ᠣᠳᠣᠬᠠᠨ᠎ᠤ ᠰᠣᠶᠣᠯ᠎ᠤᠨ ᠠᠵᠤ ᠦᠢ᠍ᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠠᠵᠤ ᠠᠬᠤᠢ ᠵᠢᠨ ᠬᠥᠭᠵᠢᠯᠲᠡ ᠵᠢᠨ ᠪᠠᠢ᠌ᠳᠠᠯ᠎ᠢ ᠭᠦᠨᠵᠡᠭᠡᠢ ᠰᠤᠳᠤᠯᠤᠨ ᠮᠠᠭ᠋ᠠᠳᠯᠠᠵᠤ᠂ ᠰᠣᠶᠣᠯ᠎ᠤᠨ ᠠᠵᠤ ᠦᠢ᠍ᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠪᠦᠷᠢᠳᠬᠡᠯ᠎ᠤᠨ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ 1 ᠳ᠋ᠦ᠍ᠭᠡᠷ ᠰᠠᠷ᠎ᠠ ᠵᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠨᠠᠷ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠬᠦᠷᠴᠦ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠶᠠᠷᠢᠯᠴᠠᠬᠤ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
(ᠵᠢᠷᠤᠭ)
ᠬᠤᠷᠠᠯ᠎ᠠᠴᠠ ᠪᠦᠬᠦ ᠣᠷᠣᠨ᠎ᠤ ᠰᠣᠶᠣᠯ᠎ᠤᠨ ᠠᠵᠤ ᠦᠢ᠍ᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠠᠵᠤ ᠠᠬᠤᠢ᠌ᠯᠠᠯ᠎ᠤᠨ ᠳᠦᠷᠢᠮ ᠲᠣᠭᠲᠠᠭ᠋ᠠᠯ᠎ᠢ ᠳᠡᠭᠡᠭᠰᠢᠯᠡᠭᠦᠯᠦᠨ ᠨᠢᠭᠡᠳᠦᠯᠲᠡᠢ ᠪᠣᠯᠭ᠋ᠠᠬᠤ ᠵᠢ ᠳᠡᠮᠵᠢᠬᠦ᠂ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠲᠣᠭ᠎ᠠ ᠪᠦᠷᠢᠳᠬᠡᠯ᠎ᠤᠨ ᠬᠢᠨᠠᠨ ᠬᠡᠮᠵᠢᠬᠦ ᠰᠢᠰᠲᠸᠮ ᠪᠣᠯᠣᠨ ᠠᠷᠭ᠎ᠠ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠳᠦᠷᠢᠮ᠎ᠢ ᠬᠢᠨᠠᠨ ᠵᠥᠪᠰᠢᠶᠡᠷᠡᠬᠦ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢᠴᠢ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ ᠵᠢ ᠬᠠᠮᠲᠤᠷᠠᠨ ᠥᠷᠨᠢᠭᠦᠯᠬᠦ ᠵᠡᠷᠭᠡ ᠲᠠᠯ᠎ᠠ᠎ᠪᠠᠷ ᠭᠦᠨᠵᠡᠭᠡᠢ ᠰᠣᠯᠢᠯᠴᠠᠨ ᠶᠠᠷᠢᠯᠴᠠᠪᠠ᠃
(ᠵᠢᠷᠤᠭ)
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃