ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠵᠠᠩ ᠷᠦᠢ ᠲᠥᠯᠥᠭᠡᠯᠡᠭᠴᠢ᠄ ᠪᠦᠬᠦ ᠬᠦᠴᠦᠨ ᠵᠶ᠋ᠡᠷ ᠵᠶ᠋ᠡᠨ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠪᠦᠲᠦᠭᠡᠨ ᠪᠠᠢ᠌ᠭᠤᠯᠤᠨ᠎ᠠ
ᠨᠡᠶᠢᠲᠡᠯᠡᠭᠰᠡᠨ ᠴᠠᠭ᠄ 2025-03-21


     《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠶᠡᠷᠦᠩᠬᠡᠢ ᠱᠦᠵᠢ ᠰᠢ ᠵᠢᠨ ᠫᠢᠩ ᠎ᠤᠨ ᠥᠪᠥᠷ ᠮᠣᠩᠭᠣᠯ᠎ᠳᠤ ᠲᠤᠰᠢᠶᠠᠭᠰᠠᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠠᠯᠪᠢᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠎ᠬᠢ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠢ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠪᠠᠷ ᠬᠥᠲᠥᠯᠥᠮᠵᠢ ᠪᠣᠯᠭ᠋ᠠᠵᠤ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠲᠣᠮᠣ ᠣᠷᠣᠨ᠎ᠠᠴᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠦᠴᠦᠷᠬᠡᠭ ᠣᠷᠣᠨ ᠲᠡᠢ᠌ᠰᠢ ᠰᠢᠯᠵᠢᠬᠦ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠤᠨ᠎ᠠ》 ᠭᠡᠵᠦ ᠬᠡᠯᠡᠪᠡ᠃ 3 ᠳ᠋ᠤᠭ᠋ᠠᠷ ᠰᠠᠷ᠎ᠠ ᠵᠢᠨ 9᠎ᠤ ᠡᠳᠦᠷ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠰᠤᠷᠪᠤᠯᠵᠢᠯᠠᠭ᠎ᠠ ᠬᠦᠯᠢᠶᠡᠬᠦ᠎ᠳᠤ᠎ᠪᠠᠨ ᠬᠡᠯᠡᠪᠡ  ᠃
      ᠤᠮᠠᠷᠠᠲᠤ ᠬᠢᠯᠢ ᠵᠢᠨ ᠰᠣᠶᠣᠯ᠎ᠤᠨ ᠨᠡᠷᠡᠲᠦ ᠲᠡᠮᠳᠡᠭ᠎ᠢ ᠬᠡᠷᠬᠢᠨ ᠨᠡᠩ ᠢᠯᠡ ᠲᠣᠳᠣ ᠪᠣᠯᠭ᠋ᠠᠵᠤ᠂ ᠥᠩᠭᠡᠷᠡᠭᠰᠡᠨ᠎ᠤ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠲᠠᠢ ᠤᠶᠠᠯᠳᠤᠭᠤᠯᠤᠨ᠂ ᠵᠠᠩ ᠷᠦᠢ ᠤᠮᠠᠷᠠᠲᠤ ᠬᠢᠯᠢ ᠵᠢᠨ ᠰᠣᠶᠣᠯ ᠭᠡᠬᠦ   ᠡᠨᠡ ᠬᠦ᠌ 《ᠣᠶᠤᠨ ᠰᠠᠨᠠᠭ᠋ᠠᠨ᠎ᠤ ᠪᠠᠶᠠᠨ ᠠᠭᠤᠷᠬᠠᠢ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠷᠠᠯᠢᠭ᠎ᠤᠨ ᠴᠢᠳᠠᠪᠤᠷᠢᠲᠠᠨ ᠪᠠ ᠪᠦᠲᠦᠭᠡᠯ᠎ᠤᠨ ᠰᠠᠭᠤᠷᠢ ᠵᠢ ᠪᠠᠲᠤᠳᠬᠠᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ ᠪᠠ ᠰᠣᠶᠣᠯ᠎ᠤᠨ ᠥᠪ᠎ᠤᠨ ᠦᠨᠲᠦᠰᠦ ᠵᠢ ᠪᠡᠬᠢᠵᠢᠭᠦᠯᠬᠦ᠂ ᠤᠯᠤᠰ᠎ᠤᠨ ᠥᠮᠴᠢᠯᠡᠯ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢᠨ ᠪᠣᠭᠣᠮᠲᠠ ᠰᠢᠪᠲᠤᠯᠬᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠢ᠌ᠵᠢᠭᠤᠯᠤᠨ ᠪᠤᠵᠠᠭ᠋ᠠᠢ᠌ᠷᠠᠭᠤᠯᠬᠤ᠂ ᠰᠣᠶᠣᠯ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ 《ᠲᠠᠪᠤᠨ ᠪᠣᠳᠠᠲᠠᠢ ᠠᠵᠢᠯᠯᠠᠭ᠎ᠠ》 ᠵᠢ ᠰᠠᠢ᠌ᠲᠤᠷ ᠬᠡᠷᠡᠭᠵᠢᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠠᠭᠤᠯᠤᠭᠳᠠᠬᠤᠨ᠎ᠢ ᠲᠠᠰᠤᠷᠠᠯᠲᠠ ᠦᠭᠡᠢ ᠬᠠᠢ᠌ᠨ ᠰᠦᠪᠡᠭᠴᠢᠯᠡᠵᠦ᠂ ᠤᠮᠠᠷᠠᠲᠤ ᠬᠢᠯᠢ ᠵᠢᠨ ᠰᠣᠶᠣᠯ᠎ᠤᠨ ᠠᠭᠤᠯᠬᠤᠨ᠎ᠢ ᠪᠠᠶᠠᠯᠢᠭᠵᠢᠭᠤᠯᠤᠨ᠂ ᠤᠮᠠᠷᠠᠲᠤ ᠬᠢᠯᠢ ᠵᠢᠨ ᠰᠣᠶᠣᠯ᠎ᠳᠤ ᠠᠭᠤᠯᠤᠭᠳᠠᠵᠤ ᠪᠠᠢ᠌ᠭ᠎ᠠ ᠲᠡᠦᠬᠡ ᠵᠢᠨ ᠡᠬᠢ ᠰᠤᠷᠪᠤᠯᠵᠢ᠂ ᠬᠥᠭᠵᠢᠯᠲᠡ ᠵᠢᠨ ᠰᠤᠳᠠᠰᠤ᠂ ᠰᠣᠶᠣᠯ᠎ᠤᠨ ᠦᠨ᠎ᠡ ᠥᠷᠲᠡᠭ᠎ᠢ ᠠᠭᠤᠳᠠᠯᠤᠨ ᠲᠠᠢ᠌ᠯᠪᠤᠷᠢᠯᠠᠵᠤ᠂ ᠰᠠᠢ᠌ᠲᠤᠷ ᠤᠬᠠᠭᠤᠯᠵᠤ᠂ 《ᠤᠯᠠᠮᠵᠢᠯᠠᠬᠤ — ᠤᠯᠠᠷᠢᠭᠤᠯᠬᠤ —   ᠳᠠᠮᠵᠢᠭᠤᠯᠬᠤ  》 ᠪᠥᠬᠥ ᠬᠡᠯᠬᠢᠶᠡᠨ᠎ᠤ ᠰᠣᠶᠣᠯ᠎ᠤᠨ ᠠᠮᠢ ᠠᠬᠤᠢ ᠵᠢ ᠢᠳᠡᠪᠬᠢᠲᠡᠢ᠎ᠪᠠᠷ ᠴᠣᠭᠴᠠᠯᠠᠨ ᠪᠠᠢ᠌ᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠭᠧᠨ ᠵᠶ᠋ᠡᠷ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠦ ᠢᠯᠡᠷᠬᠡᠢ᠌ᠯᠡᠪᠡ᠃
      ᠵᠠᠩ ᠷᠦᠢ᠂ ᠪᠢᠳᠡ ᠪᠠᠰᠠ ᠮᠠᠨ᠎ᠤ ᠣᠷᠣᠨ᠎ᠤ ᠵᠢᠭᠤᠯᠴᠢᠯᠠᠯ᠎ᠤᠨ ᠡᠬᠢ ᠪᠠᠶᠠᠯᠢᠭ ᠡᠯᠪᠡᠭ ᠳᠡᠯᠪᠡᠭ᠂ ᠪᠠᠢ᠌ᠭ᠋ᠠᠯᠢ ᠵᠢᠨ ᠥᠩᠭᠡ ᠦᠵᠡᠮᠵᠢ ᠦᠵᠡᠰᠬᠦᠯᠡᠩᠲᠦ ᠰᠠᠢ᠌ᠬᠠᠨ ᠪᠣᠳᠠᠲᠤ ᠪᠠᠢ᠌ᠳᠠᠯ᠎ᠤᠨ ᠲᠣᠭᠣᠷᠢᠨ᠎ᠳᠤ᠂ ᠰᠣᠶᠣᠯ ᠪᠠ ᠵᠢᠭᠤᠯᠴᠢᠯᠠᠯ᠎ᠤᠨ ᠲᠦᠷᠦᠯ ᠲᠡᠮᠳᠡᠭ᠎ᠢ ᠴᠤᠭᠴᠠᠯᠠᠬᠤ᠂᠂   ᠴᠢᠨᠠᠷ ᠰᠠᠢ᠌ᠲᠠᠢ ᠦᠵᠡᠮᠵᠢ ᠵᠢᠨ ᠣᠷᠣᠨ᠎ᠢ ᠪᠣᠢ᠌ᠵᠢᠭᠤᠯᠬᠤ᠂ ᠠᠵᠤ ᠦᠢ᠍ᠯᠡᠰ᠎ᠤᠨ ᠠᠭᠤᠰᠤᠯᠴᠠᠯ᠎ᠢ ᠠᠬᠢᠭᠤᠯᠬᠤ᠂ ᠣᠷᠣᠨ ᠪᠦᠰᠡ ᠵᠢᠨ ᠬᠠᠮᠲᠤᠷᠠᠯᠴᠠᠭ᠎ᠠ ᠬᠠᠮᠵᠢᠯᠴᠠᠭ᠎ᠠ᠂ ᠲᠤᠰ ᠪᠡᠶ᠎ᠡ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ ᠵᠡᠷᠭᠡ 《ᠲᠠᠪᠤ ᠵᠢ ᠨᠠᠢ᠌ᠳᠠᠪᠤᠷᠢᠵᠢᠭᠤᠯᠬᠤ ᠢᠨᠵᠧᠨᠧᠷᠢᠩ》᠎ᠢ   ᠬᠡᠷᠡᠭᠵᠢᠭᠦᠯᠵᠦ᠂ ᠪᠥᠬᠥ   ᠠᠬᠤᠢ ᠦᠵᠡᠭᠳᠡᠯ ᠵᠶ᠋ᠡᠷ ᠪᠠᠢ᠌ᠷᠢᠰᠢᠭᠤᠯᠬᠤ᠂ ᠵᠦᠷᠢᠶᠡᠴᠢᠯᠡᠭᠰᠡᠨ ᠪᠠᠢ᠌ᠷᠢ ᠲᠣᠭᠲᠠᠭ᠋ᠠᠯᠲᠠ᠂ ᠠᠭᠤᠰᠤᠯᠴᠠᠬᠤ ᠮᠠᠶᠢᠭ᠎ᠤᠨ   ᠡᠨ᠋ᠸᠷᠬᠢ ᠤᠯᠬᠤᠭᠤ᠎ᠪᠠᠷ ᠭᠠᠷᠳᠠᠴᠠ ᠪᠣᠯᠭ᠋ᠠᠵᠤ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭ᠋ᠠᠨ᠎ᠤ ᠨᠢᠭᠡ ᠴᠣᠭᠴᠠᠵᠢᠭᠰᠠᠨ ᠬᠡᠷᠡᠭᠯᠡᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢ ᠲᠦᠷᠭᠡᠳᠬᠡᠨ ᠪᠣᠶ ᠪᠣᠯᠭ᠋ᠠᠵᠤ᠂ 《ᠳᠥᠷᠪᠡᠨ ᠤᠯᠠᠷᠢᠯ᠎ᠪᠠᠷ ᠦᠵᠡᠮᠵᠢ᠎ᠲᠠᠢ᠂ ᠪᠦᠬᠦ ᠤᠷᠤᠨ ᠪᠦᠰᠡ᠎ᠪᠠᠷ ᠵᠢᠭᠤᠯᠴᠢᠯᠠᠵᠤ ᠪᠤᠯᠠᠬᠤ 》 ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠷᠢᠰᠢᠯ᠎ᠢ ᠬᠦᠴᠦᠯᠡᠨ ᠴᠤᠭᠴᠠᠯᠠᠵᠤ᠂ ᠵᠢᠭᠤᠯᠴᠢᠯᠠᠯ᠎ᠤᠨ ᠬᠥᠮᠥᠨ ᠤᠳᠠᠭ᠎ᠠ᠂ ᠶᠡᠷᠦᠩᠬᠡᠢ ᠣᠷᠣᠯᠭ᠎ᠠ᠂ ᠬᠥᠮᠥᠨ ᠳᠤᠮᠳᠠᠴᠢ ᠵᠢᠨ ᠵᠠᠷᠤᠳᠠᠯ᠎ᠤᠨ 《ᠭᠤᠷᠪᠠᠨ ᠨᠡᠮᠡᠭᠳᠡᠯ》᠎ᠢ ᠠᠬᠢᠭᠤᠯᠤᠨ᠂ 2025 ᠣᠨ᠎ᠳᠤ ᠪᠥᠬᠥ ᠣᠷᠣᠨ᠎ᠤ ᠵᠢᠭᠤᠯᠴᠢᠯᠠᠭᠴᠢᠳ᠎ᠤᠨ ᠲᠣᠭ᠎ᠠ ᠵᠢ 3 ᠳ᠋ᠦᠩᠰᠢᠭᠤᠷ ᠬᠥᠮᠥᠨ ᠤᠳᠠᠭ᠎ᠠ  ᠎ᠠᠴᠠ ᠳᠠᠪᠠᠭᠤᠯᠬᠤ᠎ᠪᠠᠷ ᠴᠢᠷᠮᠠᠢ᠌ᠵᠤ᠂ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠢ ᠪᠥᠬᠥ ᠬᠦᠴᠦᠨ ᠵᠶ᠋ᠡᠷ ᠵᠶ᠋ᠡᠨ   ᠪᠦᠲᠦᠭᠡᠨ ᠪᠠᠢ᠌ᠭᠤᠯᠤᠨ᠎ᠠ ᠭᠡᠵᠦ ᠢᠯᠡᠳᠬᠡᠪᠡ  ᠃


ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            