ᠬᠥᠬᠡᠭᠡ ᠡᠪᠦᠯ᠎ᠤᠨ ᠤᠯᠠᠷᠢᠯ᠎ᠳᠤ᠂ ᠪᠠᠶᠠᠷ ᠪᠠᠶᠠᠰᠤᠯ ᠳᠠᠬᠢᠨ ᠡᠬᠢᠯᠡᠯ᠎ᠡ᠃ 1 ᠰᠠᠷ᠎ᠠ ᠵᠢᠨ 26᠎ᠤ ᠡᠳᠦᠷ᠂ ᠦᠳᠡᠰᠢ ᠵᠢᠨ ᠪᠦᠷᠦᠢ ᠪᠣᠯᠵᠤ᠂ ᠥᠩᠭᠡᠲᠦ ᠳ᠋ᠧᠩ᠎ᠤᠨ ᠬᠡᠷᠡᠯᠳᠤ ᠤᠯᠠᠭ᠋ᠠᠨᠴᠠᠪ᠎ᠤᠨ 《ᠡᠪᠦᠯ》᠎ᠤᠨ ᠰᠥᠨᠢ ᠵᠢᠨ ᠵᠡᠭᠡᠯᠢ ᠦᠪᠡᠳᠡᠭᠰᠢ ᠶᠡᠭᠡ᠎ᠪᠠᠷ ᠨᠡᠭᠡᠭᠡᠭᠳᠡᠪᠡ᠃ ᠠᠩᠬᠢᠯᠤᠮ᠎ᠠ ᠦᠨᠦᠷ ᠬᠠᠩᠬᠤᠯᠤᠭᠰᠠᠨ ᠮᠠᠩᠵᠠᠨ ᠲᠣᠭᠤᠭ᠋ᠠᠨ᠎ᠤ ᠪᠤᠳᠠᠭ᠎ᠠ᠂ ᠳᠦᠷᠡᠯᠵᠡᠨ ᠨᠣᠴᠣᠵᠤ ᠪᠠᠶ᠋ᠢᠭ᠎ᠠ ᠲᠦᠳᠡᠭ ᠭᠠᠯ᠂ ᠣᠷᠭᠢᠯᠤᠮ᠎ᠠ ᠬᠠᠯᠠᠭᠤᠨ ᠰᠡᠳᠬᠢᠯᠭᠡ᠎ᠲᠠᠢ ᠲᠣᠭᠯᠠᠯᠲᠠ᠂ ᠥᠩᠭᠡ ᠦᠨᠦᠷ ᠬᠠᠩᠬᠤᠯᠤᠭᠰᠠᠨ ᠠᠮᠲᠠᠲᠤ ᠢᠳᠡᠭᠡᠨ ᠁ ᠳᠥᠷᠪᠡᠨ ᠵᠦᠭ ᠨᠠᠢ᠍ᠮᠠᠨ ᠵᠣᠪᠬᠢᠰ᠎ᠤᠨ ᠵᠤᠭ᠋ᠠᠴᠠᠭᠰᠠᠳ ᠪᠣᠯᠣᠨ ᠲᠤᠰ ᠭᠠᠵᠠᠷ᠎ᠤᠨ ᠰᠠᠭᠤᠭ᠋ᠠᠯᠢ ᠠᠷᠠᠳ ᠵᠡᠭᠡᠯᠢ ᠭᠤᠳᠤᠮᠵᠢ᠎ᠳᠤ ᠬᠦᠷᠦᠯᠴᠡᠨ ᠢᠷᠡᠵᠦ᠂ ᠤᠯᠠᠭ᠋ᠠᠨᠴᠠᠪ᠎ᠤᠨ ᠭᠠᠯ ᠬᠠᠯᠠᠭᠤᠨ ᠰᠥᠨᠢ ᠵᠢᠨ ᠠᠵᠤ ᠠᠬᠤᠢ ᠵᠢ ᠬᠦᠭᠵᠢᠭᠡᠵᠦ ᠪᠠᠶ᠋ᠢᠯ᠎ᠠ᠃