ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠤᠷᠭ᠋ᠠᠨ᠎ᠤ ᠬᠠᠷᠢᠭᠤᠴᠠᠯᠭ᠋ᠠᠲᠠᠨ 《ᠰᠣᠶᠣᠯ ᠪᠠ ᠵᠢᠭᠤᠯᠴᠢᠯᠠᠯ᠎ᠤᠨ ᠶᠠᠮᠤᠨ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠲᠦᠯᠬᠢᠨ ᠠᠬᠢᠭᠤᠯᠬᠤ ᠲᠤᠬᠠᠢ ᠮᠡᠳᠡᠭᠳᠡᠯ》᠎ᠤᠨ ᠳᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶᠢᠲᠡᠯᠡᠭᠰᠡᠨ ᠴᠠᠭ᠄ 2023-12-01

      ᠣᠢ᠌ᠷ᠎ᠠ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ 《ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠲᠦᠯᠬᠢᠨ ᠠᠬᠢᠭᠤᠯᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠤᠷᠭ᠋ᠠᠨ᠎ᠤ ᠳᠠᠷᠤᠭ᠎ᠠ ᠸᠠᠩ ᠴᠧᠨ ᠶᠠᠩ 《ᠮᠡᠳᠡᠭᠳᠡᠯ》᠎ᠢ ᠨᠡᠢ᠌ᠲᠡᠯᠡᠭᠰᠡᠨ ᠠᠬᠤᠢ ᠪᠠᠢ᠌ᠳᠠᠯ᠂ ᠠᠴᠢ ᠬᠣᠯᠪᠣᠭᠳᠠᠯ᠂ ᠭᠣᠣᠯ ᠠᠭᠤᠯᠭ᠎ᠠ᠂ ᠣᠨᠴᠠᠯᠢᠭ ᠵᠢᠴᠢ ᠳᠠᠷᠠᠭ᠋ᠠᠴᠢ ᠵᠢᠨ ᠠᠯᠬᠤᠮ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠪᠣᠳᠣᠯᠬᠢᠯᠠᠯ ᠵᠡᠷᠭᠡ ᠵᠢᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠠᠰᠠᠭᠤᠯᠲᠠ᠄ 《ᠮᠡᠳᠡᠭᠳᠡᠯ》᠎ᠢ ᠨᠡᠢ᠌ᠲᠡᠯᠡᠭᠰᠡᠨ ᠠᠬᠤᠢ ᠪᠠᠢ᠌ᠳᠠᠯ ᠪᠠ ᠠᠴᠢ ᠬᠣᠯᠪᠣᠭᠳᠠᠯ᠎ᠨᠢ ᠶᠠᠭᠤ ᠪᠣᠶ?
      ᠬᠠᠷᠢᠭᠤᠯᠲᠠ᠄ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠰᠣᠶᠣᠯ ᠵᠶ᠋ᠠᠷ ᠵᠢᠭᠤᠯᠴᠢᠯᠠᠯ᠎ᠢ ᠴᠤᠭᠴᠠᠯᠠᠬᠤ᠂   ᠵᠢᠭᠤᠯᠴᠢᠯᠠᠯ ᠵᠶ᠋ᠠᠷ ᠰᠤᠶᠤᠯ᠎ᠢ ᠲᠤᠪᠤᠢ᠍ᠢ᠍ᠯᠭ᠋ᠠᠬᠤ ᠵᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠤᠨ᠎ᠠ ᠭᠡᠵᠦ ᠳᠤᠷᠠᠳᠪᠠ᠃ 2022 ᠣᠨ᠎ᠤ 12 ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠳᠤ ᠴᠢᠬᠤᠯᠠ ᠵᠢᠭ᠋ᠠᠪᠤᠷᠢ ᠥᠭᠴᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠰᠲ᠋ᠧᠮᠲᠦ ᠴᠢᠨᠠᠷᠲᠠᠢ ᠬᠠᠮᠠᠭ᠋ᠠᠯᠠᠯᠲᠠ ᠵᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠤᠶᠤᠨ᠎ᠤ ᠪᠠ ᠰᠣᠶᠣᠯ᠎ᠤᠨ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠵᠤ᠂ ᠰᠣᠶᠣᠯ᠎ᠤᠨ ᠢᠲᠡᠭᠡᠯ ᠵᠶ᠋ᠡᠷ ᠥᠪᠡᠷ᠎ᠢ᠎ᠪᠠᠨ ᠬᠦᠴᠦᠷᠬᠡᠭᠵᠢᠭᠦᠯᠬᠦ ᠵᠢ ᠠᠬᠢᠭᠤᠯᠬᠤ ᠬᠡᠷᠡᠭᠲᠡᠢ; ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ ᠪᠠ ᠳᠤᠮᠳᠠᠳᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠪᠣᠯᠪᠠᠰᠤᠨ᠎ᠤ ᠰᠣᠯᠢᠯᠴᠠᠭ᠎ᠠ ᠲᠣᠯᠢᠯᠠᠯ᠎ᠢ ᠭᠦᠨᠵᠡᠭᠡᠢ᠌ᠷᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠰᠣᠶᠣᠯ᠎ᠤᠨ ᠨᠡᠩ ᠰᠠᠢ᠌ᠨ ᠵᠶ᠋ᠠᠷ ᠳᠡᠯᠡᠬᠡᠢ᠎ᠳᠤ ᠠᠯᠳᠠᠷᠰᠢᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠎ᠨᠢ ᠤᠤᠯ ᠎ᠠᠴᠠ᠎ᠪᠠᠨ ᠨᠡᠢ᠌ᠯᠡᠯᠲᠡ ᠵᠢᠨ ᠴᠡᠭ᠎ᠲᠠᠢ ᠪᠠᠢ᠌ᠵᠤ᠂ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠬᠤ᠎ᠳᠤ ᠪᠠᠢ᠌ᠪᠠᠰᠤ ᠵᠣᠬᠢᠬᠤ ᠠᠭᠤᠯᠭ᠎ᠠ ᠪᠠ ᠴᠢᠬᠤᠯᠠ ᠠᠭᠤᠯᠭ᠎ᠠ ᠪᠣᠯᠣᠨ᠎ᠠ᠃ ᠣᠳᠣᠬᠠᠨ᠎ᠳᠤ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠮᠠᠰᠢ ᠶᠡᠬᠡ ᠠᠩᠬᠠᠷᠴᠤ᠂ ᠡᠯ᠎ᠡ ᠭᠠᠵᠠᠷ᠎ᠤᠨ᠎ᠬᠢᠨ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ ᠎ᠢ ᠠᠭᠤᠰᠤᠯᠴᠠᠭᠤᠯᠤᠨ ᠬᠥᠭᠵᠢᠬᠦᠯᠬᠦ ᠠᠮᠢᠳᠤᠯᠢᠭ ᠦᠢ᠍ᠯᠡᠳᠦᠯᠭᠡ ᠵᠢ ᠥᠷᠨᠢᠭᠦᠯᠵᠦ᠂   ᠨᠢᠬᠡ ᠬᠡᠮᠵᠢᠶᠡᠨ᠎ᠤ ᠠᠵᠢᠯ᠎ᠤᠨ ᠦᠷ᠎ᠡ ᠪᠦᠲᠦᠮᠵᠢ ᠣᠯᠵᠠᠢ᠃ ᠡᠭᠦᠨ᠎ᠤ ᠬᠠᠮᠲᠤ᠂ ᠬᠡᠰᠡᠭ ᠭᠠᠵᠠᠷ ᠣᠷᠣᠨ᠎ᠳᠤ ᠪᠠᠰᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠭᠤᠯᠤᠭᠳᠠᠬᠤᠨ᠎ᠢ ᠭᠦᠢ᠍ᠴᠡᠳ ᠠᠭᠤᠳᠠᠯᠤᠭᠰᠠᠨ ᠦᠭᠡᠢ᠂ ᠰᠣᠶᠣᠯ ᠵᠶ᠋ᠠᠷ ᠵᠢᠭᠤᠯᠴᠢᠯᠠᠯ᠎ᠢ   ᠴᠤᠭᠴᠠᠯᠠᠬᠤ   ᠦᠢ᠍ᠯᠡᠳᠦᠯ᠎ᠢ ᠭᠦᠢ᠍ᠴᠡᠳ ᠪᠠᠳᠠᠷᠠᠭᠤᠯᠤᠭᠰᠠᠨ ᠦᠭᠡᠢ; ᠪᠤᠳᠠᠰ᠎ᠤᠨ ᠪᠤᠰᠤ ᠰᠤᠶᠤᠯ᠎ᠤᠨ ᠥᠪ᠎ᠤᠨ ᠬᠡᠰᠡᠭ ᠵᠠᠯᠭ᠋ᠠᠮᠵᠢᠯᠠᠭᠴᠢ ᠵᠢᠭᠤᠯᠴᠢᠯᠠᠯ᠎ᠲᠠᠢ ᠠᠭᠤᠰᠤᠯᠴᠠᠬᠤ ᠵᠢ ᠤᠯᠠᠮᠵᠢᠯᠠᠨ ᠵᠠᠯᠭ᠋ᠠᠮᠵᠢᠯᠠᠬᠤ ᠦᠢ᠍ᠯᠡᠳᠦᠯᠭᠡ ᠵᠢᠨ ᠰᠢᠨ᠎ᠡ ᠠᠷᠭ᠎ᠠ ᠮᠠᠶᠢᠭ ᠪᠣᠯᠭ᠋ᠠᠭ᠋ᠠᠳᠤᠢ᠂ ᠵᠢᠭᠤᠯᠴᠢᠯᠠᠯ ᠵᠶ᠋ᠠᠷ ᠰᠤᠶᠤᠯ᠎ᠢ ᠳᠣᠪᠣᠶ᠋ᠢᠯᠭ᠋ᠠᠬᠤ ᠦᠷ᠎ᠡ ᠪᠦᠲᠦᠮᠵᠢ᠎ᠪᠠᠷ ᠢᠯᠡᠷᠬᠡᠢ ᠪᠢᠰᠢ; ᠬᠣᠯᠪᠣᠭᠳᠠᠯ ᠪᠦᠬᠦᠢ ᠵᠢᠭᠤᠯᠴᠢᠯᠠᠯ᠎ᠤᠨ ᠦᠢ᠍ᠯᠡᠴᠢᠯᠡᠭᠡᠨ᠎ᠤ ᠳᠣᠮᠳᠠ ᠪᠤᠳᠠᠰ ᠎ᠤᠨ ᠪᠤᠰᠤ ᠰᠤᠶᠤᠯ ᠎ᠤᠨ ᠥᠪ᠎ᠤᠨ ᠵᠠᠯᠭ᠋ᠠᠮᠵᠢᠯᠠᠭᠴᠢᠳ᠎ᠤᠨ ᠣᠷᠤᠯᠴᠠᠯᠭ᠎ᠠ ᠵᠢᠨ ᠭᠦᠨᠴᠡ ᠬᠦᠷᠦᠯᠴᠡᠬᠦ ᠦᠭᠡᠢ᠂ ᠪᠠᠲᠤᠯᠠᠭ᠎ᠠ ᠵᠢᠨ ᠲᠣᠭᠲᠠᠴᠠ ᠲᠡᠭᠦᠯᠳᠡᠷ ᠪᠤᠰᠤ ᠵᠡᠷᠭᠡ ᠠᠰᠠᠭᠤᠳᠠᠯ ᠤᠷᠤᠰᠢᠵᠤ᠂ ᠨᠡᠢ᠌ᠭᠡᠮ ᠪᠠ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠡᠷᠡᠭᠦᠯ ᠵᠶ᠋ᠡᠷ ᠬᠥᠭᠵᠢᠬᠦ ᠵᠢ ᠤᠯᠠᠮ ᠨᠢᠭᠡ ᠠᠯᠬᠤᠮ ᠬᠥᠲᠥᠯᠥᠨ ᠵᠢᠯᠤᠭᠣᠳᠬᠤ ᠴᠢᠬᠤᠯᠠᠲᠠᠢ ᠪᠠᠢ᠌ᠨ᠎ᠠ᠃
     《ᠮᠡᠳᠡᠭᠳᠡᠯ》᠎ᠢ ᠨᠡᠢ᠌ᠲᠡᠯᠡᠭᠰᠡᠨ᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠬᠤ᠎ᠪᠠᠷ ᠳᠠᠮᠵᠢᠭᠤᠯᠤᠨ᠂ ᠰᠣᠶᠣᠯ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠵᠢᠨ ᠬᠠᠮᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢ᠍ᠯᠡᠳᠦᠯᠭᠡ ᠵᠢᠨ ᠠᠷᠭ᠎ᠠ ᠮᠠᠶᠢᠭ᠎ᠢ ᠥᠷᠭᠡᠳᠬᠡᠨ᠂   ᠪᠤᠳᠠᠰ᠎ᠤᠨ ᠪᠤᠰᠤ ᠰᠤᠶᠤᠯ᠎ᠤᠨ ᠥᠪ ᠎ᠤᠨ ᠦᠢ᠍ᠯᠡᠳᠦᠯᠭᠡ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠰᠲ᠋ᠧᠮ᠎ᠤᠨ ᠴᠢᠨᠠᠷᠲᠠᠢ ᠬᠠᠮᠠᠭ᠋ᠠᠯᠠᠯᠲᠠ ᠵᠢ ᠲᠦᠯᠬᠢᠨ ᠠᠬᠢᠭᠤᠯᠵᠤ ᠴᠢᠳᠠᠬᠤ ᠮᠥᠷᠲᠡᠭᠡᠨ ᠪᠠᠰᠠ ᠵᠢᠭᠤᠯᠴᠢᠯᠠᠯ᠎ᠤᠨ ᠪᠦᠲᠦᠭᠡᠭᠳᠡᠬᠦᠨ᠎ᠢ ᠪᠠᠶᠠᠯᠢᠭᠵᠢᠭᠤᠯᠵᠤ᠂ ᠵᠢᠭᠤᠯᠴᠢᠯᠠᠯ᠎ᠤᠨ ᠰᠣᠶᠣᠯ᠎ᠤᠨ ᠠᠭᠤᠯᠤᠭᠳᠠᠬᠤᠨ᠎ᠢ ᠳᠡᠭᠡᠭᠰᠢᠯᠡᠭᠦᠯᠦᠨ᠂ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠴᠢᠳᠠᠨ᠎ᠠ᠃
      ᠠᠰᠠᠭᠤᠯᠲᠠ᠄ 《ᠮᠡᠳᠡᠭᠳᠡᠯ》 ᠎ᠤᠨ ᠭᠤᠤᠯ ᠠᠭᠤᠯᠭ᠎ᠠ ᠪᠠ ᠤᠨᠴᠠᠯᠢᠭ᠎ᠨᠢ ᠶᠠᠭᠤ ᠪᠤᠢ?
      ᠬᠠᠷᠢᠭᠤᠯᠲᠠ᠄ 《ᠮᠡᠳᠡᠭᠳᠡᠯ》᠎ᠳᠤ ᠶᠡᠷᠦᠩᠬᠡᠢ ᠱᠠᠭ᠋ᠠᠷᠳᠠᠯᠭ᠎ᠠ᠂ ᠭᠣᠣᠯᠳᠠᠯᠭ᠎ᠠ᠎ᠲᠠᠢ ᠡᠭᠦᠷᠭᠡ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ 3 ᠬᠡᠰᠡᠭ ᠬᠤᠪᠢᠶᠠᠵᠤ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠲᠦᠯᠬᠢᠨ ᠠᠬᠢᠭᠤᠯᠬᠤ ᠲᠤᠬᠠᠢ ᠪᠣᠳᠠᠲᠠᠢ ᠪᠠᠢ᠌ᠷᠢᠯᠠᠭᠤᠯᠤᠯᠲᠠ ᠬᠢᠪᠡ᠃ 《ᠮᠡᠳᠡᠭᠳᠡᠯ》᠎ᠳᠤ᠂ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ᠎ᠪᠠᠷ ᠵᠢᠯᠣᠭᠣᠳᠤᠮᠵᠢ ᠪᠣᠯᠭ᠋ᠠᠵᠤ᠂ ᠰᠣᠶᠣᠯ ᠵᠶ᠋ᠠᠷ ᠵᠢᠭᠤᠯᠴᠢᠯᠠᠯ ᠵᠢ   ᠴᠤᠭᠴᠠᠯᠠᠬᠤ᠂ ᠵᠢᠭᠤᠯᠴᠢᠯᠠᠯ ᠵᠶ᠋ᠠᠷ ᠰᠣᠶᠣᠯ᠎ᠢ ᠳᠣᠪᠣᠶ᠋ᠢᠯᠭ᠋ᠠᠬᠤ ᠵᠢ ᠪᠠᠷᠢᠮᠲᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠤᠯᠠᠮᠵᠢᠯᠠᠯ ᠪᠠ   ᠵᠢᠭᠤᠯᠴᠢᠯᠠᠯ᠎ᠤᠨ ᠬᠥᠭᠵᠢᠯᠲᠡ ᠵᠢᠨ ᠵᠢᠮ᠎ᠡ ᠶᠣᠰᠣ ᠣᠨᠴᠠᠯᠢᠭ᠎ᠢ ᠪᠠᠲᠤ ᠡᠵᠡᠮᠰᠢᠵᠦ᠂ ᠪᠦᠲᠦᠮᠵᠢᠲᠡᠶ ᠬᠠᠮᠠᠭ᠋ᠠᠯᠠᠭᠰᠠᠨ ᠤᠷᠢᠲᠠᠯ ᠳᠣᠣᠷ᠎ᠠ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠨᠠᠩ ᠥᠷᠭᠡᠨ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ᠂ ᠨᠠᠩ ᠥᠨᠳᠥᠷ ᠬᠢᠷᠢ ᠲᠦᠪᠰᠢᠨ ᠳᠡᠭᠡᠷ᠎ᠡ ᠠᠭᠤᠰᠤᠯᠴᠠᠭᠤᠯᠬᠤ ᠵᠢ ᠠᠬᠢᠭᠤᠯᠵᠤ᠂ ᠲᠥᠷᠥᠯ ᠵᠦᠢ᠍ᠯ᠎ᠢ ᠡᠮᠬᠢᠯᠡᠨ ᠳᠢᠭᠯᠡᠬᠦ ᠵᠢ ᠴᠢᠩᠭ᠋ᠠᠳᠬᠠᠬᠤ᠂ ᠲᠥᠷᠥᠯ ᠵᠦᠢ᠍ᠯ᠎ᠤᠨ ᠣᠨᠴᠠᠯᠢᠭ᠎ᠢ ᠳᠣᠪᠣᠶ᠋ᠢᠯᠭ᠋ᠠᠬᠤ᠂ ᠵᠢᠭᠤᠯᠴᠢᠯᠠᠯ᠎ᠤᠨ ᠣᠷᠣᠨ ᠵᠠᠢ᠎ᠳᠤ ᠠᠭᠤᠰᠤᠯᠴᠠᠭᠤᠯᠬᠤ᠂ ᠵᠢᠭᠤᠯᠴᠢᠯᠠᠯ᠎ᠤᠨ ᠪᠦᠲᠦᠭᠡᠭᠳᠡᠬᠦᠨ᠎ᠢ ᠪᠠᠶᠠᠯᠢᠭᠵᠢᠭᠤᠯᠬᠤ᠂ ᠪᠡᠶᠡᠴᠢᠯᠡᠨ ᠣᠢ᠌ᠯᠠᠭ᠋ᠠᠬᠤ ᠰᠠᠭᠤᠷᠢᠨ ᠭᠠᠵᠠᠷ᠎ᠢ ᠪᠠᠶ᠋ᠢᠭᠤᠯᠬᠤ᠂ ᠰᠣᠶᠣᠯ᠎ᠤᠨ ᠠᠮᠢ ᠠᠬᠤᠢ ᠵᠢ ᠬᠠᠮᠠᠭ᠋ᠠᠯᠠᠬᠤ᠂ ᠣᠨᠴᠠᠯᠢᠭᠲᠤ ᠵᠠᠮ ᠱᠤᠭᠤᠮ᠎ᠢ ᠪᠣᠢ᠌ᠵᠢᠭᠤᠯᠬᠤ᠂ ᠬᠣᠣᠰ ᠴᠢᠭᠯᠡᠯ᠎ᠤᠨ ᠪᠤᠯᠪᠠᠰᠤᠷᠠᠯ᠎ᠢ ᠥᠷᠨᠢᠭᠦᠯᠬᠦ ᠵᠡᠷᠭᠡ 8 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ ᠲᠣᠭᠲᠠᠭ᠋ᠠᠪᠠ᠃ ᠡᠭᠦᠨ᠎ᠳᠤ ᠭᠣᠣᠯᠳᠠᠭᠤ ᠭᠤᠷᠪᠠᠨ ᠵᠦᠢ᠍ᠯ᠎ᠤᠨ ᠣᠨᠴᠠᠯᠢᠭ᠎ᠲᠠᠢ᠄
      ᠨᠢᠭᠡ᠎ᠳᠤ᠂ ᠣᠢ᠌ᠯᠠᠭ᠋ᠠᠭᠳᠠᠬᠤᠨ ᠵᠶ᠋ᠠᠷ ᠬᠥᠲᠥᠯᠥᠨ ᠳᠠᠭ᠋ᠠᠭᠤᠯᠬᠤ ᠵᠢ ᠴᠢᠬᠤᠯᠠᠴᠢᠯᠠᠪᠠ᠃ 《ᠮᠡᠳᠡᠭᠳᠡᠯ》᠎ᠳᠤ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠬᠠᠷᠢᠯᠴᠠᠨ ᠠᠬᠢᠭᠤᠯᠬᠤ᠂ ᠬᠠᠷᠢᠯᠴᠠᠨ ᠲᠤᠯᠭ᠋ᠠᠭᠤᠷᠢᠯᠠᠬᠤ᠂ ᠬᠠᠮᠵᠢᠯᠴᠠᠨ ᠬᠥᠭᠵᠢᠬᠦ ᠵᠢᠨ ᠬᠠᠷᠢᠴᠠᠭ᠎ᠠ ᠵᠢ ᠲᠣᠳᠣᠷᠬᠠᠢ᠌ᠯᠠᠨ ᠥᠭᠦᠯᠡᠵᠦ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠠᠵᠢᠯ᠎ᠤᠨ ᠳᠤᠮᠳᠠ ᠪᠠᠷᠢᠮᠲᠠᠯᠠᠬᠤ ᠶᠣᠰᠣᠲᠠᠢ ᠵᠠᠷᠴᠢᠮ᠂ ᠠᠩᠬᠠᠷᠬᠤ ᠴᠢᠬᠤᠯᠠᠲᠠᠢ ᠠᠰᠠᠭᠤᠳᠠᠯ᠎ᠢ ᠵᠢᠭ᠋ᠠᠵᠤ ᠭᠠᠷᠭ᠋ᠠᠪᠠ᠃ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠪᠤᠳᠠᠰ᠎ᠤᠨ ᠪᠤᠰᠤ ᠰᠤᠶᠤᠯ᠎ᠤᠨ ᠥᠪ᠎ᠤᠨ ᠵᠠᠯᠭ᠋ᠠᠮᠵᠢᠯᠠᠭᠴᠢ ᠵᠢᠨ ᠬᠠᠮᠲᠤ ᠨᠡᠢ᠌ᠲᠡ᠂ ᠵᠢᠭᠤᠯᠴᠢᠯᠠᠯ᠎ᠤᠨ ᠠᠵᠢᠯ ᠡᠷᠬᠢᠯᠡᠭᠰᠡᠳ ᠵᠡᠷᠭᠡ ᠬᠠᠮᠢᠶ᠎ᠠ ᠪᠦᠬᠦᠢ ᠭᠣᠣᠯ ᠴᠣᠭᠴᠠ ᠵᠢᠨ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ   ᠲᠠᠨᠢᠬᠤ ᠵᠢ ᠬᠥᠲᠥᠯᠥᠨ ᠵᠢᠯᠤᠭᠣᠳᠴᠤ᠂ ᠠᠭᠤᠰᠤᠯᠴᠠᠭᠤᠯᠤᠨ ᠬᠥᠭᠵᠢᠭᠦᠯᠬᠦ ᠶᠠᠪᠤᠴᠠ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠪᠠ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠬᠤ ᠵᠢ ᠬᠠᠮᠲᠤ  ᠎ᠳᠤ᠎ᠨᠢ ᠬᠠᠷᠠᠭ᠋ᠠᠯᠵᠠᠨ᠎ᠠ᠃
      ᠬᠣᠶᠠᠷ᠎ᠲᠤ᠂ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠨ᠎ᠠ᠃ 《ᠮᠡᠳᠡᠭᠳᠡᠯ》᠎ᠳᠤ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠢ ᠲᠠᠨᠢᠯᠴᠠᠭᠤᠯᠬᠤ ᠭᠠᠷᠴᠠᠭ᠎ᠢ ᠪᠠᠶ᠋ᠢᠭᠤᠯᠬᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠢ᠌ᠯᠠᠭ᠋ᠠᠬᠤ ᠰᠠᠭᠤᠷᠢᠨ ᠭᠠᠵᠠᠷ᠎ᠢ ᠪᠠᠶ᠋ᠢᠭᠤᠯᠬᠤ᠂ ᠵᠢᠭᠤᠯᠴᠢᠯᠠᠯ᠎ᠤᠨ ᠵᠠᠮ ᠱᠤᠭᠤᠮ᠎ᠢ ᠪᠣᠢ᠌ᠵᠢᠭᠤᠯᠬᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠦᠵᠡᠮᠵᠢ ᠵᠢᠨ ᠣᠷᠣᠨ᠎ᠢ ᠪᠠᠶ᠋ᠢᠭᠤᠯᠬᠤ ᠵᠡᠷᠭᠡ ᠠᠵᠢᠯ᠎ᠤᠨ ᠭᠠᠷᠳᠠᠴᠠ ᠵᠢ ᠳᠤᠷᠠᠳᠤᠨ ᠭᠠᠷᠭ᠋ᠠᠵᠤ᠂ ᠡᠯ᠎ᠡ ᠭᠠᠵᠠᠷ᠎ᠤᠨ᠎ᠬᠢᠨ᠎ᠤ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠠᠵᠢᠯ᠎ᠢ ᠭᠦᠨᠵᠡᠭᠡᠢ ᠠᠬᠢᠭᠤᠯᠬᠤ᠎ᠳᠤ ᠪᠣᠳᠠᠲᠠᠢ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠬᠠᠩᠭ᠋ᠠᠭᠰᠠᠨ ᠪᠠᠢ᠌ᠨ᠎ᠠ᠃
      ᠭᠤᠷᠪᠠ᠎ᠳᠤ᠂ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃ 《ᠮᠡᠳᠡᠭᠳᠡᠯ》᠎ᠳᠤ ᠪᠤᠳᠠᠰ᠎ᠤᠨ ᠪᠤᠰᠤ ᠰᠤᠶᠤᠯ ᠎ᠤᠨ ᠥᠪ ᠎ᠤᠨ ᠵᠠᠯᠭ᠋ᠠᠮᠵᠢᠯᠠᠭᠴᠢ ᠵᠢᠨ ᠵᠢᠭᠤᠯᠴᠢᠯᠠᠯ᠎ᠤᠨ ᠬᠠᠮᠢᠶᠠᠷᠤᠯᠲᠠ ᠪᠠ ᠦᠢ᠍ᠯᠡᠴᠢᠯᠡᠭᠡ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ᠂ ᠵᠢᠭᠤᠯᠴᠢᠯᠠᠯ᠎ᠯᠤᠭ᠎ᠠ ᠭᠦᠨᠵᠡᠭᠡᠢ ᠠᠭᠤᠰᠤᠯᠴᠠᠬᠤ᠎ᠪᠠᠷ ᠳᠠᠮᠵᠢᠭᠤᠯᠤᠨ᠂ ᠪᠤᠳᠠᠰ᠎ᠤᠨ ᠪᠤᠰᠤ ᠰᠤᠶᠤᠯ ᠎ᠤᠨ ᠥᠪ ᠎ᠤᠨ ᠤᠯᠠᠮᠵᠢᠯᠠᠬᠤ ᠦᠢ᠍ᠯᠡᠳᠦᠯᠭᠡ ᠵᠢᠨ ᠬᠡᠯᠪᠡᠷᠢ ᠵᠢ ᠪᠠᠶᠠᠯᠢᠭᠵᠢᠭᠤᠯᠵᠤ᠂ ᠬᠠᠮᠢᠶ᠎ᠠ ᠪᠦᠬᠦᠢ ᠬᠠᠮᠲᠤ ᠨᠡᠢ᠌ᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠵᠢᠭᠤᠯᠴᠢᠯᠠᠯ᠎ᠤᠨ ᠦᠢ᠍ᠯᠡᠴᠢᠯᠡᠭᠡᠨ᠎ᠤ ᠳᠤᠮᠳᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠭᠤᠯᠤᠭᠳᠠᠬᠤᠨ᠎ᠢ ᠭᠦᠢ᠍ᠴᠡᠳ ᠲᠠᠢ᠌ᠯᠪᠤᠷᠢᠯᠠᠭᠤᠯᠵᠤ᠂ ᠨᠡᠢ᠌ᠭᠡᠮ᠎ᠤᠨ ᠬᠦᠴᠦᠨ᠎ᠤ ᠥᠷᠭᠡᠨ ᠵᠶ᠋ᠡᠷ ᠣᠷᠣᠯᠴᠠᠬᠤ ᠵᠢ ᠳᠡᠮᠵᠢᠵᠦ᠂ ᠡᠯ᠎ᠡ ᠭᠣᠣᠯ ᠴᠣᠭᠴᠠ ᠵᠢᠨ ᠬᠠᠮᠲᠤ᠎ᠪᠠᠷ ᠬᠦᠴᠦᠯᠡᠵᠦ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃
      ᠠᠰᠠᠭᠤᠯᠲᠠ᠄ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠲᠠᠷᠠᠭ᠋ᠠᠴᠢ ᠵᠢᠨ ᠠᠯᠬᠤᠮ᠎ᠳᠤ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠬᠤ᠎ᠳᠤ ᠶᠠᠮᠠᠷ ᠪᠣᠳᠣᠯᠬᠢᠯᠠᠯ᠎ᠲᠠᠢ ᠪᠣᠶ?
      ᠬᠠᠷᠢᠭᠤᠯᠲᠠ᠄ ᠳᠠᠷᠠᠭ᠋ᠠᠴᠢ ᠵᠢᠨ ᠠᠯᠬᠤᠮ᠎ᠳᠤ᠂ ᠪᠢᠳᠡ 《ᠮᠡᠳᠡᠭᠳᠡᠯ》᠎ᠤᠨ ᠶᠡᠷᠦᠩᠬᠡᠢ ᠪᠠᠢ᠌ᠷᠢᠯᠠᠭᠤᠯᠤᠯᠲᠠ ᠶᠣᠰᠣᠭ᠋ᠠᠷ᠂ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠤᠯᠠᠮᠵᠢᠯᠠᠨ ᠵᠠᠯᠭ᠋ᠠᠮᠵᠢᠯᠠᠬᠤ ᠬᠠᠮᠲᠤ ᠨᠡᠢ᠌ᠲᠡ᠂ ᠵᠢᠭᠤᠯᠴᠢᠯᠠᠯ᠎ᠤᠨ ᠡᠵᠡᠩᠨᠡᠯᠲᠡ ᠵᠢᠨ ᠭᠣᠣᠯ ᠴᠣᠭᠴᠠ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠲᠤᠬᠠᠢ᠌ᠯᠠᠭᠰᠠᠨ ᠠᠵᠢᠯ᠎ᠤᠨ ᠡᠭᠦᠷᠭᠡ ᠴᠢᠳᠠᠪᠤᠷᠢ ᠪᠠ ᠲᠣᠰ ᠪᠡᠶ᠎ᠡ ᠵᠢᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠠᠭᠤᠰᠤᠯᠴᠠᠨ ᠬᠥᠭᠵᠢᠬᠦ ᠵᠢᠨ ᠭᠠᠷᠳᠠᠬᠤ ᠴᠡᠭ᠎ᠢ ᠣᠨᠣᠪᠴᠢᠲᠠᠶ ᠡᠷᠢᠵᠦ᠂ ᠢᠳᠡᠪᠬᠢᠲᠡᠢ ᠣᠷᠣᠯᠴᠠᠵᠤ᠂ ᠰᠠᠨᠠᠭ᠋ᠠᠴᠢᠯᠠᠭ᠎ᠠ  ᠎ᠠᠴᠠ᠎ᠪᠠᠨ ᠠᠵᠢᠯᠯᠠᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ 《ᠮᠡᠳᠡᠭᠳᠡᠯ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠦᠨᠡᠨ ᠬᠦ᠌ ᠠᠬᠢᠭᠤᠯᠤᠨ᠎ᠠ᠃
      ᠨᠢᠭᠡ᠎ᠳᠤ᠂ ᠡᠯ᠎ᠡ ᠭᠠᠵᠠᠷ᠎ᠤᠨ᠎ᠬᠢᠨ᠎ᠤ 《ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ ᠠᠵᠢᠯ᠎ᠤᠨ ᠲᠥᠰᠥᠯ ᠵᠶ᠋ᠡᠨ ᠨᠠᠷᠢᠯᠢᠭᠵᠢᠭᠤᠯᠬᠤ ᠵᠢ ᠵᠢᠯᠤᠭᠤᠳᠤᠨ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠲᠠᠨᠢᠯᠴᠠᠭᠤᠯᠬᠤ ᠭᠠᠷᠴᠠᠭ᠎ᠢ ᠪᠠᠶ᠋ᠢᠭᠤᠯᠬᠤ᠎ᠪᠠᠷ ᠰᠠᠭᠤᠷᠢ ᠪᠣᠯᠭ᠋ᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠭᠣᠣᠯ ᠴᠣᠭᠴᠠ ᠬᠢᠭᠡᠳ ᠵᠢᠭᠤᠯᠴᠢᠯᠠᠯ᠎ᠤᠨ ᠡᠵᠡᠩᠨᠡᠯᠲᠡ ᠵᠢᠨ ᠭᠣᠣᠯ ᠴᠣᠭᠴᠠ ᠵᠢ ᠥᠷᠭᠡᠨ ᠵᠶ᠋ᠡᠷ ᠵᠤᠯᠭ᠋ᠠᠭᠤᠯᠬᠤ᠂ ᠭᠦᠨᠵᠡᠭᠡᠢ ᠬᠠᠮᠲᠤᠷᠠᠯᠴᠠᠬᠤ ᠵᠢ ᠳᠡᠮᠵᠢᠵᠦ᠂ ᠬᠣᠣᠰ ᠴᠢᠭᠯᠡᠯ᠎ᠤᠨ ᠪᠤᠯᠪᠠᠰᠤᠷᠠᠯ ᠥᠷᠨᠢᠭᠦᠯᠬᠦ᠎ᠪᠠᠷ ᠳᠠᠮᠵᠢᠭᠤᠯᠤᠨ᠂ ᠤᠯᠠᠮᠵᠢᠯᠠᠨ ᠵᠠᠯᠭ᠋ᠠᠮᠵᠢᠯᠠᠭᠴᠢ ᠪᠠ ᠵᠢᠭᠤᠯᠴᠢᠯᠠᠯ᠎ᠤᠨ ᠠᠵᠢᠯ ᠡᠷᠬᠢᠯᠡᠭᠰᠡᠳ᠎ᠤᠨ ᠠᠭᠤᠰᠤᠯᠴᠠᠨ ᠬᠥᠭᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠦᠵᠡᠮᠵᠢ ᠵᠢᠨ ᠣᠷᠣᠨ᠎ᠢ ᠮᠠᠭ᠋ᠠᠳᠯᠠᠨ ᠲᠣᠭᠲᠠᠭ᠋ᠠᠬᠤ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠵᠢᠭᠤᠯᠴᠢᠯᠠᠯ᠎ᠤᠨ ᠵᠠᠮ ᠱᠤᠭᠤᠮ᠎ᠢ ᠨᠡᠢ᠌ᠲᠡᠯᠡᠬᠦ᠎ᠪᠠᠷ ᠳᠠᠮᠵᠢᠭᠤᠯᠤᠨ   ᠭᠦᠨᠵᠡᠭᠡᠢ ᠠᠭᠤᠰᠤᠯᠴᠠᠭᠰᠠᠨ ᠦᠷ᠎ᠡ ᠪᠦᠲᠦᠭᠡᠯ᠎ᠢ ᠳᠡᠯᠭᠡᠷᠡᠭᠦᠯᠦᠨ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ   ᠬᠥᠭᠵᠢᠬᠦ ᠵᠢ ᠳᠦᠯᠬᠢᠨ ᠠᠬᠢᠭᠤᠯᠤᠨ᠎ᠠ᠃
      ᠬᠣᠶᠠᠷ᠎ᠲᠤ᠂ ᠤᠯᠠᠮᠵᠢᠯᠠᠨ ᠵᠠᠯᠭ᠋ᠠᠮᠵᠢᠯᠠᠭᠴᠢ ᠵᠢᠨ ᠤᠳᠤ ᠦᠶ᠎ᠡ ᠵᠢᠨ ᠵᠢᠭᠤᠯᠴᠢᠯᠠᠯ᠎ᠤᠨ ᠬᠡᠷᠡᠭᠴᠡᠭᠡ ᠪᠠ ᠵᠢᠭᠤᠯᠴᠢᠯᠠᠯ᠎ᠠᠴᠠ ᠪᠣᠯᠤᠭᠰᠠᠨ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠤᠨ ᠬᠤᠪᠢᠷᠠᠯᠲᠠ᠎ᠳᠤ ᠢᠳᠡᠪᠬᠢᠲᠡᠢ᠎ᠪᠠᠷ ᠵᠤᠬᠢᠴᠠᠬᠤ ᠵᠢ ᠬᠥᠲᠥᠯᠥᠨ ᠵᠢᠯᠤᠭᠣᠳᠴᠤ᠂ ᠪᠤᠳᠠᠰ᠎ᠤᠨ ᠪᠤᠰᠤ ᠰᠤᠶᠤᠯ ᠎ᠤᠨ ᠥᠪ ᠎ᠤᠨ ᠵᠠᠯᠭ᠋ᠠᠮᠵᠢᠯᠠᠯ᠎ᠳᠤ ᠨᠡᠩ ᠥᠷᠭᠡᠨ ᠠᠭᠤᠳᠠᠮ ᠣᠷᠣᠨ ᠵᠠᠢ ᠵᠢ ᠥᠷᠭᠡᠳᠬᠡᠵᠦ ᠥᠭᠭᠦᠨ᠎ᠡ᠃ ᠵᠢᠭᠤᠯᠴᠢᠯᠠᠭᠴᠢᠳ᠎ᠲᠤ ᠬᠠᠨᠳᠤᠭᠤᠯᠤᠨ ᠲᠤᠬᠠᠢ ᠵᠢᠨ ᠭᠠᠵᠠᠷ᠎ᠤᠨ ᠲᠤᠮᠤᠭ ᠶᠠᠷᠢᠶ᠎ᠠ᠂ ᠳᠤᠮᠤᠭ ᠦᠯᠢᠭᠡᠷ᠎ᠢ ᠰᠠᠢ᠌ᠲᠤᠷ ᠶᠠᠷᠢᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ ᠵᠢᠨ ᠲᠣᠭᠯᠠᠯᠲᠠ ᠵᠢ ᠥᠷᠨᠢᠭᠦᠯᠵᠦ᠂ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ ᠵᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ᠎ᠤᠨ ᠲᠣᠭᠣᠷᠢᠨ ᠦᠵᠡᠬᠦ᠂ ᠬᠠᠷᠢᠯᠴᠠᠨ ᠬᠥᠳᠡᠯᠦᠯᠴᠡᠬᠦ᠂ ᠪᠡᠶᠡᠴᠢᠯᠡᠨ ᠣᠢ᠌ᠯᠠᠭ᠋ᠠᠬᠤ᠂ ᠰᠤᠷᠤᠯᠴᠠᠬᠤ ᠬᠡᠷᠡᠭᠴᠡᠭᠡ ᠵᠢ ᠬᠠᠩᠭ᠋ᠠᠨ᠎ᠠ᠃ ᠵᠢᠭᠤᠯᠴᠢᠯᠠᠯ᠎ᠤᠨ ᠦᠵᠡᠮᠵᠢ ᠵᠢᠨ ᠣᠷᠣᠨ ᠵᠡᠷᠭᠡ ᠵᠢᠭᠤᠯᠴᠢᠯᠠᠯ᠎ᠤᠨ ᠣᠷᠣᠨ ᠵᠠᠢ ᠵᠢᠨ ᠵᠢᠭᠤᠯᠴᠢᠯᠠᠯ ᠥᠷᠨᠢᠭᠦᠯᠬᠦ᠎ᠳᠤ ᠲᠣᠬᠢᠷᠠᠮᠵᠢᠲᠠᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲᠥᠷᠥᠯ ᠵᠦᠢ᠍ᠯ᠎ᠲᠠᠢ ᠢᠳᠡᠪᠬᠢᠲᠡᠢ ᠵᠣᠯᠭ᠋ᠠᠬᠤ ᠵᠢ ᠵᠣᠷᠢᠭᠵᠢᠭᠤᠯᠵᠤ᠂ ᠲᠥᠷᠥᠯ ᠵᠦᠢ᠍ᠯ᠎ᠤᠨ ᠳᠡᠯᠭᠡᠨ ᠦᠵᠡᠭᠦᠯᠵᠦ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠵᠢᠭᠤᠯᠴᠢᠯᠠᠯ᠎ᠤᠨ ᠦᠢ᠍ᠯᠡᠳᠬᠦᠨ᠎ᠤ ᠠᠭᠤᠯᠭ᠎ᠠ ᠪᠠ ᠬᠡᠯᠪᠡᠷᠢ ᠵᠢ ᠪᠠᠶᠠᠯᠢᠭᠵᠢᠭᠤᠯᠤᠨ᠂ ᠤᠯᠠᠮᠵᠢᠯᠠᠨ ᠵᠠᠯᠭ᠋ᠠᠮᠵᠢᠯᠠᠭᠴᠢ ᠵᠢᠨ ᠵᠢᠭᠤᠯᠴᠢᠯᠠᠯ᠎ᠤᠨ ᠣᠷᠣᠨ ᠵᠠᠢ᠎ᠳᠤ ᠤᠯᠠᠮᠵᠢᠯᠠᠨ ᠵᠠᠯᠭ᠋ᠠᠮᠵᠢᠯᠠᠬᠤ ᠦᠢ᠍ᠯᠡᠳᠦᠯᠭᠡ ᠪᠠ ᠵᠢᠭᠤᠯᠴᠢᠯᠠᠯ᠎ᠤᠨ ᠦᠢ᠍ᠯᠡᠴᠢᠯᠡᠭᠡ ᠥᠷᠨᠢᠭᠦᠯᠬᠦ᠎ᠳᠤ ᠲᠥᠬᠥᠮ ᠨᠥᠬᠥᠴᠡᠯ ᠬᠠᠩᠭ᠋ᠠᠵᠤ᠂ ᠤᠯᠠᠮᠵᠢᠯᠠᠨ ᠵᠠᠯᠭ᠋ᠠᠮᠵᠢᠯᠠᠭᠴᠢ ᠵᠢᠨ ᠵᠢᠭᠤᠯᠴᠢᠯᠠᠯ᠎ᠤᠨ ᠦᠢ᠍ᠯᠡᠳᠬᠦᠨ᠎ᠢ ᠰᠤᠳᠤᠯᠤᠨ ᠨᠡᠭᠡᠭᠡᠬᠦ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ᠎ᠳᠤ ᠤᠷᠤᠯᠴᠠᠬᠤ ᠵᠢ ᠳᠠᠲᠠᠵᠤ᠂ ᠤᠯᠠᠮᠵᠢᠯᠠᠨ ᠵᠠᠯᠭ᠋ᠠᠮᠵᠢᠯᠠᠭᠴᠢ ᠵᠢᠨ ᠣᠷᠣᠯᠴᠠᠬᠤ ᠬᠡᠮᠵᠢᠶ᠎ᠡ ᠪᠠ ᠭᠥᠷᠳᠡᠬᠦ ᠲᠥᠷᠥᠭᠳᠡᠯ᠎ᠢ ᠳᠡᠭᠡᠭᠰᠢᠯᠡᠭᠦᠯᠦᠨ᠎ᠡ᠃
      ᠭᠤᠷᠪᠠ᠎ᠳᠤ᠂ ᠰᠣᠨᠢᠨ ᠮᠡᠳᠡᠭᠡᠨ᠎ᠤ ᠵᠠᠭᠤᠴᠢᠯᠠᠭᠤᠷ᠂ ᠡᠯ᠎ᠡ ᠲᠦᠷᠦᠯ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠲᠠᠢ᠍ᠢ᠍ᠴᠢᠯᠠᠨ ᠥᠷᠭᠡᠨ ᠵᠶ᠋ᠡᠷ ᠤᠬᠠᠭᠤᠯᠵᠤ᠂ ᠥᠷᠭᠡᠨ ᠤᠯᠠᠨ ᠵᠢᠭᠤᠯᠴᠢᠯᠠᠭᠴᠢ ᠵᠢᠨ ᠵᠢᠭᠤᠯᠴᠢᠯᠠᠯ᠎ᠤᠨ ᠳᠤᠮᠳᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠰᠢᠳᠢ ᠵᠢ ᠭᠦᠢ᠍ᠴᠡᠳ ᠲᠠᠨᠢᠬᠤ ᠵᠢ ᠵᠢᠯᠤᠭᠤᠳᠤᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠰᠣᠨᠢᠷᠬᠠᠬᠤ᠂ ᠬᠦᠨᠳᠦᠳᠬᠡᠬᠦ ᠤᠬᠠᠮᠰᠠᠷ᠎ᠢ ᠪᠤᠢ ᠪᠣᠯᠭ᠋ᠠᠨ᠎ᠠ᠃ ᠡᠯ᠎ᠡ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠦᠭᠰᠡᠨ ᠠᠰᠢᠭᠲᠠᠢ ᠲᠤᠷᠰᠢᠯᠭ᠎ᠠ ᠠᠷᠭ᠎ᠠ ᠬᠢᠳᠡᠯ᠎ᠢ ᠤᠬᠠᠭᠤᠯᠤᠨ ᠲᠠᠨᠢᠯᠴᠠᠭᠤᠯᠵᠤ᠂ ᠪᠦᠬᠦ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠠᠵᠢᠯ᠎ᠤᠨ ᠪᠦᠬᠦᠯᠢ ᠴᠣᠭᠴᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠤᠨ᠎ᠠ᠃
      ᠳᠥᠷᠪᠡ᠎ᠳᠤ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠠᠵᠢᠯ᠎ᠤᠨ ᠲᠤᠬᠠᠢ ᠵᠢᠨ ᠲᠠᠯᠠᠪᠠᠢ ᠵᠢᠨ ᠰᠣᠯᠢᠯᠴᠠᠭ᠋ᠠᠨ᠎ᠤ ᠠᠵᠢᠯᠯᠠᠭ᠎ᠠ ᠵᠢ ᠡᠷᠬᠢᠯᠡᠵᠦ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠰᠠᠭᠤᠳᠠᠯ ᠎ᠤᠨ ᠬᠤᠷᠠᠯ᠎ᠢ ᠬᠤᠷᠠᠯᠳᠤᠭᠤᠯᠵᠤ᠂ ᠠᠭᠤᠰᠤᠯᠴᠠᠭᠤᠯᠤᠨ ᠬᠥᠭᠵᠢᠭᠦᠯᠬᠦ ᠬᠠᠮᠲᠤ ᠵᠢᠨ ᠲᠠᠨᠢᠯᠲᠠ ᠵᠢ ᠴᠢᠨᠠᠭᠰᠢᠳᠠ ᠨᠢᠭᠲᠠᠷᠠᠭᠤᠯᠤᠨ᠎ᠠ᠃ ᠪᠦᠬᠦ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠵᠢᠭᠤᠯᠴᠢᠯᠠᠯ᠎ᠤᠨ ᠵᠠᠮ ᠱᠤᠭᠤᠮ᠎ᠢ ᠡᠯᠰᠡᠨ ᠴᠤᠭᠯᠠᠭᠤᠯᠬᠤ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠨᠡᠢ᠌ᠲᠡᠯᠢᠭ ᠵᠢᠱ᠌ᠢᠶ᠎ᠡ᠎ᠪᠠᠷ ᠳᠠᠢ᠌ᠴᠢᠯᠠᠬᠤ ᠪᠠ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠢ᠌ᠯᠠᠭ᠋ᠠᠬᠤ ᠰᠠᠭᠤᠷᠢᠨ ᠭᠠᠵᠠᠷ᠎ᠢ ᠮᠡᠳᠡᠭᠦᠯᠬᠦ ᠪᠠ ᠦᠨᠡᠯᠡᠨ ᠲᠤᠭᠲᠠᠭ᠋ᠠᠬᠤ ᠠᠵᠢᠯ᠎ᠢ ᠰᠤᠳᠤᠯᠤᠨ ᠡᠬᠢᠯᠡᠭᠦᠯᠵᠦ᠂ ᠨᠢᠭᠡ ᠪᠦᠯᠦᠭ   ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠢ᠌ᠯᠠᠭ᠋ᠠᠬᠤ ᠰᠠᠭᠤᠷᠢᠨ ᠭᠠᠵᠠᠷ᠎ᠢ ᠪᠠᠢ᠌ᠭᠤᠯᠤᠨ᠎ᠠ᠃ ᠣᠷᠣᠨ ᠨᠤᠲᠤᠭ᠎ᠤᠨ ᠬᠠᠢ᠌ᠨ ᠰᠦᠪᠡᠭᠴᠢᠯᠡᠭᠰᠡᠨ ᠰᠠᠭᠤᠷᠢᠨ ᠳᠡᠭᠡᠷ᠎ᠡ ᠨᠢᠭᠡ ᠪᠦᠯᠦᠭ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠦᠵᠡᠮᠵᠢ ᠵᠢᠨ ᠣᠷᠣᠨ᠎ᠢ   ᠪᠥᠲᠦᠭᠡᠨ ᠪᠠᠢ᠌ᠭᠤᠯᠬᠤ ᠵᠢ ᠲᠦᠯᠬᠢᠨ ᠠᠬᠢᠭᠤᠯᠤᠨ᠎ᠠ᠃

ᠢᠷᠡᠯᠲᠡ᠄ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ
          
ᠬᠠᠮᠢᠶ᠎ᠡ ᠪᠦᠬᠦᠢ ᠰᠣᠨᠢᠨ
ᠴᠢᠨ ᠶᠠᠨ᠄ ᠳᠤᠮᠳᠠᠳᠤ ᠵᠢᠨ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠦᠨ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠵᠤ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ》᠎ᠤᠨ ᠨᠠᠷᠠᠲᠤ ᠲᠡᠮᠳᠡᠭᠲᠦ ᠵᠢ ᠬᠠᠩᠭᠢᠨᠠᠭᠤᠯᠤᠨ᠎ᠠ (ᠨᠢᠭᠡ)
 
            