ᠣᠷᠳᠣᠰ ᠬᠤᠲᠠ ᠶᠢᠨ ᠠᠩᠬᠠᠳᠤᠭᠠᠷ ᠬᠤᠭᠤᠴᠠᠭᠠᠨ ᠤ ᠣᠷᠳᠣᠰ ᠤᠨ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠵᠢᠭᠤᠯᠴᠢᠯᠠᠯ ᠤᠨ ᠨᠠᠶᠢᠷ ᠢ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2019/10/18

ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄

     ᠲᠠᠨ ᠤ ᠢᠷᠡᠭᠦᠯᠦᠭᠰᠡᠨ ︽ᠠᠩᠬᠠᠳᠤᠭᠠᠷ ᠬᠤᠭᠤᠴᠠᠭᠠᠨ ᠤ ᠣᠷᠳᠣᠰ ᠤᠨ ᠲᠠᠯ᠎ᠠ ᠨᠤᠲᠤᠭ ᠤᠨ ᠲᠣᠷᠭᠠᠨ

ᠵᠠᠮ ᠤᠨ ᠰᠣᠶᠣᠯ ᠵᠢᠭᠤᠯᠴᠢᠯᠠᠯ ᠤᠨ ᠨᠠᠶᠢᠷ ᠢ ᠡᠷᠬᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠣᠷᠳᠣᠰ

ᠬᠤᠳᠠ ᠶᠢᠨ ᠵᠠᠰᠠᠭ ᠤᠨ ᠣᠷᠳᠣᠨ ᠤ  ᠪᠢᠴᠢᠭ ᠮᠠᠲ᠋ᠧᠷᠢᠶᠠᠯ︹ 2019 ︺ 36 ᠳ᠋ᠤᠭᠠᠷ ᠲᠣᠭᠠᠲᠤ︶ ᠶᠢᠨ

ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ  ᠬᠦᠯᠢᠶᠡᠨ ᠭᠠᠷᠳᠠᠪᠠ᠃ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ

ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠨᠠᠮ ᠠᠯᠪᠠᠨ ᠲᠠᠷᠬᠠᠭᠠᠭᠰᠠᠨ

︹ 2015 ︺ 45 ᠳ᠋ᠤᠭᠠᠷ ᠲᠣᠭᠠᠲᠤ︶ ᠶᠢᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ

ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ  ᠬᠦᠷᠭᠡᠵᠣ᠂ ᠰᠠᠶᠢᠰᠢᠶᠠᠨ ᠬᠥᠬᠢᠭᠦᠯᠬᠦ   ᠶᠢ ᠵᠢᠷᠣᠮᠵᠢᠭᠤᠯᠬᠤ ᠵᠢᠴᠢ

ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠦᠵᠡᠭᠦᠯᠦᠯᠭᠡ ᠶᠢᠨ ᠴᠤᠭᠯᠠᠭᠠᠨ ᠤ ᠠᠵᠢᠯᠯᠠᠭ᠎ᠠ ᠶᠢᠨ

ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ

ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ   ᠤ ᠬᠤᠲᠠ ᠶᠢᠨ ᠠᠩᠬᠠᠳᠤᠭᠠᠷ ᠬᠤᠭᠤᠴᠠᠭᠠᠨ ᠤ

ᠣᠷᠳᠣᠰ ᠤᠨ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠵᠢᠭᠤᠯᠴᠢᠯᠠᠯ ᠤᠨ ᠨᠠᠶᠢᠷ ᠢ ᠡᠷᠬᠢᠯᠡᠬᠦ ᠶᠢ  

ᠵᠦᠪᠰᠢᠶᠡᠷᠡᠪᠡ᠃

     ᠡᠭᠦᠨ ᠤ  ᠳᠠᠭᠠᠤ ᠳᠣᠤᠷᠠᠬᠢ ᠬᠡᠳᠣᠨ ᠰᠠᠨᠠᠯ ᠢ  ᠳᠣᠷᠠᠳᠬᠤ ᠨᠢ᠄ ᠨᠢᠭᠡ ᠳᠤ᠂ ᠲᠥᠪ ᠬᠤᠷᠢᠶᠠᠨ ᠤ ᠨᠠᠢᠮᠠᠨ

ᠵᠤᠷᠪᠤᠰ ᠲᠣᠭᠲᠠᠭᠠᠯ ᠵᠢᠴᠢ  ᠭᠦᠢᠴᠡᠳᠭᠡᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ

ᠪᠦᠬᠦᠢ ᠪᠦᠷᠢᠨ ᠲᠥᠬᠦᠷ ᠳᠦᠷᠢᠮ ᠲᠣᠭᠲᠠᠭᠠᠯ   ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠵᠢᠯᠯᠠᠭ᠎ᠠ  ᠪᠠᠨ

ᠠᠷᠪᠢᠳᠡᠢ ᠭᠠᠮᠲᠠᠢ ᠪᠠᠷ  ᠡᠷᠬᠢᠯᠡᠬᠦ ᠬᠡᠷᠡᠭᠲᠡᠶ᠃ ᠬᠤᠶᠠᠷ ᠲᠤ᠂ ᠤᠷᠠᠨ ᠰᠠᠶᠢᠬᠠᠨ ᠤ ᠲᠣᠭᠯᠠᠯᠲᠠ᠂ ᠦᠵᠡᠰᠬᠦᠯᠡᠩ

ᠦᠵᠡᠭᠦᠯᠦᠯᠭᠡ ᠵᠡᠷᠭᠡ ᠠᠵᠢᠯᠯᠠᠭ᠎ᠠ ᠶᠢᠨ ᠠᠭᠤᠯᠭ᠎ᠠ ᠶᠢ ᠴᠢᠩᠭ᠎ᠠ ᠨᠢᠮᠪᠠᠢ ᠬᠢᠨᠠᠨ ᠬᠠᠮᠢᠶᠠᠷᠴᠤ᠂ ᠦᠵᠡᠯ ᠤᠬᠠᠮᠰᠠᠷ ᠤᠨ

ᠬᠡᠯᠪᠡᠷᠢ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠭᠤᠷᠪᠠ ᠳᠤ᠂ ᠭᠠᠯ ᠢ ᠰᠡᠷᠭᠡᠶᠢᠯᠡᠬᠦ᠂ ᠬᠦᠴᠦᠷᠬᠡᠭᠯᠡᠯ ᠢ

ᠰᠡᠷᠭᠡᠶᠢᠯᠡᠬᠦ᠂ ᠭᠢᠰᠬᠢᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ

 ᠰᠢᠢᠳᠪᠦᠷᠢᠯᠡᠬᠦ ᠠᠵᠢᠯ ᠢ  ᠨᠠᠷᠢᠨ ᠨᠢᠮᠪᠠᠢ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ

ᠪᠠᠲᠤᠯᠠᠬᠤ ᠬᠡᠷᠡᠭᠲᠡᠶ᠃ ᠳᠥᠷᠪᠡ ᠳᠤ᠂ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 2 ᠰᠠᠷ᠎ᠠ ᠶᠢᠨ ᠳᠣᠲᠣᠷ᠎ᠠ

ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ  ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ

ᠳᠤᠭᠤᠶᠢᠯᠠᠩ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ︶ 

 ᠳᠤ ᠲᠣᠰ ᠤᠳᠠᠭᠠᠨ ᠤ ᠠᠵᠢᠯᠯᠠᠭ᠎ᠠ ᠶᠢᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠲᠠᠪᠤ ᠳᠤ᠂

ᠬᠤᠯᠪᠣᠭᠳᠠᠯ ᠪᠦᠬᠦᠢ ᠪᠠᠶᠠᠷ ᠳᠤᠷᠠᠰᠬᠠᠯ ᠤᠨ ᠠᠵᠢᠯᠯᠠᠭ᠎ᠠ ᠶᠢ ᠳᠠᠬᠢᠨᠲᠠ ᠡᠷᠬᠢᠯᠡᠬᠦ ᠳᠤ ᠬᠦᠷᠪᠡᠯ᠂ ᠪᠠᠶᠠᠷ

ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ   ᠢ ᠴᠢᠩᠭ᠎ᠠ ᠦᠨᠳᠦᠰᠦᠯᠡᠵᠦ᠂ ᠴᠠᠭ

ᠬᠤᠭᠤᠴᠠᠭ᠎ᠠ ᠶᠢᠨ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠬᠤᠯᠪᠣᠭᠳᠠᠯ ᠪᠦᠬᠦᠢ ᠮᠠᠲ᠋ᠧᠷᠢᠶᠠᠯ ᠢ ᠳᠡᠭᠡᠭᠰᠢ

ᠮᠡᠳᠡᠭᠦᠯᠬᠦ ᠬᠡᠷᠡᠭᠲᠡᠶ᠃

    ᠡᠭᠦᠨ ᠤ ᠳᠤ ᠲᠤᠯᠠ ᠲᠤᠰᠬᠠᠶᠢᠯᠠᠨ ᠴᠣᠬᠤᠯᠠᠪᠤᠷᠢᠯᠠᠨ ᠬᠠᠷᠢᠭᠤᠯᠪᠠ  ᠃

                 

           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ

                  ᠶᠣᠰᠣᠯᠠᠯ ᠢ  ᠵᠢᠷᠤᠮᠵᠢᠭᠤᠯᠬᠤ ᠠᠵᠢᠯ  ᠤᠨ ᠲᠤᠰᠬᠠᠶ  ᠳᠣᠭᠤᠶᠢᠯᠠᠩ

 

                                       2019 ᠣᠨ ᠤ 8 ᠰᠠᠷ᠎ᠠ ᠶᠢᠨ 12 ᠤᠨ ᠡ᠊ ᠳᠤᠷ

 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号