ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ 2 ᠳ᠋ᠤᠭ᠋ᠠᠷ ᠰᠠᠷ᠎ᠠ ᠵᠢᠨ 17᠎ᠠᠴᠠ 27᠎ᠤ ᠡᠳᠦᠷ ᠪᠣᠯᠲᠠᠯ᠎ᠠ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠳᠤ ᠶᠠᠪᠤᠭᠳᠠᠬᠤ ᠪᠣᠯᠣᠨ᠎ᠠ᠃ ᠲᠤᠬᠠᠢ ᠵᠢᠨ ᠦᠶ᠎ᠡ᠎ᠳᠤ ᠪᠦᠬᠦ ᠤᠯᠤᠰ᠎ᠤᠨ 3700 ᠭᠠᠷᠤᠢ ᠲᠠᠮᠢᠷᠴᠢᠨ ᠮᠥᠰᠥᠨ᠎ᠳᠤ ᠲᠡᠰᠢᠬᠦ᠂ ᠴᠠᠰᠤᠨ᠎ᠳᠤ ᠭᠤᠯᠭᠤᠬᠤ᠂ ᠮᠥᠰᠥᠨ ᠪᠥᠮᠪᠦᠭᠡ ᠲᠣᠭᠯᠠᠬᠤ ᠵᠡᠷᠭᠡ 8 ᠲᠣᠮᠣ ᠲᠥᠷᠥᠯ᠂ 16 ᠰᠠᠯᠪᠤᠷᠢ ᠲᠥᠷᠥᠯ᠂ 176 ᠵᠢᠵᠢᠭ ᠲᠥᠷᠥᠯ᠎ᠤᠨ ᠤᠷᠤᠯᠳᠤᠭ᠋ᠠᠨ᠎ᠳᠤ ᠤᠷ᠎ᠠ ᠮᠡᠷᠭᠡᠵᠢᠯ ᠵᠶ᠋ᠠᠨ ᠰᠣᠷᠢᠬᠤ ᠪᠣᠯᠣᠨ᠎ᠠ᠃
ᠡᠨᠡ ᠤᠳᠠᠭ᠋ᠠᠨ᠎ᠤ ᠡᠪᠦᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠬᠥᠯᠥᠨ ᠪᠣᠶ᠋ᠢᠷ ᠬᠤᠲᠠ ᠵᠢᠨ ᠬᠠᠶ᠋ᠢᠯᠠᠷ᠂ ᠵᠡᠯᠡᠨ ᠠᠶ᠋ᠢᠯ᠂ ᠤᠯᠠᠭ᠋ᠠᠨᠬᠠᠳᠠ ᠬᠤᠲᠠ ᠵᠢᠨ ᠬᠠᠷᠠᠴᠢᠨ ᠬᠤᠰᠢᠭᠤ᠂ ᠤᠯᠠᠭ᠋ᠠᠨᠴᠠᠪ ᠬᠤᠲᠠ ᠵᠢᠨ ᠯᠢᠶᠠᠩ ᠴᠧᠩ ᠰᠢᠶᠠᠨ᠂ ᠬᠥᠬᠡᠬᠤᠲᠠ ᠪᠣᠯᠣᠨ ᠪᠡᠭᠡᠵᠢᠩ ᠬᠤᠲᠠ ᠵᠢᠨ ᠶᠠᠨ ᠴᠢᠩ ᠲᠣᠭᠤᠷᠢᠭ᠂ ᠾᠧᠪᠧᠢ ᠮᠤᠵᠢ ᠵᠢᠨ ᠴᠢᠭᠤᠯᠤᠯᠲᠤ ᠬᠠᠭ᠋ᠠᠯᠭ᠎ᠠ ᠬᠤᠲᠠ ᠵᠡᠷᠭᠡ 7 ᠤᠷᠤᠯᠳᠤᠭ᠋ᠠᠨ᠎ᠤ ᠲᠣᠭᠤᠷᠢᠭ᠎ᠲᠤ ᠶᠠᠪᠤᠭᠳᠠᠭᠤᠯᠬᠤ ᠪᠣᠯᠣᠨ᠎ᠠ᠃ ᠣᠳᠣᠬᠠᠨ᠎ᠳᠤ ᠥᠪᠥᠷ ᠮᠣᠩᠭᠤᠯ᠎ᠤᠨ ᠡᠯ᠎ᠡ ᠤᠷᠤᠯᠳᠤᠭ᠋ᠠᠨ᠎ᠤ ᠣᠷᠳᠣᠨ ᠲᠠᠯᠠᠪᠤᠷ᠂ ᠪᠡᠯᠡᠳᠬᠡᠯ ᠲᠥᠬᠦᠭᠡᠷᠦᠮᠵᠢ ᠪᠦᠷ ᠪᠡᠯᠡᠬᠡᠨ ᠪᠣᠯᠣᠭᠰᠠᠨ ᠪᠥᠭᠡᠳ ᠡᠯ᠎ᠡ ᠭᠠᠵᠠᠷ᠎ᠤᠨ᠎ᠬᠢᠨ ᠡᠪᠦᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠬᠥᠷ ᠬᠥᠭᠵᠢᠶᠡᠨ᠎ᠲᠠᠢ ᠤᠭᠲᠤᠬᠤ ᠪᠣᠯᠣᠨ᠎ᠠ᠃