ᠬᠦᠳᠡᠭᠡ ᠲᠤᠰᠬᠤᠨ ᠤ ᠵᠢᠭᠤᠯᠴᠢᠯᠠᠯ ᠪᠤᠯ ᠵᠢᠭᠤᠯᠴᠢᠯᠠᠯ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ᠂ | ᠬᠦᠲᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠬᠦᠴᠦᠨ | ᠶᠤᠮ᠃ ᠲᠠᠷᠢᠶᠠᠯᠠᠩ ᠬᠦᠳᠡᠭᠡ ᠲᠤᠰᠬᠤᠨ ᠤ ᠤᠳᠤᠬᠢᠴᠢᠯᠠᠯᠳᠠ ᠶᠢᠨ ᠠᠬᠢᠴᠠ ᠢ ᠲᠦᠷᠭᠡᠳᠬᠡᠨ ᠬᠤᠳᠠ ᠬᠦᠳᠡᠭᠡ ᠶᠢ | ᠠᠭᠤᠰᠤᠯᠴᠠᠭᠤᠯᠤᠨ ᠬᠦᠭᠵᠢᠬᠦᠯᠬᠦ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠢ ᠶᠠᠳᠠᠭᠤ ᠠᠴᠠ ᠠᠩᠬᠢᠵᠢᠷᠠᠭᠤᠯᠬᠤ | ᠪᠤᠭᠤᠮᠲᠠ ᠶᠢ ᠰᠢᠪᠲᠤᠯᠬᠤ ᠵᠡᠷᠭᠡ ᠲᠠᠯ᠎ᠠ ᠪᠠᠷ ᠴᠦ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ᠃ ︽ᠨᠠᠮ | ᠤᠨ ᠲᠦᠪ ᠬᠤᠷᠢᠶ᠎ᠠ᠂ ᠤᠯᠤᠰ ᠤᠨ ᠶᠠᠪᠤᠳᠠᠯ ᠤᠨ ᠬᠤᠷᠢᠶ᠎ᠠ ᠶᠢᠨ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ | ᠪᠤᠳᠤᠯᠭ᠎ᠠ ᠶᠢᠨ ᠲᠤᠬᠠᠢ ᠰᠠᠨᠠᠯ︾ ︵ᠲᠤᠮᠳᠠᠲᠤ ᠲᠠᠷᠬᠠᠭᠠᠭᠰᠠᠨ ﹇2018﹈ 1ᠨᠤᠮᠧᠷ︶ ᠪᠠ ︽ᠬᠦᠳᠡᠭᠡ | ᠲᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ︵2018 — 2022 ᠤᠨ︶︾ | ᠶᠢ ᠬᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠦᠯᠦᠭᠡ᠂ ᠬᠦᠳᠡᠭᠡ ᠲᠤᠰᠬᠤᠨ ᠤ ᠵᠢᠭᠤᠯᠴᠢᠯᠠᠯ ᠤᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ | ᠦᠷᠭᠦᠯᠵᠢᠯᠡᠭᠦᠶᠢᠴᠡ ᠬᠦᠭᠵᠢᠬᠦ ᠶᠢ ᠠᠬᠢᠭᠤᠯᠵᠤ᠂ ᠲᠠᠷᠢᠶᠠᠯᠠᠩ ᠬᠦᠳᠡᠭᠡ ᠲᠤᠰᠬᠤᠨ ᠤ ᠬᠦᠭᠵᠢᠯᠲᠡ ᠶᠢᠨ ᠰᠢᠨ᠎ᠡ | ᠬᠦᠳᠡᠯᠭᠡᠭᠴᠢ ᠬᠦᠴᠦᠨ ᠢ ᠦᠳᠲᠡᠷ ᠲᠦᠷᠭᠡᠨ ᠪᠤᠢ ᠪᠤᠯᠭᠠᠬᠤ ᠶᠢᠨ ᠲᠤᠰᠠ ᠳᠤ᠂ ᠡᠳᠦᠭᠡ ᠲᠤᠤᠷᠠᠬᠢ ᠮᠡᠲᠦ ᠰᠠᠨᠠᠯ | ᠢ ᠲᠤᠷᠠᠳᠪᠠ᠃ | | ᠨᠢᠭᠡ᠂ ᠶᠡᠷᠦᠩᠬᠡᠢ ᠱᠠᠭᠠᠷᠳᠠᠯᠭ᠎ᠠ | 1. ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ | ᠂ ᠭᠤᠷᠪᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠨ᠂ ᠰᠢᠨ᠎ᠡ ᠬᠦᠭᠵᠢᠯᠲᠡ ᠶᠢᠨ ᠲᠤᠬᠠᠢ ᠤᠶᠢᠯᠠᠭᠠᠭᠳᠠᠬᠤᠨ ᠢ ᠪᠤᠢ ᠪᠤᠯᠭᠠᠵᠤ᠂ ᠴᠢᠨᠠᠷ | ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠲᠠᠪᠦ ᠶᠢ ᠨᠢᠭᠡ ᠴᠤᠭᠴᠠᠵᠢᠭᠤᠯᠬᠤ︾ | ᠶᠡᠷᠦᠩᠬᠡᠢ ᠪᠠᠶᠢᠷᠢᠯᠠᠭᠤᠯᠤᠯᠲᠠᠶᠢ ᠨᠢᠭᠡᠲᠦᠯᠲᠠᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠪᠠᠷ ᠠᠬᠢᠭᠤᠯᠤᠨ᠎ᠠ᠃ ᠠᠵᠦ ᠦᠢᠯᠡᠳᠪᠦᠷᠢ ᠨᠢ | ᠬᠦᠭᠵᠢᠨ ᠮᠠᠨᠲᠤᠵᠤ᠂ ᠤᠷᠴᠢᠨ ᠲᠤᠭᠤᠷᠢᠨ ᠨᠢ ᠤᠷᠤᠰᠢᠨ ᠠᠮᠢᠲᠤᠷᠠᠬᠤ ᠳᠤ ᠲᠠᠭᠠᠯᠠᠮᠵᠢ ᠲᠠᠢ᠂ ᠤᠷᠤᠨ ᠨᠤᠲᠤᠭ | ᠤᠨ ᠵᠠᠩᠰᠢᠯ ᠨᠢ ᠪᠤᠯᠪᠠᠰᠤᠨ᠂ ᠵᠠᠰᠠᠭᠰᠠᠨ ᠨᠢ ᠦᠷ᠎ᠡ ᠪᠦᠲᠦᠮᠵᠢ ᠲᠠᠢ᠂ ᠠᠮᠢᠲᠤᠷᠠᠯ ᠨᠢ ᠪᠠᠶᠠᠨ ᠴᠢᠨᠡᠭᠡᠯᠢᠭ ᠪᠠᠶᠢᠬᠤ | ᠶᠡᠷᠦᠩᠬᠡᠢ ᠱᠠᠭᠠᠷᠳᠠᠯᠭ᠎ᠠ ᠶᠤᠰᠤ ᠪᠠᠷ ᠬᠦᠳᠡᠭᠡ ᠲᠤᠰᠬᠤᠨ ᠤ ᠪᠤᠲᠠᠲᠤ ᠪᠠᠶᠢᠳᠠᠯ ᠪᠠ ᠵᠢᠭᠤᠯᠴᠢᠯᠠᠯ ᠤᠨ ᠵᠠᠬ᠎ᠠ | ᠲᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠲᠦᠯᠦᠪᠵᠢᠭᠦᠯᠦᠨ ᠳᠠᠭᠠᠭᠤᠯᠬᠤ ᠶᠢ ᠴᠢᠩᠭᠠᠳᠬᠠᠨ᠂ ᠬᠦᠳᠡᠭᠡ | ᠲᠤᠰᠬᠤᠨ ᠤ ᠰᠠᠭᠤᠷᠢ ᠲᠦᠬᠦᠭᠡᠷᠦᠮᠵᠢ ᠪᠠᠨ ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ | ᠤᠷᠴᠢᠨ ᠲᠤᠭᠤᠷᠢᠨ ᠢᠶᠠᠨ ᠰᠠᠶᠢᠵᠢᠷᠠᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠪᠦᠲᠦᠭᠡᠭᠳᠡᠭᠦᠨ ᠢᠶᠠᠨ | ᠪᠠᠶᠠᠯᠢᠭᠵᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠵᠠᠬ᠎ᠠ ᠲᠡᠯᠭᠡᠭᠦᠷ ᠲᠤ ᠭᠠᠷᠭᠠᠨ ᠠᠵᠦ | ᠦᠢᠯᠡᠳᠪᠦᠷᠢᠵᠢᠭᠰᠡᠨ ᠲᠡᠶᠢᠰᠢ ᠬᠦᠭᠵᠢᠭᠦᠯᠬᠦ ᠶᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ | ᠬᠦᠭᠵᠢᠯᠲᠡ ᠶᠢᠨ ᠴᠢᠨᠠᠷ ᠴᠢᠨᠰᠠᠭ᠎ᠠ ᠪᠠ ᠶᠡᠷᠦᠩᠬᠡᠢ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ | ᠤᠯᠤᠰ ᠤᠨ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠬᠦ ᠶᠢ ᠪᠡᠶᠡᠯᠡᠭᠦᠯᠬᠦ ᠶᠢᠨ ᠲᠦᠯᠦᠭᠡ ᠴᠢᠬᠤᠯᠠ | ᠬᠤᠪᠢ ᠨᠡᠮᠡᠷᠢ ᠪᠠᠨ ᠦᠵᠡᠭᠦᠯᠦᠨ᠎ᠡ᠃ | 2. ᠦᠨᠳᠦᠰᠦᠨ ᠵᠠᠷᠴᠢᠮ | ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠠᠯ ᠦᠭᠡᠢ ᠬᠦᠭᠵᠢᠭᠦᠯᠬᠦ᠃ ᠬᠦᠬᠡᠮᠳᠦᠭ | ᠨᠤᠭᠤᠭᠠᠨᠠᠭᠤᠯᠠ ᠤᠰᠤ ᠪᠤᠯ ᠲᠠᠷᠤᠢ ᠠᠯᠳᠠ ᠮᠦᠩᠭᠦᠨ ᠠᠭᠤᠯᠠ ᠮᠦᠨ ᠭᠡᠭᠦ ᠤᠶᠢᠯᠠᠭᠠᠭᠳᠠᠬᠤᠨ ᠢ ᠭᠦᠢᠴᠠᠳᠬᠡᠨ᠂ | ᠨᠡᠭᠡᠭᠡᠭᠦ ᠪᠠ ᠬᠠᠮᠠᠭᠠᠯᠠᠬᠤ ᠶᠢ ᠵᠡᠷᠭᠡ ᠪᠠᠷ ᠡᠷᠬᠢᠮᠯᠡᠬᠦ ᠶᠢ ᠴᠢᠬᠤᠯᠠᠴᠢᠯᠠᠨ᠂ ᠡᠬᠢ ᠪᠠᠶᠠᠯᠢᠭ ᠤᠨ ᠤᠷᠴᠢᠨ ᠲᠤᠭᠤᠷᠢᠨ | ᠤ ᠳᠠᠭᠠᠭᠠᠴᠠ ᠶᠢᠨ ᠴᠢᠳᠠᠪᠤᠷᠢ ᠪᠠ ᠬᠦᠭᠵᠢᠯᠲᠡ ᠶᠢᠨ ᠨᠢᠭᠤᠭᠳᠠᠮᠠᠯ ᠬᠦᠴᠦᠨ ᠢ ᠨᠢᠭᠡᠲᠦᠯᠲᠠᠢ ᠲᠦᠯᠦᠪᠯᠡᠨ | ᠪᠤᠳᠤᠯᠬᠢᠯᠠᠵᠤ᠂ ᠬᠦᠳᠡᠭᠡ ᠲᠤᠰᠬᠤᠨ ᠤ ᠠᠮᠢ ᠠᠬᠤᠢ ᠶᠢᠨ ᠤᠷᠴᠢᠨ ᠲᠤᠭᠤᠷᠢᠨ ᠪᠠ ᠤᠨᠴᠠᠯᠢᠭ ᠲᠠᠢ ᠰᠢᠨᠵᠢ | ᠪᠠᠶᠢᠳᠠᠯ ᠢ ᠬᠠᠮᠠᠭᠠᠯᠠᠬᠤ ᠶᠢ ᠴᠢᠩᠭᠠᠳᠬᠠᠨ᠂ ᠳᠡᠰ ᠲᠠᠷᠠᠭ᠎ᠠ ᠲᠠᠢ ᠨᠡᠬᠡᠬᠡᠭᠦ ᠪᠠ ᠵᠤᠬᠢᠰᠲᠠᠢ ᠪᠠᠶᠢᠷᠢᠯᠠᠭᠤᠯᠬᠤ ᠶᠢ | ᠴᠢᠩᠭᠠᠳᠬᠠᠨ᠂ ᠠᠪᠤᠨ ᠲᠤᠤᠷ᠎ᠠ ᠪᠠᠨ ᠠᠰᠢᠭ ᠤᠯᠬᠤ ᠶᠢ ᠬᠦᠭᠡᠭᠡᠴᠡᠯᠳᠦᠬᠦ ᠪᠠ ᠰᠤᠬᠤᠷ ᠪᠠᠯᠠᠢ ᠪᠠᠷ ᠬᠦᠭᠵᠢᠭᠦᠯᠬᠦ | ᠠᠴᠠ ᠵᠠᠶᠢᠯᠠᠰᠬᠢᠨ᠎ᠠ᠃ | ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ᠂ ᠦᠪᠡᠷᠮᠢᠴᠠ ᠤᠨᠴᠠᠯᠢᠭ ᠲᠠᠢ ᠬᠦᠭᠵᠢᠬᠦᠯᠬᠦ᠃ | ᠤᠷᠤᠨ ᠪᠦᠰᠡ ᠶᠢᠨ ᠤᠨᠴᠠᠯᠢᠭ ᠪᠠ ᠡᠬᠢ ᠪᠠᠶᠠᠯᠢᠭ ᠤᠨ ᠲᠦᠷᠦᠯᠬᠢ ᠴᠢᠨᠠᠷ ᠢ ᠦᠨᠳᠦᠰᠦᠯᠡᠨ᠂ ᠵᠠᠬ᠎ᠠ ᠳᠡᠯᠭᠡᠭᠦᠷ | ᠢᠶᠠᠷ ᠤᠳᠤᠷᠢᠳᠤᠮᠵᠢ ᠪᠤᠯᠭᠠᠨ᠂ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ᠂ ᠰᠢᠨᠵᠢᠯᠡᠬᠦ ᠤᠬᠠᠭᠠᠨᠴᠢ | ᠪᠠᠷ ᠲᠦᠯᠦᠪᠵᠢᠭᠦᠯᠦᠨ᠂ ᠦᠪᠡᠷᠮᠢᠴᠠ ᠤᠨᠴᠠᠯᠢᠭ ᠲᠠᠢ᠂ ᠵᠦᠷᠢᠶᠡᠨᠲᠦ ᠲᠠᠯ᠎ᠠ ᠲᠠᠢ᠂ ᠤᠯᠠᠨ ᠶᠠᠩᠵᠤ ᠶᠢᠨ ᠬᠦᠳᠡᠭᠡ | ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠢᠲᠡᠪᠬᠢᠲᠠᠢ ᠨᠡᠬᠡᠬᠡᠨ᠂ ᠶᠡᠭᠡ ᠪᠠᠷ ᠡᠪᠳᠡᠬᠦ ᠪᠤᠶᠤ ᠪᠠᠶᠢᠭᠤᠯᠬᠤ᠂ | ᠮᠢᠩᠭᠠᠨ ᠲᠤᠰᠬᠤᠨ ᠨᠢᠬᠡ ᠯᠡ ᠲᠦᠷᠰᠤ ᠪᠠ ᠬᠠᠭᠤᠯᠪᠤᠷᠢ ᠬᠤᠳᠠᠴᠢᠯᠠᠯᠲᠠ᠂ ᠲᠦᠭᠦᠮᠴᠢᠯᠡᠨ ᠲᠠᠭᠤᠷᠢᠶᠠᠬᠤ ᠶᠢ | ᠰᠡᠷᠬᠡᠶᠢᠯᠡᠨ ᠬᠤᠷᠢᠭᠯᠠᠵᠤ᠂ ᠲᠤᠤᠷ᠎ᠠ ᠬᠢᠷᠢ ᠬᠡᠮᠵᠢᠶ᠎ᠡ ᠪᠠᠷ ᠢᠵᠢᠯᠢᠰᠢᠭᠦᠯᠦᠭᠰᠡᠨ ᠦᠷᠢᠰᠦᠯᠳᠦᠭᠡᠨ ᠠᠴᠠ ᠵᠠᠶᠢᠯᠠᠰᠬᠢᠨ᠎ᠠ | ᠃ | ᠲᠠᠷᠢᠶᠠᠯᠠᠩ ᠢᠶᠠᠷ ᠦᠨᠳᠦᠰᠦ ᠪᠤᠯᠭᠠᠨ᠂ ᠤᠯᠠᠨ ᠡᠰᠢᠵᠢᠭᠦᠯᠦᠨ ᠬᠦᠭᠵᠢᠭᠦᠯᠬᠦ᠃ ᠲᠠᠷᠢᠶᠠᠴᠢᠳ ᠢᠶᠠᠷ ᠠᠰᠢᠭ | ᠬᠦᠷᠲᠡᠬᠦ ᠭᠤᠤᠯ ᠴᠤᠭᠴᠠ ᠪᠤᠯᠭᠠᠬᠤ ᠶᠢ ᠪᠠᠷᠢᠮᠲᠠᠯᠠᠨ᠂ ᠲᠠᠷᠢᠶᠠᠯᠠᠩ ᠬᠦᠳᠡᠭᠡ ᠲᠤᠰᠬᠤᠨ ᠢᠶᠠᠷ ᠦᠨᠲᠦᠰᠦᠨ | ᠲᠦᠰᠢᠭ ᠪᠤᠯᠭᠠᠨ᠂ ᠲᠠᠷᠢᠶᠠᠴᠢᠨ ᠤ ᠬᠦᠰᠡᠯ ᠡᠷᠡᠮᠡᠯᠵᠡᠯ ᠢ ᠬᠦᠨᠲᠦᠳᠬᠡᠨ᠂ ᠲᠠᠷᠢᠶᠠᠴᠢᠨ ᠤ ᠪᠦᠬᠦᠢ ᠯᠡ ᠶᠠᠪᠤᠴᠠ | ᠳᠤ ᠤᠷᠤᠯᠴᠠᠬᠤ ᠶᠢ ᠴᠢᠬᠤᠯᠠᠴᠢᠯᠠᠨ᠂ ᠲᠠᠷᠢᠶᠠᠴᠢᠳ ᠤᠨ ᠢᠳᠡᠪᠬᠢᠵᠢᠯ ᠪᠠ ᠰᠢᠨ᠎ᠡ ᠪᠦᠲᠦᠭᠡᠯᠴᠢ ᠴᠢᠨᠠᠷ ᠢ | ᠲᠠᠶᠢᠴᠢᠯᠠᠨ᠂ ᠵᠠᠰᠠᠭ ᠤᠨ ᠤᠷᠲᠤᠨ ᠤ ᠳᠡᠮᠵᠢᠯᠭᠡ ᠪᠠ ᠤᠳᠤᠷᠢᠳᠬᠤ ᠡᠷᠴᠢᠮ ᠢ ᠴᠢᠩᠭᠠᠷᠠᠭᠤᠯᠤᠨ᠂ ᠨᠡᠩ ᠤᠯᠠᠨ | ᠨᠡᠶᠢᠭᠡᠮ ᠤᠨ ᠬᠦᠷᠦᠩᠬᠡ ᠵᠤᠭᠤᠰ ᠪᠠ ᠡᠵᠡᠩᠨᠡᠬᠦ ᠭᠤᠤᠯ ᠴᠤᠭᠴᠠ ᠶᠢ ᠬᠦᠳᠡᠭᠡ ᠲᠤᠰᠬᠤᠨ ᠤ ᠵᠢᠭᠤᠯᠴᠢᠯᠠᠯ ᠤᠨ | ᠬᠦᠭᠵᠢᠯᠲᠡ ᠳᠤ ᠲᠠᠳᠠᠨ ᠤᠷᠤᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ | ᠠᠮᠢᠵᠢᠷᠠᠯ ᠤᠨ ᠬᠦᠴᠦᠨ ᠢ ᠬᠦᠭᠵᠢᠭᠡᠨ᠎ᠡ᠃ | ᠠᠭᠤᠯᠤᠭᠳᠠᠬᠤᠨ ᠢ ᠪᠠᠶᠠᠯᠢᠭᠵᠢᠭᠤᠯᠤᠨ᠂ ᠶᠠᠰᠤ ᠴᠢᠨᠠᠷ ᠲᠠᠢ ᠬᠦᠭᠵᠢᠭᠦᠯᠬᠦ᠃ ᠬᠦᠳᠡᠭᠡ ᠲᠤᠰᠬᠤᠨ ᠤ | ᠤᠯᠠᠮᠵᠢᠯᠠᠯᠲᠤ ᠰᠤᠶᠤᠯ ᠪᠠ ᠤᠷᠤᠨ ᠨᠤᠲᠤᠭ ᠤᠨ ᠵᠠᠩ ᠠᠭᠠᠯᠢ ᠶᠢ ᠠᠭᠤᠳᠠᠯᠤᠨ᠂ ᠬᠦᠳᠡᠭᠡ ᠲᠤᠰᠬᠤᠨ ᠤ ᠲᠡᠦᠬᠡ | ᠶᠢᠨ ᠲᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠤᠶᠤᠯ ᠤᠨ ᠦᠪ ᠬᠦᠷᠦᠩᠭᠡ ᠶᠢ ᠬᠠᠮᠠᠭᠠᠯᠠᠨ | ᠤᠯᠠᠮᠵᠢᠯᠠᠬᠤ ᠶᠢ ᠴᠢᠩᠭᠠᠳᠬᠠᠨ᠂ ᠤᠲᠤ ᠦᠶ᠎ᠡ ᠶᠢᠨ ᠪᠤᠯᠪᠠᠰᠤᠨ ᠤ ᠰᠢᠯᠢᠳᠡᠭ ᠦᠷ᠎ᠡ ᠪᠦᠳᠦᠭᠡᠯ ᠢ ᠰᠢᠩᠭᠡᠭᠡᠨ | ᠠᠪᠴᠤ ᠬᠠᠮᠠᠭᠠᠯᠠᠨ ᠤᠯᠠᠮᠵᠢᠯᠠᠭᠰᠠᠨ ᠤ ᠰᠠᠭᠤᠷᠢᠨ ᠳᠡᠭᠡᠷ᠎ᠡ ᠪᠦᠲᠦᠭᠡᠯᠴᠢ ᠴᠢᠨᠠᠷ ᠪᠦᠬᠦᠢ ᠬᠤᠪᠢᠷᠠᠨ ᠬᠦᠭᠵᠢᠭᠦᠯᠵᠦ᠂ | ᠬᠦᠳᠡᠭᠡ ᠲᠤᠰᠬᠤᠨ ᠪᠠ ᠲᠠᠷᠢᠶᠠᠴᠢᠳ ᠤᠨ ᠤᠶᠤᠨ ᠰᠠᠨᠠᠭᠠᠨ ᠤ ᠲᠦᠷᠰᠦ ᠪᠠᠶᠢᠳᠠᠯ ᠢ ᠳᠡᠭᠡᠭᠰᠢᠯᠡᠭᠦᠯᠦᠨ᠂ ᠬᠦᠳᠡᠭᠡ | ᠲᠤᠰᠬᠤᠨ ᠤ ᠵᠢᠭᠤᠯᠴᠢᠯᠠᠯ ᠤᠨ ᠬᠦᠮᠦᠨᠰᠤᠶᠤᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠬᠦᠳᠡᠭᠡ ᠲᠤᠰᠬᠤᠨ | ᠤ ᠵᠢᠭᠤᠯᠴᠢᠯᠠᠯ ᠤᠨ ᠤᠬᠢ ᠰᠤᠲᠤᠨ᠂ ᠲᠦᠷᠦᠯ ᠲᠡᠮᠲᠡᠭᠵᠢᠭᠰᠡᠨ ᠬᠦᠭᠵᠢᠯᠲᠡᠶᠢ ᠠᠬᠢᠭᠤᠯᠤᠨ᠎ᠠ᠃ | ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠨ᠂ ᠠᠭᠤᠰᠤᠯᠴᠠᠭᠤᠯᠤᠨ ᠬᠦᠭᠵᠢᠭᠦᠯᠬᠦ᠃ ᠡᠬᠢ ᠪᠠᠶᠠᠯᠢᠭ ᠢ | ᠨᠢᠭᠡᠲᠦᠭᠦᠯᠦᠨ᠂ ᠰᠠᠯᠠᠭ᠎ᠠ ᠮᠦᠴᠢᠷ ᠤᠳ ᠬᠤᠯᠪᠤᠭᠠᠯᠠᠨ ᠬᠦᠳᠡᠯᠦᠯᠴᠡᠵᠦ᠂ ᠨᠢᠭᠡᠳᠦᠯᠲᠠᠢ ᠲᠦᠯᠦᠪᠯᠡᠵᠦ ᠠᠬᠢᠭᠤᠯᠤᠨ᠂ | ᠬᠦᠳᠡᠭᠡ ᠲᠤᠰᠬᠤᠨ ᠤ ᠵᠢᠭᠤᠯᠴᠢᠯᠠᠯ ᠪᠠ ᠲᠠᠷᠢᠶᠠᠯᠠᠩ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠪᠡᠶ᠎ᠡ | ᠲᠠᠮᠢᠷ᠂ ᠡᠷᠡᠭᠦᠯ ᠮᠡᠨᠲᠦ᠂ ᠨᠠᠰᠤᠵᠢᠯ ᠤᠨ ᠠᠰᠠᠷᠠᠮᠵᠢ᠂ ᠰᠤᠶᠤᠯ ᠤᠨ ᠪᠦᠲᠦᠭᠡᠯᠴᠢ ᠲᠦᠰᠦᠪᠯᠡᠯ᠂ ᠲᠡᠦᠬᠡ ᠶᠢᠨ | ᠲᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠬᠡ ᠬᠦᠷᠢᠶ᠎ᠡ ᠬᠡᠪᠴᠢᠶ᠎ᠡ ᠶᠢᠨ ᠬᠦᠨᠵᠡᠬᠡᠶᠢᠷᠡᠨ ᠠᠭᠤᠰᠤᠯᠴᠠᠬᠤ ᠶᠢ | ᠲᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠢᠯᠡᠳᠬᠦᠨ ᠰᠢᠨ᠎ᠡ ᠠᠵᠢᠯ ᠤᠨ ᠪᠠᠶᠢᠳᠠᠯ ᠰᠢᠨ᠎ᠡ | ᠵᠠᠭᠪᠤᠷ ᠢ ᠪᠤᠶᠢᠵᠢᠭᠤᠯᠵᠤ᠂ ᠬᠦᠳᠡᠭᠡ ᠲᠤᠰᠬᠤᠨ ᠤ ᠨᠢᠭᠡ ᠬᠤᠶᠠᠷ ᠭᠤᠷᠪᠠᠲᠤᠭᠠᠷ ᠦᠢᠯᠡᠳᠪᠦᠷᠢ ᠶᠢᠨ | ᠠᠭᠤᠰᠤᠯᠳᠤᠨ ᠬᠦᠭᠵᠢᠬᠦ ᠶᠢ ᠠᠬᠢᠭᠤᠯᠬᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠤ | ᠤᠷᠤᠯᠭ᠎ᠠ ᠨᠡᠮᠡᠭᠳᠡᠬᠦ᠂ ᠬᠦᠳᠡᠭᠡ ᠲᠤᠰᠬᠤᠨ ᠤᠯᠠᠮ ᠭᠤᠶᠤ ᠪᠤᠯᠬᠤ ᠶᠢ ᠪᠡᠶᠡᠯᠡᠭᠦᠯᠦᠨ᠎ᠡ᠃ | 3. ᠭᠤᠤᠯ ᠬᠠᠷᠠᠯᠲᠠ | 2022 ᠤᠨ ᠪᠤᠯᠬᠤ ᠳᠤ᠂ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠪᠠ ᠨᠡᠶᠢᠲᠡ ᠶᠢᠨ ᠦᠢᠯᠡᠴᠢᠯᠡᠭᠡᠨ | ᠤ ᠲᠦᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ | ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠵᠦ᠂ ᠲᠠᠷᠢᠶᠠᠴᠢᠳ ᠢ | ᠪᠠᠶᠠᠵᠢᠭᠤᠯᠤᠨ᠂ ᠲᠠᠷᠢᠶᠠᠴᠢᠳ ᠲᠤ ᠠᠰᠢᠭ ᠬᠦᠷᠳᠡᠭᠡᠬᠦ ᠦᠢᠯᠡᠲᠦᠯ ᠨᠢ ᠨᠡᠩ ᠲᠤᠪᠤᠶᠢᠮ᠎ᠠ ᠪᠤᠯᠵᠤ᠂ | ᠪᠠᠶᠢᠷᠢᠯᠠᠭᠤᠯᠤᠯᠲᠠ ᠵᠤᠬᠢᠰᠲᠠᠢ᠂ ᠲᠦᠷᠦᠯ ᠵᠦᠢᠯ ᠨᠢ ᠤᠯᠠᠨ᠂ ᠦᠢᠯᠡᠳᠦᠯ ᠨᠢ ᠪᠦᠷᠢᠨ ᠲᠡᠭᠦᠯᠳᠡᠷ᠂ ᠦᠪᠡᠷᠮᠢᠴᠠ | ᠤᠨᠴᠠᠯᠢᠭ ᠨᠢ ᠲᠤᠪᠤᠶᠢᠮ᠎ᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠪᠦᠲᠦᠴᠡ ᠶᠢ ᠦᠨᠳᠦᠰᠦᠨ | ᠳᠤ ᠪᠠᠨ ᠲᠦᠯᠦᠪᠰᠢᠷᠡᠭᠦᠯᠦᠨᠡ᠃ | | ᠬᠤᠶᠠᠷ᠂ ᠲᠦᠯᠦᠪᠵᠢᠭᠦᠯᠦᠨ ᠤᠳᠤᠷᠢᠳᠬᠤ ᠶᠢ ᠴᠢᠩᠭᠠᠳᠬᠠᠨ᠂ ᠤᠷᠤᠨ ᠪᠦᠰᠡ ᠶᠢᠨ ᠪᠠᠶᠢᠷᠢᠯᠠᠭᠤᠯᠤᠯᠳᠠ ᠶᠢ | ᠰᠢᠯᠢᠳᠡᠭᠵᠢᠭᠦᠯᠬᠦ | 4. ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠪᠦᠰᠡ ᠶᠢᠨ ᠪᠦᠬᠦᠯᠢ ᠴᠤᠭᠴᠠ ᠶᠢᠨ ᠪᠠᠶᠢᠷᠢᠯᠠᠭᠤᠯᠤᠯᠳᠠ ᠶᠢ | ᠰᠢᠯᠢᠳᠡᠭᠵᠢᠭᠦᠯᠬᠦ | ᠵᠢᠭᠤᠯᠴᠢᠯᠠᠯ ᠤᠨ ᠦᠢᠯᠡᠳᠭᠦᠨ ᠪᠠ ᠵᠠᠬ᠎ᠠ ᠳᠡᠯᠭᠡᠭᠦᠷ ᠤᠨ ᠬᠠᠷᠢᠴᠠᠩᠭᠤᠢ ᠪᠤᠯᠪᠠᠰᠤᠷᠠᠩᠭᠤᠢ ᠤᠷᠤᠨ ᠪᠦᠰᠡ᠂ | ᠵᠠᠮ ᠬᠠᠷᠢᠯᠴᠠᠭ᠎ᠠ ᠶᠢᠨ ᠭᠤᠤᠯ ᠱᠤᠭᠤᠮ ᠪᠠ A ᠳᠡᠰ ᠤᠨ ᠦᠵᠡᠮᠵᠢ ᠶᠢᠨ ᠤᠷᠤᠨ ᠤ ᠡᠷᠬᠢᠨ ᠲᠤᠭᠤᠷᠢᠨ ᠤ | ᠬᠦᠳᠡᠭᠡ ᠲᠤᠰᠬᠤᠨ ᠤ ᠵᠢᠭᠤᠯᠴᠢᠯᠠᠯ ᠢ ᠬᠦᠨᠵᠡᠬᠡᠶᠢᠷᠡᠭᠦᠯᠦᠨ ᠬᠦᠭᠵᠢᠭᠦᠯᠬᠦ ᠪᠠ ᠬᠦᠳᠡᠭᠡ ᠲᠤᠰᠬᠤᠨ ᠤ ᠵᠢᠭᠤᠯᠴᠢᠯᠠᠯ | ᠤᠨ ᠬᠡᠪᠴᠢᠶᠡᠵᠢᠬᠦ᠂ ᠲᠦᠪᠯᠡᠷᠡᠰᠢᠬᠦ ᠶᠢ ᠠᠬᠢᠭᠤᠯᠤᠨ᠎ᠠ᠃ ᠵᠡᠭᠦᠨ ᠬᠡᠰᠡᠭ ᠤᠨ ᠭᠠᠵᠠᠷ ᠤᠷᠤᠨ ᠤ ᠲᠦᠪ ᠬᠤᠳᠠ ᠶᠢᠨ | ᠲᠤᠭᠤᠷᠢᠨ ᠳᠤ ᠦᠢᠯᠡᠴᠢᠯᠡᠬᠦ ᠶᠢ ᠵᠤᠷᠢᠭᠵᠢᠭᠤᠯᠤᠨ᠂ ᠶᠡᠭᠡ ᠬᠤᠳᠠ ᠶᠢᠨ ᠲᠤᠭᠤᠷᠢᠨ ᠳᠤ ᠪᠠᠶᠢᠬᠤ ᠬᠦᠳᠡᠭᠡ | ᠲᠤᠰᠬᠤᠨ ᠤ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ | ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠦᠳᠡᠭᠡ ᠲᠤᠰᠬᠤᠨ | ᠤ ᠵᠢᠭᠤᠯᠴᠢᠯᠠᠯ ᠤᠨ ᠵᠤᠷᠢᠭᠰᠠᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠲᠤᠮᠳᠠᠲᠤ ᠪᠠᠷᠠᠭᠤᠨ | ᠬᠡᠰᠡᠭ ᠭᠠᠵᠠᠷ ᠤᠷᠤᠨ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠨ᠂ ᠬᠦᠳᠡᠭᠡ ᠲᠤᠰᠬᠤᠨ ᠤ | ᠵᠢᠭᠤᠯᠴᠢᠯᠠᠯ ᠬᠢᠭᠡᠳ ᠰᠢᠨ᠎ᠡ ᠮᠠᠶ᠋ᠢᠭ ᠤᠨ ᠬᠤᠳᠠ ᠪᠠᠯᠭᠠᠰᠤ ᠶᠢ ᠤᠷᠭᠠᠨᠢᠭ ᠢᠶᠠᠷ ᠤᠶᠠᠯᠳᠤᠭᠤᠯᠤᠨ᠂ ᠡᠷᠳᠡᠨ ᠤ | ᠪᠠᠯᠭᠠᠰᠤ ᠲᠤᠰᠬᠤᠨ᠂ ᠦᠨᠳᠦᠰᠦᠲᠡᠨ ᠤ ᠤᠨᠴᠠᠯᠢᠭᠲᠦ ᠲᠤᠰᠬᠤᠨ᠂ ᠰᠤᠶᠤᠯ ᠤᠨ ᠲᠤᠰᠬᠤᠨ ᠪᠠᠯᠭᠠᠰᠤ ᠶᠢ | ᠵᠤᠬᠢᠰᠲᠠᠢ ᠠᠰᠢᠭᠯᠠᠨ᠂ ︽ᠭᠤᠷᠪᠠᠨ ᠲᠤᠭᠤᠷᠢᠭ ᠭᠤᠷᠪᠠᠨ ᠱᠤᠭᠤᠮ︾ ᠤᠨ ᠶᠠᠳᠠᠭᠤ ᠬᠦᠴᠢᠷᠳᠡᠯ ᠲᠠᠢ ᠭᠠᠵᠠᠷ | ᠤᠷᠤᠨ ᠤ ᠵᠢᠭᠤᠯᠴᠢᠯᠠᠯ ᠤᠨ ᠴᠠᠭᠠᠷᠢᠭ ᠢ ᠪᠦᠲᠦᠭᠡᠨ ᠪᠠᠶᠢᠭᠤᠯᠵᠤ᠂ ᠨᠢᠭᠡ ᠬᠡᠰᠡᠭ ᠬᠦᠳᠡᠭᠡ ᠲᠤᠰᠬᠤᠨ ᠤ | ᠵᠢᠭᠤᠯᠴᠢᠯᠠᠯ ᠤᠨ ᠰᠢᠯᠢᠳᠡᠭ ᠱᠤᠭᠤᠮ ᠢ ᠪᠤᠶᠢᠵᠢᠭᠤᠯᠤᠨ᠂ ᠵᠡᠭᠦᠨ ᠬᠤᠶᠢᠲᠦ ᠤᠨ ᠭᠠᠵᠠᠷ ᠤᠷᠤᠨ ᠤ ᠲᠠᠷᠢᠶᠠᠯᠠᠩ᠂ | ᠤᠢ ᠰᠢᠭᠤᠢ᠂ ᠵᠤᠰᠠᠯᠠᠩ᠂ ᠮᠦᠰᠦ ᠴᠠᠰᠤ ᠵᠡᠷᠭᠡ ᠳᠠᠪᠠᠭᠤᠯᠢᠭ ᠲᠠᠯ᠎ᠠ ᠳᠤ ᠲᠦᠰᠢᠭᠯᠡᠨ᠂ ᠵᠤᠰᠠᠯᠠᠩ ᠤᠨ | ᠵᠢᠭᠤᠯᠴᠢᠯᠠᠯ᠂ ᠮᠦᠰᠦ ᠴᠠᠰᠤᠨ ᠤ ᠵᠢᠭᠤᠯᠴᠢᠯᠠᠯ᠂ ᠤᠢ ᠰᠢᠭᠤᠢ ᠶᠢᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ᠂ ᠵᠠᠩ ᠦᠢᠯᠡ ᠶᠢᠨ ᠵᠢᠭᠤᠯᠴᠢᠯᠠᠯ ᠵᠡᠷᠭᠡ ᠶᠢ ᠭᠤᠤᠯᠳᠠᠯᠭ᠎ᠠ ᠲᠠᠢ ᠦᠷᠨᠢᠭᠦᠯᠦᠨ᠂ ᠬᠦᠳᠡᠭᠡ ᠲᠤᠰᠬᠤᠨ | ᠤ ᠵᠢᠭᠤᠯᠴᠢᠯᠠᠯ ᠤᠨ ᠬᠢᠯᠢ ᠠᠯᠤᠰᠤᠯᠠᠭᠰᠠᠨ ᠰᠤᠯᠢᠯᠴᠠᠭ᠎ᠠ ᠬᠢᠭᠦ ᠶᠢ ᠰᠦᠪᠡᠭᠴᠢᠯᠡᠨ ᠬᠦᠭᠵᠢᠭᠦᠯᠵᠦ᠂ ᠬᠦᠳᠡᠭᠡ | ᠲᠤᠰᠬᠤᠨ ᠤ ᠵᠢᠭᠤᠯᠴᠢᠯᠠᠯ ᠤᠨ ᠰᠢᠨ᠎ᠡ ᠦᠨᠳᠦᠷᠴᠠ ᠶᠢ ᠪᠦᠲᠦᠭᠡᠬᠦ ᠶᠢ ᠵᠤᠷᠢᠭᠵᠢᠭᠤᠯᠤᠨ᠎ᠠ᠃ ︵ᠰᠤᠶᠤᠯ ᠪᠠ | ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ | ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠪᠡᠶ᠎ᠡ ᠲᠠᠮᠢᠷ ᠤᠨ ᠶᠡᠷᠦᠩᠬᠡᠢ ᠲᠤᠪᠴᠢᠶ᠎ᠠ᠂ ᠤᠢ ᠰᠢᠭᠤᠢ | ᠪᠠ ᠨᠤᠲᠤᠭ ᠪᠡᠯᠴᠢᠭᠡᠷ ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | 5. ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠤ ᠬᠠᠮᠵᠢᠯᠴᠠᠨ ᠬᠦᠭᠵᠢᠭᠦ ᠶᠢ ᠠᠬᠢᠭᠤᠯᠤᠨ᠎ᠠ | ᠵᠡᠭᠦᠨ᠂ ᠲᠤᠮᠳᠠ ᠪᠠᠷᠠᠭᠤᠨ ᠬᠡᠰᠡᠭ ᠤᠨ ᠵᠢᠭᠤᠯᠴᠢᠯᠠᠯ ᠤᠨ ᠬᠠᠮᠵᠢᠯᠴᠠᠭ᠎ᠠ ᠶᠢ ᠴᠢᠩᠭᠠᠳᠬᠠᠨ᠂ | ᠵᠢᠭᠤᠯᠴᠢᠯᠠᠭᠴᠢᠳ ᠪᠠ ᠵᠠᠬ᠎ᠠ ᠳᠡᠯᠭᠡᠭᠦᠷ ᠤᠨ ᠬᠦᠴᠦᠨ ᠵᠦᠢᠯ ᠤᠨ ᠭᠦᠢᠯᠭᠡᠭᠡᠨ ᠢ ᠠᠬᠢᠭᠤᠯᠤᠨ᠂ ᠬᠠᠷᠢᠯᠴᠠᠨ | ᠵᠤᠴᠢᠨ ᠲᠤ ᠦᠢᠯᠡᠴᠢᠯᠡᠬᠦ᠂ ᠬᠠᠷᠢᠯᠴᠠᠨ ᠵᠠᠬ᠎ᠠ ᠳᠡᠯᠭᠡᠭᠦᠷ ᠲᠤ ᠦᠢᠯᠡᠴᠢᠯᠡᠬᠦ᠂ ᠬᠠᠮᠲᠤᠷᠠᠨ ᠬᠦᠭᠵᠢᠬᠦ ᠪᠠᠶᠢᠳᠠᠯ ᠢ | ᠪᠤᠢ ᠪᠤᠯᠭᠠᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠬᠤᠳᠠ ᠶᠢᠨ ᠰᠠᠭᠤᠭᠠᠯᠢ ᠠᠷᠠᠳ ᠤᠨ | ᠶᠡᠷᠦ ᠶᠢᠨ ᠬᠡᠷᠡᠭᠴᠡᠭᠡ ᠳᠤ ᠨᠡᠶᠢᠴᠡᠭᠦᠯᠬᠦ ᠶᠢ ᠴᠢᠩᠭᠠᠳᠬᠠᠨ᠂ ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠪᠠ | ᠤᠯᠠᠨ ᠨᠡᠶᠢᠲᠡ ᠶᠢᠨ ᠦᠢᠯᠡᠴᠢᠯᠡᠭᠡ ᠶᠢ ᠨᠢᠭᠡᠲᠦᠯᠲᠠᠢ ᠲᠦᠯᠦᠪᠯᠡᠨ᠂ ᠬᠤᠳᠠ ᠶᠢᠨ ᠴᠢᠳᠠᠪᠤᠷᠢᠳᠠᠨ᠂ ᠤᠶᠤᠨ ᠤ ᠡᠬᠢ | ᠪᠠᠶᠠᠯᠢᠭ ᠤᠨ ᠬᠦᠳᠡᠭᠡ ᠲᠤᠰᠬᠤᠨ ᠤ ᠵᠢᠭᠤᠯᠴᠢᠯᠠᠯ ᠢ ᠳᠡᠮᠵᠢᠭᠦ ᠶᠢ ᠦᠷᠭᠡᠳᠬᠡᠨ᠂ ᠬᠤᠳᠠ ᠬᠦᠳᠡᠭᠡ ᠶᠢᠨ | ᠬᠤᠭᠤᠷᠤᠨᠲᠤᠬᠢ ᠬᠦᠮᠦᠰ ᠤᠨ ᠶᠠᠪᠤᠯᠴᠠᠭ᠎ᠠ᠂ ᠰᠤᠷᠠᠭ ᠴᠢᠮᠡᠭᠡᠨ ᠤ ᠨᠡᠪᠲᠡᠷᠡᠯᠴᠡᠭᠡ᠂ ᠬᠦᠷᠦᠩᠭᠡ ᠶᠢᠨ ᠰᠢᠯᠵᠢᠯᠲᠡ ᠶᠢ | ᠠᠬᠢᠭᠤᠯᠤᠨ᠂ ᠬᠤᠳᠠ ᠬᠦᠳᠡᠭᠡ ᠶᠢᠨ ᠨᠢᠭᠡ ᠴᠤᠭᠴᠠᠯᠠᠯᠳᠠ ᠶᠢᠨ ᠬᠦᠭᠵᠢᠯᠲᠡ ᠶᠢᠨ ᠠᠬᠢᠴᠠ ᠶᠢ ᠲᠦᠷᠭᠡᠳᠬᠡᠨ᠎ᠡ᠃ | ᠵᠢᠭᠤᠯᠴᠢᠯᠠᠯ ᠤᠨ ᠡᠬᠢ ᠪᠠᠶᠠᠯᠢᠭ ᠤᠨ ᠠᠰᠢᠭᠯᠠᠯᠲᠠ ᠶᠢᠨ ᠪᠦᠬᠦᠯᠢ ᠴᠤᠭᠴᠠᠲᠤ ᠴᠢᠨᠠᠷ ᠢ ᠴᠢᠬᠤᠯᠠᠴᠢᠯᠠᠨ᠂ | ᠵᠡᠷᠭᠡᠯᠡᠳᠡᠭᠡ ᠭᠠᠵᠠᠷ ᠤᠷᠤᠨ ᠤ ᠪᠠᠨ ᠵᠠᠰᠠᠭ ᠵᠠᠬᠢᠷᠭᠠᠨ ᠤ ᠪᠠᠬᠢᠯᠡᠯᠳᠡ ᠶᠢ ᠳᠠᠪᠠᠨ᠂ ᠲᠦᠯᠦᠪᠵᠢᠭᠦᠯᠭᠡ ᠶᠢ | ᠨᠢᠭᠡᠲᠦᠯᠵᠢᠭᠦᠯᠬᠦ᠂ ᠬᠠᠮᠲᠤᠷᠠᠨ ᠬᠦᠭᠵᠢᠬᠦ ᠶᠢ ᠵᠤᠷᠢᠭᠵᠢᠭᠤᠯᠬᠤ᠂ ᠠᠯᠳᠠᠷᠲᠤ ᠦᠵᠡᠮᠵᠢ ᠶᠢᠨ ᠤᠷᠤᠨ᠂ ᠨᠡᠷᠡᠲᠠᠢ | ᠲᠡᠦᠬᠡᠲᠦ ᠰᠤᠶᠤᠯ ᠤᠨ ᠬᠤᠳᠠ ᠪᠠᠯᠭᠠᠰᠤ᠂ ᠦᠪᠡᠷᠮᠢᠴᠠ ᠤᠨᠴᠠᠯᠢᠭᠲᠦ ᠵᠢᠭᠤᠯᠴᠢᠯᠠᠯ ᠤᠨ ᠨᠡᠷᠡᠲᠦ ᠪᠠᠯᠭᠠᠰᠣ᠂ | ᠤᠯᠠᠮᠵᠢᠯᠠᠯᠲᠤ ᠲᠤᠰᠬᠤᠨ ᠢ ᠲᠦᠰᠢᠭᠯᠡᠨ ᠨᠡᠷᠡᠲᠦ ᠦᠵᠡᠮᠵᠢ᠂ ᠨᠡᠷᠡᠲᠦ ᠬᠤᠳᠠ᠂ ᠨᠡᠷᠡᠲᠦ ᠪᠠᠯᠭᠠᠰᠤ᠂ ᠨᠡᠷᠡᠲᠦ | ᠲᠤᠰᠬᠤᠨ ᠵᠡᠷᠭᠡ ︽ᠲᠦᠷᠪᠡᠨ ᠨᠡᠷᠡᠲᠦ ᠶᠢ ᠨᠢᠭᠡ ᠴᠤᠭᠴᠠᠵᠢᠭᠤᠯᠬᠤ︾ ᠠᠷᠭ᠎ᠠ ᠪᠠᠷ ᠪᠦᠬᠦ ᠤᠷᠤᠨ ᠤ ᠵᠢᠭᠤᠯᠴᠢᠯᠠᠯ | ᠤᠨ ᠬᠦᠭᠵᠢᠯᠲᠡ ᠶᠢᠨ ᠬᠡᠪ ᠮᠠᠶ᠋ᠢᠭ ᠢ ᠰᠦᠪᠡᠭᠴᠢᠯᠡᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ | ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ᠂ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠭᠦᠷᠭᠡ ᠬᠠᠷᠢᠭᠤᠴᠠᠯᠭ᠎ᠠ ᠶᠢᠨ | ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | 6. ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠦᠯᠬᠡ ᠶᠢ ᠲᠤᠭᠳᠠᠭᠠᠨ᠎ᠠ | ᠡᠯ᠎ᠡ ᠭᠠᠵᠠᠷ ᠤᠷᠤᠨ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠴᠢᠬᠤᠯᠠ ᠠᠭᠤᠯᠭ᠎ᠠ | ᠪᠤᠯᠭᠠᠨ ᠠᠵᠤ ᠠᠬᠤᠢ ᠶᠢᠨ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ᠂ ᠨᠤᠲᠤᠭ ᠳᠡᠪᠢᠰᠬᠡᠷ ᠤᠨ ᠤᠷᠤᠨ | ᠵᠠᠢ ᠶᠢᠨ ᠲᠦᠯᠦᠪᠵᠢᠭᠦᠯᠭᠡ ᠵᠢᠴᠢ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ᠂ ᠠᠮᠢ ᠠᠬᠤᠢ | ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠶᠢᠨ ᠲᠤᠰᠬᠠᠢ ᠵᠦᠢᠯ ᠤᠨ ᠲᠦᠯᠦᠪᠵᠢᠭᠦᠯᠭᠡ ᠳᠤ ᠤᠷᠤᠭᠤᠯᠬᠤ ᠪᠤᠯᠤᠨ᠂ | ᠲᠦᠯᠦᠪᠵᠢᠭᠦᠯᠭᠡ ᠳᠤ ᠪᠠᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠱᠠᠭᠠᠷᠳᠠᠯᠭ᠎ᠠ ᠶᠢ | ᠭᠦᠢᠴᠡᠳ ᠬᠠᠷᠠᠭᠤᠯᠤᠭᠰᠠᠨ ᠪᠠᠶᠢᠬᠤ ᠬᠡᠷᠡᠭᠲᠠᠢ᠃ ᠨᠦᠬᠦᠴᠡᠯ ᠲᠠᠢ ᠭᠠᠵᠠᠷ ᠤᠷᠤᠨ ᠤ ᠬᠦᠳᠡᠭᠡ ᠲᠤᠰᠬᠤᠨ ᠤ | ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠪᠠ ᠬᠦᠭᠵᠢᠯᠲᠡ ᠶᠢᠨ ᠪᠠᠶᠢᠳᠠᠯ ᠤᠨ ᠪᠠᠶᠢᠴᠠᠭᠠᠯᠲᠠ | ᠶᠢ ᠵᠤᠬᠢᠶᠠᠨ ᠪᠠᠶᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ | ᠨᠠᠶᠢᠳᠠᠪᠦᠷᠢᠵᠢᠭᠤᠯᠤᠨ᠂ ᠵᠠᠰᠠᠭ ᠵᠠᠬᠢᠷᠭᠠᠨ ᠤ ᠭᠠᠵᠠᠷ ᠤᠷᠤᠨ ᠤ ᠬᠢᠵᠠᠭᠠᠷᠯᠠᠯ ᠢ ᠰᠢᠪᠲᠤᠯᠬᠤ ᠶᠢ ᠵᠤᠷᠢᠭᠵᠢᠭᠤᠯᠤᠨ᠂ | ᠵᠢᠭᠤᠯᠴᠢᠯᠠᠯ ᠤᠨ ᠡᠬᠢ ᠪᠠᠶᠠᠯᠢᠭ ᠤᠨ ᠤᠷᠤᠨ ᠪᠦᠰᠡ ᠠᠯᠤᠰᠯᠠᠨ ᠨᠢᠭᠡᠳᠬᠦ᠂ ᠤᠷᠤᠨ ᠪᠦᠰᠡ ᠶᠢᠨ ᠴᠢᠨᠠᠷ ᠲᠠᠢ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠬᠤ ᠶᠢ ᠳᠡᠮᠵᠢᠨ᠎ᠡ᠃ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠨᠢ ᠲᠤᠬᠠᠢ ᠶᠢᠨ ᠭᠠᠵᠠᠷ ᠤᠨ | ᠪᠤᠳᠠᠲᠤ ᠪᠠᠶᠢᠳᠠᠯ ᠲᠠᠢ ᠪᠠᠨ ᠨᠡᠶᠢᠴᠡᠬᠦ᠂ ᠤᠷᠤᠨ ᠨᠤᠲᠤᠭ ᠤᠨ ᠵᠠᠩᠰᠢᠯ᠂ ᠬᠡᠪ ᠨᠠᠮᠪᠠ ᠬᠢᠭᠡᠳ ᠰᠤᠶᠤᠯ ᠤᠨ | ᠤᠯᠠᠮᠵᠢᠯᠠᠯ ᠢ ᠡᠷᠴᠢᠮᠵᠢᠭᠦᠯᠦᠨ᠂ ᠲᠤᠰᠬᠤᠨ ᠤ ᠠᠷᠠᠳ ᠤᠨ ᠬᠦᠭᠵᠢᠬᠦ ᠶᠢᠨ ᠡᠷᠡᠮᠡᠯᠵᠡᠯ ᠢ ᠬᠦᠨᠲᠦᠳᠬᠡᠨ᠂ ᠨᠤᠲᠤᠭ | ᠲᠡᠪᠢᠰᠬᠡᠷ ᠤᠷᠤᠨ ᠵᠠᠢ ᠶᠢᠨ ᠲᠦᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠂ | ᠲᠤᠬᠠᠢ ᠶᠢᠨ ᠭᠠᠵᠠᠷ ᠲᠤ ᠨᠢ ᠬᠡᠷᠡᠭᠵᠢᠭᠦᠯᠬᠦ ᠶᠢ ᠴᠢᠬᠤᠯᠠᠴᠢᠯᠠᠨ᠎ᠠ᠃ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ | ᠲᠤᠭᠳᠠᠮᠠᠯ ᠰᠠᠭᠤᠷᠢ ᠲᠠᠷᠢᠶ᠎ᠠ ᠶᠢᠨ ᠡᠵᠡᠮᠰᠢᠯ ᠱᠤᠭᠤᠮ ᠢ ᠬᠡᠷᠡᠭᠵᠢᠭᠦᠯᠬᠦ ᠶᠢᠨ ᠬᠠᠮᠲᠤ ᠲᠤᠰᠬᠠᠢ ᠬᠠᠮᠠᠭᠠᠯᠠᠯᠲᠠ | ᠶᠠᠪᠤᠭᠤᠯᠤᠨ᠎ᠠ᠃ ᠲᠤᠰᠬᠠᠢ ᠨᠠᠶᠢᠷᠠᠭᠤᠯᠤᠨ ᠵᠤᠬᠢᠶᠠᠭᠰᠠᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ | ᠶᠢᠨ ᠲᠦᠯᠦᠪᠵᠢᠭᠦᠯᠭᠡ ᠨᠢ ᠪᠠᠯᠭᠠᠰᠤ ᠶᠢᠨ ᠲᠦᠯᠦᠪᠵᠢᠭᠦᠯᠭᠡ᠂ ᠰᠢᠶᠠᠨ ᠤ ᠲᠦᠯᠦᠪᠵᠢᠭᠦᠯᠭᠡ ᠪᠠ ᠲᠤᠰᠬᠤᠨ ᠤ | ᠲᠦᠯᠦᠪᠵᠢᠭᠦᠯᠭᠡ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ ︵ᠰᠤᠶᠤᠯ ᠪᠠ | ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠠᠮᠢ ᠠᠬᠤᠢ ᠤᠷᠴᠢᠨ ᠲᠤᠭᠤᠷᠢᠨ | ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ | ᠪᠠᠶᠢᠭᠤᠯᠤᠯᠳᠠ ᠶᠢᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠡᠦᠬᠡ ᠶᠢᠨ ᠲᠤᠷᠠᠰᠬᠠᠯᠲᠤ ᠵᠦᠢᠯ | ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | ᠭᠤᠷᠪᠠ᠂ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠦᠨ᠎ᠡ | 7. ᠬᠦᠳᠡᠭᠡ ᠲᠤᠰᠬᠤᠨ ᠤ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠬᠤ | ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ | ᠬᠤᠳᠠᠴᠢᠯᠠᠯᠳᠠ ᠶᠢᠨ ᠪᠦᠲᠦᠭᠡᠨ ᠪᠠᠶᠢᠭᠤᠯᠤᠯᠲᠠ᠂ ᠠᠷᠠᠳ ᠢ ᠰᠢᠯᠵᠢᠭᠦᠯᠦᠨ ᠨᠡᠭᠦᠯᠬᠡᠬᠦ ᠵᠡᠷᠭᠡ ᠠᠵᠢᠯ ᠢ | ᠤᠶᠠᠯᠳᠤᠭᠤᠯᠤᠨ ᠬᠦᠳᠡᠭᠡ ᠲᠤᠰᠬᠤᠨ ᠤ ᠨᠤᠭᠤᠭᠠᠷᠠᠭᠤᠯᠲᠠ᠂ ᠭᠤᠶᠤᠵᠢᠭᠤᠯᠤᠯᠲᠠ ᠶᠢ ᠪᠡᠶᠡᠯᠡᠭᠦᠯᠵᠦ᠂ ᠬᠦᠳᠡᠭᠡ | ᠲᠤᠰᠬᠤᠨ ᠤ ᠦᠵᠡᠮᠵᠢ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ | ᠵᠠᠮ ᠬᠠᠷᠢᠯᠴᠠᠭ᠎ᠠ ᠶᠢᠨ ᠭᠤᠤᠯ ᠱᠤᠭᠤᠮ᠂ ᠵᠢᠭᠤᠯᠴᠢᠯᠠᠯ ᠤᠨ ᠭᠤᠤᠯ ᠦᠵᠡᠮᠵᠢ ᠶᠢᠨ ᠤᠷᠤᠨ ᠠᠴᠠ ᠬᠦᠳᠡᠭᠡ | ᠲᠤᠰᠬᠤᠨ ᠤ ᠵᠢᠭᠤᠯᠴᠢᠯᠠᠯ ᠤᠨ ᠭᠠᠵᠠᠷ ᠬᠦᠷᠲᠡᠯᠡᠬᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠳᠠ ᠶᠢ | ᠲᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠵᠤ ᠪᠤᠯᠬᠤᠶᠢᠴᠠ ᠴᠢᠨᠠᠷ ᠢ ᠳᠡᠭᠡᠭᠰᠢᠯᠡᠭᠦᠯᠦᠨ᠂ | ᠨᠦᠬᠦᠴᠡᠯ ᠲᠠᠢ ᠵᠢᠭᠤᠯᠴᠢᠯᠠᠯ ᠤᠨ ᠬᠤᠳᠠ ᠪᠠ ᠵᠢᠭᠤᠯᠴᠢᠯᠠᠭᠴᠢᠳ ᠤᠨ ᠲᠦᠪᠯᠡᠷᠡᠭᠰᠡᠨ ᠬᠦᠳᠡᠭᠡ ᠲᠤᠰᠬᠤᠨ ᠤ | ᠵᠢᠭᠤᠯᠴᠢᠯᠠᠯ ᠤᠨ ᠭᠠᠵᠠᠷ ᠤᠷᠤᠨ ᠤ ᠬᠤᠭᠤᠷᠤᠨᠲᠦ ᠪᠠᠨ ᠬᠦᠳᠡᠭᠡ ᠲᠤᠰᠬᠤᠨ ᠤ ᠵᠢᠭᠤᠯᠴᠢᠯᠠᠯ ᠤᠨ ᠨᠡᠶᠢᠲᠡ ᠶᠢᠨ | ᠮᠠᠰᠢᠨ ᠲᠡᠷᠭᠡ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠵᠡᠷᠭᠡ ᠶᠢ ᠨᠡᠪᠲᠡᠷᠡᠭᠦᠯᠬᠦ ᠶᠢ | ᠵᠤᠷᠢᠭᠵᠢᠭᠤᠯᠤᠨ ᠬᠤᠳᠠ ᠶᠢᠨ ᠰᠠᠭᠤᠭᠠᠯᠢ ᠠᠷᠠᠳ ᠪᠠ ᠵᠢᠭᠤᠯᠴᠢᠯᠠᠭᠴᠢᠳ ᠤᠨ ᠬᠦᠳᠡᠭᠡ ᠲᠤᠰᠬᠤᠨ ᠳᠤ | ᠵᠢᠭᠤᠯᠴᠢᠯᠠᠬᠤ ᠳᠤ ᠲᠦᠭᠦᠮ ᠦᠵᠡᠭᠦᠯᠦᠨ᠎ᠡ᠃ ᠬᠦᠳᠡᠭᠡ ᠲᠤᠰᠬᠤᠨ ᠤ ᠵᠠᠰᠠᠮᠠᠯ ᠵᠠᠮ ᠤᠨ ᠰᠦᠯᠵᠢᠶ᠎ᠡ ᠶᠢᠨ | ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠂ ᠰᠢᠶᠠᠩ ᠪᠠᠯᠭᠠᠰᠤ᠂ ᠪᠠᠶᠢᠭᠤᠯᠤᠮᠵᠢ ᠶᠢᠨ ᠲᠦᠷᠢᠮᠲᠦ ᠲᠤᠰᠬᠤᠨ ᠤ | ᠬᠠᠳᠠᠭᠤᠷᠠᠭᠤᠯᠤᠭᠰᠠᠨ ᠵᠠᠮ ᠤᠨ ︽ᠨᠡᠪᠲᠡᠷᠡᠵᠦ ᠪᠠᠶᠢᠳᠠᠯ᠎ᠠ ᠰᠠᠭᠠᠳ ᠲᠤ ᠤᠴᠠᠷᠠᠬᠤ︾ ᠪᠠᠶᠢᠳᠠᠯ ᠢ ᠰᠡᠯᠪᠢᠨ ᠵᠠᠰᠠᠬᠤ | ᠶᠢ ᠲᠦᠷᠭᠡᠳᠬᠡᠨ᠂ ᠬᠦᠳᠡᠭᠡ ᠲᠤᠰᠬᠤᠨ ᠤ ᠵᠠᠰᠠᠮᠠᠯ ᠵᠠᠮ ᠤᠨ ᠳᠡᠰ ᠤᠨ ᠪᠠᠷᠢᠮᠵᠢᠶ᠎ᠠ ᠶᠢ ᠲᠡᠭᠡᠭᠰᠢᠯᠡᠭᠦᠯᠦᠨ᠂ ᠭᠠᠵᠠᠷ | ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠵᠢᠭᠤᠯᠴᠢᠯᠠᠯ ᠤᠨ ᠶᠠᠪᠠᠭᠠᠨ ᠵᠠᠮ᠂ ᠲᠤᠭᠤᠢ ᠲᠡᠷᠭᠡ ᠶᠢᠨ ᠵᠠᠮ ᠵᠡᠷᠭᠡ | ᠤᠳᠠᠭᠠᠨ ᠶᠠᠪᠤᠬᠤ ᠰᠢᠰᠲ᠋ᠧᠮ ᠢ ᠬᠦᠭᠵᠢᠭᠦᠯᠬᠦ ᠶᠢ ᠵᠤᠷᠢᠭᠵᠢᠭᠤᠯᠤᠨ᠎ᠠ᠃ ᠬᠤᠪᠢ ᠶᠢᠨ ᠲᠡᠷᠭᠡ᠂ ᠭᠡᠷᠲᠦ ᠲᠡᠷᠭᠡ ᠶᠢᠨ | ᠪᠠᠭᠤᠴᠠ᠂ ᠵᠠᠮ ᠬᠠᠷᠢᠯᠴᠠᠭ᠎ᠠ ᠶᠢᠨ ᠦᠷᠲᠡᠭᠡ ᠶᠢᠨ ᠪᠦᠲᠦᠭᠡᠨ ᠪᠠᠶᠢᠭᠤᠯᠤᠯᠳᠠ ᠶᠢ ᠤᠨᠴᠠᠯᠢᠭᠲᠦ ᠲᠤᠰᠬᠤᠨ | ᠪᠠᠯᠭᠠᠰᠤ᠂ ᠦᠵᠡᠮᠵᠢ ᠶᠢᠨ ᠬᠤᠩᠬᠢᠯ ᠵᠡᠷᠭᠡ ᠴᠢᠬᠤᠯᠠ ᠴᠡᠭ ᠲᠡᠶᠢᠰᠢ ᠰᠤᠨᠵᠢᠷᠠᠭᠤᠯᠤᠨ ᠪᠠᠶᠢᠭᠤᠯᠬᠤ ᠶᠢ | ᠤᠳᠤᠷᠢᠳᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠪᠡᠷᠲᠡᠭᠡᠨ ᠮᠠᠰᠢᠨ ᠵᠢᠯᠤᠭᠤᠳᠤᠨ ᠵᠢᠭᠤᠯᠴᠢᠯᠠᠬᠤ | ᠰᠢᠯᠢᠳᠡᠭ ᠱᠤᠭᠤᠮ ᠢ ᠲᠤᠭᠳᠠᠮᠠᠯ ᠬᠤᠭᠤᠴᠠᠭ᠎ᠠ ᠲᠠᠢ ᠨᠡᠶᠢᠳᠡᠯᠡᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ | ᠤᠰᠤ ᠴᠠᠬᠢᠯᠭᠠᠨ ᠤ ᠬᠠᠩᠭᠠᠯᠲᠠ᠂ ᠬᠤᠭ ᠨᠤᠪᠰᠢ ᠪᠤᠵᠠᠷ ᠤᠰᠤ ᠶᠢ ᠰᠢᠢᠳᠪᠦᠷᠢᠯᠡᠬᠦ ᠵᠢᠴᠢ ᠲᠡᠷᠭᠡ ᠵᠤᠭᠰᠤᠬᠤ᠂ | ᠤᠷᠴᠢᠨ ᠲᠤᠭᠤᠷᠢᠨ ᠤ ᠠᠷᠢᠭᠤᠨ ᠴᠡᠪᠡᠷ᠂ ᠮᠡᠳᠡᠭᠡ ᠬᠤᠯᠪᠤᠭ᠎ᠠ ᠵᠡᠷᠭᠡ ᠪᠦᠷᠢᠨ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ | ᠪᠠᠲᠤᠯᠠᠭᠠᠲᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠯᠲᠡ | ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠵᠠᠮ ᠬᠠᠷᠢᠯᠴᠠᠭ᠎ᠠ ᠵᠦᠭᠡᠭᠡᠪᠦᠷᠢ ᠶᠢᠨ | ᠶᠠᠮᠤᠨ᠂ ᠡᠳ᠋ ᠤᠨ ᠵᠠᠰᠠᠭ ᠤᠨ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | 8. ᠬᠦᠳᠡᠭᠡ ᠲᠤᠰᠬᠤᠨ ᠤ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ | ︽ᠵᠤᠷᠯᠤᠩ ᠤᠨ ᠬᠤᠪᠢᠰᠬᠠᠯ︾ ᠤᠨ ᠰᠢᠨ᠎ᠡ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠭᠦᠯᠦᠨ᠂ | ᠵᠤᠷᠯᠤᠩ ᠤᠨ ᠲᠡᠷᠢᠭᠦᠨ ᠤ ᠮᠡᠷᠭᠡᠵᠢᠯ ᠢ ᠤᠷᠤᠭᠤᠯᠤᠨ ᠲᠡᠯᠭᠡᠷᠡᠭᠦᠯᠦᠨ᠎ᠡ᠃ ᠬᠦᠳᠡᠭᠡ ᠲᠤᠰᠬᠤᠨ ᠤ ᠪᠤᠲᠠᠲᠤ ᠪᠠᠶᠢᠳᠠᠯ | ᠲᠠᠢ ᠤᠶᠠᠯᠳᠤᠭᠤᠯᠤᠨ᠂ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠵᠤᠷᠯᠤᠩ ᠢ ᠪᠦᠲᠦᠭᠡᠨ ᠪᠠᠶᠢᠭᠤᠯᠬᠤ᠂ | ᠦᠭᠡᠷᠡᠴᠢᠯᠡᠬᠦ ᠪᠠ ᠲᠦᠯᠦᠪᠯᠡᠭᠡ ᠬᠢᠵᠦ᠂ ᠡᠷᠬᠢᠨ ᠲᠤᠭᠤᠷᠢᠨ᠂ ᠤᠷᠴᠢᠨ ᠲᠤᠭᠤᠷᠢᠨ ᠤ ᠪᠦᠬᠦᠯᠢ ᠴᠤᠭᠴᠠᠲᠤ | ᠪᠠᠶᠢᠷᠢᠯᠠᠭᠤᠯᠤᠯᠳᠠ ᠯᠤᠭ᠎ᠠ ᠵᠤᠬᠢᠴᠠᠬᠤ ᠶᠢ ᠴᠢᠬᠤᠯᠠᠴᠢᠯᠠᠨ᠂ ᠴᠢᠳᠠᠬᠤ ᠶᠢᠨ ᠬᠢᠷᠢ ᠳᠤ ᠤᠷᠤᠨ ᠭᠠᠵᠠᠷ ᠤᠨ ᠰᠤᠶᠤᠯ | ᠤᠨ ᠤᠨᠴᠠᠯᠢᠭ ᠢᠶᠠᠨ ᠲᠤᠳᠤᠳᠬᠠᠨ᠂ ᠢᠮᠠᠭᠳᠠ ᠢᠵᠢ ᠪᠦᠷᠢᠯᠳᠦᠭᠦᠯᠬᠦ ᠲᠦᠭᠦᠭᠡᠷᠦᠮᠵᠢ ᠶᠢᠨ ᠠᠷᠢᠭᠤᠨ ᠴᠡᠪᠡᠷ᠂ | ᠬᠡᠷᠡᠭᠯᠡᠭᠡᠨ ᠤ ᠴᠢᠨᠠᠷ ᠲᠠᠢ ᠶᠢ ᠪᠠᠷᠢᠮᠲᠠᠯᠠᠨ᠂ ᠬᠡᠯᠪᠡᠷᠢᠴᠢ ᠦᠵᠡᠯ᠂ ᠪᠦᠷᠢᠯᠭᠡᠮᠡᠳᠡᠭᠡᠢ ᠰᠤᠷᠳᠠᠯ ᠢ ᠡᠰᠡᠷᠭᠦᠴᠡᠬᠦ ᠶᠢᠨ | ᠬᠠᠮᠲᠤ ᠵᠤᠷᠯᠤᠩ ᠤᠨ ᠬᠤᠪᠢᠰᠬᠠᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠬᠤ ᠠᠵᠢᠯᠯᠠᠭ᠎ᠠ ᠶᠢ ᠢᠳᠡᠪᠬᠢᠲᠠᠢ | ᠵᠤᠬᠢᠶᠠᠨ ᠪᠠᠶᠢᠭᠤᠯᠵᠤ ᠦᠷᠨᠢᠭᠦᠯᠦᠨ᠂ ᠵᠢᠭᠤᠯᠴᠢᠯᠠᠭᠴᠢᠳ᠂ ᠤᠯᠠᠨ ᠲᠦᠮᠡᠨ ᠤ ᠵᠤᠷᠯᠤᠩ ᠢ ᠪᠤᠯᠪᠠᠰᠤᠨ ᠠᠰᠢᠭᠯᠠᠬᠤ | ᠬᠦᠮᠦᠵᠢᠯ ᠢ ᠶᠠᠪᠤᠭᠳᠠᠭᠤᠯᠤᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠯᠠᠪᠯᠠᠬᠤ ᠦᠢᠯᠡᠴᠢᠯᠡᠭᠡᠨ ᠤ ᠰᠢᠰᠲ᠋ᠧᠮ | ᠢ ᠪᠠᠶᠢᠭᠤᠯᠬᠤ ᠶᠢ ᠠᠬᠢᠭᠤᠯᠤᠨ᠂ ᠨᠦᠬᠦᠴᠡᠯ ᠲᠠᠢ᠂ ᠵᠢᠭᠤᠯᠴᠢᠯᠠᠭᠴᠢ ᠤᠯᠠᠨ ᠬᠦᠳᠡᠭᠡ ᠲᠤᠰᠬᠤᠨ ᠤ ᠵᠢᠭᠤᠯᠴᠢᠯᠠᠯ | ᠤᠨ ᠤᠷᠤᠨ ᠳᠤ ᠵᠢᠭᠤᠯᠴᠢᠯᠠᠭᠴᠢ ᠶᠢᠨ ᠯᠠᠪᠯᠠᠬᠤ ᠦᠢᠯᠡᠴᠢᠯᠡᠭᠡᠨ ᠤ ᠲᠦᠪ ᠢ ᠪᠦᠲᠦᠭᠡᠨ ᠪᠠᠶᠢᠭᠤᠯᠵᠤ᠂ ᠬᠦᠳᠡᠭᠡ | ᠲᠤᠰᠬᠤᠨ ᠤ ᠵᠢᠭᠤᠯᠴᠢᠯᠠᠯ ᠤᠨ ᠳᠡᠮᠳᠡᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠲᠠᠶᠢᠯᠪᠦᠷᠢᠯᠠᠬᠤ᠂ ᠰᠤᠷᠠᠭ ᠴᠢᠮᠡᠭᠡ ᠯᠠᠪᠯᠠᠬᠤ᠂ ᠠᠮᠤᠷ ᠲᠦᠪᠰᠢᠨ ᠤ ᠠᠪᠤᠷᠠᠯᠲᠠ ᠵᠡᠷᠭᠡ | ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠢᠳᠡᠵᠦ ᠤᠤᠭᠤᠬᠤ᠂ ᠬᠤᠨᠤᠵᠤ | ᠬᠡᠪᠲᠡᠭᠦ᠂ ᠰᠡᠯᠡᠭᠦᠴᠡᠯ ᠵᠤᠭ᠎ᠠ ᠴᠡᠩᠭᠡᠯ᠂ ᠭᠡᠷ ᠤᠨ ᠭᠠᠳᠠᠨᠠᠬᠢ ᠬᠦᠳᠡᠯᠭᠡᠭᠡᠨ᠂ ᠲᠠᠸᠠᠷ ᠤᠨ ᠬᠤᠳᠠᠯᠳᠤᠭ᠎ᠠ᠂ ᠰᠤᠶᠤᠯ | ᠤᠨ ᠦᠵᠡᠭᠦᠯᠦᠯᠭᠡ᠂ ᠠᠷᠠᠳ ᠤᠨ ᠵᠠᠩ ᠵᠠᠩᠰᠢᠯ ᠢ ᠤᠶᠢᠯᠠᠭᠠᠬᠤ ᠵᠡᠷᠭᠡ ᠪᠦᠷᠢᠨ ᠲᠦᠭᠦᠷ ᠦᠢᠯᠡᠴᠢᠯᠡᠭᠡ ᠶᠢ | ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠳᠤ ᠤᠯᠠᠮ ᠨᠢᠭᠡ ᠠᠯᠬᠤᠮ ᠲᠦᠭᠦᠮ ᠦᠵᠡᠭᠦᠯᠦᠨ᠎ᠡ᠃ | ᠬᠦᠳᠡᠭᠡ ᠲᠤᠰᠬᠤᠨ ᠤ ᠵᠢᠭᠤᠯᠴᠢᠯᠠᠯ ᠤᠨ ᠰᠤᠷᠠᠭ ᠴᠢᠮᠡᠭᠡ ᠶᠢᠨ ᠲᠠᠪᠴᠠᠩ ᠢ ᠪᠦᠲᠦᠭᠡᠨ ᠪᠠᠶᠢᠭᠤᠯᠬᠤ ᠶᠢ | ᠲᠦᠷᠭᠡᠳᠬᠡᠨ᠂ ᠰᠦᠯᠵᠢᠶ᠎ᠡ ᠪᠠᠷ ᠳᠠᠮᠵᠢᠨ ᠤᠷᠢᠳᠴᠢᠯᠠᠵᠤ ᠵᠠᠬᠢᠶᠠᠯᠠᠬᠤ᠂ ᠮᠦᠩᠬᠦ ᠲᠤᠰᠢᠶᠠᠬᠤ᠂ ᠬᠠᠷᠢᠯᠴᠠᠬᠤ ᠵᠡᠷᠭᠡ | ᠦᠢᠯᠡᠳᠦᠯ ᠢ ᠪᠦᠷᠢᠨ ᠲᠡᠭᠦᠰ ᠪᠤᠯᠭᠠᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠶᠤᠨᠴᠢᠯᠠᠬᠤ ᠶᠢ | ᠠᠬᠢᠭᠤᠯᠤᠨ᠎ᠠ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ | ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ | ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ | ᠵᠦᠪᠯᠡᠯ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | ᠲᠦᠷᠪᠡ᠂ ᠰᠤᠶᠤᠯ ᠤᠨ ᠠᠭᠤᠯᠤᠭᠳᠠᠬᠤᠨ ᠢᠶᠠᠨ ᠪᠠᠶᠠᠯᠢᠭᠵᠢᠭᠤᠯᠤᠨ᠂ ᠦᠢᠯᠡᠳᠭᠦᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ | 9. ᠬᠦᠳᠡᠭᠡ ᠲᠤᠰᠬᠤᠨ ᠤ ᠵᠢᠭᠤᠯᠴᠢᠯᠠᠯ ᠤᠨ ᠰᠤᠶᠤᠯ ᠤᠨ ᠤᠨᠴᠠᠯᠢᠭ ᠢ ᠲᠤᠪᠤᠶᠢᠯᠭᠠᠨ᠎ᠠ | ᠬᠠᠮᠠᠭᠠᠯᠠᠭᠰᠠᠨ ᠰᠠᠭᠤᠷᠢᠨ ᠲᠡᠭᠡᠷ᠎ᠡ᠂ ᠲᠡᠦᠬᠡ ᠶᠢᠨ ᠲᠤᠷᠠᠰᠬᠠᠯᠲᠤ ᠵᠦᠢᠯ ᠤᠨ ᠡᠷᠲᠡᠨ ᠤ ᠦᠯᠡᠳᠡᠭᠳᠡᠯ᠂ | ᠤᠯᠠᠮᠵᠢᠯᠠᠯᠲᠦ ᠲᠤᠰᠬᠤᠨ᠂ ᠦᠨᠳᠦᠰᠦᠲᠡᠨ ᠤ ᠤᠨᠴᠠᠯᠢᠭᠲᠦ ᠲᠤᠰᠬᠤᠨ᠂ ᠤᠯᠠᠮᠵᠢᠯᠠᠯᠲᠦ ᠪᠠᠷᠢᠯᠭ᠎ᠠ᠂ ᠲᠠᠷᠢᠶᠠᠯᠠᠩ | ᠤᠨ ᠦᠯᠡᠳᠡᠭᠳᠡᠯ ᠤᠯᠠ ᠮᠦᠷ᠂ ᠤᠰᠤᠯᠠᠯᠲᠠ ᠶᠢᠨ ᠢᠨᠵᠧᠨᠧᠷ ᠤᠨᠦᠪ ᠬᠦᠷᠦᠩᠬᠡ᠂ ᠲᠠᠷᠢᠶᠠᠯᠠᠩ ᠤᠨ ᠰᠤᠶᠤᠯ ᠤᠨ | ᠦᠪ ᠬᠦᠷᠦᠩᠬᠡ᠂ ᠪᠤᠳᠠᠰ ᠤᠨ ᠪᠤᠰᠤ ᠰᠤᠶᠤᠯ ᠤᠨ ᠦᠪ ᠬᠦᠷᠦᠩᠬᠡ ᠵᠡᠷᠭᠡ ᠶᠢ ᠪᠦᠲᠦᠮᠵᠢᠲᠠᠢ ᠠᠰᠢᠭᠯᠠᠨ ᠬᠦᠳᠡᠭᠡ | ᠲᠤᠰᠬᠤᠨ ᠤ ᠵᠢᠭᠤᠯᠴᠢᠯᠠᠯ ᠤᠨ ᠦᠢᠯᠡᠳᠬᠦᠨ ᠢ ᠨᠡᠬᠡᠭᠡᠬᠦ ᠳᠤ ᠠᠭᠤᠰᠤᠭᠤᠯᠤᠨᠠ᠃ ᠲᠡᠦᠬᠡ ᠶᠢᠨ ᠲᠤᠷᠠᠰᠬᠠᠯᠲᠤ | ᠵᠦᠢᠯᠡᠰ ᠤᠨ ᠡᠬᠢ ᠪᠠᠶᠠᠯᠢᠭ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠠᠮᠲᠤᠷᠠᠨ ᠬᠦᠭᠵᠢᠬᠦ ᠶᠢ ᠠᠬᠢᠭᠤᠯᠤᠨ᠂ | ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠬᠤ ᠬᠦᠷᠢᠶ᠎ᠡ ᠬᠡᠪᠴᠢᠶᠡᠨ ᠳᠤ ᠭᠠᠵᠠᠷ ᠤᠷᠤᠨ ᠳᠤ ᠨᠢ | ᠲᠤᠬᠢᠷᠠᠭᠰᠠᠨ ᠦᠢᠯᠡᠴᠢᠯᠡᠭᠡᠨ ᠤ ᠦᠢᠯᠡᠰ ᠪᠠ ᠰᠡᠯᠡᠭᠦᠴᠡᠯ ᠲᠠᠷᠢᠶᠠᠯᠠᠩ ᠢ ᠲᠤᠬᠢᠷᠠᠮᠵᠢᠲᠠᠢ ᠬᠦᠭᠵᠢᠭᠦᠯᠬᠦ ᠶᠢ ᠳᠡᠮᠵᠢᠨ᠂ | ᠲᠡᠦᠬᠡ ᠶᠢᠨ ᠲᠤᠷᠠᠰᠬᠠᠯᠲᠤ ᠵᠦᠢᠯᠡᠰ ᠤᠨ ᠬᠦᠷᠢᠶ᠎ᠡ ᠬᠡᠪᠴᠢᠶᠡᠨ ᠳᠤ ᠰᠤᠳᠤᠯᠤᠨ ᠰᠤᠷᠬᠤ ᠵᠢᠭᠤᠯᠴᠢᠯᠠᠯ ᠤᠨ | ᠱᠤᠭᠤᠮ ᠢ ᠲᠠᠨᠢᠯᠴᠠᠭᠤᠯᠤᠨ ᠠᠬᠢᠭᠤᠯᠤᠨ᠎ᠠ᠃ ᠲᠡᠦᠬᠡ ᠶᠢᠨ ᠲᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ | ᠠᠷᠠᠳ ᠢᠷᠭᠡᠨ ᠤ ᠬᠡᠪ ᠴᠢᠨᠠᠷ ᠪᠠ ᠨᠡᠶᠢᠭᠡᠮ ᠵᠢᠷᠦᠮ ᠤᠨ ᠪᠤᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠠᠵᠤ | ᠠᠬᠤᠢ ᠨᠡᠶᠢᠭᠡᠮ ᠤᠨ ᠬᠦᠭᠵᠢᠯᠲᠡ ᠳᠤ ᠴᠢᠬᠤᠯᠠ ᠦᠢᠯᠡᠲᠦᠯ ᠢ ᠪᠠᠳᠠᠷᠠᠭᠤᠯᠤᠨ᠎ᠠ᠃ ᠬᠦᠳᠡᠭᠡ ᠲᠤᠰᠬᠤᠨ ᠤ ᠤᠷᠤᠨ | ᠭᠠᠵᠠᠷ ᠤᠨ ᠤᠨᠴᠠᠯᠢᠭᠲᠦ ᠰᠤᠶᠤᠯ᠂ ᠦᠨᠲᠦᠰᠦᠲᠡᠨ ᠤ ᠠᠷᠠᠳ ᠤᠨ ᠰᠤᠶᠤᠯ᠂ ᠤᠯᠠᠮᠵᠢᠯᠠᠯᠲᠦ ᠭᠠᠷ ᠤᠷᠠᠯᠠᠯ᠂ | ᠤᠯᠠᠮᠵᠢᠯᠠᠯᠲᠤ ᠰᠢ ᠵᠦᠴᠦᠭᠡ ᠲᠠᠭᠤᠤᠷᠢᠯᠢᠭ ᠵᠡᠷᠭᠡ ᠶᠢ ᠤᠯᠠᠮᠵᠢᠯᠠᠨ ᠬᠦᠭᠵᠢᠭᠦᠯᠵᠤ᠂ ᠢᠯᠡᠳᠬᠡᠭᠦ ᠬᠡᠯᠪᠡᠷᠢ ᠪᠠᠨ | ᠰᠢᠨᠡᠳᠬᠡᠨ᠂ ᠬᠦᠳᠡᠭᠡ ᠲᠤᠰᠬᠤᠨ ᠤ ᠰᠤᠶᠤᠯ ᠵᠢᠭᠤᠯᠴᠢᠯᠠᠯ ᠤᠨ ᠦᠢᠯᠡᠳᠭᠦᠨ ᠢ ᠨᠡᠭᠡᠭᠡᠨ ᠬᠦᠭᠵᠢᠭᠦᠯᠵᠤ᠂ ᠬᠦᠳᠡᠭᠡ | ᠲᠤᠰᠬᠤᠨ ᠤ ᠵᠢᠭᠤᠯᠴᠢᠯᠠᠯ ᠤᠨ ᠵᠢᠭᠤᠯᠴᠢᠯᠠᠭᠴᠢᠳ ᠤᠯᠠᠨ ᠴᠤᠭᠯᠠᠷᠠᠳᠠᠭ ᠰᠠᠭᠤᠷᠢᠨ ᠭᠠᠵᠠᠷ ᠲᠤ ᠲᠦᠰᠢᠭᠯᠡᠨ | ᠤᠯᠠᠮᠵᠢᠯᠠᠯᠲᠦ ᠭᠠᠷ ᠤᠷᠠᠯᠠᠯ ᠤᠨ ᠦᠢᠯᠡᠳᠭᠦᠨ ᠢ ᠦᠢᠯᠡᠳᠪᠦᠷᠢᠯᠡᠬᠦ᠂ ᠲᠦᠯᠦᠪᠯᠡᠬᠦ ᠪᠠ ᠬᠦᠳᠡᠭᠡ ᠲᠤᠰᠬᠤᠨ ᠤ | ᠵᠢᠭᠤᠯᠴᠢᠯᠠᠯ ᠤᠨ ᠬᠦᠭᠵᠢᠯᠲᠡ ᠶᠢ ᠤᠷᠭᠠᠨᠢᠭ ᠢᠶᠠᠷ ᠤᠶᠠᠯᠳᠤᠭᠤᠯᠤᠨ ᠲᠦᠯᠬᠢᠨ ᠠᠬᠢᠭᠤᠯᠤᠨ᠎ᠠ᠃ ᠬᠦᠳᠡᠭᠡ | ᠲᠤᠰᠬᠤᠨ ᠪᠠ ᠲᠤᠰᠬᠠᠢ ᠮᠡᠷᠭᠡᠵᠢᠯ ᠤᠨ ᠤᠷᠠᠯᠢᠭ ᠤᠨ ᠬᠤᠷᠢᠶ᠎ᠠ ᠪᠦᠯᠭᠦᠮ ᠲᠠᠢ ᠬᠠᠮᠲᠤᠷᠠᠯᠴᠠᠬᠤ ᠶᠢ | ᠵᠤᠷᠢᠭᠵᠢᠭᠤᠯᠤᠨ᠂ ᠤᠨᠴᠠᠯᠢᠭ ᠨᠢ ᠢᠯᠡᠷᠬᠡᠢ᠂ ᠭᠠᠵᠠᠷ ᠤᠷᠤᠨ ᠤ ᠨᠡᠶᠢᠭᠡᠮ ᠤᠨ ᠰᠤᠶᠤᠯ ᠢ ᠬᠠᠷᠠᠭᠤᠯᠤᠭᠰᠠᠨ | ᠰᠢᠯᠢᠳᠡᠭ ᠰᠤᠶᠤᠯ ᠵᠢᠭᠤᠯᠴᠢᠯᠠᠯ ᠢ ᠵᠤᠬᠢᠶᠠᠨ ᠪᠠᠶᠢᠭᠤᠯᠤᠨ᠎ᠠ᠃ ᠬᠦᠳᠡᠭᠡ ᠲᠤᠰᠬᠤᠨ ᠤ ᠤᠨᠴᠠᠯᠢᠭᠲᠦ ᠰᠤᠶᠤᠯ ᠤᠨ | ᠦᠪ ᠬᠦᠷᠦᠩᠭᠡ ᠶᠢ ᠶᠡᠭᠡ ᠪᠠᠷ ᠬᠦᠭᠵᠢᠭᠦᠯᠦᠨ᠂ ᠬᠦᠳᠡᠭᠡ ᠲᠤᠰᠬᠤᠨ ᠳᠤ ᠬᠤᠪᠢᠰᠬᠠᠯ ᠤᠨ ᠵᠢᠭᠤᠯᠴᠢᠯᠠᠯ᠂ | ᠰᠤᠳᠤᠯᠤᠨ ᠰᠤᠷᠤᠯᠴᠠᠬᠤ ᠵᠢᠭᠤᠯᠴᠢᠯᠠᠯ ᠢ ᠬᠦᠭᠵᠢᠭᠦᠯᠬᠦ ᠶᠢ ᠳᠡᠮᠵᠢᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ | ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ | ᠪᠠᠶᠢᠭᠤᠯᠤᠯᠳᠠ ᠶᠢᠨ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ | ᠶᠠᠮᠤᠨ᠂ ᠲᠡᠦᠬᠡ ᠶᠢᠨ ᠲᠤᠷᠠᠰᠬᠠᠯᠲᠤ ᠵᠦᠢᠯ ᠤᠨ ᠲᠤᠪᠴᠢᠶ᠎ᠠ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ | ᠬᠠᠷᠢᠭᠤᠴᠠᠨ᠎ᠠ᠃︶ | 10. ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠤ ᠲᠦᠷᠦᠯ ᠵᠦᠢᠯ ᠢ ᠪᠠᠶᠠᠯᠢᠭᠵᠢᠭᠤᠯᠤᠨ᠎ᠠ | ᠵᠢᠭᠤᠯᠴᠢᠯᠠᠭᠴᠢᠳ ᠤᠨ ᠲᠤᠭᠤᠷᠢᠨ ᠦᠵᠡᠬᠦ᠂ ᠵᠤᠭᠠᠴᠠᠬᠤ᠂ ᠠᠮᠠᠷᠠᠬᠤ᠂ ᠪᠡᠶ᠎ᠡ ᠰᠤᠪᠢᠯᠠᠬᠤ᠂ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ᠂ ᠰᠤᠶᠤᠯ ᠢ ᠤᠶᠢᠯᠠᠭᠠᠬᠤ ᠵᠡᠷᠬᠡ ᠤᠯᠠᠨ ᠶᠠᠩᠵᠤ ᠶᠢᠨ ᠱᠠᠭᠠᠷᠳᠠᠯᠭ᠎ᠠ ᠶᠢ | ᠭᠦᠢᠴᠡᠳᠬᠡᠨ᠂ ᠤᠯᠠᠮᠵᠢᠯᠠᠯᠲᠤ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠤ ᠳᠡᠰ ᠳᠡᠪᠰᠢᠬᠦ ᠶᠢ | ᠠᠬᠢᠭᠤᠯᠤᠨ᠂ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠡᠭᠦᠳᠦᠨ ᠪᠦᠲᠦᠭᠡᠬᠦ | ᠶᠢ ᠲᠦᠷᠭᠡᠳᠬᠡᠨ᠂ ᠤᠲᠤ ᠦᠶ᠎ᠡ ᠶᠢᠨ ᠲᠠᠷᠢᠢᠶᠠᠯᠠᠩ ᠤᠨ ᠬᠦᠭᠵᠢᠯᠲᠡ ᠲᠠᠢ ᠤᠶᠠᠯᠳᠤᠭᠤᠯᠤᠨ᠂ ᠨᠢᠭᠡ ᠪᠦᠯᠦᠭ | ᠰᠡᠯᠡᠭᠦᠴᠡᠯ ᠲᠠᠷᠢᠶᠠᠯᠠᠩ ᠤᠨ ᠰᠢᠯᠢᠳᠡᠭ ᠬᠦᠷᠢᠶᠡᠯᠡᠩ᠂ ᠲᠠᠷᠢᠶᠠᠯᠠᠩ ᠤᠨ ᠴᠡᠴᠡᠷᠯᠢᠭ᠂ ᠬᠦᠳᠡᠭᠡ ᠲᠤᠰᠬᠤᠨ ᠤ ᠠᠵᠤ | ᠦᠢᠯᠡᠳᠪᠦᠷᠢ ᠶᠢᠨ ᠠᠭᠤᠰᠤᠯᠴᠠᠨ ᠬᠦᠭᠵᠢᠭᠰᠡᠨ ᠵᠢᠱᠢᠶᠡᠴᠢ ᠲᠠᠷᠢᠶᠠᠯᠠᠩ᠂ ᠬᠦᠳᠡᠭᠡ ᠲᠤᠰᠬᠤᠨ ᠤ | ᠶᠡᠷᠦᠩᠬᠡᠶᠢᠯᠡᠭᠰᠡᠨ ᠴᠤᠭᠴᠠ᠂ ᠲᠠᠷᠢᠶᠠᠯᠠᠩ ᠮᠠᠯ ᠠᠵᠤ ᠠᠬᠤᠢ ᠶᠢ ᠪᠦᠲᠦᠭᠡᠨ ᠪᠠᠶᠢᠭᠤᠯᠵᠤ᠂ ᠰᠡᠯᠡᠭᠦᠴᠡᠯ | ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠢᠯᠡᠰ ᠤᠨ ᠪᠠᠶᠢᠳᠠᠯ ᠢ ᠬᠠᠶᠢᠨ ᠬᠦᠭᠵᠢᠭᠦᠯᠦᠨ᠎ᠡ | ᠃ ᠬᠦᠳᠡᠭᠡ ᠲᠤᠰᠬᠤᠨ ᠤ ᠠᠭᠤᠯᠠᠷᠬᠠᠭ ᠭᠠᠵᠠᠷ ᠤᠨ ᠡᠬᠢ ᠪᠠᠶᠠᠯᠢᠭ᠂ ᠤᠢ ᠰᠢᠭᠤᠢ ᠶᠢᠨ ᠡᠬᠢ ᠪᠠᠶᠠᠯᠢᠭ᠂ ᠤᠰᠤᠨ | ᠤ ᠡᠬᠢ ᠪᠠᠶᠠᠯᠢᠭ᠂ ᠭᠠᠵᠠᠷ ᠤᠨ ᠢᠯᠴᠢ ᠬᠢᠭᠡᠳ ᠮᠦᠰᠦ ᠴᠠᠰᠤᠨ ᠤ ᠡᠬᠢ ᠪᠠᠶᠠᠯᠢᠭ ᠢ ᠤᠶᠠᠯᠳᠤᠭᠤᠯᠤᠨ ᠤᠢ | ᠰᠢᠭᠤᠢ ᠤᠨ ᠦᠵᠡᠮᠵᠢ ᠦᠵᠡᠬᠦ᠂ ᠠᠭᠤᠯᠠᠨ ᠭᠠᠵᠠᠷ ᠤᠨ ᠵᠤᠭᠠᠴᠠᠯ᠂ ᠤᠰᠤᠨ ᠤᠷᠤᠨ ᠤ ᠰᠡᠯᠡᠭᠦᠴᠡᠯ᠂ ᠮᠦᠰᠦ | ᠴᠠᠰᠤᠨ ᠤ ᠲᠤᠭᠯᠠᠭᠠᠮ᠂ ᠬᠠᠯᠠᠭᠤᠨ ᠷᠠᠰᠢᠶᠠᠨ ᠳᠤ ᠪᠡᠶ᠎ᠡ ᠰᠤᠪᠢᠯᠠᠬᠤ ᠮᠡᠲᠦ ᠶᠢᠨ ᠵᠢᠭᠤᠯᠴᠢᠯᠠᠯ ᠤᠨ ᠦᠢᠯᠡᠳᠭᠦᠨ | ᠢ ᠬᠦᠭᠵᠢᠭᠦᠯᠦᠨ᠎ᠡ᠃ ᠨᠦᠬᠦᠴᠡᠯ ᠲᠠᠢ ᠭᠠᠵᠠᠷ ᠤᠷᠤᠨ ᠤ ᠬᠦᠳᠡᠭᠡ ᠲᠤᠰᠬᠤᠨ ᠤ ᠵᠢᠭᠤᠯᠴᠢᠯᠠᠯ ᠪᠠ ᠬᠢᠳᠠᠳ ᠡᠮ | ᠡᠮᠨᠡᠯᠭᠡ ᠶᠢ ᠤᠶᠠᠯᠳᠤᠭᠤᠯᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠦᠢᠯᠡᠳᠭᠦᠨ ᠢ ᠪᠦᠲᠦᠭᠡᠨ ᠨᠡᠬᠡᠬᠡᠬᠦ | ᠶᠢ ᠵᠤᠷᠢᠭᠵᠢᠭᠤᠯᠤᠨ᠎ᠠ᠃ ᠬᠦᠳᠡᠭᠡ ᠲᠤᠰᠬᠤᠨ ᠤ ᠭᠠᠵᠠᠷ ᠲᠠᠷᠢᠶ᠎ᠠ᠂ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ | ᠵᠡᠷᠭᠡ ᠡᠬᠢ ᠪᠠᠶᠠᠯᠢᠭ ᠢ ᠪᠦᠷᠢᠮᠦᠰᠦᠨ ᠠᠰᠢᠭᠯᠠᠨ ᠬᠦᠳᠡᠭᠡ ᠲᠤᠰᠬᠤᠨ ᠤ ᠠᠷᠠᠳ ᠤᠨ ᠬᠤᠨᠤᠬᠤ ᠭᠠᠵᠠᠷ᠂ | ᠨᠠᠰᠤᠲᠠᠨ ᠢ ᠠᠰᠠᠷᠠᠬᠤ ᠭᠠᠵᠠᠷ ᠵᠡᠷᠭᠡ ᠲᠦᠷᠦᠯ ᠵᠦᠢᠯ ᠢ ᠨᠡᠭᠡᠭᠡᠨ ᠪᠦᠲᠦᠭᠡᠨ ᠪᠠᠶᠢᠭᠤᠯᠤᠨ᠎ᠠ᠃ ᠲᠤᠬᠠᠢ ᠶᠢᠨ ᠭᠠᠵᠠᠷ | ᠤᠨ ᠪᠠᠶᠢᠭᠠᠯᠢ ᠪᠠ ᠰᠤᠶᠤᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠤᠨᠴᠠᠯᠢᠭᠲᠦ ᠠᠷᠠᠳ ᠤᠨ | ᠬᠤᠨᠤᠬᠤ ᠭᠠᠵᠠᠷ ᠢ ᠪᠠᠶᠢᠭᠤᠯᠤᠨ᠂ ᠰᠤᠶᠤᠯ ᠤᠨ ᠤᠯᠠᠮᠵᠢᠯᠠᠯ ᠪᠠ ᠪᠦᠲᠦᠭᠡᠯᠴᠢ ᠲᠦᠯᠦᠪᠯᠡᠭᠡ ᠶᠢ ᠳᠡᠭᠡᠭᠰᠢᠯᠡᠭᠦᠯᠬᠦ | ᠶᠢ ᠪᠡᠶᠡᠯᠡᠭᠦᠯᠬᠦ᠂ ᠡᠷᠬᠢᠯᠡᠭᠰᠡᠨ ᠠᠵᠢᠯ ᠤᠨ ᠪᠠᠷᠢᠮᠵᠢᠶ᠎ᠠ ᠪᠠᠨ ᠲᠡᠭᠦᠯᠳᠡᠷᠵᠢᠭᠦᠯᠦᠨ᠂ ᠦᠢᠯᠡᠴᠢᠯᠡᠭᠡᠨ ᠤ ᠬᠢᠷᠢ ᠬᠡᠮᠵᠢᠶ᠎ᠡ | ᠪᠠᠨ ᠳᠡᠭᠡᠭᠰᠢᠯᠡᠭᠦᠯᠦᠨ᠂ ᠤᠨᠤᠴᠠᠲᠠᠢ ᠡᠵᠡᠩᠨᠡᠨ ᠪᠤᠷᠤᠯᠠᠭᠤᠯᠤᠯᠲᠠ ᠶᠢ ᠰᠦᠪᠡᠭᠴᠢᠯᠡᠨ᠂ ᠰᠤᠬᠤᠷ ᠪᠠᠯᠠᠢ ᠪᠠᠷ | ᠤᠷᠤᠰᠬᠠᠯ ᠢ ᠳᠠᠭᠠᠬᠤ ᠪᠠ ᠲᠤᠤᠷ᠎ᠠ ᠬᠢᠷᠢ ᠲᠦᠪᠰᠢᠨ ᠤ ᠲᠠᠭᠤᠷᠢᠶᠠᠮᠠᠯ ᠠᠵᠢᠯᠯᠠᠭ᠎ᠠ ᠠᠴᠠ ᠵᠠᠶᠢᠯᠠᠰᠬᠢᠨ᠂ ᠤᠯᠠᠨ | ᠡᠰᠢᠲᠦ ᠪᠡᠯᠡ ᠤᠷᠤᠭᠤᠯᠤᠯᠲᠠ ᠶᠢᠨ ᠭᠤᠤᠯ ᠴᠤᠭᠴᠠ ᠶᠢ ᠤᠷᠤᠭᠤᠯᠤᠨ᠂ ᠬᠦᠳᠡᠭᠡ ᠲᠤᠰᠬᠤᠨ ᠤ ᠠᠷᠠᠳ ᠤᠨ | ᠬᠤᠨᠤᠬᠤ ᠭᠠᠵᠠᠷ ᠤᠨ ᠤᠯᠠᠨ ᠶᠠᠩᠵᠤ᠂ ᠦᠪᠡᠷᠮᠢᠴᠠ ᠴᠢᠨᠠᠷ ᠲᠠᠢ᠂ ᠲᠤᠰᠬᠠᠶᠢᠵᠢᠭᠰᠠᠨ ᠬᠦᠭᠵᠢᠯᠲᠡ ᠶᠢ | ᠠᠬᠢᠭᠤᠯᠤᠨ᠎ᠠ᠃ ᠤᠷᠤᠨ ᠨᠤᠲᠤᠭ ᠤᠨ ᠤᠨᠴᠠᠯᠢᠭ ᠪᠦᠬᠦᠢ ᠬᠤᠪᠴᠠᠰᠤ ᠬᠤᠨᠠᠷ ᠵᠠᠰᠠᠯ ᠴᠢᠮᠡᠭ᠂ ᠭᠠᠷ ᠤᠷᠠᠯᠠᠯ ᠤᠨ | ᠦᠢᠯᠡᠳᠭᠦᠨ᠂ ᠲᠠᠷᠢᠶᠠᠯᠠᠩ ᠤᠨ ᠪᠠ ᠲᠤᠰᠠᠯᠠᠬᠤ ᠴᠢᠨᠠᠷ ᠲᠠᠢ ᠨᠤᠲᠤᠭ ᠤᠨ ᠤᠨᠴᠠ ᠭᠠᠷᠤᠯᠲᠠ ᠶᠢᠨ ᠦᠢᠯᠡᠳᠭᠦᠨ᠂ | ᠵᠢᠭᠤᠯᠴᠢᠯᠠᠯ ᠤᠨ ᠲᠤᠷᠠᠰᠬᠠᠯ ᠤᠨ ᠪᠤᠳᠠᠰ ᠵᠡᠷᠭᠡ ᠵᠢᠭᠤᠯᠴᠢᠯᠠᠯ ᠤᠨ ᠲᠠᠸᠠᠷ ᠢ ᠨᠡᠭᠡᠭᠡᠬᠦ ᠶᠢ ᠵᠤᠷᠢᠭᠵᠢᠭᠤᠯᠤᠨ᠎ᠠ᠃ ︵ | ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ | ᠲᠤᠰᠬᠤᠨ ᠤ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ | ᠪᠡᠶ᠎ᠡ ᠲᠠᠮᠢᠷ ᠤᠨ ᠶᠡᠷᠦᠩᠬᠡᠢ ᠲᠤᠪᠴᠢᠶ᠎ᠠ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | 11. ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪᠰᠢᠨ ᠢᠶᠠᠨ | ᠳᠡᠭᠡᠭᠰᠢᠯᠡᠭᠦᠯᠦᠨ᠎ᠡ | ᠬᠦᠳᠡᠭᠡ ᠲᠤᠰᠬᠤᠨ ᠤ ᠵᠢᠭᠤᠯᠴᠢᠯᠠᠯ ᠤᠨ ᠡᠯ᠎ᠡ ᠬᠦᠷᠢᠶ᠎ᠡ᠂ ᠡᠯ᠎ᠡ ᠵᠠᠩᠬᠢᠯᠠᠭ᠎ᠠ ᠶᠢᠨ ᠦᠢᠯᠡᠴᠢᠯᠡᠭᠡᠨ ᠤ | ᠲᠦᠷᠢᠮ ᠪᠠ ᠪᠠᠷᠢᠮᠵᠢᠶ᠎ᠠ ᠶᠢ ᠲᠤᠭᠲᠠᠭᠠᠨ ᠲᠡᠭᠦᠯᠳᠡᠷᠵᠢᠭᠦᠯᠦᠨ᠂ ᠡᠵᠡᠩᠨᠡᠭᠴᠢ᠂ ᠬᠠᠮᠢᠶᠠᠷᠤᠭᠴᠢ᠂ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠮᠡᠷᠭᠡᠵᠢᠯ ᠴᠢᠳᠠᠪᠤᠷᠢ ᠶᠢ ᠬᠦᠮᠦᠵᠢᠭᠦᠯᠦᠨ ᠪᠤᠯᠪᠠᠰᠤᠷᠠᠭᠤᠯᠬᠤ ᠶᠢ ᠴᠢᠩᠭᠠᠳᠬᠠᠨ | ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠵᠢᠭᠤᠯᠴᠢᠯᠠᠯ ᠤᠨ ᠤᠶᠢᠯᠠᠭᠠᠭᠳᠠᠬᠤᠨ ᠪᠠ ᠦᠢᠯᠡᠴᠢᠯᠡᠭᠡᠨ ᠤ ᠤᠬᠠᠮᠰᠠᠷ᠂ | ᠪᠤᠯᠪᠠᠰᠤᠨ ᠳᠠᠳᠬᠠᠯ ᠢ ᠳᠡᠭᠡᠭᠰᠢᠯᠡᠭᠦᠯᠦᠨ᠂ ᠡᠵᠡᠩᠨᠡᠨ ᠬᠠᠮᠢᠶᠠᠷᠬᠤ ᠮᠡᠷᠭᠡᠵᠢᠯ ᠢ ᠡᠵᠡᠮᠰᠢᠨ᠎ᠡ᠃ ᠲᠡᠷᠢᠭᠦᠨ ᠤ ᠰᠤᠶᠤᠯ | ᠂ ᠰᠢᠨᠵᠢᠯᠡᠬᠦ ᠤᠬᠠᠭᠠᠨᠴᠢ ᠠᠷᠭ᠎ᠠ ᠪᠠᠷᠢᠯ ᠢ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠤᠶᠢᠯᠠᠭᠠᠬᠤ᠂ | ᠦᠢᠯᠡᠴᠢᠯᠡᠬᠦ ᠪᠠ ᠬᠠᠮᠢᠶᠠᠷᠤᠯᠳᠠ ᠶᠢᠨ ᠶᠠᠪᠤᠴᠨ ᠳᠤ ᠪᠠᠨ ᠬᠡᠷᠡᠭᠯᠡᠬᠦ ᠶᠢ ᠵᠤᠷᠢᠭᠵᠢᠭᠤᠯᠤᠨ ᠬᠦᠳᠡᠭᠡ ᠲᠤᠰᠬᠤᠨ ᠤ | ᠵᠢᠭᠤᠯᠴᠢᠯᠠᠯ ᠤᠨ ᠬᠦᠭᠵᠢᠯᠲᠡ ᠶᠢᠨ ᠮᠡᠳᠡᠯᠭᠡ ᠶᠢᠨ ᠬᠡᠮᠵᠢᠶ᠎ᠡ ᠪᠠᠨ ᠨᠡᠮᠡᠭᠳᠡᠭᠦᠯᠦᠨ᠎ᠡ᠃ ᠲᠤᠰᠬᠠᠢ ᠮᠡᠷᠭᠡᠵᠢᠯ ᠤᠨ | ᠰᠠᠶᠢᠨ ᠲᠤᠷᠠᠴᠤᠳ ᠤᠨ ᠬᠦᠳᠡᠭᠡ ᠲᠤᠰᠬᠤᠨ ᠢ ᠲᠤᠰᠠᠯᠠᠬᠤ ᠠᠵᠢᠯᠯᠠᠭ᠎ᠠ ᠶᠢ ᠶᠡᠭᠡ ᠪᠠᠷ ᠦᠷᠨᠢᠭᠦᠯᠦᠨ᠂ ᠲᠤᠰᠬᠠᠢ | ᠮᠡᠷᠭᠡᠵᠢᠯᠳᠡᠳ ᠤᠨ ᠬᠦᠳᠡᠭᠡ ᠲᠤᠰᠬᠤᠨ ᠤ ᠦᠵᠡᠮᠵᠢ ᠶᠢᠨ ᠵᠢᠷᠤᠭ ᠤᠨ ᠲᠦᠯᠦᠪᠯᠡᠭᠡ᠂ ᠬᠦᠳᠡᠭᠡ ᠲᠤᠰᠬᠤᠨ ᠤ | ᠵᠢᠭᠤᠯᠴᠢᠯᠠᠯ ᠢ ᠰᠡᠳᠦᠨ ᠲᠦᠯᠦᠪᠯᠡᠬᠦ ᠠᠵᠢᠯᠯᠠᠭᠠᠨ ᠳᠤ ᠤᠷᠤᠯᠴᠠᠬᠤ ᠶᠢ ᠵᠤᠷᠢᠭᠵᠢᠭᠤᠯᠤᠨ᠎ᠠ᠃ ᠬᠡᠯᠬᠢᠶᠡᠵᠢᠭᠰᠡᠨ᠂ | ᠨᠠᠶᠢᠳᠠᠨ ᠬᠠᠮᠢᠶᠠᠷᠤᠭᠤᠯᠤᠭᠰᠠᠨ᠂ ᠬᠠᠮᠲᠤ ᠪᠠᠷ ᠡᠳ᠋ᠯᠡᠭᠰᠡᠨ᠂ ᠭᠡᠰᠢᠭᠦᠨ ᠤ ᠲᠦᠷᠢᠮ᠂ ᠴᠠᠭ ᠤᠨ ᠬᠤᠪᠢᠶᠠᠷᠢ ᠶᠢᠨ | ᠲᠦᠷᠢᠮ᠂ ᠡᠷᠬᠢᠯᠡᠭᠰᠡᠨ ᠠᠵᠢᠯ ᠤᠨ ᠳᠠᠭᠠᠭᠠᠮᠠᠯ ᠤᠨ ᠲᠦᠷᠢᠮ ᠵᠡᠷᠭᠡ ᠤᠲᠤ ᠦᠶ᠎ᠡ ᠶᠢᠨ ᠡᠵᠡᠩᠨᠡᠯ ᠬᠠᠮᠢᠶᠠᠷᠤᠯᠲᠠ | ᠶᠢᠨ ᠬᠡᠯᠪᠡᠷᠢ ᠶᠢ ᠰᠦᠪᠡᠭᠴᠢᠯᠡᠨ ᠬᠡᠷᠡᠭᠯᠡᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠬᠦ ᠴᠢᠳᠠᠪᠤᠷᠢ ᠪᠠ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ | ᠬᠦᠳᠡᠭᠡ ᠲᠤᠰᠬᠤᠨ ᠤ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | ᠲᠠᠪᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠳᠡᠭ ᠢ ᠡᠭᠦᠳᠦᠨ ᠪᠠᠶᠢᠭᠤᠯᠵᠤ᠂ ᠵᠠᠬ᠎ᠠ ᠳᠡᠯᠭᠡᠭᠦᠷ ᠤᠨ | ᠡᠵᠡᠩᠨᠡᠨ ᠪᠣᠷᠤᠯᠠᠭᠤᠯᠤᠯᠲᠠ ᠶᠢ ᠦᠷᠭᠡᠳᠬᠡᠨ᠎ᠡ | 12. ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠲᠡᠭ ᠤᠨ ᠰᠢᠰᠲ᠋ᠧᠮ ᠢ ᠪᠠᠶᠢᠭᠤᠯᠤᠨ᠎ᠠ | ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠲᠡᠮᠳᠡᠭ ᠤᠨ ᠲᠤᠬᠠᠢ ᠦᠵᠡᠯ ᠤᠬᠠᠮᠰᠠᠷ ᠢ ᠪᠤᠢ ᠪᠤᠯᠭᠠᠨ᠂ | ᠨᠡᠷᠡᠲᠦ ᠳᠡᠮᠳᠡᠭ ᠤᠨ ᠲᠦᠷᠢ ᠲᠦᠷᠭᠦ ᠶᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ | ᠳᠡᠮᠳᠡᠭ ᠤᠨ ᠨᠦᠯᠦᠭᠡᠯᠡᠬᠦ ᠬᠦᠴᠦᠨ ᠪᠠ ᠦᠷᠢᠰᠤᠯᠳᠦᠬᠦ ᠬᠦᠴᠦᠨ ᠢ ᠴᠢᠩᠭᠠᠳᠬᠠᠨ᠎ᠠ᠃ ᠡᠯ᠎ᠡ ᠭᠠᠵᠠᠷ ᠤᠨ ᠬᠦᠳᠡᠭᠡ | ᠲᠤᠰᠬᠤᠨ ᠤ ᠵᠢᠭᠤᠯᠴᠢᠯᠠᠯ ᠤᠨ ᠰᠢᠯᠢᠳᠡᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠤᠷᠢᠭᠵᠢᠭᠤᠯᠤᠨ᠂ ᠨᠢᠬᠡ | ᠪᠦᠯᠦᠭ ᠤᠨᠴᠠᠯᠢᠭ ᠨᠢ ᠲᠤᠲᠤ᠂ ᠳᠠᠪᠠᠭᠤᠯᠢᠭ ᠨᠢ ᠲᠤᠪᠤᠶᠢᠮ᠎ᠠ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ | ᠳᠡᠮᠳᠡᠭ ᠢ ᠳᠡᠯᠭᠡᠷᠡᠭᠦᠯᠦᠨ᠂ ᠪᠦᠬᠦ ᠲᠠᠯ᠎ᠠ ᠶᠢᠨ᠂ ᠤᠯᠠᠨ ᠲᠠᠪᠬᠤᠷᠭᠠᠲᠤ ᠬᠦᠳᠡᠭᠡ ᠲᠤᠰᠠᠬᠤᠨ ᠤ ᠵᠢᠭᠤᠯᠴᠢᠯᠠᠯ ᠤᠨ | ᠨᠡᠷᠡᠲᠦ ᠲᠡᠮᠳᠡᠭ ᠤᠨ ᠰᠢᠰᠲ᠋ᠧᠮ ᠢ ᠪᠠᠶᠢᠭᠤᠯᠤᠨ᠎ᠠ᠃ ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ | ᠭᠤᠤᠯᠳᠠᠯᠭ᠎ᠠ ᠲᠠᠢ ᠲᠤᠰᠬᠤᠨ ᠤ ᠨᠡᠷ᠎ᠡ ᠶᠢᠨ ᠪᠦᠷᠢᠳᠬᠡᠯ ᠬᠢᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ | ᠰᠢᠯᠢᠳᠡᠭ ᠢᠨᠵᠧᠨᠧᠷᠢᠩ ᠢ ᠦᠷᠨᠢᠭᠦᠯᠦᠨ᠂ ᠪᠦᠬᠦ ᠤᠯᠤᠰ ᠲᠤ ᠨᠢᠬᠡ ᠪᠦᠯᠦᠭ ᠬᠦᠳᠡᠭᠡ ᠲᠤᠰᠬᠤᠨ ᠤ ᠵᠢᠭᠤᠯᠴᠢᠯᠠᠯ | ᠤᠨ ᠰᠢᠯᠢᠳᠡᠭ ᠲᠤᠰᠬᠤᠨ᠂ ᠰᠢᠯᠢᠳᠡᠭ ᠨᠢᠭᠡᠴᠢ ᠶᠢ ᠪᠤᠶᠢᠵᠢᠭᠤᠯᠤᠨ᠎ᠠ᠃ ᠨᠦᠬᠦᠴᠡᠯ ᠪᠦᠷᠢᠳᠦᠭᠰᠡᠨ ᠭᠠᠵᠠᠷ ᠤᠷᠤᠨ | ᠳᠤ ᠬᠦᠳᠡᠭᠡ ᠲᠤᠰᠬᠤᠨ ᠤ ᠬᠤᠷᠠᠮᠳᠤᠨ ᠬᠦᠭᠵᠢᠬᠦ ᠶᠢ ᠵᠤᠷᠢᠭᠵᠢᠭᠤᠯᠤᠨ᠂ ᠨᠦᠯᠦᠭᠡᠯᠡᠬᠦ ᠬᠦᠴᠦᠨ ᠲᠠᠢ ᠬᠦᠳᠡᠭᠡ | ᠲᠤᠰᠬᠤᠨ ᠤ ᠵᠢᠭᠤᠯᠴᠢᠯᠠᠯ ᠤᠨ ᠵᠤᠷᠢᠭᠰᠠᠨ ᠭᠠᠵᠠᠷ ᠢ ᠢᠲᠡᠪᠬᠢᠲᠠᠢ ᠪᠠᠶᠢᠭᠤᠯᠤᠨ᠎ᠠ᠃ ᠡᠬᠢ ᠪᠠᠶᠠᠯᠢᠭ ᠤᠨ ᠨᠦᠬᠦᠴᠡᠯ | ᠰᠠᠶᠢᠲᠠᠢ᠂ ᠰᠠᠭᠤᠷᠢ ᠲᠦᠭᠦᠭᠡᠷᠦᠮᠵᠢ ᠨᠢ ᠲᠡᠭᠦᠯᠳᠡᠷᠵᠢᠭᠰᠡᠨ᠂ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠨᠢ | ᠪᠦᠷᠢᠨᠰᠢᠭᠰᠡᠨ ᠬᠦᠳᠡᠭᠡ ᠲᠤᠰᠬᠤᠨ ᠤ ᠵᠢᠭᠤᠯᠴᠢᠯᠠᠯ ᠤᠨ ᠴᠡᠭ ᠤᠨA ᠳᠡᠰ ᠤᠨ ᠦᠵᠡᠮᠵᠢ ᠶᠢᠨ ᠤᠷᠤᠨ᠂ | ᠤᠨᠴᠠᠯᠢᠭᠲᠤ ᠵᠢᠵᠢᠭ ᠪᠠᠯᠭᠠᠰᠣ ᠵᠡᠷᠭᠡ ᠨᠡᠷᠡᠲᠦ ᠲᠡᠮᠳᠡᠭ ᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠶᠢ | ᠳᠡᠮᠵᠢᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ | ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ ᠡᠭᠦᠷᠭᠡ | ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | 13. ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠨ ᠪᠤᠷᠤᠯᠠᠭᠤᠯᠤᠯᠳᠠ ᠶᠢᠨ ᠬᠡᠯᠪᠡᠷᠢ ᠶᠢ ᠰᠢᠨ᠎ᠡ ᠪᠠᠷ | ᠡᠭᠦᠳᠦᠨ᠎ᠡ | ᠵᠠᠰᠠᠭ ᠤᠨ ᠤᠷᠳᠤᠨ ᠤ ᠢᠳᠡᠪᠬᠢ ᠦᠢᠯᠡᠳᠤᠯ ᠢ ᠪᠠᠳᠠᠷᠠᠭᠤᠯᠤᠨ᠂ ᠨᠡᠶᠢᠭᠡᠮᠤᠨ ᠬᠦᠴᠦᠨ ᠬᠦᠳᠡᠭᠡ | ᠲᠤᠰᠬᠤᠨ ᠤ ᠵᠢᠭᠤᠯᠴᠢᠯᠠᠯ ᠤᠨ ᠤᠬᠠᠭᠤᠯᠤᠨ ᠲᠡᠯᠭᠡᠷᠡᠭᠦᠯᠭᠦ ᠪᠠ ᠤᠯᠠᠮᠵᠢᠯᠠᠬᠤ ᠦᠢᠯᠡᠴᠢᠯᠡᠭᠡ ᠳᠤ ᠤᠷᠤᠯᠴᠠᠬᠤ ᠶᠢ | ᠵᠤᠷᠢᠭᠵᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠬᠠᠭᠤᠯᠬᠤ ᠬᠦᠳᠡᠯᠭᠡᠭᠡᠨ ᠢ ᠡᠯ᠎ᠡ ᠭᠠᠵᠠᠷ ᠲᠤ | ᠦᠷᠨᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠵᠤᠴᠢᠳ ᠤᠨ ᠢᠷᠡᠯᠲᠡ ᠶᠢᠨ ᠵᠠᠬ᠎ᠠ ᠲᠡᠯᠭᠡᠭᠦᠷ ᠢ | ᠦᠷᠭᠡᠳᠬᠡᠨ᠎ᠡ᠃ ᠲᠧᠯᠸᠢᠰ᠂ ᠷᠠᠳᠢᠣ᠋ ᠬᠤᠷᠢᠶ᠎ᠠ᠂ ᠰᠤᠨᠢᠨ ᠵᠡᠷᠭᠡ ᠤᠯᠠᠮᠵᠢᠯᠠᠯᠲᠦ ᠵᠠᠭᠤᠴᠢᠯᠠᠭᠤᠷ ᠤᠨ ᠡᠬᠢ ᠪᠠᠶᠠᠯᠢᠭ | ᠲᠤ ᠲᠦᠰᠢᠭᠯᠡᠨ᠂ ᠵᠢᠭᠤᠯᠴᠢᠯᠠᠯ ᠤᠨ ᠲᠡᠯᠭᠡᠷᠡᠭᠦᠯᠦᠨ ᠲᠠᠨᠢᠯᠴᠠᠭᠤᠯᠬᠤ ᠬᠤᠷᠠᠯ᠂ ᠦᠵᠡᠰᠭᠦᠯᠡᠩ᠂ ᠴᠢᠬᠤᠯᠠ | ᠬᠦᠳᠡᠯᠭᠡᠭᠡᠨ ᠵᠡᠷᠭᠡ ᠲᠡᠪᠴᠠᠩ ᠢ ᠠᠰᠢᠭᠯᠠᠨ ᠬᠦᠳᠡᠭᠡ ᠲᠤᠰᠬᠤᠨ ᠤ ᠵᠢᠭᠤᠯᠴᠢᠯᠠᠯ ᠤᠨ ᠤᠬᠠᠭᠤᠯᠭ᠎ᠠ ᠪᠠᠨ | ᠦᠷᠭᠡᠳᠬᠡᠨ᠎ᠡ᠃ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠦᠳᠡᠭᠡ ᠲᠤᠰᠬᠤᠨ ᠤ ᠵᠢᠭᠤᠯᠴᠢᠯᠠᠯ ᠤᠨ ᠰᠤᠪᠠᠭ ᠪᠠᠶᠢᠭᠤᠯᠬᠤ ᠶᠢ | ᠳᠡᠮᠵᠢᠨ᠂ ᠰᠦᠯᠵᠢᠶᠡᠨ ᠲᠡᠭᠡᠷ᠎ᠡ ᠤᠬᠠᠭᠤᠯᠤᠨ ᠲᠡᠯᠭᠡᠷᠡᠭᠦᠯᠭᠦ ᠪᠠ ᠦᠢᠯᠡᠳᠭᠦᠨ ᠪᠤᠷᠤᠯᠠᠭᠤᠯᠬᠤ ᠵᠡᠷᠭᠡ ᠶᠢ | ᠦᠷᠨᠢᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ | ᠲᠠᠷᠢᠶᠠᠯᠠᠩ ᠬᠦᠳᠡᠭᠡ ᠲᠤᠰᠬᠤᠨ ᠤ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃ | ︶ | | ᠵᠢᠷᠭᠤᠭ᠎ᠠ᠂ ᠲᠠᠷᠢᠶᠠᠴᠢᠨ ᠤ ᠠᠰᠢᠭ ᠬᠦᠷᠲᠡᠭᠦ ᠶᠢ ᠴᠢᠬᠤᠯᠠᠴᠢᠯᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ | ᠰᠢᠪᠲᠤᠯᠬᠤ ᠳᠤ ᠬᠦᠴᠦᠨ ᠨᠡᠮᠡᠷᠢᠯᠡᠨ᠎ᠡ | 14. ᠬᠦᠭᠵᠢᠯᠲᠡ ᠶᠢᠨ ᠬᠡᠯᠪᠡᠷᠢ ᠶᠢ ᠰᠦᠪᠡᠭᠴᠢᠯᠡᠨ ᠲᠡᠯᠭᠡᠷᠡᠭᠦᠯᠦᠨ᠎ᠡ | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠵᠢᠭᠤᠯᠴᠢᠯᠠᠭᠴᠢᠳ ᠤᠨ ᠡᠬᠢ ᠪᠠᠶᠠᠯᠢᠭ ᠤᠨ ᠳᠠᠪᠠᠭᠤᠯᠢᠭ | ᠢᠶᠠᠨ ᠠᠰᠢᠭᠯᠠᠨ᠂ ᠬᠠᠮᠤᠭ ᠶᠡᠭᠡ ᠬᠡᠮᠵᠢᠶ᠎ᠡ ᠪᠠᠷ ᠵᠢᠭᠤᠯᠴᠢᠯᠠᠯ ᠤᠨ ᠡᠬᠢ ᠪᠠᠶᠠᠯᠢᠭ ᠢᠶᠠᠨ ᠤᠬᠠᠭᠤᠯᠤᠨ | ᠲᠠᠨᠢᠯᠴᠠᠭᠤᠯᠤᠨ ᠲᠡᠯᠭᠡᠷᠡᠭᠦᠯᠭᠦ ᠶᠢᠨ ᠬᠠᠮᠲᠤ ᠵᠢᠭᠤᠯᠴᠢᠯᠠᠭᠴᠢᠳ ᠢ ᠵᠤᠬᠢᠶᠠᠨ ᠪᠠᠶᠢᠭᠤᠯᠵᠤ᠂ ᠬᠠᠮᠲᠤᠷᠠᠨ ᠡᠵᠡᠩᠨᠡᠨ | ᠪᠤᠷᠤᠯᠠᠭᠤᠯᠬᠤ ᠵᠡᠷᠭᠡ ᠬᠡᠯᠪᠡᠷᠢ ᠪᠠᠷ ᠵᠠᠬ᠎ᠠ ᠲᠡᠯᠭᠡᠭᠦᠷ ᠤᠨ ︽ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠨᠢ | ᠲᠤᠰᠬᠤᠨ ᠢᠶᠠᠨ ᠳᠠᠭᠠᠭᠤᠯᠬᠤ︾ ᠬᠡᠪ ᠮᠠᠶ᠋ᠢᠭ ᠢ ᠬᠠᠮᠲᠤ ᠪᠠᠷ ᠨᠡᠬᠡᠬᠡᠭᠦ ᠶᠢ ᠳᠡᠮᠵᠢᠨ᠎ᠡ᠃ ᠦᠵᠡᠮᠵᠢ ᠶᠢᠨ ᠤᠷᠤᠨ ᠤ | ᠡᠷᠬᠢᠨ ᠲᠤᠭᠤᠷᠢᠨ ᠢᠶᠠᠨ ᠨᠡᠶᠢᠳᠡᠮ ᠲᠠᠶᠢᠴᠢᠯᠠᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠭᠦ ᠶᠢ | ᠢᠳᠡᠪᠬᠢᠲᠠᠢ ᠠᠬᠢᠭᠤᠯᠤᠨ᠂ ᠬᠦᠳᠡᠭᠡ ᠲᠤᠰᠬᠤᠨ ᠪᠠ ᠦᠵᠡᠮᠵᠢ ᠶᠢᠨ ᠤᠷᠤᠨ ᠤ ᠬᠠᠮᠲᠤ ᠤᠷᠤᠰᠢᠨ᠂ ᠬᠠᠮᠲᠤ | ᠬᠦᠭᠵᠢᠬᠦ᠂ ᠬᠠᠮᠲᠤ ᠪᠠᠶᠢᠭᠤᠯᠤᠨ ᠬᠠᠮᠲᠤ ᠡᠳ᠋ᠯᠡᠬᠦ ︽ᠦᠵᠡᠮᠵᠢ ᠶᠢᠨ ᠤᠷᠤᠨ ᠨᠢ ᠲᠤᠰᠬᠤᠨ ᠢᠶᠠᠨ ᠳᠠᠭᠠᠭᠤᠯᠬᠤ︾ | ᠬᠡᠪ ᠮᠠᠶ᠋ᠢᠭ ᠢ ᠲᠦᠯᠦᠪᠰᠢᠷᠡᠭᠦᠯᠦᠨᠡ᠃ ᠡᠵᠡᠩᠨᠡᠯᠲᠡ ᠶᠢᠨ ᠴᠢᠳᠠᠪᠤᠷᠢ ᠲᠠᠢ᠂ ᠬᠠᠮᠢᠶᠠᠷᠤᠯᠲᠠ ᠳᠤ ᠪᠠᠨ ᠴᠢᠳᠠᠮᠠᠭᠠᠢ | ᠲᠤᠰ ᠭᠠᠵᠠᠷ ᠤᠨ ᠪᠤᠶᠤ ᠨᠤᠲᠤᠭ ᠲᠤ ᠪᠠᠨ ᠪᠤᠴᠠᠭᠰᠠᠨ ᠴᠢᠳᠠᠪᠤᠷᠢᠲᠠᠨ ᠤ ᠵᠢᠭᠤᠯᠴᠢᠯᠠᠯ ᠳᠤ ᠪᠡᠯᠡ ᠤᠷᠤᠭᠤᠯᠬᠤ᠂ | ᠠᠵᠢᠯ ᠤᠯᠭᠤᠯᠲᠠ ᠶᠢ ᠰᠢᠩᠭᠡᠭᠡᠨ ᠠᠪᠬᠤ᠂ ᠠᠳᠠᠯ ᠦᠢᠯᠡᠰ ᠴᠤᠭᠴᠠᠯᠠᠬᠤ ᠶᠢ ᠳᠠᠶᠢᠴᠢᠯᠠᠬᠤ ᠠᠷᠭ᠎ᠠ ᠪᠠᠷ | ᠲᠠᠷᠢᠶᠠᠴᠢᠳ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ︽ᠴᠢᠳᠠᠪᠤᠷᠢᠳᠠᠨ ᠡᠷᠦᠬᠡ ᠶᠢ | ᠲᠠᠭᠠᠭᠤᠯᠬᠤ︾ ᠬᠡᠪ ᠮᠠᠶ᠋ᠢᠭ ᠢ ᠬᠦᠴᠦᠲᠡᠢ ᠳᠡᠮᠵᠢᠨ᠎ᠡ᠃ ᠠᠵᠤ ᠠᠬᠤᠶᠢᠯᠠᠯ ᠢ ᠬᠦᠳᠡᠭᠡ ᠲᠤᠰᠬᠤᠨ ᠤ ᠵᠢᠭᠤᠯᠴᠢᠯᠠᠯ | ᠤᠨ ᠡᠵᠡᠩᠨᠡᠯᠲᠡ ᠶᠢᠨ ᠤᠲᠤᠷᠢᠲᠤᠮᠵᠢ ᠪᠤᠯᠭᠠᠬᠤ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠲᠤᠬᠠᠢ ᠶᠢᠨ ᠭᠠᠵᠠᠷ | ᠤᠨ ᠲᠤᠰᠬᠤᠨ ᠤ ᠠᠷᠠᠳ ᠤᠨ ᠡᠵᠡᠩᠨᠡᠯᠲᠡ ᠪᠤᠶᠤ ᠬᠠᠮᠢᠶᠠᠷᠤᠯᠲᠠ ᠶᠢᠨ ︽ᠺᠤᠮᠫᠠᠨᠢ + ᠲᠠᠷᠢᠶᠠᠴᠢᠨ︾ ᠭᠡᠪ ᠮᠠᠶ᠋ᠢᠭ | ᠢ ᠰᠢᠩᠭᠡᠭᠡᠨ ᠠᠪᠤᠨ᠎ᠠ᠃ ᠲᠤᠰᠬᠠᠶᠢᠵᠢᠭᠤᠯᠤᠭᠰᠠᠨ ᠦᠢᠯᠡᠴᠢᠯᠡᠭᠡᠨ ᠪᠠ ᠬᠡᠪᠴᠢᠶᠡᠰᠢᠭᠰᠡᠨ ᠡᠵᠡᠩᠨᠡᠯᠲᠡ ᠶᠢᠨ | ᠬᠠᠷᠢᠯᠴᠠᠨ ᠤᠶᠠᠯᠳᠤᠭᠰᠠᠨ ︽ᠬᠤᠷᠰᠢᠶ᠎ᠠ + ᠲᠠᠷᠢᠶᠠᠴᠢᠨ︾ ᠤ ᠬᠡᠪ ᠮᠠᠶ᠋ᠢᠭ ᠢ ᠤᠳᠤᠷᠢᠲᠤᠨ ᠲᠦᠷᠢᠮᠵᠢᠭᠦᠯᠦᠨ᠎ᠡ᠃ | ᠡᠯ᠎ᠡ ᠭᠠᠵᠠᠷ ᠤᠨ ᠪᠤᠲᠠᠲᠠᠢ ᠠᠴᠠ ᠡᠭᠦᠰᠦᠨ᠂ ᠤᠯᠠᠨ ᠡᠳᠡᠭᠡᠳ ᠤᠷᠤᠯᠴᠠᠨ᠂ ᠪᠠᠶᠢᠭᠤᠯᠤᠮᠵᠢ ᠨᠢ ᠲᠡᠭᠦᠯᠳᠡᠷᠵᠢᠭᠰᠡᠨ᠂ | ᠬᠠᠷᠢᠯᠴᠠᠨ ᠠᠰᠢᠭᠯᠠᠨ ᠬᠠᠮᠲᠤ ᠪᠠᠷ ᠤᠯᠬᠤ ᠶᠢᠨ ᠰᠢᠨ᠎ᠡ ᠬᠡᠪ ᠮᠠᠶ᠋ᠢᠭ ᠰᠢᠨ᠎ᠡ ᠬᠢᠭᠦ ᠠᠷᠭ᠎ᠠ ᠶᠢ ᠢᠳᠡᠪᠬᠢᠲᠡᠢ | ᠰᠦᠪᠡᠭᠴᠢᠯᠡᠨ ᠲᠡᠯᠭᠡᠷᠡᠭᠦᠯᠭᠦ ᠶᠢ ᠵᠤᠷᠢᠭᠵᠢᠭᠤᠯᠤᠨ᠂ ᠲᠤᠭᠳᠠᠮᠠᠯ ᠴᠢᠨᠠᠷ ᠲᠤᠭᠳᠠᠮᠠᠯ ᠬᠡᠮᠵᠢᠶ᠎ᠡ ᠲᠠᠢ ᠵᠠᠳᠠᠯᠤᠨ | ᠰᠢᠨᠵᠢᠯᠡᠬᠦ ᠠᠵᠢᠯ ᠤᠨ ᠡᠬᠡ ᠳᠠᠩᠰᠠ ᠶᠢ ᠪᠠᠶᠢᠭᠤᠯᠤᠨ᠂ ᠵᠢᠭᠤᠯᠴᠢᠯᠠᠯ ᠤᠨ ᠶᠠᠳᠠᠭᠤ ᠶᠢ ᠳᠡᠳᠭᠦᠭᠦ ᠠᠵᠢᠯ ᠢ | ᠳ᠋ᠦᠩᠨᠡᠨ ᠲᠡᠯᠭᠡᠷᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ | ᠶᠠᠮᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ | ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶ | 15. ᠠᠰᠢᠭ ᠲᠤᠰᠠ ᠪᠠ ᠪᠠᠶᠢᠭᠤᠯᠤᠮᠵᠢ ᠶᠢᠨ ᠬᠤᠯᠪᠤᠯᠳᠤᠬᠤ ᠶᠢ ᠲᠡᠭᠦᠯᠳᠡᠷᠵᠢᠭᠦᠯᠦᠨ᠎ᠡ | ᠭᠤᠤᠯᠳᠠᠯᠭ᠎ᠠ ᠪᠠᠨ ᠲᠤᠪᠤᠶᠢᠯᠭᠠᠨ᠂ ᠤᠨᠴᠠᠭᠠᠢ ᠶᠠᠳᠠᠭᠤ ᠬᠦᠴᠢᠷᠳᠡᠯ ᠲᠠᠢ ᠭᠠᠵᠠᠷ ᠤᠷᠤᠨ ᠨᠢ ᠵᠢᠭᠤᠯᠴᠢᠯᠠᠯ | ᠢᠶᠠᠷ ᠶᠠᠳᠠᠭᠤ ᠶᠢ ᠳᠡᠳᠭᠦᠭᠦ ᠠᠵᠢᠯ ᠢ ᠰᠠᠶᠢᠲᠤᠷ ᠬᠢᠨ᠎ᠡ᠃ ᠤᠯᠠᠨ ᠡᠰᠢ ᠶᠢᠨ ᠠᠰᠢᠭ ᠲᠤᠰᠠ ᠪᠠ ᠪᠠᠶᠢᠭᠤᠯᠤᠮᠵᠢ | ᠶᠢᠨ ᠬᠤᠯᠪᠤᠯᠳᠠᠬᠤ ᠶᠢ ᠪᠠᠶᠢᠭᠤᠯᠤᠨ ᠪᠦᠷᠢᠨᠰᠢᠭᠦᠯᠦᠨ᠂ ᠲᠠᠷᠢᠶᠠᠴᠢᠳ ᠲᠤ ᠨᠡᠩ ᠰᠠᠶᠢᠨ ᠵᠢᠭᠤᠯᠴᠢᠯᠠᠯ ᠤᠨ | ᠬᠦᠭᠵᠢᠯᠲᠡ ᠶᠢᠨ ᠠᠰᠢᠭ ᠤᠯᠵᠠᠪᠤᠷᠢ ᠶᠢ ᠬᠤᠪᠢᠶᠠᠯᠴᠠᠨ ᠡᠳ᠋ᠯᠡᠭᠦᠯᠵᠤ᠂ ᠲᠠᠷᠢᠶᠠᠴᠢᠳ ᠤᠨ ᠤᠷᠤᠯᠴᠠᠬᠤ ᠴᠢᠨᠠᠷ ᠪᠠ | ᠬᠦᠷᠳᠡᠮᠵᠢ ᠶᠢᠨ ᠰᠡᠳᠬᠢᠭᠳᠡᠯ ᠢ ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠡᠳ᠋ ᠬᠦᠷᠦᠩᠭᠡ ᠪᠤᠯᠭᠠᠬᠤ᠂ ᠲᠠᠷᠢᠶᠠᠴᠢᠨ ᠢ | ᠬᠤᠪᠢ ᠤᠷᠤᠭᠤᠯᠤᠭᠴᠢ ᠪᠤᠯᠭᠠᠬᠤ ᠠᠷᠭ᠎ᠠ ᠬᠡᠮᠵᠢᠶ᠎ᠡ ᠶᠢ ᠰᠦᠪᠡᠭᠴᠢᠯᠡᠨ᠂ ᠲᠤᠰᠬᠤᠨ ᠤ ᠬᠠᠮᠲᠤ ᠨᠡᠶᠢᠲᠡ ᠪᠠ | ᠠᠷᠠᠳ ᠢ ᠳᠠᠭᠠᠭᠤᠯᠤᠨ ᠪᠡᠯᠡ ᠮᠦᠩᠭᠦ᠂ ᠮᠡᠷᠭᠡᠵᠢᠯ᠂ ᠭᠠᠵᠠᠷ ᠰᠢᠷᠤᠢ᠂ ᠰᠢᠭᠤᠢ ᠲᠠᠢ ᠭᠠᠵᠠᠷ᠂ ᠭᠡᠷ ᠪᠠᠶᠢᠰᠢᠩ ᠵᠢᠴᠢ | ᠬᠦᠳᠡᠭᠡ ᠲᠤᠰᠬᠤᠨ ᠤ ᠵᠢᠭᠤᠯᠴᠢᠯᠠᠯ ᠤᠨ ᠬᠤᠷᠰᠢᠶ᠎ᠠ ᠳᠤ ᠬᠤᠪᠢ ᠤᠷᠤᠭᠤᠯᠤᠨ ᠵᠢᠭᠤᠯᠴᠢᠯᠠᠯ ᠤᠨ ᠠᠵᠤ ᠠᠬᠤᠶᠢᠯᠠᠯ | ᠠᠰᠢᠭ ᠬᠦᠷᠲᠡᠨ᠂ ᠠᠵᠤ ᠠᠬᠤᠶᠢᠯᠠᠯ ᠤᠨ ᠪᠠᠲᠤᠯᠭᠠᠲᠤ ᠤᠷᠤᠯᠭ᠎ᠠ ᠬᠤᠪᠢᠶᠠᠬᠤ ᠶᠢ ᠵᠤᠷᠢᠭᠵᠢᠭᠤᠯᠤᠨ᠎ᠠ᠃ ᠶᠠᠳᠠᠭᠤ | ᠬᠦᠴᠢᠷᠳᠡᠯ ᠲᠠᠢ ᠭᠠᠵᠠᠷ ᠤᠷᠤᠨ ᠳᠤ ᠨᠢᠭᠡ ᠪᠦᠯᠦᠭ ᠬᠦᠳᠡᠭᠡ ᠲᠤᠰᠬᠤᠨ ᠤ ᠠᠷᠠᠳ ᠤᠨ ᠬᠤᠨᠤᠬᠤ ᠭᠡᠷ ᠢ | ᠦᠭᠡᠷᠡᠴᠢᠯᠡᠨ ᠭᠤᠤᠯᠳᠠᠯᠭ᠎ᠠ ᠲᠠᠢ ᠵᠢᠭᠤᠯᠴᠢᠯᠠᠯ ᠢᠶᠠᠷ ᠶᠠᠳᠠᠭᠤ ᠶᠢ ᠳᠡᠳᠭᠦᠭᠦ ᠲᠦᠷᠦᠯ ᠵᠦᠢᠯ ᠪᠤᠯᠭᠠᠨ ᠪᠡᠶᠡᠯᠡᠭᠦᠯᠭᠦ | ᠪᠠᠷ ᠳᠠᠮᠵᠢᠨ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ ᠤᠲᠤᠷᠢᠳᠤᠨ ᠰᠤᠯᠠ ᠪᠠᠶᠢᠬᠤ ᠭᠡᠷ ᠪᠠᠶᠢᠰᠢᠩ ᠢ ᠨᠢ | ᠵᠠᠰᠠᠨ ᠰᠠᠶᠢᠵᠢᠷᠠᠭᠤᠯᠤᠨ᠂ ᠡᠯ᠎ᠡ ᠭᠠᠵᠠᠷ ᠢ ᠵᠢᠯᠤᠭᠤᠳᠤᠨ ᠦᠮᠴᠢᠯᠡᠬᠦ ᠡᠷᠭᠡ ᠨᠢ ᠨᠠᠷᠢᠨ ᠲᠤᠳᠤᠷᠬᠠᠢ ᠰᠠᠭᠤᠷᠢᠨ | ᠳᠡᠭᠡᠷ᠎ᠡ ᠶᠠᠳᠠᠭᠤ ᠶᠢ ᠪᠠᠭᠠᠰᠬᠠᠬᠤ ᠪᠦᠲᠦᠮᠵᠢᠲᠡᠢ ᠪᠠᠶᠢᠭᠤᠯᠤᠮᠵᠢ ᠶᠢ ᠪᠠᠶᠢᠭᠤᠯᠤᠨ᠂ ᠶᠠᠳᠠᠭᠤ ᠬᠦᠴᠢᠷᠳᠡᠯ ᠲᠠᠢ ᠤᠯᠠᠨ | ᠲᠦᠮᠡᠨ ᠤ ᠠᠰᠢᠭ ᠤᠯᠵᠠᠪᠤᠷᠢ ᠶᠢ ᠨᠡᠮᠡᠭᠳᠡᠭᠦᠯᠦᠨ᠎ᠡ᠃ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠪᠠ ᠨᠤᠲᠤᠭ | ᠲᠤ ᠪᠠᠨ ᠪᠤᠴᠠᠭᠰᠠᠨ ᠬᠦᠮᠦᠰ ᠤᠨ ᠦᠢᠯᠡᠰ ᠪᠦᠲᠦᠭᠡᠨ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠯᠲᠡ ᠪᠠ | ᠦᠢᠯᠡᠴᠢᠯᠡᠭᠡᠨ ᠳᠤ ᠤᠷᠤᠯᠴᠠᠬᠤ ᠶᠢ ᠳᠡᠮᠵᠢᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠠᠵᠤ ᠠᠬᠤᠶᠢᠯᠠᠯ ᠢ | ᠵᠤᠷᠢᠭᠵᠢᠭᠤᠯᠤᠨ ᠤᠷᠢᠳᠠ ᠪᠠᠷ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠲᠤ ᠪᠠᠨ ᠠᠵᠢᠯ ᠤᠯᠭᠤᠨ᠎ᠠ᠃ ︵ | ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ | ᠶᠢᠨ ᠶᠠᠳᠠᠭᠤ ᠶᠢ ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶ | | ᠲᠤᠯᠤᠭ᠎ᠠ᠂ ᠪᠡᠯᠡ ᠮᠦᠩᠬᠦ ᠶᠢᠨ ᠡᠬᠢ ᠪᠠᠶᠠᠯᠢᠭ ᠢ ᠨᠢᠭᠡᠳᠦᠭᠦᠯᠦᠨ᠂ ᠦᠨᠳᠦᠰᠦᠨ ᠨᠦᠬᠦᠴᠡᠯ ᠤᠨ ᠪᠠᠲᠤᠯᠭ᠎ᠠ ᠶᠢ | ᠴᠢᠩᠭᠠᠷᠠᠭᠤᠯᠤᠨ᠎ᠠ | 16. ᠡᠳ᠋ ᠤᠨ ᠵᠠᠰᠠᠭ ᠤᠨ ᠪᠡᠯᠡ ᠤᠷᠤᠭᠤᠯᠬᠤ ᠪᠠᠶᠢᠭᠤᠯᠤᠮᠵᠢ ᠶᠢ ᠲᠡᠭᠦᠯᠲᠡᠷᠵᠢᠭᠦᠯᠦᠨ᠎ᠡ | ᠬᠦᠳᠡᠭᠡ ᠲᠤᠰᠬᠤᠨ ᠳᠤ ᠵᠢᠭᠤᠯᠴᠢᠯᠠᠯ ᠤᠨ ᠲᠦᠷᠦᠯ ᠵᠦᠢᠯ ᠤᠨ ᠪᠡᠯᠡ ᠮᠦᠩᠬᠦ ᠶᠢᠨ ᠲᠡᠮᠵᠢᠬᠦ ᠬᠦᠴᠦᠨ ᠢ | ᠶᠡᠭᠡᠰᠬᠡᠨ ᠨᠦᠬᠦᠴᠡᠯ ᠱᠠᠭᠠᠷᠳᠠᠯᠭ᠎ᠠ ᠲᠠᠢ ᠭᠠᠵᠠᠷ ᠤᠷᠤᠨ ᠤ ᠤᠲᠤ ᠪᠠᠶᠢᠭ᠎ᠠ ᠪᠡᠯᠡ ᠮᠦᠩᠬᠦ ᠶᠢᠨ ᠠᠷᠭ᠎ᠠ ᠵᠠᠮ ᠶᠢᠨ | ᠨᠢᠭᠡᠲᠦᠯᠲᠠᠢ ᠲᠦᠯᠦᠪᠵᠢᠭᠦᠯᠦᠨ ᠠᠰᠢᠭᠯᠠᠬᠤ ᠶᠢ ᠵᠤᠷᠢᠭᠵᠢᠭᠤᠯᠤᠨ᠂ ᠲᠤᠰᠬᠤᠨ ᠤ ᠪᠠᠨ ᠵᠢᠰᠤ ᠪᠠᠶᠢᠳᠠᠯ ᠢ | ᠳᠡᠭᠡᠭᠰᠢᠯᠡᠭᠦᠯᠬᠦ ᠶᠢ ᠢᠳᠡᠭᠬᠢᠲᠠᠢ ᠳᠡᠮᠵᠢᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠤᠰᠬᠤᠨ | ᠤ ᠵᠠᠮ᠂ ᠲᠡᠷᠭᠡᠨ ᠵᠤᠭᠰᠤᠭᠠᠯ᠂ ᠵᠤᠷᠯᠤᠩ᠂ ᠬᠤᠭ ᠨᠤᠪᠰᠢ ᠪᠤᠵᠠᠷ ᠤᠰᠤ ᠶᠢ ᠰᠢᠢᠳᠪᠦᠷᠢᠯᠡᠬᠦ ᠵᠡᠷᠭᠡ ᠰᠠᠭᠤᠷᠢ | ᠦᠢᠯᠡᠴᠢᠯᠡᠭᠡᠨ ᠤ ᠲᠦᠭᠦᠭᠡᠷᠦᠮᠵᠢ ᠶᠢ ᠰᠠᠶᠢᠵᠢᠷᠠᠭᠤᠯᠤᠨ᠎ᠠ᠃ ᠲᠤᠭᠳᠠᠭᠠᠯ ᠶᠤᠰᠤ ᠪᠠᠷ ᠨᠢᠭᠡᠲᠦᠯᠲᠠᠢ | ᠲᠦᠯᠦᠪᠵᠢᠭᠦᠯᠦᠭᠰᠡᠨ ᠬᠠᠮᠢᠶ᠎ᠠ ᠪᠦᠬᠦᠢ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠢ ᠬᠦᠮᠦᠵᠢᠭᠦᠯᠦᠨ | ᠬᠦᠭᠵᠢᠭᠦᠯᠬᠦ ᠳᠤ ᠬᠡᠷᠡᠭᠯᠡᠵᠦ ᠪᠤᠯᠤᠨ᠎ᠠ᠃ ︵ᠡᠳ᠋ ᠤᠨ ᠵᠠᠰᠠᠭ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠲᠡ | ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ | ᠬᠠᠷᠢᠭᠤᠴᠠᠨ᠎ᠠ᠃︶ | 17᠂ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ᠡᠯ᠎ᠡ ᠭᠠᠵᠠᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ | ᠳᠤ ᠬᠡᠷᠡᠭᠯᠡᠬᠦ ᠭᠠᠵᠠᠷ ᠢ ᠨᠤᠲᠤᠭ ᠲᠡᠪᠢᠰᠭᠡᠷ ᠤᠨ ᠤᠷᠤᠨ ᠵᠠᠢ ᠶᠢᠨ ᠲᠦᠯᠦᠪᠵᠢᠭᠦᠯᠬᠡ ᠪᠠ ᠭᠠᠵᠠᠷ ᠲᠠᠷᠢᠶ᠎ᠠ ᠶᠢ | ᠠᠰᠢᠭᠯᠠᠬᠤ ᠵᠢᠯ ᠤᠨ ᠲᠦᠯᠦᠪᠯᠡᠭᠡ ᠳᠤ ᠪᠠᠨ ᠤᠷᠤᠭᠤᠯᠤᠨ ᠨᠢᠭᠡᠲᠦᠯᠲᠠᠢ ᠲᠦᠯᠦᠪᠵᠢᠭᠦᠯᠦᠨ ᠲᠤᠬᠢᠷᠠᠭᠤᠯᠬᠤ | ᠬᠡᠷᠡᠭᠲᠠᠢ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠱᠠᠭᠠᠷᠳᠠᠯᠭ᠎ᠠ ᠪᠠ ᠬᠠᠮᠢᠶ᠎ᠠ ᠪᠦᠬᠦᠢ ᠲᠤᠭᠳᠠᠭᠠᠯ ᠶᠤᠰᠤ | ᠪᠠᠷ ᠬᠦᠳᠡᠭᠡ ᠲᠤᠰᠬᠤᠨ ᠤ ᠰᠤᠯᠠ ᠪᠠᠶᠢᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠬᠢ ᠰᠤᠷᠪᠤᠯᠵᠢ | ᠶᠢ ᠠᠮᠢᠲᠤᠯᠢᠭ ᠪᠤᠯᠭᠠᠨ᠂ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠨᠡᠮᠡᠭᠳᠡᠯ | ᠬᠠᠰᠤᠭᠳᠠᠯ ᠲᠠᠢ ᠬᠤᠯᠪᠤᠬᠤ ᠶᠢ ᠦᠷᠨᠢᠭᠦᠯᠦᠨ᠂ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠤᠨ᠂ ᠰᠡᠯᠡᠭᠦᠴᠡᠯ | ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠠᠬᠢᠭᠤᠯᠤᠨ᠂ ᠭᠠᠵᠠᠷ ᠲᠠᠷᠢᠶ᠎ᠠ ᠶᠢ | ᠭᠠᠮᠨᠠᠬᠤ᠂ ᠡᠷᠴᠢᠮᠯᠡᠬᠦ᠂ ᠠᠰᠢᠭᠯᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠷᠬᠢᠯᠲᠡ ᠶᠢᠨ ᠬᠡᠯᠪᠡᠷᠢ ᠪᠠᠷ ᠳᠠᠮᠵᠢᠨ | ᠲᠡᠥᠬᠡ ᠶᠢᠨ ᠲᠤᠷᠠᠰᠬᠠᠯᠲᠤ ᠵᠦᠢᠯᠡᠰ ᠤᠨ ᠪᠠᠷᠢᠯᠭ᠎ᠠ ᠳᠤ ᠬᠠᠮᠢᠶᠠᠳᠠᠬᠤ ᠲᠠᠷᠢᠶᠠᠴᠢᠳ ᠤᠨ ᠭᠡᠷ ᠪᠠᠶᠢᠰᠢᠩ ᠵᠢᠴᠢ | ᠤᠷᠤᠨ ᠰᠠᠭᠤᠴᠠ ᠶᠢᠨ ᠰᠠᠭᠤᠷᠢ ᠶᠢᠨ ᠡᠳ᠋ᠯᠡᠬᠦ ᠡᠷᠭᠡ ᠶᠢ ᠤᠯᠵᠤ᠂ ᠨᠢᠭᠡᠲᠦᠯᠲᠠᠢ ᠬᠠᠮᠠᠭᠠᠯᠠᠨ ᠨᠡᠭᠡᠭᠡᠨ ᠠᠰᠢᠭᠯᠠᠬᠤ | ᠶᠢ ᠵᠤᠷᠢᠭᠵᠢᠭᠤᠯᠤᠨ᠎ᠠ᠃ ᠲᠠᠷᠢᠶᠠᠴᠢᠳ ᠤᠨ ᠤᠷᠤᠨ ᠰᠠᠭᠤᠴᠠ ᠶᠢᠨ ᠰᠠᠭᠤᠷᠢ ᠶᠢᠨ ᠪᠤᠳᠠᠰ ᠤᠨ ᠡᠷᠭᠡ ᠶᠢᠨ ᠠᠰᠢᠭ | ᠢ ᠭᠦᠢᠴᠡᠳ ᠪᠠᠲᠤᠯᠠᠬᠤ ᠤᠷᠢᠳᠠᠯ ᠲᠤᠤᠷ᠎ᠠ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠶᠢᠯᠠᠯ ᠤᠨ ᠵᠤᠬᠢᠶᠠᠨ | ᠪᠠᠶᠢᠭᠤᠯᠤᠯᠲᠠ ᠨᠢ ᠲᠦᠷᠢᠶᠡᠰᠤᠯᠡᠭᠦᠯᠬᠦ᠂ ᠬᠤᠪᠢ ᠤᠷᠤᠬᠤ᠂ ᠬᠤᠷᠰᠢᠬᠤ ᠵᠡᠷᠭᠡ ᠬᠡᠯᠪᠡᠷᠢ ᠪᠠᠷ ᠰᠤᠯᠠ ᠪᠠᠶᠢᠬᠤ | ᠤᠷᠤᠨ ᠰᠠᠭᠤᠴᠠ ᠶᠢᠨ ᠰᠠᠭᠤᠷᠢ ᠪᠠ ᠲᠠᠷᠢᠶᠠᠴᠢᠨ ᠤ ᠭᠡᠷ ᠪᠠᠶᠢᠰᠢᠩ ᠢ ᠠᠮᠢᠲᠤᠯᠢᠭ ᠠᠰᠢᠭᠯᠠᠬᠤ ᠶᠢ ᠰᠦᠪᠡᠭᠴᠢᠯᠡᠨ᠂ | ᠲᠦᠯᠦᠪᠵᠢᠭᠦᠯᠬᠡ ᠶᠢᠨ ᠱᠠᠭᠠᠷᠳᠠᠯᠭ᠎ᠠ ᠪᠠ ᠬᠡᠷᠡᠭᠯᠡᠬᠦ ᠭᠠᠵᠠᠷ ᠤᠨ ᠪᠠᠷᠢᠮᠵᠢᠶ᠎ᠠ ᠪᠠᠷ ᠬᠦᠳᠡᠭᠡ ᠲᠤᠰᠬᠤᠨ ᠤ | ᠵᠢᠭᠤᠯᠴᠢᠯᠠᠯ ᠤᠨ ᠬᠦᠯᠢᠶᠡᠨ ᠵᠤᠴᠢᠯᠠᠬᠤ ᠪᠠ ᠬᠦᠳᠡᠯᠭᠡᠭᠡᠨ ᠬᠢᠬᠦ ᠭᠠᠵᠠᠷ ᠢ ᠰᠢᠨᠡᠳᠬᠡᠨ ᠵᠠᠰᠠᠵᠤ ᠪᠠᠶᠢᠭᠤᠯᠤᠨ᠎ᠠ᠃ | ᠲᠡᠥᠬᠡ ᠶᠢᠨ ᠦᠯᠡᠳᠡᠭᠳᠡᠯ ᠦᠢᠯᠡᠳᠪᠦᠷᠢ ᠠᠭᠤᠷᠬᠠᠢ ᠶᠢᠨ ᠬᠠᠶᠠᠭᠳᠠᠯ ᠤᠨ ᠭᠠᠵᠠᠷ ᠢ ᠲᠠᠬᠢᠨ ᠠᠰᠢᠭᠯᠠᠬᠤ ᠶᠢ ᠲᠠᠮᠵᠢᠨ | ᠠᠭᠯᠠᠭ ᠲᠠᠩ ᠵᠡᠷᠭᠡ ᠠᠰᠢᠭᠯᠠᠭᠠᠲᠤᠢ ᠭᠠᠵᠠᠷ ᠢ ᠬᠦᠳᠡᠭᠡ ᠲᠤᠰᠬᠤᠨ ᠤ ᠵᠢᠭᠤᠯᠴᠢᠯᠠᠯ ᠤᠨ ᠭᠠᠵᠠᠷ ᠪᠤᠯᠭᠠᠨ | ᠨᠡᠭᠡᠭᠡᠨ᠎ᠡ᠃ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ᠂ ᠠᠮᠢ ᠠᠬᠤᠢ | ᠤᠷᠴᠢᠨ ᠲᠤᠭᠤᠷᠢᠨ ᠤ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠤᠢ ᠰᠢᠭᠤᠢ ᠨᠤᠲᠤᠭ ᠪᠡᠯᠴᠢᠭᠡᠷ ᠤᠨ | ᠲᠤᠪᠴᠢᠶ᠎ᠠ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶ | 18᠂ ᠮᠦᠩᠭᠦᠨ ᠭᠦᠢᠯᠭᠡᠭᠡ ᠶᠢᠨ ᠲᠡᠮᠵᠢᠯᠭᠡ ᠶᠢ ᠴᠢᠩᠭᠠᠳᠬᠠᠨ᠎ᠠ | ᠮᠦᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ | ᠵᠢᠭᠡᠯᠡᠯᠭᠡ ᠶᠢᠨ ᠳᠡᠮᠵᠢᠯᠭᠡ ᠬᠠᠩᠭᠠᠬᠤ ᠶᠢ ᠵᠤᠷᠢᠭᠵᠢᠭᠤᠯᠤᠨ᠂ ᠮᠦᠩᠭᠦᠨ ᠭᠦᠢᠯᠭᠡᠭᠡ ᠶᠢᠨ ᠦᠢᠯᠡᠳᠭᠦᠨ ᠤ ᠰᠢᠨ᠎ᠡ | ᠶᠢ ᠡᠭᠦᠳᠦᠨ᠂ ᠵᠢᠭᠡᠯᠡᠯᠭᠡ ᠶᠢᠨ ᠬᠤᠷᠢᠭ᠎ᠠ ᠶᠢ ᠪᠠᠭᠤᠷᠠᠭᠤᠯᠤᠨ᠂ ᠵᠢᠭᠡᠯᠡᠯᠭᠡ ᠶᠢᠨ ᠭᠠᠷ ᠭᠦᠢᠴᠡᠳᠭᠡᠯ ᠢ ᠲᠦᠭᠦᠮᠴᠢᠯᠡᠨ | ᠂ ᠢᠲᠡᠭᠡᠮᠵᠢᠲᠦ ᠵᠢᠭᠡᠯᠡᠯᠭᠡ ᠲᠠᠯᠪᠢᠬᠤ ᠬᠦᠴᠦᠯᠡᠴᠠ ᠪᠠᠨ ᠶᠡᠬᠡᠰᠬᠡᠨ ᠬᠦᠳᠡᠭᠡ ᠲᠤᠰᠬᠤᠨ ᠤ ᠵᠢᠭᠤᠯᠴᠢᠯᠠᠯ ᠤᠨ | ᠬᠦᠲᠦᠴᠢ ᠠᠵᠤ ᠠᠬᠤᠶᠢᠯᠠᠯ ᠤᠨ ᠬᠦᠭᠵᠢᠯᠲᠡ ᠳᠤ ᠲᠤᠰᠠᠯᠠᠨ᠎ᠠ᠃ ᠬᠠᠤᠯᠢ ᠶᠤᠰᠤ ᠪᠠᠷ ᠲᠤᠭᠳᠠᠭᠠᠯ ᠳᠤ ᠨᠡᠶᠢᠴᠡᠭᠰᠡᠨ | ᠬᠦᠳᠡᠭᠡ ᠲᠤᠰᠬᠤᠨ ᠤ ᠳᠠᠭᠠᠭᠠᠴᠢᠯᠠᠭᠰᠠᠨ ᠭᠠᠵᠠᠷ ᠲᠠᠷᠢᠶ᠎ᠠ ᠶᠢᠨ ᠡᠵᠡᠩᠨᠡᠨ ᠬᠠᠮᠢᠶᠠᠷᠬᠤ ᠡᠷᠭᠡ᠂ ᠲᠠᠷᠢᠶᠠᠴᠢᠳ ᠤᠨ | ᠤᠷᠤᠨ ᠰᠠᠭᠤᠴᠠ ᠶᠢᠨ ᠡᠳ᠋ ᠬᠦᠷᠦᠩᠭᠡ ᠶᠢᠨ ᠡᠷᠭᠡ ᠪᠠᠨ ᠪᠠᠷᠢᠴᠠᠭᠠᠯᠠᠨ ᠵᠢᠭᠡᠯᠡᠯᠭᠡ ᠵᠢᠭᠡᠯᠡᠬᠦ ᠲᠤᠬᠠᠶᠢᠯᠠᠭᠰᠠᠨ | ᠠᠵᠢᠯ ᠢ ᠠᠬᠢᠭᠤᠯᠤᠨ᠂ ᠬᠠᠮᠲᠤ ᠶᠢᠨ ᠤᠢ ᠰᠢᠭᠤᠢ ᠶᠢᠨ ᠦᠮᠴᠢᠯᠡᠬᠦ ᠡᠷᠭᠡ ᠪᠠᠨ ᠪᠠᠷᠢᠴᠠᠭᠠᠯᠠᠨ ᠵᠢᠭᠡᠯᠡᠯᠭᠡ ᠠᠪᠬᠤ᠂ | ᠵᠢᠭᠤᠯᠴᠢᠯᠠᠯ ᠤᠨ ᠡᠭᠦᠳᠡᠨ ᠪᠧᠯᠲ ᠤᠨ ᠠᠰᠢᠭ ᠤᠯᠵᠠᠪᠤᠷᠢ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠬᠠᠶᠢᠯᠠᠭᠰᠠᠨ | ᠠᠵᠢᠯ ᠢ ᠢᠳᠡᠪᠬᠢᠲᠠᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠬᠡ ᠮᠦᠩᠬᠦ ᠪᠠᠨ ᠨᠡᠶᠢᠯᠡᠭᠦᠯᠬᠦ | ᠬᠡᠪᠴᠢᠶ᠎ᠡ ᠶᠢ ᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠨ ᠬᠠᠮᠢᠶᠠᠷᠤᠯᠲᠠ ᠶᠢᠨ ᠡᠷᠦᠬᠡ ᠶᠢᠨ | ᠪᠠᠭ᠎ᠠ ᠲᠤᠭ᠎ᠠ ᠶᠢᠨ ᠵᠢᠭᠡᠯᠡᠯᠭᠡ ᠠᠪᠬᠤ ᠪᠠᠷ ᠳᠠᠮᠵᠢᠨ ᠡᠬᠡ ᠮᠦᠩᠭᠦ ᠪᠠᠨ ᠨᠡᠶᠢᠯᠡᠭᠦᠯᠬᠦ ᠶᠢ ᠳᠠᠭᠠᠳᠬᠠᠯ ᠢᠶᠠᠷ | ᠪᠠᠲᠤᠯᠠᠭᠤᠯᠤᠨ᠎ᠠ᠃ ᠳᠠᠭᠠᠳᠬᠠᠯ ᠤᠨ ᠦᠢᠯᠡᠰ ᠤᠨ ᠬᠦᠳᠡᠭᠡ ᠲᠤᠰᠬᠤᠨ ᠤ ᠵᠢᠭᠤᠯᠴᠢᠯᠠᠯ ᠲᠡᠶᠢᠰᠢ ᠰᠤᠩᠭᠠᠨ | ᠤᠲᠤᠷᠢᠳᠬᠤ ᠶᠢ ᠵᠤᠷᠢᠭᠵᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠳᠠᠭᠠᠳᠬᠠᠯ ᠤᠨ ᠦᠢᠯᠡᠳᠭᠦᠨ ᠢ | ᠰᠦᠪᠡᠭᠴᠢᠯᠡᠨ ᠳᠡᠮᠵᠢᠨ᠎ᠡ᠃ ︵ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ | ᠠᠷᠠᠳ ᠤᠨ ᠪᠠᠩᠬᠢ᠂ ᠪᠠᠩᠬᠢ ᠪᠠᠲᠤᠯᠠᠨ ᠬᠠᠮᠠᠭᠠᠯᠠᠯᠲᠠ ᠶᠢᠨ ᠶᠠᠮᠤᠨ ᠲᠤᠰᠢᠶᠠᠯ ᠢᠶᠠᠷ ᠢᠶᠠᠨ ᠠᠵᠢᠯ ᠢᠶᠠᠨ | ᠬᠤᠪᠢᠶᠠᠷᠢᠯᠠᠨ ᠬᠠᠷᠢᠭᠤᠴᠠᠨ᠎ᠠ᠃︶ | 19᠂ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠬᠦᠳᠡᠭᠡ ᠲᠤᠰᠬᠤᠨ ᠤ ᠵᠢᠭᠤᠯᠴᠢᠯᠠᠯ ᠢ ᠰᠢᠶᠠᠩ ᠲᠤᠰᠬᠤᠨ ᠢ ᠬᠦᠭᠵᠢᠭᠦᠯᠬᠦ᠂ ᠡᠯ᠎ᠡ ᠱᠠᠲᠤᠨ ᠤ ᠺᠠᠳ᠋ᠷ ᠤᠨ | ᠪᠤᠯᠪᠠᠰᠤᠷᠠᠯ ᠤᠨ ᠲᠦᠯᠦᠪᠯᠡᠭᠡ ᠳᠤ ᠤᠷᠤᠭᠤᠯᠤᠨ᠂ ᠰᠢᠶᠠᠨ᠂ ᠰᠢᠶᠠᠩ ᠪᠠᠯᠭᠠᠰᠤ ᠶᠢᠨ ᠨᠠᠮ ᠵᠠᠰᠠᠭ ᠤᠨ | ᠤᠲᠤᠷᠢᠳᠤᠯᠭ᠎ᠠ ᠶᠢᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠬᠦ ᠲᠤᠰᠬᠠᠢ ᠰᠡᠲᠤᠪᠲᠤ ᠪᠤᠯᠪᠠᠰᠤᠷᠠᠯ᠂ | ᠬᠢᠨᠠᠨ ᠰᠤᠷᠭᠠᠯᠲᠠ ᠶᠢ ᠭᠡᠷ ᠲᠤ ᠨᠢ ᠬᠦᠷᠭᠡᠬᠦ᠂ ᠨᠢᠭᠡ ᠨᠢᠭᠡ ᠡᠷᠦᠬᠡ ᠪᠷ ᠶᠠᠳᠠᠭᠤ ᠶᠢ ᠳᠡᠳᠭᠦᠭᠦ ᠵᠡᠷᠭᠡ ᠬᠡᠯᠪᠡᠷᠢ ᠪᠠᠷ | ᠳᠠᠮᠵᠢᠨ᠂ ᠤᠯᠠᠨ ᠲᠠᠪᠬᠤᠷᠭᠠᠲᠤ᠂ ᠤᠯᠠᠨ ᠠᠷᠭ᠎ᠠ ᠵᠠᠮ ᠢᠶᠠᠷ ᠬᠦᠳᠡᠭᠡ ᠲᠤᠰᠬᠤᠨ ᠤ ᠵᠢᠭᠤᠯᠴᠢᠯᠠᠯ ᠤᠨ ᠪᠤᠯᠪᠠᠰᠤᠷᠠᠯ | ᠢ ᠦᠷᠨᠢᠭᠦᠯᠦᠨ᠎ᠡ᠃ ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠲᠠᠷᠢᠶᠠᠯᠠᠩ ᠬᠦᠳᠡᠭᠡ ᠲᠤᠰᠬᠤᠨ᠂ ᠰᠤᠶᠤᠯ ᠪᠠ ᠵᠢᠭᠤᠯᠴᠢᠯᠠᠯ᠂ ᠶᠠᠳᠠᠭᠤ ᠶᠢ ᠳᠡᠳᠭᠦᠭᠦ ᠵᠡᠷᠭᠡ ᠰᠠᠯᠠᠭ᠎ᠠ ᠮᠦᠴᠢᠷ ᠨᠢ | ᠬᠦᠳᠡᠭᠡ ᠲᠤᠰᠬᠤᠨ ᠤ ᠵᠢᠭᠤᠯᠴᠢᠯᠠᠯ ᠤᠨ ᠴᠢᠳᠠᠪᠤᠷᠢᠳᠠᠨ ᠢ ᠬᠦᠮᠦᠵᠢᠭᠦᠯᠬᠦ ᠶᠢ ᠪᠤᠯᠪᠠᠰᠤᠷᠠᠯ ᠤᠨ ᠲᠦᠯᠦᠪᠯᠡᠭᠡ ᠳᠤ | ᠪᠠᠨ ᠤᠷᠤᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠬᠠᠮᠢᠶᠠᠷᠤᠭᠴᠢ᠂ ᠦᠢᠯᠡᠴᠢᠯᠡᠭᠴᠢ ᠳᠤ ᠪᠠᠨ ᠴᠢᠳᠠᠪᠤᠷᠢ | ᠶᠢᠨ ᠪᠤᠯᠪᠠᠰᠤᠷᠠᠯ ᠬᠢᠵᠤ᠂ ᠪᠦᠲᠦᠴᠠ ᠨᠢ ᠵᠤᠬᠢᠰᠲᠠᠢ ᠬᠡᠪ ᠴᠢᠨᠠᠷ ᠢᠶᠠᠷ ᠨᠡᠯᠢᠶᠡᠳ ᠦᠨᠲᠦᠷ ᠬᠦᠳᠡᠭᠡ ᠲᠤᠰᠬᠤᠨ ᠤ | ᠵᠢᠭᠤᠯᠴᠢᠯᠠᠯ ᠤᠨ ᠵᠢᠭᠤᠯᠴᠢᠨ ᠢ ᠤᠯᠠᠰᠢᠷᠠᠭᠤᠯᠬᠤ ᠠᠵᠢᠯᠯᠠᠭᠠᠨ ᠢ ᠦᠷᠨᠢᠭᠦᠯᠵᠦ᠂ ᠶᠡᠭᠡ ᠰᠤᠷᠭᠠᠭᠤᠯᠢ ᠶᠢᠨ | ᠤᠶᠤᠳᠠᠨ᠂ ᠰᠤᠶᠤᠯ ᠤᠷᠠᠯᠢᠭ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠬᠦᠮᠦᠰ᠂ ᠵᠠᠯᠠᠭᠤᠴᠤᠳ ᠤᠨ | ᠦᠢᠯᠡᠰ ᠪᠦᠲᠦᠭᠡᠬᠦ ᠪᠦᠯᠬᠦᠮ ᠵᠡᠷᠭᠡ ᠡᠯ᠎ᠡ ᠲᠦᠷᠦᠯ ᠤᠨ ︽ᠵᠢᠭᠤᠯᠴᠢᠨ ᠢ ᠤᠯᠠᠰᠢᠷᠠᠭᠤᠯᠬᠤ︾ ᠶᠢ ᠵᠤᠬᠢᠶᠠᠨ | ᠪᠠᠶᠢᠭᠤᠯᠵᠤ ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ ᠪᠡᠶ᠎ᠡ ᠪᠠᠷ ᠪᠠᠨ ᠤᠷᠤᠯᠴᠠᠨ᠂ | ᠴᠢᠳᠠᠪᠤᠷᠢᠳᠠᠨ ᠤ ᠬᠦᠳᠡᠭᠡ ᠲᠤᠰᠬᠤᠨ ᠵᠦᠭ ᠰᠢᠯᠵᠢᠬᠦ ᠶᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ | ᠴᠢᠳᠠᠪᠤᠷᠢᠳᠠᠨ ᠤ ᠪᠦᠲᠦᠴᠠ ᠶᠢ ᠰᠠᠶᠢᠵᠢᠷᠠᠭᠤᠯᠤᠨ᠎ᠠ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ ᠠᠵᠢᠯ ᠢᠶᠠᠨ | ᠬᠤᠪᠢᠶᠠᠷᠢᠯᠠᠨ ᠬᠠᠷᠢᠭᠤᠴᠠᠨ᠎ᠠ᠃︶ | ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ | ᠦᠷᠭᠦᠯᠵᠢᠯᠡᠵᠦ ᠪᠤᠯᠬᠤᠶᠢᠴᠠ᠂ ᠶᠠᠰᠤ ᠴᠢᠨᠠᠷ ᠰᠠᠶᠢᠲᠠᠢ ᠬᠦᠭᠵᠢᠯᠲᠡ ᠪᠠᠷ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠴᠢᠬᠤᠯᠠ ᠠᠵᠢᠯᠯᠠᠭ᠎ᠠ ᠪᠤᠯᠭᠠᠨ᠂ ᠬᠦᠳᠡᠭᠡ ᠲᠤᠰᠬᠤᠨ ᠤ | ᠵᠢᠭᠤᠯᠴᠢᠯᠠᠯ ᠢ ᠬᠦᠭᠵᠢᠭᠦᠯᠬᠦ ᠠᠵᠢᠯ ᠢ ᠨᠢᠭᠡᠲᠦᠯᠲᠠᠢ ᠲᠦᠯᠦᠪᠵᠢᠭᠦᠯᠦᠨ ᠪᠤᠲᠠᠲᠤ ᠪᠠᠶᠢᠳᠠᠯ ᠲᠠᠢ ᠪᠠᠨ | ᠤᠶᠠᠯᠳᠤᠭᠤᠯᠤᠨ ᠰᠠᠨᠠᠯ ᠢᠶᠠᠨ ᠨᠠᠶᠢᠳᠠᠪᠤᠷᠢᠵᠢᠭᠤᠯᠬᠤ ᠪᠠ ᠪᠡᠶᠡᠯᠡᠭᠦᠯᠬᠦ ᠲᠦᠰᠦᠯ ᠢ ᠭᠠᠷᠭᠠᠨ᠂ ᠰᠠᠯᠠᠭ᠎ᠠ ᠮᠦᠴᠢᠷ | ᠤᠳ ᠠᠵᠢᠯ ᠤᠨ ᠲᠤᠰᠢᠶᠠᠯ ᠢ ᠲᠤᠲᠤ ᠪᠤᠯᠭᠠᠨ ᠪᠠᠶᠢᠴᠠᠭᠠᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠂ ᠬᠦᠳᠡᠭᠡ | ᠲᠤᠰᠬᠤᠨ ᠤ ᠵᠢᠭᠤᠯᠴᠢᠯᠠᠯ ᠤᠨ ᠭᠦᠭᠵᠢᠯᠲᠡ ᠶᠢᠨ ᠬᠦᠴᠦᠷᠭᠡᠭ ᠶᠡᠭᠡ ᠬᠦᠴᠦᠨ ᠤ ᠬᠠᠮᠲᠦᠷᠠᠯ ᠤᠨ ᠪᠦᠷᠢᠯᠲᠦᠬᠦ ᠶᠢ | ᠠᠬᠢᠭᠤᠯᠤᠨ᠂ ᠡᠯ᠎ᠡ ᠲᠦᠷᠦᠯ ᠤᠨ ᠡᠭᠦᠷᠭᠡ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ | ᠤᠷᠤᠭᠰᠢᠯᠠᠭᠤᠯᠤᠨ᠎ᠠ᠃ | | |