ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠰᠢᠨ᠎ᠡ ᠤᠨ᠎ᠤ ᠢᠯᠡᠭᠡᠯᠲᠡ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢᠨ ᠶᠠᠨ
ᠨᠡᠶᠢᠲᠡᠯᠡᠭᠰᠡᠨ ᠴᠠᠭ᠄ 2023-01-08

     1 ᠳ᠋ᠤᠭᠡᠷ ᠰᠠᠷ᠎ᠠ ᠵᠢᠨ 5᠎ᠤ ᠡᠳᠦᠷ᠂ 2023 ᠣᠨ᠎ᠤ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ ᠲᠣᠪᠴᠢᠶ᠎ᠠ ᠵᠢᠨ ᠳᠠᠷᠤᠭ᠎ᠠ ᠨᠠᠷ᠎ᠤᠨ ᠬᠤᠷᠠᠯ ᠬᠤᠷᠠᠯᠳᠤᠪᠠ᠃ ᠬᠤᠷᠠᠯ ᠬᠤᠷᠠᠯᠳᠤᠬᠤ ᠲᠠᠰᠢᠷᠠᠮ ᠵᠶ᠋ᠠᠷ᠂ ᠳᠤᠮᠳᠠᠳᠤ ᠤᠯᠤᠰ᠎ᠤᠨ ᠰᠣᠶᠣᠯ᠎ᠤᠨ ᠰᠣᠨᠢᠨ᠎ᠤ 5᠎ᠠᠴᠠ 8 ᠳ᠋ᠤᠭ᠋ᠠᠷ ᠨᠢᠭᠤᠷ᠎ᠲᠤ 《2023 ᠣᠨ᠎ᠤ ᠪᠦᠬᠦ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠪᠴᠢᠶ᠎ᠠ ᠵᠢᠨ ᠳᠠᠷᠤᠭ᠎ᠠ ᠨᠠᠷ᠎ᠤᠨ ᠰᠢᠨ᠎ᠡ ᠤᠨ᠎ᠤ ᠢᠯᠡᠭᠡᠯᠲᠡ》 ᠭᠡᠬᠦ ᠣᠨᠴᠠ ᠬᠡᠪᠯᠡᠯ᠎ᠢ ᠨᠡᠢ᠌ᠲᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢᠨ ᠶᠠᠨ ᠤᠷᠢᠯᠭ᠎ᠠ᠎ᠪᠠᠷ 2022 ᠣᠨ᠎ᠤ ᠰᠣᠶᠣᠯ᠂   ᠵᠢᠭᠤᠯᠴᠢᠯᠠᠯ᠎ᠤᠨ ᠠᠵᠢᠯ᠎ᠤᠨ ᠬᠢᠯᠠᠰ ᠴᠡᠭ᠎ᠢ ᠲᠠᠨᠢᠯᠴᠠᠭᠤᠯᠵᠤ᠂ 2023 ᠣᠨ᠎ᠤ ᠰᠢᠨ᠎ᠡ ᠬᠥᠭᠵᠢᠯᠲᠡ᠂ ᠰᠢᠨ᠎ᠡ ᠬᠦᠰᠡᠯ ᠡᠷᠡᠮᠡᠯᠵᠡᠯ᠎ᠢ ᠪᠠᠷᠠᠯᠠᠵᠠᠢ᠃ ᠳᠣᠣᠷᠠᠬᠢ ᠪᠣᠯ ᠢᠯᠡᠭᠡᠯᠲᠡ ᠵᠢᠨ ᠪᠦᠬᠦ ᠠᠭᠤᠯᠭ᠎ᠠ ᠪᠣᠯᠣᠨ᠎ᠠ᠄
           


     2022 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ᠎ᠬᠢᠨ ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠡᠷᠴᠢ ᠵᠣᠷᠢᠭ ᠵᠶ᠋ᠠᠨ ᠬᠥᠪᠴᠢᠯᠡᠵᠦ᠂ ᠴᠥᠬᠥᠷᠡᠰᠢ ᠦᠭᠡᠢ ᠵᠢᠳᠬᠦᠵᠦ᠂ ᠰᠣᠶᠣᠯ ᠪᠠ ᠵᠢᠭᠤᠯᠴᠢᠯᠠᠯ᠎ᠤᠨ ᠠᠵᠢᠯ᠎ᠳᠤ ᠰᠡᠷᠭᠦᠭᠡᠬᠦ ᠵᠢᠨ ᠵᠡᠷᠭᠡ᠎ᠳᠤ ᠲᠣᠭᠲᠠᠭᠤᠨ᠎ᠢ ᠪᠠᠲᠤᠳᠬᠠᠬᠤ᠂ ᠲᠣᠭᠲᠠᠭᠤᠨ᠎ᠤ ᠵᠡᠷᠭᠡ᠎ᠳᠤ ᠤᠷᠤᠭᠰᠢᠯᠠᠭᠰᠠᠨ ᠰᠠᠢ᠌ᠨ ᠰᠠᠢ᠌ᠬᠠᠨ ᠪᠠᠢ᠌ᠳᠠᠯ ᠢᠯᠡᠷᠡᠵᠡᠢ᠃ ᠪᠥᠵᠢᠭᠲᠦ ᠵᠦᠴᠦᠭᠡ 《ᠮᠣᠷᠢᠲᠤ ᠴᠡᠷᠢᠭ》᠎ᠨᠢ ᠪᠦᠬᠦ ᠤᠯᠤᠰ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ   ᠵᠢᠨ 《ᠲᠠᠪᠤᠨ ᠨᠢᠭᠡ   ᠵᠢᠨ ᠢᠨᠵᠧᠨᠧᠷᠢᠩ》᠎ᠤᠨ ᠱᠠᠩᠨᠠᠯ᠂ ᠸᠸᠨ ᠬᠤᠸᠠ ᠶᠡᠬᠡ ᠱᠠᠩᠨᠠᠯ  ᠎ᠢ ᠭᠥᠷᠳᠡᠪᠡ᠃ ᠤᠯᠠᠭ᠋ᠠᠨᠮᠥ᠋ᠴᠢᠷ᠎ᠤᠨ 《ᠰᠤᠷᠤᠯᠴᠠᠬᠤ · ᠡᠭᠦᠳᠬᠦ · ᠲᠣᠭᠯᠠᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠲᠣᠭᠯᠠᠯᠲᠠ᠂ ᠤᠬᠠᠭᠤᠯᠭ᠎ᠠ᠂ ᠦᠢ᠍ᠯᠡᠴᠢᠯᠡᠭᠡ ᠵᠡᠷᠭᠡ ᠠᠵᠢᠯᠯᠠᠭ᠎ᠠ ᠵᠢ 7000 ᠭᠠᠷᠤᠢ ᠲᠠᠯᠠᠪᠤᠷ ᠥᠷᠨᠢᠭᠦᠯᠵᠦ᠂ ᠶᠢᠰᠦᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠢ ᠤᠯᠤᠰ᠎ᠤᠨ ᠭᠣᠣᠯ ᠤᠷᠤᠰᠬᠠᠯ᠎ᠤᠨ ᠵᠠᠭᠤᠴᠢᠯᠠᠭᠤᠷ᠎ᠤᠳ ᠬᠣᠯᠪᠤᠭ᠋ᠠᠯᠠᠨ ᠨᠡᠪᠲᠡᠷᠡᠭᠦᠯᠪᠡ᠃ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠵᠦ᠂ ᠲᠠᠯᠠᠪᠠᠢ ᠵᠢᠨ ᠪᠥᠵᠢᠭ᠎ᠤᠨ ᠲᠦᠷᠦᠯ᠎ᠤᠨ ᠪᠦᠲᠦᠭᠡᠯ 《ᠤᠢ ᠰᠢᠭᠤᠢ᠎ᠳᠤ᠎ᠬᠢ ᠺᠤᠤ ᠺᠤᠤ ᠶᠤᠸᠠᠢ》 ᠤᠳᠤᠳ᠎ᠤᠨ ᠱᠠᠩᠨᠠᠯ᠎ᠢ ᠬᠦᠷᠲᠡᠵᠦ᠂ ᠣᠷᠳᠣᠰ ᠬᠤᠳᠠ᠂ ᠪᠤᠭᠤᠲᠤ ᠬᠤᠳᠠ ᠤᠯᠤᠰ᠎ᠤᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲᠸᠮ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠠᠬᠢᠨ ᠬᠢᠨᠠᠯᠲᠠ ᠵᠢ ᠤᠷᠤᠭᠰᠢᠲᠠᠢ ᠥᠩᠭᠡᠷᠡᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠳᠦᠷᠢᠮ》᠎ᠢ ᠨᠡᠢ᠌ᠲᠡᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠢ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠪᠠᠭ᠎ᠤᠨ ᠬᠢᠨᠠᠨ ᠰᠢᠯᠭ᠋ᠠᠵᠤ ᠦᠨᠡᠯᠡᠬᠦ ᠰᠢᠰᠲ᠋ᠧᠮᠵᠢ᠎ᠳᠤ ᠣᠷᠣᠭᠤᠯᠪᠠ᠃
     2023 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠭᠣᠣᠯ ᠱᠤᠭᠤᠮ ᠪᠣᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠭᠠᠷᠳᠠᠴᠠ ᠪᠣᠯᠭ᠋ᠠᠵᠤ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ ᠵᠶ᠋ᠠᠷ ᠰᠣᠶᠣᠯ᠎ᠢ ᠲᠤᠪᠤᠢ᠍ᠢ᠍ᠯᠭ᠋ᠠᠬᠤ ᠵᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ᠂ ᠬᠠᠮᠤᠭ᠎ᠤᠨ ᠲᠠᠲᠠᠬᠤ ᠬᠦᠴᠦᠨ᠎ᠲᠠᠢ ᠵᠢᠭᠤᠯᠴᠢᠯᠠᠯ᠎ᠤᠨ ᠬᠠᠷᠠᠯᠲᠠ ᠵᠢᠨ ᠣᠷᠣᠨ᠎ᠢ ᠪᠠᠶ᠋ᠢᠭᠤᠯᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠲᠠᠢ ᠤᠶᠠᠯᠳᠤᠭᠤᠯᠵᠤ᠂ ᠵᠢᠭᠤᠯᠴᠢᠯᠠᠯ᠎ᠤᠨ ᠡᠬᠢ ᠪᠠᠶᠠᠯᠢᠭ᠎ᠢ ᠨᠡᠢ᠌ᠳᠬᠡᠬᠦ ᠪᠠ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠰᠣᠶᠣᠯ ᠪᠠ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠰᠢᠨ᠎ᠡ ᠵᠢ ᠡᠭᠦᠳᠬᠦ᠂ ᠲᠦᠷᠦᠯ ᠲᠡᠮᠳᠡᠭ᠎ᠢ ᠡᠭᠦᠳᠬᠦ᠂ ᠠᠵᠤ ᠦᠢ᠍ᠯᠡᠰ᠎ᠢ ᠲᠥᠪᠯᠡᠷᠡᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠵᠢᠯ ᠦᠢ᠍ᠯᠡᠰ᠎ᠤᠨ ᠤᠴᠢᠷ ᠶᠠᠪᠤᠳᠠᠯ᠎ᠢ ᠰᠠᠢ᠌ᠲᠤᠷ ᠪᠦᠲᠦᠭᠡᠨ᠎ᠡ; ᠤᠳᠬ᠎ᠠ ᠤᠷᠠᠯᠢᠭ᠎ᠤᠨ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠂ ᠤᠷᠳᠤ ᠴᠠᠭ᠋ᠠᠨ ᠬᠡᠷᠡᠮ᠎ᠢ ᠬᠠᠮᠠᠭ᠋ᠠᠯᠠᠨ ᠠᠰᠢᠭᠯᠠᠬᠤ ᠴᠢᠬᠤᠯᠠ ᠶᠡᠬᠡ ᠢᠨᠵᠧᠨᠧᠷᠢᠩ᠂ ᠬᠤᠪᠢᠰᠬᠠᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠬᠤ ᠢᠨᠵᠧᠨᠧᠷᠢᠩ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠵᠢᠨ ᠲᠡᠮᠳᠡᠭᠯᠡᠯ ᠵᠡᠷᠭᠡ ᠢᠨᠵᠧᠨᠧᠷᠢᠩ᠎ᠢ ᠬᠡᠷᠡᠭᠵᠢᠭᠦᠯᠵᠦ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠪᠥᠵᠢᠭ᠎ᠤᠨ ᠦᠵᠡᠭᠦᠯᠭᠡ ᠵᠢᠨ ᠲᠣᠭᠯᠠᠯᠲᠠ᠂ ᠳᠤᠮᠳᠠᠳᠤ ᠤᠯᠤᠰ (ᠷᠠᠰᠢᠶᠠᠨ)᠎ᠤᠨ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠡᠷᠭᠢᠯᠡᠵᠦ᠂ ᠥᠪᠥᠷ ᠮᠣᠩᠭᠣᠯ᠎ᠤᠨ ᠳᠦᠷᠢ ᠲᠥᠷᠬᠦ ᠵᠢ ᠪᠣᠶ ᠪᠣᠯᠭ᠋ᠠᠬᠤ ᠳᠤᠮᠳᠠ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠢ᠌ᠯᠭ᠎ᠠ ᠭᠠᠷᠭ᠋ᠠᠬᠤ᠎ᠪᠠᠷ ᠴᠢᠷᠮᠠᠢ᠌ᠵᠤ᠂ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠴᠥᠬᠥᠷᠡᠰᠢ ᠦᠭᠡᠢ ᠲᠦᠯᠬᠢᠨ ᠠᠬᠢᠭᠤᠯᠤᠨ᠎ᠠ᠃

ᠢᠷᠡᠯᠲᠡ᠄ ᠳᠤᠮᠳᠠᠳᠤ ᠤᠯᠤᠰ᠎ᠤᠨ ᠰᠣᠶᠣᠯ᠎ᠤᠨ ᠰᠣᠨᠢᠨ
          
ᠬᠠᠮᠢᠶ᠎ᠡ ᠪᠦᠬᠦᠢ ᠰᠣᠨᠢᠨ
 
            