︵ ᠵᠠᠷᠯᠠᠬᠤ ᠬᠤᠭᠤᠴᠠᠭ᠎ᠠ ᠠᠷᠪᠠᠨ ᠲᠠᠪᠣᠨ ᠡᠳᠦᠷ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠣᠷᠪᠣᠰ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠠᠳᠠᠭᠠᠲᠦ ᠲᠠᠢ ᠴᠢᠯᠦᠭᠡᠲᠡᠢ ᠬᠠᠷᠢᠯᠴᠠᠬᠤ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠦᠷ ᠮᠣᠩᠭᠤᠯ ᠢ ᠲᠣᠮᠳᠠᠲᠦ ᠣᠯᠣᠰ ᠤᠨ ᠣᠮᠠᠷᠠᠰᠢ ᠬᠠᠨᠳᠣᠭᠤᠯᠣᠨ | ᠨᠡᠭᠡᠭᠡᠭᠰᠡᠨ ᠴᠢᠬᠤᠯᠠ ᠴᠣᠩᠬᠤ ᠪᠠ ︽ ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠣᠯᠲᠠ ᠶᠢᠨ | ᠴᠢᠬᠤᠯᠠ ᠬᠦᠢᠰᠦ ᠪᠣᠯᠭᠠᠨ ᠪᠠᠶᠢᠭᠤᠯᠤᠨ᠂ ᠮᠠᠨ ᠤ ᠣᠷᠣᠨ ᠤ ᠬᠢᠯᠢ ᠳᠤ ᠤᠷᠤᠬᠤ ᠵᠢᠭᠤᠯᠴᠢᠯᠠᠯ ᠤᠨ ᠵᠠᠬ᠎ᠠ | ᠲᠡᠯᠭᠡᠭᠦᠷ ᠤᠨ ᠬᠤᠪᠢ ᠶᠢᠨ ᠲᠤᠭ᠎ᠠ ᠶᠢ ᠦᠷᠭᠡᠳᠬᠡᠵᠦ᠂ ᠦᠪᠦᠷ ᠮᠣᠩᠭᠤᠯ ᠤᠨ ᠵᠢᠭᠤᠯᠴᠢᠯᠠᠯ ᠤᠨ ᠭᠠᠳᠠᠭᠠᠲᠦ ᠶᠢᠨ | ᠵᠠᠬ᠎ᠠ ᠲᠡᠯᠭᠡᠭᠦᠷ ᠲᠤ ᠬᠢ ᠨᠦᠯᠦᠭᠡᠯᠡᠬᠦ ᠬᠦᠴᠦᠨ ᠢ ᠲᠡᠭᠡᠭᠰᠢᠯᠡᠭᠦᠯᠦᠨ᠂ ᠦᠪᠦᠷ ᠮᠣᠩᠭᠤᠯ ᠤᠨ ᠤᠯᠠᠨ ᠤᠯᠤᠰ ᠤᠨ | ᠵᠢᠭᠤᠯᠴᠢᠯᠠᠯ ᠤᠨ ᠲᠦᠷᠢ ᠳᠦᠷᠬᠦ ᠪᠠ ᠲᠡᠮᠳᠡᠭᠲᠦ ᠶᠢ ᠪᠤᠢ ᠪᠤᠯᠭᠠᠵᠤ᠂ ᠵᠢᠭᠤᠯᠴᠢᠯᠠᠯ ᠤᠨ ᠠᠵᠦ ᠠᠬᠤᠶᠢᠯᠠᠯ ᠤᠨ | ᠬᠡᠯᠪᠡᠷᠢ ᠮᠠᠶ᠋ᠢᠭ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠣᠨ᠂ ᠭᠠᠳᠠᠭᠠᠲᠦ ᠶᠢᠨ ᠵᠠᠬ᠎ᠠ ᠲᠡᠯᠭᠡᠭᠦᠷ | ᠢ ᠢᠳᠡᠪᠬᠢᠲᠡᠢ᠂ ᠰᠠᠨᠠᠭᠠᠴᠢᠯᠠᠭ᠎ᠠ ᠲᠠᠢ ᠪᠠᠷ ᠨᠡᠬᠡᠬᠡᠨ ︽ᠵᠣᠴᠢᠳ ᠢ ᠤᠷᠢᠵᠦ ᠦᠪᠦᠷ ᠮᠣᠩᠭᠤᠯ ᠳᠤ ᠢᠷᠡᠬᠦᠯᠬᠦ︾᠂ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠬᠦᠭᠵᠢᠯᠲᠡ | ᠶᠢ ᠲᠦᠷᠭᠡᠳᠬᠡᠬᠦ ᠶᠢᠨ ᠲᠦᠯᠦᠭᠡ ᠲᠣᠰ ᠠᠷᠭ᠎ᠠ ᠶᠢ ᠲᠣᠰᠬᠠᠶᠢᠯᠠᠨ ᠲᠣᠭᠳᠠᠭᠠᠪᠠ᠃ | ᠬᠤᠶᠠᠳᠣᠭᠠᠷ ᠵᠣᠷᠪᠣᠰ ᠲᠣᠰ ᠠᠷᠭ᠎ᠠ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠤᠨ ᠭᠠᠳᠠᠭᠰᠢ | ᠬᠠᠨᠳᠤᠭᠰᠠᠨ ᠪᠤᠷᠤᠯᠠᠭᠤᠯᠤᠯᠲᠠ ᠳᠡᠯᠭᠡᠷᠡᠬᠦᠯᠦᠯᠲᠡ᠂ ᠬᠢᠯᠢ ᠶᠢᠨ ᠭᠠᠳᠠᠨᠠᠬᠢ ︵ᠰᠢᠶᠠᠩᠭᠠᠩ ᠣᠣᠮᠧᠨ ᠲᠠᠶᠢᠸᠠᠨ ᠢ | ᠪᠠᠭᠳᠠᠭᠠᠨ᠎ᠠ︶ ᠵᠢᠭᠤᠯᠴᠢᠯᠠᠯ ᠤᠨ ᠨᠢᠰᠭᠡᠯ ᠬᠦᠯᠦᠰᠦᠯᠡᠬᠦ᠂ ᠵᠢᠭᠤᠯᠴᠢᠯᠠᠯ ᠤᠨ ᠲᠣᠰᠬᠠᠢ ᠭᠠᠯᠲᠦ ᠲᠡᠷᠭᠡ᠂ ᠬᠢᠯᠢ ᠳᠤ | ᠣᠷᠣᠵᠦ ᠦᠪᠡᠷᠲᠡᠬᠡᠨ ᠲᠡᠷᠭᠡ ᠵᠢᠯᠣᠭᠤᠳᠣᠨ ᠵᠢᠭᠤᠯᠴᠢᠯᠠᠬᠤ ᠶᠢ ᠵᠣᠬᠢᠶᠠᠨ ᠪᠠᠶᠢᠭᠤᠯᠬᠤ ᠵᠢᠴᠢ ᠬᠢᠯᠢ ᠳᠤ ᠣᠷᠣᠵᠦ | ᠵᠢᠭᠤᠯᠴᠢᠯᠠᠬᠤ ᠶᠢ ᠭᠠᠳᠠᠭᠠᠲᠤ ᠲᠠᠢ ᠰᠢᠭᠤᠳ ᠬᠠᠷᠢᠯᠴᠠᠨ ᠨᠦᠬᠦᠪᠦᠷᠢᠯᠡᠯᠲᠡ ᠬᠢᠬᠦ ᠳᠤ ᠲᠣᠬᠢᠷᠠᠨ᠎ᠠ᠃ ᠬᠢᠯᠢ ᠪᠠᠷ | ᠵᠢᠭᠤᠯᠴᠢᠯᠠᠬᠤ᠂ ᠬᠢᠯᠢ ᠳᠤ ᠣᠷᠣᠬᠤ ᠪᠠᠶᠢᠳᠠᠯ ᠲᠣᠰ ᠠᠷᠭ᠎ᠠ ᠳᠤ ᠲᠣᠬᠢᠷᠠᠬᠤ ᠦᠭᠡᠢ᠃ | ᠭᠤᠷᠪᠠᠳᠣᠭᠠᠷ ᠵᠣᠷᠪᠣᠰ ︽ᠵᠣᠴᠢᠳ ᠢ ᠤᠷᠢᠵᠦ ᠦᠪᠦᠷ ᠮᠣᠩᠭᠤᠯ ᠳᠤ ᠢᠷᠡᠭᠦᠯᠬᠦ︾ ᠬᠦᠬᠢᠬᠦᠯᠦᠯ ᠢᠶᠠᠷ | ᠨᠦᠬᠦᠪᠦᠷᠢᠯᠡᠬᠦ ᠮᠦᠩᠭᠦ ᠶᠢ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠦᠪᠡᠷᠳᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠮᠲᠦ ᠪᠠᠷ ᠬᠠᠮᠢᠶᠠᠷᠴᠦ ᠬᠢᠨᠠᠨ ᠪᠣᠳᠣᠬᠤ ᠰᠠᠯᠠᠭ᠎ᠠ ᠮᠦᠴᠢᠷ | ᠤᠨ ᠬᠢᠨᠠᠯᠲᠠ ᠶᠢ ᠬᠦᠯᠢᠶᠡᠨ᠎ᠡ᠃ ᠬᠦᠬᠢᠭᠦᠯᠦᠨ ᠨᠦᠬᠦᠪᠦᠷᠢᠯᠡᠬᠦ ᠡᠲᠡᠭᠡᠳ ᠢᠳᠡᠪᠬᠢᠲᠡᠢ ᠪᠠᠷ ᠬᠠᠮᠵᠢᠯᠴᠠᠨ | ᠰᠠᠨᠠᠭᠠᠴᠢᠯᠠᠭ᠎ᠠ ᠲᠠᠢ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠲᠠ ᠶᠢ ᠬᠦᠯᠢᠶᠡᠬᠦ ᠶᠤᠰᠤᠳᠠᠢ᠃ | ᠲᠦᠷᠪᠡᠳᠦᠭᠡᠷ ᠵᠣᠷᠪᠣᠰ ᠨᠦᠬᠦᠴᠡᠯ ᠳᠤ ᠨᠡᠶᠢᠴᠡᠬᠦ ᠵᠢᠭᠤᠯᠴᠢᠯᠠᠯ ᠤᠨ ᠠᠵᠦ ᠠᠬᠤᠶᠢᠯᠠᠯ ᠰᠠᠶᠢᠨ ᠲᠣᠷ᠎ᠠ | ᠠᠴᠠ ᠪᠠᠨ ᠭᠤᠶᠣᠴᠢᠯᠠᠬᠤ᠂ ᠬᠤᠭᠤᠴᠠᠭᠠᠨ ᠳᠤ ᠨᠢ ᠭᠤᠶᠣᠴᠢᠯᠠᠨ ᠮᠡᠳᠡᠭᠦᠯᠬᠦ ᠵᠡᠷᠴᠢᠮ ᠢ ᠦᠨᠳᠦᠰᠦᠯᠡᠵᠦ | ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠨᠦᠬᠦᠪᠦᠷᠢ ᠶᠢᠨ ᠮᠦᠩᠭᠦ | ᠭᠤᠶᠤᠴᠢᠯᠠᠨ᠎ᠠ᠃ ᠮᠠᠨ ᠤ ᠲᠢᠩᠬᠢᠮ ᠭᠤᠶᠣᠴᠢᠯᠠᠨ ᠮᠡᠳᠡᠭᠦᠯᠦᠭᠰᠡᠨ ᠮᠠᠲ᠋ᠧᠷᠢᠶᠠᠯ ᠳᠤ ᠬᠠᠳᠠᠭᠤ ᠴᠢᠩᠭ᠎ᠠ ᠬᠢᠨᠠᠨ | ᠪᠠᠶᠢᠴᠠᠭᠠᠯᠲᠠ᠂ ᠲᠠᠬᠢᠨ ᠰᠢᠯᠭᠠᠯᠲᠠ ᠬᠢᠵᠦ᠂ ᠬᠦᠬᠢᠬᠦᠯᠦᠨ ᠨᠦᠬᠦᠪᠦᠷᠢᠯᠡᠬᠦ ᠮᠦᠩᠭᠦ ᠶᠢ ᠬᠤᠶᠠᠳᠣᠭᠠᠷ ᠵᠢᠯ ᠤᠨ | ᠦᠪᠡᠷᠳᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠦᠭᠵᠢᠬᠦᠯᠦᠯᠲᠡ ᠶᠢᠨ ᠮᠦᠩᠭᠦ ᠶᠢᠨ ᠲᠦᠰᠦᠪ ᠲᠤ | ᠣᠷᠣᠭᠤᠯᠣᠨ ᠨᠦᠬᠦᠪᠦᠷᠢᠯᠡᠯᠲᠡ ᠬᠢᠨ᠎ᠡ᠃ | | ᠬᠤᠶᠠᠳᠣᠭᠠᠷ ᠪᠦᠯᠦᠭ ᠭᠤᠶᠣᠴᠢᠯᠠᠬᠤ ᠨᠦᠬᠦᠴᠡᠯ | ᠲᠠᠪᠣᠳᠣᠭᠠᠷ ᠵᠣᠷᠪᠣᠰ ᠬᠦᠬᠢᠬᠦᠯᠦᠨ ᠨᠦᠬᠦᠪᠦᠷᠢᠯᠡᠯᠲᠡ ᠶᠢ ᠭᠤᠶᠣᠴᠢᠯᠠᠭᠰᠠᠨ ᠵᠢᠭᠤᠯᠴᠢᠯᠠᠯ ᠤᠨ ᠠᠵᠦ | ᠠᠬᠤᠶᠢᠯᠠᠯ ᠳᠤ ᠣᠷᠢᠳᠠᠪᠡᠷ ᠬᠠᠣᠯᠢ ᠶᠣᠰᠣᠨ ᠳᠤ ᠨᠡᠶᠢᠴᠡᠬᠦ ᠬᠢᠨᠠᠨ ᠪᠠᠶᠢᠴᠠᠭᠠᠯᠲᠠ ᠬᠢᠬᠦ ᠶᠢᠨ ᠲᠠᠭᠠᠣ ᠲᠣᠣᠷᠠᠬᠢ | ᠨᠦᠬᠦᠴᠡᠯ ᠢ ᠪᠦᠷᠢᠯᠳᠦᠬᠦᠯᠬᠦ ᠬᠡᠷᠡᠭᠲᠡᠢ᠄ | ︵ᠨᠢᠭᠡ︶ ᠭᠤᠶᠣᠴᠢᠯᠠᠯ ᠲᠣᠷᠠᠳᠣᠭᠰᠠᠨ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠨᠢ ᠵᠠᠪᠠᠯ ᠦᠪᠦᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠡᠪᠴᠢᠶᠡᠨ ᠲᠣᠲᠣᠷ᠎ᠠ ᠳᠠᠩᠰᠠᠯᠠᠭᠰᠠᠨ ᠮᠦᠷᠲᠡᠭᠡᠨ ᠪᠡᠶ᠎ᠡ ᠪᠠᠨ | ᠲᠠᠭᠠᠭᠠᠭᠰᠠᠨ ᠬᠠᠣᠯᠢ ᠶᠢᠨ ᠡᠷᠬᠡᠲᠡᠨ ᠤ ᠬᠢᠷᠢ ᠬᠡᠮᠵᠢᠶ᠎ᠡ ᠲᠠᠢ ᠠᠵᠦ ᠠᠬᠤᠶᠢᠯᠠᠯ ᠪᠠᠶᠢᠬᠤ ᠬᠡᠷᠡᠭᠲᠠᠢ ᠃ | ︵ᠬᠤᠶᠠᠷ︶ ᠭᠤᠶᠣᠴᠢᠯᠠᠯ ᠲᠣᠷᠠᠳᠣᠭᠰᠠᠨ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠨᠢ ᠬᠤᠶᠠᠷ ᠵᠢᠯ | ᠤᠨ ᠲᠣᠲᠣᠷ᠎ᠠ ᠠᠵᠢᠯ ᠲᠦᠷᠦᠯ ᠤᠨ ᠠᠮᠦᠷ ᠲᠦᠪᠰᠢᠨ ᠤ ᠬᠠᠷᠢᠭᠤᠴᠠᠯᠭᠠᠲᠦ ᠠᠳᠡᠯ ᠪᠠ ᠬᠦᠨᠳᠦ ᠨᠣᠴᠢᠲᠠᠢ | ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠵᠠᠭᠠᠯᠳᠣᠯ ᠤᠨ ᠬᠡᠷᠡᠭ ᠡᠬᠦᠰᠭᠡᠭᠰᠡᠨ ᠦᠭᠡᠢ ᠮᠦᠷᠲᠡᠭᠡᠨ ᠳᠡᠭᠡᠷ᠎ᠡ ᠱᠠᠲᠤᠨ | ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠰᠢᠢᠳᠭᠡᠯ ᠢ ᠣᠯᠣᠭᠰᠠᠨ | ᠦᠭᠡᠢ ᠪᠠᠶᠢᠬᠤ ᠬᠡᠷᠡᠭᠲᠡᠢ᠃ | ︵ᠭᠤᠷᠪᠠ︶ ᠨᠦᠬᠦᠪᠦᠷᠢ ᠭᠤᠶᠣᠴᠢᠯᠠᠭᠰᠠᠨ ᠵᠢᠭᠤᠯᠴᠢᠯᠠᠯ ᠤᠨ ᠪᠦᠯᠬᠦᠮ ᠦᠢᠯᠡ ᠠᠵᠢᠯᠯᠠᠭᠠᠨ ᠤ ᠶᠠᠪᠣᠴᠠ | ᠲᠣᠮᠳᠠ ᠪᠠᠨ ᠵᠦᠢ ᠶᠣᠰᠣᠨ ᠤ ᠪᠣᠰᠦ ᠳᠣᠣᠷ᠎ᠠ ᠦᠨ᠎ᠡ᠂ ᠠᠯᠪᠠᠳᠠᠯᠭ᠎ᠠ ᠪᠠᠷ ᠶᠠᠭᠤᠮ᠎ᠠ ᠬᠤᠳᠠᠯᠳᠣᠨ ᠠᠪᠣᠭᠤᠯᠬᠤ | ᠵᠡᠷᠭᠡ ᠬᠠᠣᠯᠢ ᠳᠦᠷᠢᠮ ᠢ ᠵᠦᠷᠢᠴᠡᠭᠰᠡᠨ ᠠᠵᠢᠯᠯᠠᠭ᠎ᠠ ᠵᠢᠴᠢ ᠪᠣᠯᠪᠠᠰᠣᠨ ᠪᠣᠰᠦ ᠵᠢᠭᠤᠯᠴᠢᠯᠠᠯ ᠤᠨ ᠠᠵᠢᠯᠯᠠᠭ᠎ᠠ | ᠡᠭᠦᠰᠭᠡᠭᠰᠡᠨ ᠦᠭᠡᠢ ᠪᠠᠶᠢᠬᠤ ᠬᠡᠷᠡᠭᠲᠡᠢ᠃ | | ᠭᠤᠷᠪᠠᠳᠣᠭᠠᠷ ᠪᠦᠯᠦᠭ ᠬᠦᠬᠢᠬᠦᠯᠦᠨ ᠨᠦᠬᠦᠪᠦᠷᠢᠯᠡᠬᠦ ᠲᠦᠷᠦᠯ ᠵᠦᠢᠯ ᠪᠠ ᠪᠠᠷᠢᠮᠵᠢᠶ᠎ᠠ | ᠵᠢᠷᠭᠤᠳᠣᠭᠠᠷ ᠵᠣᠷᠪᠣᠰ ᠬᠦᠬᠢᠬᠦᠯᠦᠨ ᠨᠦᠬᠦᠪᠦᠷᠢᠯᠡᠬᠦ ᠲᠦᠷᠦᠯ ᠵᠦᠢᠯ ᠳᠤ᠄ ᠬᠢᠯᠢ ᠳᠤ ᠣᠷᠣᠵᠦ | ᠵᠢᠭᠤᠯᠴᠢᠯᠠᠬᠤ ᠬᠦᠯᠦᠰᠦᠯᠡᠭᠰᠡᠨ ᠨᠢᠰᠭᠡᠯ᠂ ᠬᠢᠯᠢ ᠳᠤ ᠣᠷᠣᠵᠦ ᠵᠢᠭᠤᠯᠴᠢᠯᠠᠬᠤ ᠲᠣᠰᠬᠠᠢ ᠭᠠᠯᠲᠦ ᠲᠡᠷᠭᠡ᠂ ᠬᠢᠯᠢ | ᠳᠤ ᠣᠷᠣᠵᠦ ᠦᠪᠡᠷᠲᠡᠭᠡᠨ ᠲᠡᠷᠭᠡ ᠵᠢᠯᠣᠭᠤᠳᠣᠨ ᠵᠢᠭᠤᠯᠴᠢᠯᠠᠬᠤ ᠪᠦᠯᠬᠦᠮ᠂ ᠭᠠᠳᠠᠭᠠᠲᠦ ᠲᠠᠢ ᠬᠠᠮᠳᠤᠷᠤᠭᠰᠠᠨ ᠬᠢᠯᠢ | ᠳᠤ ᠤᠷᠤᠬᠤ ᠵᠢᠭᠤᠯᠴᠢᠯᠠᠯ ᠵᠢᠴᠢ ᠭᠠᠳᠠᠭᠠᠲᠤ ᠳᠤ ᠬᠠᠨᠳᠤᠭᠤᠯᠤᠭᠰᠠᠨ ᠪᠤᠷᠤᠯᠠᠭᠤᠯᠬᠤ᠂ ᠰᠤᠷᠳᠠᠯᠴᠢᠯᠠᠬᠤ᠂ | ᠲᠡᠯᠭᠡᠷᠡᠭᠦᠯᠬᠦ ᠵᠡᠷᠭᠡ ᠶᠢ ᠪᠠᠭᠲᠠᠭᠠᠨ᠎ᠠ᠃ | ᠲᠣᠯᠣᠳᠣᠭᠠᠷ ᠵᠣᠷᠪᠣᠰ ᠬᠢᠯᠢ ᠳᠤ ᠣᠷᠣᠵᠦ ᠵᠢᠭᠤᠯᠴᠢᠯᠠᠬᠤ ᠬᠦᠯᠦᠰᠦᠯᠡᠭᠰᠡᠨ ᠨᠢᠰᠭᠡᠯ ᠤᠨ ᠬᠦᠬᠢᠬᠦᠯᠦᠨ | ᠨᠦᠬᠦᠪᠦᠷᠢᠯᠡᠬᠦ ᠪᠠᠷᠢᠮᠵᠢᠶ᠎ᠠ᠄ ᠬᠦᠯᠦᠰᠦᠯᠡᠨ ᠲᠦᠷᠢᠶᠡᠰᠦᠯᠡᠭᠰᠡᠨ ᠠᠶᠠᠨᠴᠢᠳ ᠤᠨ ᠨᠢᠰᠬᠡᠯ ᠬᠢᠯᠢ ᠶᠢᠨ ᠭᠠᠳᠠᠨ᠎ᠠ ︵ | ᠰᠢᠶᠠᠩᠭᠠᠩ ᠣᠣᠮᠧᠨ ᠲᠠᠶᠢᠸᠠᠨ ᠢ ᠪᠠᠭᠳᠠᠭᠠᠨ᠎ᠠ︶ ᠠᠴᠠ ᠦᠪᠦᠷ ᠮᠣᠩᠭᠤᠯ ᠤᠨ ᠬᠢᠯᠢ ᠲᠣᠳᠣᠷ᠎ᠠ ᠵᠢᠭᠤᠯᠠᠴᠢᠯᠠᠵᠦ ︵ | ᠦᠪᠦᠷ ᠮᠣᠩᠭᠤᠯ ᠤᠨ ᠣᠯᠠᠨ ᠣᠯᠣᠰ ᠤᠨ ᠨᠢᠰᠭᠡᠯ ᠤᠨ ᠪᠠᠭᠤᠳᠠᠯ ᠤᠨ ᠪᠣᠭᠤᠮᠲᠠ ᠳᠤ ᠬᠦᠷᠴᠦ ᠰᠠᠯᠬᠤ ᠬᠡᠷᠡᠭᠲᠡᠢ︶ | ᠂ ᠮᠠᠨ ᠤ ᠣᠷᠣᠨ ᠳᠤ 3 ᠰᠦᠨᠢ 4 ᠡᠳᠦᠷ ︵ᠪᠠᠭᠳᠠᠭᠠᠨ᠎ᠠ︶ ᠠᠴᠠ ᠲᠡᠭᠡᠭᠰᠢ ᠦᠯᠡᠳᠡᠪᠡᠯ ᠬᠦᠯᠦᠰᠦᠯᠡᠭᠰᠡᠨ ᠨᠢᠰᠭᠡᠯ | ᠪᠦᠷᠢ ᠶᠢᠨ ᠭᠠᠳᠠᠭᠠᠲᠦ ᠶᠢᠨ ᠵᠢᠭᠤᠯᠴᠢᠨ ᠤ ᠬᠦᠮᠦᠨ ᠤ ᠲᠤᠭ᠎ᠠ100 ᠬᠦᠮᠦᠨ ᠬᠦᠷᠦᠭᠰᠡᠨ ᠪᠤᠶᠤ ᠲᠡᠭᠡᠭᠰᠢ ᠪᠣᠯ 5 | ᠲᠦᠮᠡᠨ ᠲᠦᠬᠦᠷᠢᠭ ᠬᠦᠬᠢᠬᠦᠯᠦᠨ ᠨᠦᠬᠦᠪᠦᠷᠢᠯᠡᠨ᠎ᠡ᠃ ᠡᠨᠡ ᠮᠡᠳᠦᠴᠢᠯᠡᠨ ᠲᠦᠰᠦᠭᠡᠯᠡᠪᠡᠯ 100 ᠬᠦᠮᠦᠨ ᠨᠡᠮᠡᠭᠳᠡᠬᠦ | ᠪᠦᠷᠢ ᠬᠦᠬᠢᠬᠦᠯᠬᠦ ᠨᠦᠬᠦᠪᠦᠷᠢ ᠨᠢ 5 ᠲᠦᠮᠡ ᠨᠡᠮᠡᠭᠳᠡᠨ᠎ᠡ᠃ ᠬᠠᠮᠤᠭ ᠤᠨ ᠲᠡᠭᠡᠲᠦ ᠬᠢᠵᠠᠭᠠᠷ ᠨᠢ 100 ᠲᠦᠮᠡᠨ | ᠲᠦᠭᠦᠷᠢᠭ᠃ | ᠨᠠᠢᠮᠠᠳᠣᠭᠠᠷ ᠵᠣᠷᠪᠣᠰ ᠬᠢᠯᠢ ᠳᠤ ᠣᠷᠣᠵᠦ ᠵᠢᠭᠤᠯᠴᠢᠯᠠᠬᠤ ᠲᠣᠰᠬᠠᠢ ᠭᠠᠯᠲᠦ ᠲᠡᠷᠭᠡ ᠶᠢᠨ ᠬᠦᠬᠢᠬᠦᠯᠦᠨ | ᠨᠦᠬᠦᠪᠦᠷᠢᠯᠡᠬᠦ ᠪᠠᠷᠢᠮᠵᠢᠶ᠎ᠠ᠄ ᠠᠶᠠᠨᠴᠢᠳ ᠤᠨ ᠲᠣᠰᠬᠠᠢ ᠭᠠᠯᠲᠦ ᠲᠡᠷᠭᠡ ᠲᠦᠷᠢᠶᠡᠰᠦᠯᠡᠨ ᠬᠢᠯᠢ ᠶᠢᠨ ᠭᠠᠳᠠᠨᠠᠬᠢ | ᠵᠢᠭᠤᠯᠴᠢᠳ ᠢ ᠵᠣᠬᠢᠶᠠᠨ ᠪᠠᠶᠢᠭᠤᠯᠵᠦ᠂ ᠦᠪᠦᠷ ᠮᠣᠩᠭᠤᠯ ᠤᠨ ᠬᠢᠯᠢ ᠲᠣᠳᠣᠷ᠎ᠠ ᠵᠢᠭᠤᠯᠴᠢᠯᠠᠭᠤᠯᠵᠤ ︵ᠬᠢᠯᠢ ᠶᠢᠨ | ᠭᠠᠳᠠᠨᠠᠬᠢ ᠵᠢᠭᠤᠯᠴᠢᠳ ᠤᠨ ᠣᠷᠣᠵᠦ ᠭᠠᠷᠬᠤ ᠪᠣᠭᠤᠮᠲᠠ ᠶᠢ ᠬᠢᠵᠠᠭᠠᠷᠯᠠᠬᠤ ᠦᠭᠡᠢ︶᠂ ᠮᠠᠨ ᠤ ᠣᠷᠣᠨ ᠳᠤ 3 | ᠰᠦᠨᠢ 4 ᠡᠳᠦᠷ ︵ᠪᠠᠭᠳᠠᠭᠠᠨ᠎ᠠ︶ ᠠᠴᠠ ᠲᠡᠭᠡᠭᠰᠢ ᠦᠯᠡᠳᠡᠨ᠂ ᠬᠢᠯᠢ ᠶᠢᠨ ᠭᠠᠳᠠᠨᠠᠬᠢ ᠵᠢᠭᠤᠯᠴᠢᠨ ᠤ ᠬᠦᠮᠦᠨ ᠤ | ᠲᠤᠭ᠎ᠠ 80 ᠬᠦᠮᠦᠨ ᠠᠴᠠ ᠪᠠᠭ᠎ᠠ ᠦᠭᠡᠢ᠂ ᠲᠣᠰᠬᠠᠢ ᠭᠠᠯᠲᠦ ᠲᠡᠷᠭᠡ ᠪᠦᠷᠢ 2 ᠲᠦᠮᠡᠨ ᠲᠦᠭᠦᠷᠢᠭ ᠬᠦᠬᠢᠬᠦᠯᠦᠨ | ᠨᠦᠬᠦᠪᠦᠷᠢᠯᠡᠨ᠎ᠡ᠃ ᠠᠳᠠᠯᠢᠬᠠᠨ ᠲᠣᠰᠬᠠᠢ ᠭᠠᠯᠲᠦ ᠲᠡᠷᠭᠡ 30 ᠬᠦᠮᠦᠨ ᠨᠡᠮᠡᠭᠳᠡᠬᠦ ᠪᠦᠷᠢ 1 ᠲᠦᠮᠡᠨ ᠲᠦᠭᠦᠷᠢᠭ | ᠨᠡᠮᠡᠵᠦ ᠬᠦᠬᠢᠬᠦᠯᠦᠨ ᠨᠦᠬᠦᠪᠦᠷᠢᠯᠡᠵᠦ᠂ ᠲᠣᠰᠬᠠᠢ ᠭᠠᠯᠲᠦ ᠲᠡᠷᠭᠡ ᠪᠦᠷᠢ ᠬᠠᠮᠤᠭ ᠤᠨ ᠦᠨᠳᠦᠷ ᠲᠤ ᠪᠠᠨ 5 | ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠨ᠎ᠡ᠃ | ᠶᠢᠰᠦᠳᠦᠭᠡᠷ ᠵᠣᠷᠪᠣᠰ ᠭᠠᠲᠠᠭᠠᠲᠦ ᠲᠠᠢ ᠬᠠᠷᠢᠯᠴᠠᠨ ᠬᠢᠯᠢ ᠳᠤ ᠣᠷᠣᠵᠦ ᠵᠢᠭᠤᠯᠴᠢᠯᠠᠬᠤ ᠶᠢ ᠬᠦᠬᠢᠬᠦᠯᠦᠨ | ᠨᠦᠬᠦᠪᠦᠷᠢᠯᠡᠬᠦ ᠪᠠᠷᠢᠮᠵᠢᠶ᠎ᠠ᠄ ᠵᠢᠭᠤᠯᠴᠢᠯᠠᠯ ᠤᠨ ᠠᠵᠦ ᠠᠬᠤᠶᠢᠯᠠᠯ ᠪᠣᠰᠣᠳ ᠠᠷᠭ᠎ᠠ ᠮᠠᠶ᠋ᠢᠭ ᠢᠶᠠᠷ ᠬᠢᠯᠢ ᠶᠢᠨ | ᠭᠠᠳᠠᠨᠠᠬᠢ ︵ᠰᠢᠶᠠᠩᠭᠠᠩ ᠣᠣᠮᠧᠨ ᠲᠠᠶᠢᠸᠠᠨ ᠢ ᠪᠠᠭᠳᠠᠭᠠᠨ᠎ᠠ︶ ᠵᠢᠭᠤᠯᠴᠢᠳ ᠢ ᠵᠣᠬᠢᠶᠠᠨ ᠪᠠᠶᠢᠭᠤᠯᠵᠦ ᠮᠠᠨ ᠤ | ᠣᠷᠣᠨ ᠳᠤ ᠵᠢᠭᠤᠯᠴᠢᠯᠠᠭᠤᠯᠵᠤ ᠮᠠᠨ ᠤ ᠣᠷᠣᠨ ᠳᠤ 2 ᠰᠦᠨᠢ 3 ᠡᠳᠦᠷ ︵ ᠪᠠᠭᠳᠠᠭᠠᠨ᠎ᠠ︶ ᠠᠴᠠ ᠲᠡᠭᠡᠭᠰᠢ | ᠦᠯᠡᠳᠡᠭᠡᠪᠡᠯ ᠨᠢᠭᠡ ᠬᠦᠮᠦᠨ ᠨᠢᠭᠡ ᠡᠳᠦᠷ 100 ᠲᠦᠭᠦᠷᠢᠭ ᠤᠨ ᠪᠠᠷᠢᠮᠵᠢᠶ᠎ᠠ ᠪᠠᠷ ᠨᠦᠬᠦᠪᠦᠷᠢᠯᠡᠨ᠎ᠡ᠃ | ᠠᠷᠪᠠᠳᠣᠭᠠᠷ ᠵᠣᠷᠪᠣᠰ ᠦᠪᠡᠷᠲᠡᠭᠡᠨ ᠲᠡᠷᠭᠡ ᠵᠢᠯᠣᠭᠤᠳᠣᠨ ᠬᠢᠯᠢ ᠳᠤ ᠣᠷᠣᠵᠦ ᠵᠢᠭᠤᠯᠴᠢᠯᠠᠬᠤ ᠶᠢ | ᠬᠦᠬᠢᠬᠦᠯᠦᠨ ᠨᠦᠬᠦᠪᠦᠷᠢᠯᠡᠬᠦ ᠪᠠᠷᠢᠮᠵᠢᠶ᠎ᠠ᠄ ᠵᠢᠭᠤᠯᠴᠢᠯᠠᠯ ᠤᠨ ᠠᠵᠦ ᠠᠬᠤᠶᠢᠯᠠᠯ ᠲᠠᠢ ᠦᠪᠡᠷᠲᠡᠭᠡᠨ ᠲᠡᠷᠭᠡ | ᠵᠢᠯᠣᠭᠤᠳᠣᠨ ᠵᠢᠭᠤᠯᠴᠢᠯᠠᠬᠤ ᠭᠡᠷ᠎ᠡ ᠲᠤᠭᠲᠠᠭᠠᠵᠤ᠂ ᠮᠠᠨ ᠤ ᠣᠷᠣᠨ ᠳᠤ 3 ᠰᠦᠨᠢ 4 ᠡᠳᠦᠷ ︵ ᠪᠠᠭᠳᠠᠭᠠᠨ᠎ᠠ︶ | ᠠᠴᠠ ᠳᠡᠭᠡᠭᠰᠢ ᠦᠯᠡᠳᠡᠵᠦ᠂ ᠦᠪᠡᠷᠲᠡᠭᠡᠨ ᠲᠡᠷᠭᠡ ᠵᠢᠯᠣᠭᠤᠳᠣᠨ ᠮᠠᠨ ᠤ ᠣᠷᠣᠨ ᠤ ᠬᠢᠯᠢ ᠳᠤ ᠣᠷᠣᠭᠰᠠᠨ | ᠲᠡᠷᠭᠡᠨ ᠤ ᠲᠤᠭ᠎ᠠ ᠨᠢᠭᠡ ᠯᠡ ᠣᠳᠠᠭ᠎ᠠ ᠳᠤ 20 ᠰᠠᠭᠤᠷᠢ ᠬᠦᠷᠦᠭᠰᠡᠨ ᠪᠤᠶᠤ ᠳᠡᠭᠡᠭᠰᠢ ᠪᠣᠯ 1 ᠲᠦᠮᠡᠨ ᠲᠦᠭᠦᠷᠢᠭ | ᠬᠦᠬᠢᠬᠦᠯᠦᠨ ᠨᠦᠬᠦᠪᠦᠷᠢᠯᠡᠵᠦ᠂ 40 ᠰᠠᠭᠤᠷᠢ ᠬᠦᠷᠪᠡᠯ 2 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠵᠦ᠂ | 60 ᠰᠠᠭᠤᠷᠢ ᠬᠦᠷᠪᠡᠯ 5 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠵᠦ᠂ 100 ᠰᠠᠭᠤᠷᠢ ᠬᠦᠷᠬᠦ ᠪᠤᠶᠤ | ᠲᠡᠭᠡᠭᠰᠢ ᠪᠣᠯ 10 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠨ᠎ᠡ᠃ | ᠠᠷᠪᠠᠨ ᠨᠢᠭᠡᠳᠦᠭᠡᠷ ᠵᠣᠷᠪᠣᠰ ᠲᠡᠭᠡᠷᠡᠬᠢ ᠵᠢᠭᠤᠯᠴᠢᠠᠯᠯ ᠤᠨ ᠬᠦᠬᠢᠬᠦᠯᠦᠨ ᠨᠦᠬᠦᠪᠦᠷᠢᠯᠡᠯᠲᠡ ᠶᠢᠨ ᠲᠣᠭᠠᠯᠠᠨ | ᠪᠣᠳᠣᠬᠤ ᠦᠶᠡᠯᠡᠯ ᠪᠤᠯ ᠪᠦᠬᠦᠶᠢᠯᠡ ᠨᠢᠭᠡ ᠵᠢᠯ᠃ ᠵᠤᠭᠰᠤᠩᠬᠢ ᠣᠯᠠᠷᠢᠯ ︵ᠵᠢᠯ ᠪᠦᠷᠢ ᠶᠢᠨ10 ᠰᠠᠷ᠎ᠠ 20 ᠠᠴᠠ | ᠲᠠᠷᠠᠭ᠎ᠠ ᠵᠢᠯ ᠤᠨ 4 ᠰᠠᠷ᠎ᠠ 20 ᠡᠳᠦᠷ︶ ᠳᠤ ᠪᠦᠬᠦ ᠨᠦᠬᠦᠪᠦᠷᠢᠯᠡᠯᠲᠡ ᠶᠢᠨ ᠪᠠᠷᠢᠮᠵᠢᠶ᠎ᠠ 20% ᠨᠡᠮᠡᠭᠳᠡᠨ᠎ᠡ᠃ | ᠮᠠᠨᠵᠣᠣᠷ᠂ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠪᠠᠷ ᠬᠢᠯᠢ ᠳᠤ ᠣᠷᠣᠵᠦ ᠵᠢᠭᠤᠯᠴᠢᠯᠠᠬᠤ ᠳᠤ ᠲᠣᠰ ᠲᠦᠷᠦ | ᠶᠢᠨ ᠪᠣᠳᠣᠯᠭ᠎ᠠ ᠶᠢ ᠬᠡᠷᠡᠭᠵᠢᠬᠦᠯᠬᠦ ᠦᠭᠡᠢ᠃ | ᠠᠷᠪᠠᠨ ᠬᠤᠶᠠᠳᠣᠭᠠᠷ ᠵᠣᠷᠪᠣᠰ ᠭᠠᠳᠠᠭᠠᠳᠤ ᠳᠤ ᠪᠣᠷᠣᠯᠠᠭᠤᠯᠣᠨ ᠣᠬᠠᠭᠤᠯᠵᠦ ᠲᠡᠯᠭᠡᠷᠡᠬᠦᠯᠬᠦ ᠶᠢ | ᠬᠦᠬᠢᠬᠦᠯᠦᠨ ᠨᠦᠬᠦᠪᠦᠷᠢᠯᠡᠨ᠎ᠡ᠄ ᠬᠦᠬᠢᠬᠦᠯᠦᠨ ᠨᠦᠬᠦᠪᠦᠷᠢᠯᠡᠬᠦ ᠡᠲᠡᠭᠡᠳ ᠪᠤᠯ ᠣᠷᠣᠨ ᠤ ᠲᠣᠳᠣᠷᠠᠬᠢ ᠵᠢᠭᠤᠯᠴᠢᠯᠠᠯ | ᠤᠨ ᠠᠵᠦ ᠠᠬᠤᠶᠢᠯᠠᠯ ︵A ᠲᠡᠰ ᠤᠨ ᠵᠢᠭᠤᠯᠴᠢᠯᠠᠯ ᠤᠨ ᠣᠷᠣᠨ ᠂ ᠣᠳᠣᠨ ᠲᠡᠰ ᠤᠨ ᠵᠣᠴᠢᠳ ᠤᠨ ᠪᠠᠭᠤᠳᠠᠯ᠂ | ᠵᠢᠭᠤᠯᠴᠢᠯᠠᠯ ᠤᠨ ᠬᠤᠷᠢᠶ᠎ᠠ︶᠂ ᠰᠣᠶᠣᠯ ᠤᠨ ᠠᠵᠦ ᠠᠬᠤᠶᠢᠯᠠᠯ ᠵᠡᠷᠭᠡ᠃ ᠦᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ ᠢ ᠲᠠᠭᠠᠨ ᠬᠢᠯᠢ ᠶᠢᠨ ᠭᠠᠳᠠᠨᠠᠬᠢ ᠵᠢᠭᠤᠯᠴᠢᠯᠠᠯ ᠤᠨ ᠲᠡᠯᠭᠡᠨ ᠦᠵᠡᠬᠦᠯᠬᠡ ᠪᠠ | ᠣᠬᠠᠭᠤᠯᠣᠨ ᠲᠡᠯᠭᠡᠷᠡᠬᠦᠯᠬᠦ ᠬᠦᠳᠡᠯᠭᠡᠭᠡᠨ ᠢ ᠵᠣᠬᠢᠶᠠᠨ ᠪᠠᠶᠢᠭᠤᠯᠵᠦ ᠣᠷᠣᠯᠴᠠᠭᠰᠠᠨ ᠠᠵᠦ ᠠᠬᠤᠶᠢᠯᠠᠯ ᠪᠦᠷᠢ ᠶᠢᠨ | ᠲᠠᠭᠠᠵᠦ ᠶᠠᠪᠣᠭᠰᠠᠨ ᠠᠵᠦ ᠠᠬᠤᠶᠢᠯᠠᠯ ᠤᠨ ᠪᠣᠷᠣᠯᠠᠭᠤᠯᠣᠭᠴᠢ ᠶᠢᠨ ᠣᠯᠣᠰ ᠤᠨ ᠬᠤᠭᠤᠷᠤᠨᠳᠤᠬᠢ ᠢᠷᠡᠵᠦ | ᠶᠠᠪᠤᠬᠤ ᠨᠢᠰᠭᠡᠯ ᠤᠨ ᠪᠢᠯᠧᠲ ᠪᠠ ᠬᠢᠯᠢ ᠶᠢᠨ ᠭᠠᠳᠠᠨᠠᠬᠢ ᠬᠤᠲᠠ ᠶᠢᠨ ᠬᠤᠭᠤᠷᠣᠨᠳᠣᠬᠢ ᠵᠠᠮ ᠬᠠᠷᠢᠯᠴᠠᠭᠠᠨ ᠤ | ᠵᠠᠷᠣᠳᠠᠯ ᠢ ᠬᠦᠬᠢᠬᠦᠯᠦᠨ ᠨᠦᠬᠦᠪᠦᠷᠢᠯᠡᠵᠦ᠂ ᠰᠣᠶᠣᠯ ᠵᠢᠭᠤᠯᠴᠢᠯᠠᠯ ᠤᠨ ᠲᠢᠩᠬᠢᠮ ᠠᠴᠠ ᠠᠶᠠᠯᠠᠯ ᠤᠨ ᠶᠠᠪᠣᠴᠠ ᠶᠢ | ᠨᠢᠭᠡᠳᠦᠯᠲᠡᠢ ᠲᠣᠭᠳᠠᠭᠠᠨ᠎ᠠ᠃ | ᠠᠷᠪᠠᠨ ᠭᠤᠷᠪᠠᠳᠣᠭᠠᠷ ᠵᠣᠷᠪᠣᠰ ᠲᠣᠰ ᠠᠷᠭ᠎ᠠ ᠶᠢᠨ ᠲᠣᠭᠳᠠᠭᠠᠭᠰᠠᠨ ᠨᠦᠬᠦᠴᠡᠯ ᠳᠤ ᠨᠡᠶᠢᠴᠡᠵᠦ᠂ | ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠦᠬᠦᠪᠦᠷᠢ ᠤᠯᠭᠤᠭᠰᠠᠨ ᠪᠣᠶᠦ | ᠬᠦᠬᠢᠬᠦᠯᠦᠭᠰᠡᠨ ᠵᠢᠭᠤᠯᠴᠢᠯᠠᠯ ᠤᠨ ᠬᠦᠯᠦᠰᠦᠯᠡᠭᠰᠡᠨ ᠨᠢᠰᠭᠡᠯ ᠳᠤ ᠲᠠᠬᠢᠨ ᠲᠠᠪᠳᠠᠨ ᠨᠦᠬᠦᠪᠦᠷᠢ ᠣᠯᠭᠤᠬᠤ ᠦᠭᠡᠢ᠃ | ᠠᠳᠠᠯᠢᠬᠠᠨ ᠨᠢᠭᠡ ᠪᠦᠯᠦᠭ ᠵᠢᠭᠤᠯᠴᠢᠳ ᠤᠨ ᠠᠳᠠᠯᠢ ᠨᠢᠭᠡ ᠣᠳᠠᠭᠠᠨ ᠤ ᠵᠢᠭᠤᠯᠴᠢᠯᠠᠯ ᠤᠨ ᠶᠠᠪᠣᠴᠠ ᠶᠢ ᠭᠡᠰᠡᠭ | ᠬᠤᠪᠢᠶᠠᠵᠦ ᠦᠪᠡᠷᠳᠡᠭᠡᠨ ᠵᠠᠰᠠᠬᠤ ᠣᠷᠣᠨ ᠤ ᠨᠦᠬᠦᠪᠦᠷᠢ ᠶᠢ ᠭᠤᠶᠣᠴᠢᠯᠠᠵᠦ ᠪᠣᠯᠬᠤ ᠦᠭᠡᠢ᠃ ᠭᠡᠪᠡᠴᠦ ᠬᠡᠰᠡᠭ | ᠬᠤᠪᠢᠶᠠᠵᠦ ᠠᠶᠢᠮᠠᠭ ᠬᠤᠲᠠ ᠶᠢᠨ ᠨᠦᠬᠦᠪᠦᠷᠢ ᠭᠤᠶᠣᠴᠢᠯᠠᠬᠤ ᠶᠢ ᠨᠦᠯᠦᠭᠡᠯᠡᠬᠦ ᠦᠭᠡᠢ᠃ | ᠠᠷᠪᠠᠨ ᠲᠦᠷᠪᠡᠳᠦᠭᠡᠷ ᠵᠣᠷᠪᠣᠰ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠮᠠᠨ ᠤ ᠣᠷᠣᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠪᠣᠲᠠᠲᠦ ᠪᠠᠶᠢᠳᠠᠯ ᠪᠠ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠨ ᠬᠦᠬᠢᠬᠦᠯᠦᠨ ᠨᠦᠬᠦᠪᠦᠷᠢᠯᠡᠬᠦ ᠬᠡᠪᠴᠢᠶ᠎ᠡ᠂ ᠨᠦᠬᠦᠴᠡᠯ ᠪᠠ ᠪᠠᠷᠢᠮᠵᠢᠶ᠎ᠠ ᠵᠡᠷᠭᠡ ᠵᠦᠢᠯ | ᠤᠳ ᠲᠤ ᠲᠣᠬᠢᠷᠠᠭᠤᠯᠣᠯᠲᠠ ᠬᠢᠵᠦ ᠪᠣᠯᠣᠨ᠎ᠠ᠃ | | ᠲᠦᠷᠪᠡᠳᠦᠭᠡᠷ ᠪᠦᠯᠦᠭ ᠭᠤᠶᠣᠴᠢᠯᠠᠨ ᠮᠡᠳᠡᠭᠦᠯᠬᠦ ᠮᠠᠲ᠋ᠧᠷᠢᠶᠠᠯ | ᠠᠷᠪᠠᠨ ᠲᠠᠪᠣᠳᠣᠭᠠᠷ ᠵᠣᠷᠪᠣᠰ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠬᠦᠬᠢᠭᠦᠯᠦᠯᠲᠡ | ᠨᠦᠬᠦᠪᠦᠷᠢᠯᠡᠯᠲᠡ ᠶᠢ ᠭᠤᠶᠣᠴᠢᠯᠠᠬᠤ ᠳᠤ ᠲᠣᠣᠷᠠᠬᠢ ᠮᠠᠲ᠋ᠧᠷᠢᠶᠠᠯ ᠤᠨ ᠣᠣᠯ ᠬᠤᠪᠢ ᠪᠠ ᠬᠠᠭᠤᠯᠪᠣᠷᠢ ᠬᠤᠪᠢ ᠶᠢ | ᠲᠣᠰᠢᠶᠠᠬᠤ ᠬᠡᠷᠡᠭᠲᠡᠢ᠃ ᠣᠣᠯ ᠬᠤᠪᠢ ᠶᠢ ᠬᠢᠨᠠᠵᠦ ᠪᠠᠷᠠᠭᠰᠠᠨ ᠤ ᠳᠠᠷᠠᠭ᠎ᠠ ᠠᠯᠳᠠᠭ᠎ᠠ ᠦᠭᠡᠢ ᠪᠣᠯ ᠪᠣᠴᠠᠭᠠᠨ᠎ᠠ᠃ | ⒈ ᠬᠠᠷᠢᠶᠠᠲᠦ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠦᠴᠢᠷ ᠠᠴᠠ ᠭᠠᠷᠭᠠᠭᠰᠠᠨ ᠠᠵᠦ | ᠠᠬᠤᠶᠢᠯᠠᠯ ᠤᠨ ᠮᠡᠳᠡᠭᠡ ᠵᠠᠩᠬᠢ ᠶᠢ ᠭᠡᠷᠡᠴᠢᠯᠡᠬᠦ ᠪᠢᠴᠢᠭ ᠵᠢᠴᠢ ᠲᠦᠰᠦᠯ ᠢ ᠬᠡᠷᠡᠭᠵᠢᠬᠦᠯᠬᠦ ᠲᠦᠯᠦᠪᠯᠡᠯᠭᠡ ᠪᠠ | ᠭᠤᠶᠣᠴᠢᠯᠠᠯ᠂ ᠪᠡᠶᠡᠯᠡᠭᠦᠯᠦᠭᠰᠡᠨ ᠪᠠᠶᠢᠳᠠᠯ ᠤᠨ ᠲᠤᠳᠤᠷᠬᠠᠶᠢᠯᠠᠯᠲᠠ ᠵᠡᠷᠭᠡ ᠶᠢ ᠱᠠᠭᠠᠷᠳᠠᠨ᠎ᠠ᠃ | ⒉ ᠨᠢᠰᠭᠡᠯ᠂ ᠲᠣᠰᠬᠠᠢ ᠭᠠᠯᠲᠦ ᠲᠡᠷᠭᠡ ᠲᠦᠷᠢᠶᠡᠰᠦᠯᠡᠭᠰᠡᠨ ᠭᠡᠷ᠎ᠡ᠂ ᠠᠷᠠᠳ ᠤᠨ ᠠᠭᠠᠷ ᠤᠨ ᠠᠶᠠᠯᠠᠯ᠂ | ᠲᠡᠮᠦᠷ ᠵᠠᠮ ᠤᠨ ᠰᠠᠯᠠᠭ᠎ᠠ ᠮᠦᠴᠢᠷ ᠤᠨ ᠨᠢᠰᠭᠡᠯ ᠪᠣᠶᠦ ᠲᠣᠰᠬᠠᠢ ᠭᠠᠯᠲᠦ ᠲᠡᠷᠭᠡ ᠲᠦᠷᠢᠶᠡᠰᠦᠯᠡᠭᠰᠡᠨ ᠢ | ᠴᠣᠬᠤᠯᠠᠪᠣᠷᠢᠯᠠᠨ ᠬᠠᠷᠢᠭᠤᠯᠣᠭᠰᠠᠨ ᠣᠣᠯ ᠬᠤᠪᠢ ᠵᠢᠴᠢ ᠲᠤᠭᠠᠴᠠᠪᠤᠷᠢᠯᠠᠭᠰᠠᠨ ᠪᠠᠷᠢᠮᠲᠠ᠂ ᠠᠷᠠᠳ ᠤᠨ ᠠᠭᠠᠷ ᠤᠨ | ᠠᠶᠠᠯᠠᠯ ᠤᠨ ᠰᠠᠯᠠᠭ᠎ᠠ ᠮᠦᠴᠢᠷ᠂ ᠲᠡᠮᠦᠷ ᠵᠠᠮ ᠤᠨ ᠰᠠᠯᠠᠭ᠎ᠠ ᠮᠦᠴᠢᠷ ᠤᠨ ᠲᠠᠷᠬᠠᠭᠰᠠᠨ ᠨᠢᠰᠦᠯᠲᠡ᠂ ᠭᠠᠯᠲᠦ ᠲᠡᠷᠭᠡ | ᠶᠢᠨ ᠴᠠᠭ ᠤᠨ ᠬᠤᠪᠢᠶᠠᠷᠢ ᠶᠢᠨ ᠬᠦᠰᠦᠨᠦᠭᠲᠦ ᠶᠢᠨ ᠮᠡᠳᠡᠭᠳᠡᠯ ᠤᠨ ᠬᠠᠭᠤᠯᠪᠦᠷᠢ ᠬᠤᠪᠢ᠃ | ⒊ ᠬᠢᠯᠢ ᠳᠤ ᠤᠷᠤᠬᠤ ᠵᠢᠭᠤᠯᠴᠢᠯᠠᠯ ᠤᠨ ᠪᠦᠯᠬᠦᠮ ᠤᠨ ᠠᠶᠠᠯᠠᠯ ᠤᠨ ᠶᠠᠪᠣᠴᠠ ᠶᠢᠨ ᠵᠢᠭᠰᠠᠭᠠᠯᠲᠠ ᠪᠠ | ᠵᠢᠭᠤᠯᠴᠢᠳ ᠤᠨ ᠨᠡᠷᠡᠰ ᠤᠨ ᠵᠢᠭᠰᠠᠭᠠᠯᠲᠠ ︵ᠦᠨᠡᠮᠯᠡᠬᠦ ᠪᠠᠷᠢᠮᠳᠠ ᠶᠢᠨ ᠳ᠋ᠣᠭᠠᠷ ᠢ ᠲᠠᠭᠠᠯᠳᠣᠭᠤᠯᠬᠤ︶᠂ ᠮᠠᠨ ᠤ | ᠣᠷᠣᠨ ᠤ ᠵᠢᠭᠤᠯᠴᠢᠯᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠵᠢᠭᠤᠯᠴᠢᠯᠠᠯ ᠤᠨ ᠬᠤᠷᠢᠶ᠎ᠠ ᠲᠠᠢ ᠲᠣᠭᠳᠠᠭᠰᠠᠨ | ᠲᠣᠬᠠᠢ ᠶᠢᠨ ᠭᠠᠵᠠᠷ ᠤᠨ ᠦᠢᠯᠡᠴᠢᠯᠡᠭᠡ ᠶᠢ ᠵᠣᠬᠢᠶᠠᠨ ᠪᠠᠶᠢᠭᠤᠯᠬᠤ ᠬᠡᠯᠡᠯᠴᠡᠭᠡᠷ᠂ ᠵᠢᠭᠤᠯᠴᠢᠯᠠᠯ ᠤᠨ ᠬᠤᠷᠢᠶ᠎ᠠ ᠶᠢᠨ | ᠲᠠᠮᠠᠭ᠎ᠠ ᠳᠠᠷᠤᠵᠤ ᠭᠠᠷ ᠤᠨ ᠦᠰᠦᠭ ᠵᠢᠷᠤᠭᠰᠠᠨ ᠪᠦᠯᠬᠦᠮ ᠤᠨ ᠲᠦᠯᠦᠪᠯᠡᠭᠡ ᠪᠠ ᠪᠠᠳᠣᠯᠠᠭᠠᠵᠢᠭᠤᠯᠬᠤ ᠪᠢᠴᠢᠭ᠂ | ᠵᠢᠭᠤᠯᠴᠢᠯᠠᠯ ᠤᠨ ᠬᠤᠷᠢᠶ᠎ᠠ ᠶᠢᠨ ᠬᠤᠭᠤᠷᠣᠨᠳᠣᠬᠢ ᠵᠠᠷᠣᠳᠠᠯ ᠢ ᠳ᠋ᠦᠩᠨᠡᠨ ᠪᠣᠳᠣᠭᠰᠠᠨ ᠭᠡᠷᠡᠴᠢ ᠪᠠᠷᠢᠮᠲᠠ ᠶᠢᠨ | ᠬᠠᠭᠤᠯᠪᠣᠷᠢ ᠬᠤᠪᠢ᠃ | ⒋ ᠵᠣᠴᠢᠳ ᠤᠨ ᠪᠠᠭᠤᠳᠠᠯ ᠤᠨ ᠬᠦᠢᠯᠭᠡᠭᠡᠨ ᠤ ᠲᠠᠩᠰᠠ ᠪᠠ ᠳ᠋ᠦᠩᠨᠡᠨ ᠪᠣᠳᠣᠭᠰᠠᠨ ᠪᠠᠷᠢᠮᠳᠠ ᠵᠡᠷᠭᠡ᠃ | ⒌ ᠵᠢᠭᠤᠯᠴᠢᠯᠠᠯ ᠤᠨ ᠬᠤᠷᠢᠶ᠎ᠠ ᠪᠠ ᠵᠢᠭᠤᠯᠠᠴᠢᠯᠠᠬᠤ ᠲᠡᠷᠭᠡᠨ ᠪᠦᠯᠬᠦᠮ ᠤᠨ ᠲᠡᠷᠭᠡ ᠬᠡᠷᠡᠭᠯᠡᠬᠦ ᠭᠡᠷ᠎ᠡ᠂ | ᠭᠠᠭᠴᠠ ᠪᠦᠯᠬᠦᠮ ᠤᠨ ᠲᠡᠷᠭᠡ ᠬᠡᠷᠡᠭᠯᠡᠬᠦ ᠪᠠᠳᠣᠯᠠᠭᠠᠵᠢᠭᠤᠯᠬᠤ ᠪᠢᠴᠢᠭ᠃ | ⒍ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠤᠨ ᠭᠤᠶᠣᠴᠢᠯᠠᠨ ᠮᠡᠳᠡᠭᠦᠯᠬᠦ ᠠᠮᠠᠯᠠᠯᠲᠠ ᠶᠢᠨ ᠪᠢᠴᠢᠭ᠃ | ⒎ ᠪᠣᠰᠣᠳ ᠴᠢᠬᠤᠯᠠ ᠲᠠᠢ ᠮᠠᠲ᠋ᠧᠷᠢᠶᠠᠯ᠃ | | ᠲᠠᠪᠣᠳᠣᠭᠠᠷ ᠪᠦᠯᠦᠭ ᠬᠢᠨᠠᠨ ᠬᠠᠮᠢᠶᠠᠷᠣᠯᠲᠠ | ᠠᠷᠪᠠᠨ ᠵᠢᠷᠭᠤᠳᠣᠭᠠᠷ ᠵᠣᠷᠪᠣᠰ ᠵᠢᠭᠤᠯᠴᠢᠯᠠᠯ ᠤᠨ ᠠᠵᠦ ᠠᠬᠤᠶᠢᠯᠠᠯ ᠲᠦᠰᠦᠯ ᠢ ᠬᠡᠷᠡᠭᠵᠢᠬᠦᠯᠬᠦ ᠠᠴᠠ | ᠡᠮᠦᠨᠡᠬᠢ ᠨᠢᠭᠡ ᠰᠠᠷ᠎ᠠ ᠳᠤ ᠲᠦᠰᠦᠯ ᠤᠨ ᠰᠠᠨᠠᠭᠤᠯᠭ᠎ᠠ ᠶᠢᠨ ᠪᠢᠴᠢᠭ ᠪᠠ ᠪᠣᠲᠠᠲᠠᠢ ᠬᠡᠷᠡᠭᠵᠢᠬᠦᠯᠬᠦ ᠲᠦᠯᠦᠪᠯᠡᠭᠡ ᠪᠠᠨ | ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠤᠯᠤᠨ ᠠᠶᠢᠮᠠᠭ ᠬᠤᠲᠠ ᠶᠢᠨ | ᠲᠣᠪᠴᠢᠶᠠᠨ ᠳᠤ ᠳᠡᠪᠰᠢᠬᠦᠯᠦᠨ ᠮᠡᠳᠡᠬᠦᠯᠵᠦ ᠳᠠᠩᠰᠠᠯᠠᠭᠤᠯᠤᠨ᠎ᠠ᠃ ᠨᠦᠬᠦᠪᠦᠷᠢ ᠶᠢᠨ ᠮᠦᠩᠭᠦ ᠭᠤᠶᠣᠴᠢᠯᠠᠬᠤ ᠳᠤ | ᠵᠢᠯ ᠪᠦᠷᠢ ᠶᠢᠨ 10 ᠰᠠᠷ᠎ᠠ ᠶᠢᠨ 30 ᠤ ᠡᠳᠦᠷ ᠠᠴᠠ ᠡᠮᠦᠨ᠎ᠡ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢᠶᠠᠨ | ᠠᠶᠢᠮᠠᠭ ᠬᠤᠲᠠ ᠶᠢᠨ ᠲᠣᠪᠴᠢᠶᠠᠨ ᠳᠤ ᠮᠡᠳᠡᠭᠦᠯᠦᠨ ᠠᠩᠬᠠᠨ ᠤ ᠬᠢᠨᠠᠯᠲᠠ ᠬᠢᠯᠭᠡᠨ᠎ᠡ᠃ | ᠠᠷᠪᠠᠨ ᠲᠣᠯᠣᠳᠣᠭᠠᠷ ᠵᠣᠷᠪᠣᠰ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠭᠤᠶᠣᠴᠢᠯᠠᠭᠰᠠᠨ ᠪᠢᠴᠢᠭ ᠪᠠ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢ ᠭᠤᠷᠪᠠᠳᠣᠭᠠᠷ ᠡᠲᠡᠭᠡᠳ ᠲᠤ ᠨᠠᠶᠢᠳᠠᠵᠤ | ᠬᠢᠨᠠᠯᠲᠠ ᠬᠢᠯᠭᠡᠵᠦ᠂ ᠬᠢᠨᠠᠭᠰᠠᠨ ᠦᠷ᠎ᠡ ᠳ᠋ᠦᠩ ᠢ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠨᠠᠮ ᠤᠨ ᠣᠳᠣᠷᠢᠳᠬᠤ ᠲᠣᠭᠤᠶᠢᠯᠠᠩ ᠤᠨ ᠬᠤᠷᠠᠯ ᠳᠤ ᠲᠡᠪᠰᠢᠬᠦᠯᠵᠦ ᠵᠦᠪᠳᠡᠯᠴᠡᠨ ᠲᠣᠭᠳᠠᠭᠠᠨ᠎ᠠ᠃ | ᠠᠷᠪᠠᠨ ᠨᠠᠢᠮᠠᠳᠣᠭᠠᠷ ᠵᠣᠷᠪᠣᠰ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠬᠦᠬᠢᠬᠦᠯᠦᠨ ᠨᠦᠬᠦᠪᠦᠷᠢᠯᠡᠬᠦ ᠮᠦᠩᠭᠦ ᠶᠢ ᠲᠦᠰᠦᠪᠯᠡᠵᠦ ᠲᠣᠬᠢᠷᠠᠭᠤᠯᠣᠭᠰᠠᠨ ᠠᠵᠦ ᠠᠬᠤᠶᠢᠯᠠᠯ ᠤᠨ ᠨᠡᠷᠡᠰ ᠢ | ᠵᠠᠷᠯᠠᠵᠦ᠂ 7 ᠠᠵᠢᠯ ᠤᠨ ᠡᠳᠦᠷ ᠵᠠᠷᠯᠠᠭᠰᠠᠨ ᠤ ᠲᠠᠷᠠᠭ᠎ᠠ ᠣᠨᠳᠣᠣ ᠰᠠᠨᠠᠯ ᠦᠭᠡᠢ ᠪᠣᠯ ᠬᠠᠮᠢᠶ᠎ᠠ ᠪᠦᠬᠦᠢ ᠡᠳ᠋ ᠤᠨ | ᠶᠠᠪᠣᠳᠠᠯ ᠤᠨ ᠲᠦᠷᠢᠮ ᠲᠣᠭᠳᠠᠭᠠᠯ ᠢᠶᠠᠷ ᠮᠦᠩᠭᠦ ᠣᠯᠭᠤᠨ᠎ᠠ᠃ | ᠠᠷᠪᠠ ᠶᠢᠰᠦᠳᠦᠭᠡᠷ ᠵᠣᠷᠪᠣᠰ ᠨᠦᠬᠦᠪᠦᠷᠢ ᠶᠢᠨ ᠮᠦᠩᠭᠦ ᠭᠤᠶᠣᠴᠢᠯᠠᠭᠰᠠᠨ ᠵᠢᠭᠤᠯᠴᠢᠯᠠᠯ ᠤᠨ ᠬᠤᠷᠢᠶ᠎ᠠ | ᠦᠨᠡᠨ ᠪᠣᠲᠠᠲᠦ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠬᠠᠩᠭᠠᠬᠤ ᠬᠡᠷᠡᠭᠲᠡᠢ᠃ ᠠᠯᠢᠪᠠ ᠬᠤᠳᠠᠯ ᠬᠡᠯᠡᠵᠦ ᠬᠤᠯᠣᠣ | ᠲᠠᠷᠢᠬᠤ᠂ ᠮᠠᠲ᠋ᠧᠷᠢᠶᠠᠯ ᠪᠠᠷᠢᠮᠳᠠ ᠶᠢ ᠬᠠᠭᠤᠷᠮᠠᠭ ᠢᠶᠠᠷ ᠵᠣᠬᠢᠶᠠᠭᠰᠠᠨ ᠢ ᠪᠠᠶᠢᠴᠠᠭᠠᠨ ᠲᠤᠳᠤᠯᠠᠪᠠᠯ ᠨᠢᠭᠡᠨᠳᠡ | ᠤᠯᠭᠤᠭᠰᠠᠨ ᠨᠦᠬᠦᠪᠦᠷᠢ ᠮᠦᠩᠭᠦ ᠶᠢ ᠬᠤᠷᠢᠶᠠᠨ ᠠᠪᠴᠢᠷᠠᠵᠦ᠂ ᠬᠤᠶᠠᠷ ᠵᠢᠯ ᠤᠨ ᠲᠣᠳᠣᠷ᠎ᠠ ᠲᠠᠬᠢᠨ ᠭᠤᠶᠣᠴᠢᠯᠠᠵᠦ | ᠪᠣᠯᠬᠤ ᠦᠭᠡᠢ ᠮᠦᠷᠲᠡᠭᠡᠨ ᠨᠡᠶᠢᠭᠡᠮ ᠳᠤ ᠮᠡᠳᠡᠭᠡᠯᠡᠵᠦ ︽ᠡᠳ᠋ ᠤᠨ ᠵᠠᠰᠠᠭ ᠤᠨ ᠬᠠᠣᠯᠢ ᠶᠢ ᠵᠦᠷᠢᠴᠡᠭᠰᠡᠨ | ᠠᠵᠢᠯᠯᠠᠭ᠎ᠠ ᠶᠢ ᠲᠤᠷᠭᠠᠨ ᠰᠢᠢᠳᠬᠡᠬᠦ ᠲᠦᠷᠢᠮ ᠲᠣᠭᠳᠠᠭᠠᠯ︾ ᠢ ᠦᠨᠳᠦᠰᠦᠯᠡᠨ ᠲᠤᠷᠭᠠᠭᠠᠵᠤ᠂ ᠰᠢᠢᠳᠬᠡᠨ | ᠶᠠᠯᠠᠯᠯᠠᠨᠠ᠃ | ᠬᠤᠷᠢᠳᠣᠭᠠᠷ ᠵᠣᠷᠪᠣᠰ ᠨᠦᠬᠦᠪᠦᠷᠢ ᠶᠢᠨ ᠮᠦᠩᠭᠦ ᠭᠤᠶᠣᠴᠢᠯᠠᠭᠰᠠᠨ ᠵᠢᠭᠤᠯᠴᠢᠯᠠᠯ ᠤᠨ ᠠᠵᠦ ᠠᠬᠤᠶᠢᠯᠠᠯ | ᠵᠢᠭᠤᠯᠴᠢᠯᠠᠯ ᠤᠨ ᠰᠠᠯᠠᠭ᠎ᠠ ᠮᠦᠴᠢᠷ ᠤᠨ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠪᠠ ᠪᠠᠶᠢᠳᠠᠯ ᠳᠤ ᠬᠢᠨᠠᠯᠲᠠ | ᠨᠣᠳᠠᠯᠠᠯᠲᠠ ᠬᠢᠬᠦ ᠶᠢ ᠢᠳᠡᠪᠬᠢᠲᠠᠢ ᠬᠦᠯᠢᠶᠡᠨ ᠠᠪᠴᠤ ᠬᠠᠮᠵᠢᠯᠴᠠᠬᠤ ᠬᠡᠷᠡᠭᠲᠡᠢ᠃ ᠬᠢᠨᠠᠯᠲᠠ ᠪᠠᠶᠢᠴᠠᠭᠠᠯᠲᠠ ᠶᠢ | ᠬᠦᠯᠢᠶᠠᠨ ᠠᠪᠬᠤ ᠶᠢ ᠲᠡᠪᠴᠢᠪᠡᠯ ᠬᠦᠬᠢᠬᠦᠯᠦᠨ ᠨᠦᠬᠦᠪᠦᠷᠢᠯᠡᠬᠦ ᠮᠦᠩᠭᠦ ᠶᠢ ᠵᠣᠭᠰᠣᠭᠠᠨ᠎ᠠ᠃ ᠨᠢᠭᠡᠨᠲᠡ ᠤᠯᠭᠤᠭᠰᠠᠨ | ᠪᠡᠯᠡ ᠮᠦᠡᠭᠬᠦ ᠪᠠᠨ ᠬᠤᠷᠢᠶᠠᠨ ᠠᠪᠴᠢᠷᠠᠵᠦ ᠭᠤᠶᠣᠴᠢᠯᠠᠨ ᠮᠡᠳᠡᠭᠦᠯᠬᠦ ᠬᠢᠷᠢ ᠭᠡᠮ ᠢ ᠦᠭᠡᠶᠢᠰᠬᠡᠨ᠎ᠡ᠃ | | ᠵᠢᠷᠭᠤᠳᠣᠭᠠᠷ ᠪᠦᠯᠦᠭ ᠲᠠᠭᠠᠯᠲᠠ ᠵᠡᠷᠴᠢᠮ | ᠬᠤᠷᠢᠨ ᠨᠢᠭᠡᠳᠦᠭᠡᠷ ᠵᠣᠷᠪᠣᠰ ᠲᠣᠰ ᠠᠷᠭ᠎ᠠ ᠶᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠬᠦᠯᠵᠦ ᠂ | ᠬᠡᠷᠡᠭᠵᠢᠬᠦᠯᠬᠦ ᠬᠤᠭᠤᠴᠠᠭ᠎ᠠ ᠭᠤᠷᠪᠠᠨ ᠵᠢᠯ᠃ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ |