ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠬᠡᠷᠬᠢᠨ ᠪᠦᠲᠦᠭᠡᠨ ᠪᠠᠶ᠋ᠢᠭᠤᠯᠬᠤ ᠪᠤᠢ? — ᠡᠷᠬᠡ ᠰᠦᠷᠲᠦ ᠳᠠᠶ᠋ᠢᠯᠪᠤᠷᠢ
ᠨᠡᠶᠢᠲᠡᠯᠡᠭᠰᠡᠨ ᠴᠠᠭ᠄ 2024-08-26

                 
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠶ᠋ᠢᠲᠤᠷ ᠶᠠᠷᠢᠰᠤᠭ᠋ᠠᠢ    
 
     2024 ᠣᠨ᠎ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 25 ᠣᠷᠴᠢᠮ᠎ᠢ ᠪᠠᠶ᠋ᠢᠭᠤᠯᠬᠤ ᠵᠢ ᠳᠠᠮᠵᠢᠨ᠎ᠠ᠃ ᠰᠣᠶᠣᠯ ᠮᠦᠽᠸᠢ ᠵᠢᠨ ᠲᠥᠷᠥᠯ᠂ ᠬᠤᠪᠢᠰᠬᠠᠯ᠎ᠤᠨ ᠳᠤᠷᠠᠰᠬᠠᠯ᠎ᠤᠨ ᠲᠥᠷᠥᠯ᠂ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ᠎ᠲᠠᠢ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠲᠥᠷᠥᠯ ᠬᠤᠪᠢᠶᠠᠨ ᠪᠥᠲᠥᠭᠡᠨ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠥᠬᠦᠶ ᠳᠡᠳ᠋ ᠲᠡᠷᠢᠭᠦᠯᠡᠭᠴᠢ᠎ᠪᠠᠷ ᠬᠤᠤᠰ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠪᠥᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠤᠨ᠎ᠠ᠃ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ 5 ᠵᠢᠯ ᠪᠦᠷᠢ᠎ᠳᠤ ᠨᠢᠭᠡ ᠤᠳᠠᠭ᠎ᠠ ᠰᠢᠯᠭ᠋ᠠᠨ ᠬᠢᠨᠠᠵᠤ ᠪᠠᠳᠤᠯᠠᠨ ᠲᠣᠭᠲᠠᠭ᠋ᠠᠨ᠎ᠠ᠃ ᠬᠤᠶᠠᠷ ᠵᠢᠯ ᠳᠠᠷᠠᠭ᠋ᠠᠯᠠᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠶ᠋ᠢᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠪᠠᠳᠤᠯᠠᠨ ᠲᠣᠭᠲᠠᠭ᠋ᠠᠬᠤ ᠨᠥᠬᠦᠴᠡᠯ᠎ᠳᠤ ᠨᠡᠶ᠋ᠢᠴᠡᠭᠰᠡᠨ ᠥᠬᠡᠶ ᠪᠣᠯᠪᠠᠯ᠂ ᠨᠡᠷᠡᠶ᠋ᠢᠳᠦᠯ᠎ᠢ᠎ᠨᠢ ᠬᠦᠴᠦᠨ ᠥᠬᠡᠶ ᠪᠣᠯᠭ᠋ᠠᠨ᠎ᠠ᠃

      ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠪᠥᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠲᠥᠰᠦᠯ (2023 — 2027 ᠣᠨ)》 (ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠲᠣᠭᠲᠠᠭ᠋ᠠᠨ ᠨᠡᠶ᠋ᠢᠲᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠠᠶ᠋ᠢᠷᠢᠯᠠᠭᠤᠯᠪᠠ᠃
      ᠲᠤᠰ ᠰᠣᠨᠢᠨ᠎ᠤ ᠰᠤᠷᠪᠤᠯᠵᠢᠯᠠᠭᠴᠢ 《ᠲᠥᠰᠦᠯ》᠎ᠢ ᠲᠣᠭᠲᠠᠭ᠋ᠠᠵᠤ ᠨᠡᠶ᠋ᠢᠲᠡᠯᠡᠭᠰᠡᠨ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ᠎ᠢ ᠰᠤᠷᠪᠤᠯᠵᠢᠯᠠᠪᠠ᠃
      ᠰᠤᠷᠪᠤᠯᠵᠢᠯᠠᠭᠴᠢ᠄ ᠲᠠ 《ᠲᠥᠰᠦᠯ》᠎ᠢ ᠨᠡᠶ᠋ᠢᠲᠡᠯᠡᠭᠰᠡᠨ ᠠᠬᠤᠶ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
      ᠭᠤᠤ ᠵᠠᠨ ᠱᠧᠩ᠄ 2021 ᠣᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠭᠦᠨ᠎ᠳᠤ ᠲᠥᠪᠯᠡᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ 2023 ᠣᠨ᠎ᠤ 6 ᠳ᠋ᠤᠭ᠋ᠠᠷ ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠢᠵᠢᠮ ᠮᠥᠨ᠂ ᠮᠦᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠤᠤᠯ ᠰᠢᠵᠢᠮ ᠮᠥᠨ᠃ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠦᠷᠦ ᠵᠢᠨ ᠪᠦᠳᠦᠭᠡᠨ ᠪᠠᠶ᠋ᠢᠭᠤᠯᠤᠯᠲᠠ᠂ ᠰᠣᠶᠣᠯ᠎ᠤᠨ ᠪᠦᠳᠦᠭᠡᠨ ᠪᠠᠶ᠋ᠢᠭᠤᠯᠤᠯᠲᠠ᠂ ᠨᠡᠶ᠋ᠢᠭᠡᠮ᠎ᠤᠨ ᠪᠦᠳᠦᠭᠡᠨ ᠪᠠᠶ᠋ᠢᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠦᠳᠦᠭᠡᠨ ᠪᠠᠶ᠋ᠢᠭᠤᠯᠤᠯᠲᠠ ᠪᠠ ᠨᠠᠮ᠎ᠤᠨ ᠪᠦᠳᠦᠭᠡᠨ ᠪᠠᠶ᠋ᠢᠭᠤᠯᠤᠯᠲᠠ ᠵᠡᠷᠭᠡ ᠵᠢ ᠴᠥᠮ ᠡᠨᠡ ᠬᠦ᠌ ᠭᠤᠣᠯ ᠱᠤᠭᠤᠮ᠎ᠲᠠᠢ ᠨᠢᠬᠳᠠ ᠤᠶᠠᠯᠳᠤᠭᠤᠯᠵᠦ ᠥᠴᠦᠬᠡᠨ ᠴᠦ᠍ ᠬᠡᠯᠪᠡᠶ᠋ᠢᠯᠭᠡᠯᠡᠬᠦ ᠦᠬᠡᠢ ᠪᠠᠶ᠋ᠢᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠡ ᠬᠤᠷᠠᠯ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠲᠤᠬᠠᠢ ᠲᠣᠭᠲᠠᠭ᠋ᠠᠯ》᠎ᠢ ᠬᠢᠨᠠᠨ ᠵᠦᠪᠯᠡᠨ ᠪᠠᠳᠤᠯᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ》 ᠭᠡᠵᠦ ᠳᠤᠷᠠᠳᠴᠤ᠂ ᠪᠦᠬᠦ ᠣᠷᠣᠨ ᠳᠠᠶᠠᠭ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠡᠯ᠎ᠡ ᠲᠦᠷᠦᠯ᠎ᠤᠨ ᠠᠵᠢᠯ᠎ᠳᠤ᠎ᠪᠠᠨ ᠲᠤᠭᠤᠰᠢᠯᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
      ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠥᠪ ᠵᠢᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠢ ᠴᠢᠨᠠᠷ ᠰᠠᠶ᠋ᠢᠲᠠᠶ ᠪᠡᠶᠡᠯᠡᠭᠦᠯᠬᠦ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠪᠦᠬᠦ ᠨᠡᠶ᠋ᠢᠭᠡᠮ ᠪᠣᠯᠤᠨ ᠦᠨᠳᠦᠰᠦᠲᠡᠨ᠎ᠨᠦᠭᠦᠳ᠎ᠲᠤ ᠬᠠᠨᠳᠤᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠪᠤᠳᠠᠲᠠᠢ ᠲᠦᠷᠦᠭᠳᠡᠯ᠎ᠲᠠᠢ ᠪᠦᠳᠦᠮᠵᠢᠳᠠᠢ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ 《ᠲᠥᠰᠦᠯ》᠎ᠢ ᠲᠣᠭᠲᠠᠭ᠋ᠠᠨ ᠨᠡᠶ᠋ᠢᠳᠡᠯᠡᠵᠦ᠂ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠳᠤ ᠪᠠᠶ᠋ᠢᠷᠢᠯᠠᠭᠤᠯᠤᠯᠲᠠ ᠬᠢᠪᠡ᠃
      ᠰᠤᠷᠪᠤᠯᠵᠢᠯᠠᠭᠴᠢ᠄ 《ᠲᠥᠰᠦᠯ》᠎ᠳᠤ ᠶᠠᠮᠠᠷ ᠶᠠᠮᠠᠷ ᠭᠤᠤᠯ ᠠᠭᠤᠯᠭ᠎ᠠ ᠪᠠᠶ᠋ᠢᠬᠤ ᠪᠣᠶ? ᠶᠠᠮᠠᠷ ᠶᠡᠷᠦᠩᠬᠡᠶ ᠬᠠᠷᠠᠯᠲᠠ᠎ᠳᠤ ᠬᠦᠷᠭᠡᠬᠦ ᠪᠣᠶ?
      ᠭᠤᠤ ᠵᠠᠨ ᠱᠧᠩ᠄ 《ᠲᠥᠰᠦᠯ》᠎ᠳᠤ ᠭᠤᠤᠯᠳᠠᠭᠤ ᠵᠢᠯᠣᠭᠤᠳᠬᠤ ᠦᠵᠡᠯ ᠰᠠᠨᠠᠭ᠎ᠠ᠂ ᠠᠵᠢᠯ᠎ᠤᠨ ᠵᠠᠷᠴᠢᠮ᠂ ᠶᠡᠷᠦᠩᠬᠡᠶ ᠬᠠᠷᠠᠯᠲᠠ᠂ ᠲᠥᠷᠥᠯ ᠬᠤᠪᠢᠶᠠᠨ ᠠᠬᠢᠭᠤᠯᠬᠤ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠡᠷᠭᠡ ᠲᠤᠯᠤᠭ᠋ᠠᠨ ᠬᠡᠰᠡᠭ ᠠᠭᠤᠯᠭ᠎ᠠ ᠵᠢ ᠪᠠᠭᠲᠠᠭ᠋ᠠᠨ᠎ᠠ᠃ 《ᠲᠥᠰᠦᠯ》᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠤᠣᠯ ᠰᠢᠵᠢᠮ᠎ᠢ ᠴᠢᠩᠭ᠎ᠠ ᠮᠦᠷᠳᠡᠵᠦ᠂ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠰᠠᠭᠤᠷᠢᠨ ᠭᠠᠵᠠᠷ᠎ᠤᠨ ᠤᠬᠠᠭᠤᠯᠭ᠎ᠠ᠂ ᠬᠥᠮᠦᠵᠢᠯ᠂ ᠦᠢ᠍ᠯᠡᠳᠦᠯᠭᠡ᠂ ᠪᠣᠯᠪᠠᠰᠤᠷᠠᠭᠤᠯᠤᠯ ᠵᠡᠷᠭᠡ ᠭᠤᠣᠯᠯᠠᠬᠤ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠪᠣᠳᠠᠲᠤ ᠪᠦᠲᠦᠮᠵᠢ᠎ᠪᠠᠷ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠬᠢᠨᠠᠬᠤ ᠭᠤᠣᠯ ᠪᠠᠷᠢᠮᠵᠢᠶ᠎ᠠ ᠪᠣᠯᠭ᠋ᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠳᠠᠯᠠᠵᠤ᠂ ᠬᠥᠳᠡᠯᠦᠩᠭᠦᠶ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠨ ᠰᠢᠯᠭ᠋ᠠᠬᠤ ᠪᠠᠷᠢᠮᠵᠢᠶ᠎ᠠ ᠵᠢ ᠨᠠᠷᠢᠯᠢᠭᠵᠢᠭᠤᠯᠵᠤ᠂ ᠦᠨᠡᠯᠡᠨ ᠵᠢᠱ᠌ᠢᠬᠦ ᠰᠢᠰᠲ᠋ᠧᠮ᠎ᠢ ᠰᠢᠯᠢᠳᠡᠭᠵᠢᠭᠦᠯᠵᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠶ ᠳᠡᠬᠡᠭᠰᠢᠯᠡᠬᠦᠯᠬᠦ ᠪᠤᠯᠤᠨ᠎ᠠ᠃
     《ᠲᠥᠰᠦᠯ》᠎ᠳᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠨᠢ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ᠎ᠲᠠᠭᠠᠨ ᠤᠷᠤᠭᠰᠢᠯᠠᠬᠤ᠂ ᠶᠡᠷᠦᠩᠬᠡᠢ ᠱᠦᠵᠢ ᠰᠢ ᠵᠢᠨ ᠫᠢᠩ᠎ᠢ ᠳᠠᠭ᠋ᠠᠵᠦ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠎ᠪᠠᠷ ᠦᠨᠳᠦᠰᠦᠨ ᠤᠯᠤᠰ ᠲᠦᠷᠦ ᠵᠢᠨ ᠤᠷᠢᠲᠠᠯ ᠪᠤᠯᠭ᠋ᠠᠵᠤ᠂ ᠭᠤᠣᠯ ᠰᠢᠵᠢᠮ᠎ᠢ ᠴᠢᠩᠭ᠎ᠠ ᠠᠳᠬᠤᠬᠤ᠂ ᠥᠪᠡᠷᠲᠡᠭᠡᠨ ᠵᠠᠰᠠᠬᠤ ᠣᠷᠣᠨ᠎ᠤ ᠣᠳᠣ ᠪᠠᠶ᠋ᠢᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠪᠣᠯᠤᠨ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ᠂ ᠦᠵᠡᠰᠬᠦᠯᠡᠩ᠎ᠤᠨ ᠣᠷᠳᠣᠨ᠂ ᠭᠤᠤᠯ ᠰᠡᠳᠦᠪᠲᠦ ᠴᠡᠴᠡᠷᠯᠢᠭ ᠵᠡᠷᠭᠡ ᠲᠠᠯᠠᠪᠤᠷ᠎ᠢ ᠬᠦᠢ᠍ᠴᠡᠳ ᠠᠰᠢᠭᠯᠠᠵᠤ᠂ ᠪᠣᠳᠠᠲᠤ ᠦᠵᠡᠬᠦᠯᠬᠡ᠂ ᠬᠦᠷᠦᠭ ᠵᠢᠷᠤᠭ ᠵᠶ᠋ᠠᠷ ᠳᠠᠬᠢᠨ ᠢᠯᠡᠷᠡᠬᠦᠯᠬᠦ᠂ ᠦᠵᠡᠭᠳᠡᠯ᠎ᠢ ᠳᠠᠬᠢᠨ ᠰᠡᠷᠬᠦᠬᠡᠬᠦ᠂ ᠪᠡᠶᠡᠴᠢᠯᠡᠨ ᠤᠷᠤᠯᠴᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ᠎ᠪᠠᠷ ᠭᠦᠨᠵᠡᠭᠡᠶ ᠠᠭᠤᠳᠠᠯᠬᠤ᠂ ᠡᠮᠬᠢᠯᠡᠬᠦ᠂ ᠡᠯ᠎ᠡ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠰᠣᠶᠣᠯ᠎ᠤᠨ ᠡᠬᠢ ᠪᠠᠶᠠᠯᠢᠭ ᠪᠠ ᠬᠤᠪᠢᠰᠬᠠᠯᠲᠤ ᠤᠳᠤᠮᠰᠢᠯ᠎ᠢ ᠳᠡᠯᠭᠡᠨ ᠦᠵᠡᠬᠦᠯᠵᠦ᠂ ᠢᠳᠡᠪᠬᠢ ᠬᠦᠴᠦᠨ᠎ᠢ ᠪᠠᠳᠠᠷᠠᠭᠤᠯᠵᠤ᠂ ᠭᠤᠣᠯ ᠬᠦᠭ ᠠᠶᠠᠰ᠎ᠢ ᠴᠤᠤᠷᠢᠶᠠᠳᠤᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠰᠠᠶ᠋ᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠠᠮᠢᠳᠤᠯᠢᠭ ᠦᠢ᠍ᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ᠎ᠢ ᠪᠦᠳᠦᠬᠡᠨ ᠪᠠᠶ᠋ᠢᠭᠤᠯᠬᠤ ᠬᠡᠷᠡᠭᠳᠡᠢ ᠬᠡᠵᠦ ᠱᠠᠭ᠋ᠠᠷᠳᠠᠪᠠ᠃
     《ᠲᠥᠰᠦᠯ》᠎ᠳᠤ᠂ 2024 ᠣᠨ᠎ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ 25 ᠣᠷᠴᠢᠮ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠢ ᠪᠠᠶ᠋ᠢᠭᠤᠯᠬᠤ ᠵᠢ ᠳᠠᠮᠵᠢᠨ᠎ᠠ᠃ 2027 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 100 ᠢᠯᠡᠭᠦᠦ ᠪᠠᠶ᠋ᠢᠭᠤᠯᠵᠤ᠂ ᠠᠶ᠋ᠢᠮᠠᠭ ᠬᠤᠲᠠ᠂ ᠬᠤᠰᠢᠭᠤ ᠰᠢᠶᠠᠨ᠎ᠤ ᠱᠠᠲᠤᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 500 ᠢᠯᠡᠭᠦᠤ ᠵᠢ ᠪᠠᠶ᠋ᠢᠭᠤᠯᠵᠤ᠂ ᠪᠦᠬᠦ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠰᠢᠰᠲ᠋ᠧᠮ᠎ᠢ ᠠᠩᠬ᠎ᠠ ᠠᠯᠬᠤᠮ ᠪᠠᠶ᠋ᠢᠭᠤᠯᠤᠨ᠎ᠠ᠃ ᠡᠯ᠎ᠡ ᠰᠠᠭᠤᠷᠢᠨ ᠭᠠᠵᠠᠷ᠎ᠨᠢ ᠪᠦᠲᠦᠮᠵᠢᠲᠡᠶ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ᠎ᠪᠠᠷ ᠳᠠᠮᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠵᠤ᠂ 《ᠭᠤᠷᠪᠠᠨ ᠰᠠᠯᠵᠦ ᠪᠣᠯᠣᠰᠢ ᠦᠬᠡᠢ》᠂ 《ᠳᠥᠷᠪᠡ ᠵᠢ ᠬᠠᠮᠳᠤᠳᠬᠠᠬᠤ》᠂ 《ᠳᠠᠪᠤᠨ ᠢᠵᠢᠯᠢᠰᠢᠯ》 ᠵᠡᠷᠭᠡ ᠦᠵᠡᠯ ᠰᠠᠨᠠᠭ᠋ᠠᠨ᠎ᠤ ᠣᠶ᠋ᠢᠯᠠᠭ᠋ᠠᠭᠳᠠᠬᠤᠨ᠎ᠢ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠡᠳᠬᠢᠯ᠎ᠤᠨ ᠭᠦᠨ᠎ᠳᠤ ᠦᠨᠳᠦᠰᠦᠯᠡᠬᠦᠯᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ᠎ᠤ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠶ᠋ᠢᠭᠤᠯᠤᠨ᠎ᠠ ᠬᠡᠵᠦ ᠲᠤᠳᠤᠷᠬᠠᠶ᠋ᠢᠯᠠᠪᠠ᠃
      ᠰᠤᠷᠪᠤᠯᠵᠢᠯᠠᠭᠴᠢ᠄ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠬᠡᠷᠬᠢᠨ ᠰᠠᠶ᠋ᠢᠲᠤᠷ ᠲᠥᠷᠥᠯ ᠬᠤᠪᠢᠶᠠᠨ ᠠᠬᠢᠭᠤᠯᠬᠤ ᠪᠣᠶ?
      ᠭᠤᠤ ᠵᠠᠨ ᠱᠧᠩ᠄ ᠪᠥᠬᠦ ᠣᠷᠣᠨ᠎ᠤ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠪᠢᠳᠡ ᠰᠣᠶᠣᠯ ᠮᠦᠽᠧᠶ ᠵᠢᠨ ᠲᠥᠷᠥᠯ᠂ ᠬᠤᠪᠢᠰᠬᠠᠯ᠎ᠤᠨ ᠳᠤᠷᠠᠰᠬᠠᠯ᠎ᠤᠨ ᠲᠥᠷᠥᠯ᠂ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ᠎ᠲᠠᠢ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠲᠥᠷᠥᠯ ᠬᠤᠪᠢᠶᠠᠨ ᠪᠥᠲᠥᠭᠡᠨ ᠪᠠᠶ᠋ᠢᠭᠤᠯᠤᠨ᠎ᠠ᠃
      ᠰᠣᠶᠣᠯ ᠮᠦᠽᠧᠶ ᠵᠢᠨ ᠲᠥᠷᠥᠯ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠨᠢ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ᠂ ᠰᠣᠶᠣᠯ᠎ᠤᠨ ᠣᠷᠳᠣᠨ᠂ ᠤᠷᠠᠯᠢᠭ᠎ᠤᠨ ᠣᠷᠳᠣᠨ᠂ ᠰᠣᠶᠣᠯ ᠢᠷᠭᠡᠨᠰᠢᠯ᠎ᠤᠨ ᠦᠵᠡᠮᠵᠢ ᠵᠡᠷᠭᠡ ᠣᠯᠠᠨ ᠨᠡᠶ᠋ᠢᠲᠡ ᠵᠢᠨ ᠰᠣᠶᠣᠯ᠎ᠤᠨ ᠲᠥᠬᠦᠭᠡᠷᠦᠮᠵᠢ᠎ᠳᠤ ᠲᠦᠰᠢᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠣᠶᠣᠯ᠎ᠤᠨ ᠠᠭᠤᠯᠤᠭᠳᠠᠬᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠲᠡᠦᠬᠡ ᠵᠢᠨ ᠳᠤᠷᠠᠰᠬᠠᠯᠲᠤ ᠵᠦᠶᠯᠡᠰ᠎ᠤᠨ ᠳᠡᠯᠭᠡᠨ ᠦᠵᠡᠭᠦᠯᠭᠡ᠂ ᠤᠷᠠᠨ ᠰᠠᠶ᠋ᠢᠬᠠᠨ᠎ᠤ ᠲᠣᠭᠯᠠᠯᠲᠠ᠂ ᠰᠣᠶᠣᠯ᠎ᠤᠨ ᠲᠠᠶ᠋ᠢᠯᠪᠤᠷᠢᠯᠠᠯᠲᠠ ᠵᠡᠷᠭᠡ ᠠᠷᠭ᠎ᠠ ᠬᠡᠯᠪᠡᠷᠢ ᠵᠢ ᠠᠰᠢᠭᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠵᠣᠷᠢᠭ ᠰᠠᠨᠠᠭ᠎ᠠ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠰᠠᠶ᠋ᠢᠳᠤᠷ ᠶᠠᠷᠢᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠶ᠋ᠢᠨ ᠬᠡᠪ ᠰᠤᠷᠲᠠᠯ᠎ᠢ ᠪᠠᠳᠠᠷᠠᠭᠤᠯᠤᠨ᠎ᠠ᠃
      ᠬᠤᠪᠢᠰᠬᠠᠯ᠎ᠤᠨ ᠳᠤᠷᠠᠰᠬᠠᠯ᠎ᠤᠨ ᠲᠥᠷᠥᠯ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠨᠢ ᠬᠤᠪᠢᠰᠬᠠᠯ᠎ᠤᠨ ᠳᠤᠷᠠᠰᠬᠠᠯ᠎ᠤᠨ ᠣᠷᠳᠣᠨ᠂ ᠬᠤᠪᠢᠰᠬᠠᠯ᠎ᠤᠨ ᠪᠠᠭᠤᠷᠢ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ᠎ᠳᠤ ᠲᠦᠰᠢᠭᠯᠡᠵᠦ᠂ ᠤᠯᠤᠰ ᠵᠶ᠋ᠠᠨ ᠬᠠᠶ᠋ᠢᠷᠠᠯᠠᠵᠤ ᠴᠡᠷᠢᠭ ᠵᠶ᠋ᠠᠨ ᠬᠦᠷᠢᠶᠡᠯᠡᠵᠦ᠂ ᠵᠠᠰᠠᠭ ᠵᠶ᠋ᠠᠨ ᠳᠠᠮᠵᠢᠵᠤ ᠢᠷᠬᠡᠳ ᠵᠶ᠋ᠠᠨ ᠬᠠᠶ᠋ᠢᠷᠠᠯᠠᠭᠰᠠᠨ ᠲᠡᠷᠢᠭᠦᠨ᠎ᠤ ᠨᠡᠶ᠋ᠢᠲᠡᠯᠢᠭ ᠦᠶᠯᠡ ᠠᠵᠢᠯᠯᠠᠭ᠎ᠠ ᠵᠢ ᠥᠷᠭᠡᠨ ᠵᠶ᠋ᠠᠷ ᠤᠬᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠤᠯᠤᠰ ᠵᠶ᠋ᠠᠨ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ ᠵᠢ ᠬᠦᠭᠵᠢᠬᠡᠵᠦ᠂ ᠦᠨᠳᠦᠰᠦᠲᠡᠨ᠎ᠨᠦᠭᠦᠳ᠎ᠤᠨ ᠡᠬᠡ ᠤᠯᠤᠰ᠎ᠤᠨ ᠤᠮᠠᠷᠠᠲᠤ ᠬᠢᠯᠢ ᠵᠢ ᠬᠠᠮᠳᠤ᠎ᠪᠠᠷ ᠰᠠᠶ᠋ᠢᠲᠤᠷ ᠰᠠᠬᠢᠨ ᠬᠠᠮᠠᠭ᠋ᠠᠯᠠᠳᠠᠭ ᠦᠨᠳᠦᠰᠦᠲᠡᠨ ᠎ᠤ ᠪᠦᠯᠬᠦᠮᠳᠡᠯ᠎ᠤᠨ ᠣᠷᠳᠣ ᠴᠠᠭ᠋ᠠᠨ ᠬᠡᠷᠡᠮ᠎ᠢ ᠪᠠᠶ᠋ᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃
      ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠲᠥᠷᠥᠯ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠨᠢ ᠬᠤᠲᠠ ᠵᠢᠨ ᠨᠡᠶ᠋ᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ᠎ᠤ ᠭᠠᠴᠠᠭ᠎ᠠ ᠲᠣᠰᠬᠤᠨ᠂ ᠠᠵᠤ ᠠᠬᠤᠶ᠋ᠢᠯᠠᠯ ᠠᠵᠢᠯ ᠦᠶᠯᠡᠰ᠎ᠤᠨ ᠨᠢᠬᠡᠴᠢ᠎ᠳᠤ ᠲᠦᠰᠢᠭᠯᠡᠵᠦ᠂ ᠬᠠᠷᠢᠯᠴᠠᠨ ᠰᠢᠬᠢᠳᠬᠡᠯᠳᠦ ᠮᠠᠶᠢᠭ ᠎ᠤᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠤ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠮᠳᠤ᠎ᠪᠠᠷ ᠠᠳᠠᠯ ᠦᠶᠯᠡᠰ ᠴᠣᠭᠴᠠᠯᠠᠬᠤ᠂ ᠶᠠᠳᠠᠭᠤ ᠬᠦᠴᠢᠷᠳᠡᠯᠲᠡᠶ ᠵᠢ ᠲᠤᠰᠠᠯᠠᠨ ᠳᠡᠮᠵᠢᠬᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ (ᠨᠢᠬᠡᠴᠢ)᠎ᠢ ᠡᠭᠦᠳᠦᠨ ᠪᠠᠶ᠋ᠢᠭᠤᠯᠤᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠳᠤ᠎ᠪᠠᠷ ᠣᠷᠣᠰᠢᠨ ᠰᠠᠭᠤᠷᠢᠰᠢᠬᠤ ᠬᠠᠮᠳᠤ᠎ᠪᠠᠷ ᠰᠤᠷᠤᠯᠴᠠᠬᠤ᠂ ᠬᠠᠮᠳᠤ᠎ᠪᠠᠷ ᠪᠠᠶ᠋ᠢᠭᠤᠯᠬᠤ ᠬᠠᠮᠳᠤ᠎ᠪᠠᠷ ᠭᠥᠷᠳᠡᠬᠦ᠂ ᠬᠠᠮᠳᠤ᠎ᠪᠠᠷ ᠠᠵᠢᠯᠯᠠᠬᠤ ᠬᠠᠮᠳᠤ᠎ᠪᠠᠷ ᠵᠢᠷᠭ᠋ᠠᠬᠤ ᠨᠡᠶ᠋ᠢᠭᠡᠮ᠎ᠤᠨ ᠤᠷᠴᠢᠨ ᠨᠥᠬᠦᠴᠡᠯ᠎ᠢ ᠪᠦᠷᠢᠯᠳᠦᠭᠦᠯᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠳᠠᠲᠠᠢ ᠲᠦᠷᠦᠭᠳᠡᠯ ᠎ᠲᠠᠢ ᠪᠦᠲᠦᠮᠵᠢᠲᠡᠶ᠎ᠪᠠᠷ ᠪᠠᠳᠤᠳᠬᠠᠨ᠎ᠠ᠃
      ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠲᠦᠯᠬᠢᠨ ᠠᠬᠢᠭᠤᠯᠬᠤ ᠶᠠᠪᠤᠴᠠ᠎ᠳᠤ᠂ ᠪᠢᠳᠡ ᠵᠦᠢ ᠵᠣᠬᠢᠰᠲᠠᠶ ᠪᠠᠶ᠋ᠢᠷᠢᠯᠠᠭᠤᠯᠬᠤ ᠵᠢ ᠪᠣᠳᠣᠯᠬᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠵᠶ᠋ᠠᠷ ᠤᠬᠠᠭᠤᠯᠭ᠎ᠠ ᠬᠥᠮᠦᠵᠢᠯ ᠪᠣᠯᠤᠨ ᠦᠢ᠍ᠯᠡᠴᠢᠯᠡᠬᠦ ᠡᠲᠡᠭᠡᠳ ᠵᠶ᠋ᠠᠨ ᠪᠣᠯᠭ᠋ᠠᠵᠤ᠂ ᠣᠷᠣᠨ ᠪᠦᠰᠡ᠂ ᠠᠵᠢᠯ ᠲᠥᠷᠥᠯ᠂ ᠬᠥᠮᠦᠨ ᠠᠮᠠ ᠵᠢᠨ ᠲᠠᠷᠬᠠᠯᠲᠠ ᠵᠢᠨ ᠣᠨᠴᠠᠯᠢᠭ ᠪᠣᠯᠤᠨ ᠲᠡᠦᠬᠡ ᠰᠤᠶᠤᠯ᠎ᠤᠨ ᠡᠬᠢ ᠪᠠᠶᠠᠯᠢᠭ᠎ᠢ ᠭᠦᠢ᠍ᠴᠡᠳ ᠪᠤᠳᠤᠯᠬᠢᠯᠠᠵᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠵᠦᠢ ᠵᠣᠬᠢᠰᠲᠠᠶ ᠪᠠᠶ᠋ᠢᠷᠢᠯᠠᠭᠤᠯᠵᠤ᠂ ᠨᠢᠭᠡᠳᠦᠯᠲᠡᠶ ᠲᠦᠯᠦᠪᠵᠢᠬᠦᠯᠵᠦ᠂ ᠪᠦᠬᠦᠯᠢ ᠴᠣᠭᠴᠠ ᠎ᠪᠠᠷ᠎ᠨᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠪᠦᠬᠦ ᠣᠷᠣᠨ ᠪᠦᠰᠡ ᠵᠢ ᠬᠠᠮᠤᠷᠴᠦ᠂ ᠪᠦᠬᠦ ᠠᠷᠠᠳ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠰᠢᠰᠲ᠋ᠧᠮ᠎ᠢ ᠪᠠᠶ᠋ᠢᠭᠤᠯᠬᠤ ᠬᠡᠷᠡᠭᠲᠡᠶ ᠭᠡᠵᠦ ᠳᠤᠷᠠᠳᠪᠠ᠃ ᠡᠯ᠎ᠡ ᠭᠠᠵᠠᠷ᠎ᠤᠨ᠎ᠬᠢᠨ ᠳᠠᠪᠠᠭᠤᠯᠢᠭ ᠲᠠᠯ᠎ᠠ᠎ᠪᠠᠨ ᠪᠠᠳᠠᠷᠠᠭᠤᠯᠤᠨ ᠬᠦᠷᠦᠯᠴᠡᠬᠦ ᠦᠭᠡᠶ ᠲᠠᠯ᠎ᠠ᠎ᠪᠠᠨ ᠨᠥᠬᠦᠪᠥᠷᠢᠯᠡᠵᠦ᠂ ᠴᠢᠳᠠᠮᠵᠢ᠎ᠪᠠᠨ ᠳᠡᠬᠦᠯᠳᠡᠷᠵᠢᠬᠦᠯᠵᠦ᠂ ᠠᠳᠠᠯᠢ ᠪᠤᠰᠤ ᠲᠥᠷᠥᠯ ᠬᠡᠯᠪᠡᠷᠢ ᠵᠢᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠠᠷᠢᠯᠴᠠᠨ ᠨᠥᠬᠦᠪᠥᠷᠢᠯᠡᠬᠦ ᠪᠠᠶ᠋ᠢᠷᠢᠰᠢᠯ᠎ᠢ ᠪᠣᠶ ᠪᠣᠯᠭ᠋ᠠᠬᠤ ᠬᠡᠷᠡᠭᠲᠡᠶ᠃ ᠡᠯ᠎ᠡ ᠲᠥᠷᠥᠯ᠎ᠤᠨ ᠰᠠᠭᠤᠷᠢᠨ ᠭᠠᠵᠠᠷ᠎ᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠮᠡᠳᠡᠭᠡ ᠵᠠᠩᠭᠢᠴᠢᠯᠠᠬᠤ᠂ ᠳ᠋ᠢᠵᠢᠲ᠋ᠠᠯᠵᠢᠭᠤᠯᠬᠤ᠂ ᠲᠣᠣᠷ ᠰᠦᠯᠵᠢᠶᠡᠵᠢᠭᠦᠯᠬᠦ ᠪᠠᠶ᠋ᠢᠭᠤᠯᠤᠯᠲᠠ ᠵᠢ ᠠᠬᠢᠭᠤᠯᠵᠤ᠂ ᠣᠨᠴᠠᠯᠢᠭ᠎ᠲᠠᠢ᠂ ᠭᠢᠯᠠᠰ ᠴᠡᠭ᠎ᠲᠠᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠰᠢᠨ᠎ᠡ ᠵᠢ ᠡᠭᠦᠳᠴᠦ᠂ ᠨᠥᠯᠥᠭᠡᠯᠡᠬᠦ ᠬᠦᠴᠦᠨ᠎ᠢ᠎ᠨᠢ ᠬᠠᠮᠤᠭ ᠎ᠤᠨ ᠶᠡᠭᠡ ᠬᠡᠮᠵᠢᠶ᠎ᠡ᠎ᠪᠠᠷ ᠨᠡᠮᠡᠭᠳᠡᠭᠦᠯᠦᠨ᠎ᠡ᠃
      ᠰᠤᠷᠪᠤᠯᠵᠢᠯᠠᠭᠴᠢ᠄ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠲᠠᠯ᠎ᠠ᠎ᠪᠠᠷ ᠶᠠᠮᠠᠷ ᠬᠡᠯᠪᠡᠷᠢ ᠵᠢᠨ ᠲᠤᠷᠰᠢᠯᠭ᠎ᠠ ᠪᠤᠯᠤᠨ ᠠᠷᠭ᠎ᠠ ᠬᠢᠳᠠᠯ ᠪᠠᠶ᠋ᠢᠬᠤ ᠪᠣᠶ?
      ᠭᠤᠤ ᠵᠠᠨ ᠱᠧᠩ᠄ ᠠᠵᠢᠯ ᠵᠶ᠋ᠠᠨ ᠨᠡᠩ ᠰᠠᠶ᠋ᠢᠲᠤᠷ ᠠᠬᠢᠭᠤᠯᠬᠤ ᠵᠢᠨ ᠲᠥᠯᠥᠭᠡ᠂ ᠪᠢᠳᠠ ᠲᠤᠰᠬᠠᠶ᠋ᠢᠯᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠲᠡᠷᠢᠭᠦᠯᠡᠭᠴᠢ᠎ᠪᠠᠷ ᠬᠤᠤᠰ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠪᠠ᠃ ᠡᠯ᠎ᠡ ᠠᠶ᠋ᠢᠮᠠᠭ ᠬᠤᠲᠠ ᠵᠢᠨ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠦᠨᠳᠦᠰᠦᠲᠡᠨ᠎ᠤ ᠵᠥᠪᠯᠡᠯ ᠴᠦ᠍ ᠵᠣᠬᠢᠴᠠᠩᠭᠤᠶ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠᠶ᠋ᠢᠭᠤᠯᠵᠤ᠂ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠳᠠᠯᠠᠵᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠵᠢᠯᠣᠭᠤᠳᠤᠨ ᠪᠦᠬᠦ ᠨᠡᠶ᠋ᠢᠭᠡᠮ᠎ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠵᠦ᠂ ᠲᠡᠷᠢᠭᠦᠨ᠎ᠤ ᠨᠡᠶ᠋ᠢᠲᠡᠯᠢᠭ ᠲᠤᠷᠰᠢᠯᠭ᠎ᠠ ᠵᠢ ᠪᠣᠶ᠋ᠢᠵᠢᠭᠤᠯᠤᠨ ᠳᠡᠯᠭᠡᠷᠡᠭᠦᠯᠵᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠦ ᠪᠤᠢ᠃
      ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠠᠯᠬᠤᠮ ᠳᠠᠷᠠᠭ᠎ᠠ᠎ᠳᠤ ᠭᠤᠣᠯᠳᠠᠭᠤ᠂ ᠲᠠᠨᠢᠯᠴᠠᠭᠤᠯᠤᠨ ᠳᠡᠪᠰᠢᠭᠦᠯᠬᠦ᠂ ᠠᠩᠬ᠎ᠠ ᠰᠢᠯᠭ᠋ᠠᠬᠤ᠂ ᠬᠢᠨᠠᠨ ᠲᠣᠭᠲᠠᠭ᠋ᠠᠬᠤ᠂ ᠨᠡᠷᠡᠶ᠋ᠢᠳᠬᠦ ᠵᠡᠷᠭᠡ 4 ᠱᠠᠲᠤ ᠪᠠᠭᠲᠠᠨ᠎ᠠ᠃ ᠪᠢᠳᠡ ᠰᠠᠭᠤᠷᠢᠨ ᠭᠠᠵᠠᠷ᠎ᠢ ᠪᠠᠳᠤᠯᠠᠨ ᠲᠣᠭᠲᠠᠭ᠋ᠠᠬᠤ ᠨᠠᠷᠢᠨ ᠲᠣᠳᠣᠷᠬᠠᠶ ᠨᠥᠬᠦᠴᠡᠯ᠎ᠢ ᠲᠣᠭᠲᠠᠭ᠋ᠠᠵᠤ᠂ ᠠᠩᠬᠠᠨ᠎ᠤ ᠰᠢᠯᠭ᠋ᠠᠯᠲᠠ ᠵᠢ ᠥᠩᠭᠡᠷᠡᠭᠦᠯᠦᠭᠰᠡᠨ ᠰᠠᠭᠤᠷᠢᠨ ᠭᠠᠵᠠᠷ᠎ᠲᠤ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠦᠨᠡᠯᠡᠯᠲᠡ ᠬᠢᠯᠭᠡᠵᠦ᠂ ᠳᠡᠯᠭᠡᠨ ᠦᠵᠡᠭᠦᠯᠬᠦ ᠠᠭᠤᠯᠭ᠎ᠠ ᠵᠢ ᠴᠢᠩᠭ᠎ᠠ ᠠᠳᠬᠤᠵᠤ᠂ ᠬᠠᠮᠤᠭ ᠡᠴᠦᠰ᠎ᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠨᠡᠷᠡᠶ᠋ᠢᠳᠬᠦ᠎ᠪᠠᠷ ᠪᠠᠶ᠋ᠢᠭ᠎ᠠ ᠰᠠᠭᠤᠷᠢᠨ ᠭᠠᠵᠠᠷ᠎ᠲᠤ 《ᠪᠥᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ》 ᠬᠡᠬᠦ ᠫᠠᠶ᠋ᠢᠰᠠ ᠤᠯᠭᠤᠬᠤ ᠪᠤᠯᠤᠨ᠎ᠠ᠃
      ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ 5 ᠵᠢᠯ ᠪᠦᠷᠢ᠎ᠳᠤ ᠨᠢᠭᠡ ᠤᠳᠠᠭ᠎ᠠ ᠰᠢᠯᠭ᠋ᠠᠨ ᠬᠢᠨᠠᠵᠤ ᠪᠠᠳᠤᠯᠠᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠵᠢᠯ ᠪᠦᠷᠢ ᠪᠦᠬᠦ ᠣᠷᠣᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠣᠨ᠎ᠤ ᠬᠢᠨᠠᠨ ᠰᠢᠯᠭ᠋ᠠᠯᠲᠠ ᠬᠢᠵᠦ᠂ ᠣᠨ᠎ᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠶ ᠪᠣᠯ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠤᠨ᠎ᠠ; ᠬᠤᠶᠠᠷ ᠵᠢᠯ ᠳᠠᠷᠠᠭ᠋ᠠᠯᠠᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠶ᠋ᠢᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠪᠠᠳᠤᠯᠠᠨ ᠲᠣᠭᠲᠠᠭ᠋ᠠᠬᠤ ᠨᠥᠬᠦᠴᠡᠯ᠎ᠳᠤ ᠨᠡᠶ᠋ᠢᠴᠡᠭᠰᠡᠨ ᠥᠬᠡᠶ ᠪᠣᠯᠪᠠᠯ ᠨᠡᠷᠡᠶ᠋ᠢᠳᠦᠯ᠎ᠢ᠎ᠨᠢ ᠬᠦᠴᠦᠨ ᠥᠬᠡᠶ ᠪᠣᠯᠭ᠋ᠠᠨ᠎ᠠ᠃
 

ᠢᠷᠡᠯᠲᠡ᠄ ᠦᠪᠦᠷ ᠮᠣᠩᠭᠤᠯ᠎ᠤᠨ ᠦᠨᠳᠦᠰᠦᠲᠡᠨ ᠰᠡᠳᠬᠦᠯ ᠸᠢᠴᠠᠲ ᠤᠯᠠᠨ ᠨᠡᠶ᠋ᠢᠳᠡ ᠵᠢᠨ ᠳ᠋ᠤᠭ᠋ᠠᠷ
          
ᠬᠠᠮᠢᠶ᠎ᠡ ᠪᠦᠬᠦᠢ ᠰᠣᠨᠢᠨ
 
            