ᠡᠯ᠎ᠡ ᠠᠶᠢᠮᠠᠭ ᠬᠤᠲᠠ ᠶᠢᠨ ᠰᠣᠶᠣᠯ ᠰᠣᠨᠢᠨ ᠮᠡᠳᠡᠭᠡ ᠷᠠᠳᠢᠤ᠋ ᠲᠧᠯᠸᠢᠰ ︵ᠲᠠᠮᠢᠷ︶ ᠤᠨ ᠲᠣᠪᠴᠢᠶ᠎ᠠ᠂ | ᠮᠠᠨᠵᠣᠤᠷ ᠬᠤᠳᠠ᠂ ᠡᠷᠢᠶᠡᠨ ᠬᠤᠳᠠ ᠶᠢᠨ ᠰᠣᠶᠣᠯ ᠰᠣᠨᠢᠨ ᠮᠡᠳᠡᠭᠡ ᠷᠠᠳᠢᠤ᠋ ᠲᠧᠯᠸᠢᠰ ᠲᠠᠮᠢᠷ ᠤᠨ ᠲᠣᠪᠴᠢᠶ᠎ᠠ᠄ | ᠦᠨᠳᠦᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠢ ᠰᠠᠶᠢᠳᠣᠷ | ᠪᠠᠶᠢᠭᠤᠯᠬᠤ᠂ ᠰᠠᠶᠢᠳᠣᠷ ᠬᠠᠮᠢᠶᠠᠷᠬᠤ᠂ ᠰᠠᠶᠢᠳᠣᠷ ᠬᠡᠷᠡᠭᠯᠡᠬᠦ ᠶᠢᠨ ᠲᠦᠯᠦᠭᠡ᠂ ᠮᠠᠨ ᠤ ᠲᠢᠩᠬᠢᠮ ᠠᠴᠠ ︽ᠦᠪᠣᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠠᠢ | ᠦᠢᠯᠡᠴᠢᠯᠡᠭᠡᠨ ᠤ ᠲᠦᠪ ᠢ ᠬᠠᠮᠢᠶᠠᠷᠬᠤ ᠠᠷᠭ᠎ᠠ ︵ ᠲᠣᠷᠰᠢᠨ ᠬᠡᠷᠡᠭᠯᠡᠬᠦ︶ ᠶᠢ ᠲᠣᠭᠲᠠᠭᠠᠪᠠ᠂ ᠣᠳᠣ ᠲᠠ ᠨᠠᠷ | ᠲᠤ ᠲᠠᠷᠬᠠᠭᠠᠯ᠎ᠠ᠂ ᠨᠠᠷᠢᠨ ᠬᠢᠨᠠᠮᠠᠭᠠᠢ ᠭᠡᠷᠡᠭᠵᠢᠭᠦᠯᠳᠦᠭᠡᠢ᠃ | ᠣᠨᠴᠠᠭᠠᠶᠢᠯᠠᠨ ᠮᠡᠳᠡᠭᠳᠡᠪᠡ᠃ | ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ | 2017 ᠣᠨ ᠤ7 ᠰᠠᠷ᠎ᠠ ᠶᠢᠨ25 ᠤ ᠡᠳᠦᠷ | | | ᠦᠪᠤᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠦᠨ ᠱᠠᠳᠣᠨ ᠤ ᠶᠡᠷᠦᠩᠬᠡᠶᠢᠯᠡᠭᠰᠡᠨ | ᠴᠢᠨᠠᠷᠳᠠᠢ ᠰᠣᠶᠣᠯ ᠤᠨ ᠦᠢᠯᠡᠴᠢᠯᠡᠭᠡᠨ ᠤ ᠲᠦᠪ ᠤᠨ ᠬᠠᠮᠢᠶᠠᠷᠣᠯᠲᠠ ᠶᠢᠨ ᠠᠷᠭ᠎ᠠ ︵ ᠳᠣᠷᠰᠢᠨ ᠬᠡᠷᠡᠭᠯᠡᠬᠦ︶ | | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠣᠷᠪᠣᠰ ᠦᠨᠳᠦᠰᠤᠨ ᠱᠠᠳᠣᠨ ᠤ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ ᠦᠢᠯᠡᠴᠢᠯᠡᠭᠡᠨ | ᠤ ᠲᠦᠪ ᠤᠨ ᠬᠠᠮᠢᠶᠡᠷᠤᠯᠳᠡ ᠶᠢ ᠴᠢᠩᠭᠠᠳᠬᠠᠬᠤ᠂ ᠦᠨᠳᠦᠰᠦᠨ ᠱᠠᠳᠣᠨ ᠤ ᠣᠯᠠᠨ ᠨᠡᠶᠢᠳᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠣᠯᠲᠡ ᠶᠢ ᠠᠬᠢᠭᠤᠯᠬᠤ ᠶᠢᠨ ᠲᠦᠯᠦᠭᠡ ᠂ ︽ᠪᠦᠭᠦᠳᠡ | ᠨᠠᠶᠢᠷᠠᠮᠳᠠᠬᠤ ᠳᠣᠮᠳᠠᠳᠣ ᠠᠷᠠᠳ ᠤᠯᠣᠰ ᠤᠨ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠢ ᠪᠠᠳᠣᠯᠠᠬᠤ | ᠬᠠᠤᠯᠢ︾ ᠪᠣᠯᠣᠨ ᠣᠯᠣᠰ᠂ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠳᠣᠭᠳᠠᠭᠠᠯ ᠢ ᠦᠨᠳᠦᠰᠦᠯᠡᠨ | ᠲᠣᠰ ᠠᠷᠭ᠎ᠠ ᠶᠢ ᠲᠣᠭᠳᠠᠭᠠᠪᠠ᠃ | ᠬᠤᠶᠠᠳᠣᠭᠠᠷ ᠵᠤᠷᠪᠣᠰ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠳᠤ | ᠪᠠᠭᠳᠠᠬᠤ ᠦᠨᠳᠦᠰᠦᠨ ᠱᠠᠳᠣᠨ ᠤ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ ᠦᠢᠯᠡᠴᠢᠯᠡᠭᠡᠨ ᠤ ᠲᠦᠪ ᠤᠨ ︵ | ᠰᠣᠮᠤ ᠰᠢᠶᠠᠩ ᠪᠠᠯᠭᠠᠰᠣ ︵ᠵᠡᠭᠡᠯᠢ ᠭᠤᠳᠣᠮᠵᠢ︶ ᠶᠡᠷᠦᠩᠬᠡᠶᠢᠯᠡᠭᠰᠡᠨ ᠰᠣᠶᠣᠯ ᠤᠨ ᠦᠷᠲᠡᠭᠡ᠂ ᠭᠠᠴᠠᠭ᠎ᠠ | ᠳᠣᠰᠬᠤᠨ ︵ᠨᠡᠶᠢᠬᠡᠮ ᠳᠣᠭᠤᠷᠢᠭ︶ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠦᠪ︶ | ᠲᠣᠰ ᠠᠷᠭ᠎ᠠ ᠶᠢ ᠬᠡᠷᠡᠭᠯᠡᠨ᠎ᠡ᠃ | ᠭᠤᠷᠪᠠᠳᠣᠭᠠᠷ ᠵᠣᠷᠪᠣᠰ ᠦᠨᠳᠦᠰᠦᠨ ᠱᠠᠳᠣᠨ ᠤ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ | ᠦᠢᠯᠡᠴᠢᠯᠡᠭᠡᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠦᠷᠨᠢᠭᠦᠯᠬᠦ ᠳᠤ ᠪᠠᠨ ᠨᠡᠶᠢᠬᠡᠮ ᠵᠢᠷᠤᠮᠳᠤ | ᠦᠵᠡᠯ ᠤᠨ ᠳᠠᠪᠰᠢᠩᠭᠤᠢ ᠰᠣᠶᠣᠯ ᠤᠨ ᠣᠷᠣᠭᠰᠢᠯᠡᠯᠳᠡ ᠶᠢᠨ ᠴᠢᠭᠯᠡᠯ ᠢ ᠪᠠᠷᠢᠮᠲᠡᠯᠠᠬᠤ ᠬᠡᠷᠡᠭᠲᠡᠢ᠂ ᠠᠷᠠᠳ | ᠲᠦᠮᠡᠨ ᠢᠶᠠᠷ ᠲᠦᠪ ᠪᠣᠯᠭᠠᠬᠤ ᠶᠢ ᠪᠠᠷᠢᠮᠳᠡᠯᠡᠬᠤ ᠬᠡᠷᠡᠭᠳᠡᠢ᠂ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠭᠤᠤᠯ | ᠪᠣᠯᠭᠠᠭᠰᠠᠨ ᠦᠷᠳᠡᠭ ᠤᠨ ᠦᠵᠡᠯᠳᠡ ᠪᠠᠷ ᠣᠳᠣᠷᠢᠳᠣᠮᠵᠢ ᠪᠣᠯᠭᠠᠬᠤ ᠶᠢ ᠪᠠᠷᠢᠮᠳᠡᠯᠡᠵᠤ᠂ ᠦᠨᠳᠦᠰᠦᠨ ᠱᠠᠳᠣᠨ ᠤ | ᠰᠣᠶᠣᠯ ᠤᠨ ᠪᠦᠳᠦᠭᠡᠨ ᠪᠠᠶᠢᠭᠤᠯᠣᠯᠳᠡ ᠶᠢᠨ ᠭᠤᠤᠯ ᠲᠠᠯᠠᠪᠣᠷ ᠪᠠ ᠣᠯᠠᠨ ᠨᠡᠶᠢᠳᠡ ᠳᠤ ᠬᠠᠩᠭᠠᠬᠤ ᠦᠢᠯᠡᠴᠢᠯᠡᠭᠡᠨ | ᠤ ᠲᠠᠪᠴᠠᠩ ᠪᠣᠯᠭᠠᠬᠤ ᠬᠡᠷᠡᠭᠲᠡᠢ᠂ ᠨᠠᠮ ᠪᠠ ᠲᠦᠷᠦ ᠶᠢᠨ ᠣᠯᠠᠨ ᠲᠦᠮᠡᠨ ᠲᠠᠢ ᠬᠠᠷᠢᠴᠠᠬᠤ᠂ ᠣᠯᠠᠨ ᠲᠦᠮᠡᠨ ᠳᠤ | ᠦᠢᠯᠡᠴᠢᠯᠡᠬᠦ᠂ ᠣᠯᠠᠨ ᠲᠦᠮᠡᠨ ᠳᠤ ᠣᠬᠠᠭᠤᠯᠬᠤ ᠬᠤᠯᠪᠣᠭᠠᠰᠣ ᠪᠣᠯᠣᠨ ᠬᠦᠭᠦᠷᠭᠡ ᠪᠣᠯᠭᠠᠬᠤ ᠬᠡᠷᠡᠭᠳᠡᠢ᠃ | ᠲᠦᠷᠪᠡᠳᠦᠭᠡᠷ ᠵᠣᠷᠪᠣᠰ ᠦᠨᠳᠦᠰᠦᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ | ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠣᠯᠳᠠ ᠪᠠ ᠬᠠᠮᠢᠶᠠᠷᠣᠯᠲᠠ ᠨᠢ ᠵᠠᠰᠠᠭ ᠤᠨ ᠣᠷᠳᠣᠨ ᠢᠶᠠᠷ ᠭᠤᠤᠯ | ᠵᠢᠯᠣᠭᠤᠳᠣᠯᠭ᠎ᠠ ᠪᠣᠯᠭᠠᠨ᠂ ᠨᠢᠭᠡᠳᠦᠯᠳᠡᠢ ᠲᠦᠯᠦᠪᠯᠡᠨ᠂ ᠠᠬᠤᠢ ᠭᠠᠵᠠᠷ ᠲᠤ ᠨᠢ ᠵᠣᠬᠢᠴᠠᠭᠤᠯᠣᠨ᠂ ᠦᠷ᠎ᠡ ᠠᠰᠢᠭ ᠢ | ᠨᠢ ᠳᠣᠪᠣᠶᠢᠯᠭᠠᠨ᠂ ᠦᠭᠡᠷᠡᠴᠢᠯᠠᠯᠳᠠ ᠬᠢᠵᠤ᠂ ᠰᠢᠨ᠎ᠡ ᠶᠢ ᠡᠭᠦᠳᠦᠨ᠂ ᠠᠮᠢᠳᠣᠯᠢᠭ ᠬᠦᠴᠤᠨ ᠢ ᠨᠡᠮᠡᠭᠳᠡᠭᠦᠯᠬᠦ ᠵᠠᠷᠴᠢᠮ | ᠢ ᠪᠠᠷᠢᠮᠳᠡᠯᠡᠬᠤ ᠬᠡᠷᠡᠭᠳᠡᠢ᠃ | ᠲᠠᠪᠣᠳᠣᠭᠠᠷ ᠵᠣᠷᠪᠣᠰ ᠬᠤᠰᠢᠭᠤ ᠰᠢᠶᠠᠨ ︵ᠬᠤᠳᠠ ᠲᠣᠭᠤᠷᠢᠭ︶ ᠰᠣᠶᠣᠯ ᠰᠣᠨᠢᠨ ᠮᠡᠳᠡᠭᠡ ᠬᠡᠪᠯᠡᠯ | ᠷᠠᠲᠢᠤ᠋ ᠲᠧᠯᠸᠢᠰ ᠤᠨ ᠰᠠᠯᠠᠭ᠎ᠠ ᠮᠦᠴᠢᠷ ᠤᠨ ᠬᠢᠨ ᠲᠣᠰ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠳᠤ ᠬᠢ | ︵ᠰᠣᠮᠣ ᠰᠢᠶᠠᠩ ᠪᠠᠯᠭᠠᠰᠣ︶ ᠭᠠᠴᠠᠭ᠎ᠠ ᠲᠣᠰᠬᠤᠨ ︵ᠨᠡᠶᠢᠬᠡᠮ ᠲᠣᠭᠤᠷᠢᠭ︶ ᠤ ᠶᠡᠷᠦᠩᠬᠡᠶᠢᠯᠡᠭᠰᠡᠨ ᠴᠢᠨᠠᠷᠳᠠᠢ | ᠰᠣᠶᠣᠯ ᠤᠨ ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠣᠯᠲᠠ᠂ ᠬᠡᠷᠡᠭᠯᠡᠯᠲᠡ ᠪᠠ ᠬᠠᠮᠢᠶᠠᠷᠣᠯᠲᠡ ᠶᠢ | ᠬᠠᠷᠢᠭᠤᠴᠠᠨ ᠵᠢᠭᠠᠨ ᠵᠢᠯᠣᠭᠤᠳᠴᠤ᠂ ᠬᠢᠨᠠᠨ ᠰᠢᠯᠭᠠᠵᠣ ᠵᠢᠩᠬᠢᠨᠢ ᠪᠠᠷ ᠦᠢᠯᠡᠳᠦᠯ ᠢᠶᠠᠨ ᠪᠠᠳᠠᠷᠠᠭᠤᠯᠵᠤ ᠴᠢᠳᠠᠬᠤ | ᠶᠢ ᠪᠠᠳᠤᠯᠠᠬᠤ ᠬᠡᠷᠡᠭᠳᠡᠢ᠃ | ᠰᠣᠮᠣ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠤᠷᠳᠣᠨ᠂ ᠵᠠᠮ ᠵᠡᠭᠡᠯᠢ ᠶᠢᠨ ᠬᠡᠷᠡᠭ ᠡᠷᠬᠢᠯᠡᠬᠦ | ᠭᠠᠵᠠᠷ ︵ᠬᠠᠮᠢᠶᠠᠷᠣᠯᠳᠠ ᠶᠢᠨ ᠵᠦᠪᠯᠡᠯ︶ ᠬᠠᠷᠢᠭᠤᠴᠠᠨ᠂ ᠲᠣᠰ ᠬᠠᠷᠢᠶ᠎ᠠ ᠣᠷᠣᠨ ᠤ ᠪᠠᠨ ᠰᠣᠮᠣ ᠰᠢᠶᠠᠩ ᠪᠠᠯᠭᠠᠰᠣ | ︵ᠵᠠᠮ ᠵᠡᠭᠡᠯᠢ︶᠂ ᠭᠠᠴᠠᠭ᠎ᠠ ᠲᠣᠰᠬᠤᠨ ︵ᠨᠡᠶᠢᠬᠡᠮ ᠲᠣᠭᠤᠷᠢᠭ︶ ᠤᠨ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ | ᠦᠢᠯᠡᠴᠢᠯᠡᠭᠡᠨ ᠤ ᠲᠦᠪ ᠤᠨ ᠡᠳᠦᠷ ᠲᠣᠳᠣᠮ ᠤᠨ ᠠᠵᠢᠯ ᠤᠨ ᠡᠷᠭᠢᠯᠲᠡ ᠶᠢ ᠬᠠᠮᠢᠶᠠᠷᠬᠤ ᠪᠠ ᠰᠢᠯᠭᠠᠨ ᠦᠨᠡᠯᠡᠬᠦ | ᠬᠡᠷᠡᠭᠳᠡᠢ᠃ | ᠵᠢᠷᠭᠤᠳᠣᠭᠠᠷ ᠵᠣᠷᠪᠣᠰ ᠬᠤᠰᠢᠭᠤ ᠰᠢᠶᠠᠨ ︵ᠬᠤᠳᠠ ᠲᠣᠭᠤᠷᠢᠭ︶ ᠤ ᠰᠣᠶᠣᠯ ᠤᠨ ᠣᠷᠳᠣᠨ᠂ ᠨᠣᠮ | ᠤᠨ ᠰᠠᠩ ᠵᠡᠷᠭᠡ ᠬᠠᠮᠢᠶ᠎ᠠ ᠪᠦᠬᠦᠢ ᠰᠣᠶᠣᠯ ᠤᠨ ᠪᠠᠶᠢᠭᠤᠯᠭ᠎ᠠ ᠬᠠᠷᠢᠭᠤᠴᠠᠨ᠂ ᠦᠨᠳᠦᠰᠣᠨ ᠱᠠᠳᠣᠨ ᠤ | ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠲᠤ ᠬᠠᠷᠠᠭᠠᠯᠵᠠᠭᠰᠠᠨ ᠵᠢᠭᠠᠨ ᠰᠣᠷᠭᠠᠯᠲᠠ ᠪᠠ | ᠵᠢᠯᠣᠭᠤᠳᠣᠯᠭ᠎ᠠ ᠪᠣᠯᠪᠠᠰᠣᠷᠠᠯ ᠢ ᠦᠷᠨᠢᠭᠦᠯᠬᠦ ᠬᠡᠷᠡᠭᠳᠡᠢ᠃ | | | ᠬᠤᠶᠠᠳᠣᠭᠠᠷ ᠪᠦᠯᠦᠭ ᠲᠦᠯᠦᠪᠯᠡᠭᠡ ᠪᠣᠯᠣᠨ ᠪᠦᠳᠦᠭᠡᠨ ᠪᠠᠶᠢᠭᠤᠯᠣᠯᠲᠠ | ᠳᠣᠯᠣᠳᠣᠭᠠᠷ ᠵᠣᠷᠪᠣᠰ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠤᠨ ᠣᠷᠳᠣᠨ ᠦᠨᠳᠦᠰᠣᠨ | ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠣᠯᠳᠠ | ᠪᠣᠯᠣᠨ ᠬᠠᠮᠢᠶᠠᠷᠣᠯᠳᠠ ᠶᠢ ᠳᠣᠬᠠᠢ ᠶᠢᠨ ᠭᠠᠵᠠᠷ ᠤᠨ ᠢᠶᠠᠨ ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ | ᠭᠦᠭᠵᠢᠭᠦᠯᠦᠯᠲᠡ ᠶᠢᠨ ᠲᠦᠯᠦᠪᠯᠡᠭᠡᠨ ᠳᠤ ᠣᠷᠣᠭᠤᠯᠵᠣ᠂ ᠪᠦᠳᠦᠭᠡᠨ ᠪᠠᠶᠢᠭᠤᠯᠣᠯᠳᠠ ᠪᠠ ᠬᠠᠮᠢᠶᠠᠷᠣᠯᠲᠠ ᠳᠤ | ᠬᠡᠷᠡᠭᠯᠡᠬᠦ ᠵᠣᠬᠢᠰᠳᠡᠢ ᠵᠠᠷᠣᠳᠠᠯ ᠢ ᠲᠣᠰ ᠣᠳᠠᠭᠠᠨ ᠤ ᠡᠳ᠋ ᠶᠢᠨ ᠵᠠᠰᠠᠭ ᠤᠨ ᠲᠦᠰᠦᠪ ᠲᠤ ᠪᠠᠨ ᠣᠷᠣᠭᠤᠯᠪᠠᠯ | ᠵᠣᠬᠢᠨ᠎ᠠ᠄ ᠪᠦᠳᠦᠭᠡᠨ ᠪᠠᠶᠢᠭᠤᠯᠣᠲᠠ ᠶᠢᠨ ᠬᠦᠷᠢᠶ᠎ᠡ ᠬᠡᠪᠴᠢᠶ᠎ᠡ ᠨᠢ ᠣᠯᠣᠰ ᠤᠨ ᠬᠠᠮᠢᠶ᠎ᠠ ᠪᠦᠬᠦᠢ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠳᠡᠢ᠃ | ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠬᠢᠯᠢ ᠭᠢᠵᠠᠭᠠᠷ᠂ ᠪᠣᠶᠢᠳᠡ ᠪᠦᠭᠯᠡᠭᠦᠤ ᠭᠠᠵᠠᠷ ᠣᠷᠣᠨ | ᠤ ᠦᠨᠳᠦᠰᠦᠨ ᠱᠠᠳᠣᠨ ᠤ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ ᠦᠢᠯᠡᠴᠢᠯᠡᠭᠡᠨ ᠤ ᠲᠦᠪ ᠤᠨ ᠪᠦᠳᠦᠭᠡᠨ | ᠪᠠᠶᠢᠭᠤᠯᠣᠯᠳᠠ ᠳᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠪᠡᠯ ᠳᠠᠭᠠᠷᠠᠨ᠎ᠠ᠃ | ᠨᠠᠢᠮᠠᠳᠣᠭᠠᠷ ᠵᠣᠷᠪᠣᠰ ᠦᠨᠳᠦᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠴᠢᠯᠡᠭᠡᠨ ᠤ | ᠲᠦᠪ ᠢ ᠵᠠᠮ ᠬᠠᠷᠢᠯᠴᠠᠭ᠎ᠠ ᠲᠦᠭᠦᠮ᠂ ᠬᠦᠮᠦᠨ ᠠᠮᠠ ᠲᠦᠪᠯᠡᠷᠡᠩᠭᠦᠢ᠂ ᠤᠯᠠᠨ ᠲᠦᠮᠡᠨ ᠤ ᠣᠷᠣᠯᠴᠠᠬᠤ ᠭᠢᠭᠡᠳ | ᠠᠵᠢᠯᠯᠠᠭ᠎ᠠ ᠦᠷᠨᠢᠭᠦᠯᠬᠦ ᠳᠤ ᠳᠦᠭᠦᠮ ᠭᠠᠵᠠᠷ ᠣᠷᠣᠨ ᠳᠤ ᠪᠠᠶᠢᠷᠢᠯᠠᠭᠤᠯᠪᠠᠯ ᠳᠠᠭᠠᠷᠠᠨ᠎ᠠ᠂ ᠶᠡᠷᠤ ᠶᠢᠨ ᠪᠠᠶᠢᠳᠠᠯ | ᠳᠣᠣᠷ᠎ᠠ ᠰᠣᠮᠣ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠯᠠᠬᠤ ᠭᠠᠵᠠᠷ ᠤᠨ ᠳᠣᠳᠣᠷ᠎ᠠ | ᠪᠠᠶᠢᠭᠤᠯᠵᠣ ᠪᠣᠯᠬᠤ ᠦᠭᠡᠢ᠃ | ᠦᠨᠳᠦᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠢ | ᠪᠠᠶᠢᠷᠢᠯᠠᠭᠤᠯᠬᠤ ᠭᠠᠵᠠᠷ᠂ ᠴᠤᠭᠴᠠᠯᠠᠪᠣᠷᠢ ᠶᠢᠨ ᠵᠢᠷᠤᠭ ᠲᠦᠯᠦᠪᠯᠡᠭᠡ᠂ ᠦᠢᠯᠡᠳᠦᠯ ᠴᠢᠳᠠᠪᠬᠢ ᠵᠡᠷᠭᠡ ᠶᠢᠨ | ᠲᠣᠬᠢᠷᠠᠭᠤᠯᠣᠯᠲᠠ ᠨᠢ ᠬᠤᠰᠢᠭᠤ ᠰᠢᠶᠠᠨ ᠤ ᠲᠡᠰ ᠤᠨ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠬᠢᠨ ᠤ ᠵᠦᠪᠰᠢᠶᠡᠷᠡᠯ ᠢ ᠣᠯᠣᠭᠰᠠᠨ ᠪᠠᠶᠢᠬᠤ ᠬᠡᠷᠡᠭᠳᠡᠢ᠃ | ᠶᠢᠰᠣᠳᠦᠭᠡᠷ ᠵᠣᠷᠪᠣᠰ ᠰᠣᠮᠣ ᠰᠢᠶᠠᠩ ᠪᠠᠯᠭᠠᠰᠣ ︵ᠵᠡᠭᠡᠯᠢ ᠭᠤᠳᠣᠮᠵᠢ︶ ᠶᠢᠨ ᠶᠡᠷᠦᠩᠬᠡᠶᠢᠯᠡᠭᠰᠡᠨ | ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠲᠤ ᠰᠣᠶᠣᠯ ᠤᠨ ᠣᠬᠠᠭᠤᠯᠭ᠎ᠠ᠂ ᠷᠠᠲᠢᠤ᠋ ᠲᠧᠯᠸᠢᠰ ᠺᠢᠨᠤ᠋᠂ ᠨᠠᠮ | ᠤᠨ ᠭᠡᠰᠢᠭᠦᠳ ᠤᠨ ᠰᠣᠷᠭᠠᠨ ᠬᠦᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠠᠤᠯᠢ ᠶᠢᠨ ᠰᠣᠷᠭᠠᠨ | ᠬᠦᠮᠦᠵᠢᠯ ᠪᠣᠯᠣᠨ ᠲᠠᠮᠢᠷ ᠡᠷᠡᠭᠦᠯᠵᠢᠯ ᠤᠨ ᠴᠢᠳᠠᠪᠬᠢ ᠶᠢ ᠪᠦᠷᠢᠨᠰᠢᠭᠦᠯᠦᠭᠰᠡᠨ ᠪᠠᠶᠢᠬᠤ ᠬᠡᠷᠡᠭᠳᠡᠢ᠃ | ᠠᠷᠪᠠᠳᠣᠭᠠᠷ ᠵᠣᠷᠪᠣᠰ ᠰᠣᠮᠣ ᠰᠢᠶᠠᠩ ᠪᠠᠯᠭᠠᠰᠣᠨ ︵ᠵᠡᠭᠡᠯᠢ ᠭᠤᠳᠣᠮᠵᠢ︶ ᠤ ᠶᠡᠷᠦᠩᠬᠡᠶᠢᠯᠡᠭᠰᠡᠨ | ᠴᠢᠨᠠᠷᠲᠡᠢ ᠰᠣᠶᠣᠯ ᠤᠨ ᠦᠢᠯᠡᠴᠢᠯᠡᠭᠡᠨ ᠤ ᠲᠦᠪ ᠤᠨ ᠪᠠᠷᠢᠯᠭ᠎ᠠ ᠶᠢᠨ ᠬᠡᠮᠵᠢᠶ᠎ᠡ 300 ᠳᠡᠭᠰᠢ ᠲᠦᠷᠪᠡᠯᠵᠢᠨ ᠮᠧᠲᠷ | ᠠᠴᠠ ᠪᠠᠭ᠎ᠠ ᠪᠠᠶᠢᠵᠣ ᠪᠣᠯᠬᠤ ᠦᠭᠡᠢ᠂ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠶᠡᠷᠦᠩᠬᠡᠶᠢᠯᠡᠭᠰᠡᠨ | ᠴᠢᠨᠠᠷᠳᠠᠢ ᠰᠣᠶᠣᠯ ᠤᠨ ᠦᠢᠯᠡᠴᠢᠯᠡᠭᠡᠨ ᠤ ᠲᠦᠪ ᠤᠨ ᠪᠠᠷᠢᠯᠭ᠎ᠠ ᠶᠢᠨ ᠬᠡᠮᠵᠢᠶ᠎ᠡ 120 ᠳᠡᠭᠰᠢ ᠳᠦᠷᠪᠡᠯᠵᠢᠨ ᠮᠧᠲᠷ | ᠠᠴᠠ ᠪᠠᠭ᠎ᠠ ᠪᠠᠶᠢᠵᠣ ᠪᠣᠯᠬᠤ ᠦᠭᠡᠢ ᠃ | ᠠᠷᠪᠠᠨ ᠨᠢᠭᠡᠳᠦᠭᠡᠷ ᠵᠣᠷᠪᠣᠰ ᠦᠨᠳᠦᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ | ᠦᠢᠯᠡᠴᠢᠯᠡᠭᠡᠨ ᠤ ᠲᠦᠪ ᠲᠤ ᠪᠠᠭ᠎ᠠ ᠬᠡᠮᠵᠢᠶᠡᠨ ᠤ ᠪᠦᠵᠢᠭ ᠤᠨ ᠲᠠᠪᠴᠠᠩ ᠂ ᠪᠠᠭ᠎ᠠ ᠬᠡᠮᠵᠢᠶᠡᠨ ᠤ ᠠᠭᠤᠳᠠᠮ | ᠳᠠᠯᠠᠪᠠᠢ ᠲᠣᠬᠢᠷᠠᠭᠤᠯᠣᠭᠰᠠᠨ ᠪᠠᠶᠢᠬᠤ ᠬᠡᠷᠡᠭᠳᠡᠢ᠂ ᠪᠠᠭ᠎ᠠ ᠬᠡᠮᠵᠢᠶᠡᠨ ᠤ ᠪᠦᠵᠢᠭ ᠤᠨ ᠳᠠᠪᠴᠠᠩ ᠨᠢ140 ᠲᠡᠭᠰᠢ | ᠲᠦᠷᠪᠡᠯᠵᠢᠨ ᠮᠧᠲᠷ᠂ ᠰᠣᠮᠣ ᠰᠢᠶᠠᠩ ᠪᠠᠯᠭᠠᠰᠣ᠂ ᠭᠠᠴᠠᠭ᠎ᠠ ᠳᠣᠰᠬᠤᠨ ᠤ ᠪᠠᠭ᠎ᠠ ᠬᠡᠮᠵᠢᠶᠡᠨ ᠤ ᠠᠭᠤᠳᠠᠮ | ᠳᠠᠯᠠᠪᠠᠢ ᠶᠢᠨ ᠬᠠᠲᠠᠭᠤᠷᠠᠭᠤᠯᠣᠯᠳᠠ ᠶᠢᠨ ᠬᠡᠮᠵᠢᠶ᠎ᠡ ᠨᠢ 600 ᠲᠡᠭᠰᠢ ᠳᠦᠷᠪᠡᠯᠵᠢᠨ ᠮᠧᠲᠷ᠂ ᠵᠠᠮ ᠵᠡᠭᠡᠯᠢ | ᠨᠡᠶᠢᠬᠡᠮ ᠳᠣᠭᠤᠷᠢᠭ ᠤᠨ ᠪᠠᠭ᠎ᠠ ᠬᠡᠮᠵᠢᠶᠡᠨ ᠤ ᠠᠭᠤᠳᠠᠮ ᠳᠠᠯᠠᠪᠠᠢ ᠶᠢᠨ ᠬᠠᠲᠠᠭᠤᠷᠠᠭᠤᠯᠣᠯᠳᠠ ᠶᠢᠨ ᠬᠡᠮᠵᠢᠶ᠎ᠡ ᠨᠢ | 400 ᠲᠡᠭᠰᠢ ᠲᠦᠷᠪᠡᠯᠵᠢᠨ ᠮᠧᠲᠷ ᠠᠴᠠ ᠪᠠᠭ᠎ᠠ ᠪᠠᠶᠢᠵᠣ ᠪᠣᠯᠬᠤ ᠦᠭᠡᠢ᠃ | ᠠᠷᠪᠠᠨ ᠬᠤᠶᠠᠳᠣᠭᠠᠷ ᠵᠣᠷᠪᠣᠰ ᠪᠠᠭ᠎ᠠ ᠬᠡᠮᠵᠢᠶᠡᠨ ᠤ ᠠᠭᠤᠳᠠᠮ ᠳᠠᠯᠠᠪᠠᠢ ᠳᠤ ᠰᠢᠨᠵᠢᠯᠡᠬᠦ ᠣᠬᠠᠭᠠᠨ ᠤ | ᠲᠦᠭᠡᠮᠡᠯᠵᠢᠯ᠂ ᠰᠣᠶᠣᠯ ᠣᠬᠠᠭᠤᠯᠭ᠎ᠠ ᠶᠢᠨ ᠰᠠᠮᠪᠠᠷ᠎ᠠ᠂ ᠰᠣᠨᠢᠨ ᠣᠩᠰᠢᠯᠭ᠎ᠠ ᠶᠢᠨ ᠰᠠᠮᠪᠠᠷ᠎ᠠ ︵ᠡᠯᠧᠺᠡᠲᠷᠣᠨ | ᠰᠣᠨᠢᠨ ᠣᠩᠰᠢᠯᠭ᠎ᠠ ᠶᠢᠨ ᠳᠡᠯᠭᠡᠴᠡ︶᠂ ᠨᠡᠶᠢᠲᠡ ᠶᠢᠨ ᠦᠢᠯᠡᠴᠢᠯᠡᠭᠡᠨ ᠤ ᠵᠠᠷ ᠮᠡᠳᠡᠭᠡ ᠶᠢᠨ ᠰᠠᠮᠪᠠᠷ᠎ᠠ᠂ ᠲᠠᠮᠢᠷ | ᠡᠷᠡᠭᠦᠯᠵᠢᠯ ᠤᠨ ᠲᠦᠬᠦᠭᠡᠷᠣᠮᠵᠢ ᠪᠣᠯᠣᠨ ᠭᠡᠷᠡᠯᠲᠦᠭᠦᠯᠭᠡ ᠶᠢᠨ ᠲᠦᠬᠦᠭᠡᠷᠤᠮᠵᠢ ᠵᠡᠷᠭᠡ ᠶᠢ ᠲᠣᠬᠢᠷᠠᠭᠤᠯᠬᠤ ᠬᠡᠷᠡᠭᠳᠡᠢ᠃ | ᠠᠷᠪᠠᠨ ᠭᠤᠷᠪᠠᠳᠣᠭᠠᠷ ᠵᠣᠷᠪᠣᠰ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠲᠡᠢ ᠰᠣᠶᠣᠯ ᠤᠨ | ᠦᠢᠯᠡᠴᠢᠯᠡᠭᠡᠨ ᠤ ᠲᠦᠪ ᠲᠤ ᠨᠣᠮ ᠣᠩᠰᠢᠯᠭ᠎ᠠ ᠶᠢᠨ ᠲᠠᠰᠤᠭ ︵ᠳᠠᠯ᠎ᠠ ᠨᠣᠳᠤᠭ ᠤᠨ ᠨᠣᠮ ᠤᠨ ᠦᠷᠦᠭᠡ︶᠂ | ᠴᠠᠬᠢᠯᠭᠠᠨᠴᠢᠯᠠᠭᠰᠠᠨ ᠣᠩᠰᠢᠯᠭ᠎ᠠ ᠶᠢᠨ ᠲᠠᠰᠤᠭ᠂ ᠰᠣᠶᠣᠯ ᠲᠠᠮᠢᠷ ᠤᠨ ᠬᠦᠳᠡᠯᠭᠡᠭᠡᠨ ᠤ ᠲᠠᠰᠤᠭ᠂ ᠺᠢᠨᠤ᠋ ᠭᠠᠷᠭᠠᠬᠤ | ᠲᠣᠭᠲᠠᠭᠰᠠᠨ ᠲᠠᠯᠠᠪᠠᠢ ︵ ᠴᠡᠭ︶᠂ ᠷᠠᠳᠢᠤ᠋ ᠨᠡᠪᠲᠡᠷᠡᠭᠦᠯᠭᠡ ᠶᠢᠨ ᠲᠠᠰᠤᠭ᠂ ᠷᠠᠳᠢᠣ᠋ ᠲᠧᠯᠸᠢᠰ ᠢ ᠡᠷᠦᠬᠡ ᠪᠣᠯᠭᠠᠨ | ᠳᠤ ᠨᠡᠪᠳᠡᠷᠡᠭᠦᠯᠬᠦ ᠦᠢᠯᠡᠴᠢᠯᠡᠭᠡᠨ ᠤ ᠲᠦᠪ ︵ᠬᠠᠷᠢᠯᠴᠠᠬᠤ ᠴᠡᠭ︶᠂ ᠣᠯᠠᠨ ᠴᠢᠳᠠᠪᠬᠢᠳᠦ ᠲᠢᠩᠬᠢᠮ ᠵᠡᠷᠭᠡ ᠳᠣᠨᠤᠭ | ᠲᠦᠬᠦᠭᠡᠷᠤᠮᠵᠢ ᠶᠢ ᠳᠣᠬᠢᠷᠠᠭᠤᠯᠵᠤ᠂ ᠨᠣᠮ ᠪᠢᠴᠢᠭ᠂ ᠺᠣᠮᠫᠢᠦ᠋ᠲᠷ᠂ ᠷᠠᠳᠢᠤ᠋ ᠨᠡᠪᠳᠡᠷᠡᠭᠦᠯᠭᠡ ᠶᠢᠨ ᠮᠠᠰᠢᠨ ᠲᠣᠨᠣᠭᠯᠠᠯ᠂ | ᠷᠠᠳᠢᠣ᠋ ᠲᠧᠯᠸᠢᠰ ᠤᠨ ᠲᠦᠬᠦᠭᠡᠷᠤᠮᠵᠢ ᠶᠢ ᠰᠡᠯᠪᠢᠨ ᠵᠠᠰᠠᠬᠤ ᠪᠠᠭᠠᠵᠢ ᠬᠡᠷᠡᠭᠰᠡᠯ᠂ ᠳᠠᠭᠤ ᠲᠣᠮᠣᠷᠠᠭᠤᠯᠣᠭᠴᠢ᠂ | ᠬᠦᠭᠵᠢᠮ ᠵᠡᠷᠭᠡ ᠬᠡᠷᠡᠭᠴᠡᠭᠡ ᠲᠠᠢ ᠵᠦᠢᠯᠡᠰ ᠢ ᠳᠣᠬᠢᠷᠠᠭᠤᠯᠬᠤ ᠬᠡᠷᠡᠭᠳᠡᠢ ᠮᠦᠷᠳᠡᠭᠡᠨ ᠳᠠᠭᠠᠤ ᠳᠤ ᠨᠢ ᠰᠢᠨᠡᠴᠢᠯᠡᠬᠦ᠂ | ᠲᠡᠭᠦᠯᠳᠡᠷᠵᠢᠬᠦᠯᠬᠦ ᠠᠵᠢᠯ ᠢ ᠬᠢᠬᠦ ᠬᠡᠷᠡᠭᠳᠡᠢ᠃ | ᠠᠷᠪᠠᠨ ᠲᠦᠷᠪᠡᠳᠦᠭᠡᠷ ᠵᠣᠷᠪᠣᠰ ᠰᠣᠶᠣᠯ ᠤᠨ ᠣᠷᠳᠣᠨ ᠤ ᠪᠡᠯᠡᠳᠭᠡᠮᠵᠢ ᠲᠦᠬᠦᠭᠡᠷᠤᠮᠵᠢ ᠪᠠ ᠲᠣᠨᠤᠭ | ᠲᠦᠬᠦᠭᠡᠷᠤᠮᠵᠢ ᠶᠢ ᠣᠯᠣᠰ ᠤᠨ ᠬᠠᠮᠢᠶᠠᠳᠠᠢ ᠲᠣᠭᠳᠠᠭᠠᠯ ᠢᠶᠠᠷ ᠬᠡᠷᠡᠭᠵᠢᠭᠦᠯᠵᠤ᠂ ᠡᠳ᠋ ᠬᠦᠷᠦᠩᠭᠡ ᠶᠢᠨ ᠳᠠᠩᠰᠠᠯᠠᠯ | ᠵᠢᠴᠢ ᠬᠠᠮᠢᠶ᠎ᠡ ᠪᠦᠬᠦᠢ ᠭᠠᠷ ᠭᠦᠢᠴᠡᠳᠭᠡᠯ ᠬᠢᠵᠤ᠂ ᠬᠠᠤᠯᠢ ᠪᠠᠷ ᠬᠠᠮᠢᠶᠠᠷᠴᠤ᠂ ᠣᠯᠣᠰ ᠤᠨ ᠡᠳ᠋ ᠬᠦᠷᠦᠩᠭᠡ ᠶᠢᠨ | ᠠᠮᠣᠷ ᠲᠦᠪᠰᠢᠨ ᠢ ᠪᠠᠳᠣᠯᠠᠨ᠂ ᠪᠦᠷᠢᠨ ᠳᠡᠭᠦᠯᠳᠡᠷ ᠪᠠ ᠦᠷ᠎ᠡ ᠠᠰᠢᠭ ᠲᠠᠢ ᠪᠠᠷ ᠬᠡᠷᠡᠭᠯᠡᠬᠦ ᠬᠡᠷᠡᠭᠳᠡᠢ᠃ | ᠠᠷᠪᠠᠨ ᠳᠠᠪᠣᠳᠣᠭᠠᠷ ᠵᠣᠷᠪᠣᠰ ᠬᠡᠷᠪᠡ ᠪᠦᠳᠦᠭᠡᠨ ᠪᠠᠶᠢᠭᠤᠯᠣᠯᠲᠠ ᠶᠢᠨ ᠲᠦᠯᠦᠪᠯᠡᠭᠡ ᠪᠠᠷ | ᠦᠨᠳᠦᠰᠤᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠢ ᠨᠣᠷᠠᠭᠠᠬᠤ ᠪᠣᠶᠣ | ᠴᠢᠳᠠᠪᠬᠢ᠂ ᠬᠡᠷᠡᠭᠴᠡᠭᠡ ᠶᠢ ᠨᠢ ᠦᠭᠡᠷᠡᠴᠢᠯᠡᠬᠦ ᠭᠡᠪᠡᠯ ᠣᠯᠣᠰ ᠤᠨ ᠬᠠᠮᠢᠶ᠎ᠡ ᠪᠦᠬᠦᠢ ᠬᠠᠤᠯᠢ ᠲᠦᠷᠢᠮ ᠤᠨ | ᠲᠣᠭᠳᠠᠭᠠᠯ ᠢᠶᠠᠷ ᠭᠠᠵᠠᠷ ᠰᠣᠩᠭᠤᠨ ᠳᠠᠬᠢᠨ ᠪᠠᠶᠢᠭᠤᠯᠬᠤ ᠬᠡᠷᠡᠭᠳᠡᠢ᠃ ᠳᠣᠬᠠᠢ ᠶᠢᠨ ᠭᠠᠵᠠᠷ ᠤᠨ ᠠᠷᠠᠳ ᠤᠨ ᠵᠠᠰᠠᠭ | ᠤᠨ ᠣᠷᠳᠣᠨ ᠨᠢ ᠰᠢᠢᠳᠪᠣᠷᠢ ᠭᠠᠷᠭᠠᠬᠤ ᠠᠴᠠ ᠪᠠᠨ ᠡᠮᠦᠨ᠎ᠡ ᠵᠠᠪᠠᠯ ᠣᠯᠠᠨ ᠲᠦᠮᠡᠨ ᠤ ᠰᠠᠨᠠᠯ ᠢ ᠦᠷᠭᠡᠨ ᠢᠶᠠᠷ | ᠰᠣᠨᠣᠰᠴᠤ᠂ ᠳᠡᠷᠡᠴᠢᠯᠡᠨ ᠬᠤᠰᠢᠭᠤ ᠰᠢᠶᠠᠨ ᠤ ᠲᠡᠰ ᠤᠨ ᠰᠣᠶᠣᠯ ᠤᠨ ᠵᠠᠰᠠᠭ ᠵᠠᠬᠢᠷᠭᠠᠨ ᠤ ᠵᠦᠪᠰᠢᠶᠡᠷᠡᠯ ᠢ | ᠣᠯᠣᠭᠠᠳ᠂ ᠬᠤᠰᠢᠭᠤ ᠰᠢᠶᠠᠨ ᠤ ᠲᠡᠰ ᠤᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠡᠢ᠃ | | | ᠭᠤᠷᠪᠠᠳᠣᠭᠠᠷ ᠪᠦᠯᠦᠭ ᠡᠭᠦᠷᠭᠡ ᠴᠢᠳᠠᠪᠬᠢ ᠪᠠ ᠦᠢᠯᠡᠴᠢᠯᠡᠭᠡ | ᠠᠷᠪᠠᠨ ᠵᠢᠷᠭᠤᠳᠣᠭᠠᠷ ᠵᠣᠷᠪᠣᠰ ᠦᠨᠳᠦᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ | ᠦᠢᠯᠡᠴᠢᠯᠡᠭᠡᠨ ᠤ ᠲᠦᠪ ᠡᠬᠢ ᠪᠠᠶᠠᠯᠢᠭ ᠶᠢᠨ ᠳᠣᠬᠢᠷᠠᠭᠤᠯᠣᠯᠲᠡ ᠪᠠᠨ ᠴᠢᠩᠭᠠᠳᠬᠠᠵᠣ᠂ ᠪᠦᠷᠢᠨ ᠳᠡᠭᠦᠯᠳᠡᠷ ᠤᠯᠠᠨ | ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠴᠤᠭᠴᠠᠯᠠᠨ᠂ ᠨᠢᠭᠡᠳᠦᠯᠳᠡᠢ ᠲᠦᠯᠦᠪᠵᠢᠭᠦᠯᠦᠨ | ᠦᠢᠯᠡᠴᠢᠯᠡᠬᠦ ᠴᠢᠳᠠᠪᠣᠷᠢ ᠪᠠᠨ ᠭᠦᠢᠴᠡᠳ ᠪᠠᠳᠠᠷᠠᠭᠤᠯᠣᠨ᠂ ᠨᠡᠶᠢᠳᠡ ᠣᠯᠡᠨ ᠳᠤ ᠲᠦᠷᠦ ᠶᠢᠨ ᠪᠣᠳᠣᠯᠭ᠎ᠠ ᠶᠢᠨ | ᠤᠬᠠᠭᠤᠯᠭ᠎ᠠ᠂ ᠨᠣᠮ ᠰᠣᠨᠢᠨ ᠤ ᠣᠩᠰᠢᠯᠭ᠎ᠠ᠂ ᠺᠢᠨᠤ᠋ ᠲᠧᠯᠸᠢᠰ ᠤᠨ ᠰᠣᠨᠢᠷᠬᠠᠯ᠂ ᠰᠢ ᠵᠦᠴᠣᠭᠡ ᠶᠢᠨ ᠲᠣᠭᠯᠠᠯᠲᠠ᠂ | ᠬᠠᠤᠯᠢ ᠶᠢᠨ ᠲᠦᠭᠡᠮᠡᠯᠵᠢᠭᠦᠯᠦᠯᠲᠡ ᠶᠢᠨ ᠰᠣᠷᠭᠠᠨ ᠬᠦᠮᠦᠵᠢᠯ᠂ ᠣᠷᠠᠯᠢᠭ ᠤᠨ ᠲᠦᠭᠡᠮᠡᠯᠵᠢᠭᠦᠯᠣᠯ᠂ ᠷᠠᠳᠢᠤ᠋ | ᠨᠡᠪᠳᠡᠷᠡᠭᠦᠯᠭᠡ᠂ ᠳᠣᠤᠷ ᠰᠦᠯᠵᠢᠶ᠎ᠡ ᠳᠤ ᠭᠠᠷᠬᠤ ᠪᠠ ᠤᠠᠯᠠᠨ ᠲᠦᠮᠡᠨᠴᠢ ᠴᠢᠨᠠᠷᠳᠡᠢ ᠰᠣᠶᠣᠯ ᠲᠠᠮᠢᠷ ᠤᠨ | ᠬᠦᠳᠡᠯᠭᠡᠭᠡᠨ ᠵᠡᠷᠭᠡ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ ᠶᠢ ᠬᠠᠩᠭᠠᠨ᠂ ᠲᠡᠷᠡᠴᠢᠯᠡᠨ ᠴᠢᠳᠠᠪᠬᠢ ᠶᠢᠨ | ᠣᠨᠴᠠᠯᠢᠭ ᠢᠶᠠᠨ ᠦᠨᠳᠦᠰᠦᠯᠡᠵᠤ᠂ ᠲᠣᠬᠠᠢ ᠶᠢᠨ ᠭᠠᠵᠠᠷ ᠲᠤ ᠪᠠᠨ ᠵᠣᠬᠢᠴᠠᠭᠤᠯᠣᠨ᠂ ᠪᠣᠰᠣᠳ ᠲᠦᠷᠦᠯ ᠤᠨ | ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ ᠶᠢ ᠬᠠᠩᠭᠠᠵᠣ ᠪᠠᠶᠢᠬᠤ ᠬᠡᠷᠡᠭᠳᠡᠢ᠃ | ᠠᠷᠪᠠᠨ ᠳᠣᠯᠣᠳᠣᠭᠠᠷ ᠵᠣᠷᠪᠣᠰ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ | ᠦᠢᠯᠡᠴᠢᠯᠡᠭᠡᠨ ᠤ ᠲᠦᠪ ᠤᠨ ᠦᠢᠯᠡᠴᠢᠯᠡᠭᠡᠨ ᠤ ᠠᠷᠭ᠎ᠠ ᠪᠠ ᠠᠭᠤᠯᠭ᠎ᠠ ᠨᠢ ᠭᠤᠤᠯᠳᠠᠭᠤ ᠳᠣᠤᠷᠠᠬᠢ ᠬᠡᠳᠣᠨ | ᠲᠠᠯ᠎ᠠ ᠶᠢ ᠪᠠᠭᠲᠠᠭᠠᠨ᠎ᠠ᠄ | ︵ᠨᠢᠭᠡ︶ ᠡᠯ᠎ᠡ ᠲᠦᠷᠦᠯ ᠤᠨ ᠦᠵᠡᠰᠭᠦᠯᠡᠩ ᠢ ᠭᠠᠷᠭᠠᠬᠤ᠂ ᠪᠣᠯᠪᠠᠰᠣᠷᠠᠯ ᠬᠢᠴᠢᠶᠡᠯᠡᠯᠭᠡ ᠬᠢᠬᠦ᠂ ᠰᠣᠶᠣᠯ | ᠰᠢᠨᠵᠢᠯᠡᠬᠦ ᠣᠬᠠᠭᠠᠨ ᠢ ᠲᠦᠭᠡᠮᠡᠯᠵᠢᠬᠦᠯᠬᠦ᠂ ᠰᠣᠷᠠᠭ ᠵᠠᠩᠬᠢ ᠶᠢᠨ ᠦᠢᠯᠡᠴᠢᠯᠡᠭᠡ ᠬᠠᠩᠭᠠᠬᠤ᠂ ᠣᠯᠠᠨ ᠲᠦᠮᠡᠨ ᠤ | ᠭᠤᠸ᠎ᠠ ᠰᠠᠶᠢᠬᠠᠨ᠂ ᠪᠠᠶᠠᠷ ᠴᠡᠩᠭᠡᠯ᠂ ᠡᠷᠳᠡᠮ ᠮᠡᠳᠡᠯᠭᠡ᠂ ᠪᠠᠶᠠᠵᠢᠯ ᠴᠢᠨᠡᠭᠡᠯᠢᠭᠵᠢᠯ ᠤᠨ ᠬᠦᠭᠡᠭᠡᠴᠡᠯᠳᠦᠯ ᠤᠨ | ᠱᠠᠭᠠᠷᠳᠠᠯᠭ᠎ᠠ ᠶᠢ ᠬᠠᠩᠭᠠᠵᠣ᠂ ᠠᠵᠣ ᠠᠬᠤᠢ ᠶᠢᠨ ᠨᠡᠶᠢᠬᠡᠮ ᠪᠠ ᠡᠪ ᠨᠠᠶᠢᠷᠡᠮᠳᠡᠭᠤ ᠪᠠᠷ ᠬᠦᠭᠵᠢᠭᠦᠯᠬᠦ ᠶᠢ | ᠠᠬᠢᠭᠤᠯᠬᠤ ᠬᠡᠷᠡᠭᠳᠡᠢ᠃ | ︵ ᠬᠤᠶᠠᠷ︶ ᠲᠣᠬᠠᠢ ᠶᠢᠨ ᠭᠠᠵᠠᠷ ᠣᠷᠣᠨ ᠤ ᠱᠠᠭᠠᠷᠳᠠᠯᠭ᠎ᠠ ᠪᠣᠯᠣᠨ ᠪᠠᠷᠢᠯᠭ᠎ᠠ ᠲᠦᠬᠦᠭᠡᠷᠤᠮᠵᠢ᠂ ᠳᠠᠯᠠᠪᠣᠷ | ᠤᠨ ᠢᠶᠠᠨ ᠨᠦᠬᠦᠴᠡᠯ ᠪᠣᠯᠣᠮᠵᠢ ᠶᠢ ᠦᠨᠳᠣᠰᠣᠯᠡᠨ᠂ ᠦᠨᠢᠷ ᠪᠠᠶᠠᠯᠢᠭ ᠠᠭᠤᠯᠭ᠎ᠠ ᠬᠡᠯᠪᠡᠷᠢ ᠪᠦᠬᠦᠢ᠂ ᠣᠯᠠᠨ ᠳᠦᠮᠡᠨ | ᠤ ᠳᠣᠷ᠎ᠠ ᠰᠣᠨᠢᠷᠬᠠᠯ ᠢ ᠲᠠᠳᠠᠭᠰᠠᠨ ᠰᠣᠶᠣᠯ ᠲᠠᠮᠢᠷ ᠤᠨ ᠬᠦᠳᠡᠯᠭᠡᠭᠡᠨ ᠢ ᠵᠣᠬᠢᠶᠡᠨ ᠪᠠᠶᠢᠭᠤᠯᠣᠨ ᠦᠷᠨᠢᠭᠦᠯᠬᠦ | ᠬᠡᠷᠡᠭᠳᠡᠢ᠃ | ︵ᠭᠤᠷᠪᠠ︶ ᠮᠠᠯᠴᠢᠨ ᠲᠠᠷᠢᠶᠠᠴᠢᠳ ᠤᠨ ᠦᠪᠡᠷᠳᠡᠭᠡᠨ ᠴᠣᠭᠴᠠᠯᠠᠨ ᠪᠠᠶᠢᠭᠤᠯᠣᠭᠰᠠᠨ ᠰᠣᠶᠣᠯ ᠤᠨ | ᠬᠦᠷᠢᠶᠡᠯᠡᠩ᠂ ᠰᠣᠶᠣᠯ ᠤᠨ ᠡᠷᠦᠭᠡ ᠵᠡᠷᠭᠡ ᠶᠢ ᠵᠢᠭᠠᠨ ᠵᠢᠯᠣᠭᠤᠳᠴᠤ᠂ ᠤᠯᠠᠨ ᠲᠦᠮᠡᠨ ᠤ ᠰᠣᠶᠣᠯ ᠤᠨ | ᠨᠢᠷᠤᠭᠤᠪᠴᠢ ᠬᠦᠴᠦᠨ ᠢ ᠵᠢᠭᠠᠨ ᠰᠣᠷᠭᠠᠵᠤ ᠪᠣᠯᠪᠠᠰᠣᠷᠠᠭᠤᠯᠬᠤ ᠬᠡᠷᠡᠭᠳᠡᠢ᠃ | ︵ᠳᠦᠷᠪᠡ︶ ᠬᠤᠰᠢᠭᠤ ᠰᠢᠶᠡᠨ ᠤ ᠲᠡᠰ ᠤᠨ ᠨᠣᠮ ᠤᠨ ᠰᠠᠩ᠂ ᠰᠣᠶᠣᠯ ᠤᠨ ᠣᠷᠳᠣᠨ ᠤ ᠰᠠᠯᠪᠣᠷᠢ | ᠣᠷᠳᠣᠨ ᠪᠣᠶᠣ ᠦᠨᠳᠣᠰᠣᠨ ᠱᠠᠳᠣᠨ ᠤ ᠦᠢᠯᠡᠴᠢᠯᠡᠭᠡᠨ ᠤ ᠴᠡᠭ ᠪᠣᠯᠵᠤ᠂ ᠬᠤᠰᠢᠭᠤ ᠰᠢᠶᠡᠨ ᠤ ᠲᠡᠰ ᠤᠨ ᠰᠣᠶᠣᠯ | ᠤᠨ ᠪᠠᠶᠢᠭᠤᠯᠭ᠎ᠠ ᠶᠢ ᠬᠠᠪᠰᠣᠷᠴᠤ ᠰᠣᠶᠣᠯ ᠤᠨ ᠡᠬᠢ ᠪᠠᠶᠠᠯᠢᠭ ᠢ ᠳᠣᠬᠢᠷᠡᠭᠤᠯᠣᠨ ᠬᠦᠷᠭᠡᠵᠣ᠂ ᠨᠡᠭᠦᠳᠡᠯ ᠰᠣᠶᠣᠯ | ᠤᠨ ᠦᠢᠯᠡᠴᠢᠯᠡᠭᠡ ᠶᠢ ᠦᠷᠨᠢᠭᠦᠯᠵᠤ᠂ ᠣᠯᠠᠨ ᠨᠡᠶᠢᠳᠡ ᠶᠢᠨ ᠰᠣᠶᠣᠯ ᠢ ᠭᠠᠴᠠᠭ᠎ᠠ ᠲᠣᠰᠬᠤᠨ ᠳᠤ ᠨᠡᠪᠳᠡᠷᠡᠭᠦᠯᠦᠨ᠂ | ᠠᠶᠢᠯ ᠡᠷᠦᠬᠡ ᠳᠤ ᠣᠷᠣᠭᠤᠯᠬᠤ ᠶᠢ ᠪᠠᠳᠣᠯᠠᠬᠤ ᠬᠡᠷᠡᠭᠳᠡᠢ᠃ | ︵ᠳᠠᠪᠤ︶ ᠬᠤᠰᠢᠭᠤ ᠰᠢᠶᠡᠨ ᠤ ᠨᠣᠮ ᠤᠨ ᠰᠠᠩ ᠤᠨ ᠵᠢᠭᠠᠨ ᠵᠢᠯᠤᠭᠤᠳᠣᠯᠭ᠎ᠠ ᠪᠠᠷ ᠨᠣᠮ ᠤᠨ ᠰᠠᠩ ᠤᠨ | ᠣᠩᠰᠢᠯᠭ᠎ᠠ ᠶᠢᠨ ᠲᠠᠰᠤᠭ ᠢ ᠡᠷᠬᠢᠯᠡᠵᠤ᠂ ᠣᠯᠠᠨ ᠲᠦᠮᠡᠨ ᠤ ᠨᠣᠮ ᠰᠣᠨᠢᠨ ᠤᠩᠰᠢᠬᠤ ᠠᠵᠢᠯᠯᠠᠭ᠎ᠠ ᠶᠢ | ᠦᠷᠨᠢᠭᠦᠯᠵᠣ᠂ ᠲᠣᠬᠠᠢ ᠶᠢᠨ ᠭᠠᠵᠠᠷ ᠣᠷᠣᠨ ᠤ ᠣᠯᠠᠨ ᠲᠦᠮᠡᠨ ᠳᠤ ᠨᠣᠮ ᠪᠢᠴᠢᠭ ᠰᠣᠨᠢᠨ ᠰᠡᠳᠭᠦᠯ | ᠵᠢᠭᠡᠯᠡᠭᠦᠯᠦᠨ ᠣᠩᠰᠢᠭᠤᠯᠬᠤ ᠦᠢᠯᠡᠴᠢᠯᠡᠭᠡ ᠶᠢ ᠬᠠᠩᠭᠠᠬᠤ ᠬᠡᠷᠡᠭᠲᠡᠢ᠃ | ︵ᠵᠢᠷᠭᠤᠭ᠎ᠠ︶ ᠪᠦᠬᠦ ᠣᠯᠣᠰ ᠤᠨ ᠰᠣᠶᠣᠯ ᠤᠨ ᠰᠣᠷᠠᠭ ᠵᠠᠩᠭᠢ ᠶᠢᠨ ᠡᠬᠢ ᠪᠠᠶᠠᠯᠢᠭ ᠢ ᠬᠠᠮᠳᠣ ᠪᠠᠷ | ᠬᠦᠷᠳᠡᠬᠦ ᠢᠨᠵᠧᠨᠧᠷᠢᠩ ᠤᠨ ᠦᠨᠳᠣᠰᠣᠨ ᠱᠠᠳᠣᠨ ᠤ ᠦᠢᠯᠡᠴᠢᠯᠡᠭᠡᠨ ᠤ ᠴᠡᠭ ᠪᠠᠶᠢᠭᠤᠯᠵᠣ᠂ ᠰᠣᠶᠣᠯ ᠤᠨ | ᠲᠣᠭᠠᠴᠠᠭᠠᠯᠠᠭᠰᠠᠨ ᠰᠣᠷᠠᠭ ᠵᠠᠩᠭᠢ ᠶᠢᠨ ᠦᠢᠯᠡᠴᠢᠯᠡᠭᠡᠨ ᠢ ᠦᠷᠨᠢᠭᠦᠯᠬᠦ ᠬᠡᠷᠡᠭᠳᠡᠢ᠃ | ︵ᠳᠣᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠺᠢᠨᠤ᠋ ᠭᠠᠷᠭᠠᠬᠤ ᠠᠵᠢᠯᠳᠠᠨ ᠢ ᠬᠠᠪᠰᠣᠷᠴᠤ ᠂ | ᠳᠠᠷᠢᠶᠡᠴᠢᠳ ᠮᠠᠯᠴᠢᠳ ᠢ ᠲᠦᠪᠯᠡᠷᠡᠭᠦᠯᠦᠨ ᠺᠢᠨᠤ᠋ ᠰᠣᠨᠢᠷᠬᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠡᠷᠡᠭᠳᠡᠢ᠃ | ᠬᠤᠰᠢᠭᠤ ᠰᠢᠶᠡᠨ ᠤ ᠷᠠᠳᠢᠤ᠋ ᠲᠧᠯᠸᠢᠰ ᠤᠨ ᠰᠠᠯᠠᠭ᠎ᠠ ᠮᠦᠴᠢᠷ ᠢ ᠬᠠᠪᠰᠣᠷᠴᠤ ᠂ ᠷᠠᠳᠢᠤ᠋ ᠲᠧᠯᠸᠢᠰ ᠤᠨ ᠪᠠᠭᠠᠵᠢ | ᠲᠦᠬᠦᠭᠡᠷᠤᠮᠵᠢ ᠶᠢ ᠰᠠᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠠᠵᠢᠯ ᠢ ᠬᠢᠬᠦ ᠬᠡᠷᠡᠭᠳᠡᠢ᠃ | ︵ᠨᠠᠢᠮᠠ︶ ᠬᠤᠰᠢᠭᠤ ᠰᠢᠶᠡᠨ ᠤ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠤ | ᠵᠢᠯᠣᠭᠤᠳᠣᠯᠭ᠎ᠠ ᠳᠣᠤᠷ᠎ᠠ᠂ ᠪᠣᠳᠡᠰ ᠤᠨ ᠪᠣᠰᠣ ᠰᠣᠶᠣᠯ ᠤᠨ ᠦᠪ ᠢ ᠬᠤᠷᠢᠶᠡᠨ ᠴᠤᠭᠯᠠᠭᠤᠯᠬᠤ᠂ ᠡᠮᠬᠢᠳᠭᠡᠨ | ᠲᠢᠭᠯᠡᠬᠦ ᠠᠵᠢᠯ ᠢ ᠬᠢᠵᠣ᠂ ᠪᠣᠳᠡᠰ ᠤᠨ ᠪᠣᠰᠣ ᠰᠣᠶᠣᠯ ᠤᠨ ᠦᠪ ᠢ ᠨᠡᠶᠢᠳᠡᠮ ᠪᠠᠶᠢᠴᠠᠭᠠᠬᠤ᠂ ᠳᠡᠯᠭᠡᠨ ᠦᠵᠡᠭᠦᠯᠬᠦ | ᠂ ᠤᠬᠠᠭᠤᠯᠬᠤ ᠠᠵᠢᠯᠯᠠᠭ᠎ᠠ ᠶᠢ ᠦᠷᠨᠢᠬᠦᠯᠦᠨ᠂ ᠦᠪᠯᠡᠨ ᠣᠯᠠᠮᠵᠢᠯᠠᠭᠴᠢᠳ ᠤᠨ ᠣᠯᠠᠮᠵᠢᠯᠠᠯᠳᠠ ᠶᠢᠨ ᠰᠣᠷᠭᠠᠯᠳᠠ | ᠬᠢᠴᠢᠶᠡᠯᠯᠡᠭᠡ ᠶᠢ ᠵᠢᠭᠠᠨ ᠵᠢᠯᠣᠭᠤᠳᠬᠤ ᠬᠡᠷᠡᠭᠳᠡᠢ᠃ | ︵ᠶᠢᠰᠦ︶ ᠬᠤᠰᠢᠭᠤ ᠰᠢᠶᠡᠨ ᠤ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠢ | ᠬᠠᠪᠰᠣᠷᠴᠤ᠂ ᠲᠡᠤᠬᠡ ᠶᠢᠨ ᠳᠣᠷᠠᠰᠬᠠᠯᠳᠣ ᠵᠦᠢᠯᠡᠰ ᠤᠨ ᠬᠠᠮᠠᠭᠠᠯᠠᠯᠳᠠ ᠶᠢᠨ ᠠᠵᠢᠯ ᠢ ᠡᠷᠬᠢᠯᠡᠬᠦ ᠬᠡᠷᠡᠭᠳᠡᠢ᠃ | ︵ᠠᠷᠪᠠ︶ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠢ ᠬᠠᠪᠰᠣᠷᠣᠨ ᠲᠠᠷᠢᠶᠠᠯᠠᠬᠤ | ᠣᠷᠣᠨ ᠤ ᠰᠣᠶᠣᠯ ᠤᠨ ᠵᠠᠬ᠎ᠠ ᠵᠡᠭᠡᠯᠢ ᠶᠢᠨ ᠬᠠᠮᠢᠶᠠᠷᠣᠯᠳᠠ ᠵᠢᠴᠢ ᠬᠢᠨᠠᠯᠳᠠ ᠶᠢ ᠰᠠᠶᠢᠳᠣᠷ ᠬᠢᠨ᠎ᠡ ᠃ ᠬᠦᠨᠳᠦ ᠶᠡᠭᠡ | ᠠᠰᠠᠭᠤᠳᠠᠯ ᠭᠠᠷᠪᠠᠯ ᠬᠠᠤᠯᠢ ᠪᠠᠷ ᠲᠦᠷᠭᠡᠨ ᠠᠷᠭ᠎ᠠ ᠬᠡᠮᠵᠢᠶ᠎ᠡ ᠠᠪᠴᠣ᠂ ᠲᠡᠷᠡᠴᠢᠯᠡᠨ ᠴᠠᠭ ᠳᠡᠷᠤᠢ ᠳᠤ ᠨᠢ ᠳᠡᠭᠡᠭᠰᠢ | ᠮᠡᠳᠡᠭᠦᠯᠬᠦ ᠬᠡᠷᠡᠭᠳᠡᠢ᠃ | ᠠᠷᠪᠠᠨ ᠨᠠᠢᠮᠠᠳᠣᠭᠠᠷ ᠵᠣᠷᠪᠣᠰ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ | ᠲᠦᠪ ᠨᠢ ᠳᠣᠳᠣᠭᠠᠳᠣ ᠶᠢᠨ ᠬᠠᠮᠢᠶᠠᠷᠤᠯᠳᠠ ᠶᠢᠨ ᠳᠦᠷᠢᠮ ᠳᠣᠭᠳᠠᠭᠠᠯ ᠢᠶᠠᠨ ᠳᠡᠭᠦᠯᠳᠡᠷᠵᠢᠬᠦᠯᠣᠨ᠂ ᠦᠢᠯᠡᠴᠢᠯᠡᠭᠡᠨ | ᠤ ᠪᠠᠷᠢᠮᠵᠢᠶ᠎ᠠ ᠪᠠᠨ ᠪᠦᠷᠢᠨᠰᠢᠭᠦᠯᠦᠨ᠂ ᠡᠷᠡᠭᠦᠯ ᠪᠣᠯᠪᠠᠰᠣᠨ ᠰᠣᠶᠣᠯ ᠲᠠᠮᠢᠷ ᠰᠣᠷᠭᠠᠨ ᠬᠦᠮᠦᠵᠢᠯ ᠤᠨ ᠬᠦᠳᠡᠯᠭᠡᠭᠡᠨ | ᠢ ᠦᠷᠨᠢᠬᠦᠯᠬᠦ ᠬᠡᠷᠡᠭᠳᠡᠢ᠃ | ᠦᠢᠯᠡᠴᠢᠯᠡᠭᠡᠨ ᠤ ᠠᠭᠤᠯᠭ᠎ᠠ ᠂ ᠠᠵᠢᠯᠯᠠᠬᠤ ᠴᠠᠭ ᠪᠠ ᠠᠩᠬᠠᠷᠠᠭᠤᠯᠬᠤ ᠵᠦᠢᠯ ᠢᠶᠠᠨ ᠢᠯᠡ ᠳᠣᠳᠣᠷᠬᠠᠢ | ᠭᠠᠵᠠᠷ ᠲᠤ ᠨᠡᠶᠢᠳᠡᠯᠡᠬᠦ ᠬᠡᠷᠡᠭᠳᠡᠢ᠃ | ᠠᠷᠪᠠᠨ ᠶᠢᠰᠦᠳᠦᠭᠡᠷ ᠵᠣᠷᠪᠣᠰ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ | ᠦᠢᠯᠡᠴᠢᠯᠡᠭᠡᠨ ᠤ ᠲᠦᠪ ᠤᠨ ᠠᠵᠢᠯᠯᠠᠬᠤ ᠴᠠᠭ ᠢ ᠵᠢᠯ ᠳᠤ 10 ᠰᠠᠷ᠎ᠠ ᠠᠴᠠ ᠳᠣᠤᠷ᠎ᠠ ᠪᠠᠶᠢᠯᠭᠠᠵᠣ ᠪᠣᠯᠬᠤ ᠦᠭᠡᠢ᠂ | ᠭᠠᠷᠠᠭ ᠤᠨ ᠠᠵᠢᠯᠯᠠᠬᠤ ᠴᠠᠭ ᠢ 42 ᠴᠠᠭ ᠠᠴᠠ ᠳᠣᠣᠷ᠎ᠠ ᠪᠠᠶᠢᠯᠭᠠᠵᠣ ᠪᠣᠯᠬᠤ ᠦᠭᠡᠢ᠂ ᠡᠭᠦᠨ ᠳᠤ | ᠰᠤᠯᠪᠢᠴᠠᠭᠤᠯᠤᠨ ᠠᠵᠢᠯᠯᠠᠬᠤ ᠴᠠᠭ ᠢ ᠭᠤᠷᠪᠠᠨ ᠤ ᠨᠢᠭᠡ ᠬᠤᠪᠢ ᠠᠴᠠ ᠳᠣᠤᠷ᠎ᠠ ᠪᠠᠶᠢᠯᠭᠠᠵᠣ ᠪᠣᠯᠬᠤ ᠦᠭᠡᠢ᠃ | ᠬᠤᠷᠢᠳᠣᠭᠠᠷ ᠵᠣᠷᠪᠣᠰ ᠰᠣᠮᠣ ᠰᠢᠶᠡᠩ ᠪᠠᠯᠭᠠᠰᠣ ︵ᠵᠡᠭᠡᠯᠢ ᠭᠤᠳᠣᠮᠵᠢ︶ ᠶᠡᠷᠦᠩᠬᠡᠶᠢᠯᠡᠭᠰᠡᠨ ᠰᠣᠶᠣᠯ | ᠤᠨ ᠦᠷᠲᠡᠭᠡ ᠦᠵᠡᠭᠦᠯᠦᠯᠭᠡ ᠡᠷᠬᠢᠯᠡᠬᠦ ᠠᠵᠢᠯ ᠢᠶᠠᠨ ᠵᠢᠯ ᠪᠦᠷᠢ 2 ᠣᠳᠠᠭ᠎ᠠ ᠠᠴᠠ ᠳᠣᠣᠷ᠎ᠠ ᠪᠠᠶᠢᠯᠭᠠᠵᠣ ᠪᠣᠯᠬᠤ | ᠦᠭᠡᠢ᠂ ᠣᠯᠠᠨ ᠨᠡᠶᠢᠳᠡ ᠶᠢᠨ ᠴᠢᠨᠠᠷᠲᠡᠢ ᠲᠠᠢ ᠬᠢᠴᠢᠶᠡᠯ ᠲᠡᠶᠢᠯᠦᠨ ᠪᠠ ᠪᠣᠯᠪᠠᠰᠣᠷᠠᠯ ᠰᠣᠷᠭᠠᠯᠳᠠ ᠡᠷᠬᠢᠯᠡᠬᠦ ᠠᠵᠢᠯ | ᠢᠶᠠᠨ ᠵᠢᠯ ᠪᠦᠷᠢ 4 ᠣᠳᠠᠭ᠎ᠠ ᠠᠴᠠ ᠳᠣᠤᠷ᠎ᠠ ᠪᠠᠶᠢᠯᠭᠠᠵᠣ ᠪᠣᠯᠬᠤ ᠦᠭᠡᠢ᠂ ᠣᠯᠠᠨ ᠲᠦᠮᠡᠨ ᠤ ᠰᠣᠶᠣᠯ ᠲᠠᠮᠢᠷ | ᠤᠨ ᠬᠦᠳᠡᠯᠭᠡᠭᠡᠨ ᠢ ᠡᠷᠬᠢᠯᠡᠬᠦ ᠠᠵᠢᠯ ᠢᠶᠠᠨ ᠵᠢᠯ ᠪᠦᠷᠢ 20 ᠣᠳᠠᠭ᠎ᠠ ᠠᠴᠠ ᠳᠣᠤᠷ᠎ᠠ ᠪᠠᠶᠢᠯᠭᠠᠵᠣ ᠪᠣᠯᠬᠤ ᠦᠭᠡᠢ᠃ | ᠭᠠᠴᠠᠭ᠎ᠠ ᠲᠣᠰᠬᠤᠨ ︵ᠨᠡᠶᠢᠬᠡᠮ ᠳᠣᠭᠤᠷᠢᠭ︶ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ | ᠲᠦᠪ ᠤᠯᠠᠨ ᠲᠦᠮᠡᠨ ᠤ ᠰᠣᠶᠣᠯ ᠲᠠᠮᠢᠷ ᠤᠨ ᠬᠦᠳᠡᠯᠭᠡᠭᠡᠨ ᠢ ᠵᠣᠬᠢᠶᠡᠨ ᠪᠠᠶᠢᠭᠤᠯᠵᠣ ᠡᠷᠬᠢᠯᠡᠬᠦ ᠠᠵᠢᠯ ᠢᠶᠠᠨ ᠵᠢᠯ | ᠪᠦᠷᠢ 4 ᠣᠳᠠᠭ᠎ᠠ ᠠᠴᠠ ᠳᠣᠤᠷ᠎ᠠ ᠪᠠᠶᠢᠯᠭᠠᠵᠣ ᠪᠣᠯᠬᠤ ᠦᠭᠡᠢ᠃ | ᠬᠤᠷᠢᠨ ᠨᠢᠭᠡᠳᠦᠭᠡᠷ ᠵᠣᠷᠪᠣᠰ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ | ᠦᠢᠯᠡᠴᠢᠯᠡᠭᠡᠨ ᠤ ᠲᠦᠪ ᠬᠤᠳᠠ ᠬᠦᠳᠡᠭᠡ ᠶᠢᠨ ᠰᠠᠭᠤᠭᠠᠯᠢ ᠠᠷᠠᠳ ᠲᠤ ᠤᠶᠢᠷ᠎ᠡ ᠬᠠᠪᠢ ᠳᠤ ᠪᠠᠨ ᠡᠯ᠎ᠡ ᠲᠦᠷᠦᠯ | ᠤᠨ ᠰᠣᠶᠣᠯ ᠳᠠᠮᠢᠷ ᠤᠨ ᠬᠦᠳᠡᠯᠭᠡᠭᠡᠨ ᠳᠤ ᠤᠷᠤᠯᠴᠠᠬᠤ ᠲᠦᠭᠦᠮ ᠨᠦᠬᠦᠴᠡᠯ ᠢ ᠬᠠᠩᠭᠠᠬᠤ ᠬᠡᠷᠡᠭᠳᠡᠢ᠃ | ᠵᠡᠮᠳᠡᠭᠴᠤᠣᠯ᠂ ᠨᠠᠰᠣᠨ ᠳᠤ ᠦᠯᠦ ᠬᠦᠷᠦᠭᠴᠢᠳ᠂ ᠨᠠᠰᠣᠲᠠᠶᠢᠴᠣᠤᠯ ᠪᠣᠯᠣᠨ ᠬᠦᠯᠦᠰᠣᠨ ᠠᠵᠢᠯᠳᠠᠳ ᠵᠡᠷᠭᠡ | ᠣᠨᠴᠠᠭᠠᠢ ᠬᠦᠮᠦᠰ ᠲᠤ ᠵᠣᠷᠢᠭᠤᠯᠣᠭᠰᠠᠨ ᠰᠣᠶᠣᠯ ᠲᠡᠮᠢᠷ ᠤᠨ ᠬᠦᠳᠡᠯᠭᠡᠭᠡᠨ ᠢ ᠵᠢᠯ ᠪᠦᠷᠢ ᠵᠣᠬᠢᠶᠡᠨ ᠪᠠᠶᠢᠭᠤᠯᠣᠨ | ᠡᠷᠬᠢᠯᠡᠬᠦ ᠬᠡᠷᠡᠭᠳᠡᠢ᠃ | | | ᠳᠦᠷᠪᠡᠳᠦᠭᠡᠷ ᠪᠦᠯᠦᠭ ᠠᠵᠢᠯᠳᠠᠳ ᠪᠠ ᠵᠠᠷᠣᠳᠠᠯ ᠮᠦᠩᠭᠦ | ᠬᠤᠷᠢᠨ ᠬᠤᠶᠡᠳᠣᠭᠠᠷ ᠵᠤᠷᠪᠣᠰ ᠰᠣᠮᠣ ᠰᠢᠶᠡᠩ ᠪᠠᠯᠭᠠᠰᠣ ︵ᠵᠡᠭᠡᠯᠢ ᠭᠤᠳᠣᠮᠵᠢ︶ ᠶᠢᠨ | ᠶᠡᠷᠦᠩᠬᠡᠶᠢᠯᠡᠭᠰᠡᠨ ᠰᠣᠶᠣᠯ ᠤᠨ ᠦᠷᠳᠡᠭᠡ ᠳᠤ 1 —2 ᠠᠴᠠ ᠳᠡᠭᠡᠭᠰᠢ ᠨᠡᠷ᠎ᠡ ᠠᠯᠪᠠᠨ ᠤ ᠣᠷᠣᠨ ᠲᠤᠭ᠎ᠠ ᠲᠠᠢ | ᠲᠣᠰᠬᠠᠢ ᠠᠵᠢᠯᠳᠠᠨ ᠢ ᠳᠣᠬᠢᠷᠡᠭᠤᠯᠣᠭᠰᠡᠨ ᠪᠠᠶᠢᠬᠤ ᠬᠡᠷᠡᠭᠳᠡᠢ᠃ ᠭᠠᠴᠠᠭ᠎ᠠ ᠲᠣᠰᠬᠤᠨ ︵ᠨᠡᠶᠢᠬᠡᠮ ᠳᠣᠭᠤᠷᠢᠭ︶ ᠤ | ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠦᠪ ᠲᠤ ᠵᠠᠰᠠᠭ ᠤᠨ ᠣᠷᠳᠣᠨ ᠤ ᠬᠤᠳᠠᠯᠳᠣᠨ ᠠᠪᠣᠭᠰᠠᠨ | ᠣᠯᠠᠨ ᠨᠡᠶᠢᠳᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠶᠢ 1 ᠠᠴᠠ ᠳᠡᠭᠡᠭᠰᠢ ᠪᠠᠶᠢᠯᠭᠠᠬᠤ ᠬᠡᠷᠡᠭᠳᠡᠢ᠃ | ᠬᠤᠷᠢᠨ ᠭᠤᠷᠪᠠᠳᠣᠭᠠᠷ ᠵᠣᠷᠪᠣᠰ ᠰᠣᠮᠣ ᠰᠢᠶᠡᠩ ᠪᠠᠯᠭᠠᠰᠣ ︵ᠵᠡᠭᠡᠯᠢ ᠭᠤᠳᠣᠮᠵᠢ︶ ᠶᠢᠨ | ᠶᠡᠷᠦᠩᠬᠡᠶᠢᠯᠡᠭᠰᠡᠨ ᠰᠣᠶᠣᠯ ᠤᠨ ᠦᠷᠳᠡᠭᠡ ᠶᠢᠨ ᠳᠠᠷᠤᠭ᠎ᠠ ᠨᠢ ᠳᠡᠭᠡᠳᠦ ᠵᠡᠷᠭᠡ ᠶᠢᠨ ᠳᠣᠰᠬᠠᠢ ᠮᠡᠷᠭᠡᠵᠢᠯ ᠤᠨ | ᠰᠣᠷᠣᠯᠭ᠎ᠠ ᠶᠢᠨ ᠨᠠᠮᠳᠠᠷ ︵ᠪᠣᠶᠣ ᠡᠭᠦᠨ ᠲᠠᠢ ᠲᠡᠩᠴᠡᠭᠰᠡᠨ︶ ᠠᠴᠠ ᠳᠡᠭᠡᠭᠰᠢ ᠰᠣᠶᠣᠯ ᠤᠨ ᠬᠡᠮᠵᠢᠶ᠎ᠡ ᠲᠠᠢ᠂ | ᠰᠣᠶᠣᠯ ᠤᠨ ᠠᠵᠢᠯ ᠦᠢᠯᠡᠰ ᠲᠤ ᠪᠠᠨ ᠬᠠᠶᠢᠷᠠᠳᠠᠢ᠂ ᠣᠯᠠᠨ ᠲᠦᠮᠡᠨ ᠢ ᠵᠤᠬᠢᠶᠡᠨ ᠪᠠᠶᠢᠭᠤᠯᠣᠨ ᠰᠣᠶᠣᠯ ᠤᠨ | ᠬᠦᠳᠡᠯᠭᠡᠭᠡᠨ ᠢ ᠦᠷᠨᠢᠭᠦᠯᠬᠦ ᠳᠤ ᠪᠠᠨ ᠴᠢᠳᠠᠮᠠᠭᠠᠢ᠂ ᠰᠣᠶᠣᠯ ᠤᠨ ᠦᠷᠳᠡᠭᠡᠨ ᠤ ᠠᠵᠢᠯ ᠤᠨ ᠲᠣᠰᠬᠠᠢ ᠮᠡᠷᠭᠡᠵᠢᠯ ᠤᠨ | ᠴᠢᠳᠠᠪᠣᠷᠢ ᠪᠣᠯᠣᠨ ᠬᠠᠮᠢᠶᠠᠷᠣᠯᠳᠠ ᠶᠢᠨ ᠬᠢᠷᠢ ᠬᠡᠮ ᠢ ᠪᠦᠷᠢᠳᠦᠭᠦᠯᠦᠭᠰᠡᠨ ᠪᠠᠶᠢᠬᠤ ᠬᠡᠷᠡᠭᠳᠡᠢ᠃ ᠰᠣᠶᠣᠯ ᠤᠨ | ᠦᠷᠳᠡᠭᠡᠨ ᠤ ᠳᠠᠷᠤᠭ᠎ᠠ ᠶᠢ ᠶᠠᠭᠤᠨ ᠤ ᠡᠮᠦᠨ᠎ᠡ ᠬᠤᠰᠢᠭᠤ ᠰᠢᠶᠡᠨ ᠤ ᠲᠡᠰ ᠤᠨ ᠰᠣᠶᠣᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠤᠨ ᠬᠢᠨ ᠤ ᠰᠠᠨᠠᠯ ᠢ ᠠᠪᠣᠭᠰᠠᠨ ᠤ ᠳᠠᠷᠠᠭ᠎ᠠ ᠰᠣᠮᠣ ᠰᠢᠶᠡᠩ ᠪᠠᠯᠭᠠᠰᠣᠨ ᠤ ᠵᠠᠰᠭ ᠤᠨ ᠣᠷᠳᠣᠨ | ︵︵ᠵᠠᠮ ᠵᠡᠭᠡᠯᠢ ᠶᠢᠨ ᠬᠡᠷᠡᠭ ᠡᠷᠬᠢᠯᠡᠬᠦ ᠭᠠᠵᠠᠷ︶ ᠠᠴᠠ ᠳᠣᠮᠢᠯᠠᠬᠤ ᠪᠣᠶᠣ ᠣᠷᠢᠨ ᠬᠡᠷᠡᠭᠯᠡᠬᠦ ᠬᠡᠷᠡᠭᠳᠡᠢ᠃ | ᠬᠤᠷᠢᠨ ᠲᠦᠷᠪᠡᠳᠦᠭᠡᠷ ᠵᠣᠷᠪᠣᠰ ᠰᠣᠮᠣ ᠰᠢᠶᠡᠩ ᠪᠠᠯᠭᠠᠰᠣᠨ ︵ᠵᠡᠭᠡᠯᠢ ᠭᠤᠳᠣᠮᠵᠢ︶ ᠤ | ᠶᠡᠷᠦᠩᠬᠡᠶᠢᠯᠡᠭᠰᠡᠨ ᠰᠣᠶᠣᠯ ᠤᠨ ᠦᠷᠳᠡᠭᠡ ᠲᠣᠰᠬᠠᠢ ᠮᠡᠷᠭᠡᠵᠢᠯ ᠤᠨ ᠬᠢᠷᠢ ᠬᠡᠮ ᠤᠨ ᠲᠦᠷᠢᠮ ᠢ ᠬᠡᠷᠡᠭᠵᠢᠬᠦᠯᠦᠨ᠎ᠡ᠂ | ᠲᠣᠰ ᠠᠵᠢᠯ ᠢ ᠡᠷᠬᠢᠯᠡᠭᠴᠢᠳ ᠡᠷᠬᠡᠪᠰᠢ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠪᠣᠶᠣ | ᠲᠣᠰᠢᠶᠡᠨ ᠨᠠᠶᠢᠳᠠᠭᠰᠠᠨ ᠰᠠᠯᠠᠭ᠎ᠠ ᠮᠦᠴᠢᠷ ᠤᠨ ᠰᠢᠯᠭᠠᠯᠲᠠ᠂ ᠰᠢᠯᠭᠠᠨ ᠬᠢᠨᠠᠯᠳᠠ ᠪᠠᠷ ᠳᠠᠮᠵᠢᠵᠣ ᠲᠣᠰᠬᠠᠢ ᠮᠡᠷᠭᠡᠵᠢᠯ | ᠤᠨ ᠬᠢᠷᠢ ᠬᠡᠮ ᠪᠣᠶᠣ ᠠᠵᠢᠯ ᠤᠨ ᠪᠠᠶᠢᠷᠢ ᠶᠢᠨ ᠪᠣᠯᠪᠠᠰᠣᠷᠠᠯ ᠤᠨ ᠦᠨᠠᠮᠯᠠᠯ ᠠᠪᠣᠭᠰᠠᠨ ᠪᠠᠶᠢᠬᠤ ᠬᠡᠷᠡᠭᠳᠡᠢ᠃ | ᠰᠣᠮᠣ ᠰᠢᠶᠡᠩ ᠪᠠᠯᠭᠠᠰᠣᠨ ᠤ ︵ᠵᠡᠭᠡᠯᠢ ᠭᠤᠳᠣᠮᠵᠢ︶ ᠶᠡᠷᠦᠩᠬᠡᠶᠢᠯᠡᠭᠰᠡᠨ ᠦᠷᠳᠡᠭᠡᠨ ᠤ ᠠᠵᠢᠯᠳᠠᠨ ᠦᠪᠡᠷ | ᠤᠨ ᠰᠣᠷᠣᠯᠭ᠎ᠠ ᠶᠢᠨ ᠨᠠᠮᠳᠠᠷ ᠤᠨ ᠨᠦᠬᠦᠴᠡᠯ᠂ ᠠᠵᠢᠯ ᠡᠭᠦᠷᠭᠡᠯᠡᠭᠰᠡᠨ ᠵᠢᠯ ᠬᠤᠭᠤᠴᠠᠭ᠎ᠠ᠂ ᠠᠵᠢᠯ ᠤᠨ ᠦᠷ᠎ᠡ | ᠪᠦᠳᠦᠭᠡᠯ ᠪᠠ ᠲᠣᠰᠬᠠᠢ ᠮᠡᠷᠭᠡᠵᠢᠯ ᠤᠨ ᠠᠵᠢᠯ ᠤᠨ ᠬᠢᠷᠢ ᠲᠦᠪᠰᠢᠨ ᠢᠶᠠᠨ ᠦᠨᠳᠦᠰᠦᠯᠡᠨ ᠡᠭᠦᠨ ᠲᠠᠢ ᠠᠳᠠᠯᠢ | ᠲᠡᠩᠴᠡᠭᠦᠤ ᠲᠣᠰᠬᠠᠢ ᠮᠡᠷᠭᠡᠵᠢᠯ ᠤᠨ ᠬᠢᠷᠢ ᠬᠡᠮ ᠢ ᠡᠷᠡᠮᠡᠯᠵᠡᠯᠡᠵᠤ ᠪᠣᠯᠣᠨ᠎ᠠ᠃ | ᠬᠤᠷᠢᠨ ᠲᠠᠪᠣᠳᠣᠭᠠᠷ ᠵᠣᠷᠪᠣᠰ ᠰᠣᠮᠣ ᠰᠢᠶᠡᠩ ᠪᠠᠯᠭᠠᠰᠣᠨ ︵ᠵᠡᠭᠡᠯᠢ ᠭᠤᠳᠣᠮᠵᠢ︶ ᠤ | ᠶᠡᠷᠦᠩᠬᠡᠶᠢᠯᠡᠭᠰᠡᠨ ᠰᠣᠶᠣᠯ ᠤᠨ ᠦᠷᠳᠡᠭᠡ ᠣᠷᠢᠵᠣ ᠬᠡᠷᠡᠭᠯᠡᠬᠦ ᠳᠦᠷᠢᠮ ᠪᠣᠯᠣᠨ ᠠᠵᠢᠯ ᠤᠨ ᠪᠠᠶᠢᠷᠢ ᠶᠢᠨ ᠬᠠᠷᠠᠯᠲᠠ | ᠶᠢᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠠᠵᠢᠯ ᠤᠨ ᠪᠠᠶᠢᠷᠢ ᠶᠢᠨ ᠠᠵᠢᠯᠳᠠ | ᠠᠵᠢᠯ ᠤᠨ ᠠᠮᠠᠷᠠᠯᠳᠠ ᠪᠠᠨ ᠠᠪᠬᠤ ᠪᠣᠶᠣ ᠠᠵᠢᠯ ᠰᠢᠯᠵᠢᠬᠦ᠂ ᠠᠵᠢᠯ ᠢᠶᠠᠨ ᠣᠷᠬᠢᠪᠠᠯ ᠴᠠᠭ ᠲᠠᠷᠣᠢ ᠳᠤ ᠨᠢ ᠲᠡᠭᠦᠨ | ᠲᠠᠢ ᠠᠳᠠᠯᠢ ᠬᠢᠷᠢ ᠬᠡᠮ ᠲᠠᠢ ᠠᠵᠢᠯᠳᠠᠨ ᠢ ᠳᠣᠬᠢᠷᠠᠭᠤᠯᠬᠤ ᠬᠡᠷᠡᠭᠳᠡᠢ᠃ | ᠬᠤᠷᠢᠨ ᠵᠢᠷᠭᠤᠳᠣᠭᠠᠷ ᠵᠣᠷᠪᠣᠰ ᠭᠠᠴᠠᠭ᠎ᠠ ᠲᠣᠰᠬᠤᠨ ︵ᠨᠡᠶᠢᠬᠡᠮ ᠲᠣᠭᠤᠷᠢᠭ︶ ᠤ ᠶᠡᠷᠦᠩᠬᠡᠶᠢᠯᠡᠭᠰᠡᠨ | ᠰᠣᠶᠣᠯ ᠤᠨ ᠦᠢᠯᠡᠴᠢᠯᠡᠭᠡᠨ ᠤ ᠲᠦᠪ ᠤᠨ ᠰᠣᠶᠣᠯ ᠤᠨ ᠬᠠᠮᠢᠶᠡᠷᠤᠯᠲᠡ ᠶᠢᠨ ᠲᠣᠰᠬᠠᠢ ᠲᠣᠰᠢᠶᠡᠯᠳᠡᠨ ᠢ ᠵᠠᠰᠠᠭ ᠤᠨ | ᠣᠷᠳᠣᠨ ᠤ ᠬᠤᠳᠠᠯᠳᠣᠨ ᠠᠪᠣᠭᠰᠠᠨ ᠣᠯᠠᠨ ᠨᠡᠶᠢᠳᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠶᠢᠨ ᠠᠷᠭ᠎ᠠ ᠪᠠᠷ | ᠭᠠᠷᠭᠠᠨ᠎ᠠ᠃ ︽ᠬᠤᠰᠢᠭᠤ ᠰᠢᠶᠡᠨ ᠤ ᠣᠷᠢᠬᠤ︾᠂ ︽ᠰᠢᠶᠡᠩ ᠪᠠᠯᠭᠠᠰᠣᠨ ᠠᠴᠠ ᠬᠠᠮᠢᠶᠡᠷᠬᠤ︾ ᠂ ︽ | ᠭᠠᠴᠠᠭ᠎ᠠ ᠲᠣᠰᠬᠤᠨ ᠳᠤ ᠬᠡᠷᠡᠭᠯᠡᠬᠦ︾ ᠠᠷᠭ᠎ᠠ ᠪᠠᠷ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ | ᠦᠢᠯᠡᠴᠢᠯᠡᠭᠡᠨ ᠤ ᠲᠦᠪ ᠲᠤ ᠰᠣᠶᠣᠯ ᠤᠨ ᠲᠣᠰᠬᠠᠢ ᠠᠵᠢᠯ ᠤᠨ ᠬᠠᠮᠢᠶᠠᠷᠤᠯᠳᠡ ᠶᠢᠨ ᠠᠵᠢᠯᠳᠠᠨ ᠢ | ᠳᠣᠬᠢᠷᠡᠭᠤᠯᠣᠨᠠ᠃ | ᠬᠤᠷᠢᠨ ᠳᠣᠯᠣᠳᠣᠭᠠᠷ ᠵᠤᠷᠪᠣᠰ ᠬᠤᠰᠢᠭᠤ ᠰᠢᠶᠡᠨ ᠤ ᠲᠡᠰ ᠤᠨ ᠰᠣᠶᠣᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠤᠨ ᠬᠢᠨ ᠦᠪᠡᠷᠳᠡᠭᠡᠨ ᠵᠠᠰᠠᠬᠤ ᠣᠷᠣᠨ ᠤ ᠬᠠᠮᠢᠶ᠎ᠡ ᠪᠦᠬᠦᠢ ᠱᠠᠭᠠᠷᠳᠠᠯᠭ᠎ᠠ ᠶᠢ ᠦᠨᠳᠣᠰᠣᠯᠡᠨ | ᠰᠣᠶᠣᠯ ᠤᠨ ᠬᠠᠮᠢᠶᠠᠷᠣᠯᠳᠡ ᠶᠢᠨ ᠠᠵᠢᠯᠳᠠᠨ ᠢ ᠡᠯᠰᠡᠬᠦ ᠪᠠ ᠬᠠᠮᠢᠶᠠᠷᠬᠤ ᠠᠷᠭ᠎ᠠ ᠶᠢ ᠳᠣᠭᠳᠠᠭᠠᠨ᠂ ᠡᠯᠰᠡᠬᠦ ᠪᠡ | ᠬᠠᠮᠢᠶᠠᠷᠬᠤ ᠶᠠᠪᠣᠴᠡ ᠳᠤ ᠪᠠᠨ ᠢᠯᠡ ᠳᠣᠳᠣ᠂ ᠡᠷᠬᠡ ᠳᠡᠭᠰᠢ᠂ ᠭᠤᠤᠯᠴᠢ ᠰᠢᠳᠣᠷᠭᠤ ᠪᠠᠶᠢᠬᠤ ᠬᠡᠷᠡᠭᠳᠡᠢ᠃ | ᠰᠣᠶᠣᠯ ᠤᠨ ᠬᠠᠮᠢᠶᠠᠷᠣᠯᠳᠠ ᠶᠢᠨ ᠠᠵᠢᠯᠳᠠᠨ ᠨᠢ ᠨᠠᠮ ᠤᠨ ᠱᠣᠭᠤᠮ ᠴᠢᠭᠯᠡᠯᠳᠡ ᠪᠠ ᠲᠦᠷᠦ ᠶᠢᠨ ᠪᠣᠳᠣᠯᠭ᠎ᠠ ᠶᠢ | ᠬᠦᠷᠢᠶᠡᠯᠡᠳᠡᠭ᠂ ᠬᠠᠤᠯᠢ ᠲᠦᠷᠢᠮ ᠢ ᠰᠠᠬᠢᠳᠠᠭ᠂ ᠣᠪᠣᠷ ᠰᠣᠷᠳᠠᠯ ᠰᠠᠶᠢᠨ᠂ ᠣᠯᠠᠨ ᠨᠡᠶᠢᠳᠡ ᠶᠢᠨ ᠦᠢᠯᠡᠴᠢᠯᠡᠭᠡᠨ ᠤ | ᠠᠵᠢᠯ ᠳᠤ ᠬᠠᠯᠠᠭᠤᠨ ᠰᠡᠳᠭᠢᠯᠭᠡ ᠲᠠᠢ᠂ ᠵᠣᠬᠢᠬᠤ ᠬᠡᠮᠵᠢᠶᠡᠨ ᠤ ᠰᠣᠶᠣᠯ ᠤᠷᠠᠯᠢᠭ ᠤᠨ ᠮᠡᠳᠡᠯᠭᠡ ᠴᠢᠳᠠᠪᠣᠷᠢ ᠲᠠᠢ | ᠪᠠᠶᠢᠬᠤ ᠬᠡᠷᠡᠭᠳᠡᠢ᠃ | ᠬᠤᠷᠢᠨ ᠨᠠᠢᠮᠠᠳᠣᠭᠠᠷ ᠵᠣᠷᠪᠣᠰ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠰᠣᠶᠣᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠲᠣᠰᠬᠠᠢ ᠠᠵᠢᠯ ᠤᠨ ᠬᠠᠮᠢᠶᠠᠷᠣᠯᠲᠡ ᠶᠢᠨ ᠠᠵᠢᠯᠳᠡᠨ ᠳᠣᠬᠠᠢ | ᠶᠢᠨ ᠭᠠᠵᠠᠷ ᠤᠨ ᠣᠯᠠᠨ ᠲᠦᠮᠡᠨ ᠤ ᠪᠠᠨ ᠪᠣᠳᠠᠳᠠᠢ ᠱᠠᠭᠠᠷᠳᠠᠯᠭ᠎ᠠ ᠶᠢ ᠦᠨᠳᠣᠰᠣᠯᠡᠨ᠂ ᠦᠨᠢᠷ ᠪᠠᠶᠠᠯᠢᠭ ᠠᠭᠤᠯᠭ᠎ᠠ | ᠲᠠᠢ᠂ ᠲᠣᠷ᠎ᠠ ᠰᠣᠨᠢᠷᠬᠠᠯ ᠢ ᠨᠢ ᠲᠠᠲᠠᠭᠰᠠᠨ ᠰᠣᠶᠣᠯ ᠲᠠᠮᠢᠷ ᠤᠨ ᠬᠦᠳᠡᠯᠭᠡᠭᠡᠨ ᠢ ᠵᠣᠬᠢᠶᠠᠨ ᠪᠠᠶᠢᠭᠤᠯᠵᠣ᠂ | ᠰᠠᠭᠤᠭᠠᠯᠢ ︵ᠲᠣᠰᠬᠤᠨ︶ ᠠᠷᠠᠳ ᠤᠨ ᠦᠪᠡᠷᠳᠡᠭᠡᠨ ᠡᠷᠬᠢᠯᠡᠭᠰᠡᠨ ᠤᠯᠠᠨ ᠲᠦᠮᠡᠨ ᠤ ᠰᠣᠶᠣᠯ ᠲᠡᠮᠢᠷ ᠤᠨ | ᠬᠦᠳᠡᠯᠭᠡᠭᠡᠨ ᠳᠤ ᠬᠦᠴᠤ ᠨᠡᠮᠡᠭᠦᠷᠢ ᠦᠵᠡᠭᠦᠯᠦᠨ ᠵᠢᠭᠠᠨ ᠵᠢᠯᠤᠭᠤᠳᠬᠤ ᠬᠡᠷᠡᠭᠳᠡᠢ᠃ | ᠬᠤᠷᠢᠨ ᠶᠢᠰᠦᠳᠦᠭᠡᠷ ᠵᠣᠷᠪᠣᠰ ᠡᠯ᠎ᠡ ᠱᠠᠳᠣᠨ ᠤ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠤᠨ ᠬᠢᠨ ᠠᠴᠠ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠤᠨ | ᠠᠵᠢᠯᠳᠠᠳ ᠢ ᠲᠣᠭᠳᠠᠭᠰᠠᠨ ᠬᠤᠭᠤᠴᠠᠭ᠎ᠠ ᠲᠠᠢ ᠪᠣᠯᠪᠠᠰᠣᠷᠠᠯ ᠬᠢᠯᠭᠡᠬᠦ ᠬᠡᠷᠡᠭᠳᠡᠢ᠃ ᠡᠯ᠎ᠡ ᠱᠠᠳᠣᠨ ᠤ ᠰᠣᠶᠣᠯ ᠤᠨ | ᠪᠣᠯᠪᠠᠰᠣᠷᠠᠭᠤᠯᠣᠯᠲᠠ ᠶᠢᠨ ᠪᠠᠶᠢᠭᠤᠯᠦᠮᠵᠢ᠂ ᠰᠣᠶᠣᠯ ᠤᠨ ᠣᠷᠳᠣᠨ᠂ ᠨᠣᠮ ᠤᠨ ᠰᠠᠩ᠂ ᠣᠷᠠᠯᠢᠭ ᠤᠨ ᠰᠣᠷᠭᠠᠭᠤᠯᠢ | ᠂ ᠣᠷᠠᠯᠢᠭ ᠤᠨ ᠪᠦᠯᠭᠦᠮ ᠵᠡᠷᠭᠡ ᠠᠴᠠ ᠪᠣᠯᠪᠠᠰᠣᠷᠠᠭᠤᠯᠣᠯ ᠤᠨ ᠪᠣᠳᠠᠳᠡᠢ ᠡᠭᠦᠷᠭᠡ ᠶᠢ ᠳᠠᠭᠠᠭᠠᠴᠢᠯᠠᠨ ᠠᠪᠴᠣ | ᠪᠣᠯᠣᠨ᠎ᠠ᠃ ᠦᠨᠳᠣᠰᠣᠨ ᠱᠠᠳᠣᠨ ᠤ ᠰᠣᠶᠣᠯ ᠤᠨ ᠦᠢᠯᠡᠴᠢᠯᠡᠭᠡᠨ ᠤ ᠲᠦᠪ ᠤᠨ ᠲᠣᠰᠬᠠᠢ ᠠᠵᠢᠯ ᠢ ᠲᠣᠰᠬᠠᠢ | ᠪᠣᠶᠣ ᠳᠠᠭᠠᠯᠳᠣᠭᠤᠯᠣᠨ ᠡᠭᠦᠷᠭᠡᠯᠡᠭᠴᠢᠳ ᠪᠣᠯᠪᠠᠰᠣᠷᠠᠯ ᠳᠤ ᠣᠷᠣᠯᠴᠠᠭᠰᠠᠨ ᠴᠠᠭ ᠵᠢᠯ ᠪᠦᠷᠢ 5 ᠣᠳᠠᠭ᠎ᠠ ᠠᠴᠠ | ᠳᠣᠭᠤᠭᠰᠢ ᠪᠠᠶᠢᠵᠣ ᠪᠣᠯᠬᠤ ᠦᠭᠡᠢ᠃ | ᠭᠤᠴᠢᠳᠣᠭᠠᠷ ᠵᠣᠷᠪᠣᠰ ᠭᠠᠴᠠᠭ᠎ᠠ ᠲᠣᠰᠬᠤᠨ ︵ᠨᠡᠶᠢᠬᠡᠮ ᠲᠣᠭᠤᠷᠢᠭ︶ ᠶᠡᠷᠦᠩᠬᠡᠶᠢᠯᠡᠭᠰᠡᠨ ᠰᠣᠶᠣᠯ | ᠤᠨ ᠦᠢᠯᠡᠴᠢᠯᠡᠭᠡᠨ ᠤ ᠲᠦᠪ ᠤᠨ ᠰᠣᠶᠣᠯ ᠤᠨ ᠬᠠᠮᠢᠶᠡᠷᠤᠯᠳᠡ ᠶᠢᠨ ᠠᠵᠢᠯᠳᠡᠨ ᠳᠣᠣᠷᠠᠬᠢ ᠬᠡᠳᠣᠨ ᠳᠠᠯ᠎ᠠ ᠶᠢᠨ | ᠠᠰᠠᠭᠤᠳᠠᠯ ᠤᠨ ᠠᠯᠢ ᠨᠢᠭᠡᠨ ᠳᠤ ᠬᠤᠯᠪᠣᠭᠳᠠᠭᠰᠠᠨ ᠪᠠᠶᠢᠪᠠᠯ᠂ ᠬᠤᠰᠢᠭᠤ ᠰᠢᠶᠡᠨ ᠤ ᠲᠡᠰ ᠤᠨ ᠰᠣᠶᠣᠯ ᠢ | ᠭᠤᠤᠯᠯᠠᠨ ᠬᠠᠮᠢᠶᠡᠷᠬᠤ ᠰᠠᠯᠠᠭ᠎ᠠ ᠮᠦᠴᠢᠷ ᠤᠨ ᠬᠢᠨ ᠠᠴᠠ ᠰᠣᠶᠣᠯ ᠤᠨ ᠬᠠᠮᠢᠶᠠᠷᠣᠯᠳᠡ ᠶᠢᠨ ᠠᠵᠢᠯᠳᠡᠨ ᠤ ᠬᠢᠷᠢ | ᠬᠡᠮ ᠤᠨ ᠡᠷᠬᠡ ᠶᠢ ᠨᠢ ᠬᠤᠰᠣᠵᠣ᠂ ᠪᠣᠰᠣᠳ ᠠᠵᠢᠯᠳᠠᠨ ᠢ ᠣᠷᠣᠨ ᠳᠤ ᠨᠢ ᠣᠷᠢᠵᠣ ᠬᠡᠷᠡᠭᠯᠡᠬᠦ ᠬᠡᠷᠡᠭᠳᠡᠢ᠃ | ︵ᠨᠢᠭᠡ︶ ᠲᠣᠰ ᠠᠷᠭ᠎ᠠ ᠶᠢᠨ ᠭᠤᠷᠪᠠᠳᠣᠭᠠᠷ ᠵᠣᠷᠪᠣᠰ ᠤᠨ ᠬᠠᠮᠢᠶ᠎ᠠ ᠪᠦᠬᠦᠢ ᠲᠣᠭᠳᠠᠭᠠᠯ︔ | ︵ᠬᠤᠶᠡᠷ︶ ᠲᠣᠰᠬᠤᠨ ︵ᠰᠠᠭᠤᠭᠠᠯᠢ︶ ᠠᠷᠠᠳ ᠤᠨ ᠣᠯᠠᠨ ᠲᠦᠮᠡᠨ ᠤ ᠲᠠᠭᠠᠰᠢᠶᠠᠯ ᠢ 60% | ᠠᠴᠠ ᠳᠣᠭᠤᠭᠰᠢ ᠣᠯᠣᠭᠰᠠᠨ︔ | ︵ᠭᠤᠷᠪᠠ︶ ᠵᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠨᠢ ᠵᠠᠭᠤᠨ ᠤ 90% ᠠᠴᠠ | ᠳᠣᠭᠤᠭᠰᠢ ᠪᠣᠯᠣᠭᠰᠠᠨ︔ | ︵ᠲᠦᠷᠪᠡ︶ ᠪᠣᠯᠬᠢ ᠪᠦᠳᠦᠭᠦᠯᠢᠭ᠂ ᠡᠷᠡᠭᠦᠯ ᠪᠣᠰᠣ ᠠᠵᠢᠯᠠᠯᠠᠭᠠᠨ ᠳᠤ ᠤᠷᠤᠯᠴᠠᠭᠰᠠᠳ ᠪᠣᠶᠣ ᠵᠣᠬᠢᠶᠡᠨ | ᠪᠠᠶᠢᠭᠤᠯᠣᠭᠰᠠᠨ᠂ ᠮᠠᠭᠤ ᠮᠠᠭᠤᠬᠠᠢ ᠨᠦᠯᠦᠭᠡ ᠲᠣᠰᠬᠠᠯ ᠭᠠᠷᠭᠠᠭᠰᠠᠨ︔ | ︵ᠳᠠᠪᠤ︶ ᠦᠢᠯᠡᠴᠢᠯᠡᠭᠡᠨ ᠤ ᠴᠢᠨᠠᠷᠳᠡᠢ ᠬᠦᠳᠡᠯᠭᠡᠭᠡᠨ ᠡᠷᠬᠢᠯᠡᠵᠣ ᠪᠠᠶᠢᠬᠤ ᠳᠣᠮᠳᠠ ᠪᠠᠨ ᠬᠠᠣᠯᠢ ᠴᠠᠭᠠᠵᠠ | ᠲᠦᠷᠢᠮ ᠲᠣᠭᠳᠠᠭᠠᠯ ᠢ ᠵᠦᠷᠢᠴᠡᠭᠰᠡᠨ᠃ | ᠭᠤᠴᠢᠨ ᠨᠢᠭᠡᠳᠦᠭᠡᠷ ᠵᠣᠷᠪᠣᠰ ᠦᠨᠳᠣᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ | ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠣᠯᠳᠠ᠂ ᠰᠡᠯᠪᠢᠨ ᠵᠠᠰᠠᠯᠲᠠ᠂ ᠡᠳᠣᠷ ᠲᠣᠳᠣᠮ ᠤᠨ ᠠᠵᠢᠯ ᠤᠨ | ᠡᠷᠭᠢᠯᠲᠡ ᠪᠣᠯᠣᠨ ᠦᠢᠯᠡ ᠠᠵᠢᠯᠯᠠᠭᠠᠨ ᠳᠤ ᠬᠡᠷᠡᠭᠴᠡᠭᠡ ᠲᠠᠢ ᠵᠠᠷᠣᠳᠠᠯ ᠮᠦᠩᠬᠦ ᠢ ᠳᠣᠬᠠᠢ ᠶᠢᠨ ᠭᠠᠵᠠᠷ ᠤᠨ ᠢᠶᠠᠨ | ᠦᠨᠳᠦᠰᠣᠨ ᠪᠦᠳᠦᠭᠡᠨ ᠪᠠᠶᠢᠭᠤᠯᠣᠯᠲᠡ ᠶᠢᠨ ᠪᠠᠯᠡ ᠣᠷᠣᠭᠤᠯᠣᠯᠳᠡ ᠶᠢᠨ ᠲᠦᠯᠦᠪᠯᠡᠭᠡ ᠪᠠ ᠡᠳ᠋ ᠤᠨ ᠵᠠᠰᠠᠭ ᠤᠨ | ᠲᠦᠯᠦᠪᠯᠡᠭᠡ ᠳᠤ ᠪᠠᠨ ᠣᠷᠣᠭᠤᠯᠬᠤ ᠬᠡᠷᠡᠭᠳᠡᠢ᠂ ᠲᠣᠷ᠎ᠠ ᠪᠠᠷ ᠪᠠᠨ ᠬᠠᠰᠣᠬᠤ ᠪᠠ ᠨᠡᠭᠦᠯᠭᠡᠨ ᠰᠢᠯᠵᠢᠭᠦᠯᠵᠤ ᠪᠣᠯᠬᠤ | ᠦᠭᠡᠢ᠃ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠲᠡᠰ ᠤᠨ ᠡᠳ᠋ ᠤᠨ ᠵᠠᠰᠠᠭ ᠠᠴᠠ ᠦᠨᠳᠣᠰᠣᠨ | ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠤᠨ ᠪᠡᠯᠡᠳᠭᠡᠯ ᠲᠦᠬᠦᠭᠡᠷᠦᠮᠵᠢ ᠪᠠ | ᠠᠭᠤᠯᠭ᠎ᠠ ᠶᠢᠨ ᠪᠦᠳᠦᠭᠡᠨ ᠪᠠᠶᠢᠭᠤᠯᠣᠯᠳᠠ᠂ ᠲᠣᠨᠤᠭ ᠲᠦᠬᠦᠭᠡᠷᠦᠮᠵᠢ ᠶᠢᠨ ᠰᠢᠨᠡᠴᠢᠯᠡᠯ ᠳᠤ ᠵᠠᠷᠣᠳᠠᠯ ᠮᠦᠩᠭᠦᠨ ᠤ | ᠨᠦᠬᠦᠪᠦᠷᠢ ᠣᠯᠭᠤᠪᠠᠯ ᠳᠠᠭᠠᠷᠠᠨ᠎ᠠ᠃ | ᠭᠤᠴᠢᠨ ᠬᠤᠶᠡᠳᠣᠭᠠᠷ ᠵᠣᠷᠪᠣᠰ ᠠᠷᠠᠳ ᠢᠷᠭᠡᠳ᠂ ᠬᠠᠤᠯᠢ ᠶᠢᠨ ᠬᠠᠷᠢᠭᠤᠴᠠᠯᠭᠠᠳᠣ ᠬᠦᠮᠦᠰ | ᠪᠣᠯᠣᠨ ᠪᠣᠰᠣᠳ ᠵᠣᠬᠢᠶᠡᠨ ᠪᠠᠶᠢᠭᠤᠯᠣᠯᠳᠡ ᠠᠯᠪᠠᠨ ᠵᠢᠷᠦᠮ ᠤᠨ ᠴᠢᠨᠠᠷᠳᠡᠢ ᠨᠡᠶᠢᠬᠡᠮ ᠤᠨ ᠪᠦᠯᠭᠦᠮ ᠪᠣᠶᠣ ᠬᠤᠰᠢᠭᠤ | ᠰᠢᠶᠡᠨ ᠤ ᠲᠡᠰ ᠠᠴᠠ ᠳᠡᠭᠡᠭᠰᠢᠬᠢ ᠠᠷᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠦᠴᠢᠷ ᠬᠢᠨ ᠢᠶᠠᠷ | ᠳᠠᠮᠵᠢᠭᠤᠯᠣᠨ᠂ ᠦᠨᠳᠦᠰᠣᠨ ᠱᠠᠳᠣᠨ ᠤ ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠲᠤ | ᠬᠠᠨᠳᠢᠪ ᠡᠷᠭᠦᠬᠦ ᠪᠣᠶᠣ ᠡᠳ᠋ ᠮᠦᠩᠭᠦ ᠪᠠᠷ ᠢᠪᠡᠭᠡᠨ ᠳᠡᠳᠭᠦᠬᠦ ᠶᠢ ᠵᠣᠷᠢᠭᠵᠢᠭᠤᠯᠣᠨ᠎ᠠ᠃ ᠦᠨᠳᠣᠰᠣᠨ ᠱᠠᠳᠣᠨ ᠤ | ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ ᠦᠢᠯᠡᠴᠢᠯᠡᠭᠡᠨ ᠤ ᠲᠦᠪ ᠲᠤ ᠬᠠᠤᠯᠢ ᠶᠣᠰᠣ ᠪᠠᠷ ᠬᠦᠷᠦᠩᠭᠡ ᠮᠦᠩᠭᠦ | ᠬᠦᠷᠭᠡᠭᠰᠡᠨ ᠠᠷᠠᠳ ᠢᠷᠭᠡᠳ᠂ ᠬᠠᠤᠯᠢ ᠶᠢᠨ ᠬᠠᠷᠢᠭᠤᠴᠠᠯᠭᠠᠳᠣ ᠬᠦᠮᠦᠰ ᠪᠣᠯᠣᠨ ᠪᠣᠰᠣᠳ ᠵᠣᠬᠢᠶᠡᠨ ᠪᠠᠶᠢᠭᠤᠯᠣᠯᠳᠡ | ᠳᠤ ᠬᠠᠮᠢᠶ᠎ᠠ ᠪᠦᠬᠦᠢ ᠬᠠᠣᠯᠢ ᠶᠢᠨ ᠳᠦᠷᠢᠮ ᠳᠣᠭᠳᠠᠭᠠᠯ ᠢ ᠦᠨᠳᠣᠰᠣᠯᠠᠨ ᠬᠠᠮᠢᠶᠠᠲᠠᠢ ᠬᠠᠷᠠᠭᠠᠯᠵᠠᠯ ᠢ ᠬᠦᠷᠲᠡᠭᠡᠵᠦ | ᠪᠣᠯᠣᠨ᠎ᠠ᠃ | | | ᠳᠠᠪᠣᠳᠣᠭᠠᠷ ᠪᠦᠯᠦᠭ ᠬᠢᠨᠠᠨ ᠪᠠᠶᠢᠴᠠᠭᠠᠯᠲᠠ ᠪᠠ ᠬᠢᠨᠠᠨ ᠰᠢᠯᠭᠠᠯᠲᠠ | ᠭᠤᠴᠢᠨ ᠭᠤᠷᠪᠠᠳᠣᠭᠠᠷ ᠵᠣᠷᠪᠣᠰ ᠬᠤᠰᠢᠭᠤ ᠰᠢᠶᠡᠨ ᠤ ᠲᠡᠰ ᠤᠨ ᠠᠷᠠᠳ ᠤᠨ ᠵᠠᠰᠠᠭ ᠤᠨ ᠣᠷᠳᠣᠨ᠂ | ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠠᠴᠠ ᠬᠠᠷᠢᠭᠤᠴᠠᠨ᠂ ᠦᠨᠳᠦᠨᠰᠣᠨ ᠱᠠᠳᠣᠨ ᠤ | ᠶᠡᠷᠦᠩᠬᠡᠶᠢᠯᠡᠭᠰᠡᠨ ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠤᠨ ᠪᠠᠷᠢᠯᠭ᠎ᠠ ᠲᠦᠬᠦᠭᠡᠷᠦᠮᠵᠢ᠂ ᠵᠠᠷᠤᠳᠠᠯ | ᠮᠦᠩᠭᠦᠨ ᠤ ᠪᠡᠯᠡ ᠣᠷᠣᠭᠤᠯᠣᠯᠳᠡ᠂ ᠠᠵᠢᠯ ᠤᠨ ᠴᠢᠳᠡᠪᠬᠢ ᠶᠢᠨ ᠪᠠᠶᠢᠳᠠᠯ ᠳᠤ ᠳᠣᠭᠳᠠᠭᠰᠠᠨ ᠬᠤᠭᠤᠴᠠᠭ᠎ᠠ ᠲᠠᠢ | ᠬᠢᠨᠠᠨ ᠪᠠᠶᠢᠴᠠᠭᠠᠯᠳᠠ᠂ ᠬᠢᠨᠠᠨ ᠳᠣᠭᠳᠠᠭᠠᠯ ᠬᠢᠬᠦ ᠬᠡᠷᠡᠭᠳᠡᠢ᠃ ᠦᠨᠳᠦᠰᠦᠨ ᠱᠠᠳᠣᠨ ᠤ ᠶᠡᠷᠦᠩᠬᠡᠶᠢᠯᠡᠭᠰᠡᠨ | ᠴᠢᠨᠠᠷᠳᠡᠢ ᠰᠣᠶᠣᠯ ᠤᠨ ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠣᠯᠳᠡ ᠶᠢᠨ ᠪᠠᠶᠢᠳᠠᠯ ᠢ ᠦᠪᠡᠷᠳᠡᠭᠡᠨ | ᠵᠠᠰᠠᠬᠤ ᠣᠷᠣᠨ ᠪᠠ ᠭᠠᠵᠠᠷ ᠣᠷᠣᠨ ᠤ ᠴᠢᠨᠠᠷᠳᠡᠢ ᠰᠣᠶᠣᠯ ᠤᠨ ᠲᠡᠷᠢᠭᠦᠨ ᠢ ᠡᠭᠦᠳᠴᠤ ᠰᠢᠯᠢᠳᠡᠭ ᠢ ᠦᠨᠡᠯᠡᠬᠦ | ᠬᠢᠨᠠᠨ ᠰᠢᠯᠭᠠᠬᠤ ᠭᠦᠢᠴᠡᠳᠭᠡᠯ ᠲᠤᠭ᠎ᠠ ᠶᠢᠨ ᠰᠢᠰᠲ᠋ᠧᠮ ᠲᠤ ᠣᠷᠣᠭᠤᠯᠬᠤ ᠬᠡᠷᠡᠭᠳᠡᠢ᠃ | ᠭᠤᠴᠢᠨ ᠳᠦᠷᠪᠡᠳᠦᠭᠡᠷ ᠵᠣᠷᠪᠣᠰ ᠲᠠᠷᠢᠶᠡᠯᠡᠬᠤ ᠮᠠᠯᠵᠢᠬᠤ ᠣᠷᠣᠨ ᠤ ᠰᠣᠶᠣᠯ ᠤᠨ ᠪᠦᠳᠦᠭᠡᠨ | ᠪᠠᠶᠢᠭᠤᠯᠣᠯᠳᠡ ᠶᠢᠨ ᠳᠣᠮᠳᠠ ᠳᠣᠪᠣᠶᠢᠮ᠎ᠡ ᠬᠤᠪᠢ ᠨᠡᠮᠡᠭᠦᠷᠢ ᠪᠠᠨ ᠦᠵᠡᠭᠦᠯᠦᠭᠰᠡᠨ ᠦᠨᠳᠦᠰᠣᠨ ᠱᠠᠳᠣᠨ ᠤ | ᠶᠡᠷᠦᠩᠬᠡᠶᠢᠯᠡᠭᠰᠡᠨ ᠴᠢᠨᠠᠷᠳᠡᠢ ᠰᠣᠶᠣᠯ ᠶᠢᠨ ᠦᠢᠯᠡᠴᠢᠯᠡᠭᠡᠨ ᠤ ᠲᠦᠪ ᠪᠠ ᠳᠣᠰᠬᠠᠢ ᠠᠵᠢᠯᠳᠠᠨ ᠳᠤ ᠬᠤᠰᠢᠭᠤ | ᠰᠢᠶᠡᠨ ᠤ ᠲᠡᠰ ᠠᠴᠠ ᠳᠠᠭᠡᠭᠰᠢᠬᠢ ᠠᠷᠠᠳ ᠤᠨ ᠵᠠᠰᠠᠭ ᠤᠨ ᠣᠷᠳᠣᠨ ᠪᠣᠶᠣ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠢᠨ ᠠᠴᠠ ᠱᠠᠩᠨᠠᠯ ᠬᠦᠬᠢᠭᠦᠯᠦᠯ ᠬᠦᠷᠳᠡᠭᠡᠪᠠᠯ ᠳᠠᠭᠠᠷᠠᠨ᠎ᠠ᠃ | | | ᠵᠢᠷᠭᠤᠳᠣᠭᠠᠷ ᠪᠦᠯᠦᠭ ᠳᠠᠭᠠᠯᠳᠣᠭᠤᠯᠣᠯ ᠲᠦᠷᠢᠮ | ᠭᠤᠴᠢᠨ ᠳᠠᠪᠣᠳᠣᠭᠠᠷ ᠵᠣᠷᠪᠣᠰ ᠡᠯ᠎ᠡ ᠠᠶᠢᠮᠠᠭ ᠬᠤᠳᠠ᠂ ᠬᠤᠰᠢᠭᠤ ᠰᠢᠶᠡᠨ ︵ᠬᠤᠳᠠ ᠳᠣᠭᠤᠷᠢᠭ︶ | ᠲᠣᠰ ᠠᠷᠭ᠎ᠠ ᠶᠢ ᠦᠨᠳᠣᠰᠣᠯᠡᠨ ᠪᠣᠳᠠᠳᠠᠢ ᠬᠡᠷᠡᠭᠵᠢᠬᠦᠯᠬᠦ ᠨᠠᠷᠢᠨ ᠳᠦᠷᠢᠮ ᠢ ᠳᠣᠭᠳᠠᠭᠠᠬᠤ ᠬᠡᠷᠡᠭᠳᠡᠢ᠃ | ᠭᠤᠴᠢᠨ ᠵᠢᠷᠭᠤᠳᠣᠭᠠᠷ ᠵᠣᠷᠪᠣᠰ ᠲᠣᠰ ᠠᠷᠭ᠎ᠠ ᠶᠢ ᠲᠠᠷᠬᠠᠭᠠᠭᠰᠠᠨ ᠡᠳᠦᠷ ᠠᠴᠠ ᠡᠬᠢᠯᠡᠨ | ᠳᠣᠷᠰᠢᠨ ᠬᠡᠷᠡᠭᠵᠢᠭᠦᠯᠦᠨ᠎ᠠ᠃ |