ᠪᠤᠭᠤᠲᠤ ᠬᠤᠲᠠ ᠶᠢᠨ ᠳᠣᠯᠣᠳᠤᠭᠠᠷ ᠬᠤᠭᠤᠴᠠᠭᠠᠨ ᠤ ᠨᠡᠭᠦᠲᠡᠯ ᠮᠠᠯᠵᠢᠯ ᠤᠨ ᠰᠣᠶᠣᠯ ᠵᠢᠭᠤᠯᠴᠢᠯᠠᠯ ᠤᠨ ᠨᠠᠶᠢᠷ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2019/10/18
 
                                 
ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄       ︽ᠳᠣᠯᠣᠳᠤᠭᠠᠷ ᠬᠤᠭᠤᠴᠠᠭᠠᠨ ᠤ ᠨᠡᠭᠦᠳᠡᠯ ᠮᠠᠯᠵᠢᠯ ᠤᠨ ᠰᠣᠶᠣᠯ ᠵᠢᠭᠤᠯᠴᠢᠯᠠᠯ ᠤᠨ ᠨᠠᠶᠢᠷ ᠢ ᠡᠷᠬᠢᠯᠡᠬᠦ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠭᠠᠪᠤᠷᠢ ᠠᠪᠬᠤ ᠮᠡᠳᠡᠭᠦᠯᠦᠯᠲᠡ︾ ︵ᠪᠤᠭᠤᠲᠤ ᠦᠰᠦᠭ ︹ 2019 ︺ 79 ᠳ᠋ᠤᠭᠡᠷ ᠲᠣᠭᠠᠲᠤ︶ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ  ᠢ ᠬᠦᠯᠢᠶᠠᠨ ᠭᠠᠷᠳᠠᠪᠠ᠃ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠨᠠᠮ ᠠᠯᠪᠠᠨ ᠲᠠᠷᠬᠠᠭᠠᠭᠰᠠᠨ ︹ 2015 ︺ 45 ᠳ᠋ᠤᠭᠠᠷ ᠲᠣᠭᠠᠲᠤ︶ ᠶᠢᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠨ ᠰᠠᠶᠢᠰᠢᠶᠠᠨ ᠬᠥᠬᠢᠭᠦᠯᠬᠦ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠦᠵᠡᠰᠬᠦᠯᠡᠩ ᠤᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠠᠮᠵᠢᠨ᠂ ᠲᠠᠨ  ᠤ ᠬᠤᠲᠠ ᠶᠢᠨ ᠳᠣᠯᠣᠳᠤᠭᠠᠷ ᠬᠤᠭᠤᠴᠠᠭᠠᠨ ᠤ ᠨᠡᠭᠦᠳᠡᠯ ᠮᠠᠯᠵᠢᠯ ᠤᠨ ᠰᠣᠶᠣᠯ ᠵᠢᠭᠤᠯᠴᠢᠯᠠᠯ ᠤᠨ ᠨᠠᠶᠢᠷ  ᠢ ᠡᠷᠬᠢᠯᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠳᠠᠷᠬᠠᠨ ᠮᠤᠤᠮᠢᠩᠭᠠᠨ ᠬᠤᠰᠢᠭᠤᠨ ᠳᠤ ᠪᠠᠶᠢᠷᠢᠯᠠᠭᠤᠯᠤᠨ᠎ᠠ᠃       ᠡᠭᠦᠨ ᠤ ᠳᠠᠭᠠᠤ ᠳᠣᠤᠷᠠᠬᠢ ᠮᠡᠲᠦ ᠬᠡᠳᠦᠨ ᠰᠠᠨᠠᠯ ᠢ ᠳᠤᠷᠠᠳᠬᠤ ᠨᠢ᠄ ᠨᠢᠭᠡ ᠳᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠢᠵᠢ ᠪᠦᠷᠢᠳᠦᠭᠦᠯᠬᠦ ᠲᠣᠭᠲᠠᠭᠠᠯ  ᠢ ᠴᠢᠩᠭ᠎ᠠ ᠬᠡᠷᠡᠭᠵᠢᠭᠦᠯᠵᠦ ᠡᠯ᠎ᠡ ᠵᠦᠢᠯ ᠤᠨ ᠠᠵᠢᠯᠯᠠᠭ᠎ᠠ ᠥᠷᠨᠢᠭᠦᠯᠦᠨ᠎ᠡ︔ ᠬᠤᠶᠠᠷ ᠲᠤ᠂ ᠲᠣᠭᠯᠠᠯᠲᠠ ᠭᠠᠷᠭᠠᠬᠤ᠂ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠶᠢᠨ ᠠᠭᠤᠯᠭ᠎ᠠ ᠶᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ︔ ᠭᠤᠷᠪᠠ ᠳᠤ᠂ ᠭᠠᠯ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ︔ ᠳᠥᠷᠪᠡ ᠳᠤ᠂ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 2 ᠰᠠᠷ᠎ᠠ ᠶᠢᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ᠳᠤ ᠲᠣᠰ ᠤᠳᠠᠭᠠᠨ ᠤ ᠠᠵᠢᠯᠯᠠᠭ᠎ᠠ ᠶᠢᠨ ᠳᠠᠩᠰᠠᠯᠠᠭᠤᠯᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃      ᠡᠭᠦᠨ ᠤ ᠳᠤ ᠲᠤᠯᠠ ᠲᠤᠰᠬᠠᠶᠢᠯᠠᠨ ᠴᠣᠬᠤᠯᠠᠪᠤᠷᠢᠯᠠᠨ ᠬᠠᠷᠢᠭᠤᠯᠪᠠ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ                 ᠶᠣᠰᠣᠯᠠᠯ ᠢ ᠵᠢᠷᠤᠮᠵᠢᠭᠤᠯᠬᠤ ᠠᠵᠢᠯ  ᠤᠨ ᠲᠤᠰᠬᠠᠶ ᠳᠤᠭᠤᠶᠢᠯᠠᠩ                                                2019 ᠤᠨ  ᠤ 7 ᠰᠠᠷ᠎ᠠ ᠶᠢᠨ 19 ᠤ ᠡᠳᠦᠷ  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号