ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ 532 ᠳ᠋ᠤᠭᠠᠷ ᠲᠣᠭᠠᠲᠤ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2019/10/18
                                ᠬᠦᠨᠳᠦᠲᠦ ᠲᠥᠯᠥᠭᠡᠯᠡᠭᠴᠢ ᠪᠦᠷᠢᠨᠴᠢᠮᠡᠭ᠄      ᠲᠠᠨ ᠤ ᠳᠤᠷᠠᠳᠤᠭᠰᠠᠨ ︽ᠪᠥᠬᠦ ᠣᠷᠣᠨ ᠤ ᠬᠤᠪᠢᠰᠬᠠᠯᠲᠤ ᠲᠡᠤᠬᠡ ᠶᠢ ᠰᠤᠳᠤᠯᠤᠨ ᠰᠤᠷᠤᠯᠴᠠᠬᠤ ᠵᠢᠴᠢ ᠬᠤᠪᠢᠰᠬᠠᠯᠲᠤ ᠲᠡᠤᠬᠡᠨ ᠭᠠᠵᠠᠷ ᠤᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠤᠶᠤ ᠬᠠᠮᠢᠶ᠎ᠠ ᠪᠦᠬᠦᠢ ᠵᠢᠯᠣᠭᠤᠳᠬᠤ ᠰᠠᠨᠠᠯ ᠢ ᠨᠡᠶᠢᠲᠡᠯᠡᠬᠦ ᠲᠤᠬᠠᠶ ᠰᠠᠨᠠᠭᠤᠯᠭ᠎ᠠ︾ ᠶᠢ ᠬᠢᠨᠠᠮᠠᠭᠠᠶ ᠰᠤᠳᠤᠯᠬᠤ ᠪᠠᠷ ᠳᠠᠮᠵᠢᠨ᠂ ᠡᠳᠦᠭᠡ ᠳᠣᠤᠷᠠᠬᠢ ᠮᠡᠲᠦ ᠬᠠᠷᠢᠭᠤᠯᠲᠠ ᠥᠭᠬᠦ ᠰᠠᠨᠠᠯ ᠢ ᠳᠤᠷᠠᠳᠶ᠎ᠠ᠄       ᠤᠶᠢᠷ᠎ᠠ ᠶᠢᠨ ᠵᠢᠯ  ᠤᠳ ᠲᠤ᠂ ᠮᠠᠨ ᠤ ᠲᠢᠩᠬᠢᠮ ᠤᠯᠠᠭᠠᠨᠬᠦᠤ ᠶᠢᠨ ᠠᠯᠪᠠᠯᠠᠵᠦ ᠪᠠᠶᠢᠭᠰᠠᠨ ᠬᠠᠭᠤᠴᠢᠨ ᠪᠠᠭᠤᠷᠢ᠂ ︽5.1︾ ᠬᠤᠷᠠᠯ ᠤᠨ  ᠰᠠᠭᠤᠷᠢᠨ ᠭᠠᠵᠠᠷ᠂ ᠮᠠᠨᠵᠤᠤᠷ ᠤᠨ ᠣᠯᠠᠨ ᠤᠯᠤᠰ ᠤᠨ ᠨᠢᠭᠤᠴᠠ ᠵᠠᠮ ᠬᠠᠷᠢᠯᠴᠠᠭᠠᠨ ᠤ ᠱᠤᠭᠤᠮ ᠤᠨ ᠬᠥᠮᠦᠵᠢᠯ ᠤᠨ ᠬᠤᠪᠢᠰᠬᠠᠯ ᠤᠨ ᠰᠠᠭᠤᠷᠢᠨ ᠭᠠᠵᠠᠷ᠂ ᠶᠠᠨ ᠠᠨ ᠤ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠴᠧᠩᠴᠤᠸᠠᠨ ᠤ ᠳᠤᠷᠠᠰᠬᠠᠯ ᠤᠨ ᠣᠷᠳᠣᠨ ᠵᠡᠷᠭᠡ ᠬᠤᠪᠢᠰᠬᠠᠯᠲᠤ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠮᠠᠨᠵᠤᠤᠷ ᠬᠤᠲᠠ᠂ ᠤᠯᠠᠭᠠᠨᠬᠤᠲᠠ᠂ ᠦᠴᠤᠸᠠᠨ ᠰᠢᠶᠠᠨ᠂ ᠯᠢᠶᠠᠩᠴᠧᠩ ᠰᠢᠶᠠᠨ ᠵᠡᠷᠭᠡ ᠬᠤᠪᠢᠰᠬᠠᠯᠲᠤ ᠵᠤᠭᠠᠴᠠᠯ ᠤᠨ ᠨᠠᠷᠠᠲᠤ ᠬᠤᠲᠠ ᠶᠢ ᠭᠤᠤᠯᠳᠠᠯᠭ᠎ᠠ ᠲᠠᠢ ᠪᠠᠶᠢᠭᠤᠯᠵᠤ᠂  ᠵᠢᠭᠤᠯᠴᠢᠯᠠᠯ ᠤᠨ ᠬᠤᠪᠢᠰᠬᠠᠯᠲᠤ ᠲᠡᠤᠬᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠬᠤᠪᠢᠰᠬᠠᠯᠲᠤ ᠰᠣᠩᠭᠤᠳᠠᠭ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠪᠢᠰᠬᠠᠯᠲᠤ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠬᠦᠬᠡᠬᠤᠲᠠ ᠶᠢᠨ ᠬᠤᠪᠢᠰᠬᠠᠯᠲᠤ ᠵᠢᠭᠤᠯᠴᠢᠯᠠᠯ ᠤᠨ ᠰᠢᠷᠢᠰ ᠦᠵᠡᠮᠵᠢ ᠶᠢᠨ ᠣᠷᠣᠨ᠂ ᠤᠯᠠᠭᠠᠨᠬᠤᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠳᠤᠷᠠᠰᠬᠠᠯ ᠤᠨ ᠭᠠᠵᠠᠷ ᠵᠡᠷᠭᠡ ᠵᠢᠭᠤᠯᠴᠢᠯᠠᠯ ᠤᠨ ᠬᠤᠪᠢᠰᠬᠠᠯᠲᠤ ᠰᠣᠩᠭᠤᠳᠠᠭ ᠦᠵᠡᠮᠵᠢ ᠶᠢᠨ ᠣᠷᠣᠨ ᠤ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠵᠢᠭᠤᠯᠴᠢᠯᠠᠯ ᠤᠨ ᠬᠤᠪᠢᠰᠬᠠᠯᠲᠤ ᠰᠣᠩᠭᠤᠳᠠᠭ ᠦᠵᠡᠮᠵᠢ ᠶᠢᠨ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠮᠠᠨ ᠤ ᠣᠷᠣᠨ ᠤ ᠬᠤᠪᠢᠰᠬᠠᠯᠲᠤ ᠵᠢᠭᠤᠯᠴᠢᠯᠠᠯ ᠤᠨ ᠠᠯᠳᠠᠷᠰᠢᠯ ᠪᠠ ᠲᠠᠲᠠᠬᠤ ᠬᠦᠴᠦᠨ ᠢ ᠳᠡᠭᠡᠭᠰᠢᠯᠡᠬᠦᠯᠪᠡ᠃      ᠨᠢᠭᠡ᠂ ᠮᠠᠨ ᠤ ᠣᠷᠣᠨ ᠤ ᠬᠤᠪᠢᠰᠬᠠᠯᠲᠤ ᠵᠢᠭᠤᠯᠴᠢᠯᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ 2016 ᠣᠨ ᠳᠤ᠂ ᠬᠦᠬᠡᠬᠤᠲᠠ ᠶᠢᠨ ᠬᠤᠪᠢᠰᠬᠠᠯᠲᠤ ᠵᠢᠭᠤᠯᠴᠢᠯᠠᠯ ᠤᠨ ᠰᠢᠷᠢᠰ ᠦᠵᠡᠮᠵᠢ ᠶᠢᠨ ᠣᠷᠣᠨ ᠵᠡᠷᠭᠡ 8 ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ ᠵᠡᠷᠭᠡ 14 ᠶᠠᠮᠤᠨ ᠵᠥᠪᠯᠡᠯ ᠤᠨ ᠬᠠᠮᠲᠤᠷᠠᠨ ᠨᠡᠶᠢᠲᠡᠯᠡᠭᠰᠡᠨ ︽ᠪᠦᠬᠦ ᠤᠯᠤᠰ  ᠤᠨ  ᠵᠢᠭᠤᠯᠴᠢᠯᠠᠯ ᠤᠨ ᠬᠤᠪᠢᠰᠬᠠᠯᠲᠤ ᠰᠣᠩᠭᠤᠳᠠᠭ ᠦᠵᠡᠮᠵᠢ ᠶᠢᠨ ᠣᠷᠣᠨ ᠤ ᠨᠡᠷᠡᠰ ᠤᠨ ᠵᠢᠭᠰᠠᠭᠠᠯᠲᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠨᠡᠶᠢᠭᠡᠮ ᠤᠨ ᠬᠦᠭᠵᠢᠯᠲᠡ ᠶᠢᠨ ᠵᠤᠷᠭᠠᠨ ᠤ ᠲᠠᠷᠬᠠᠭᠠᠭᠰᠠᠨ ﹇2016﹈ 2662 ᠳ᠋ᠤᠭᠠᠷ ᠲᠣᠭᠠᠲᠤ︶ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠ᠃ ᠮᠠᠨ ᠤ ᠲᠢᠩᠬᠢᠮ ︽2016 — 2020 ᠤᠨ ᠤ ᠪᠦᠬᠦ ᠤᠯᠤᠰ ᠤᠨ ᠬᠤᠪᠢᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ  ᠤᠨ ᠦᠢᠯᠡᠰ ᠤᠨ ᠠᠷᠪᠠᠨ ᠭᠤᠷᠪᠠᠳᠤᠭᠠᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠪᠡ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠣᠶᠣᠯ ᠵᠢᠭᠤᠯᠴᠢᠯᠠᠯ ᠤᠨ ᠦᠢᠯᠡᠰ ᠲᠤ ᠬᠢ ᠴᠢᠬᠤᠯᠠ ᠵᠢᠭᠠᠪᠤᠷᠢ ᠶᠣᠰᠣᠭᠠᠷ ︽ᠪᠦᠬᠦ ᠤᠯᠤᠰ ᠤᠨ ᠬᠤᠪᠢᠰᠬᠠᠯᠲᠤ  ᠵᠢᠭᠤᠯᠴᠢᠯᠠᠯ ᠤᠨ ᠲᠦᠮᠡᠨ ᠭᠠᠵᠠᠷ ᠤᠨ ᠠᠶᠠᠯᠠᠯ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠬᠦᠳᠡᠯᠭᠡᠭᠡᠨ ᠢ ᠵᠠᠯᠭᠠᠭ᠎ᠠ ᠪᠠᠷ ᠥᠷᠨᠢᠭᠦᠯᠵᠦ᠂  ᠬᠦᠬᠡᠬᠤᠲᠠ ᠶᠢᠨ ᠤᠯᠠᠭᠠᠨᠬᠦᠤ ᠶᠢᠨ ᠳᠤᠷᠠᠰᠬᠠᠯ ᠤᠨ ᠣᠷᠳᠣᠨ — ᠲᠦᠮᠡᠳ ᠵᠡᠭᠦᠨ ᠬᠤᠰᠢᠭᠤᠨ ᠤ ᠤᠯᠠᠭᠠᠨᠬᠦᠤ ᠶᠢᠨ ᠬᠠᠭᠤᠴᠢᠨ ᠰᠠᠭᠤᠴᠠ — ᠦᠴᠤᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠬᠠᠭᠤᠴᠢᠨ ᠪᠠᠭᠤᠷᠢ — ᠤᠯᠠᠭᠠᠨᠬᠦᠤ ᠶᠢᠨ ᠬᠤᠪᠢᠰᠬᠠᠯ ᠤᠨ ᠠᠵᠢᠯᠯᠠᠭ᠎ᠠ ᠶᠢᠨ ᠬᠠᠭᠤᠴᠢᠨ ᠪᠠᠭᠤᠷᠢ — ᠳᠠᠷᠬᠠᠨ ᠮᠤᠤᠮᠢᠩᠭᠠᠨ ᠬᠤᠰᠢᠭᠤᠨ ᠤ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠳᠤᠷᠠᠰᠬᠠᠯ ᠤᠨ ᠣᠷᠳᠣᠨ — ᠪᠤᠭᠤᠲᠤ ᠶᠢᠨ ᠸᠠᠩ ᠷᠦᠸᠧ ᠹᠧᠶ ᠶᠢᠨ ᠳᠤᠷᠠᠰᠬᠠᠯ ᠤᠨ ᠣᠷᠳᠣᠨ ᠵᠡᠷᠭᠡ 8 ᠵᠤᠷᠪᠤᠰ ᠬᠤᠪᠢᠰᠬᠠᠯᠲᠤ ᠵᠢᠭᠤᠯᠴᠢᠯᠠᠯ ᠤᠨ ᠱᠤᠭᠤᠮ ᠪᠤᠯᠤᠨ ᠬᠦᠬᠡᠬᠤᠲᠠ ᠶᠢᠨ ᠤᠯᠠᠭᠠᠨᠬᠦᠤ ᠶᠢᠨ ᠳᠤᠷᠠᠰᠬᠠᠯ ᠤᠨ ᠣᠷᠳᠣᠨ ᠵᠡᠷᠭᠡ 20 ᠬᠤᠪᠢᠰᠬᠠᠯᠲᠤ ᠵᠢᠭᠤᠯᠴᠢᠯᠠᠯ ᠤᠨ ᠭᠤᠤᠯᠳᠠᠯᠭᠠᠲᠤ ᠦᠵᠡᠮᠵᠢ ᠶᠢᠨ ᠣᠷᠣᠨ ᠢ ᠨᠡᠶᠢᠳᠡᠯᠡᠵᠦ᠂ ᠬᠤᠪᠢᠰᠬᠠᠯᠲᠤ ᠵᠢᠭᠤᠯᠴᠢᠯᠠᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠨᠡᠪᠲᠡᠷᠡᠭᠦᠯᠵᠦ᠂ ᠳᠤᠮᠳᠠᠳᠤ ᠣᠷᠣᠰ ᠤᠨ ᠬᠤᠪᠢᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠵᠢᠭᠤᠯᠴᠢᠯᠠᠯ ᠤᠨ ᠬᠥᠲᠥᠴᠢ ᠶᠢ ᠵᠣᠬᠢᠶᠠᠨ ᠪᠠᠶᠢᠭᠤᠯᠵᠤ ᠪᠥᠬᠦ ᠤᠯᠤᠰ ᠤᠨ ᠬᠤᠪᠢᠰᠬᠠᠯᠲᠤ ᠦᠯᠢᠭᠡᠷ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠳᠤ ᠣᠷᠣᠯᠴᠠᠭᠤᠯᠵᠤ᠂ ᠬᠤᠪᠢᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠠᠴᠠ ᠮᠠᠨ ᠤ ᠣᠷᠣᠨ ᠤ ᠭᠤᠤᠯᠳᠠᠯᠭᠠᠲᠤ ᠲᠣᠭᠤᠷᠢᠭ ᠬᠦᠷᠬᠦ ᠤᠬᠠᠭᠤᠯᠭ᠎ᠠ ᠶᠢᠨ ᠳᠡᠪᠲᠡᠷ ᠢ ᠨᠠᠶᠢᠷᠠᠭᠤᠯᠤᠨ ᠵᠣᠬᠢᠶᠠᠵᠤ᠂ ᠬᠦᠬᠡᠬᠤᠲᠠ ᠶᠢᠨ ᠬᠤᠪᠢᠰᠬᠠᠯᠲᠤ ᠵᠢᠭᠤᠯᠴᠢᠯᠠᠯ ᠤᠨ ᠵᠠᠮ ᠱᠤᠭᠤᠮ ᠤᠨ ᠲᠥᠯᠥᠪᠵᠢᠭᠦᠯᠭᠡ ᠶᠢᠨ ᠲᠦᠰᠦᠯ ᠢ ᠨᠠᠶᠢᠷᠠᠭᠤᠯᠤᠨ ᠵᠤᠬᠢᠶᠠᠪᠠ᠃ ᠥᠪᠥᠷ ᠮᠣᠩᠭᠤᠯ ᠤᠨ ᠬᠤᠪᠢᠰᠬᠠᠯᠲᠤ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ᠂ ᠬᠤᠪᠢᠰᠬᠠᠯᠲᠤ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠤᠬᠠᠭᠤᠯᠭ᠎ᠠ᠂ ᠬᠤᠪᠢᠰᠬᠠᠯᠲᠤ ᠰᠤᠳᠤᠯᠭᠠᠨ ᠤ ᠲᠦᠰᠦᠯ ᠳᠤ ᠬᠢ ᠲᠦᠯᠬᠢᠴᠡ ᠶᠢ ᠦᠷᠬᠦᠯᠵᠢᠯᠡᠨ ᠠᠬᠢᠭᠤᠯᠤᠨ᠎ᠠ᠃       ᠬᠤᠶᠠᠷ᠂ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ       ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠤᠷᠭᠠᠨ ᠬᠥᠮᠦᠵᠢᠯ ᠤᠨ ᠴᠢᠨᠠᠷ᠂ ᠦᠢᠯᠡᠳᠦᠯᠭᠡ ᠶᠢᠨ ᠴᠢᠨᠠᠷ᠂ ᠠᠮᠤᠷ ᠲᠦᠪᠰᠢᠨ ᠤ ᠴᠢᠨᠠᠷ᠂ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠬᠤ ᠵᠠᠷᠴᠢᠮ ᠤᠨ ᠶᠣᠰᠣᠭᠠᠷ᠂ ᠮᠠᠨ ᠤ ᠣᠷᠣᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠨᠢ ᠠᠵᠢᠯᠯᠠᠬᠤ ᠠᠷᠭ᠎ᠠ ᠮᠠᠶ᠋ᠢᠭ ᠤᠨ ᠲᠠᠯ᠎ᠠ ᠪᠠᠷ ᠭᠤᠤᠯᠳᠠᠭᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠵᠢᠯᠣᠭᠤᠳᠤᠯᠭ᠎ᠠ ᠪᠣᠯᠭᠠᠵᠤ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠦᠢᠯᠡᠳᠦᠯᠭᠡ ᠶᠢᠨ ᠬᠦᠳᠡᠯᠭᠡᠭᠡᠨ ᠤ ᠳᠠᠯᠠᠪᠠᠢ ᠳᠤ ᠲᠦᠰᠢᠭᠯᠡᠨ᠂ ᠰᠤᠷᠭᠠᠭᠤᠯᠢ ᠶᠢᠨ ᠡᠷᠭᠢᠨ ᠲᠣᠭᠤᠷᠢᠨ ᠤ ᠦᠵᠡᠮᠵᠢ ᠶᠢᠨ ᠣᠷᠣᠨ᠂ ᠦᠵᠡᠮᠵᠢ ᠶᠢᠨ ᠭᠠᠵᠠᠷ᠂ ᠣᠷᠳᠣᠨ ᠲᠠᠯᠠᠪᠠᠢ ᠪᠠᠷ ᠭᠤᠤᠯ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢ ᠦᠷᠨᠢᠬᠦᠯᠵᠦ ᠪᠠᠶᠢᠨ᠎ᠠ᠃ ᠦᠢᠷ᠎ᠠ ᠶᠢᠨ ᠵᠢᠯ  ᠤᠳ ᠲᠤ᠂ ᠮᠠᠨ ᠤ ᠣᠷᠣᠨ ᠪᠤᠭᠤᠲᠤ ᠬᠤᠲᠠ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ ᠪᠣᠯᠤᠨ ᠤᠯᠠᠭᠠᠨᠬᠠᠳᠠ ᠬᠤᠲᠠ ᠳᠤ ᠨᠡᠶᠢᠭᠡᠮ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠴᠢᠨᠠᠷᠲᠠᠶ ᠦᠢᠯᠡᠳᠦᠯᠭᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠡᠯ᠎ᠡ ᠭᠠᠵᠠᠷ ᠤᠨ ᠬᠢᠨ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠦᠳᠡᠯᠬᠡᠬᠡᠨ ᠤ ᠲᠠᠯᠠᠪᠠᠢ ᠪᠠᠷ ᠰᠠᠭᠤᠷᠢᠨ ᠭᠠᠵᠠᠷ ᠪᠣᠯᠭᠠᠨ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠵᠦ᠂ ᠰᠤᠷᠭᠠᠭᠤᠯᠢ ᠪᠣᠯᠤᠨ ᠰᠤᠷᠤᠭᠴᠢᠳ ᠤᠨ ᠣᠨᠴᠠᠯᠢᠭ ᠢ ᠤᠶᠠᠯᠳᠤᠭᠤᠯᠵᠤ᠂ ᠦᠢᠯᠡᠳᠦᠯᠭᠡ ᠶᠢᠨ ᠣᠶᠢᠯᠠᠭᠠᠮᠵᠢ ᠶᠢᠨ ᠠᠭᠤᠯᠭ᠎ᠠ  ᠶᠢ ᠪᠤᠷᠤᠭᠵᠢᠭᠤᠨ ᠪᠤᠯᠭᠠᠨ᠂ ᠭᠠᠵᠠᠷ ᠣᠷᠣᠨ ᠤ ᠣᠨᠴᠠᠯᠢᠭ ᠲᠠᠢ ᠬᠢᠴᠢᠶᠡᠯ ᠤᠨ  ᠰᠢᠰᠲ᠋ᠧᠮ ᠢ ᠨᠡᠭᠡᠭᠡᠨ ᠬᠥᠭᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠢ ᠱᠠᠭᠠᠷᠳᠠᠵᠦ ᠪᠡᠯᠡ ᠣᠷᠣᠭᠤᠯᠤᠯᠲᠠ ᠶᠢᠨ ᠡᠷᠴᠢᠮ ᠢ ᠨᠢ ᠴᠢᠩᠭᠠᠷᠠᠭᠤᠯᠤᠨ᠂ ︽ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠬᠤᠭᠤᠴᠠᠭᠠᠨ ᠤ ᠰᠤᠷᠭᠠᠨ ᠬᠥᠮᠦᠵᠢᠯ ᠤᠨ ᠤᠨᠴᠠᠯᠢᠭᠲᠤ ᠰᠠᠭᠤᠷᠢᠨ ᠭᠠᠵᠠᠷ ︵ᠪᠠᠭᠤᠴᠠ︶︾ ᠢ 13 ᠪᠠᠶᠢᠭᠤᠯᠪᠠ᠃ ᠡᠭᠦᠨ ᠤ ᠬᠠᠮᠲᠤ᠂ ᠪᠥᠬᠦ ᠣᠷᠣᠨ ᠤ 70 ᠭᠠᠷᠤᠶ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠦᠢᠯᠡᠳᠦᠯᠭᠡ ᠶᠢᠨ ᠬᠦᠳᠡᠯᠭᠡᠭᠡᠨ ᠤ ᠳᠠᠯᠠᠪᠠᠢ ᠲᠥᠪ ᠤᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠶᠢᠨ ᠲᠣᠭᠲᠠᠮᠠᠯ ᠬᠤᠭᠤᠴᠠᠭᠠᠲᠤ ᠲᠤᠰᠠᠯᠠᠮᠵᠢ ᠶᠢᠨ  ᠮᠦᠡᠭᠬᠦᠨ ᠳᠤ ᠲᠦᠰᠢᠭᠯᠡᠨ᠂ ᠵᠠᠷᠤᠳᠠᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠤᠭᠲᠠᠭᠠᠨ ᠡᠯ᠎ᠡ ᠵᠦᠢᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢ ᠦᠷᠨᠢᠬᠦᠯᠪᠡ᠃      ᠭᠤᠷᠪᠠ᠂ ᠲᠠᠷᠠᠭᠠᠴᠢ ᠶᠢᠨ ᠠᠵᠢᠯ ᠤᠨ ᠠᠷᠭ᠎ᠠ ᠬᠡᠮᠵᠢᠶ᠎ᠡ      ︵ᠨᠢᠭᠡ︶ ᠪᠥᠬᠦ ᠣᠷᠣᠨ ᠤ ᠬᠤᠪᠢᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ︽ᠥᠪᠥᠷ ᠮᠣᠩᠭᠤᠯ ᠤᠨ ᠬᠤᠪᠢᠰᠬᠠᠯᠲᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠲᠤᠬᠠᠶ ᠵᠢᠯᠣᠭᠤᠳᠬᠤ ᠰᠠᠨᠠᠯ︾ ᠢ ᠨᠠᠶᠢᠷᠠᠭᠤᠯᠤᠨ ᠵᠤᠬᠢᠶᠠᠬᠤ ᠪᠠᠷ ᠲᠦᠯᠦᠪᠯᠡᠵᠦ᠂ ᠮᠠᠨ ᠤ ᠣᠷᠣᠨ ᠤ ᠪᠥᠬᠦ ᠤᠯᠤᠰ ᠤᠨ ᠵᠢᠭᠤᠯᠴᠢᠯᠠᠯ ᠤᠨ ᠬᠤᠪᠢᠰᠬᠠᠯᠲᠤ ᠰᠣᠩᠭᠤᠳᠠᠭ ᠦᠵᠡᠮᠵᠢ ᠶᠢᠨ ᠣᠷᠣᠨ ᠵᠢᠴᠢ ᠬᠤᠪᠢᠰᠬᠠᠯᠲᠤ ᠬᠥᠮᠦᠵᠢᠯ ᠤᠨ ᠰᠠᠭᠤᠷᠢᠨ ᠭᠠᠵᠠᠷ ᠤᠨ ᠵᠢᠭᠤᠯᠴᠢᠯᠠᠯ ᠤᠨ ᠦᠢᠯᠡᠴᠢᠯᠡᠭᠡᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠪᠢᠰᠬᠠᠯ ᠤᠨ ᠲᠡᠤᠬᠡ ᠰᠣᠶᠣᠯ ᠤᠨ ᠥᠪ ᠢ ᠪᠦᠲᠦᠮᠵᠢᠲᠡᠶ ᠬᠠᠮᠠᠭᠠᠯᠠᠵᠤ᠂ ᠬᠤᠪᠢᠰᠬᠠᠯᠲᠤ ᠵᠢᠭᠤᠯᠴᠢᠯᠠᠯ ᠢ ᠤᠬᠠᠭᠤᠯᠬᠤ ᠳᠡᠯᠭᠡᠨ ᠦᠵᠡᠭᠦᠯᠬᠦ ᠪᠠ ᠰᠤᠳᠤᠯᠬᠤ ᠴᠢᠳᠠᠪᠤᠷᠢ ᠶᠢ ᠴᠢᠩᠭᠠᠷᠠᠭᠤᠯᠤᠨ᠂  ᠪᠦᠷᠢᠨ ᠲᠥᠬᠦᠷ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨᠰᠢᠭᠦᠯᠵᠦ᠂ ᠥᠷᠭᠡᠨ ᠣᠯᠠᠨ ᠠᠷᠠᠳ ᠲᠦᠮᠡᠨ ᠤ ᠬᠤᠪᠢᠰᠬᠠᠯᠲᠤ ᠵᠢᠭᠤᠯᠴᠢᠯᠠᠯ ᠳᠤ ᠣᠷᠣᠯᠴᠠᠬᠤ ᠢᠳᠡᠪᠬᠢᠵᠢᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠦᠷ᠎ᠡ ᠠᠰᠢᠭ ᠢ ᠨᠠᠩ ᠳᠤᠪᠤᠶᠢᠮ᠎ᠠ ᠪᠣᠯᠭᠠᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠲᠣᠬᠢᠶᠠᠯ ᠲᠠᠢ ᠤᠶᠠᠯᠳᠤᠭᠤᠯᠤᠨ᠂ ᠨᠢᠭᠡ ᠪᠦᠯᠦᠭ ᠬᠤᠪᠢᠰᠬᠠᠯᠲᠤ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠡᠬᠡ ᠣᠷᠣᠨᠴᠢ ᠦᠵᠡᠯ  ᠤᠨ ᠰᠤᠷᠭᠠᠨ ᠬᠥᠮᠦᠵᠢᠯ ᠤᠨ ᠠᠵᠢᠯᠯᠠᠭ᠎ᠠ᠂ ᠬᠤᠪᠢᠰᠬᠠᠯᠲᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠦᠨ᠎ᠡ᠃      ︵ᠬᠤᠶᠠᠷ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤᠯᠤᠭᠠᠶᠢᠯᠠᠨ ︽ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠢ ᠲᠦᠯᠬᠢᠨ ᠠᠬᠢᠭᠤᠯᠬᠤ ᠠᠵᠢᠯ ᠤᠨ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯ ᠢ ᠰᠤᠷᠭᠠᠭᠤᠯᠢ ᠶᠢᠨ ᠰᠤᠷᠭᠠᠨ ᠬᠥᠮᠦᠵᠢᠯ᠂ ᠵᠢᠭᠠᠨ ᠰᠤᠷᠭᠠᠬᠤ ᠲᠥᠯᠥᠪᠯᠡᠭᠡ ᠳᠤ ᠣᠷᠣᠭᠤᠯᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ᠂ ᠬᠠᠮᠢᠶᠠᠷᠤᠯᠲᠠ ᠶᠢ ᠵᠢᠷᠤᠮᠵᠢᠭᠤᠯᠤᠨ᠂ ᠵᠠᠷᠤᠳᠠᠯ ᠮᠦᠡᠭᠬᠦ ᠴᠤᠭᠯᠠᠭᠤᠯᠬᠤ ᠲᠤᠭᠲᠠᠯᠴᠠᠭ᠎ᠠ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠵᠢᠴᠢ ᠠᠭᠤᠯᠤᠭᠳᠠᠬᠤᠨ ᠤ ᠬᠥᠭᠵᠢᠯᠲᠡ ᠶᠢᠨ ᠪᠠᠶᠢᠭᠤᠯᠤᠯ ᠵᠡᠷᠭᠡ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠣᠷᠣᠨ ᠨᠤᠲᠤᠭ ᠢ ᠵᠢᠯᠣᠭᠤᠳᠤᠨ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠨ᠎ᠠ᠃ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠦᠢᠯᠡᠳᠦᠯᠭᠡ ᠶᠢᠨ ᠬᠦᠳᠡᠯᠭᠡᠭᠡᠨ ᠤ ᠲᠠᠯᠠᠪᠠᠢ ᠶᠢᠨ ᠬᠠᠮᠢᠶᠠᠷᠤᠭᠴᠢ᠂ ᠰᠤᠷᠭᠠᠭᠤᠯᠢ ᠶᠢᠨ ᠵᠠᠬᠢᠷᠤᠯ᠂ ᠨᠢᠭᠡᠳᠦᠭᠡᠷ ᠹᠷᠣᠨᠲ ᠤᠨ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯ ᠤᠨ ᠡᠩᠨᠡᠭᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠂ ᠰᠤᠳᠤᠯᠤᠨ ᠰᠤᠷᠤᠯᠴᠠᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠰᠤᠷᠭᠠᠭᠤᠯᠢ ᠶᠢ ᠵᠢᠯᠣᠭᠤᠳᠤᠨ ᠰᠤᠷᠭᠠᠭᠤᠯᠢ ᠶᠢᠨ ᠰᠤᠷᠭᠠᠨ ᠬᠥᠮᠦᠵᠢᠯ ᠢ  ᠦᠷᠭᠡᠳᠭᠡᠵᠦ᠂  ᠬᠡᠪ ᠴᠢᠨᠠᠷ ᠤᠨ ᠰᠤᠷᠭᠠᠨ ᠬᠥᠮᠦᠵᠢᠯ  ᠢ ᠦᠢᠯᠡᠳᠦᠯᠭᠡᠵᠢᠬᠦᠯᠵᠦ᠂ ᠨᠡᠶᠢᠭᠡᠮ ᠤᠨ ᠰᠤᠷᠭᠠᠨ ᠬᠥᠮᠦᠵᠢᠯ ᠲᠠᠢ ᠵᠣᠯᠭᠠᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠢ ᠪᠡᠶᠡᠯᠡᠭᠦᠯᠵᠦ᠂ ᠰᠤᠷᠤᠭᠴᠢᠳ ᠤᠨ ᠵᠤᠷᠢᠯᠲᠠ ᠬᠦᠰᠡᠯᠡᠩ ᠂ ᠢᠲᠡᠭᠡᠯ ᠪᠢᠰᠢᠷᠡᠯ ᠢ ᠪᠠᠲᠤᠳᠬᠠᠵᠤ᠂ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠬᠥᠮᠦᠵᠢᠭᠦᠯᠬᠦ᠂ ᠵᠠᠩ ᠮᠣᠷᠠᠯ ᠤᠨ ᠪᠣᠯᠪᠠᠰᠤᠷᠠᠯ ᠢ ᠴᠢᠩᠭᠠᠳᠬᠠᠬᠤ᠂ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠰᠤᠷᠭᠠᠨ ᠬᠥᠮᠦᠵᠢᠯ ᠤᠨ ᠵᠣᠷᠢᠯᠭ᠎ᠠ ᠳᠤ  ᠬᠦᠷᠭᠡᠨ᠎ᠡ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                                                                                          2019 ᠤᠨ ᠤ 6 ᠰᠠᠷ᠎ᠠ ᠶᠢᠨ 20 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号