬᠡᠯᠪᠡᠷᠢ ᠣᠯᠠᠨ ᠶᠠᠩᠵᠤ ᠵᠢᠨ ᠪᠠᠶ᠋ᠢᠵᠤ᠂ ᠮᠥᠰᠥᠲᠦᠯᠭᠡ ᠵᠢᠨ ᠴᠢᠯᠠᠭᠤᠨ ᠣᠶ᠂ ᠮᠥᠰᠥᠲᠦᠯᠭᠡ ᠵᠢᠨ ᠴᠢᠯᠠᠭᠤᠨ ᠠᠷᠠᠭ᠎ᠠ᠎ᠨᠤᠭᠤᠳ ᠵᠡᠷᠭᠡ ᠲᠤᠩ ᠣᠯᠠᠨ ᠳᠦᠷᠪᠡᠳᠡᠭᠴᠢ ᠭᠠᠯᠪᠠ ᠵᠢᠨ ᠮᠥᠰᠥᠲᠦᠯᠭᠡ ᠵᠢᠨ ᠦᠯᠡᠳᠡᠭᠳᠡᠯ ᠪᠠᠶ᠋ᠢᠵᠤ᠂ ᠳᠤᠮᠳᠠᠳᠤ ᠤᠯᠤᠰ᠎ᠤᠨ ᠤᠮᠠᠷᠠᠲᠤ ᠬᠡᠰᠡᠭ᠎ᠤᠨ ᠣᠷᠴᠢᠨ ᠲᠣᠭᠣᠷᠢᠨ᠎ᠤ ᠬᠤᠪᠢᠷᠠᠯᠲᠠ ᠵᠢᠨ ᠪᠠᠶ᠋ᠢᠭ᠋ᠠᠯᠢ ᠵᠢᠨ ᠮᠦᠽᠧᠶ ᠪᠣᠯᠤᠨ᠎ᠠ᠃ ᠠᠯᠠᠱ᠌ᠠ ᠵᠢᠨ ᠡᠯᠡᠰᠦᠨ ᠴᠦᠯ᠎ᠤᠨ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠪᠤᠯ ᠳᠡᠯᠡᠬᠡᠶ ᠵᠢᠨ ᠴᠤᠷ᠎ᠤᠨ ᠭᠠᠭᠴᠠ ᠡᠯᠡᠰᠦᠨ ᠴᠥᠯ ᠵᠶ᠋ᠠᠷ ᠭᠣᠤᠯ ᠴᠣᠭᠴᠠ ᠪᠣᠯᠭ᠋ᠠᠭᠰᠠᠨ ᠭᠠᠵᠠᠷ ᠰᠢᠨᠵᠢᠯᠡᠭᠡᠨ᠎ᠤ ᠴᠡᠴᠡᠷᠯᠢᠭ ᠪᠤᠯᠤᠨ᠎ᠠ᠂ ᠳᠤᠮᠳᠠᠳᠤ ᠤᠯᠤᠰ᠎ᠤᠨ ᠲᠠᠩ ᠤᠯᠤᠰ᠎ᠤᠨ ᠦᠶ᠎ᠡ ᠵᠢᠨ ᠶᠡᠬᠡ ᠰᠢᠯᠦᠭᠴᠢ ᠸᠠᠩ ᠸᠧᠶ ᠵᠢᠨ ᠠᠯᠳᠠᠷᠲᠤ ᠰᠢᠯᠦᠭ᠎ᠤᠨ《ᠦᠷᠭᠡᠨ ᠴᠦᠯ᠎ᠤᠨ ᠦᠨᠦᠴᠢᠨ ᠤᠲᠤᠭ᠎ᠠ ᠡᠭᠴᠡᠬᠡᠨ᠂ ᠣᠷᠳᠣ ᠭᠤᠤᠯ᠎ᠤᠨ ᠤᠨᠠᠬᠤ ᠨᠠᠷᠠ ᠲᠦᠭᠦᠷᠢᠭᠬᠡᠨ》ᠭᠡᠳᠡᠭ ᠦᠭᠡ᠎ᠨᠢ ᠳᠠᠷᠤᠶ ᠡᠨᠳᠡᠬᠢ ᠥᠩᠭᠡ ᠦᠵᠡᠮᠵᠢ ᠵᠢ ᠵᠢᠷᠤᠭᠯᠠᠭᠰᠠᠨ ᠶᠤᠮ᠃ ᠪᠠᠳᠠᠢ ᠵᠢᠨ ᠵᠢᠷᠠᠨ᠎ᠤ ᠡᠯᠡᠰᠦᠨ ᠴᠦᠯ᠎ᠤᠨ ᠭᠣᠶ᠋ᠢᠳᠠ ᠰᠠᠶ᠋ᠢᠬᠠᠨ ᠠᠯᠲᠠᠨ ᠰᠢᠷᠭ᠋ᠠᠯ ᠪᠣᠷᠣ ᠲᠥᠯᠥᠪ᠎ᠢ ᠳᠤᠮᠳᠠᠳᠤ ᠤᠯᠤᠰ᠎ᠤᠨ ᠭᠠᠵᠠᠷ ᠵᠦᠢ ᠵᠢᠨ ᠰᠡᠳᠬᠦᠯ᠎ᠳᠤ 《ᠬᠤᠷᠮᠤᠰᠲᠠ ᠵᠢᠨ ᠵᠢᠷᠤᠭᠰᠠᠨ ᠬᠤᠪᠤᠷ ᠦᠵᠡᠮᠵᠢ》 ᠬᠡᠮᠡᠵᠡᠢ᠃


 
      ᠥᠩᠭᠡ ᠢᠯᠭ᠋ᠠᠷᠠᠮ᠎ᠠ ᠦᠨᠳᠦᠰᠦᠲᠡᠨ᠎ᠤ ᠬᠤᠪᠴᠠᠰᠤ ᠵᠠᠰᠠᠯ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠷᠤᠭ ᠎ᠢ ᠬᠠᠩᠭ᠋ᠠᠪᠠ


      ᠦᠨᠳᠦᠰᠦᠲᠡᠨ᠎ᠤ ᠵᠠᠩ ᠠᠭ᠋ᠠᠯᠢ ᠲᠠᠨ᠎ᠢ ᠤᠷᠢᠵᠤ ᠪᠠᠢ᠌ᠨ᠎ᠠ  ᠄


      ᠡᠨᠡ ᠪᠣᠯ ᠤᠮᠠᠷᠠᠲᠤ ᠣᠷᠣᠨ᠎ᠤ ᠨᠡᠭᠦᠳᠡᠯ ᠰᠣᠶᠣᠯ᠎ᠤᠨ ᠥᠯᠥᠭᠡᠶ ᠪᠣᠯᠤᠨ᠎ᠠ᠂ ᠬᠡᠳᠦᠨ ᠮᠢᠩᠭ᠋ᠠᠨ ᠵᠢᠯ᠎ᠤᠨ ᠲᠤᠷᠰᠢ ᠡᠨᠳᠡ ᠠᠮᠢᠳᠤᠷᠠᠵᠤ   ᠪᠠᠢ᠌ᠭ᠎ᠠ ᠦᠨᠳᠦᠰᠦᠲᠡᠨ᠎ᠨᠦᠭᠦᠳ ᠰᠠᠶ᠋ᠢᠨ ᠰᠠᠶ᠋ᠢᠬᠠᠨ ᠠᠮᠢᠳᠤᠷᠠᠯ᠎ᠤᠨ ᠭᠡᠷ ᠣᠷᠣᠨ ᠵᠶ᠋ᠠᠨ ᠬᠠᠮᠲᠤᠪᠠᠷ ᠴᠣᠭᠴᠠᠯᠠᠨ ᠪᠠᠶ᠋ᠢᠭᠤᠯᠵᠤ᠂ ᠲᠠᠯ᠎ᠠ ᠨᠤᠲᠤᠭ᠎ᠤᠨ ᠭᠡᠷᠡᠯ ᠰᠠᠴᠤᠷᠠᠩᠭᠤᠶ ᠰᠣᠶᠣᠯ᠎ᠢ ᠡᠭᠦᠳᠦᠨ ᠪᠦᠲᠦᠭᠡᠭᠰᠡᠨ ᠪᠠᠶ᠋ᠢᠨ᠎ᠠ᠃ 《ᠵᠠᠩᠭ᠋ᠠᠷ》᠂ 《ᠭᠡᠰᠡᠷ》᠂ 《ᠮᠣᠩᠭᠣᠯ᠎ᠤᠨ ᠨᠢᠭᠤᠴᠠ ᠲᠣᠪᠴᠢᠶᠠᠨ》 ᠵᠡᠷᠭᠡ ᠡᠷᠲᠡᠨ᠎ᠤ ᠰᠣᠩᠭᠣᠳᠠᠭ ᠤᠳᠬ᠎ᠠ ᠵᠤᠬᠢᠶᠠᠯ᠎ᠨᠢ ᠬᠥᠮᠦᠨ ᠲᠥᠷᠥᠯᠬᠢᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠡᠳ᠋ ᠪᠠᠶᠠᠯᠢᠭ ᠮᠥᠨ᠃ ᠳᠡᠯᠡᠬᠡᠢ ᠵᠢᠨ ᠰᠣᠶᠣᠯ᠎ᠤᠨ ᠥᠪ ᠶᠤᠸᠠᠨ᠎ᠤ ᠳᠡᠭᠡᠳᠦ ᠨᠡᠶ᠋ᠢᠰᠯᠡᠯ᠎ᠤᠨ ᠪᠠᠭᠤᠷᠢ ᠵᠢᠨ ᠦᠩᠭᠡᠷᠡᠭᠰᠡᠨ᠎ᠤ ᠬᠦᠭᠵᠢᠯ ᠪᠠᠳᠠᠷᠠᠯ᠎ᠢ ᠢᠲ᠋ᠠᠯᠢ ᠵᠢᠨ ᠵᠢᠭᠤᠯᠴᠢᠨ ᠮᠠᠷᠺᠤ ᠫᠤᠯᠤ ᠲᠡᠮᠲᠡᠭᠯᠡᠨ ᠪᠢᠴᠢᠭᠰᠡᠨ ᠪᠠᠢ᠌ᠳᠠᠭ᠃ ᠮᠣᠩᠭᠣᠯ ᠦᠨᠳᠦᠰᠦᠲᠡᠨ᠎ᠤ ᠤᠷᠲᠤ ᠵᠢᠨ ᠳᠠᠭᠤᠤ ᠵᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠰᠤᠷᠭ᠋ᠠᠨ   ᠬᠦᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠭᠴᠢ ᠪᠦᠲᠦᠭᠡᠯ ᠵᠶ᠋ᠠᠷ ᠦᠨᠡᠯᠡᠪᠡ᠃


 
    ᠬᠢᠯᠢ ᠵᠢᠨ ᠵᠢᠵᠢᠭ ᠪᠠᠯᠭ᠋ᠠᠰᠤ ᠱ᠌ᠢᠸᠸᠢ ᠵᠢᠨ ᠥᠩᠭᠡ ᠦᠵᠡᠮᠵᠢ᠎ᠨᠢ ᠭᠣᠶᠣ ᠲᠠᠭ᠋ᠠᠯᠠᠮᠵᠢᠲᠠᠢ᠂ ᠦᠨᠢᠷ ᠴᠡᠴᠡᠭ᠎ᠨᠢ ᠭᠤᠸ᠎ᠠ ᠦᠵᠡᠮᠵᠢᠲᠡᠢ᠃ ᠸᠠᠩ ᠾᠤᠶ᠋ᠢ ᠰᠡᠭᠦᠳᠡᠷᠯᠡᠪᠡ

 
    ᠬᠢᠯᠢ ᠬᠢᠵᠠᠭ᠋ᠠᠷ᠎ᠤᠨ ᠵᠠᠩ ᠠᠭ᠋ᠠᠯᠢ ᠲᠠᠨ᠎ᠢ ᠤᠷᠢᠵᠤ ᠪᠠᠢ᠌ᠨ᠎ᠠ  ᠄


      ᠳᠤᠮᠳᠠᠳᠤ ᠣᠷᠣᠰ ᠮᠣᠩᠭᠣᠯ᠎ᠤᠨ ᠬᠢᠯᠢ ᠵᠢᠨ ᠱᠤᠭᠤᠮ ᠳᠡᠭᠡᠷ᠎ᠡ ᠮᠠᠨᠵᠤᠤᠷ᠂ ᠡᠷᠢᠶᠡᠨ ᠬᠣᠲᠠ᠂ ᠷᠠᠰᠢᠶᠠᠨ᠂ ᠡᠷᠭᠦᠨ᠎ᠡ᠂ ᠳᠠᠷᠬᠠᠨ ᠮᠤᠤᠮᠢᠩᠭ᠋ᠠᠨ ᠬᠣᠰᠢᠭᠤ ᠵᠡᠷᠭᠡ ᠬᠢᠯᠢ ᠵᠢᠨ ᠬᠡᠪ ᠨᠠᠮᠪᠠ᠎ᠲᠠᠢ 17 ᠵᠢᠵᠢᠭ ᠪᠠᠯᠭ᠋ᠠᠰᠤ ᠪᠠᠢ᠌ᠨ᠎ᠠ᠃ ᠵᠡᠭᠦᠨᠲᠡᠬᠢ ᠱ᠌ᠢᠸᠸᠢ ᠪᠤᠯ ᠠᠭᠤᠯᠠ ᠵᠢ ᠲᠦᠰᠢᠵᠦ ᠤᠰᠤ ᠵᠢ ᠬᠠᠪᠢᠳᠠᠨ᠂ ᠶᠡᠬᠡ ᠬᠢᠩᠭ᠋ᠠᠨ ᠳᠠᠪᠠᠭ᠋ᠠᠨ᠎ᠤ ᠠᠷᠤ ᠬᠣᠷᠮᠣᠶ ᠵᠢ ᠡᠮᠵᠢᠶᠡᠷᠯᠡᠵᠦ᠂ ᠡᠷᠭᠦᠨ᠎ᠡ ᠭᠣᠣᠯ᠎ᠤᠨ ᠬᠥᠪᠡᠭᠡᠨ᠎ᠠᠴᠠ ᠣᠷᠣᠰ᠎ᠤᠨ ᠵᠢᠵᠢᠭ ᠪᠠᠯᠭ᠋ᠠᠰᠤ ᠣᠯᠣᠭᠣᠴᠢ᠎ᠲᠠᠢ ᠭᠣᠣᠯ ᠠᠯᠤᠰᠯᠠᠨ ᠨᠢᠭᠤᠷ ᠨᠢᠭᠤᠷ ᠵᠶ᠋ᠠᠨ ᠪᠠᠷᠠᠯᠠᠭᠰᠠᠨ᠂ ᠮᠠᠨ᠎ᠤ ᠤᠯᠤᠰ᠎ᠤᠨ ᠲᠤᠭ᠎ᠠ᠎ᠲᠠᠢ ᠬᠡᠳᠦᠬᠡᠨ ᠣᠷᠣᠰ ᠦᠨᠳᠦᠰᠦᠲᠡᠨ᠎ᠤ ᠦᠨᠳᠦᠰᠦᠲᠡᠨ᠎ᠤ ᠰᠢᠶᠠᠩ ᠪᠠᠢ᠌ᠳᠠᠭ᠃ ᠲᠡᠷᠡ ᠬᠦ᠌ ᠪᠣᠶ᠋ᠢᠳᠠ ᠪᠥᠭᠯᠡᠭᠦᠤ ᠪᠥᠭᠡᠳ ᠥᠪᠡᠷᠮᠢᠴᠡ ᠣᠨᠴᠠᠯᠢᠭ᠎ᠲᠠᠢ ᠳᠤᠮᠳᠠᠳᠤ ᠣᠷᠣᠰ᠎ᠤᠨ ᠵᠠᠩ ᠳᠠᠳᠬᠠᠯ ᠬᠠᠮᠲᠤ ᠤᠷᠤᠰᠢᠭᠰᠠᠨ ᠵᠢᠵᠢᠭ ᠪᠠᠯᠭ᠋ᠠᠰᠤᠨ᠎ᠤ ᠬᠠᠶ᠋ᠢᠷ᠎ᠠ ᠰᠡᠳᠬᠢᠯᠭᠡ᠎ᠨᠢ ᠵᠢᠭᠤᠯᠴᠢᠯᠠᠭᠴᠢᠳ᠎ᠲᠤ ᠲᠠᠭ᠋ᠠᠰᠢᠶᠠᠭᠳᠠᠳᠠᠭ ᠶᠤᠮ᠃

 
    ᠥᠪᠥᠷ ᠮᠣᠩᠭᠣᠯ᠎ᠤᠨ ᠦᠨᠦᠷ ᠠᠮᠲᠠ ᠲᠠᠨ᠎ᠢ ᠤᠷᠢᠵᠤ ᠪᠠᠶ᠋ᠢᠨ᠎ᠠ᠄


      ᠥᠪᠥᠷ ᠮᠣᠩᠭᠣᠯ᠎ᠤᠨ 12 ᠠᠶ᠋ᠢᠮᠠᠭ ᠬᠣᠲᠠ ᠥᠪᠡᠷ ᠥᠪᠡᠷ᠎ᠤᠨ ᠣᠨᠴᠠᠯᠢᠭ ᠪᠦᠬᠦᠢ ᠠᠮᠲᠠᠲᠤ ᠢᠳᠡᠭᠡᠨ᠎ᠤ ᠵᠢᠭᠤᠯᠴᠢᠯᠠᠯ᠎ᠤᠨ ᠪᠦᠲᠦᠭᠡᠭᠳᠡᠬᠦᠨ ᠵᠶ᠋ᠠᠨ ᠭᠠᠷᠭ᠋ᠠᠵᠤ᠂ ᠥᠪᠡᠷᠮᠢᠴᠡ ᠲᠠᠲᠠᠬᠤ ᠬᠦᠴᠦᠨ᠎ᠲᠠᠢ 《ᠥᠪᠥᠷ ᠮᠣᠩᠭᠣᠯ᠎ᠤᠨ ᠦᠨᠦᠷ ᠠᠮᠲᠠ》 ᠵᠢᠨ ᠪᠦᠲᠦᠭᠡᠭᠳᠡᠬᠦᠨ ᠪᠠ ᠵᠢᠭᠤᠯᠴᠢᠯᠠᠯ᠎ᠤᠨ ᠵᠠᠮ ᠱᠤᠭᠤᠮ ᠲ᠋ᠠᠢ ᠪᠣᠯᠵᠤ᠂ ᠠᠮᠲᠠᠲᠤ ᠢᠳᠡᠭᠡᠨ ᠵᠶ᠋ᠠᠷ ᠭᠣᠤᠯ ᠪᠣᠯᠭ᠋ᠠᠭᠰᠠᠨ ᠥᠪᠥᠷ ᠮᠣᠩᠭᠣᠯ᠎ᠤᠨ ᠵᠢᠭᠤᠯᠴᠢᠯᠠᠯ᠎ᠤᠨ ᠦᠢ᠍ᠯᠡᠳᠭᠦᠨ᠎ᠤ ᠡᠵᠡᠩᠨᠡᠯᠲᠡ ᠵᠢᠨ ᠬᠡᠯᠪᠡᠷᠢ ᠵᠢ ᠠᠩᠬ᠎ᠠ ᠠᠯᠬᠤᠮ ᠪᠦᠷᠢᠯᠳᠦᠭᠦᠯᠵᠦ ᠪᠤᠢ᠃


   
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠨ ᠪᠤᠢ᠌ᠷ᠎ᠤᠨ ᠬᠠᠭᠤᠴᠢᠨ ᠪᠠᠷᠭᠤ ᠵᠢᠨ ᠡᠪᠦᠯ᠎ᠤᠨ ᠨᠠᠭ᠋ᠠᠳᠤᠮ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠷᠤᠭ᠎ᠢ ᠬᠠᠩᠭ᠋ᠠᠪᠠ

 
      ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠵᠢᠭᠤᠯᠴᠢᠯᠠᠯ ᠲᠠᠨ᠎ᠢ ᠤᠷᠢᠵᠤ ᠪᠠᠢ᠌ᠨ᠎ᠠ  ᠄


     《ᠪᠠᠶ᠋ᠢᠭ᠋ᠠᠯᠢ ᠵᠢᠨ ᠶᠡᠬᠡ ᠴᠠᠰᠤ ᠮᠥᠰᠥ   ᠪᠢᠯᠬᠠᠮ᠎ᠠ ᠰᠡᠳᠭᠢᠯᠲᠦ ᠥᠪᠥᠷ ᠮᠣᠩᠭᠣᠯ》 ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ ᠪᠠ ᠵᠠᠮ ᠱᠤᠭᠤᠮ ᠴᠣ᠌ ᠰᠢᠨ᠎ᠡ ᠳᠡᠰ ᠳᠡᠪᠰᠢᠵᠦ᠂ 《ᠮᠥᠰᠥ ᠴᠠᠰᠤᠨ᠎ᠤ ᠲᠩᠷᠢ ᠵᠢᠨ ᠵᠠᠮ》᠎ᠤᠨ ᠵᠢᠭᠤᠯᠴᠢᠯᠠᠯ᠎ᠤᠨ ᠣᠷᠣᠨ᠂ ᠪᠡᠭᠡᠵᠢᠩ ᠲᠢᠶᠠᠨᠵᠢᠨ ᠾᠧᠪᠧᠶ ᠵᠢ ᠲᠤᠭᠤᠷᠢᠭᠰᠠᠨ ᠮᠥᠰᠥ ᠴᠠᠰᠤᠨ᠎ᠤ ᠵᠢᠭᠤᠯᠴᠢᠯᠠᠯ᠎ᠤᠨ ᠣᠷᠣᠨ᠂ ᠣᠳᠣ ᠦᠶ᠎ᠡ ᠵᠢᠨ ᠲᠠᠯ᠎ᠠ ᠨᠤᠲᠤᠭ᠎ᠤᠨ ᠮᠥᠰᠥ ᠴᠠᠰᠤᠨ᠎ᠤ ᠵᠢᠭᠤᠯᠴᠢᠯᠠᠯ᠎ᠤᠨ ᠣᠷᠣᠨ᠂ ᠰᠡᠳᠭᠢᠯ᠎ᠳᠤ ᠲᠠᠭ᠋ᠠᠯᠠᠮᠵᠢᠲᠠᠢ ᠡᠯᠡᠰᠦᠨ ᠴᠥᠯ᠎ᠤᠨ ᠮᠥᠰᠥ ᠴᠠᠰᠤᠨ᠎ᠤ ᠵᠢᠭᠤᠯᠴᠢᠯᠠᠯ᠎ᠤᠨ ᠣᠷᠣᠨ ᠵᠶ᠋ᠠᠷ ᠲᠥᠯᠥᠭᠡᠯᠡᠭᠦᠯᠦᠭᠰᠡᠨ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠣᠨᠴᠠᠯᠢᠭᠲᠤ ᠣᠷᠣᠨ ᠪᠦᠰᠡ ᠠᠩᠬ᠎ᠠ ᠠᠯᠬᠤᠮ ᠪᠦᠷᠢᠯᠳᠦᠪᠡ᠃ ᠥᠪᠡᠷᠮᠢᠴᠡ ᠣᠨᠴᠠᠯᠢᠭ᠎ᠲᠠᠢ ᠡᠪᠦᠯ᠎ᠤᠨ ᠤᠯᠠᠷᠢᠯ᠎ᠤᠨ ᠨᠠᠭ᠋ᠠᠳᠤᠮ᠂ ᠬᠥᠯᠥᠨ ᠪᠣᠶ᠋ᠢᠷ᠎ᠤᠨ ᠠᠩᠬᠠᠨ᠎ᠤ ᠴᠠᠰᠤᠨ᠎ᠤ ᠨᠠᠶ᠋ᠢᠷ᠂ ᠷᠠᠰᠢᠶᠠᠨ᠎ᠤ ᠮᠥᠰᠥ ᠴᠠᠰᠤᠨ᠎ᠤ ᠨᠠᠶ᠋ᠢᠷ᠂ ᠳᠠᠭ᠎ᠠ ᠵᠢᠨ ᠨᠠᠭᠤᠷ᠎ᠤᠨ ᠬᠠᠯᠠᠭᠤᠨ ᠷᠠᠰᠢᠶᠠᠨ᠎ᠤ ᠮᠦᠰᠦ ᠴᠠᠰᠤᠨ᠎ᠤ ᠨᠠᠶ᠋ᠢᠷ᠂ ᠮᠠᠨᠵᠤᠤᠷ᠎ᠤᠨ ᠤᠯᠠᠨ ᠤᠯᠤᠰ᠎ᠤᠨ ᠮᠥᠰᠥ ᠴᠠᠰᠤᠨ᠎ᠤ ᠨᠠᠢ᠌ᠷ ᠵᠡᠷᠭᠡ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ ᠪᠣᠯᠤᠨ ᠡᠪᠦᠯ᠎ᠤᠨ ᠤᠯᠠᠷᠢᠯ᠎ᠤᠨ ᠲᠡᠮᠡᠭᠡ ᠤᠷᠤᠯᠳᠤᠬᠤ᠂ ᠮᠣᠷᠢ ᠤᠷᠤᠯᠳᠤᠬᠤ᠂ ᠲᠡᠮᠡᠭᠡ ᠰᠣᠨᠢᠷᠬᠠᠬᠤ᠂ ᠠᠷᠠᠳ᠎ᠤᠨ ᠵᠠᠩ ᠦᠢ᠍ᠯᠡ ᠦᠵᠡᠬᠦ ᠵᠡᠷᠭᠡ ᠰᠢᠷᠢᠰ ᠠᠵᠢᠯᠯᠠᠭ᠎ᠠ᠎ᠨᠢ ᠡᠪᠦᠯ᠎ᠤᠨ ᠤᠯᠠᠷᠢᠯ᠎ᠤᠨ ᠵᠢᠭᠤᠯᠴᠢᠯᠠᠯ᠎ᠳᠤ ᠭᠡᠷᠡᠯ ᠭᠢᠯᠪᠠᠭ᠎ᠠ ᠨᠡᠮᠡᠷᠢᠯᠡᠵᠦ ᠪᠠᠢ᠌ᠳᠠᠭ᠃


      ᠬᠠᠷᠠᠭ᠋ᠠᠯᠵᠠᠯᠲᠤ ᠲᠦᠷᠦ ᠵᠢᠨ ᠪᠤᠳᠤᠯᠭ᠎ᠠ ᠲᠠᠨ᠎ᠢ ᠤᠷᠢᠵᠤ ᠪᠠᠢ᠌ᠨ᠎ᠠ᠄ ᠲᠠ ᠪᠦᠯᠬᠦᠮ ᠵᠣᠬᠢᠶᠠᠨ ᠪᠠᠶ᠋ᠢᠭᠤᠯᠵᠤ ᠥᠪᠥᠷ ᠮᠣᠩᠭᠣᠯ᠎ᠳᠤ ᠵᠢᠭᠤᠯᠴᠢᠯᠠᠬᠤ᠎ᠪᠠᠷ ᠢᠷᠡᠭᠡᠷᠡᠢ᠂ ᠪᠢ ᠲᠣᠭ᠋ᠠᠴᠠᠭ᠎ᠠ ᠵᠢ᠎ᠨᠢ ᠬᠢᠶ᠎ᠡ᠃


     7 ᠳ᠋ᠤᠭ᠋ᠠᠷ ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠢᠯᠠᠨ ᠳᠠᠪᠠᠵᠤ ᠰᠡᠷᠭᠦᠭᠡᠨ ᠬᠥᠭᠵᠢᠭᠦᠯᠬᠦ ᠵᠢ ᠲᠦᠷᠭᠡᠳᠬᠡᠬᠦ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠪᠠ᠃ ᠡᠨᠡ ᠵᠢᠯ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠵᠠᠰᠠᠬᠤ᠎ᠳᠤ ᠣᠷᠣᠯᠴᠠᠭᠰᠠᠨ ᠡᠮᠨᠡᠯᠭᠡ ᠵᠢᠨ ᠠᠵᠢᠯᠲᠠᠨ᠎ᠠᠴᠠ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠡᠭᠦᠳᠡᠨ ᠪᠢᠯᠧᠲ᠎ᠢ ᠴᠥᠮ ᠬᠤᠷᠢᠶᠠᠬᠤ ᠥᠬᠡᠶ; ᠳᠡᠭᠡᠳᠦ ᠰᠤᠷᠭ᠋ᠠᠭᠤᠯᠢ ᠪᠠ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ᠎ᠳᠤ ᠣᠷᠣᠯᠴᠠᠭᠰᠠᠨ ᠳᠤᠮᠳᠠᠳᠤ ᠰᠤᠷᠭ᠋ᠠᠭᠤᠯᠢ ᠵᠢᠨ ᠰᠣᠷᠣᠭᠴᠢ᠎ᠠᠴᠠ ᠴᠥᠮ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠡᠭᠦᠳᠡᠨ ᠪᠢᠯᠧᠲ ᠬᠤᠷᠢᠶᠠᠬᠤ ᠦᠭᠡᠢ; ᠵᠢᠭᠤᠯᠴᠢᠯᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠤᠭᠰᠠᠨ ᠵᠢᠭᠤᠯᠴᠢᠯᠠᠯ᠎ᠤᠨ ᠪᠦᠯᠬᠦᠮ᠎ᠠᠴᠠ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠡᠭᠦᠳᠡᠨ ᠪᠢᠯᠧᠲ ᠬᠤᠷᠢᠶᠠᠬᠤ ᠦᠭᠡᠢ᠃
      ᠡᠴᠦᠰ᠎ᠲᠤ᠎ᠨᠢ᠂ ᠪᠦᠬᠦ ᠤᠯᠤᠰ᠎ᠤᠨ ᠡᠯ᠎ᠡ ᠭᠠᠵᠠᠷ᠎ᠤᠨ ᠨᠠᠢ᠌ᠵᠠ ᠨᠠᠷ᠎ᠢ ᠥᠪᠥᠷ ᠮᠣᠩᠭᠣᠯ᠎ᠳᠤ ᠮᠤᠷᠢᠯᠠᠨ ᠰᠠᠭ᠋ᠠᠲᠠᠬᠤ ᠵᠢ ᠴᠢᠩ ᠰᠡᠳᠬᠢᠯ᠎ᠠᠴᠠ᠎ᠪᠠᠨ ᠤᠷᠢᠵᠤ ᠪᠠᠢ᠌ᠨ᠎ᠠ᠂ ᠮᠣᠷᠢ ᠤᠨᠤᠵᠤ ᠲᠠᠯ᠎ᠠ ᠨᠤᠲᠤᠭ ᠵᠶ᠋ᠠᠷ ᠲᠣᠭᠣᠷᠢᠵᠤ᠂ ᠳᠠᠭᠤᠤ ᠬᠦᠭᠵᠢᠮ ᠰᠣᠨᠣᠰᠴᠤ ᠦᠵᠡᠮᠵᠢ ᠰᠤᠨᠢᠷᠬᠠᠭ᠋ᠠᠷᠠᠢ᠃

ᠢᠷᠡᠯᠲᠡ᠄ ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ᠎ᠤᠨ ᠰᠤᠪᠠᠭ
          
ᠬᠠᠮᠢᠶ᠎ᠡ ᠪᠦᠬᠦᠢ ᠰᠣᠨᠢᠨ
 
            