ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠡᠦᠬᠡᠨ ᠭᠡᠷᠡᠯ ᠵᠢᠷᠤᠭ ᠢ ᠴᠤᠭᠯᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2019/10/18
ᠨᠢᠭᠡ᠂ ᠠᠵᠢᠯᠯᠠᠭ᠎ᠠ ᠶᠢᠨ ᠵᠣᠷᠢᠯᠭ᠎ᠠ      ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠪᠣᠯ ᠮᠠᠨ ᠤ ᠤᠯᠤᠰ ᠤᠨ ᠤᠮᠠᠷᠠᠲᠤ ᠤᠷᠤᠨ ᠤ ᠨᠡᠭᠦᠳᠡᠯᠴᠢᠨ ᠦᠨᠳᠦᠰᠦᠲᠡᠨ ᠤ ᠬᠤᠪᠴᠠᠰᠤ ᠵᠠᠰᠠᠯ ᠤᠨ ᠬᠠᠮᠤᠭ ᠤᠨ ᠴᠢᠬᠤᠯᠠ ᠲᠥᠯᠥᠭᠡᠯᠡᠬᠦ ᠴᠢᠨᠠᠷᠲᠠᠶ ᠨᠢᠭᠡ ᠪᠤᠯᠤᠨ᠎ᠠ᠂ ᠮᠣᠩᠭᠤᠯ ᠦᠨᠳᠦᠰᠦᠲᠡᠨ ᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ ᠢ ᠤᠯᠠᠮ ᠴᠢᠨᠠᠭᠰᠢᠳᠠ ᠬᠠᠮᠠᠭᠠᠯᠠᠵᠤ ᠦᠪᠯᠡᠨ ᠤᠯᠠᠮᠵᠢᠯᠠᠬᠤ ᠶᠢᠨ ᠲᠥᠯᠥᠭᠡ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠡᠦᠬᠡᠨ ᠭᠡᠷᠡᠯ ᠵᠢᠷᠤᠭ ᠢ ᠴᠤᠭᠯᠠᠭᠤᠯᠬᠤ ᠠᠵᠢᠯᠯᠠᠭ᠎ᠠ ᠶᠢ ᠦᠷᠨᠢᠭᠦᠯᠬᠦ ᠪᠠᠷ ᠪᠤᠯᠪᠠ᠃ ᠬᠤᠶᠠᠷ᠂ ᠭᠤᠤᠯᠯᠠᠨ ᠭᠦᠢᠴᠡᠳᠭᠡᠬᠦ᠂ ᠳᠠᠭᠠᠭᠠᠨ ᠭᠦᠢᠴᠡᠳᠬᠡᠬᠦ ᠨᠢᠭᠡᠴᠢ      ᠭᠤᠤᠯᠯᠠᠨ ᠭᠦᠢᠴᠡᠳᠭᠡᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ      ᠳᠠᠭᠠᠭᠠᠨ ᠭᠦᠢᠴᠡᠳᠭᠡᠭᠴᠢ᠄ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ᠂ ᠥᠪᠥᠷ ᠮᠣᠩᠭᠤᠯ ᠤᠨ ᠵᠢᠭᠤᠯᠴᠢᠯᠠᠯ ᠤᠨ ᠭᠡᠷᠡᠯ ᠵᠢᠷᠣᠭᠴᠢᠳ ᠤᠨ ᠨᠡᠶᠢᠭᠡᠮᠯᠢᠭ ᠭᠤᠷᠪᠠ᠂ ᠭᠡᠷᠡᠯ ᠵᠢᠷᠤᠭ ᠡᠯᠰᠡᠬᠦ ᠴᠠᠭ ᠬᠤᠭᠤᠴᠠᠭ᠎ᠠ      2019 ᠤᠨ ᠤ 5 ᠰᠠᠷ᠎ᠠ ᠶᠢᠨ 20 ᠠᠴᠠ 6 ᠰᠠᠷ᠎ᠠ ᠶᠢᠨ 1 ᠤ ᠡᠳᠦᠷ ᠪᠣᠯᠲᠠᠯ᠎ᠠ ᠲᠦᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ      ︵ᠨᠢᠭᠡ︶ ᠭᠡᠷᠡᠯ ᠵᠢᠷᠤᠭ ᠡᠯᠰᠡᠭᠳᠡᠬᠦ ᠡᠲᠡᠭᠡᠳ      ᠣᠷᠣᠨ ᠤ ᠳᠣᠲᠣᠷ᠎ᠠ ᠭᠠᠳᠠᠨᠠᠬᠢ ᠭᠡᠷᠡᠯ ᠵᠢᠷᠤᠭ ᠤᠨ ᠠᠵᠢᠯᠲᠠᠨ᠂ ᠵᠠᠭᠤᠴᠢᠯᠠᠭᠤᠷ ᠤᠨ ᠠᠵᠢᠯᠲᠠᠨ᠂ ᠳᠠᠩᠰᠠ ᠡᠪᠬᠡᠮᠡᠯ ᠤᠨ ᠠᠵᠢᠯᠲᠠᠨ ᠪᠣᠯᠤᠨ ᠪᠤᠰᠤᠳ ᠬᠤᠪᠢ ᠬᠥᠮᠦᠨ ᠴᠥᠮ ᠭᠡᠷᠡᠯ ᠵᠢᠷᠤᠭ ᠬᠠᠩᠭᠠᠵᠤ ᠪᠣᠯᠤᠨ᠎ᠠ᠃      ︵ᠬᠤᠶᠠᠷ︶ ᠭᠡᠷᠡᠯ ᠵᠢᠷᠤᠭ ᠡᠯᠰᠡᠬᠦ ᠠᠭᠤᠯᠭ᠎ᠠ      ᠳᠡᠭᠡᠷ᠎ᠡ ᠵᠠᠭᠤᠨ ᠤ ᠵᠢᠷᠠᠭᠠᠳ ᠣᠨ ᠠᠴᠠ ᠡᠮᠦᠨᠡᠬᠢ ︵1960 ᠣᠨ︶ ᠴᠠᠭ ᠦᠶ᠎ᠡ ᠶᠢᠨ ᠮᠣᠩᠭᠤᠯ ᠦᠨᠳᠦᠰᠦᠲᠡᠨ ᠤ ᠡᠯ᠎ᠡ ᠤᠪᠤᠭ ᠠᠶᠢᠮᠠᠭ ᠤᠨ ᠬᠤᠪᠴᠠᠰᠤ ᠵᠠᠰᠠᠯ ᠤᠨ ᠲᠡᠦᠬᠡᠨ ᠭᠡᠷᠡᠯ ᠵᠢᠷᠤᠭ ᠵᠢᠴᠢ ᠡᠯ᠎ᠡ ᠵᠦᠢᠯ ᠤᠨ ᠠᠷᠠᠳ ᠤᠨ ᠵᠠᠩ ᠦᠢᠯᠡ ᠶᠢᠨ ᠠᠵᠢᠯᠯᠠᠭ᠎ᠠ᠂ ᠶᠣᠰᠣᠯᠠᠯ ᠲᠡᠭᠡᠷᠡᠬᠢ ᠮᠣᠩᠭᠤᠯ ᠬᠤᠪᠴᠠᠰᠤ ᠵᠠᠰᠠᠯ ᠢ ᠬᠠᠷᠠᠭᠤᠯᠵᠤ ᠪᠤᠯᠬᠤᠶᠢᠴᠠ ᠭᠡᠷᠡᠯ ᠵᠢᠷᠤᠭ ᠨᠢ ᠴᠥᠮ ᠡᠯᠰᠡᠭᠳᠡᠬᠦ ᠬᠡᠪᠴᠢᠶᠡᠨ ᠳᠤ ᠪᠠᠭᠲᠠᠨ᠎ᠠ᠃      ︵ᠭᠤᠷᠪᠠ︶ ᠭᠡᠷᠡᠯ ᠵᠢᠷᠤᠭ ᠤᠨ ᠱᠠᠭᠠᠷᠳᠠᠯᠭ᠎ᠠ      1. ᠭᠡᠷᠡᠯ ᠵᠢᠷᠤᠭ ᠤᠨ ᠪᠦᠲᠦᠭᠡᠯ ᠨᠢ ᠡᠷᠬᠡᠪᠰᠢ ᠲᠡᠦᠬᠡᠨ ᠭᠡᠷᠡᠯ ᠵᠢᠷᠤᠭ ᠪᠠᠶᠢᠵᠤ᠂ ᠵᠠᠷᠴᠢᠮ ᠳᠡᠭᠡᠷ᠎ᠡ ᠪᠠᠨ ᠳᠡᠭᠡᠷ᠎ᠡ ᠵᠠᠭᠤᠨ ᠤ ᠵᠢᠷᠠᠭᠠᠳ ᠣᠨ ᠠᠴᠠ ᠡᠮᠦᠨᠡᠬᠢ ︵1960 ᠣᠨ︶ ᠴᠠᠭ ᠦᠶ᠎ᠡ ᠶᠢᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠡᠦᠬᠡᠨ ᠪᠠᠶᠢᠳᠠᠯ ᠢ ᠬᠠᠷᠠᠭᠤᠯᠤᠭᠰᠠᠨ ᠪᠠᠶᠢᠬᠤ ᠬᠡᠷᠡᠭᠲᠡᠶ᠃      2. ᠪᠦᠲᠦᠭᠡᠯ ᠨᠢ ᠪᠤᠳᠤᠭ ᠲᠠᠢ᠂ ᠪᠤᠳᠤᠭ ᠦᠭᠡᠢ ᠭᠡᠵᠦ ᠬᠢᠵᠠᠭᠠᠷᠯᠠᠬᠤ ᠦᠭᠡᠶ᠂ ᠲᠡᠩ ᠵᠢᠷᠤᠭ᠂ ᠮᠦᠴᠡᠯᠭᠡ ᠵᠢᠷᠤᠭ ᠭᠡᠵᠦ ᠬᠢᠵᠠᠭᠠᠷᠯᠠᠬᠤ ᠦᠭᠡᠶ᠃      3. ᠹᠢᠯᠢᠮᠲᠦ ᠪᠦᠲᠦᠭᠡᠯ ᠢ ᠠᠯᠢ ᠴᠢᠳᠠᠬᠤ ᠪᠠᠷ ᠯᠠᠶᠢᠰᠧᠷ ᠡᠯᠧᠺᠲᠷᠣᠨ ᠢᠶᠠᠷ ᠥᠩᠭᠡ ᠢᠯᠭᠠᠷᠠᠭᠤᠯᠤᠭᠰᠠᠨ᠂ ᠡᠰᠡᠪᠡᠯ ᠡᠬᠡ ᠹᠢᠯᠢᠮ ᠤᠨ ᠰᠢᠷᠪᠢᠭᠦᠷ᠂ ᠲᠡᠭᠡᠳᠦ ᠨᠠᠷᠢᠯᠢᠭ ᠲᠤᠰᠬᠠᠶ ᠮᠡᠷᠭᠡᠵᠢᠯ ᠤᠨ C C D ᠬᠠᠪᠲᠠᠭᠠᠶ ᠰᠢᠷᠪᠢᠭᠦᠷ ᠢᠶᠠᠷ ᠰᠢᠷᠪᠢᠭᠡᠳ ᠡᠯᠧᠺᠲᠷᠣᠨ ᠪᠢᠴᠢᠭ ᠮᠠᠲ᠋ᠧᠷᠢᠶᠠᠯ ᠪᠤᠯᠭᠠᠨ ᠦᠢᠯᠡᠳᠦᠭᠰᠡᠨ ᠪᠠᠶᠢᠬᠤ᠂ T I F F ᠬᠡᠯᠪᠡᠷᠢ ᠪᠠᠷ᠂ ᠰᠢᠷᠪᠢᠭᠰᠡᠨ ᠭᠡᠷᠡᠯ ᠵᠢᠷᠤᠭ ᠤᠨ ᠡᠯᠧᠮᠧᠨ᠋ᠲ ᠢ 1000 ᠲᠦᠮᠡ ᠠᠴᠠ ᠳᠡᠭᠡᠭᠰᠢ ᠪᠠᠶᠢᠯᠭᠠᠵᠤ᠂ ᠪᠢᠴᠢᠭ ᠮᠠᠲ᠋ᠧᠷᠢᠶᠠᠯ ᠢ 10 M ᠠᠴᠠ ᠪᠠᠭ᠎ᠠ ᠪᠠᠶᠢᠯᠭᠠᠬᠤ ᠦᠭᠡᠶ ᠬᠠᠳᠠᠭᠠᠯᠠᠯᠲᠠ ᠶᠢᠨ ᠱᠠᠭᠠᠷᠳᠠᠯᠭ᠎ᠠ ᠲᠠᠢ᠃      4. ᠲᠠᠩ ᠪᠤᠶᠤ ᠰᠢᠷᠢᠰ ᠪᠦᠲᠦᠭᠡᠯ ᠨᠢᠭᠡᠪᠦᠷᠢ ᠶᠢ ᠬᠦᠰᠦᠨᠦᠭᠲᠦ ᠶᠢᠨ ᠱᠠᠭᠠᠷᠳᠠᠯᠭ᠎ᠠ ᠶᠣᠰᠣᠭᠠᠷ ᠨᠠᠷᠢᠨ ᠬᠢᠨᠠᠮᠠᠭᠠᠶ ᠲᠠᠭᠯᠠᠨ ᠪᠢᠴᠢᠵᠦ᠂ ᠴᠠᠭᠠᠰᠤᠨ ᠪᠦᠲᠦᠭᠡᠯ ᠪᠠᠶᠢᠬᠤ ᠶᠤᠮ ᠪᠤᠯ ᠬᠦᠰᠦᠨᠦᠭ ᠢᠶᠠᠨ ᠪᠦᠲᠦᠭᠡᠯ ᠤᠨ ᠠᠷᠤ ᠲᠠᠯ᠎ᠠ ᠳᠤ ᠨᠠᠭᠠᠭᠠᠷᠠᠶ᠃ ᠲᠣᠳᠣᠷᠬᠠᠶᠢᠯᠠᠯᠲᠠ ᠨᠢ ᠲᠤᠲᠠᠵᠤ ᠭᠡᠭᠡᠭᠳᠡᠭᠰᠡᠨ ᠠᠴᠠ ᠪᠣᠯᠵᠤ ᠰᠣᠩᠭᠤᠯᠲᠠ ᠳᠤ ᠤᠷᠤᠵᠤ ᠴᠢᠳᠠᠬᠤ ᠦᠭᠡᠶ ᠪᠤᠯᠪᠠᠯ ᠡᠬᠡ ᠪᠢᠴᠢᠭ ᠬᠠᠨᠭ᠍ᠭᠠᠭᠴᠢ ᠦᠪᠡᠰᠦᠪᠡᠨ ᠬᠠᠷᠢᠭᠤᠴᠠᠨ᠎ᠠ᠃      5. ᠲᠤᠰ ᠤᠳᠠᠭᠠᠨ ᠤ ᠭᠡᠷᠡᠯ ᠵᠢᠷᠤᠭ ᠡᠯᠰᠡᠬᠦ ᠨᠢ ᠺᠣᠮᠫᠢᠦ᠋ᠲ᠋ᠧᠷ ᠤᠨ ᠨᠡᠶᠢᠯᠡᠮᠡᠯ ᠪᠦᠲᠦᠭᠡᠯ ᠢ ᠲᠡᠪᠴᠢᠨ᠎ᠡ᠃ ᠰᠦᠢᠳᠬᠡᠯ ᠬᠤᠷᠢᠶᠠᠬᠤ ᠦᠭᠡᠶ᠂ ᠭᠡᠷᠡᠯ ᠵᠢᠷᠤᠭ ᠢ ᠪᠤᠴᠠᠭᠠᠬᠤ ᠦᠭᠡᠶ᠃ ᠲᠠᠪᠤ᠂ ᠭᠡᠷᠡᠯ ᠵᠢᠷᠤᠭ ᠢᠶᠠᠨ ᠲᠡᠪᠰᠢᠭᠦᠯᠬᠦ ᠠᠷᠭ᠎ᠠ ᠬᠡᠯᠪᠡᠷᠢ      ᠴᠠᠭᠠᠰᠤᠨ ᠤ ᠭᠡᠷᠡᠯ ᠵᠢᠷᠤᠭ ᠲᠡᠪᠰᠢᠭᠦᠯᠬᠦ ᠪᠠ ᠡᠯᠧᠺᠲᠷᠣᠨ ᠪᠠᠷ ᠤᠨ ᠭᠡᠷᠡᠯ ᠵᠢᠷᠤᠭ ᠲᠡᠪᠰᠢᠭᠦᠯᠬᠦ ᠬᠤᠶᠠᠷ ᠵᠦᠢᠯ ᠤᠨ ᠠᠷᠭ᠎ᠠ ᠶᠢ ᠠᠪᠤᠨ᠎ᠠ᠃ ᠴᠠᠭᠠᠰᠤᠨ ᠤ ᠭᠡᠷᠡᠯ ᠵᠢᠷᠤᠭ ᠢ ᠰᠢᠦᠳᠠᠨ ᠢᠶᠠᠷ ᠭᠤᠪᠢᠭᠤᠯᠵᠤ᠂ ᠡᠯᠧᠺᠲᠷᠣᠨ  ᠪᠠᠷ ᠤᠨ ᠭᠡᠷᠡᠯ ᠵᠢᠷᠤᠭ ᠢ ᠢᠮᠧᠯ ᠢᠶᠠᠷ ᠭᠤᠪᠢᠭᠤᠯᠤᠭᠠᠷᠠᠢ᠃      ᠴᠠᠭᠠᠰᠤ᠂ ᠡᠯᠧᠺᠲᠷᠣᠨ ᠪᠠᠷ ᠤᠨ ᠭᠡᠷᠡᠯ ᠵᠢᠷᠤᠭ ᠢ ᠲᠠᠪᠬᠤᠷᠳᠠᠭᠤᠯᠤᠨ ᠥᠭᠴᠦ ᠪᠣᠯᠬᠤ ᠦᠭᠡᠶ᠃      ᠴᠠᠭᠠᠰᠤᠨ ᠤ ᠪᠣᠯᠤᠨ ᠡᠯᠧᠺᠲᠷᠣᠨ ᠪᠠᠷ ᠤᠨ ᠭᠡᠷᠡᠯ ᠵᠢᠷᠤᠭ ᠢ ᠴᠥᠮ ᠳᠠᠭᠠᠯᠳᠤᠭᠤᠯᠤᠯ ᠬᠦᠰᠦᠨᠦᠭᠲᠦ ᠲᠠᠢ ᠨᠢ ᠦᠭᠬᠦ ᠬᠡᠷᠡᠭᠲᠡᠢ᠂ ᠱᠠᠭᠠᠷᠳᠠᠯᠭ᠎ᠠ ᠶᠣᠰᠣᠭᠠᠷ ᠬᠤᠪᠢ ᠬᠥᠮᠦᠨ ᠤ ᠦᠨᠡᠨ ᠪᠣᠳᠠᠲᠠᠶ ᠮᠡᠳᠡᠭᠡ ᠵᠠᠩᠭᠢ ᠪᠠᠨ ᠬᠦᠰᠦᠨᠦᠭ ᠲᠤ ᠲᠠᠭᠯᠠᠨ ᠪᠢᠴᠢᠬᠦ ᠬᠡᠷᠡᠭᠲᠡᠶ᠃ ᠭᠡᠷᠡᠯ ᠵᠢᠷᠤᠭ ᠤᠨ ᠬᠦᠰᠦᠨᠦᠭᠲᠦ ᠨᠢ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ ᠤᠨ ᠰᠦᠯᠵᠢᠶᠡᠨ ᠥᠷᠲᠡᠭᠡ ( http:/ /www.nmgfeiyi . cn) ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠦᠯᠵᠢᠶᠡᠨ ᠥᠷᠲᠡᠭᠡ ( http : / /wlt .nmg . gov . cn/ ) ᠠᠴᠠ ᠪᠠᠭᠤᠯᠭᠠᠵᠤ ᠪᠣᠯᠤᠨ᠎ᠠ᠃ᠵᠢᠷᠭᠤᠭ᠎ᠠ᠂ ᠰᠣᠩᠭᠤᠭᠳᠠᠭᠰᠠᠨ ᠭᠡᠷᠡᠯ ᠵᠢᠷᠤᠭ ᠤᠨ ᠲᠤᠭ᠎ᠠ ᠬᠡᠮᠵᠢᠶ᠎ᠡ ᠵᠢᠴᠢ ᠬᠠᠷᠠᠮᠵᠢ ᠦᠭᠬᠦ      1. ᠭᠤᠣᠯᠯᠠᠨ ᠡᠷᠬᠢᠯᠡᠭᠰᠡᠨ ᠡᠲᠡᠭᠡᠳ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠭᠠᠳ ᠡᠯᠰᠡᠭᠳᠡᠭᠰᠡᠨ ᠪᠦᠲᠦᠭᠡᠯ ᠢ ᠰᠢᠯᠭᠠᠷᠠᠭᠤᠯᠵᠤ᠂ ᠰᠢᠯᠭᠠᠷᠠᠵᠤ ᠭᠠᠷᠤᠭᠰᠠᠨ ᠭᠡᠷᠡᠯ ᠵᠢᠷᠤᠭ ᠲᠤ ᠬᠠᠷᠠᠮᠵᠢ ᠮᠦᠡᠭᠭᠦ ᠵᠢᠴᠢ ᠦᠨᠡᠮᠯᠡᠯ ᠢ ᠣᠯᠭᠤᠨ᠎ᠠ᠃      2. ᠵᠣᠬᠢᠶᠠᠭᠴᠢ ᠶᠢᠨ ᠲᠡᠪᠰᠢᠭᠦᠯᠬᠦ ᠭᠡᠷᠡᠯ ᠵᠢᠷᠤᠭ ᠤᠨ ᠲᠤᠭ᠎ᠠ ᠬᠡᠮᠵᠢᠶ᠎ᠡ ᠶᠢ ᠬᠢᠵᠠᠭᠠᠷᠯᠠᠬᠤ ᠦᠭᠡᠶ᠃ ᠳᠣᠯᠤᠭ᠎ᠠ᠂ ᠣᠨᠴᠠᠭᠠᠶ ᠲᠣᠳᠣᠷᠬᠠᠶᠢᠯᠠᠯᠲᠠ      1. ᠭᠡᠷᠡᠯ ᠵᠢᠷᠤᠭ ᠲᠡᠪᠰᠢᠭᠦᠯᠦᠭᠰᠡᠳ ᠲᠤᠰᠢᠶᠠᠭᠰᠠᠨ ᠪᠦᠬᠦ ᠭᠡᠷᠡᠯ ᠵᠢᠷᠤᠭ᠂ ᠦᠰᠦᠭ ᠪᠢᠴᠢᠭ ᠵᠡᠷᠭᠡ ᠮᠡᠳᠡᠭᠡ ᠵᠠᠩᠭᠢ ᠪᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠥᠷᠥᠭ ᠤᠨ ᠡᠷᠬᠡ᠂ ᠨᠡᠷ᠎ᠡ ᠬᠦᠨᠳᠦ ᠶᠢᠨ ᠡᠷᠬᠡ᠂ ᠬᠤᠪᠢ ᠶᠢᠨ ᠨᠢᠭᠤᠴᠠ ᠶᠢᠨ ᠡᠷᠬᠡ ᠵᠡᠷᠭᠡ ᠶᠢ ᠪᠠᠭᠲᠠᠭᠠᠭᠰᠠᠨ ᠶᠠᠮᠠᠷᠪᠠ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠭᠡᠶ ᠪᠠᠶᠢᠬᠤ ᠶᠢ ᠦᠨᠡᠨ ᠬᠦ ᠪᠠᠲᠤᠯᠠᠭᠰᠠᠨ ᠪᠠᠶᠢᠬᠤ ᠬᠡᠷᠡᠭᠲᠡᠶ᠃ ᠬᠡᠷᠪᠡ ᠳᠡᠭᠡᠷ᠎ᠡ ᠳᠤᠷᠠᠳᠤᠭᠰᠠᠨ ᠪᠠᠲᠤᠯᠠᠭ᠎ᠠ ᠶᠢ ᠪᠠᠷᠢᠮᠲᠠᠯᠠᠭᠰᠠᠨ ᠦᠭᠡᠢ ᠠᠴᠠ ᠪᠤᠯᠵᠤ ᠶᠠᠮᠠᠷᠪᠠ ᠮᠠᠷᠭᠤᠭᠠᠨ ᠢ ᠡᠭᠦᠰᠭᠡᠭᠰᠡᠨ ᠪᠤᠯ᠂ ᠭᠡᠷᠡᠯ ᠵᠢᠷᠤᠭ ᠲᠡᠪᠰᠢᠭᠦᠯᠦᠭᠴᠢ ᠲᠤᠰ ᠬᠥᠮᠦᠨ ᠨᠢ ᠮᠠᠷᠭᠤᠭᠠᠨ ᠢ ᠬᠠᠷᠢᠭᠤᠴᠠᠨ ᠰᠢᠢᠳᠪᠦᠷᠢᠯᠡᠬᠦ ᠬᠡᠷᠡᠭᠲᠡᠢ ᠪᠥᠭᠡᠳ ᠪᠦᠬᠦ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃      2. ᠲᠤᠰ ᠤᠳᠠᠭᠠᠨ ᠤ ᠡᠯᠰᠡᠬᠦ ᠠᠵᠢᠯᠯᠠᠭ᠎ᠠ ᠳᠤ ᠢᠷᠡᠭᠰᠡᠨ ᠪᠥᠬᠦ ᠭᠡᠷᠡᠯ ᠵᠢᠷᠤᠭ ᠢ ᠵᠣᠬᠢᠶᠠᠭᠴᠢ ᠨᠢ ᠲᠤᠰ ᠤᠳᠠᠭᠠᠨ ᠤ ᠤᠷᠤᠯᠳᠤᠭᠠᠨ ︵ᠤᠬᠠᠭᠤᠯᠬᠤ᠂ ᠳᠡᠯᠭᠡᠷᠡᠭᠦᠯᠬᠦ ᠠᠵᠢᠯᠯᠠᠭ᠎ᠠ ᠪᠠᠭᠲᠠᠨ᠎ᠠ︶ ᠵᠢᠴᠢ ᠬᠤᠶᠢᠰᠢᠳᠠ ᠶᠢᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠶᠢᠨ ᠭᠤᠣᠯᠯᠠᠨ ᠡᠷᠬᠢᠯᠡᠬᠦ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠯᠠᠭ᠎ᠠ᠂ ᠦᠷ᠎ᠡ ᠪᠦᠲᠦᠭᠡᠯ ᠤᠨ ᠬᠡᠪᠯᠡᠬᠦ ᠪᠠ ᠰᠦᠯᠵᠢᠶ᠎ᠡ ᠪᠠᠷ ᠤᠯᠠᠮᠵᠢᠯᠠᠨ ᠲᠠᠷᠬᠠᠭᠠᠬᠤ ᠠᠵᠢᠯ ᠳᠤ ᠦᠨ᠎ᠡ ᠲᠥᠯᠥᠪᠦᠷᠢ ᠦᠭᠡᠶ ᠪᠠᠷ ᠬᠡᠷᠡᠭᠯᠡᠬᠦ ᠡᠷᠬᠡ ᠣᠯᠭᠤᠭᠰᠠᠨ ᠢ ᠵᠥᠪᠰᠢᠶᠡᠷᠡᠭᠰᠡᠨ ᠭᠡᠵᠦ ᠦᠵᠡᠨ᠎ᠡ᠃      3. ᠲᠤᠰ ᠤᠳᠠᠭᠠᠨ ᠤ ᠭᠡᠷᠡᠯ ᠵᠢᠷᠤᠭ ᠡᠯᠰᠡᠬᠦ ᠠᠵᠢᠯᠯᠠᠭ᠎ᠠ ᠳᠤ ᠭᠡᠷᠡᠯ ᠵᠢᠷᠤᠭ ᠲᠡᠪᠰᠢᠭᠦᠯᠵᠦ ᠣᠷᠣᠯᠴᠠᠭᠰᠠᠳ ᠢ ᠳᠡᠭᠡᠷ᠎ᠡ ᠳᠤᠷᠠᠳᠤᠭᠰᠠᠨ ᠪᠣᠯᠵᠤᠭ᠎ᠠ ᠶᠢ ᠵᠢᠷᠤᠮᠯᠠᠬᠤ ᠪᠠᠨ ᠤᠶᠢᠯᠠᠭᠠᠬᠤ ᠪᠥᠭᠡᠳ ᠵᠦᠪᠰᠢᠶᠡᠷᠡᠪᠡ ᠭᠡᠵᠦ ᠦᠵᠡᠨ᠎ᠡ᠃ ᠨᠠᠢᠮᠠ᠂ ᠬᠠᠷᠢᠯᠴᠠᠬᠤ ᠠᠷᠭ᠎ᠠ        ᠭᠡᠷᠡᠯ ᠵᠢᠷᠤᠭ ᠲᠡᠪᠰᠢᠭᠦᠯᠬᠦ ᠬᠠᠶ᠋ᠢᠭ᠄ ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠨ ᠮᠠ ᠱᠧᠨ ᠮᠢᠶᠣᠣ ᠵᠢᠶᠧ ᠵᠡᠭᠡᠯᠢ ᠶᠢᠨ 121 ᠨᠤᠮᠧᠷ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ      ᠰᠢᠦᠳᠠᠨ ᠳ᠋ᠤᠭᠠᠷ᠄ 010010      ᠬᠠᠷᠢᠯᠴᠠᠬᠤ ᠬᠥᠮᠦᠨ᠄ ᠳ᠋ᠦᠩ ᠰᠢᠶᠣᠤ ᠵᠢᠶᠠᠨ    ᠨᠠᠪᠴᠢ      ᠤᠲᠠᠰᠤ᠄ 0471 - 6903877    15847780480    18748105395      ᠭᠡᠷᠡᠯ ᠵᠢᠷᠤᠭ ᠲᠡᠪᠰᠢᠭᠦᠯᠬᠦ ᠢᠮᠧᠯ᠄ 314815763@qq.com ︵ᠴᠠᠭᠠᠰᠤᠨ ᠤ ᠪᠣᠯᠤᠨ ᠡᠯᠧᠺᠲᠷᠣᠨ ᠭᠤᠪᠢᠭᠤᠯᠭ᠎ᠠ ᠶᠢᠨ ᠮᠠᠲ᠋ᠧᠷᠢᠶᠠᠯ ᠲᠡᠭᠡᠷ᠎ᠡ ᠪᠠᠨ ︽ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠡᠦᠬᠡᠨ ᠭᠡᠷᠡᠯ ᠵᠢᠷᠤᠭ ᠲᠤ ᠢᠯᠡᠭᠡᠭᠰᠡᠨ ᠪᠦᠲᠦᠭᠡᠯ︾  ᠭᠡᠵᠦ ᠲᠣᠳᠣᠷᠬᠠᠢ ᠪᠢᠴᠢᠬᠦ ᠬᠡᠷᠡᠭᠲᠡᠢ︶      ᠳᠠᠭᠠᠯᠳᠤᠭᠤᠯᠤᠯ᠄ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠡᠦᠬᠡᠨ ᠭᠡᠷᠡᠯ ᠵᠢᠷᠤᠭ ᠲᠤ ᠲᠡᠪᠰᠢᠭᠦᠯᠬᠦ ᠭᠡᠷᠡᠯ ᠵᠢᠷᠤᠭ ᠤᠨ ᠬᠦᠰᠦᠨᠦᠭᠲᠦ        ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠡᠦᠬᠡᠨ ᠭᠡᠷᠡᠯ ᠵᠢᠷᠤᠭ ᠲᠤ ᠲᠡᠪᠰᠢᠭᠦᠯᠬᠦ ᠭᠡᠷᠡᠯ ᠵᠢᠷᠤᠭ ᠤᠨ ᠬᠦᠰᠦᠨᠦᠭᠲᠦ . docx* ᠨᠠᠷᠢᠨ ᠠᠭᠤᠯᠭ᠎ᠠ ᠶᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠳᠠᠳ ᠰᠦᠯᠵᠢᠶᠡᠨ ᠠᠴᠠ ᠦᠵᠡᠭᠡᠷᠡᠢ︕
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号