ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠴᠢᠨ ᠶᠠᠨ᠄ ᠳᠤᠮᠳᠠᠳᠤ ᠵᠢᠨ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠦᠨ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠵᠤ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ》᠎ᠤᠨ ᠨᠠᠷᠠᠲᠤ ᠲᠡᠮᠳᠡᠭᠲᠦ ᠵᠢ ᠬᠠᠩᠭᠢᠨᠠᠭᠤᠯᠤᠨ᠎ᠠ (ᠨᠢᠭᠡ)
ᠨᠡᠶᠢᠲᠡᠯᠡᠭᠰᠡᠨ ᠴᠠᠭ᠄ 2023-11-22

      ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠬᠠᠨᠳᠤᠭᠤᠯᠵᠤ᠂ ᠳᠤᠮᠳᠠᠳᠤ ᠵᠢᠨ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ᠎ᠳᠤ ᠰᠠᠭᠤᠷᠢᠯᠠᠨ᠂ ᠳᠤᠮᠳᠠᠳᠤ ᠵᠢᠨ ᠪᠣᠯᠪᠠᠰᠤᠨ᠎ᠤ ᠲᠠᠪᠤᠨ ᠲᠣᠪᠣᠢ᠌ᠮ᠎ᠠ ᠣᠨᠴᠠᠯᠢᠭ᠎ᠢ ᠪᠦᠬᠦ ᠲᠠᠯ᠎ᠠ᠎ᠪᠠᠷ ᠳ᠋ᠦᠩᠨᠡᠵᠦ᠂ ᠮᠠᠷᠺᠰ᠎ᠤᠨ ᠦᠵᠡᠯ᠎ᠤᠨ ᠭᠣᠣᠯ ᠦᠨᠳᠦᠰᠦᠯᠡᠯ᠎ᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢᠨ ᠴᠢᠬᠤᠯᠠ ᠠᠴᠢ ᠬᠣᠯᠪᠣᠭᠳᠠᠯ᠂ ᠦᠨᠳᠦᠰᠦᠨ ᠠᠷᠭ᠎ᠠ ᠵᠠᠮ᠎ᠳᠤ ᠭᠦᠨᠵᠡᠭᠡᠢ ᠬᠠᠷᠢᠭᠤᠯᠲᠠ ᠥᠭᠴᠦ᠂ ᠪᠢᠳᠡᠨ᠎ᠤ ᠰᠣᠶᠣᠯ᠎ᠤᠨ ᠰᠢᠨ᠎ᠡ ᠡᠭᠦᠷᠭᠡ ᠵᠢ ᠨᠡᠩ ᠰᠠᠢ᠌ᠲᠤᠷ ᠡᠭᠦᠷᠭᠡᠯᠡᠬᠦ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠲᠥᠪᠯᠡᠷᠡᠭᠦᠯᠦᠨ ᠲᠠᠢ᠌ᠯᠤᠮᠵᠢ ᠬᠢᠬᠦ᠂ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠪᠥᠬᠥ ᠨᠠᠮ᠎ᠤᠨ ᠭᠡᠰᠢᠭᠦᠨ ᠺᠠᠳ᠋ᠷᠴᠤᠳ᠎ᠲᠤ ᠡᠭᠦᠨ᠎ᠤ ᠲᠤᠳᠤᠷ᠎ᠠ ᠠᠭᠤᠯᠤᠭᠳᠠᠵᠤ ᠪᠠᠢ᠌ᠭ᠎ᠠ ᠴᠢᠬᠤᠯᠠ ᠶᠡᠬᠡ ᠤᠯᠤᠰ ᠲᠥᠷᠥ ᠵᠢᠨ ᠠᠴᠢ ᠬᠣᠯᠪᠣᠭᠳᠠᠯ᠂ ᠣᠨᠣᠯ᠎ᠤᠨ ᠠᠴᠢ ᠬᠣᠯᠪᠣᠭᠳᠠᠯ ᠪᠠ ᠦᠢ᠍ᠯᠡᠳᠦᠯᠭᠡ ᠵᠢᠨ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠭᠤᠯᠬᠤ᠎ᠪᠠᠷ ᠬᠥᠲᠥᠯᠥᠨ ᠵᠢᠯᠣᠭᠣᠳᠪᠠ᠃ ᠡᠭᠦᠨ᠎ᠤ ᠬᠠᠮᠲᠤ᠂ ᠡᠯ᠎ᠡ ᠱᠠᠲᠤᠨ᠎ᠤ ᠤᠷᠠᠨ ᠰᠠᠢ᠌ᠬᠠᠨ᠎ᠤ ᠬᠦᠷᠢᠶᠡᠯᠡᠩ ᠪᠦᠯᠬᠦᠮ᠂ ᠤᠯᠠᠭ᠋ᠠᠨᠮᠥ᠋ᠴᠢᠷ᠎ᠤᠨ 《ᠤᠮᠠᠷᠠᠲᠤ ᠬᠢᠯᠢ ᠵᠢᠨ ᠰᠣᠶᠣᠯ》 ᠭᠡᠬᠦ ᠭᠣᠣᠯ ᠰᠡᠳᠦᠪ᠎ᠲᠤ ᠰᠠᠭᠤᠷᠢᠯᠠᠨ ᠤᠷᠠᠯᠢᠭ᠎ᠤᠨ ᠵᠣᠬᠢᠶᠠᠨ ᠪᠦᠲᠦᠭᠡᠯᠭᠡ ᠥᠷᠨᠢᠭᠦᠯᠬᠦ ᠵᠢ ᠵᠢᠯᠤᠭᠣᠳᠴᠤ᠂ ᠤᠯᠠᠭ᠋ᠠᠨᠮᠥ᠋ᠴᠢᠷ᠎ᠤᠨ ᠰᠠᠷ᠎ᠠ᠂ 《ᠵᠠᠭᠤᠨ ᠪᠦᠯᠬᠦᠮ ᠮᠢᠩᠭ᠋ᠠᠨ ᠲᠠᠯᠠᠪᠤᠷ ᠦᠨᠳᠦᠰᠦᠨ ᠱᠠᠲᠤᠨ᠎ᠳᠤ ᠪᠠᠭᠤᠬᠤ》 ᠵᠡᠷᠭᠡ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠠᠵᠢᠯᠯᠠᠭ᠎ᠠ᠎ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠤᠬᠠᠭᠤᠯᠵᠤ᠂ ᠰᠣᠶᠣᠯ ᠵᠶ᠋ᠠᠷ ᠬᠥᠮᠥᠨ᠎ᠢ ᠰᠣᠶᠣᠯᠵᠢᠭᠤᠯᠵᠤ᠂ ᠤᠷᠠᠯᠢᠭ ᠵᠶ᠋ᠠᠷ ᠰᠡᠳᠬᠢᠯ᠎ᠢ᠎ᠨᠢ ᠨᠡᠪᠲᠡᠷᠡᠯᠴᠡᠭᠦᠯᠵᠦ᠂ ᠨᠠᠮ᠎ᠤᠨ ᠲᠠᠭᠤᠨ᠎ᠢ ᠳᠠᠮᠵᠢᠭᠤᠯᠪᠠ᠃ ᠳᠠᠷᠠᠭ᠋ᠠᠴᠢ ᠵᠢᠨ ᠠᠯᠬᠤᠮ᠎ᠳᠤ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ᠎ᠤᠨ ᠢᠲᠡᠭᠡᠯ ᠵᠶ᠋ᠡᠨ ᠤᠯᠠᠮ ᠴᠢᠨᠠᠭᠰᠢᠳᠠ ᠪᠠᠲᠤᠳᠬᠠᠵᠤ᠂ ᠰᠣᠶᠣᠯ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠰᠣᠶᠣᠯ᠎ᠤᠨ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠵᠦ᠂ 《ᠤᠮᠠᠷᠠᠲᠤ ᠬᠢᠯᠢ ᠵᠢᠨ ᠰᠣᠶᠣᠯ》 ᠎ᠤᠨ ᠲᠦᠷᠦᠯ ᠲᠡᠮᠳᠡᠭ᠎ᠤᠨ ᠡᠭᠦᠳᠦᠯᠲᠡ ᠵᠢᠨ ᠲᠣᠭᠣᠷᠢᠨ᠎ᠳᠤ᠂ ᠤᠮᠠᠷᠠᠲᠤ ᠵᠢᠨ ᠡᠬᠡ ᠭᠠᠵᠠᠷ᠎ᠲᠤ ᠦᠨᠳᠦᠰᠦᠯᠡᠭᠰᠡᠨ ᠰᠢᠯᠢᠳᠡᠭ ᠰᠣᠶᠣᠯ᠎ᠢ ᠬᠥᠭᠵᠢᠭᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠤᠶᠤᠨ᠎ᠤ ᠰᠣᠶᠣᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠦᠨᠳᠦᠰᠦᠲᠡᠨ᠎ᠨᠦᠭᠦᠳ᠎ᠤᠨ ᠬᠠᠮᠲᠤᠪᠠᠷ   ᠪᠠᠢ᠌ᠭ᠎ᠠ ᠬᠠᠮᠲᠤᠪᠠᠷ ᠡᠳ᠋ᠯᠡᠬᠦ ᠤᠶᠤᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ ᠪᠤᠯᠤᠨ᠎ᠠ᠃
      ᠨᠢᠭᠡ᠎ᠳᠤ᠂ ᠰᠣᠶᠣᠯ ᠵᠶ᠋ᠠᠷ ᠬᠣᠯᠪᠣᠭ᠋ᠠᠰᠤ ᠪᠣᠯᠭ᠋ᠠᠵᠤ᠂ ᠬᠥᠮᠥᠰ᠎ᠤᠨ ᠰᠡᠳᠬᠢᠯ ᠪᠠ ᠬᠦᠴᠦᠨ ᠴᠢᠳᠠᠯ᠎ᠢ ᠨᠢᠭᠲᠠᠷᠠᠭᠤᠯᠤᠨ᠎ᠠ᠃ ᠬᠣᠷᠢᠭ᠎ᠠ ᠱᠤᠭᠤᠮ᠎ᠤᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠨᠠᠷᠢᠨ ᠲᠠᠯ᠎ᠠ᠎ᠠᠴᠠ ᠪᠣᠳᠣᠯᠬᠢᠯᠠᠨ᠂ ᠦᠴᠦᠬᠡᠨ ᠵᠦᠢ᠍ᠯ᠎ᠠᠴᠠ ᠭᠠᠷᠳᠠᠵᠤ᠂ ᠪᠣᠳᠠᠲᠠᠢ ᠲᠠᠯ᠎ᠠ᠎ᠠᠴᠠ ᠬᠦᠴᠦᠯᠡᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠤᠳᠤᠷᠢᠳᠬᠤ ᠡᠷᠬᠡ᠂ ᠰᠠᠨᠠᠭ᠋ᠠᠴᠢᠯᠠᠭ᠋ᠠᠲᠤ ᠡᠷᠬᠡ ᠪᠠ ᠦᠭᠡ ᠬᠡᠯᠡᠬᠦ ᠡᠷᠬᠡ ᠵᠢ ᠪᠠᠲᠤ ᠡᠵᠡᠮᠳᠡᠵᠦ᠂ ᠲᠤᠭ᠎ᠢ ᠮᠠᠨᠳᠤᠭᠤᠯᠬᠤ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠰᠢᠨ᠎ᠡ ᠬᠥᠮᠥᠨ᠎ᠢ ᠬᠥᠮᠥᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ ᠵᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠬᠦ ᠬᠡᠷᠡᠭᠲᠡᠢ᠃ ᠠᠵᠢᠯ᠎ᠤᠨ ᠭᠣᠣᠯ ᠱᠤᠭᠤᠮ ᠵᠶ᠋ᠠᠨ ᠪᠠᠲᠤ ᠴᠢᠩᠭ᠎ᠠ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠣᠯᠭ᠋ᠠᠬᠤ   ᠡᠨᠡ ᠬᠦ᠌ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠦ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠤᠢ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ᠎ᠤᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠵᠤ᠂ ᠳᠤᠮᠳᠠᠳᠤ ᠵᠢᠨ ᠰᠣᠶᠣᠯ ᠵᠶ᠋ᠠᠷ ᠦᠨᠳᠦᠰᠦᠲᠡᠨ᠎ᠤ ᠪᠦᠯᠬᠦᠮᠳᠡᠯ᠎ᠢ ᠤᠮᠳᠠᠯᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠮᠥᠵᠢᠭᠦᠯᠦᠨ ᠬᠥᠲᠥᠯᠥᠨ ᠳᠠᠭ᠋ᠠᠭᠤᠯᠵᠤ᠂ 《ᠭᠤᠷᠪᠠᠨ ᠰᠠᠯᠵᠤ ᠴᠢᠳᠠᠬᠤ ᠦᠭᠡᠢ》 ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠰᠠᠢ᠌ᠲᠤᠷ ᠰᠠᠬᠢᠬᠤ᠎ᠪᠠᠷ ᠴᠢᠷᠮᠠᠢ᠌ᠬᠤ ᠬᠡᠷᠡᠭᠲᠡᠢ᠃ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠴᠢᠩᠭ᠋ᠠᠳᠬᠠᠵᠤ᠂ 《ᠤᠳᠬ᠎ᠠ ᠤᠷᠠᠯᠢᠭ ᠠᠷᠠᠳ ᠲᠦᠮᠡᠨ᠎ᠳᠤ ᠦᠢ᠍ᠯᠡᠴᠢᠯᠡᠵᠦ᠂ ᠨᠡᠢ᠌ᠭᠡᠮ ᠵᠢᠷᠤᠮ᠎ᠳᠤ ᠦᠢ᠍ᠯᠡᠴᠢᠯᠡᠬᠦ》 ᠴᠢᠭᠯᠡᠯ᠂ 《ᠴᠡᠴᠡᠭ ᠪᠦᠬᠦᠨ᠎ᠢ ᠵᠡᠷᠭᠡ᠎ᠪᠠᠷ ᠳᠡᠯᠭᠡᠷᠡᠭᠦᠯᠵᠦ᠂ ᠡᠷᠳᠡᠮᠲᠡᠨ ᠪᠦᠬᠦᠨ᠎ᠢ ᠴᠢᠯᠦᠭᠡᠲᠡᠢ ᠶᠠᠷᠢᠯᠴᠠᠭᠤᠯᠬᠤ》 ᠴᠢᠭᠯᠡᠯᠲᠡ ᠵᠢ ᠪᠠᠷᠢᠮᠲᠠᠯᠠᠵᠤ᠂ ᠳᠠᠭᠤᠤ ᠪᠥᠵᠢᠭᠲᠦ ᠵᠦᠴᠦᠭᠡ 《ᠵᠤᠤ ᠵᠢᠶᠦ᠋ᠨ ᠪᠣᠭᠣᠮᠲᠠ᠎ᠠᠴᠠ ᠭᠠᠷᠬᠤ》᠂ ᠶᠠᠷᠢᠶᠠᠲᠤ ᠵᠦᠴᠦᠭᠡ 《ᠪᠢᠳᠡᠨ᠎ᠤ ᠰᠠᠢ᠌ᠨ ᠰᠠᠢ᠌ᠬᠠᠨ ᠠᠮᠢᠳᠤᠷᠠᠯ》᠂ ᠳᠠᠭᠤᠷᠢ 《ᠵᠢᠩᠭ᠋ᠠᠷ》 ᠵᠡᠷᠭᠡ ᠲᠠᠢ᠌ᠰᠠᠨ᠎ᠤ ᠵᠦᠴᠦᠭᠡ ᠵᠢᠨ ᠵᠣᠬᠢᠶᠠᠨ ᠪᠦᠲᠦᠭᠡᠯᠭᠡ ᠵᠢ ᠳᠡᠭᠡᠭᠰᠢᠯᠡᠭᠦᠯᠬᠦ ᠵᠢ ᠰᠠᠢ᠌ᠲᠤᠷ ᠠᠳᠬᠤᠵᠤ᠂ ᠡᠯ᠎ᠡ ᠲᠦᠷᠦᠯ᠎ᠤᠨ ᠤᠳᠬ᠎ᠠ ᠤᠷᠠᠯᠢᠭ᠎ᠤᠨ ᠠᠵᠢᠯᠯᠠᠭ᠎ᠠ ᠵᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠡᠷᠬᠢᠯᠡᠵᠦ᠂ ᠨᠢᠭᠡ ᠪᠦᠯᠦᠭ ᠰᠣᠳᠣᠨ ᠪᠦᠲᠦᠭᠡᠯ᠎ᠢ ᠳᠡᠯᠭᠡᠨ ᠦᠵᠡᠭᠦᠯᠬᠦ᠂ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ᠂ ᠰᠣᠶᠣᠯ᠎ᠢ ᠬᠠᠮᠲᠤᠪᠠᠷ ᠡᠳ᠋ᠯᠡᠬᠦ ᠪᠠᠶᠠᠷ ᠳᠤᠷᠠᠰᠬᠠᠯ᠎ᠤᠨ ᠲᠦᠷᠦᠯ ᠲᠡᠮᠳᠡᠭ᠎ᠢ ᠡᠭᠦᠳᠴᠦ᠂ ᠰᠢᠨ᠎ᠡ ᠴᠠᠭ ᠦᠶ᠎ᠡ ᠵᠢᠨ ᠳᠠᠭᠤᠤ ᠵᠢ ᠴᠤᠤᠷᠢᠶᠠᠲᠤᠭᠤᠯᠵᠤ᠂ ᠰᠢᠨ᠎ᠡ ᠴᠠᠭ ᠦᠶ᠎ᠡ ᠵᠢᠨ ᠬᠠᠭᠤᠳᠠᠰᠤ ᠵᠢ ᠵᠢᠷᠤᠭᠯᠠᠬᠤ ᠬᠡᠷᠡᠭᠲᠡᠢ᠃ ᠰᠣᠶᠣᠯ᠎ᠤᠨ ᠦᠯᠢᠭᠡᠷ ᠵᠶ᠋ᠡᠨ ᠰᠠᠢ᠌ᠬᠠᠨ ᠶᠠᠷᠢᠵᠤ᠂ ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠬᠤ ᠢᠨᠵᠧᠨᠧᠷᠢᠩ᠎ᠢ ᠭᠦᠨᠵᠡᠭᠡᠢ᠌ᠷᠡᠭᠦᠯᠵᠦ᠂ 《ᠪᠣᠷᠣᠳᠣᠬᠣᠢ ᠣᠷᠣᠨ᠎ᠤ ᠰᠠᠭᠤᠷᠢᠰᠢᠯ ᠬᠢᠭᠡᠳ ᠨᠡᠢ᠌ᠭᠡᠮ᠎ᠤᠨ ᠰᠤᠳᠤᠯᠤᠯ》 《ᠬᠤᠩᠱ᠌ᠠᠨ᠎ᠤ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠤᠯ》 ᠵᠡᠷᠭᠡ ᠬᠠᠭᠤᠴᠢ ᠰᠤᠳᠤᠯᠤᠯ᠎ᠤᠨ ᠳᠤᠮᠳᠠᠳᠤ ᠤᠯᠤᠰ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠳᠡᠮᠵᠢᠨ ᠠᠬᠢᠭᠤᠯᠵᠤ᠂ ᠤᠯᠠᠭ᠋ᠠᠨᠬᠠᠳᠠ ᠬᠣᠲᠠ ᠵᠢᠨ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠵᠢ ᠵᠢᠯᠤᠭᠣᠳᠴᠤ᠂ ᠬᠤᠩᠱ᠌ᠠᠨ ᠰᠣᠶᠣᠯ᠎ᠤᠨ ᠪᠠᠭᠤᠷᠢ ᠵᠢ ᠳᠡᠯᠡᠬᠡᠢ ᠵᠢᠨ ᠰᠣᠶᠣᠯ᠎ᠤᠨ ᠥᠪ ᠵᠶ᠋ᠡᠷ ᠮᠡᠳᠡᠭᠦᠯᠬᠦ᠂ ᠭᠣᠣᠯᠳᠠᠯᠭ᠎ᠠ᠎ᠲᠠᠢ ᠪᠠᠭᠤᠷᠢ᠎ᠳᠤ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ ᠪᠠᠶ᠋ᠢᠭᠤᠯᠬᠤ ᠠᠵᠢᠯ᠎ᠢ ᠰᠠᠢ᠌ᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ᠎ᠳᠤ᠎ᠬᠢ ᠥᠪᠥᠷ ᠮᠣᠩᠭᠣᠯ᠎ᠤᠨ ᠦᠢ᠍ᠯᠡᠳᠦᠯ ᠪᠠ ᠬᠤᠪᠢ ᠨᠡᠮᠡᠷᠢ ᠵᠢ ᠰᠠᠢ᠌ᠲᠤᠷ ᠲᠣᠳᠣᠷᠬᠠᠢ᠌ᠯᠠᠨ ᠲᠠᠢ᠌ᠯᠪᠤᠷᠢᠯᠠᠵᠤ᠂ ᠦᠨᠳᠦᠰᠦᠲᠡᠨ᠎ᠤ ᠢᠲᠡᠭᠡᠯ ᠵᠣᠷᠢᠭ ᠪᠠ ᠰᠣᠶᠣᠯ᠎ᠤᠨ ᠲᠥᠪᠯᠡᠩᠭᠦᠶ ᠬᠦᠴᠦᠨ᠎ᠢ ᠬᠦᠭᠵᠢᠭᠡᠬᠦ ᠬᠡᠷᠡᠭᠲᠡᠢ᠃  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            