︵1994 ᠤᠨ ᠤ 5 ᠰᠠᠷ᠎ᠠ ᠶᠢᠨ 31 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ | ᠤ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠠᠢᠮᠠᠳᠤᠭᠠᠷ ᠤᠳᠠᠭᠠᠨ ᠤ ᠬᠤᠷᠠᠯ ᠢᠶᠠᠷ ᠪᠠᠲᠤᠯᠠᠵᠤ᠂ 1998 ᠤᠨ ᠤ 11 ᠰᠠᠷ᠎ᠠ ᠶᠢᠨ 27 ᠤ | ᠡᠳᠦᠷ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠢ | ᠦᠨᠳᠦᠰᠦᠯᠡᠵᠦ᠂《〈 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ | ᠤᠨ ᠬᠠᠮᠢᠶᠠᠷᠤᠯᠲᠠ ᠶᠢᠨ ᠳᠦᠷᠢᠮ 〉 ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ 》 ᠳᠤ ᠨᠢᠭᠡᠳᠦᠭᠡᠷ | ᠤᠳᠠᠭ᠎ᠠ ᠵᠠᠰᠠᠪᠤᠷᠢ ᠤᠷᠤᠭᠤᠯᠵᠤ᠂ 2010 ᠤᠨ ᠤ 9 ᠰᠠᠷ᠎ᠠ ᠶᠢᠨ 17 ᠤ ᠡᠳᠦᠷ ᠤᠨ ᠦᠪᠦᠷ ᠮᠤᠩᠭᠤᠯ | ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠤᠯᠤᠳᠤᠭᠠᠷ ᠤᠳᠠᠭᠠᠨ ᠤ ᠬᠤᠷᠠᠯ ᠢ ᠦᠨᠳᠦᠰᠦᠯᠡᠵᠦ | ᠂《 ᠬᠡᠰᠡᠭ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ | ︵ᠬᠤᠶᠠᠷ︶》 ᠳᠤ ᠬᠤᠶᠠᠳᠤᠭᠠᠷ ᠤᠳᠠᠭ᠎ᠠ ᠵᠠᠰᠠᠪᠤᠷᠢ ᠤᠷᠤᠭᠤᠯᠵᠤ᠂ 2016 ᠤᠨ ᠤ 5 ᠰᠠᠷ᠎ᠠ ᠶᠢᠨ 30 ᠤ | ᠡᠳᠦᠷ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠬᠤᠶᠠᠳᠤᠭᠠᠷ | ᠤᠳᠠᠭᠠᠨ ᠤ ᠬᠤᠷᠠᠯ ᠢ ᠦᠨᠳᠦᠰᠦᠯᠡᠵᠦ᠂《 ᠬᠡᠰᠡᠭ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠳᠤ | ᠵᠠᠰᠠᠪᠤᠷᠢ ᠤᠷᠤᠭᠤᠯᠬᠤ ᠲᠤᠬᠠᠢ ᠲᠤᠭᠲᠠᠭᠠᠯ》 ᠳᠤ ᠭᠤᠷᠪᠠᠳᠤᠭᠠᠷ ᠤᠳᠠᠭᠠᠨ ᠤ ᠵᠠᠰᠠᠪᠤᠷᠢ ᠤᠷᠤᠭᠤᠯᠪᠠ︶ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ | ᠵᠢᠷᠤᠮᠲᠤ ᠰᠤᠶᠤᠯ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠨᠡᠶᠢᠭᠡᠮ ᠵᠢᠷᠤᠮᠲᠤ ᠤᠶᠤᠨ ᠤ ᠪᠤᠯᠪᠠᠰᠤᠨ ᠤ | ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ | ᠬᠡᠷᠡᠭᠴᠡᠭᠡ ᠳᠤ ᠵᠤᠬᠢᠴᠠᠭᠤᠯᠬᠤ ᠶᠢᠨ ᠲᠦᠯᠦᠭᠡ᠂ ᠦᠨᠳᠦᠰᠦᠨ ᠬᠠᠤᠯᠢ ᠪᠤᠯᠤᠨ ᠬᠤᠯᠪᠤᠭᠳᠠᠯ ᠪᠦᠬᠦᠢ ᠬᠠᠤᠯᠢ | ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠳᠠᠲᠤ ᠪᠠᠶᠢᠳᠠᠯ ᠲᠠᠢ | ᠤᠶᠠᠯᠳᠤᠭᠤᠯᠤᠨ ᠲᠤᠰ ᠳᠦᠷᠢᠮ ᠢ ᠲᠤᠭᠲᠠᠭᠠᠪᠠ᠃ | ᠬᠤᠶᠠᠳᠤᠭᠠᠷ ᠵᠤᠷᠪᠤᠰ ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠤ ᠰᠤᠶᠤᠯ ᠤᠨ ᠡᠵᠡᠩᠨᠡᠯᠲᠡ ᠶᠢᠨ | ᠠᠵᠢᠯᠯᠠᠭ᠎ᠠ ᠡᠷᠬᠢᠯᠡᠵᠦ ᠪᠠᠶᠢᠭ᠎ᠠ ᠠᠯᠢᠪᠠ ᠪᠠᠶᠢᠭᠤᠯᠭ᠎ᠠ ᠪᠤᠯᠤᠨ ᠬᠤᠪᠢ ᠬᠦᠮᠦᠨ ᠡᠷᠬᠡᠪᠡᠰᠢ ᠲᠤᠰ ᠳᠦᠷᠢᠮ ᠢ | ᠵᠢᠷᠤᠮᠯᠠᠬᠤ ᠬᠡᠷᠡᠭᠲᠡᠢ᠃ | ᠭᠤᠷᠪᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠰᠤᠶᠤᠯ ᠤᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡ ᠲᠠᠯ᠎ᠠ ᠪᠠᠷ ᠬᠦᠭᠵᠢᠯᠲᠡ ᠶᠢ | ᠠᠳᠬᠤᠵᠤ᠂ ᠨᠢᠭᠡ ᠲᠠᠯ᠎ᠠ ᠪᠠᠷ ᠬᠠᠮᠢᠶᠠᠷᠤᠯᠲᠠ ᠶᠢ ᠠᠳᠬᠤᠬᠤ ᠶᠢ ᠡᠷᠡᠰ ᠪᠠᠷᠢᠮᠲᠠᠯᠠᠬᠤ ᠬᠡᠷᠡᠭᠲᠡᠢ᠃ | ᠰᠤᠶᠤᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠪᠠ ᠬᠠᠮᠢᠶᠠᠷᠤᠯᠲᠠ ᠡᠷᠬᠡᠪᠡᠰᠢ ᠠᠷᠠᠳ ᠲᠦᠮᠡᠨ ᠳᠤ | ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢᠶᠠᠨ ᠡᠷᠡᠰ ᠪᠠᠷᠢᠮᠲᠠᠯᠠᠵᠤ᠂ ᠨᠡᠶᠢᠭᠡᠮ ᠤᠨ ᠦᠷ᠎ᠡ | ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠡᠷᠡᠭᠦᠯ ᠮᠡᠨᠳᠦ ᠳᠤ ᠲᠤᠰᠠᠲᠠᠢ᠂ ᠭᠤᠶᠢᠲᠠ ᠪᠠᠶᠠᠯᠢᠭ ᠠᠭᠤᠯᠭ᠎ᠠ ᠲᠠᠢ | ᠂ ᠤᠯᠠᠨ ᠲᠦᠮᠡᠨ ᠤ ᠰᠤᠨᠢᠷᠬᠠᠬᠤ ᠳᠤᠷᠠᠲᠠᠢ ᠪᠦᠭᠡᠳ ᠦᠨᠳᠦᠰᠦᠲᠡᠨ ᠤ ᠪᠦᠯᠬᠦᠮᠳᠡᠯ ᠳᠤ ᠠᠰᠢᠭᠲᠠᠢ ᠰᠤᠶᠤᠯ ᠤᠨ | ᠡᠵᠡᠩᠨᠡᠬᠦ ᠠᠵᠢᠯᠯᠠᠭ᠎ᠠ ᠶᠢ ᠵᠤᠷᠢᠭᠵᠢᠭᠤᠯᠤᠨ ᠳᠡᠮᠵᠢᠬᠦ ᠬᠡᠷᠡᠭᠲᠡᠢ᠃ ᠲᠡᠷᠰᠯᠡᠭᠦᠦ ᠠᠭᠤᠯᠭ᠎ᠠ ᠲᠠᠢ᠂ ᠰᠠᠳᠤᠷ ᠰᠠᠮᠠᠭᠤᠨ | ᠱᠠᠯᠢᠭ ᠵᠠᠪᠬᠠᠢ᠂ ᠬᠦᠴᠦᠷᠬᠡᠭᠯᠡᠯᠲᠦ ᠠᠵᠢᠯᠯᠠᠭ᠎ᠠ᠂ ᠹᠸᠤᠳᠠᠯ ᠤᠨ ᠮᠤᠬᠤᠷ ᠰᠦᠰᠦᠭ᠂ ᠵᠤᠭᠤᠰ ᠮᠦᠷᠦᠶᠢᠴᠡᠬᠦ | ᠪᠤᠯᠤᠨ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠰᠤᠶᠤᠯ ᠤᠨ ᠡᠵᠡᠩᠨᠡᠬᠦ ᠠᠵᠢᠯᠯᠠᠭ᠎ᠠ ᠶᠢ ᠬᠤᠷᠢᠭᠯᠠᠨ | ᠴᠠᠭᠠᠵᠠᠯᠠᠨ᠎ᠠ᠃ | ᠳᠦᠷᠪᠡᠳᠦᠭᠡᠷ ᠵᠤᠷᠪᠤᠰ ᠦᠨᠳᠦᠰᠦᠲᠡᠨ ᠤ ᠰᠤᠶᠤᠯ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ | ᠪᠠᠳᠠᠷᠠᠭᠤᠯᠵᠤ᠂ ᠦᠨᠳᠦᠰᠦᠲᠡᠨ ᠤ ᠬᠡᠯᠪᠡᠷᠢ ᠪᠤᠯᠤᠨ ᠦᠨᠳᠦᠰᠦᠲᠡᠨ ᠤ ᠤᠨᠴᠠᠯᠢᠭ ᠪᠦᠬᠦᠢ ᠰᠤᠶᠤᠯ ᠤᠨ ᠡᠵᠡᠩᠨᠡᠬᠦ | ᠠᠵᠢᠯᠯᠠᠭ᠎ᠠ ᠶᠢ ᠳᠡᠮᠵᠢᠨ ᠪᠠᠳᠠᠷᠠᠭᠤᠯᠵᠤ᠂ ᠨᠡᠶᠢᠭᠡᠮ ᠵᠢᠷᠤᠮᠲᠤ ᠦᠨᠳᠦᠰᠦᠲᠡᠨ ᠤ ᠰᠤᠶᠤᠯ ᠤᠨ ᠦᠢᠯᠡᠰ ᠢ | ᠴᠡᠴᠡᠭᠯᠡᠨ ᠬᠦᠭᠵᠢᠭᠦᠯᠦᠨ᠎ᠡ᠃ | ᠬᠦᠳᠡᠭᠡ ᠲᠤᠰᠬᠤᠨ᠂ ᠮᠠᠯᠵᠢᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢ | ᠵᠤᠷᠢᠭᠵᠢᠭᠤᠯᠤᠨ ᠳᠡᠮᠵᠢᠵᠦ᠂ ᠬᠦᠳᠡᠭᠡ ᠲᠤᠰᠬᠤᠨ᠂ ᠮᠠᠯᠵᠢᠬᠤ ᠤᠷᠤᠨ ᠳᠤ ᠰᠤᠶᠤᠯ ᠤᠨ ᠡᠵᠡᠩᠨᠡᠯᠲᠡ ᠶᠢᠨ ᠵᠦᠢᠯ | ᠢ ᠨᠡᠬᠡᠬᠡᠨ ᠡᠷᠬᠢᠯᠡᠬᠦ ᠪᠤᠯᠤᠨ ᠺᠢᠨᠤ᠋ ᠭᠠᠷᠭᠠᠬᠤ ᠠᠵᠢᠯᠯᠠᠭ᠎ᠠ ᠶᠢ ᠨᠡᠬᠡᠬᠡᠨ ᠬᠦᠭᠵᠢᠭᠦᠯᠬᠦ ᠶᠢ ᠬᠠᠷᠠᠭᠠᠯᠵᠠᠨ ᠳᠡᠮᠵᠢᠨ᠎ᠡ᠃ | | ᠲᠠᠪᠤᠳᠤᠭᠠᠷ ᠵᠤᠷᠪᠤᠰ ᠲᠤᠰ ᠳᠦᠷᠢᠮ ᠳᠤᠤᠷᠠᠬᠢ ᠰᠤᠶᠤᠯ ᠤᠨ ᠡᠵᠡᠩᠨᠡᠬᠦ ᠠᠵᠢᠯᠯᠠᠭᠠᠨ ᠳᠤ | ᠵᠤᠷᠢᠭᠤᠯᠤᠯᠲᠠ ᠲᠠᠢ᠄ | ︵ ᠨᠢᠭᠡ︶ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠳᠡᠯᠭᠡᠨ | ᠦᠵᠡᠭᠦᠯᠦᠯᠭᠡ︔ | ︵ ᠬᠤᠶᠠᠷ︶ ᠡᠵᠡᠩᠨᠡᠯᠲᠡ ᠶᠢᠨ ᠴᠢᠨᠠᠷᠲᠠᠢ ᠨᠠᠶᠢᠷ ᠴᠡᠩᠭᠡᠭᠦᠨ ᠤ ᠬᠦᠳᠡᠯᠭᠡᠭᠡᠨ︔ | ︵ ᠭᠤᠷᠪᠠ︶ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ ᠲᠠᠷᠬᠠᠭᠠᠬᠤ ᠪᠠ ᠪᠤᠷᠤᠯᠠᠭᠤᠯᠬᠤ᠂ | ᠲᠦᠷᠢᠶᠡᠰᠦᠯᠡᠭᠦᠯᠬᠦ︔ | ︵ ᠳᠦᠷᠪᠡ︶ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠲᠠᠷᠬᠠᠭᠠᠬᠤ᠂ ᠪᠤᠷᠤᠯᠠᠭᠤᠯᠬᠤ᠂ | ᠲᠦᠷᠢᠶᠡᠰᠦᠯᠡᠭᠦᠯᠬᠦ᠂ ᠰᠤᠨᠢᠷᠬᠠᠭᠤᠯᠬᠤ︔ | ︵ ᠲᠠᠪᠤ︶ ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠢ ᠪᠤᠷᠤᠯᠠᠭᠤᠯᠬᠤ᠂ ᠦᠨ᠎ᠡ | ᠬᠠᠶᠠᠯᠴᠠᠨ ᠬᠤᠳᠠᠯᠳᠤᠬᠤ᠂ ᠡᠵᠡᠩᠨᠡᠯᠲᠡ ᠶᠢᠨ ᠴᠢᠨᠠᠷᠲᠠᠢ ᠴᠠᠷᠳᠠᠵᠤ ᠴᠢᠮᠡᠭᠯᠡᠬᠦ︔ | ︵ ᠵᠢᠷᠭᠤᠭ᠎ᠠ︶ ᠺᠢᠨᠤ᠋ ᠶᠢᠨ ᠹᠢᠯᠢᠮ ᠲᠠᠷᠬᠠᠭᠠᠬᠤ᠂ ᠡᠵᠡᠩᠨᠡᠯᠲᠡ ᠶᠢᠨ ᠴᠢᠨᠠᠷᠲᠠᠢ ᠺᠢᠨᠤ᠋ ᠭᠠᠷᠭᠠᠬᠤ︔ | ︵ ᠳᠤᠯᠤᠭ᠎ᠠ︶ ᠬᠠᠤᠯᠢ ᠶᠤᠰᠤᠭᠠᠷ ᠵᠦᠪᠰᠢᠶᠡᠷᠡᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠢ ᠡᠵᠡᠩᠨᠡᠬᠦ | ᠠᠵᠢᠯᠯᠠᠭ᠎ᠠ︔ | ︵ ᠨᠠᠢᠮᠠ︶ ᠡᠵᠡᠩᠨᠡᠯᠲᠡ ᠶᠢᠨ ᠴᠢᠨᠠᠷᠲᠠᠢ ᠭᠡᠷᠡᠯ ᠵᠢᠷᠤᠭ ᠲᠠᠲᠠᠬᠤ᠂ ᠳᠦᠷᠰᠦ ᠰᠢᠩᠭᠡᠭᠡᠯᠲᠡ ᠬᠢᠬᠦ︔ | ︵ ᠶᠢᠰᠦ︶ ᠡᠵᠡᠩᠨᠡᠯᠲᠡ ᠶᠢᠨ ᠴᠢᠨᠠᠷᠲᠠᠢ ᠰᠤᠶᠤᠯ ᠤᠷᠠᠯᠢᠭ ᠤᠨ ᠪᠤᠯᠪᠠᠰᠤᠷᠠᠯ︔ | ︵ ᠠᠷᠪᠠ︶ ᠰᠤᠶᠤᠯ ᠤᠨ ᠡᠵᠡᠩᠨᠡᠨ ᠬᠠᠮᠢᠶᠠᠷᠬᠤ ᠠᠵᠢᠯᠯᠠᠭ᠎ᠠ︔ | ︵ ᠠᠷᠪᠠᠨ ᠨᠢᠭᠡ︶ ᠬᠠᠤᠯᠢ ᠴᠠᠭᠠᠵᠠ᠂ ᠬᠠᠤᠯᠢ ᠳᠦᠷᠢᠮ ᠳᠤ ᠲᠤᠭᠲᠠᠭᠠᠭᠳᠠᠭᠰᠠᠨ ᠰᠤᠶᠤᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠤ ᠬᠠᠮᠢᠶᠠᠷᠤᠯᠲᠠ ᠳᠤ ᠬᠠᠷᠢᠶᠠᠯᠠᠭᠳᠠᠬᠤ | ᠪᠤᠰᠤᠳ ᠰᠤᠶᠤᠯ ᠤᠨ ᠡᠵᠡᠩᠨᠡᠬᠦ ᠠᠵᠢᠯᠯᠠᠭ᠎ᠠ᠃ | ᠵᠢᠷᠭᠤᠳᠤᠭᠠᠷ ᠵᠤᠷᠪᠤᠰ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯ ᠰᠤᠶᠤᠯ ᠤᠨ ᠵᠠᠬ᠎ᠠ ᠳᠡᠯᠭᠡᠭᠦᠷ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠪᠤᠯᠤᠨ᠎ᠠ᠃ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠳᠤᠲᠤᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ᠂ ᠪᠠᠷᠠᠭᠠᠨ ᠤ ᠦᠨ᠎ᠡ ᠶᠢᠨ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠷᠠᠳᠢᠤ᠋ | ᠲᠧᠯᠸᠢᠰ᠂ ᠰᠤᠨᠢᠨ ᠮᠡᠳᠡᠭᠡ ᠬᠡᠪᠯᠡᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠪᠡᠷᠰᠡᠳ ᠤᠨ | ᠬᠠᠷᠢᠭᠤᠴᠠᠬᠤ ᠬᠦᠷᠢᠶ᠎ᠡ ᠬᠡᠪᠴᠢᠶᠡᠨ ᠳᠤ ᠪᠠᠨ ᠰᠤᠶᠤᠯ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠨ | ᠬᠠᠮᠢᠶᠠᠷᠤᠨ᠎ᠠ᠃ | ᠳᠤᠯᠤᠳᠤᠭᠠᠷ ᠵᠤᠷᠪᠤᠰ ᠬᠤᠰᠢᠭᠤ ᠰᠢᠶᠠᠨ ᠠᠴᠠ ᠳᠡᠭᠡᠭᠰᠢᠬᠢ ᠱᠠᠲᠤᠨ ᠤ ᠠᠷᠠᠳ ᠤᠨ ᠵᠠᠰᠠᠭ ᠤᠨ | ᠤᠷᠳᠤᠨ ᠪᠤᠯᠤᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ | ᠳᠦᠷᠢᠮ ᠢ ᠬᠡᠷᠡᠭᠵᠢᠭᠦᠯᠦᠭᠡᠳ ᠲᠤᠪᠤᠶᠢᠮ᠎ᠠ ᠠᠮᠵᠢᠯᠲᠠ ᠤᠯᠤᠭᠰᠠᠨ ᠵᠤᠬᠢᠶᠠᠨ ᠪᠠᠶᠢᠭᠤᠯᠤᠯᠲᠠ ᠪᠤᠯᠤᠨ ᠬᠤᠪᠢ | ᠬᠦᠮᠦᠨ ᠢ ᠰᠠᠶᠢᠰᠢᠶᠠᠨ ᠤᠷᠮᠠᠰᠢᠭᠤᠯᠵᠤ᠂ ᠱᠠᠩᠨᠠᠨ ᠬᠦᠬᠢᠭᠦᠯᠦᠨ᠎ᠡ᠃ | | ᠬᠤᠶᠠᠳᠤᠭᠠᠷ ᠪᠦᠯᠦᠭ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ | ᠨᠠᠢᠮᠠᠳᠤᠭᠠᠷ ᠵᠤᠷᠪᠤᠰ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤ ᠰᠤᠶᠤᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠬᠦᠷᠢᠶ᠎ᠡ ᠬᠡᠪᠴᠢᠶᠡᠨ | ᠳᠤ ᠬᠢ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠭᠤᠤᠯᠳᠠᠭᠤ | ᠬᠠᠷᠢᠭᠤᠴᠠᠬᠤ ᠨᠢ᠄ | ︵ ᠨᠢᠭᠡ︶ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠲᠦᠷᠦ ᠶᠢᠨ | ᠪᠤᠳᠤᠯᠭ᠎ᠠ ᠵᠢᠴᠢ ᠲᠤᠰ ᠳᠦᠷᠢᠮ ᠢ ᠬᠡᠷᠡᠭᠵᠢᠭᠦᠯᠦᠨ ᠲᠤᠭᠤᠰᠢᠯᠠᠭᠤᠯᠬᠤ︔ | ︵ ᠬᠤᠶᠠᠷ︶ ᠰᠤᠶᠤᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢᠨ ᠲᠦᠯᠦᠪᠵᠢᠭᠦᠯᠭᠡ ᠪᠤᠯᠤᠨ | ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ︔ | ︵ ᠭᠤᠷᠪᠠ︶ 《 ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ》 ᠢ ᠬᠢᠨᠠᠨ ᠤᠯᠭᠤᠬᠤ︔ | | ︵ ᠳᠦᠷᠪᠡ︶ ᠰᠤᠶᠤᠯ ᠤᠨ ᠡᠵᠡᠩᠨᠡᠬᠦ ᠠᠵᠢᠯᠯᠠᠭᠠᠨ ᠳᠤ ᠬᠢᠨᠠᠯᠲᠠ ᠲᠠᠯᠪᠢᠵᠤ᠂ ᠪᠠᠶᠢᠴᠠᠭᠠᠵᠤ᠂ ᠵᠢᠭᠠᠨ | ᠵᠢᠯᠤᠭᠤᠳᠬᠤ︔ | ︵ ᠲᠠᠪᠤ︶ ᠰᠤᠶᠤᠯ ᠤᠨ ᠡᠵᠡᠩᠨᠡᠬᠦ ᠠᠵᠢᠯᠯᠠᠭᠠᠨ ᠤ ᠳᠤᠮᠳᠠᠬᠢ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ︔ | ︵ ᠵᠢᠷᠭᠤᠭ᠎ᠠ︶ ᠰᠤᠶᠤᠯ ᠤᠨ ᠵᠠᠬ᠎ᠠ ᠳᠡᠯᠭᠡᠭᠦᠷ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ | ᠬᠠᠮᠢᠶᠠᠷᠬᠤ ᠶᠤᠰᠤᠲᠠᠢ ᠪᠤᠰᠤᠳ ᠵᠦᠢᠯᠡᠰ ᠢ ᠬᠠᠮᠢᠶᠠᠷᠤᠨ᠎ᠠ᠃ | ᠡᠯ᠎ᠡ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ | ᠰᠤᠶᠤᠯ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ᠂ ᠪᠠᠶᠢᠴᠠᠭᠠᠵᠤ᠂ ᠰᠤᠶᠤᠯ ᠤᠨ ᠡᠵᠡᠩᠨᠡᠬᠦ ᠠᠵᠢᠯᠯᠠᠭ᠎ᠠ | ᠶᠢ ᠵᠢᠭᠠᠨ ᠵᠢᠯᠤᠭᠤᠳᠴᠤ᠂ ᠰᠤᠶᠤᠯ ᠤᠨ ᠡᠵᠡᠩᠨᠡᠬᠦ ᠠᠵᠢᠯᠯᠠᠭᠠᠨ ᠤ ᠳᠤᠮᠳᠠᠬᠢ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ ᠪᠤᠯᠤᠨ᠎ᠠ᠃ ᠰᠤᠶᠤᠯ ᠤᠨ ᠵᠠᠬ᠎ᠠ ᠳᠡᠯᠭᠡᠭᠦᠷ ᠤᠨ | ᠪᠠᠶᠢᠴᠠᠭᠠᠭᠴᠢ ᠰᠤᠶᠤᠯ ᠤᠨ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠬᠦ ᠳᠤ ᠪᠠᠨ ᠡᠷᠬᠡᠪᠡᠰᠢ ᠬᠤᠶᠠᠷ ᠠᠴᠠ | ᠳᠡᠭᠡᠭᠰᠢ ᠬᠦᠮᠦᠨ ᠶᠠᠪᠤᠬᠤ ᠬᠡᠷᠡᠭᠲᠡᠢ ᠮᠦᠷᠲᠡᠭᠡᠨ《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠰᠤᠶᠤᠯ ᠤᠨ ᠵᠠᠬ᠎ᠠ ᠳᠡᠯᠭᠡᠭᠦᠷ ᠢ ᠪᠠᠶᠢᠴᠠᠭᠠᠭᠴᠢ ᠶᠢᠨ ᠦᠨᠡᠮᠯᠡᠯ》ᠪᠤᠯᠤᠨ ᠦᠪᠡᠷᠲᠡᠭᠡᠨ ᠵᠠᠰᠠᠬᠤ ᠤᠷᠤᠨ ᠤ ᠠᠷᠠᠳ | ᠤᠨ ᠵᠠᠰᠠᠭ ᠤᠨ ᠤᠷᠳᠤᠨ ᠠᠴᠠ ᠤᠯᠭᠤᠭᠰᠠᠨ《 ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠦᠨᠡᠮᠯᠡᠯ》 | ᠲᠠᠢ ᠪᠠᠶᠢᠬᠤ ᠬᠡᠷᠡᠭᠲᠡᠢ᠃ | ᠶᠢᠰᠦᠳᠦᠭᠡᠷ ᠵᠤᠷᠪᠤᠰ ᠰᠤᠶᠤᠯ ᠤᠨ ᠵᠠᠬ᠎ᠠ ᠳᠡᠯᠭᠡᠭᠦᠷ ᠲᠤ ᠱᠠᠲᠤᠯᠠᠨ ᠬᠠᠮᠢᠶᠠᠷᠬᠤ ᠶᠢ ᠬᠡᠷᠡᠭᠵᠢᠭᠦᠯᠬᠦ | ︵ ᠨᠢᠭᠡ︶ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠦᠪᠡᠷᠲᠡᠭᠡᠨ ᠵᠠᠰᠠᠬᠤ ᠤᠷᠤᠨ ᠤ ᠬᠠᠷᠢᠶ᠎ᠠ ᠨᠢᠭᠡᠴᠢ᠂ ᠤᠯᠤᠰ ᠬᠢᠭᠡᠳ ᠭᠠᠳᠠᠷ ᠮᠤᠵᠢ ︵ | ᠦᠪᠡᠷᠲᠡᠭᠡᠨ ᠵᠠᠰᠠᠬᠤ ᠤᠷᠤᠨ᠂ ᠬᠤᠲᠠ︶ ᠶᠢᠨ ᠦᠪᠡᠷᠲᠡᠭᠡᠨ ᠵᠠᠰᠠᠬᠤ ᠤᠷᠤᠨ ᠳᠤ ᠰᠠᠭᠤᠭ᠎ᠠ ᠪᠠᠶᠢᠭᠤᠯᠭ᠎ᠠ ᠶᠢᠨ | ᠡᠷᠬᠢᠯᠡᠭᠰᠡᠨ ᠰᠤᠶᠤᠯ ᠤᠨ ᠡᠵᠩᠨᠡᠬᠦ ᠠᠵᠢᠯᠯᠠᠭ᠎ᠠ ᠶᠢ ᠬᠠᠮᠢᠶᠠᠷᠤᠨ᠎ᠠ︔ | ︵ ᠬᠤᠶᠠᠷ︶ ᠠᠶᠢᠮᠠᠭ ᠬᠤᠲᠠ ᠶᠢᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠶᠢᠮᠠᠭ ᠬᠤᠲᠠ ᠶᠢᠨ ᠢᠶᠠᠨ ᠬᠠᠷᠢᠶ᠎ᠠ ᠨᠢᠭᠡᠴᠢ ᠶᠢᠨ ᠡᠷᠬᠢᠯᠡᠭᠰᠡᠨ ᠰᠤᠶᠤᠯ ᠤᠨ ᠡᠵᠡᠩᠨᠡᠬᠦ ᠠᠵᠢᠯᠯᠠᠭ᠎ᠠ ᠶᠢ | ᠬᠠᠮᠢᠶᠠᠷᠤᠨ᠎ᠠ︔ | ︵ ᠭᠤᠷᠪᠠ︶ ᠬᠤᠰᠢᠭᠤ᠂ ᠦᠪᠡᠷᠲᠡᠭᠡᠨ ᠵᠠᠰᠠᠬᠤ ᠬᠤᠰᠢᠭᠤ᠂ ᠰᠢᠶᠠᠨ᠂ ᠲᠤᠭᠤᠷᠢᠭ ᠲᠤᠬᠢᠷᠠᠭᠤᠯᠤᠭᠰᠠᠨ | ᠦᠭᠡᠢ ᠬᠤᠲᠠ᠂ ᠬᠤᠲᠠ ᠶᠢᠨ ᠬᠠᠷᠢᠶ᠎ᠠ ᠲᠤᠭᠤᠷᠢᠭ ᠤᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠬᠤᠰᠢᠭᠤ ᠰᠢᠶᠠᠨ ᠵᠢᠴᠢ ᠳᠤᠤᠷᠠᠬᠢ ᠪᠠᠶᠢᠭᠤᠯᠭ᠎ᠠ ᠪᠠ ᠬᠤᠪᠢ ᠬᠦᠮᠦᠨ ᠤ ᠡᠷᠬᠢᠯᠡᠭᠰᠡᠨ | ᠰᠤᠶᠤᠯ ᠤᠨ ᠡᠵᠡᠩᠨᠡᠬᠦ ᠠᠵᠢᠯᠯᠠᠭ᠎ᠠ ᠶᠢ ᠬᠠᠮᠢᠶᠠᠷᠤᠨ᠎ᠠ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠡᠷᠬᠢᠯᠡᠭᠰᠡᠨ | ᠰᠤᠶᠤᠯ ᠤᠨ ᠡᠵᠡᠩᠨᠡᠬᠦ ᠠᠵᠢᠯᠯᠠᠭ᠎ᠠ ᠶᠢ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶᠠᠷᠤᠨ᠎ᠠ᠂ ᠤᠯᠤᠰ ᠠᠴᠠ ᠦᠭᠡᠷ᠎ᠡ ᠲᠤᠭᠲᠠᠭᠠᠯ ᠲᠠᠢ ᠨᠢ | ᠠᠰᠲᠠᠭᠠᠨ᠃ | ᠳᠡᠭᠡᠳᠦ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠬᠡᠷᠡᠭᠴᠡᠭᠡ ᠪᠠᠨ ᠦᠨᠳᠦᠰᠦᠯᠡᠨ᠂ ᠪᠤᠰᠤᠳ ᠬᠠᠮᠢᠶᠠᠷᠤᠯᠲᠠ ᠶᠢᠨ ᠰᠤᠶᠤᠯ ᠤᠨ ᠵᠠᠬ᠎ᠠ ᠳᠡᠯᠭᠡᠭᠦᠷ ᠤᠨ ᠠᠵᠢᠯ ᠢᠶᠠᠨ | ᠳᠤᠤᠷ᠎ᠠ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠨᠠᠶᠢᠳᠠᠵᠤ | ᠬᠠᠮᠢᠶᠠᠷᠤᠭᠤᠯᠵᠤ ᠪᠤᠯᠤᠨ᠎ᠠ᠃ | ᠬᠦᠬᠡᠬᠤᠲᠠ ᠪᠤᠯᠤᠨ ᠪᠤᠭᠤᠲᠤ ᠬᠤᠲᠠ ᠶᠢᠨ ᠬᠤᠲᠠ ᠶᠢᠨ ᠲᠤᠭᠤᠷᠢᠭ ᠤᠨ ᠰᠤᠶᠤᠯ ᠤᠨ ᠵᠠᠬ᠎ᠠ ᠳᠡᠯᠭᠡᠭᠦᠷ | ᠤᠨ ᠱᠠᠲᠤᠯᠠᠨ ᠬᠠᠮᠢᠶᠠᠷᠬᠤ ᠪᠠᠶᠢᠭᠤᠯᠤᠯ ᠢ ᠬᠦᠬᠡᠬᠤᠲᠠ ᠪᠤᠯᠤᠨ ᠪᠤᠭᠤᠲᠤ ᠬᠤᠲᠠ ᠶᠢᠨ ᠠᠷᠠᠳ ᠤᠨ ᠵᠠᠰᠠᠭ ᠤᠨ | ᠤᠷᠳᠤᠨ ᠪᠤᠲᠠᠲᠠᠢ ᠪᠠᠶᠢᠳᠠᠯ ᠢᠶᠠᠨ ᠦᠨᠳᠦᠰᠦᠯᠡᠨ ᠲᠤᠭᠲᠠᠭᠠᠨ᠎ᠠ᠃ | ᠠᠷᠪᠠᠳᠤᠭᠠᠷ ᠵᠤᠷᠪᠤᠰ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠱᠠᠲᠤᠯᠠᠨ ᠬᠠᠮᠢᠶᠠᠷᠬᠤ ᠬᠦᠷᠢᠶ᠎ᠡ ᠬᠡᠪᠴᠢᠶᠡᠨ ᠳᠤ ᠪᠠᠨ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠰᠦᠢᠳᠭᠡᠯ ᠢᠶᠠᠨ ᠬᠤᠷᠢᠶᠠᠨ ᠠᠪᠤᠨ᠎ᠠ᠃ ᠰᠦᠢᠳᠭᠡᠯ ᠬᠤᠷᠢᠶᠠᠬᠤ ᠬᠦᠷᠢᠶ᠎ᠡ ᠬᠡᠪᠴᠢᠶ᠎ᠡ᠂ ᠪᠠᠷᠢᠮᠵᠢᠶ᠎ᠠ ᠬᠢᠭᠡᠳ | ᠬᠡᠷᠡᠭᠯᠡᠬᠦ ᠠᠷᠭ᠎ᠠ ᠬᠡᠮᠵᠢᠶ᠎ᠡ ᠶᠢ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠲᠠᠭᠠᠯ | ᠤᠨ ᠶᠤᠰᠤᠭᠠᠷ ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠤᠷᠪᠤᠰ ᠰᠤᠶᠤᠯ ᠤᠨ ᠡᠵᠡᠩᠨᠡᠬᠦ ᠠᠵᠢᠯᠯᠠᠭ᠎ᠠ ᠶᠢ ᠡᠷᠬᠢᠯᠡᠬᠦ ᠳᠤ ᠡᠵᠡᠩᠨᠡᠬᠦ ᠵᠦᠢᠯ | ᠤᠨ ᠲᠤᠬᠢᠷᠠᠬᠤ ᠲᠠᠯᠠᠪᠤᠷ᠂ ᠲᠦᠬᠦᠭᠡᠷᠦᠮᠵᠢ ᠪᠤᠯᠤᠨ ᠲᠤᠰᠬᠠᠢ ᠮᠡᠷᠭᠡᠵᠢᠯ ᠤᠨ ᠠᠵᠢᠯᠲᠠᠨ ᠢ ᠪᠦᠷᠢᠳᠦᠭᠦᠯᠬᠦ ᠬᠡᠷᠡᠭᠲᠡᠢ᠃ | | ᠠᠷᠪᠠᠨ ᠬᠤᠶᠠᠳᠤᠭᠠᠷ ᠵᠤᠷᠪᠤᠰ ᠰᠤᠶᠤᠯ ᠤᠨ ᠡᠵᠡᠩᠨᠡᠬᠦ ᠠᠵᠢᠯᠯᠠᠭ᠎ᠠ ᠶᠢ ᠡᠷᠬᠢᠯᠡᠬᠦ ᠳᠤ ᠡᠷᠭᠦᠳᠡᠯ | ᠪᠤᠯᠤᠨ《 ᠡᠵᠡᠩᠨᠡᠯᠲᠡ ᠶᠢᠨ ᠦᠨᠡᠮᠯᠡᠯ》ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠂ | ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠪᠠᠶᠢᠴᠠᠭᠠᠯᠭᠠᠵᠤ | ᠵᠦᠪᠰᠢᠶᠡᠷᠡᠭᠦᠯᠦᠭᠡᠳ ᠰᠠᠶ᠋ᠢ《 ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ》 ᠢᠶᠠᠨ ᠠᠪᠳᠠᠭ︔ | ᠤᠯᠤᠰ ᠤᠨ ᠲᠤᠭᠲᠠᠭᠠᠯ ᠶᠤᠰᠤᠭᠠᠷ《 ᠠᠮᠤᠷ ᠲᠦᠪᠰᠢᠨ ᠤ ᠬᠢᠷᠢ ᠲᠡᠩᠴᠡᠭᠰᠡᠨ ᠭᠡᠷᠡᠴᠢ》᠂《 ᠡᠷᠡᠭᠦᠯ | ᠬᠠᠮᠠᠭᠠᠯᠠᠯ ᠤᠨ ᠵᠦᠪᠰᠢᠶᠡᠷᠡᠯ ᠤᠨ ᠦᠨᠡᠮᠯᠡᠯ》 ᠢ ᠠᠪᠬᠤ ᠴᠢᠬᠤᠯᠠᠲᠠᠢ᠂《 ᠰᠤᠶᠤᠯ ᠤᠨ ᠡᠵᠡᠩᠨᠡᠯᠲᠡ ᠶᠢᠨ | ᠵᠦᠪᠰᠢᠶᠡᠷᠡᠯ ᠤᠨ ᠦᠨᠡᠮᠯᠡᠯ》 ᠢᠶᠠᠨ ᠠᠪᠴᠤ ᠳᠤᠲᠤᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠲᠤ ᠬᠦᠷᠴᠦ ᠡᠷᠭᠦᠳᠡᠯ ᠢᠶᠠᠨ ᠦᠭᠴᠦ ᠭᠦᠢᠴᠡᠳᠭᠡᠭᠦᠯᠦᠨᠡ᠃ | ᠠᠷᠪᠠᠨ ᠭᠤᠷᠪᠠᠳᠤᠭᠠᠷ ᠵᠤᠷᠪᠤᠰ ᠦᠭᠡᠷᠡᠴᠢᠯᠡᠨ ᠡᠵᠡᠩᠨᠡᠭᠴᠢ᠂ ᠡᠵᠡᠩᠨᠡᠬᠦ ᠭᠠᠵᠠᠷ᠂ ᠡᠵᠡᠩᠨᠡᠬᠦ ᠵᠦᠢᠯᠡᠰ | ᠡᠰᠡᠭᠦᠯ᠎ᠡ ᠡᠵᠡᠩᠨᠡᠬᠦ ᠬᠡᠪᠴᠢᠶ᠎ᠡ ᠪᠠᠨ ᠦᠷᠭᠡᠳᠭᠡᠪᠡᠯ ᠲᠤᠰ ᠪᠦᠯᠦᠭ ᠤᠨ ᠠᠷᠪᠠᠨ ᠬᠤᠶᠠᠳᠤᠭᠠᠷ ᠵᠤᠷᠪᠤᠰ ᠲᠤ | ᠲᠤᠭᠲᠠᠭᠠᠭᠰᠠᠨ ᠳᠡᠰ ᠳᠠᠷᠠᠭᠠᠯᠠᠯ ᠤᠨ ᠶᠤᠰᠤᠭᠠᠷ ᠭᠦᠢᠴᠡᠳᠭᠡᠯ ᠢᠶᠠᠨ ᠬᠢᠬᠦ ᠬᠡᠷᠡᠭᠲᠡᠢ᠃ | | ᠭᠤᠷᠪᠠᠳᠤᠭᠠᠷ ᠪᠦᠯᠦᠭ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ | ᠤᠨ ᠬᠠᠮᠢᠶᠠᠷᠤᠯᠲᠠ | ᠠᠷᠪᠠᠨ ᠳᠦᠷᠪᠡᠳᠦᠭᠡᠷ ᠵᠤᠷᠪᠤᠰ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ | ᠦᠵᠡᠰᠭᠦᠯᠡᠩ ᠤᠨ ᠠᠭᠤᠯᠭ᠎ᠠ ᠶᠢ ᠰᠤᠶᠤᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ | ᠭᠠᠷᠳᠠᠨ ᠬᠢᠨᠠᠨ ᠪᠠᠶᠢᠴᠠᠭᠠᠵᠤ ᠵᠦᠪᠰᠢᠶᠡᠷᠡᠯ ᠦᠭᠬᠦ ᠬᠡᠷᠡᠭᠲᠡᠢ᠃ | ᠤᠷᠤᠨ ᠤ ᠭᠠᠳᠠᠨᠠᠬᠢ ᠪᠦᠯᠬᠦᠮ ᠨᠢᠭᠡᠴᠢ᠂ ᠬᠤᠪᠢ ᠬᠦᠮᠦᠨ ᠮᠠᠨ ᠤ ᠤᠷᠤᠨ ᠳᠤ ᠢᠷᠡᠵᠦ ᠡᠵᠡᠩᠨᠡᠯᠲᠡ | ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠡᠷᠬᠢᠯᠡᠬᠦ ᠭᠡᠪᠡᠯ ᠡᠷᠬᠡᠪᠡᠰᠢ ᠤᠷᠢᠳᠠᠪᠡᠷ | ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠡᠷᠭᠦᠳᠡᠯ ᠦᠭᠴᠦ᠂ ᠬᠢᠨᠠᠨ | ᠪᠠᠶᠢᠴᠠᠭᠠᠯᠭᠠᠵᠤ ᠵᠦᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠡᠵᠡᠩᠨᠡᠯᠲᠡ ᠶᠢᠨ ᠴᠢᠨᠠᠷᠲᠠᠢ ᠠᠵᠢᠯᠯᠠᠭ᠎ᠠ ᠶᠢ ᠡᠷᠬᠢᠯᠡᠵᠦ | ᠪᠤᠯᠤᠨ᠎ᠠ᠃ | ᠠᠷᠪᠠᠨ ᠲᠠᠪᠤᠳᠤᠭᠠᠷ ᠵᠤᠷᠪᠤᠰ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ | ᠦᠵᠡᠰᠭᠦᠯᠡᠩ ᠢ ᠡᠷᠬᠢᠯᠡᠭᠴᠢ ᠪᠠᠶᠢᠭᠤᠯᠭ᠎ᠠ ᠪᠠ ᠬᠤᠪᠢ ᠬᠦᠮᠦᠨ ᠬᠤᠳᠠᠯ ᠬᠠᠭᠤᠷᠮᠠᠭ ᠮᠡᠳᠡᠭᠡ ᠵᠠᠩᠭᠢ ᠵᠤᠬᠢᠶᠠᠬᠤ | ᠪᠤᠶᠤ ᠬᠠᠩᠭᠠᠵᠤ ᠪᠤᠯᠬᠤ ᠦᠭᠡᠢ᠃ | ᠠᠷᠪᠠᠨ ᠵᠢᠷᠭᠤᠳᠤᠭᠠᠷ ᠵᠤᠷᠪᠤᠰ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠢᠨᠠᠨ ᠪᠠᠶᠢᠴᠠᠭᠠᠭᠰᠠᠨ ᠵᠦᠪᠰᠢᠶᠡᠷᠡᠯ ᠢ ᠤᠯᠤᠭ᠎ᠠ ᠦᠭᠡᠢ ᠪᠦᠯᠬᠦᠮ ᠨᠢᠭᠡᠴᠢ ᠪᠠ ᠬᠤᠪᠢ ᠬᠦᠮᠦᠨ ᠤ | ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠢ ᠶᠠᠮᠠᠷ ᠴᠦ ᠪᠠᠶᠢᠭᠤᠯᠭ᠎ᠠ | ᠬᠦᠯᠢᠶᠡᠨ ᠠᠪᠴᠤ ᠪᠤᠯᠬᠤ ᠦᠭᠡᠢ᠃ | ᠡᠯ᠎ᠡ ᠵᠦᠢᠯ ᠤᠨ ᠠᠯᠪᠠᠨ ᠵᠢᠷᠤᠮ ᠤᠨ ᠲᠤᠭᠯᠠᠯᠲᠠ ᠡᠷᠬᠡᠪᠡᠰᠢ ᠰᠤᠶᠤᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠡᠢ᠃ ᠠᠯᠪᠠᠨ ᠵᠢᠷᠤᠮ ᠤᠨ | ᠲᠤᠭᠯᠠᠯᠲᠠ ᠶᠢᠨ ᠨᠡᠷ᠎ᠡ ᠪᠠᠷ ᠠᠰᠢᠭ ᠬᠤᠨᠵᠢᠪᠤᠷᠢ ᠤᠯᠬᠤ ᠲᠤᠭᠯᠠᠯᠲᠠ ᠬᠢᠵᠦ ᠪᠤᠯᠬᠤ ᠦᠭᠡᠢ᠃ | | ᠳᠦᠷᠪᠡᠳᠦᠭᠡᠷ ᠪᠦᠯᠦᠭ ᠡᠵᠡᠩᠨᠡᠯᠲᠡ ᠶᠢᠨ ᠴᠢᠨᠠᠷᠲᠠᠢ ᠨᠠᠶᠢᠷ ᠨᠠᠭᠠᠳᠤᠮ ᠤᠨ ᠬᠠᠮᠢᠶᠠᠷᠤᠯᠲᠠ | ᠠᠷᠪᠠᠨ ᠳᠤᠯᠤᠳᠤᠭᠠᠷ ᠵᠤᠷᠪᠤᠰ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠢ ᠡᠵᠡᠩᠨᠡᠬᠦ ᠳᠤ | ᠳᠤᠤᠷᠠᠬᠢ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄ | ︵ ᠨᠢᠭᠡ︶ ᠲᠠᠯᠠᠪᠤᠷ ᠲᠤᠭᠲᠠᠮᠠᠯ ᠮᠦᠷᠲᠡᠭᠡᠨ ᠠᠮᠤᠷ ᠲᠦᠪᠰᠢᠨ ᠪᠤᠯᠤᠨ ᠡᠷᠡᠭᠦᠯ ᠬᠠᠮᠠᠭᠠᠯᠠᠯ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | ︵ ᠬᠤᠶᠠᠷ︶ ᠲᠤᠬᠢᠷᠠᠮᠵᠢᠲᠠᠢ ᠭᠡᠷᠡᠯᠲᠦᠭᠦᠯᠭᠡ᠂ ᠰᠠᠯᠬᠢ ᠨᠡᠪᠲᠡᠷᠡᠭᠦᠯᠬᠦ ᠲᠦᠬᠦᠭᠡᠷᠦᠮᠵᠢ ᠪᠤᠯᠤᠨ | ᠦᠢᠯᠡᠴᠢᠯᠡᠭᠡᠨ ᠤ ᠪᠡᠯᠡᠳᠭᠡᠮᠵᠢ ᠲᠠᠢ ᠪᠠᠶᠢᠬᠤ︔ | ︵ ᠭᠤᠷᠪᠠ︶ ᠵᠤᠬᠢᠬᠤ ᠲᠤᠰᠬᠠᠢ ᠮᠡᠷᠭᠡᠵᠢᠯ ᠤᠨ ᠮᠡᠳᠡᠯᠭᠡ ᠡᠵᠡᠮᠰᠢᠭᠰᠡᠨ ᠬᠠᠮᠢᠶᠠᠷᠤᠭᠴᠢ ᠪᠤᠯᠤᠨ ᠠᠮᠤᠷ | ᠲᠦᠪᠰᠢᠨ ᠤ ᠬᠠᠮᠠᠭᠠᠯᠠᠭᠴᠢ ᠲᠠᠢ ᠪᠠᠶᠢᠬᠤ︔ | ︵ ᠳᠦᠷᠪᠡ︶ ᠬᠠᠷᠢᠭᠤᠴᠠᠯᠭᠠᠲᠠᠨ ᠨᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠤᠨ ᠪᠤᠯᠪᠠᠰᠤᠷᠠᠯ ᠢᠶᠠᠷ ᠳᠠᠮᠵᠢᠵᠤ ᠬᠢᠷᠢ ᠲᠡᠩᠴᠡᠭᠭᠰᠡᠨ ᠦᠨᠡᠮᠯᠡᠯ ᠠᠪᠤᠭᠰᠠᠨ ᠪᠠᠶᠢᠬᠤ᠃ | ᠠᠷᠪᠠᠨ ᠨᠠᠢᠮᠠᠳᠤᠭᠠᠷ ᠵᠤᠷᠪᠤᠰ ᠨᠠᠶᠢᠷ ᠨᠠᠭᠠᠳᠤᠮ ᠤᠨ ᠠᠵᠢᠯᠯᠠᠭ᠎ᠠ ᠵᠢᠴᠢ ᠲᠡᠭᠦᠨ ᠤ ᠲᠠᠯᠠᠪᠤᠷ ᠢ | ᠠᠰᠢᠭᠯᠠᠨ ᠤᠷᠢᠨ ᠲᠠᠴᠢᠶᠠᠩᠭᠤᠢ᠂ ᠱᠠᠯᠢᠭ ᠵᠠᠪᠬᠠᠢ᠂ ᠵᠤᠭᠤᠰ ᠨᠠᠭᠠᠳᠬᠤ᠂ ᠹᠸᠤᠳᠠᠯ ᠤᠨ ᠮᠤᠬᠤᠷ ᠰᠦᠰᠦᠭ | ᠪᠤᠯᠤᠨ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠠᠵᠢᠯᠯᠠᠭ᠎ᠠ ᠦᠷᠨᠢᠭᠦᠯᠬᠦ ᠶᠢ ᠬᠤᠷᠢᠭᠯᠠᠨ᠎ᠠ᠃ | ᠠᠷᠪᠠ ᠶᠢᠰᠦᠳᠦᠭᠡᠷ ᠵᠤᠷᠪᠤᠰ ᠨᠤᠴᠤᠮᠠᠲᠠᠭᠠᠢ ᠪᠤᠳᠠᠰ᠂ ᠳᠡᠯᠪᠡᠷᠡᠮᠡᠳᠡᠭᠡᠢ ᠪᠤᠳᠠᠰ᠂ ᠳᠤᠭᠰᠢᠨ ᠬᠤᠤᠷ | ᠵᠡᠷᠭᠡ ᠠᠶᠤᠯᠲᠠᠢ ᠪᠤᠳᠠᠰ ᠪᠤᠯᠤᠨ ᠰᠦᠷᠳᠡᠭᠦᠯᠬᠦ ᠢᠷᠲᠤ ᠪᠠᠭᠠᠵᠢ᠂ ᠫᠤᠤ ᠵᠡᠪᠰᠡᠭ ᠠᠪᠴᠤ ᠶᠠᠪᠤᠭ᠎ᠠ ᠬᠦᠮᠦᠰ ᠢ ᠨᠠᠶᠢᠷ | ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠤᠷᠤᠭᠤᠯᠵᠤ ᠪᠤᠯᠬᠤ ᠦᠭᠡᠢ᠃ | ᠬᠤᠷᠢᠳᠤᠭᠠᠷ ᠵᠤᠷᠪᠤᠰ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠳᠡᠩᠳᠡᠭᠦᠦ ᠪᠦᠳᠡᠬᠢ | ᠭᠡᠷᠡᠯᠲᠦᠭᠦᠯᠭᠡ ᠬᠡᠷᠡᠭᠯᠡᠵᠦ ᠪᠤᠯᠬᠤ ᠦᠭᠡᠢ᠂ ᠲᠤᠭᠲᠠᠭᠰᠠᠨ ᠤᠷᠤᠨ ᠲᠤᠭ᠎ᠠ ᠠᠴᠠ ᠪᠠᠨ ᠬᠡᠲᠦᠷᠡᠭᠰᠡᠨ ᠤᠷᠤᠯᠴᠠᠭᠴᠢ | ᠲᠠᠢ ᠨᠠᠶᠢᠷ ᠨᠠᠭᠠᠳᠤᠮ ᠤᠨ ᠠᠵᠢᠯᠯᠠᠭ᠎ᠠ ᠶᠢ ᠡᠷᠬᠢᠯᠡᠵᠦ ᠪᠤᠯᠬᠤ ᠦᠭᠡᠢ᠃ | ᠬᠤᠷᠢᠨ ᠨᠢᠭᠡᠳᠦᠭᠡᠷ ᠵᠤᠷᠪᠤᠰ ᠦᠰᠪᠦᠷᠢ ᠬᠡᠦᠬᠡᠳ ᠲᠤ ᠲᠤᠬᠢᠷᠠᠬᠤ ᠦᠭᠡᠢ ᠨᠠᠶᠢᠷ ᠨᠠᠭᠠᠳᠤᠮ ᠤᠨ | ᠠᠵᠢᠯᠯᠠᠭᠠᠨ ᠤ ᠲᠠᠯᠠᠪᠤᠷ ᠲᠤ ᠡᠷᠬᠡᠪᠡᠰᠢ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠳᠤᠲᠤᠭᠠᠳᠤ ᠶᠢ | ᠬᠠᠮᠠᠭᠠᠯᠠᠬᠤ ᠶᠢᠨ ᠬᠢᠨ ᠤ ᠵᠤᠬᠢᠶᠠᠨ ᠦᠢᠯᠡᠳᠦᠭᠰᠡᠨ《 ᠦᠰᠪᠦᠷᠢ ᠬᠡᠦᠬᠡᠳ ᠤᠷᠤᠵᠤ ᠪᠤᠯᠬᠤ ᠦᠭᠡᠢ》 ᠭᠡᠰᠡᠨ | ᠲᠡᠮᠲᠡᠭ ᠪᠠᠶᠢᠷᠢᠯᠠᠭᠤᠯᠵᠤ᠂ ᠦᠰᠪᠦᠷᠢ ᠬᠡᠦᠬᠡᠳ ᠤᠷᠤᠬᠤ ᠶᠢ ᠬᠤᠷᠢᠭᠯᠠᠬᠤ ᠬᠡᠷᠡᠭᠲᠡᠢ᠃ | ᠬᠤᠷᠢᠨ ᠬᠤᠶᠠᠳᠤᠭᠠᠷ ᠵᠤᠷᠪᠤᠰ ᠡᠯᠧᠺᠲᠷᠤᠨ ᠲᠤᠭᠯᠠᠭᠠᠮ ᠤᠨ ᠠᠵᠢᠯᠯᠠᠭ᠎ᠠ ᠡᠵᠩᠨᠡᠵᠦ ᠪᠠᠶᠢᠭ᠎ᠠ | ᠪᠠᠶᠢᠭᠤᠯᠭ᠎ᠠ ᠪᠠ ᠬᠤᠪᠢ ᠬᠦᠮᠦᠨ ᠠᠮᠠᠷᠠᠯᠲᠠ ᠶᠢᠨ ᠪᠢᠰᠢ ᠡᠳᠦᠷ ᠦᠰᠪᠦᠷᠢ ᠬᠡᠦᠬᠡᠳ ᠢ ᠬᠦᠯᠢᠶᠡᠨ ᠠᠪᠴᠤ ᠪᠤᠯᠬᠤ | ᠦᠭᠡᠢ᠃ | ᠡᠯᠧᠺᠲᠷᠤᠨ ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ | ᠦᠰᠪᠦᠷᠢ ᠬᠡᠦᠬᠡᠳ ᠳᠤ ᠪᠡᠶ᠎ᠡ ᠰᠡᠳᠭᠢᠯ ᠤᠨ ᠡᠷᠡᠭᠦᠯ ᠮᠡᠨᠳᠦ ᠳᠤ ᠨᠢ ᠬᠤᠤᠷᠲᠠᠢ ᠲᠤᠭᠯᠠᠭᠠᠮ ᠢ ᠬᠠᠩᠭᠠᠵᠤ | ᠪᠤᠯᠬᠤ ᠦᠭᠡᠢ᠃ | ᠡᠯᠧᠺᠲᠷᠤᠨ ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ | ᠬᠦᠮᠦᠨᠡᠯᠧᠺᠲᠷᠤᠨ ᠲᠤᠭᠯᠠᠭᠠᠮ ᠤᠨ ᠠᠵᠢᠯᠯᠠᠭ᠎ᠠ ᠶᠢ ᠠᠰᠢᠭᠯᠠᠨ ᠵᠤᠭᠤᠰ ᠨᠠᠭᠠᠳᠬᠤ᠂ ᠬᠡᠯᠪᠡᠷᠢ ᠬᠤᠪᠢᠷᠠᠭᠠᠨ | ᠵᠤᠭᠤᠰ ᠨᠠᠭᠠᠳᠬᠤ ᠪᠤᠶᠤ ᠦᠰᠪᠦᠷᠢ ᠬᠡᠦᠬᠡᠳ ᠢ ᠦᠳᠦᠭᠡᠨ ᠳᠤᠬᠢᠵᠤ ᠵᠤᠭᠤᠰ ᠨᠠᠭᠠᠳᠤᠭᠤᠯᠵᠤ ᠪᠤᠯᠬᠤ ᠦᠭᠡᠢ᠃ | ᠬᠤᠷᠢᠨ ᠭᠤᠷᠪᠠᠳᠤᠭᠠᠷ ᠵᠤᠷᠪᠤᠰ ᠡᠵᠡᠩᠨᠡᠯᠲᠡ ᠶᠢᠨ ᠴᠢᠨᠠᠷᠲᠠᠢ ᠨᠠᠶᠢᠷ ᠨᠠᠭᠠᠳᠤᠮ ᠤᠨ ᠠᠵᠢᠯᠯᠠᠭ᠎ᠠ | ᠡᠷᠬᠢᠯᠡᠵᠦ ᠪᠠᠶᠢᠭ᠎ᠠ ᠪᠠᠶᠢᠭᠤᠯᠭ᠎ᠠ ᠪᠤᠶᠤ ᠬᠤᠪᠢ ᠬᠦᠮᠦᠨ ᠤᠷᠠᠨ ᠰᠠᠶᠢᠬᠠᠨ ᠤ ᠲᠤᠭᠯᠠᠯᠲᠠ ᠶᠢᠨ ᠪᠦᠯᠬᠦᠮ ᠨᠢᠭᠡᠴᠢ | ᠶᠢ ᠬᠦᠯᠢᠶᠡᠨ ᠠᠪᠬᠤ ᠳᠤ ᠪᠠᠨ ᠡᠷᠬᠡᠪᠡᠰᠢ ᠨᠠᠶᠢᠷ ᠨᠠᠭᠠᠳᠤᠮ ᠤᠨ ᠲᠠᠯᠠᠪᠤᠷ ᠤᠨ《 ᠡᠵᠡᠩᠨᠡᠯᠲᠡ ᠶᠢᠨ ᠴᠢᠨᠠᠷᠲᠠᠢ | ᠲᠤᠭᠯᠠᠯᠲᠠ ᠶᠢᠨ ᠵᠦᠪᠰᠢᠶᠡᠷᠡᠯ ᠤᠨ ᠦᠨᠡᠮᠯᠡᠯ》 ᠢ ᠪᠦᠷᠢᠯᠳᠦᠭᠦᠯᠬᠦ ᠬᠡᠷᠡᠭᠲᠡᠢ︔ | ᠤᠷᠢᠨ ᠬᠡᠷᠡᠭᠯᠡᠵᠦ ᠪᠠᠶᠢᠭ᠎ᠠ ᠲᠤᠭᠯᠠᠭᠴᠢ ᠨᠢ ᠡᠷᠬᠡᠪᠡᠰᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠲᠤᠭᠯᠠᠭᠴᠢ ᠶᠢᠨ ᠬᠤᠪᠢ ᠬᠦᠮᠦᠨ ᠳᠤ ᠨᠢ ᠤᠯᠭᠤᠭᠰᠠᠨ《 ᠡᠵᠡᠩᠨᠡᠯᠲᠡ | ᠶᠢᠨ ᠲᠤᠭᠯᠠᠯᠲᠠ ᠶᠢᠨ ᠵᠦᠪᠰᠢᠶᠡᠷᠡᠯ ᠤᠨ ᠦᠨᠡᠮᠯᠡᠯ》 ᠪᠠᠶᠢᠬᠤ ᠬᠡᠷᠡᠭᠲᠡᠢ︔ ᠦᠨᠡᠮᠯᠡᠯ ᠦᠭᠡᠢ ᠲᠤᠭᠯᠠᠯᠲᠠ ᠶᠢᠨ | ᠪᠦᠯᠬᠦᠮ ᠪᠤᠯᠤᠨ ᠬᠤᠪᠢ ᠬᠦᠮᠦᠨ ᠢ ᠬᠦᠯᠢᠶᠡᠨ ᠠᠪᠴᠤ ᠪᠤᠯᠬᠤ ᠦᠭᠡᠢ᠃ | | ᠲᠠᠪᠤᠳᠤᠭᠠᠷ ᠪᠦᠯᠦᠭ ᠨᠤᠮ ᠰᠡᠳᠭᠦᠯ ᠪᠤᠯᠤᠨ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ | ᠬᠠᠮᠢᠶᠠᠷᠤᠯᠲᠠ | ᠬᠤᠷᠢᠨ ᠳᠦᠷᠪᠡᠳᠦᠭᠡᠷ ᠵᠤᠷᠪᠤᠰ ᠬᠠᠤᠯᠢ ᠪᠤᠰᠤ᠂ ᠵᠢᠩᠬᠢᠨᠢ ᠪᠤᠰᠤ ᠬᠡᠪᠯᠡᠯ ᠤᠨ᠂ ᠳᠤᠲᠤᠭᠠᠳᠤ | ᠲᠠᠷᠬᠠᠭᠠᠯᠭ᠎ᠠ ᠶᠢᠨ ᠪᠤᠯᠤᠨ ᠤᠯᠤᠰ ᠠᠴᠠ ᠵᠠᠷᠯᠠᠨ ᠬᠤᠷᠢᠭᠯᠠᠭᠰᠠᠨ ᠨᠤᠮ ᠳᠡᠪᠲᠡᠷ᠂ ᠭᠡᠷᠡᠯ ᠵᠢᠷᠤᠭ᠂ ᠰᠤᠨᠢᠨ | ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠡᠵᠡᠩᠨᠡᠵᠦ ᠪᠤᠯᠬᠤ ᠦᠭᠡᠢ᠃ | ᠶᠠᠮᠠᠷᠪᠠ ᠪᠠᠶᠢᠭᠤᠯᠭ᠎ᠠ ᠪᠤᠯᠤᠨ ᠬᠤᠪᠢ ᠬᠦᠮᠦᠨ ᠦᠰᠪᠦᠷᠢ ᠬᠡᠦᠬᠡᠳ ᠳᠤ ᠬᠦᠴᠦᠷᠬᠡᠭᠯᠡᠯ᠂ ᠬᠤᠤᠷᠯᠠᠨ | ᠠᠯᠠᠬᠤ᠂ ᠰᠦᠷᠳᠡᠭᠦᠯᠦᠯ ᠵᠡᠷᠭᠡ ᠶᠢᠨ ᠬᠤᠤᠷᠳᠠᠭᠤᠯᠬᠤ ᠠᠭᠤᠯᠭ᠎ᠠ ᠪᠦᠬᠦᠢ ᠨᠤᠮ ᠳᠡᠪᠲᠡᠷ᠂ ᠭᠡᠷᠡᠯ ᠵᠢᠷᠤᠭ᠂ ᠰᠤᠨᠢᠨ | ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠬᠤᠳᠠᠯᠳᠤᠬᠤ᠂ ᠲᠦᠷᠢᠶᠡᠰᠦᠯᠡᠬᠦ ᠪᠤᠶᠤ ᠦᠭᠡᠷ᠎ᠡ | ᠶᠠᠮᠠᠷ ᠨᠢᠭᠡᠨ ᠬᠡᠯᠪᠡᠷᠢ ᠪᠠᠷ ᠳᠠᠮᠵᠢᠭᠤᠯᠵᠤ ᠪᠤᠯᠬᠤ ᠦᠭᠡᠢ᠃ | ᠬᠤᠷᠢᠨ ᠲᠠᠪᠤᠳᠤᠭᠠᠷ ᠵᠤᠷᠪᠤᠰ ᠪᠦᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ | ᠶᠢᠨ ᠵᠦᠪᠰᠢᠶᠡᠷᠡᠯ ᠤᠯᠤᠭ᠎ᠠ ᠦᠭᠡᠢ ᠡᠵᠡᠩᠨᠡᠭᠴᠢ ᠨᠤᠮ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ | ᠦᠢᠯᠡᠳᠭᠦᠨ ᠢ ᠪᠦᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠤᠯᠬᠤ ᠦᠭᠡᠢ᠃ | ᠬᠤᠷᠢᠨ ᠵᠢᠷᠭᠤᠳᠤᠭᠠᠷ ᠵᠤᠷᠪᠤᠰ ᠳᠦᠷᠰᠦ ᠰᠢᠩᠭᠡᠭᠡᠯᠲᠡ ᠭᠠᠷᠭᠠᠨ ᠰᠤᠨᠢᠷᠬᠠᠭᠤᠯᠬᠤ ᠪᠠᠶᠢᠭᠤᠯᠭ᠎ᠠ | ᠦᠰᠪᠦᠷᠢ ᠬᠡᠦᠬᠡᠳ ᠢ ᠬᠦᠯᠢᠶᠡᠨ ᠠᠪᠴᠤ《 ᠦᠰᠪᠦᠷᠢ ᠬᠡᠦᠬᠡᠳ ᠲᠤ ᠲᠤᠬᠢᠷᠠᠬᠤ ᠦᠭᠡᠢ》 ᠭᠡᠰᠡᠨ ᠲᠡᠮᠲᠡᠭ | ᠲᠠᠢ ᠳᠦᠷᠰᠦ ᠰᠢᠩᠭᠡᠭᠡᠯᠲᠡ ᠶᠢ ᠦᠵᠡᠭᠦᠯᠵᠦ ᠪᠤᠯᠬᠤ ᠦᠭᠡᠢ᠃ | ᠬᠤᠷᠢᠨ ᠳᠤᠯᠤᠳᠤᠭᠠᠷ ᠵᠤᠷᠪᠤᠰ ᠨᠤᠮ ᠳᠡᠪᠲᠡᠷ᠂ ᠭᠡᠷᠡᠯ ᠵᠢᠷᠤᠭ᠂ ᠰᠤᠨᠢᠨ ᠰᠡᠳᠭᠦᠯ ᠪᠤᠯᠤᠨ ᠳᠠᠭᠤ | ᠳᠦᠷᠰᠦ ᠰᠢᠩᠭᠡᠭᠡᠯᠲᠡ ᠶᠢᠨ ᠡᠵᠡᠩᠨᠡᠯᠲᠡ ᠶᠢᠨ ᠵᠠᠷ ᠮᠡᠳᠡᠭᠡ ᠶᠢᠨ ᠠᠭᠤᠯᠭ᠎ᠠ ᠦᠨᠡᠨ ᠪᠤᠳᠠᠲᠠᠢ ᠪᠠᠶᠢᠬᠤ ᠬᠡᠷᠡᠭᠲᠡᠢ᠂ | ᠤᠷᠢᠨ ᠲᠠᠴᠢᠶᠠᠩᠭᠤᠢ᠂ ᠱᠠᠯᠢᠭ ᠵᠠᠪᠬᠠᠢ᠂ ᠬᠦᠴᠦᠷᠬᠡᠭᠯᠡᠯ ᠤᠨ ᠵᠢᠷᠤᠭ ᠳᠦᠷᠰᠦ ᠪᠤᠯᠤᠨ ᠦᠰᠦᠭ ᠪᠢᠴᠢᠭ ᠢ | ᠬᠡᠷᠡᠭᠯᠡᠵᠦ ᠪᠤᠯᠬᠤ ᠦᠭᠡᠢ᠃ | | ᠵᠢᠷᠭᠤᠳᠤᠭᠠᠷ ᠪᠦᠯᠦᠭ ᠪᠤᠰᠤᠳ ᠡᠵᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ | ᠬᠤᠷᠢᠨ ᠨᠠᠢᠮᠠᠳᠤᠭᠠᠷ ᠵᠤᠷᠪᠤᠰ ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠢ | ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠳᠤ ᠪᠠᠨ ᠵᠤᠬᠢᠶᠠᠭᠴᠢ ᠶᠢᠨ ᠬᠢᠨᠢ ᠨᠡᠷ᠎ᠡ᠂ | ᠤᠯᠤᠰ ᠤᠨ ᠬᠠᠷᠢᠶ᠎ᠠ᠂ ᠴᠠᠭ ᠦᠶ᠎ᠡ ᠶᠢ ᠨᠢ ᠲᠤᠳᠤᠷᠬᠠᠶᠢᠯᠠᠬᠤ ᠬᠡᠷᠡᠭᠲᠡᠢ︔ ᠳᠠᠭᠤᠷᠢᠶᠠᠮᠠᠯ ᠦᠢᠯᠡᠳᠭᠦᠨ᠂ | ᠬᠠᠭᠤᠯᠪᠤᠷᠢ ᠦᠢᠯᠡᠳᠭᠦᠨ ᠢ ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠳᠤ ᠪᠠᠨ | ᠪᠠᠰᠠ《 ᠳᠠᠭᠤᠷᠢᠶᠠᠮᠠᠯ》 ᠪᠤᠶᠤ《 ᠬᠠᠭᠤᠯᠪᠤᠷᠢ》 ᠭᠡᠵᠦ ᠲᠤᠳᠤᠷᠬᠠᠶᠢᠯᠠᠵᠤ ᠦᠭᠬᠦ ᠬᠡᠷᠡᠭᠲᠡᠢ᠃ ᠬᠠᠤᠯᠢ ᠪᠤᠰᠤ | ᠳᠠᠭᠤᠷᠢᠶᠠᠮᠠᠯ ᠦᠢᠯᠡᠳᠭᠦᠨ᠂ ᠬᠠᠭᠤᠯᠪᠤᠷᠢ ᠦᠢᠯᠡᠳᠭᠦᠨ ᠪᠤᠶᠤ ᠪᠤᠰᠤᠳ ᠤᠨ ᠨᠡᠷ᠎ᠡ ᠶᠢ ᠬᠠᠭᠤᠷᠮᠠᠭᠯᠠᠨ ᠪᠢᠴᠢᠭᠰᠡᠨ | ᠤᠷᠠᠯᠢᠭ ᠤᠨ ᠪᠦᠲᠦᠭᠡᠯ ᠢ ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠶᠢ ᠬᠤᠷᠢᠭᠯᠠᠨ᠎ᠠ᠃ | ᠬᠤᠷᠢᠨ ᠶᠢᠰᠦᠳᠦᠭᠡᠷ ᠵᠤᠷᠪᠤᠰ ᠡᠵᠡᠩᠨᠡᠯᠲᠡ ᠶᠢᠨ ᠴᠢᠨᠠᠷᠲᠠᠢ ᠤᠷᠠᠨ ᠪᠢᠴᠢᠯᠭᠡ᠂ ᠤᠷᠠᠨ ᠵᠢᠷᠤᠭ ᠵᠡᠷᠭᠡ | ᠤᠷᠠᠯᠢᠭ ᠤᠨ ᠪᠦᠲᠦᠭᠡᠯ ᠤᠨ ᠴᠠᠷᠳᠠᠵᠤ ᠴᠢᠮᠡᠭᠯᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠳᠤ ᠲᠤᠬᠢᠷᠠᠮᠵᠢᠲᠠᠢ | ᠲᠤᠰᠬᠠᠢ ᠮᠡᠷᠭᠡᠵᠢᠯ ᠤᠨ ᠮᠡᠳᠡᠯᠭᠡ ᠪᠤᠯᠤᠨ ᠴᠢᠳᠠᠪᠤᠷᠢ ᠲᠠᠢ ᠬᠦᠮᠦᠨ ᠪᠠᠶᠢᠬᠤ ᠬᠡᠷᠡᠭᠲᠡᠢ᠃ | ᠭᠤᠴᠢᠳᠤᠭᠠᠷ ᠵᠤᠷᠪᠤᠰ ᠡᠵᠡᠩᠨᠡᠯᠲᠡ ᠶᠢᠨ ᠴᠢᠨᠠᠷᠲᠠᠢ ᠤᠷᠠᠯᠢᠭ ᠤᠨ ᠪᠤᠯᠪᠠᠰᠤᠷᠠᠯ ᠡᠷᠬᠢᠯᠡᠬᠦ ᠪᠠᠶᠢᠭᠤᠯᠭ᠎ᠠ | ᠪᠤᠯᠤᠨ ᠬᠤᠪᠢ ᠬᠦᠮᠦᠨ ᠪᠤᠯᠪᠠᠰᠤᠷᠠᠯ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ | ᠭᠤᠴᠢᠨ ᠨᠢᠭᠡᠳᠦᠭᠡᠷ ᠵᠤᠷᠪᠤᠰ ᠰᠤᠶᠤᠯ ᠤᠨ ᠵᠠᠭᠤᠴᠢᠯᠠᠭᠴᠢ ᠶᠢᠨ ᠠᠵᠢᠯᠯᠠᠭ᠎ᠠ ᠶᠢ ᠡᠷᠬᠢᠯᠡᠵᠦ ᠪᠠᠶᠢᠭ᠎ᠠ | ᠪᠠᠶᠢᠭᠤᠯᠭ᠎ᠠ ᠪᠠ ᠬᠤᠪᠢ ᠬᠦᠮᠦᠨ ᠬᠡᠪᠯᠡᠯ ᠳᠤ ᠨᠡᠶᠢᠲᠡᠯᠡᠬᠦ᠂ ᠳᠡᠯᠭᠡᠵᠦ ᠨᠠᠭᠠᠬᠤ ᠬᠤᠳᠠᠯ ᠬᠠᠭᠤᠷᠮᠠᠭ ᠰᠤᠶᠤᠯ ᠤᠨ | ᠡᠵᠩᠨᠡᠯᠲᠡ ᠶᠢᠨ ᠠᠵᠢᠯᠯᠠᠭᠠᠨ ᠤ ᠵᠠᠷ ᠮᠡᠳᠡᠭᠡ ᠶᠢ ᠬᠠᠩᠭᠠᠵᠤ ᠪᠤᠯᠬᠤ ᠦᠭᠡᠢ᠃ | ᠭᠤᠴᠢᠨ ᠬᠤᠶᠠᠳᠤᠭᠠᠷ ᠵᠤᠷᠪᠤᠰ ᠲᠦᠷ ᠴᠠᠭ ᠤᠨ ᠴᠢᠨᠠᠷᠲᠠᠢ ᠰᠤᠶᠤᠯ ᠤᠨ ᠵᠠᠭᠤᠯᠴᠢᠯᠠᠭᠴᠢ ᠶᠢᠨ | ᠠᠵᠢᠯᠯᠠᠭ᠎ᠠ ᠶᠢ ᠡᠷᠬᠢᠯᠡᠬᠦ ᠳᠤ ᠵᠠᠪᠠᠯ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠢᠶᠠᠷ ᠬᠢᠨᠠᠨ ᠵᠦᠪᠰᠢᠶᠡᠷᠡᠭᠦᠯᠦᠭᠰᠡᠨ ᠪᠠᠶᠢᠬᠤ ᠬᠡᠷᠡᠭᠲᠡᠢ᠃ | | ᠳᠤᠯᠤᠳᠤᠭᠠᠷ ᠪᠦᠯᠦᠭ ᠡᠵᠡᠩᠨᠡᠭᠴᠢ ᠶᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ | ᠭᠤᠴᠢᠨ ᠭᠤᠷᠪᠠᠳᠤᠭᠠᠷ ᠵᠤᠷᠪᠤᠰ ᠡᠵᠡᠩᠨᠡᠭᠴᠢ ᠶᠢᠨ ᠬᠠᠤᠯᠢ ᠶᠤᠰᠤᠨ ᠤ ᠡᠷᠬᠡ ᠠᠰᠢᠭ ᠬᠠᠤᠯᠢ ᠪᠠᠷ | ᠬᠠᠮᠠᠭᠠᠯᠠᠭᠳᠠᠵᠤ᠂ ᠡᠵᠡᠩᠨᠡᠭᠴᠢ ᠠᠴᠠ ᠲᠡᠭᠦᠨ ᠤ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠭᠤᠯᠭ᠎ᠠ | ᠪᠠ ᠬᠤᠪᠢ ᠬᠦᠮᠦᠨ ᠢ ᠢᠯᠡᠴᠢᠯᠡᠬᠦ᠂ ᠮᠡᠳᠡᠭᠦᠯᠬᠦ᠂ ᠵᠠᠭᠠᠯᠳᠤᠬᠤ ᠪᠠ ᠭᠤᠮᠤᠳᠠᠯ ᠲᠤᠭᠠᠴᠠᠬᠤ ᠡᠷᠬᠡ ᠲᠠᠢ᠃ | ᠭᠤᠴᠢᠨ ᠳᠦᠷᠪᠡᠳᠦᠭᠡᠷ ᠵᠤᠷᠪᠤᠰ ᠡᠵᠡᠩᠨᠡᠭᠴᠢ ᠠᠴᠠ ᠬᠠᠮᠢᠶᠠᠷᠤᠯᠲᠠ ᠶᠢᠨ ᠪᠤᠰᠤ ᠰᠠᠯᠠᠭ᠎ᠠ ᠮᠦᠴᠢᠷ | ᠪᠤᠯᠤᠨ ᠪᠠᠶᠢᠴᠠᠭᠠᠭᠴᠢ ᠶᠢᠨ ᠦᠨᠡᠮᠯᠡᠯ ᠦᠭᠡᠢ ᠪᠠᠶᠢᠴᠠᠭᠠᠯᠲᠠ ᠶᠢ ᠵᠦᠪᠰᠢᠶᠡᠷᠡᠬᠦ ᠦᠭᠡᠢ ᠪᠠᠶᠢᠬᠤ ᠡᠷᠬᠡ ᠲᠠᠢ᠂ | ᠦᠨᠡᠮᠯᠡᠯ ᠤᠯᠭᠤᠳᠠᠭ ᠪᠤᠰᠤ ᠰᠠᠯᠠᠭ᠎ᠠ ᠮᠦᠴᠢᠷ ᠤᠨ ᠬᠢᠨ ᠤ《 ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ | ᠦᠨᠡᠮᠯᠡᠯ》᠂《 ᠡᠵᠡᠩᠨᠡᠯᠲᠡ ᠶᠢᠨ ᠦᠨᠡᠮᠯᠡᠯ》 ᠵᠡᠷᠭᠡ ᠬᠤᠯᠪᠤᠭᠳᠠᠯ ᠪᠦᠬᠦᠢ ᠦᠨᠡᠮᠯᠡᠯ ᠢ ᠬᠤᠷᠢᠶᠠᠮᠵᠢᠯᠠᠬᠤ ᠶᠢ | ᠵᠦᠪᠰᠢᠶᠡᠷᠡᠬᠦ ᠦᠭᠡᠢ ᠪᠠᠶᠢᠬᠤ ᠡᠷᠬᠡ ᠲᠠᠢ᠃ | ᠭᠤᠴᠢᠨ ᠲᠠᠪᠤᠳᠤᠭᠠᠷ ᠵᠤᠷᠪᠤᠰ ᠡᠵᠡᠩᠨᠡᠭᠴᠢ᠂ ᠶᠠᠮᠠᠷᠪᠠ ᠨᠢᠭᠡᠨ ᠪᠠᠶᠢᠭᠤᠯᠭ᠎ᠠ ᠪᠤᠶᠤ ᠬᠤᠪᠢ ᠬᠦᠮᠦᠨ | ᠲᠦᠯᠦᠪᠦᠷᠢ ᠦᠭᠡᠢ ᠪᠠᠷ ᠡᠵᠡᠩᠨᠡᠯᠲᠡ ᠶᠢᠨ ᠲᠠᠯᠠᠪᠤᠷ ᠪᠤᠯᠤᠨ ᠲᠦᠬᠦᠭᠡᠷᠦᠮᠵᠢ ᠶᠢ ᠬᠡᠷᠡᠭᠯᠡᠬᠦ ᠶᠢ ᠵᠦᠪᠰᠢᠶᠡᠷᠡᠬᠦ ᠦᠭᠡᠢ | ᠪᠠᠶᠢᠬᠤ ᠡᠷᠬᠡ ᠲᠠᠢ᠂ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠲᠤᠭᠲᠠᠭᠠᠯ ᠲᠠᠢ ᠨᠡᠶᠢᠴᠡᠬᠦ ᠦᠭᠡᠢ ᠡᠯ᠎ᠡ | ᠵᠦᠢᠯ ᠤᠨ ᠰᠦᠢᠳᠭᠡᠯ ᠪᠤᠯᠤᠨ ᠲᠤᠷᠭᠠᠭᠤᠯᠢ ᠶᠢ ᠲᠤᠰᠢᠶᠠᠬᠤ ᠦᠭᠡᠢ ᠪᠠᠶᠢᠬᠤ ᠡᠷᠬᠡ ᠲᠠᠢ᠃ | ᠭᠤᠴᠢᠨ ᠵᠢᠷᠭᠤᠳᠤᠭᠠᠷ ᠵᠤᠷᠪᠤᠰ ᠡᠵᠡᠩᠨᠡᠭᠴᠢ᠂ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯᠤᠨ | ᠬᠠᠮᠢᠶᠠᠷᠤᠭᠴᠢ ᠶᠢᠨ ᠬᠠᠤᠯᠢ ᠶᠤᠰᠤ ᠶᠢ ᠵᠦᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠠᠴᠠ | ᠪᠤᠯᠵᠤ ᠠᠵᠤ ᠠᠬᠤᠢ ᠶᠢᠨ ᠬᠤᠬᠢᠷᠠᠯ ᠠᠮᠰᠠᠭᠰᠠᠨ ᠪᠤᠯ ᠲᠦᠯᠦᠪᠦᠷᠢ ᠠᠪᠬᠤ ᠪᠠᠷ ᠱᠠᠭᠠᠷᠳᠠᠬᠤ ᠡᠷᠬᠡ ᠲᠠᠢ᠃ | ᠭᠤᠴᠢᠨ ᠳᠤᠯᠤᠳᠤᠭᠠᠷ ᠵᠤᠷᠪᠤᠰ ᠡᠵᠡᠩᠨᠡᠭᠴᠢ᠂ ᠦᠢᠯᠡᠴᠢᠯᠡᠭᠡᠨ ᠤ ᠲᠦᠷᠦᠯ ᠵᠦᠢᠯ ᠪᠤᠯᠤᠨ | ᠪᠤᠷᠤᠯᠠᠭᠤᠯᠤᠨ ᠬᠤᠳᠠᠯᠳᠤᠵᠤ ᠪᠠᠶᠢᠭ᠎ᠠ ᠪᠦᠲᠦᠭᠡᠭᠳᠡᠭᠦᠨ ᠳᠤ ᠪᠠᠨ ᠢᠯᠡ ᠪᠠᠷ ᠦᠨ᠎ᠡ ᠬᠠᠳᠠᠬᠤ ᠬᠡᠷᠡᠭᠲᠡᠢ᠂ | ᠬᠠᠳᠠᠭᠰᠠᠨ ᠦᠨ᠎ᠡ ᠠᠴᠠ ᠬᠡᠲᠦᠷᠡᠭᠰᠡᠨ ᠵᠤᠭᠤᠰ ᠪᠤᠯᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠠᠴᠠ ᠬᠡᠲᠦᠷᠡᠭᠰᠡᠨ | ᠰᠦᠢᠳᠭᠡᠯ ᠬᠤᠷᠢᠶᠠᠵᠤ ᠪᠤᠯᠬᠤ ᠦᠭᠡᠢ᠃ | ᠭᠤᠴᠢᠨ ᠨᠠᠢᠮᠠᠳᠤᠭᠠᠷ ᠵᠤᠷᠪᠤᠰ ᠡᠵᠡᠩᠨᠡᠭᠴᠢ᠂ ᠰᠤᠶᠤᠯ ᠤᠨ ᠡᠵᠡᠩᠨᠡᠯᠲᠡ ᠶᠢᠨ ᠠᠵᠢᠯᠯᠠᠭᠠᠨ ᠤ ᠲᠠᠯᠠᠪᠤᠷ | ᠤᠨ ᠡᠮᠬᠢ ᠲᠢᠭᠯᠢᠮ ᠢ ᠵᠢᠷᠤᠮᠯᠠᠵᠤ᠂ ᠰᠤᠶᠤᠯ ᠤᠨ ᠡᠵᠡᠩᠨᠡᠯᠲᠡ ᠶᠢᠨ ᠠᠵᠢᠯᠯᠠᠭᠠᠨ ᠤ ᠲᠠᠯᠠᠪᠤᠷ ᠤᠨ ᠠᠮᠤᠷ | ᠲᠦᠪᠰᠢᠨ ᠪᠤᠯᠤᠨ ᠡᠷᠡᠭᠦᠯ ᠬᠠᠮᠠᠭᠠᠯᠠᠯ ᠢ ᠪᠠᠲᠤᠯᠠᠬᠤ ᠬᠡᠷᠡᠭᠲᠡᠢ᠃ | ᠭᠤᠴᠢᠨ ᠶᠢᠰᠦᠳᠦᠭᠡᠷ ᠵᠤᠷᠪᠤᠰ ᠡᠵᠡᠩᠨᠡᠭᠴᠢ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠭᠴᠢ ᠶᠢᠨ | ᠬᠠᠤᠯᠢ ᠶᠤᠰᠤ ᠪᠠᠷ ᠭᠦᠢᠴᠡᠳᠭᠡᠵᠦ ᠪᠠᠶᠢᠭ᠎ᠠ ᠠᠯᠪᠠᠨ ᠶᠠᠪᠤᠳᠠᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ | ᠬᠡᠷᠡᠭᠲᠡᠢ᠂ ᠰᠠᠭᠠᠲᠠᠭᠠᠬᠤ ᠪᠤᠶᠤ ᠲᠡᠪᠴᠢᠵᠦ ᠪᠤᠯᠬᠤ ᠦᠭᠡᠢ᠃ | ᠳᠦᠴᠢᠳᠦᠭᠡᠷ ᠵᠤᠷᠪᠤᠰ ᠡᠵᠡᠩᠨᠡᠭᠴᠢ ᠬᠠᠤᠯᠢ ᠶᠤᠰᠤᠭᠠᠷ ᠭᠠᠶᠢᠯᠢ ᠲᠤᠰᠢᠶᠠᠵᠤ᠂ ᠪᠤᠯᠪᠠᠰᠤᠨ ᠢᠶᠠᠷ | ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠨᠡᠶᠢᠲᠡ ᠶᠢᠨ ᠶᠤᠰᠤ ᠰᠤᠷᠲᠠᠬᠤᠨ ᠢ ᠵᠢᠷᠤᠮᠯᠠᠬᠤ ᠬᠡᠷᠡᠭᠲᠡᠢ᠃ | | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠦᠴᠢᠨ ᠨᠢᠭᠡᠳᠦᠭᠡᠷ ᠵᠤᠷᠪᠤᠰ ᠵᠦᠪᠰᠢᠶᠡᠷᠡᠯ ᠠᠪᠤᠭ᠎ᠠ ᠦᠭᠡᠢ ᠪᠠᠷ ᠳᠤᠷ᠎ᠠ ᠪᠠᠷ ᠢᠶᠠᠨ ᠰᠤᠶᠤᠯ ᠤᠨ | ᠡᠵᠡᠩᠨᠡᠯᠲᠡ ᠶᠢᠨ ᠠᠵᠢᠯᠯᠠᠭ᠎ᠠ ᠡᠷᠬᠢᠯᠡᠭᠴᠢ ᠶᠢ ᠰᠤᠶᠤᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨ ᠠᠯᠪᠠᠳᠠᠨ ᠡᠵᠡᠩᠨᠡᠯᠲᠡ ᠶᠢ ᠨᠢ ᠵᠤᠭᠰᠤᠭᠠᠵᠤ᠂ ᠬᠠᠤᠯᠢ ᠶᠢ | ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ | ᠨᠢᠭᠡ ᠠᠴᠠ ᠬᠤᠶᠠᠷ ᠳᠠᠬᠢᠨ ᠮᠦᠩᠭᠦ ᠪᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ | ᠦᠭᠡᠢ ᠪᠤᠶᠤ ᠡᠰᠡᠭᠦᠯ᠎ᠡ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ | ᠦᠭᠡᠢ ᠪᠤᠯ 500 ᠲᠦᠭᠦᠷᠢᠭ ᠠᠴᠠ ᠳᠡᠭᠡᠭᠰᠢ 5000 ᠮᠢᠩᠭᠠᠨ ᠲᠦᠭᠦᠷᠢᠭ ᠠᠴᠠ ᠳᠤᠭᠤᠭᠰᠢ ᠵᠤᠭᠤᠰ ᠢᠶᠠᠷ | ᠲᠤᠷᠭᠠᠨ᠎ᠠ᠃ | ᠳᠦᠴᠢᠨ ᠬᠤᠶᠠᠳᠤᠭᠠᠷ ᠵᠤᠷᠪᠤᠰ ᠲᠤᠰ ᠳᠦᠷᠢᠮ ᠤᠨ ᠠᠷᠪᠠᠨ ᠵᠢᠷᠭᠤᠳᠤᠭᠠᠷ ᠵᠤᠷᠪᠤᠰ ᠤᠨ ᠨᠢᠭᠡᠳᠦᠭᠡᠷ | ᠪᠠᠳᠠᠭ ᠤᠨ ᠲᠤᠭᠲᠠᠭᠠᠯ ᠢ ᠵᠦᠷᠢᠴᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠢᠨ ᠬᠠᠤᠯᠢ ᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ | ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ | ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ | ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ ᠳᠤᠭᠤᠭᠰᠢ | ᠵᠤᠭᠤᠰ ᠢᠶᠠᠷ ᠲᠤᠷᠭᠠᠨ᠎ᠠ᠃ | ᠠᠯᠪᠠᠨ ᠵᠢᠷᠤᠮ ᠤᠨ ᠲᠤᠭᠯᠠᠯᠲᠠ ᠶᠢᠨ ᠨᠡᠷ᠎ᠡ ᠪᠠᠷ ᠠᠰᠢᠭ ᠤᠯᠵᠠᠪᠤᠷᠢ ᠶᠢᠨ ᠴᠢᠨᠠᠷᠲᠠᠢ ᠲᠤᠭᠯᠠᠯᠲᠠ | ᠡᠷᠬᠢᠯᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ | ᠲᠤᠭᠯᠠᠯᠲᠠ ᠶᠢ ᠨᠢ ᠵᠤᠭᠰᠤᠭᠠᠵᠤ᠂ ᠬᠠᠤᠯᠢ ᠶᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ | ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ | ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ | ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ | ᠳᠤᠭᠤᠭᠰᠢ ᠵᠤᠭᠤᠰ ᠢᠶᠠᠷ ᠲᠤᠷᠭᠠᠨ᠎ᠠ᠃ | ᠳᠦᠴᠢᠨ ᠭᠤᠷᠪᠠᠳᠤᠭᠠᠷ ᠵᠤᠷᠪᠤᠰ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠱᠠᠯᠢᠭ ᠵᠠᠪᠬᠠᠢ᠂ | ᠤᠷᠢᠨ ᠲᠠᠴᠢᠶᠠᠩᠭᠤᠢ᠂ ᠵᠤᠭᠤᠰ ᠮᠦᠷᠦᠶᠢᠴᠡᠬᠦ᠂ ᠹᠸᠤᠳᠠᠯ ᠤᠨ ᠮᠤᠬᠤᠷ ᠰᠦᠰᠦᠭ ᠢ ᠰᠤᠷᠲᠠᠯᠴᠢᠯᠠᠬᠤ ᠵᠡᠷᠭᠡ | ᠠᠵᠢᠯᠯᠠᠭ᠎ᠠ ᠦᠷᠨᠢᠭᠦᠯᠪᠡᠯ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠭᠡᠨ | ᠲᠤᠷᠭᠠᠵᠤ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠠᠵᠢᠯ | ᠢ ᠨᠢ ᠵᠤᠭᠰᠤᠭᠠᠵᠤ ᠴᠡᠭᠴᠡᠯᠡᠬᠦ ᠪᠤᠶᠤ《 ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ》 ᠢ ᠨᠢ | ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠦᠨᠳᠦᠰᠦᠲᠡᠨ ᠤ ᠪᠦᠯᠬᠦᠮᠳᠡᠯ ᠳᠤ ᠠᠰᠢᠭ | ᠦᠭᠡᠢ ᠠᠵᠢᠯᠯᠠᠭᠠᠨ ᠦᠷᠨᠢᠭᠦᠯᠪᠡᠯ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠠᠴᠠ ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠨ᠎ᠡ︔ ᠦᠢᠯᠡ ᠪᠠᠶᠢᠳᠠᠯ ᠨᠢ ᠬᠦᠨᠳᠦ ᠪᠤᠯ《 ᠰᠤᠶᠤᠯ ᠤᠨ | ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ》 ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | ᠳᠦᠴᠢᠨ ᠳᠦᠷᠪᠡᠳᠦᠭᠡᠷ ᠵᠤᠷᠪᠤᠰ ᠡᠵᠡᠩᠨᠡᠭᠴᠢ᠂ ᠲᠤᠰ ᠳᠦᠷᠢᠮ ᠤᠨ ᠬᠤᠷᠢᠨ ᠨᠢᠭᠡᠳᠦᠭᠡᠷ ᠵᠤᠷᠪᠤᠰ ᠳᠤ | ᠬᠢ ᠦᠰᠪᠦᠷᠢ ᠪᠠᠭᠠᠴᠤᠤᠯ ᠢ ᠬᠠᠮᠠᠭᠠᠯᠠᠬᠤ ᠲᠤᠭᠲᠠᠭᠠᠯ ᠢ ᠵᠦᠷᠢᠴᠡᠪᠡᠯ᠂ ᠰᠤᠶᠤᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠵᠠᠰᠠᠨ ᠵᠠᠯᠠᠷᠠᠭᠤᠯᠤᠨ᠎ᠠ᠂ ᠬᠠᠤᠯᠢ ᠶᠢ ᠵᠦᠷᠢᠴᠡᠭᠰᠡᠨ | ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ | ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ | ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 300 | ᠲᠦᠭᠦᠷᠢᠭ ᠠᠴᠠ ᠳᠡᠭᠡᠭᠰᠢ 3000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ | ᠨᠢ ᠬᠦᠨᠳᠦ ᠪᠤᠯ《 ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ》 ᠢ ᠨᠢ ᠬᠤᠷᠢᠶᠠᠨ ᠠᠪᠴᠤ | ᠬᠦᠴᠦᠨ ᠦᠭᠡᠢ ᠪᠤᠯᠭᠠᠨ᠎ᠠ᠃ | ᠡᠯᠧᠺᠲᠷᠤᠨ ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ | ᠠᠮᠠᠷᠠᠯᠲᠠ ᠶᠢᠨ ᠪᠢᠰᠢ ᠡᠳᠦᠷ ᠦᠰᠪᠦᠷᠢ ᠬᠡᠦᠬᠡᠳ ᠢ ᠬᠦᠯᠢᠶᠡᠨ ᠠᠪᠬᠤ ᠪᠤᠶᠤ ᠲᠡᠳᠡᠨᠦᠰ ᠤᠨ ᠪᠡᠶ᠎ᠡ ᠰᠡᠳᠭᠢᠯ ᠤᠨ | ᠡᠷᠡᠭᠦᠯ ᠮᠡᠨᠳᠦ ᠳᠤ ᠬᠤᠤᠷᠲᠠᠢ ᠡᠯᠧᠺᠲᠷᠤᠨ ᠲᠤᠭᠯᠠᠭᠠᠮ ᠤᠨ ᠠᠭᠤᠯᠭ᠎ᠠ ᠶᠢ ᠬᠠᠩᠭᠠᠪᠠᠯ᠂ ᠰᠤᠶᠤᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠵᠠᠰᠠᠨ ᠵᠠᠯᠠᠷᠠᠭᠤᠯᠵᠤ᠂ ᠬᠠᠤᠯᠢ ᠶᠢ | ᠵᠦᠷᠢᠴᠡᠭᠰᠡᠨ ᠤᠯᠵᠠᠪᠤᠷᠢ ᠶᠢ ᠨᠢ ᠬᠤᠷᠢᠶᠠᠨ ᠠᠪᠴᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ | ᠬᠤᠶᠠᠷ ᠠᠴᠠ ᠲᠠᠪᠤᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ | ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ | ᠪᠤᠯ 300 ᠲᠦᠭᠦᠷᠢᠭ ᠠᠴᠠ ᠳᠡᠭᠡᠭᠰᠢ 3000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ | ᠦᠢᠯᠡ ᠪᠠᠶᠢᠳᠠᠯ ᠨᠢ ᠬᠦᠨᠳᠦ ᠪᠤᠯ《 ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ》 ᠢ ᠨᠢ | ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | ᠳᠦᠴᠢᠨ ᠲᠠᠪᠤᠳᠤᠭᠠᠷ ᠵᠤᠷᠪᠤᠰ ᠵᠢᠩᠬᠢᠨᠢ ᠬᠡᠪᠯᠡᠯ ᠤᠨ ᠪᠤᠰᠤ᠂ ᠳᠤᠲᠤᠭᠠᠳᠤ ᠳᠤ ᠪᠠᠨ ᠲᠠᠷᠬᠠᠭᠠᠬᠤ | ᠪᠤᠯᠤᠨ ᠤᠯᠤᠰ ᠠᠴᠠ ᠵᠠᠷᠯᠢᠭᠯᠠᠨᠨ ᠴᠠᠭᠠᠵᠠᠯᠠᠭᠰᠠᠨ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ ᠬᠢᠭᠡᠳ | ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠡᠵᠡᠩᠨᠡᠭᠴᠢ ᠶᠢ ᠰᠤᠶᠤᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠤᠯᠵᠠᠪᠤᠷᠢ ᠪᠤᠯᠤᠨ ᠪᠤᠳᠠᠰ ᠢ ᠨᠢ | ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠬᠤᠶᠠᠷ ᠳᠠᠬᠢᠨ ᠵᠤᠭᠤᠰ | ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ | ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ | ᠠᠴᠠ ᠳᠡᠭᠡᠭᠰᠢ 50000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ | ᠬᠦᠨᠳᠦ ᠪᠤᠯ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠯᠪᠠᠳᠠᠨᠠᠵᠢᠯ ᠢ ᠨᠢ ᠵᠤᠭᠰᠤᠭᠠᠵᠤ | ᠴᠡᠭᠴᠡᠯᠡᠬᠦ ᠪᠤᠶᠤ《 ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ》 ᠢ ᠨᠢ ᠬᠤᠷᠢᠶᠠᠨ ᠠᠪᠴᠤ | ᠬᠦᠴᠦᠨ ᠦᠭᠡᠢ ᠪᠤᠯᠭᠠᠨ᠎ᠠ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠤᠭ᠎ᠠ ᠦᠭᠡᠢ ᠪᠠᠷ ᠨᠤᠮ ᠰᠡᠳᠭᠦᠯ | ᠪᠤᠶᠤ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠪᠦᠭᠡᠮ ᠢᠶᠠᠷ ᠪᠤᠷᠤᠯᠠᠭᠤᠯᠬᠤ ᠠᠵᠢᠯ ᠢ ᠡᠵᠩᠨᠡᠭᠴᠢ ᠶᠢ | ᠬᠠᠤᠯᠢ ᠶᠢ ᠵᠦᠷᠢᠴᠡᠭᠰᠡᠨ ᠤᠯᠵᠠᠪᠤᠷᠢ ᠪᠤᠯᠤᠨ ᠪᠤᠳᠠᠰ ᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ | ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ | ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ | ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ ᠳᠤᠭᠤᠭᠰᠢ ᠵᠤᠭᠤᠰ | ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠦ ᠪᠤᠯ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠬᠦ ᠪᠤᠶᠤ ᠴᠢᠨᠠᠭᠰᠢᠯᠠᠪᠠᠯ《 ᠰᠤᠶᠤᠯ ᠤᠨ ᠡᠵᠡᠩᠨᠡᠯᠲᠡ ᠶᠢᠨ | ᠵᠦᠪᠰᠢᠶᠡᠷᠡᠯ ᠤᠨ ᠦᠨᠡᠮᠯᠡᠯ》 ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | ᠦᠰᠪᠦᠷᠢ ᠪᠠᠭᠠᠴᠤᠤᠯ ᠳᠤ ᠬᠤᠳᠠᠯᠳᠤᠬᠤ᠂ ᠲᠦᠷᠢᠶᠡᠰᠦᠯᠡᠬᠦ ᠪᠤᠶᠤ ᠪᠤᠰᠤᠳ ᠠᠷᠭ᠎ᠠ ᠬᠡᠯᠪᠡᠷᠢ ᠪᠠᠷ | ᠱᠠᠯᠢᠭ ᠵᠠᠪᠬᠠᠢ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ | ᠦᠢᠯᠡᠳᠭᠦᠨ ᠵᠡᠷᠭᠡ ᠪᠤᠳᠠᠰ ᠢ ᠳᠠᠮᠵᠢᠭᠤᠯᠤᠭᠴᠢ᠂ ᠡᠯᠧᠺᠲ᠋ᠤᠷᠠᠨ ᠲᠤᠭᠯᠠᠭᠠᠮ ᠢ ᠠᠰᠢᠭᠯᠠᠨ ᠵᠤᠭᠤᠰ ᠨᠠᠭᠠᠳᠬᠤ᠂ | ᠬᠡᠯᠪᠡᠷᠢ ᠬᠤᠪᠢᠷᠭᠠᠨ ᠵᠤᠭᠤᠰ ᠨᠠᠭᠠᠳᠬᠤ ᠪᠤᠶᠤ ᠦᠰᠪᠦᠷᠢ ᠪᠠᠭᠠᠴᠤᠤᠯ ᠢ ᠦᠳᠦᠭᠡᠨ ᠳᠤᠬᠢᠵᠤ ᠵᠤᠭᠤᠰ | ᠨᠠᠭᠠᠳᠤᠭᠤᠯᠤᠭᠴᠢ ᠶᠢ ᠬᠠᠤᠯᠢ ᠶᠤᠰᠤᠭᠠᠷ ᠬᠦᠨᠳᠦ ᠪᠠᠷ ᠰᠢᠢᠳᠭᠡᠨ ᠲᠤᠷᠭᠠᠨ᠎ᠠ᠃ | ᠳᠦᠴᠢᠨ ᠵᠢᠷᠭᠤᠳᠤᠭᠠᠷ ᠵᠤᠷᠪᠤᠰ ᠦᠢᠯᠡᠴᠢᠯᠡᠭᠡᠨ ᠤ ᠵᠦᠢᠯ ᠪᠤᠯᠤᠨ ᠪᠤᠷᠤᠯᠠᠭᠤᠯᠵᠤ ᠪᠠᠶᠢᠭ᠎ᠠ ᠲᠠᠸᠠᠷ ᠲᠤ | ᠪᠠᠨ ᠢᠯᠡ ᠦᠨ᠎ᠡ ᠬᠠᠳᠠᠬᠤ ᠦᠭᠡᠢ ᠪᠤᠶᠤ ᠲᠤᠭᠲᠠᠭᠰᠠᠨ ᠦᠨ᠎ᠡ ᠠᠴᠠ ᠬᠡᠲᠦᠷᠡᠭᠦᠯᠵᠦ ᠬᠤᠳᠠᠯᠳᠤᠬᠤ ᠪᠤᠯᠤᠨ | ᠦᠢᠯᠡᠴᠢᠯᠡᠭᠡᠨ ᠤ ᠬᠦᠷᠢᠶ᠎ᠡ ᠬᠡᠪᠴᠢᠶᠡᠨ ᠠᠴᠠ ᠬᠡᠲᠦᠷᠡᠭᠦᠯᠵᠦ ᠰᠦᠢᠳᠭᠡᠯ ᠬᠤᠷᠢᠶᠠᠪᠠᠯ᠂ ᠪᠠᠷᠠᠭᠠᠨ ᠤ ᠦᠨ᠎ᠡ ᠶᠢ | ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠭᠡᠨ ᠲᠤᠷᠭᠤᠭᠠᠨ᠎ᠠ᠃ | ᠳᠦᠴᠢᠨ ᠳᠤᠯᠤᠳᠤᠭᠠᠷ ᠵᠤᠷᠪᠤᠰ ᠰᠤᠶᠤᠯ ᠤᠨ ᠡᠵᠡᠩᠨᠡᠯᠲᠡ ᠶᠢᠨ ᠠᠵᠢᠯᠯᠠᠭ᠎ᠠ《 ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠤᠷᠭᠠᠨ ᠰᠢᠢᠳᠭᠡᠬᠦ | ᠬᠠᠤᠯᠢ》 ᠶᠢ ᠵᠦᠷᠢᠴᠡᠪᠡᠯ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠭᠡᠯ ᠦᠵᠡᠭᠦᠯᠦᠨ ᠲᠤᠷᠭᠠᠨ᠎ᠠ | ︔ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠤᠯᠢ᠂ ᠲᠤᠭᠲᠠᠭᠠᠯ ᠢ | ᠵᠦᠷᠢᠴᠡᠭᠴᠢ ᠶᠢ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ | ᠠᠴᠠ ᠰᠢᠢᠳᠭᠡᠯ ᠤᠯᠭᠤᠨ᠎ᠠ︔ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠬᠠᠤᠯᠢ᠂ ᠲᠤᠭᠲᠠᠭᠠᠯ ᠢ ᠵᠦᠷᠢᠴᠡᠭᠴᠢ ᠶᠢ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠠᠴᠠ ᠰᠢᠢᠳᠭᠡᠯ ᠤᠯᠭᠤᠨ᠎ᠠ︔ | ᠶᠠᠯ᠎ᠠ ᠪᠦᠷᠢᠯᠳᠦᠪᠡᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠦᠴᠢᠨ ᠨᠠᠢᠮᠠᠳᠤᠭᠠᠷ ᠵᠤᠷᠪᠤᠰ ᠬᠤᠯᠪᠤᠭᠳᠠᠬᠤ ᠬᠦᠮᠦᠨ ᠰᠢᠢᠳᠭᠡᠯ ᠲᠤᠭᠲᠠᠭᠠᠯ ᠢ ᠵᠦᠪᠰᠢᠶᠡᠷᠡᠬᠦ ᠦᠭᠡᠢ | ᠪᠤᠯ《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ》 | ᠪᠤᠯᠤᠨ《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ | ᠬᠠᠤᠯᠢ》 ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠳᠠᠬᠢᠨ ᠵᠦᠪᠯᠡᠬᠦ ᠪᠠᠷ ᠡᠷᠡᠮᠡᠯᠵᠡᠬᠦ ᠪᠤᠶᠤ ᠠᠯᠪᠠᠨ | ᠵᠠᠭᠠᠯᠳᠤᠯᠭ᠎ᠠ ᠭᠠᠷᠭᠠᠨ᠎ᠠ︔ ᠬᠤᠯᠪᠤᠭᠳᠠᠬᠤ ᠬᠦᠮᠦᠨ ᠬᠤᠭᠤᠴᠠᠭ᠎ᠠ ᠬᠡᠲᠦᠷᠡᠲᠡᠯ᠎ᠡ ᠳᠠᠬᠢᠨ ᠵᠦᠪᠯᠡᠬᠦ ᠪᠠᠷ ᠡᠷᠮᠡᠯᠵᠡᠬᠦ | ᠦᠭᠡᠢ᠂ ᠠᠯᠪᠠᠨ ᠵᠠᠭᠠᠯᠳᠤᠯᠭ᠎ᠠ ᠭᠠᠷᠭᠠᠬᠤ ᠦᠭᠡᠢ᠂ ᠪᠠᠰᠠ ᠰᠢᠢᠳᠭᠡᠯ ᠲᠤᠭᠲᠠᠭᠠᠯ ᠤᠨ ᠭᠦᠢᠴᠡᠳᠭᠡᠯ ᠢ ᠬᠢᠬᠦ | ᠦᠭᠡᠢ ᠪᠤᠯ ᠰᠢᠢᠳᠭᠡᠯ ᠲᠤᠭᠲᠠᠭᠠᠯ ᠢ ᠲᠤᠭᠲᠠᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ | ᠡᠷᠭᠦᠳᠡᠯ ᠭᠠᠷᠭᠠᠵᠤ ᠠᠯᠪᠠᠳᠠᠨ ᠬᠦᠢᠴᠡᠳᠭᠡᠬᠦᠯᠦᠨ᠎ᠡ᠃ | ᠳᠦᠴᠢ ᠶᠢᠰᠦᠳᠦᠭᠡᠷ ᠵᠤᠷᠪᠤᠰ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠭᠴᠢ ᠬᠠᠤᠯᠢ ᠶᠤᠰᠤ ᠶᠢ | ᠵᠦᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠪᠡᠯ ᠲᠤᠬᠠᠢ ᠶᠢᠨ ᠪᠠᠶᠢᠭᠤᠯᠭ᠎ᠠ ᠪᠤᠶᠤ ᠡᠰᠡᠭᠦᠯ᠎ᠡ | ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠦᠮᠵᠢᠯᠡᠨ ᠰᠤᠷᠭᠠᠬᠤ ᠪᠤᠶᠤ ᠵᠠᠰᠠᠭ | ᠵᠠᠬᠢᠷᠭᠠᠨ ᠤ ᠰᠢᠢᠳᠭᠡᠯ ᠤᠯᠭᠤᠨ᠎ᠠ︔ ᠶᠠᠯ᠎ᠠ ᠪᠦᠷᠢᠯᠳᠦᠪᠡᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠡᠯ᠎ᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠤᠯᠢ ᠶᠢ ᠬᠡᠷᠡᠭᠵᠢᠭᠦᠯᠦᠭᠴᠢ | ᠪᠤᠰᠤ ᠬᠦᠮᠦᠨ ᠳᠤᠷ᠎ᠠ ᠪᠠᠷ ᠢᠶᠠᠨ ᠰᠤᠶᠤᠯ ᠤᠨ ᠡᠵᠡᠩᠨᠡᠯᠲᠡ ᠶᠢᠨ ᠲᠠᠯᠠᠪᠤᠷ ᠲᠤ ᠬᠦᠷᠴᠦ ᠬᠢᠨᠠᠨ ᠪᠠᠶᠢᠴᠠᠭᠠᠬᠤ᠂ | ᠰᠢᠢᠳᠭᠡᠨ ᠲᠤᠷᠭᠤᠭᠠᠬᠤ᠂ ᠲᠦᠯᠦᠪᠦᠷᠢ ᠦᠭᠡᠢ ᠦᠢᠯᠡᠴᠢᠯᠡᠭᠦᠯᠪᠡᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ᠃ ᠡᠯ᠎ᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠬᠠᠤᠯᠢ ᠬᠡᠷᠡᠭᠵᠢᠭᠦᠯᠦᠭᠴᠢ ᠳᠤᠷ᠎ᠠ ᠪᠠᠷ ᠢᠶᠠᠨ ᠠᠵᠢᠯ ᠤᠨ ᠪᠠᠶᠢᠷᠢ ᠠᠯᠤᠰᠯᠠᠨ ᠬᠠᠤᠯᠢ ᠬᠡᠷᠡᠭᠵᠢᠭᠦᠯᠵᠦ᠂ ᠱᠠᠲᠤ | ᠠᠯᠤᠰᠯᠠᠨ ᠬᠠᠤᠯᠢ ᠬᠡᠷᠡᠭᠵᠢᠭᠦᠯᠵᠦ᠂ ᠳᠦᠷᠢᠮ ᠢ ᠵᠦᠷᠢᠴᠡᠨ ᠰᠦᠢᠳᠭᠡᠯ ᠬᠤᠷᠢᠶᠠᠵᠤ᠂ ᠲᠦᠯᠦᠪᠦᠷᠢ ᠦᠭᠡᠢ | ᠦᠢᠯᠡᠴᠢᠯᠡᠭᠦᠯᠪᠡᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠠᠶᠢᠳᠠᠯ ᠤᠨ ᠬᠦᠨᠳᠦ ᠬᠦᠩᠭᠡᠨ ᠢ ᠦᠵᠡᠵᠦ | ᠪᠠᠶᠢᠭᠠᠳ ᠰᠤᠷᠭᠠᠨ ᠳᠤᠩᠭᠤᠳᠴᠤ᠂ ᠵᠠᠰᠠᠭ ᠵᠠᠬᠢᠷᠭᠠᠨ ᠤ ᠰᠢᠢᠳᠭᠡᠯ ᠤᠯᠭᠤᠬᠤ ᠪᠤᠶᠤ ᠡᠰᠡᠭᠦᠯ᠎ᠡ ᠬᠠᠤᠯᠢ | ᠬᠡᠷᠡᠭᠵᠢᠭᠦᠯᠬᠦ ᠠᠵᠢᠯ ᠤᠨ ᠪᠠᠶᠢᠷᠢ ᠠᠴᠠ ᠰᠢᠯᠵᠢᠭᠦᠯᠦᠨ ᠶᠠᠪᠤᠭᠤᠯᠤᠨ᠎ᠠ᠃ | | ᠶᠢᠰᠦᠳᠦᠭᠡᠷ ᠪᠦᠯᠦᠭ ᠬᠠᠪᠰᠤᠷᠤᠯᠲᠠ ᠳᠦᠷᠢᠮ | ᠲᠠᠪᠢᠳᠤᠭᠠᠷ ᠵᠤᠷᠪᠤᠰ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠤᠰ | ᠳᠦᠷᠢᠮ ᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠢ ᠲᠤᠭᠲᠠᠭᠠᠵᠤ ᠪᠤᠯᠤᠨ᠎ᠠ᠃ | ᠲᠠᠪᠢᠨ ᠨᠢᠭᠡᠳᠦᠭᠡᠷ ᠵᠤᠷᠪᠤᠰ ᠲᠤᠰ ᠳᠦᠷᠢᠮ ᠤᠨ ᠬᠡᠷᠡᠭᠵᠢᠭᠦᠯᠬᠦ ᠲᠤᠮᠳᠠᠬᠢ ᠪᠤᠳᠠᠲᠠᠢ ᠠᠰᠭᠤᠳᠠᠯ ᠢ | ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠠᠴᠠ ᠬᠠᠷᠢᠭᠤᠴᠠᠨ ᠲᠠᠶᠢᠯᠪᠤᠷᠢᠯᠠᠯᠲᠠ ᠬᠢᠨ᠎ᠡ᠃ | ᠲᠠᠪᠢᠨ ᠬᠤᠶᠠᠳᠤᠭᠠᠷ ᠵᠤᠷᠪᠤᠰ ᠲᠤᠰ ᠳᠦᠷᠢᠮ ᠨᠡᠶᠢᠳᠡᠯᠡᠭᠳᠡᠭᠰᠡᠨ ᠡᠳᠦᠷ ᠠᠴᠠ ᠪᠠᠨ ᠡᠬᠢᠯᠡᠵᠦ | ᠬᠡᠷᠡᠭᠵᠢᠭᠦᠯᠦᠭᠳᠡᠨ᠎ᠡ᠃ |