| | ᠡᠯ᠎ᠡ ᠠᠶᠢᠮᠠᠭ ᠬᠤᠲᠠ ᠶᠢᠨ ᠰᠤᠶᠦᠯ ᠰᠤᠨᠢᠨ ᠷᠠᠳᠢᠤ᠋ ᠲᠧᠯᠸᠢᠰ ︵ᠪᠡᠶ᠎ᠡ ᠶᠢᠨ ᠲᠠᠮᠢᠷ︶ ᠤᠨ ᠲᠤᠪᠴᠢᠶ᠎ᠠ᠂ | ᠮᠠᠨᠵᠤᠤᠷ ᠬᠤᠲᠠ᠂ ᠡᠷᠢᠶᠡᠨ ᠬᠤᠲᠠ ᠶᠢᠨ ᠰᠤᠶᠦᠯ ᠰᠤᠨᠢᠨ ᠷᠠᠳᠢᠤ᠋ ᠲᠧᠯᠸᠢᠰ ︵ᠪᠡᠶ᠎ᠡ ᠶᠢᠨ ᠲᠠᠮᠢᠷ︶ ᠤᠨ | ᠲᠤᠪᠴᠢᠶ᠎ᠠ᠂ ᠡᠯ᠎ᠡ ᠰᠢᠭᠤᠳ ᠬᠠᠷᠢᠶ᠎ᠠ ᠨᠢᠭᠡᠴᠢ ᠳᠤ᠄ | ᠰᠤᠶᠤᠯ ᠤᠨ ᠶᠠᠮᠤᠨ ᠪᠤᠯᠤᠨ ᠲᠦᠪ ᠤᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠵᠢᠭᠠᠨ ᠵᠢᠯᠤᠭᠤᠳᠬᠤ | ᠵᠥᠪᠯᠡᠯ ᠤᠨ ᠠᠯᠪᠠᠨ ᠭᠡᠷ ᠤᠨ ᠪᠠᠭᠤᠯᠭᠠᠭᠰᠠᠨ ︽ᠦᠨᠳᠦᠰᠦᠨ ᠱᠠᠲᠤᠨ ᠤ ᠰᠤᠶᠦᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠭᠡᠨ ᠳᠡᠯᠭᠡᠷᠡᠩᠭᠦᠢ ᠪᠠᠷ ᠦᠷᠨᠢᠬᠦᠯᠬᠦ ᠲᠤᠬᠠᠢ ᠰᠠᠨᠠᠯ︾᠂ ᠰᠤᠶᠤᠯ ᠤᠨ | ᠶᠠᠮᠤᠨ ᠤ ᠪᠠᠭᠤᠯᠭᠠᠭᠰᠠᠨ ︽ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠠᠮᠢᠶᠠᠷᠤᠯᠲᠠ ᠶᠢᠨ | ᠠᠷᠭ᠎ᠠ︾᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠤᠯᠤᠨ ᠤᠶᠤᠨ ᠤ | ᠪᠤᠯᠪᠠᠰᠤᠨ ᠤ ᠪᠠᠶᠢᠭᠤᠯᠤᠯᠲᠠ ᠶᠢᠨ ᠵᠢᠭᠠᠨ ᠵᠢᠯᠤᠭᠤᠳᠬᠤ ᠵᠥᠪᠯᠡᠯ ᠤᠨ ᠠᠯᠪᠠᠨ ᠭᠡᠷ ᠤᠨ ᠪᠠᠭᠤᠯᠭᠠᠭᠰᠠᠨ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠬᠠᠮᠢᠶᠠᠷᠤᠯᠲᠠ ᠶᠢᠨ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠤᠷᠤᠨ ᠤ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠦᠷᠭᠡᠨ ᠳᠡᠯᠭᠡᠷᠡᠩᠭᠦᠢ ᠬᠦᠨ ᠬᠦᠨᠵᠡᠭᠡᠢ ᠦᠷᠨᠢᠭᠦᠯᠬᠦ ᠶᠠᠪᠤᠳᠠᠯ ᠢ ᠵᠤᠷᠢᠭᠵᠢᠭᠤᠯᠤᠨ ᠵᠢᠯᠤᠭᠤᠳᠴᠤ᠂ ᠦᠪᠡᠷᠲᠡᠭᠡᠨ | ᠵᠠᠰᠠᠬᠤ ᠤᠷᠤᠨ ᠤ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠢᠷᠤᠮᠵᠢᠭᠤᠯᠤᠨ ᠳᠦᠷᠢᠮᠵᠢᠬᠦᠯᠬᠦ | ᠪᠠᠶᠢᠭᠤᠯᠤᠯᠲᠠ ᠶᠢ ᠠᠬᠢᠭᠤᠯᠤᠨ᠂ ᠤᠳᠤ ᠦᠶ᠎ᠡ ᠶᠢᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ | ᠠᠵᠢᠯ ᠤᠨ ᠰᠢᠰᠲ᠋ᠧᠮ ᠳᠤ ᠬᠢ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠦᠵᠡᠭᠦᠯᠬᠦ | ᠢᠳᠡᠪᠬᠢᠲᠦ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠶᠢᠨ ᠲᠦᠯᠦᠭᠡ ᠦᠪᠡᠷᠲᠡᠭᠡᠨ ᠵᠠᠰᠠᠬᠤ ᠤᠷᠤᠨ ᠤ | ᠰᠤᠶᠤᠯ ᠤᠨ ᠲᠢᠩᠭᠢᠮ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠦᠯ ᠤᠨ ᠰᠠᠶᠢᠨ | ᠳᠤᠷᠠᠴᠤᠳ ᠢ ᠬᠠᠮᠢᠶᠠᠷᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠯᠡᠬᠦ︶︾ ᠶᠢ ᠲᠣᠭᠲᠠᠭᠠᠭᠠᠳ ᠡᠳᠦᠭᠡ ᠲᠠ | ᠨᠠᠷ ᠲᠤ ᠲᠠᠷᠬᠠᠭᠠᠪᠠ᠃ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠨᠠᠷᠢᠨ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠦᠭᠲᠦᠨ᠃ | ᠡᠭᠦᠨ ᠤ ᠲᠤᠯᠠ ᠤᠨᠴᠠᠭᠠᠶᠢᠯᠠᠨ ᠮᠡᠳᠡᠭᠳᠡᠪᠡ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ | 2017 ᠤᠨ ᠤ 9 ᠰᠠᠷ᠎ᠠ ᠶᠢᠨ 27 ᠤ ᠡᠳᠦᠷ | | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠦᠯ ᠤᠨ ᠰᠠᠶᠢᠨ ᠳᠤᠷᠠᠴᠤᠳ ᠢ ᠬᠠᠮᠢᠶᠠᠷᠬᠤ | ᠬᠠᠮᠢᠶᠠᠷᠣᠯᠲᠠ ᠶᠢᠨ ᠠᠷᠭ᠎ᠠ ︵ᠲᠤᠷᠰᠢᠨ ᠬᠡᠷᠡᠭᠯᠡᠬᠦ︶ | ᠨᠢᠭᠡᠳᠦᠭᠡᠷ ᠪᠦᠯᠦᠭ ᠶᠡᠷᠦᠩᠭᠡᠢ ᠳᠦᠷᠢᠮ | | ᠨᠢᠭᠡᠳᠦᠭᠡᠷ ᠵᠦᠢᠯ ᠤᠳᠤ ᠦᠶ᠎ᠡ ᠶᠢᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠳᠤ | ᠬᠢ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠦᠵᠡᠭᠦᠯᠬᠦ ᠢᠳᠡᠪᠬᠢᠲᠦ ᠦᠢᠯᠡᠳᠦᠯ ᠢ | ᠪᠠᠳᠠᠷᠠᠭᠤᠯᠵᠤ᠂ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠡᠨ ᠳᠡᠯᠭᠡᠷᠡᠩᠭᠦᠢ ᠬᠦᠨ | ᠬᠦᠨᠵᠡᠭᠡᠢ ᠦᠷᠨᠢᠭᠦᠯᠬᠦ ᠶᠠᠪᠤᠳᠠᠯ ᠢ ᠵᠤᠷᠢᠭᠵᠢᠭᠤᠯᠤᠨ ᠵᠢᠯᠤᠭᠤᠳᠬᠤ ᠶᠢᠨ ᠲᠦᠯᠦᠭᠡ᠂ ᠰᠤᠶᠤᠯ ᠤᠨ ᠶᠠᠮᠤᠨ ᠤ | ᠪᠠᠭᠤᠯᠭᠠᠭᠰᠠᠨ ︽ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠠᠮᠢᠶᠠᠷᠤᠯᠲᠠ ᠶᠢᠨ ᠠᠷᠭ᠎ᠠ︾ | ᠳᠤ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠳᠠᠲᠠᠢ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠲᠤᠰ | ᠠᠷᠭ᠎ᠠ ᠶᠢ ᠲᠤᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠦᠬᠦᠢ ᠰᠤᠶᠤᠯ ᠤᠨ ᠰᠠᠶᠢᠨ ᠳᠤᠷᠠᠴᠤᠳ ᠭᠡᠳᠡᠭ ᠨᠢ | ᠦᠪᠡᠷ ᠤᠨ ᠴᠠᠭ᠂ ᠮᠡᠳᠡᠯᠭᠡ ᠂ ᠮᠡᠷᠭᠡᠵᠢᠯ ᠴᠢᠳᠠᠪᠤᠷᠢ ᠵᠡᠷᠭᠡ ᠪᠠᠨ ᠠᠰᠢᠭᠯᠠᠨ᠂ ᠰᠠᠶᠢᠨ ᠳᠤᠷ᠎ᠠ ᠠᠴᠠ ᠪᠠᠨ᠂ | ᠬᠠᠷᠠᠮᠵᠢ ᠦᠭᠡᠢ ᠪᠠᠷ ᠨᠡᠶᠢᠭᠡᠮ ᠨᠡᠶᠢᠲᠡ ᠳᠤ ᠪᠤᠶᠤ ᠪᠤᠰᠤᠳ ᠬᠦᠮᠦᠰ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠰᠤᠶᠦᠯ ᠤᠨ ᠦᠢᠯᠡᠴᠢᠯᠡᠭᠡ ᠶᠢ ᠬᠠᠩᠭᠠᠳᠠᠭ ᠪᠦᠯᠬᠦᠮ ᠨᠡᠶᠢᠲᠡ ᠪᠤᠶᠤ ᠬᠤᠪᠢ ᠬᠦᠮᠦᠨ ᠢ ᠬᠡᠯᠡᠵᠦ ᠪᠤᠢ᠃ | ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠤᠬᠢᠶᠠᠨ ᠪᠠᠶᠢᠭᠤᠯᠬᠤ ᠨᠢᠭᠡᠴᠢ ᠭᠡᠳᠡᠭ ᠨᠢ | ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠳᠡᠭ ᠰᠤᠶᠤᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠰᠤᠶᠤᠯ ᠤᠨ ᠨᠢᠭᠡᠴᠡ ᠶᠢ ᠵᠢᠭᠠᠵᠤ ᠪᠠᠶᠢᠨ᠎ᠠ᠃ ᠰᠤᠶᠤᠯ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠤᠨ ᠵᠤᠬᠢᠶᠠᠨ ᠪᠠᠶᠢᠭᠤᠯᠤᠯᠲᠠ ᠭᠡᠳᠡᠭ ᠨᠢ ᠰᠤᠶᠤᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠢ ᠦᠷᠨᠢᠭᠦᠯᠦᠨ ᠬᠢᠬᠦ ᠪᠠᠷ ᠵᠤᠷᠢᠯᠲᠠ ᠪᠠᠨ ᠪᠤᠯᠭᠠᠭᠰᠠᠨ ᠠᠰᠢᠭ ᠬᠤᠨᠵᠢᠪᠦᠷᠢ ᠶᠢᠨ ᠪᠤᠰᠤ | ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠬᠡᠯᠡᠵᠦ ᠪᠤᠢ᠃ | ᠭᠤᠷᠪᠠᠳᠤᠭᠠᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠷᠨᠢᠭᠦᠯᠦᠨ ᠬᠢᠬᠦ | ᠳᠤ ᠲᠤᠷᠠᠰᠢᠯ ᠠᠴᠠ ᠪᠠᠨ ᠬᠠᠨᠳᠢᠪᠯᠠᠨ ᠵᠤᠷᠢᠭᠤᠯᠳᠠᠭ ᠪᠠᠶᠢᠬᠤ᠂ ᠨᠦᠬᠦᠷᠰᠡᠭ ᠬᠠᠶᠢᠷᠠᠲᠠᠢ ᠪᠠᠶᠢᠬᠤ᠂ ᠬᠠᠷᠢᠯᠴᠠᠨ | ᠬᠠᠪᠰᠤᠷᠤᠯᠴᠠᠳᠠᠭ ᠪᠠᠶᠢᠬᠤ᠂ ᠳᠠᠪᠰᠢᠨ ᠤᠷᠤᠭᠰᠢᠯᠠᠳᠠᠭ ᠪᠠᠶᠢᠬᠤ ᠵᠤᠷᠢᠭ ᠰᠠᠨᠠᠭ᠎ᠠ ᠶᠢ ᠪᠠᠳᠠᠷᠠᠭᠤᠯᠤᠨ ᠮᠠᠨᠳᠤᠭᠤᠯᠵᠤ | ᠂ ᠰᠠᠶᠢᠨ ᠳᠤᠷ᠎ᠠ ᠠᠴᠠ ᠪᠠᠨ ᠪᠠᠶᠢᠬᠤ᠂ ᠬᠠᠷᠠᠮᠵᠢ ᠦᠭᠡᠢ ᠪᠠᠶᠢᠬᠤ᠂ ᠪᠤᠰᠤᠳ ᠲᠤ ᠠᠰᠢᠭᠲᠠᠢ ᠪᠠᠶᠢᠬᠤ᠂ ᠡᠷᠭᠡ | ᠲᠡᠭᠰᠢ ᠪᠠᠶᠢᠬᠤ ᠵᠠᠷᠴᠢᠮ ᠢ ᠪᠠᠷᠢᠮᠳᠠᠯᠠᠭᠰᠠᠨ ᠪᠠᠶᠢᠬᠤ ᠬᠡᠷᠡᠭᠲᠡᠢ᠃ | | ᠬᠤᠶᠠᠳᠤᠭᠠᠷ ᠪᠦᠯᠦᠭ ᠵᠤᠬᠢᠶᠠᠨ ᠪᠠᠶᠢᠭᠤᠯᠬᠤ ᠬᠢᠭᠡᠳ ᠬᠠᠮᠢᠶᠠᠷᠬᠤ | | ᠳᠦᠷᠪᠡᠳᠦᠭᠡᠷ ᠵᠦᠢᠯ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠱᠠᠳᠤᠨ ᠤ ᠪᠠᠨ ᠰᠤᠶᠤᠯ ᠤᠨ ᠰᠠᠶᠢᠨ ᠳᠤᠷᠠᠴᠤᠳ ᠤᠨ | ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠢ ᠪᠠᠶᠢᠭᠤᠯᠵᠤ᠂ ᠬᠠᠷᠢᠶᠠᠨ ᠤ ᠤᠷᠤᠨ ᠭᠠᠵᠠᠷ ᠤᠨ ᠢᠶᠠᠨ | ᠬᠠᠮᠢᠶᠠᠷᠤᠯᠲᠠ ᠶᠢᠨ ᠵᠠᠷᠴᠢᠮ ᠶᠤᠰᠤᠭᠠᠷ ᠲᠤᠬᠠᠢ ᠶᠢᠨ ᠤᠷᠤᠨ ᠤ ᠰᠤᠶᠤᠯ ᠤᠨ ᠰᠠᠶᠢᠨ ᠳᠤᠷᠠᠴᠤᠳ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠢᠵᠦ᠂ ᠰᠤᠶᠤᠯ ᠤᠨ ᠰᠠᠶᠢᠨ ᠳᠤᠷ᠎ᠠ ᠶᠢᠨ ᠠᠵᠢᠯᠯᠠᠭ᠎ᠠ ᠶᠢᠨ ᠲᠢᠭᠯᠢᠮ | ᠵᠢᠷᠤᠮᠵᠢᠯ ᠲᠠᠢ ᠶᠠᠪᠤᠭᠳᠠᠬᠤ ᠶᠢ ᠦᠨᠡᠨ ᠬᠦ ᠪᠠᠳᠤᠯᠠᠬᠤ ᠬᠡᠷᠡᠭᠲᠡᠢ᠃ | ᠲᠠᠪᠤᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤ ᠤᠯᠠᠨ ᠨᠡᠶᠢᠲᠡ ᠶᠢᠨ ᠰᠤᠶᠤᠯ ᠤᠨ | ᠪᠠᠶᠢᠭᠤᠯᠤᠮᠵᠢ ᠨᠢ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠶᠡᠷᠦᠩᠭᠡᠢ ᠠᠩᠭᠢ᠂ ᠰᠠᠯᠪᠤᠷᠢ | ᠠᠩᠭᠢ᠂ ᠬᠤᠪᠢᠶᠠᠷᠢ ᠠᠩᠭᠢ ᠶᠢ ᠪᠠᠶᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠤᠨ ᠶᠡᠷᠦᠩᠭᠡᠢ ᠠᠩᠭᠢ ᠶᠢ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠰᠤᠶᠦᠯ ᠤᠨ ᠤᠷᠳᠤᠨ ᠳᠤ ᠪᠠᠶᠢᠭᠤᠯᠤᠨ᠎ᠠ︔ ᠦᠪᠡᠷᠲᠡᠭᠡᠨ ᠵᠠᠰᠠᠬᠤ ᠤᠷᠤᠨ ᠤ ᠱᠠᠲᠤᠨ ᠤ ᠪᠠ ᠠᠶᠢᠮᠠᠭ | ᠬᠤᠲᠠ ᠶᠢᠨ ᠱᠠᠲᠤᠨ ᠤ ᠤᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠨᠢ ᠰᠤᠶᠤᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠤᠨ ᠰᠠᠯᠪᠤᠷᠢ ᠠᠩᠭᠢ ᠶᠢ ᠪᠠᠶᠢᠭᠤᠯᠤᠨ᠎ᠠ︔ ᠬᠤᠰᠢᠭᠤ ᠰᠢᠶᠠᠨ ᠤ ᠱᠠᠲᠤᠨ ᠤ ᠤᠯᠠᠨ | ᠨᠡᠶᠢᠲᠡ ᠶᠢᠨ ᠰᠤᠶᠤᠯ ᠤᠨ ᠨᠢᠭᠡᠴᠢ ᠨᠢ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠤᠪᠢᠶᠠᠷᠢ | ᠠᠩᠭᠢ ᠶᠢ ᠪᠠᠶᠢᠭᠤᠯᠵᠤ᠂ ᠲᠤᠰ ᠭᠠᠵᠠᠷ ᠤᠷᠤᠨ ᠤ ᠪᠠᠨ ᠰᠤᠶᠤᠯ ᠤᠨ ᠰᠠᠶᠢᠨ ᠳᠤᠷᠠᠴᠤᠳ ᠤᠨ ᠲᠤᠬᠠᠢ | ᠬᠠᠮᠢᠶᠠᠷᠤᠯᠲᠠ ᠶᠢᠨ ᠠᠵᠢᠯ ᠪᠤᠯᠤᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠦᠨ ᠬᠢᠬᠦ ᠶᠠᠪᠤᠳᠠᠯ ᠢ ᠬᠠᠷᠢᠭᠤᠴᠠᠨ᠎ᠠ | ᠃ | ᠵᠢᠷᠭᠤᠳᠤᠭᠠᠷ ᠵᠦᠢᠯ ᠡᠯ᠎ᠡ ᠱᠠᠳᠤᠨ ᠤ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠶᠡᠷᠦᠩᠭᠡᠢ ᠠᠩᠭᠢ᠂ ᠰᠠᠯᠪᠤᠷᠢ ᠠᠩᠭᠢ᠂ ᠬᠤᠪᠢᠶᠠᠷᠢ ᠠᠩᠭᠢ ᠨᠢ ᠲᠤᠬᠠᠢ ᠶᠢᠨ ᠤᠷᠤᠨ ᠤ ᠰᠤᠶᠤᠯ ᠤᠨ ᠰᠠᠶᠢᠨ | ᠳᠤᠷᠠᠴᠤᠳ ᠤᠨ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠤᠨ ᠵᠢᠭᠠᠨ ᠵᠢᠯᠤᠭᠤᠳᠤᠯᠭ᠎ᠠ ᠳᠤᠤᠷ᠎ᠠ ᠳᠤᠤᠷᠠᠬᠢ | ᠮᠡᠳᠦ ᠶᠢᠨ ᠠᠭᠤᠯᠭ᠎ᠠ ᠪᠦᠬᠦᠢ ᠡᠯ᠎ᠡ ᠲᠦᠷᠦᠯ ᠤᠨ ᠰᠤᠶᠤᠯ ᠤᠨ ᠦᠢᠯᠡᠴᠢᠯᠡᠭᠡᠨ ᠤ ᠠᠵᠢᠯᠯᠠᠭ᠎ᠠ ᠶᠢ ᠲᠦᠯᠦᠪᠵᠢᠭᠦᠯᠵᠦ | ᠂ ᠵᠣᠬᠢᠶᠠᠨ ᠪᠠᠶᠢᠭᠤᠯᠵᠤ᠂ ᠦᠷᠨᠢᠭᠦᠯᠬᠦ ᠶᠢᠨ ᠬᠠᠮᠲᠤ ᠡᠳᠡᠭᠡᠷ ᠠᠵᠢᠯᠯᠠᠭ᠎ᠠ ᠳᠤ ᠤᠷᠤᠯᠴᠠᠬᠤ ᠬᠡᠷᠡᠭᠲᠡᠢ᠄ | ︵ᠨᠢᠭᠡ︶ ᠤᠯᠠᠨ ᠨᠡᠶᠢᠲᠡ ᠶᠢᠨ ᠨᠤᠮ ᠤᠨ ᠰᠠᠩ᠂ ᠰᠤᠶᠤᠯ ᠤᠨ ᠤᠷᠳᠤᠨ ︵ᠦᠷᠲᠡᠭᠡ︶᠂ | ᠦᠵᠡᠰᠭᠦᠯᠡᠩ ᠤᠨ ᠤᠷᠳᠤᠨ᠂ ᠮᠦᠽᠧᠢ᠂ ᠤᠷᠠᠨ ᠵᠢᠷᠤᠭ ᠤᠨ ᠤᠷᠳᠤᠨ ᠵᠡᠷᠭᠡ ᠤᠯᠠᠨ ᠨᠡᠶᠢᠲᠡ ᠶᠢᠨ ᠰᠤᠶᠤᠯ ᠤᠨ | ᠲᠦᠭᠦᠭᠡᠷᠦᠮᠵᠢ ᠪᠤᠯᠤᠨ ᠳᠠᠯᠠᠪᠤᠷ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠡᠢ ᠰᠤᠶᠤᠯ ᠤᠨ ᠦᠢᠯᠡᠴᠢᠯᠡᠭᠡᠨ ᠤ | ᠠᠵᠢᠯ ᠢ ᠦᠷᠨᠢᠭᠦᠯᠦᠨ ᠬᠢᠨ᠎ᠡ︔ | ︵ᠬᠤᠶᠠᠷ︶ ᠦᠨᠳᠦᠰᠦᠨ ᠱᠠᠲᠤᠨ ᠳᠤ ᠬᠦᠨᠵᠡᠭᠡᠶᠢᠷᠡᠵᠦ᠂ ᠤᠷᠠᠨ ᠰᠠᠶᠢᠬᠠᠨ ᠤ ᠲᠤᠭᠯᠠᠯᠲᠠ ᠭᠠᠷᠭᠠᠬᠤ᠂ | ᠵᠢᠭᠠᠨ ᠵᠢᠯᠤᠭᠤᠳᠴᠤ ᠪᠤᠯᠪᠠᠰᠤᠷᠠᠭᠤᠯᠬᠤ᠂ ᠳᠡᠯᠭᠡᠨ ᠦᠵᠡᠬᠦᠯᠬᠦ᠂ ᠤᠩᠰᠢᠨ ᠳᠡᠯᠭᠡᠷᠡᠭᠦᠯᠬᠦ ᠮᠡᠲᠦ ᠶᠢᠨ ᠨᠡᠶᠢᠲᠡ ᠶᠢᠨ | ᠠᠰᠠᠷᠠᠮᠵᠢ ᠶᠢᠨ ᠴᠢᠨᠠᠷᠲᠡᠢ ᠰᠤᠶᠤᠯ ᠤᠨ ᠦᠢᠯᠡᠴᠢᠯᠡᠭᠡᠨ ᠤ ᠠᠵᠢᠯ ᠢ ᠦᠷᠨᠢᠭᠦᠯᠦᠨ ᠬᠢᠨ᠎ᠡ︔ | ︵ᠭᠤᠷᠪᠠ︶ ᠦᠲᠡᠭᠦᠰ᠂ ᠨᠠᠰᠤᠨ ᠳᠤ ᠦᠯᠦ ᠬᠦᠷᠦᠭᠰᠡᠳ᠂ ᠵᠡᠮᠳᠡᠭᠴᠦᠳ᠂ ᠮᠠᠯᠴᠢᠨ ᠲᠠᠷᠢᠶᠠᠴᠢᠨ | ᠭᠠᠷᠤᠯᠲᠠᠢ ᠬᠦᠴᠦᠨ ᠤ ᠠᠵᠢᠯ ᠬᠢᠭᠰᠡᠳ ᠪᠤᠯᠤᠨ ᠠᠮᠢᠳᠤᠷᠠᠯ ᠤᠨᠳᠤᠷᠤᠯᠭ᠎ᠠ ᠨᠢ ᠬᠦᠴᠢᠷ ᠵᠤᠪᠠᠯᠠᠩ ᠲᠠᠢ ᠪᠠᠶᠢᠬᠤ | ᠤᠯᠠᠨ ᠲᠦᠮᠡᠨ ᠳᠤ ᠨᠡᠶᠢᠲᠠ ᠶᠢᠨ ᠠᠰᠠᠷᠠᠮᠵᠢ ᠶᠢᠨ ᠴᠢᠨᠠᠷᠲᠠᠢ ᠰᠤᠶᠤᠯ ᠤᠨ ᠦᠢᠯᠡᠴᠢᠯᠡᠭᠡ ᠶᠢ ᠬᠠᠩᠭᠠᠨ᠎ᠠ︔ | ︵ᠳᠦᠷᠪᠡ︶ ᠰᠤᠶᠤᠯ ᠤᠨ ᠠᠵᠢᠯ ᠤᠨ ᠰᠠᠯᠠᠭ᠎ᠠ ᠮᠦᠴᠢᠷ ᠤᠨ ᠦᠷᠨᠢᠭᠦᠯᠦᠨ ᠬᠢᠳᠡᠭ ᠦᠨᠳᠦᠰᠦᠨ ᠱᠠᠲᠤᠨ ᠤ | ᠰᠤᠶᠤᠯ ᠤᠨ ᠲᠦᠬᠦᠭᠡᠷᠦᠮᠵᠢ ᠳᠤ ᠬᠠᠮᠢᠶᠠᠷᠤᠯᠲᠠ ᠶᠠᠪᠤᠭᠤᠯᠬᠤ᠂ ᠤᠯᠠᠨ ᠲᠦᠮᠡᠨ ᠤ ᠰᠤᠶᠤᠯ ᠤᠨ ᠠᠵᠢᠯᠯᠠᠭ᠎ᠠ ᠶᠢ | ᠵᠤᠬᠢᠶᠠᠨ ᠪᠠᠶᠢᠭᠤᠯᠬᠤ᠂ ᠰᠤᠶᠤᠯ ᠤᠨ ᠬᠠᠭᠤᠴᠢ ᠦᠯᠡᠳᠡᠭᠳᠡᠯ ᠢ ᠬᠠᠮᠠᠭᠠᠯᠠᠬᠤ᠂ ᠰᠤᠶᠤᠯ ᠤᠨ ᠵᠠᠬ᠎ᠠ ᠳᠡᠯᠭᠡᠭᠦᠷ ᠲᠤ | ᠬᠢᠨᠠᠯᠲᠠ ᠲᠠᠯᠪᠢᠬᠤ ᠵᠡᠷᠭᠡ ᠠᠵᠢᠯ ᠳᠤ ᠤᠷᠤᠯᠴᠠᠨ᠎ᠠ︔ | ︵ᠲᠠᠪᠤ︶ ᠪᠤᠰᠤᠳ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠶᠦᠯ ᠤᠨ ᠦᠢᠯᠡᠴᠢᠯᠡᠭᠡᠨ ᠤ | ᠠᠵᠢᠯ ᠢ ᠬᠦᠢᠴᠡᠳᠭᠡᠨ᠎ᠡ᠃ | ᠳᠤᠯᠤᠳᠤᠭᠠᠷ ᠵᠦᠢᠯ ᠡᠯ᠎ᠡ ᠱᠠᠲᠤᠨ ᠤ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠶᠡᠷᠦᠩᠭᠡᠢ ᠠᠩᠭᠢ᠂ ᠰᠠᠯᠪᠤᠷᠢ ᠠᠩᠭᠢ᠂ ᠬᠤᠪᠢᠶᠠᠷᠢ ᠠᠩᠭᠢ ᠨᠢ ᠰᠤᠶᠤᠯ ᠤᠨ ᠰᠠᠶᠢᠨ ᠳᠤᠷᠠᠴᠤᠳ ᠤᠨ ᠦᠨᠳᠦᠰᠦᠨ | ᠮᠡᠳᠡᠭᠡ ᠵᠠᠩᠭᠢ᠂ ᠦᠢᠯᠡᠴᠢᠯᠡᠭᠡᠨ ᠤ ᠴᠢᠨᠠᠷ ᠴᠢᠨᠰᠠᠭ᠎ᠠ᠂ ᠦᠢᠯᠡᠴᠢᠯᠡᠭᠰᠡᠨ ᠪᠦᠬᠦ ᠴᠠᠭ ᠵᠡᠷᠭᠡ ᠶᠢ ᠪᠠᠭᠲᠠᠭᠠᠨ | ᠲᠡᠮᠳᠡᠭᠯᠡᠭᠰᠡᠨ ᠰᠤᠶᠦᠯ ᠤᠨ ᠰᠠᠶᠢᠨ ᠳᠤᠷᠠᠴᠤᠳ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠤᠨ ᠲᠡᠭᠦᠯᠲᠡᠷᠵᠢᠭᠦᠯᠵᠦ᠂ ᠬᠦᠳᠡᠯᠦᠩᠭᠦᠢ ᠬᠠᠮᠢᠶᠠᠷᠤᠯᠲᠠ ᠶᠢ ᠶᠠᠪᠤᠭᠤᠯᠬᠤ ᠬᠡᠷᠡᠭᠲᠡᠢ︔ ᠤᠳᠤᠬᠢᠴᠢᠯᠠᠭᠰᠠᠨ | ᠰᠦᠯᠵᠢᠶ᠎ᠡ ᠪᠤᠯᠤᠨ ᠮᠡᠳᠡᠭᠡ ᠵᠠᠩᠭᠢ ᠶᠢᠨ ᠮᠡᠷᠭᠡᠵᠢᠯ ᠢ ᠪᠦᠷᠢᠨ ᠠᠰᠢᠭᠯᠠᠵᠤ ᠰᠦᠯᠵᠢᠶ᠎ᠡ ᠪᠠᠷ ᠳᠠᠮᠵᠢᠨ ᠡᠯᠰᠡᠬᠦ᠂ | ᠳᠠᠩᠰᠠᠯᠠᠬᠤ᠂ ᠬᠠᠮᠢᠶᠠᠷᠬᠤ ᠵᠡᠷᠭᠡ ᠠᠵᠢᠯ ᠢ ᠠᠯᠬᠤᠮ ᠠᠯᠬᠤᠮ ᠢᠶᠠᠷ ᠭᠦᠢᠴᠡᠳᠭᠡᠨ ᠬᠢᠵᠦ᠂ ᠬᠠᠮᠢᠶᠠᠷᠤᠯᠲᠠ ᠶᠢᠨ | ᠠᠵᠢᠯ ᠤᠨ ᠰᠢᠨᠵᠢᠯᠡᠭᠦ ᠤᠬᠠᠭᠠᠨᠴᠢᠯᠠᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠠᠪᠤᠳᠠᠯ ᠢ ᠠᠬᠢᠭᠤᠯᠬᠤ ᠬᠡᠷᠡᠭᠲᠡᠢ᠃ | ᠲᠤᠰ ᠬᠦᠮᠦᠨ ᠤ ᠬᠢᠨᠢ ᠵᠦᠪᠰᠢᠶᠡᠷᠡᠯ ᠢ ᠤᠯᠤᠭᠰᠠᠨ ᠦᠭᠡᠢ ᠪᠠᠶᠢᠳᠠᠯ ᠳᠤᠤᠷ᠎ᠠ ᠰᠤᠶᠤᠯ ᠤᠨ ᠰᠠᠶᠢᠨ | ᠳᠤᠷᠠᠴᠤᠳ ᠤᠨ ᠬᠤᠪᠢ ᠬᠦᠮᠦᠨ ᠤ ᠮᠡᠳᠡᠭᠡ ᠵᠠᠩᠭᠢ ᠶᠢ ᠢᠯᠡ ᠨᠡᠶᠢᠳᠡᠯᠡᠵᠦ ᠪᠤᠯᠬᠤ ᠦᠭᠡᠢ᠃ | ᠨᠠᠢᠮᠠᠳᠤᠭᠠᠷ ᠵᠦᠢᠯ ᠦᠢᠯᠡᠴᠢᠯᠡᠭᠡ ᠬᠦᠷᠲᠡᠭᠰᠡᠳ ᠪᠤᠶᠤ ᠦᠢᠯᠡᠴᠢᠯᠡᠭᠡᠨ ᠤ ᠠᠵᠢᠯ ᠢ ᠵᠤᠬᠢᠶᠠᠨ | ᠪᠠᠶᠢᠭᠤᠯᠤᠭᠰᠠᠳ ᠨᠢ ᠴᠠᠭ ᠢᠶᠠᠷ ᠨᠢᠭᠡᠴᠢ ᠪᠤᠯᠭᠠᠵᠤ ᠪᠠᠶᠢᠭᠠᠳ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ | ᠤᠷᠤᠯᠴᠠᠭᠰᠠᠨ ᠰᠤᠶᠤᠯ ᠤᠨ ᠰᠠᠶᠢᠨ ᠳᠤᠷᠠᠴᠤᠳ ᠤᠨ ᠬᠢᠭᠰᠡᠨ ᠦᠢᠯᠡᠴᠢᠯᠡᠭᠡᠨ ᠤ ᠠᠵᠢᠯ ᠤᠨ ᠴᠠᠭ᠂ | ᠦᠢᠯᠡᠴᠢᠯᠡᠭᠡᠨ ᠤ ᠠᠵᠢᠯ ᠤᠨ ᠠᠭᠤᠯᠭ᠎ᠠ ᠵᠡᠷᠭᠡ ᠶᠢᠨ ᠲᠤᠬᠠᠢ ᠭᠡᠷᠡᠴᠢ ᠪᠠᠷᠢᠮᠲᠠ ᠶᠢ ᠬᠠᠩᠭᠠᠨ ᠤᠯᠭᠤᠬᠤ ᠬᠡᠷᠡᠭᠲᠡᠢ᠃ | ᠶᠢᠰᠤᠳᠦᠭᠡᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠤᠬᠢᠶᠠᠨ ᠪᠠᠶᠢᠭᠤᠯᠬᠤ | ᠨᠢᠭᠡᠴᠢ ᠨᠢ ᠲᠦᠯᠦᠪᠵᠢᠭᠦᠯᠭᠡ ᠲᠤᠭᠲᠠᠭᠠᠨ᠂ ᠰᠤᠶᠦᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠴᠢᠳᠠᠪᠤᠷᠢ | ᠪᠤᠯᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠬᠦ ᠪᠠᠷ ᠵᠤᠷᠢᠯᠭ᠎ᠠ ᠪᠤᠯᠭᠠᠵᠦ᠂ ᠡᠩ ᠤᠨ | ᠪᠤᠯᠪᠠᠰᠤᠷᠠᠭᠤᠯᠤᠯ ᠪᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠤᠯᠪᠠᠰᠤᠷᠠᠭᠤᠯᠤᠯ ᠢ ᠤᠶᠠᠯᠳᠤᠭᠤᠯᠵᠤ | ᠪᠠᠶᠢᠭᠠᠳ ᠰᠤᠶᠤᠯ ᠤᠨ ᠰᠠᠶᠢᠨ ᠳᠤᠷᠠᠴᠤᠳ ᠲᠤ ᠶᠡᠷᠦᠩᠭᠡᠶᠢᠯᠡᠭᠰᠡᠨ ᠪᠤᠯᠪᠠᠰᠤᠷᠠᠭᠤᠯᠤᠯ ᠬᠦᠷᠲᠡᠭᠡᠬᠦ ᠬᠡᠷᠡᠭᠲᠡᠢ᠃ | ᠡᠩ ᠤᠨ ᠪᠤᠯᠪᠠᠰᠤᠷᠠᠭᠤᠯᠤᠯ ᠳᠤ ᠪᠠᠨ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠶᠢᠯᠠᠭᠠᠭᠳᠠᠬᠤᠨ᠂ | ᠡᠵᠡᠮᠰᠢᠬᠦ ᠴᠢᠬᠤᠯᠠᠲᠠᠢ ᠮᠡᠳᠡᠯᠭᠡ᠂ ᠦᠨᠳᠦᠰᠦᠨ ᠮᠡᠷᠭᠡᠵᠢᠯ ᠴᠢᠳᠠᠪᠤᠷᠢ ᠭᠡᠬᠦ ᠵᠡᠷᠭᠡ ᠪᠠᠷ ᠭᠤᠤᠯ ᠠᠭᠤᠯᠭ᠎ᠠ | ᠪᠤᠯᠭᠠᠭᠰᠠᠨ ᠪᠤᠯᠪᠠᠰᠤᠷᠠᠭᠤᠯᠤᠯ ᠢ ᠬᠦᠷᠲᠡᠭᠡᠵᠦ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠭᠢ | ᠪᠤᠯᠪᠠᠰᠤᠷᠠᠭᠤᠯᠤᠯ ᠳᠤ ᠪᠠᠨ ᠠᠵᠢᠯ ᠤᠨ ᠳᠦᠷᠦᠯ ᠵᠦᠢᠯ ᠤᠨ ᠲᠠᠨᠢᠯᠴᠠᠭᠤᠯᠭ᠎ᠠ᠂ ᠠᠵᠢᠯ ᠤᠨ ᠱᠠᠭᠠᠷᠳᠠᠯᠭ᠎ᠠ᠂ | ᠠᠶᠤᠯᠬᠦᠢ ᠶᠢᠨ ᠰᠤᠷᠭᠠᠨ ᠬᠦᠮᠦᠵᠢᠯ ᠭᠡᠬᠦ ᠵᠡᠷᠭᠡ ᠪᠠᠷ ᠭᠤᠤᠯ ᠠᠭᠤᠯᠭ᠎ᠠ ᠪᠤᠯᠭᠠᠭᠰᠠᠨ ᠪᠤᠯᠪᠠᠰᠤᠷᠠᠭᠤᠯᠤᠯ ᠢ | ᠬᠦᠷᠲᠡᠭᠡᠬᠦ ᠬᠡᠷᠡᠭᠲᠡᠢ᠃ | ᠠᠷᠪᠠᠳᠤᠭᠠᠷ ᠵᠦᠢᠯ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠤᠬᠢᠶᠠᠨ ᠪᠠᠶᠢᠭᠤᠯᠬᠤ | ᠨᠢᠭᠡᠴᠢ ᠨᠢ ᠠᠵᠢᠯ ᠤᠨ ᠬᠡᠷᠡᠭᠴᠡᠭᠡ ᠪᠤᠯᠤᠨ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠤ ᠪᠠᠨ ᠦᠨᠳᠦᠰᠦᠯᠡᠵᠦ | ᠪᠠᠶᠢᠭᠠᠳ ᠰᠤᠶᠤᠯ ᠤᠨ ᠰᠠᠶᠢᠨ ᠳᠤᠷ᠎ᠠ ᠶᠢᠨ ᠠᠵᠢᠯᠯᠠᠭ᠎ᠠ ᠶᠢ ᠦᠷᠨᠢᠭᠦᠯᠦᠨ ᠬᠢᠪᠡᠯ ᠵᠤᠬᠢᠨ᠎ᠠ᠃ ᠲᠡᠭᠦᠨᠴᠢᠯᠡᠨ | ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠡᠷᠡᠭᠴᠡᠭᠡ ᠲᠠᠢ ᠪᠠᠶᠢᠭ᠎ᠠ ᠨᠢᠭᠡᠴᠢ ᠪᠤᠶᠤ ᠬᠤᠪᠢ ᠬᠦᠮᠦᠨ ᠤ | ᠭᠤᠶᠤᠴᠢᠯᠠᠯ ᠳᠤ ᠦᠨᠳᠦᠰᠦᠯᠡᠵᠦ ᠪᠠᠶᠢᠭᠠᠳ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠩᠭᠠᠵᠤ | ᠪᠤᠯᠤᠨ᠎ᠠ᠃ | ᠠᠷᠪᠠᠨ ᠨᠢᠭᠡᠳᠦᠭᠡᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠷᠨᠢᠭᠦᠯᠦᠨ | ᠬᠢᠬᠦ ᠳᠤ ᠪᠠᠨ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠤᠬᠢᠶᠠᠨ ᠪᠠᠶᠢᠭᠤᠯᠬᠤ ᠨᠢᠭᠡᠴᠢ ᠪᠤᠯᠤᠨ | ᠰᠤᠶᠤᠯ ᠤᠨ ᠰᠠᠶᠢᠨ ᠳᠤᠷᠠᠴᠤᠳ ᠨᠢ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠡᠷᠡᠭᠴᠡᠭᠡ ᠲᠠᠢ ᠪᠠᠶᠢᠭ᠎ᠠ | ᠲᠠᠯ᠎ᠠ ᠶᠢᠨ ᠬᠢᠨ ᠯᠤᠭ᠎ᠠ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠠᠭᠤᠯᠭ᠎ᠠ᠂ ᠡᠷᠭᠡ ᠠᠰᠢᠭ | ᠡᠭᠦᠷᠭᠡ ᠬᠠᠷᠢᠭᠤᠴᠠᠯᠭ᠎ᠠ ᠪᠤᠯᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠭᠡᠬᠦ ᠵᠡᠷᠭᠡ ᠶᠢᠨ ᠲᠤᠬᠠᠢ ᠵᠦᠪᠳᠡᠯᠴᠡᠨ | ᠬᠡᠯᠡᠯᠴᠡᠵᠦ ᠪᠠᠶᠢᠭᠠᠳ ᠰᠠᠨᠠᠯ ᠢᠶᠠᠨ ᠨᠢᠭᠡᠳᠭᠡᠪᠡᠯ ᠵᠤᠬᠢᠨ᠎ᠠ᠃ ᠳᠤᠤᠷᠠᠬᠢ ᠮᠡᠲᠦ ᠶᠢᠨ ᠨᠢᠭᠡ ᠵᠦᠢᠯ ᠤᠨ ᠪᠠᠶᠢᠳᠠᠯ ᠲᠠᠢ | ᠪᠤᠯᠤᠭᠰᠠᠨ ᠪᠠᠶᠢᠪᠠᠯ᠂ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠤᠬᠢᠶᠠᠨ ᠪᠠᠶᠢᠭᠤᠯᠬᠤ ᠨᠢᠭᠡᠴᠢ | ᠨᠢ ᠰᠤᠶᠦᠯ ᠤᠨ ᠰᠠᠶᠢᠨ ᠳᠤᠷᠠᠴᠤᠳ ᠯᠤᠭ᠎ᠠ᠂ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ | ᠵᠤᠬᠢᠶᠠᠨ ᠪᠠᠶᠢᠭᠤᠯᠬᠤ ᠨᠢᠭᠡᠴᠢ ᠨᠢ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠡᠷᠡᠭᠰᠡᠬᠦ ᠭᠡᠵᠦ ᠪᠠᠶᠢᠭ᠎ᠠ | ᠲᠠᠯ᠎ᠠ ᠶᠢᠨ ᠬᠢᠨ ᠯᠤᠭ᠎ᠠ ᠪᠢᠴᠢᠭ ᠤᠨ ᠵᠦᠪᠳᠡᠯᠴᠡᠭᠡᠷ ᠢ ᠭᠠᠷ ᠤᠨ ᠦᠰᠦᠭ ᠵᠢᠷᠤᠵᠤ ᠪᠠᠶᠢᠭᠠᠳ ᠲᠤᠭᠲᠠᠪᠠᠯ ᠵᠤᠬᠢᠨ᠎ᠠ | ᠄ | ︵ᠨᠢᠭᠡ︶ ᠶᠠᠮᠠᠷᠪᠠ ᠨᠢᠭᠡ ᠲᠠᠯ᠎ᠠ ᠶᠢᠨ ᠬᠢᠨ ᠨᠢ ᠪᠢᠴᠢᠭ ᠤᠨ ᠵᠦᠪᠳᠡᠯᠴᠡᠭᠡᠷ ᠢ ᠭᠠᠷ ᠤᠨ ᠦᠰᠦᠭ ᠵᠢᠷᠤᠵᠤ | ᠪᠠᠶᠢᠭᠠᠳ ᠲᠤᠭᠲᠠᠬᠤ ᠶᠢ ᠱᠠᠭᠠᠷᠳᠠᠭᠰᠠᠨ ᠪᠠᠶᠢᠪᠠᠯ︔ | ︵ᠬᠤᠶᠠᠷ︶ ᠬᠦᠮᠦᠨ ᠤ ᠪᠡᠶ᠎ᠡ ᠮᠠᠬᠠᠪᠤᠳ ᠤᠨ ᠠᠮᠤᠷ ᠲᠦᠪᠰᠢᠨ᠂ ᠪᠡᠶ᠎ᠡ ᠰᠡᠳᠬᠢᠯ ᠤᠨ ᠡᠷᠡᠭᠦᠯ ᠮᠡᠨᠲᠤ ᠳᠤ | ᠨᠡᠯᠢᠶᠡᠳ ᠠᠶᠤᠯᠲᠠᠢ ᠪᠠᠶᠢᠬᠤ ᠪᠠᠶᠢᠳᠠᠯ ᠲᠠᠢ ᠪᠠᠶᠢᠪᠠᠯ︔ | ︵ᠭᠤᠷᠪᠠ︶ ᠲᠤᠮᠤ ᠬᠡᠪᠴᠢᠶᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠶᠤᠯ ᠤᠨ ᠠᠵᠢᠯᠯᠠᠭ᠎ᠠ ᠳᠤ | ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠩᠭᠠᠬᠤ ᠭᠡᠵᠦ ᠪᠠᠶᠢᠪᠠᠯ︔ | ︵ᠳᠦᠷᠪᠡ︶ ᠬᠠᠤᠯᠢ ᠴᠠᠭᠠᠵᠠ᠂ ᠬᠠᠤᠯᠢ ᠳᠦᠷᠢᠮ ᠤᠨ ᠲᠤᠭᠲᠠᠭᠠᠯ ᠢᠶᠠᠷ ᠪᠢᠴᠢᠭ ᠤᠨ ᠵᠦᠪᠳᠡᠯᠴᠡᠭᠡᠷ ᠢ | ᠭᠠᠷ ᠤᠨ ᠦᠰᠦᠭ ᠵᠢᠷᠤᠵᠤ ᠪᠠᠶᠢᠭᠠᠳ ᠲᠤᠭᠲᠠᠭᠠᠬᠤ ᠬᠡᠷᠡᠭᠲᠡᠢ ᠪᠠᠶᠢᠪᠠᠯ᠃ | ᠠᠷᠪᠠᠨ ᠬᠤᠶᠠᠳᠤᠭᠠᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠵᠦᠪᠳᠡᠯᠴᠡᠭᠡᠷ ᠲᠤ ᠨᠢ ᠲᠤᠤᠷᠠᠬᠢ ᠮᠡᠲᠦ ᠶᠢᠨ ᠠᠭᠤᠯᠭ᠎ᠠ ᠪᠠᠭᠳᠠᠨ᠎ᠠ᠄ | ︵ᠨᠢᠭᠡ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠤᠬᠠᠢ ᠠᠭᠤᠯᠭ᠎ᠠ᠂ ᠴᠠᠭ᠂ | ᠭᠠᠵᠠᠷ︔ | ︵ᠬᠤᠶᠠᠷ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠬᠤᠯᠪᠤᠭᠳᠠᠬᠤ ᠬᠦᠮᠦᠨ ᠤ | ᠡᠷᠭᠡ ᠠᠰᠢᠭ᠂ ᠡᠭᠦᠷᠭᠡ ᠬᠠᠷᠢᠭᠤᠴᠠᠯᠭ᠎ᠠ︔ | ︵ᠭᠤᠷᠪᠠ︶ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ︔ | ︵ᠳᠦᠷᠪᠡ︶ ᠵᠦᠪᠳᠡᠯᠴᠡᠭᠡᠷ ᠢ ᠬᠤᠪᠢᠷᠠᠭᠤᠯᠬᠤ ᠪᠠ ᠬᠦᠴᠦᠨ ᠦᠭᠡᠢ ᠪᠤᠯᠭᠠᠬᠤ ᠶᠠᠪᠤᠳᠠᠯ︔ | ︵ᠲᠠᠪᠤ︶ ᠬᠠᠤᠯᠢ ᠴᠠᠭᠠᠵᠠ ᠶᠢᠨ ᠬᠠᠷᠢᠭᠤᠴᠠᠯᠭ᠎ᠠ ᠵᠢᠴᠢ ᠮᠠᠷᠭᠤᠭᠠᠨ ᠢ ᠰᠢᠢᠳᠪᠦᠷᠢᠯᠡᠬᠦ ᠠᠷᠭ᠎ᠠ ᠬᠡᠯᠪᠡᠷᠢ︔ | ︵ᠵᠢᠷᠭᠤᠭ᠎ᠠ︶ ᠲᠤᠳᠤᠷᠬᠠᠶᠢᠯᠠᠬᠤ ᠴᠢᠬᠤᠯᠠᠲᠠᠢ ᠪᠤᠰᠤᠳ ᠶᠠᠪᠤᠳᠠᠯ ᠤᠴᠢᠷ᠃ | ᠠᠷᠪᠠᠨ ᠭᠤᠷᠪᠠᠳᠤᠭᠠᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠷᠨᠢᠬᠦᠯᠦᠨ | ᠬᠢᠬᠦ ᠳᠤ ᠪᠠᠨ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠤᠬᠢᠶᠠᠨ ᠪᠠᠶᠢᠭᠤᠯᠬᠤ ᠨᠢᠭᠡᠴᠢ ᠨᠢ | ᠪᠤᠳᠠᠳᠠᠢ ᠪᠠᠶᠢᠳᠠᠯ ᠳᠤ ᠪᠠᠨ ᠦᠨᠳᠦᠰᠦᠯᠡᠵᠦ ᠪᠠᠶᠢᠭᠠᠳ ᠰᠤᠶᠤᠯ ᠤᠨ ᠰᠠᠶᠢᠨ ᠳᠤᠷᠠᠴᠤᠳ ᠢ ᠪᠡᠶ᠎ᠡ ᠮᠠᠬᠠᠪᠤᠳ ᠤᠨ | ᠰᠠᠨᠠᠭᠠᠨ ᠳᠤ ᠦᠭᠡᠢ ᠭᠡᠮᠳᠦᠯ ᠤᠨ ᠳᠠᠭᠠᠳᠬᠠᠯ ᠳᠤ ᠤᠷᠤᠭᠤᠯᠤᠨ ᠭᠦᠢᠴᠡᠳᠭᠡᠵᠦ ᠦᠭᠪᠡᠯ ᠵᠤᠬᠢᠨ᠎ᠠ᠃ | ᠠᠷᠪᠠᠨ ᠳᠦᠷᠪᠡᠳᠦᠭᠡᠷ ᠵᠦᠢᠯ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠷᠨᠢᠭᠦᠯᠦᠨ | ᠬᠢᠬᠦ ᠳᠤ ᠪᠠᠨ ᠨᠢᠭᠡᠳᠦᠯᠲᠡᠢ ᠲᠡᠮᠳᠡᠭ ᠢᠯᠡᠷᠭᠡᠶᠢᠯᠡᠯ ᠢ ᠬᠡᠷᠡᠭᠯᠡᠪᠡᠯ ᠵᠤᠬᠢᠨ᠎ᠠ᠃ | | ᠭᠤᠷᠪᠠᠳᠤᠭᠠᠷ ᠪᠦᠯᠦᠭ ᠡᠯᠰᠡᠬᠦ | | ᠠᠷᠪᠠᠨ ᠲᠠᠪᠤᠳᠤᠭᠠᠷ ᠵᠦᠢᠯ ᠰᠤᠶᠤᠯ ᠤᠨ ᠰᠠᠶᠢᠨ ᠲᠤᠷᠠᠴᠤᠳ ᠭᠡᠲᠡᠭ ᠲᠤ ᠪᠦᠯᠬᠦᠮ ᠨᠡᠶᠢᠲᠡᠲᠦ ᠰᠠᠶᠢᠨ | ᠳᠤᠷᠠᠴᠤᠳ ᠪᠤᠯᠤᠨ ᠬᠤᠪᠢ ᠬᠦᠮᠦᠨ ᠤ ᠰᠠᠶᠢᠨ ᠳᠤᠷᠠᠴᠤᠳ ᠪᠠᠭᠳᠠᠵᠤ ᠪᠠᠶᠢᠨ᠎ᠠ᠃ | ᠪᠦᠯᠬᠦᠮ ᠨᠡᠶᠢᠲᠡᠲᠦ ᠰᠠᠶᠢᠨ ᠳᠤᠷᠠᠴᠤᠳ ᠭᠡᠳᠡᠭ ᠨᠢ ᠦᠨᠳᠦᠰᠦᠨ ᠱᠠᠲᠤᠨ ᠤ ᠤᠯᠠᠨ ᠲᠦᠮᠡᠨᠴᠢ | ᠰᠤᠶᠤᠯ ᠤᠨ ᠬᠦᠭᠵᠢᠯᠲᠡ ᠴᠡᠴᠡᠭᠯᠡᠯᠲᠡ ᠳᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠬᠦᠰᠡᠯ ᠵᠤᠷᠢᠯᠭ᠎ᠠ ᠲᠠᠢ | ᠪᠠᠶᠢᠳᠠᠭ ᠡᠯ᠎ᠡ ᠱᠠᠲᠤᠨ ᠤ ᠡᠯ᠎ᠡ ᠳᠦᠷᠦᠯ ᠤᠨ ᠰᠤᠶᠤᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠰᠤᠷᠭᠠᠭᠤᠯᠢ ᠪᠤᠯᠤᠨ ᠨᠡᠶᠢᠭᠡᠮ ᠨᠡᠶᠢᠲᠡ ᠶᠢᠨ ᠰᠤᠶᠦᠯ ᠤᠨ ᠪᠦᠯᠬᠦᠮ ᠢ ᠬᠡᠯᠡᠵᠦ ᠪᠠᠶᠢᠨ᠎ᠠ᠃ ᠵᠢᠱᠢᠶᠡᠯᠡᠪᠡᠯ ᠲᠤᠰᠬᠠᠢ | ᠮᠡᠷᠭᠡᠵᠢᠯ ᠤᠨ ᠪᠠ ᠠᠷᠠᠳ ᠤᠨ ᠤᠷᠠᠯᠢᠭ ᠤᠨ ᠲᠤᠭᠯᠠᠯᠲᠠ ᠶᠢᠨ ᠪᠦᠯᠬᠦᠮ᠂ ᠡᠯ᠎ᠡ ᠱᠠᠲᠤᠨ ᠤ ᠡᠯ᠎ᠡ ᠳᠦᠷᠦᠯ ᠤᠨ | ᠨᠤᠮ ᠤᠨ ᠰᠠᠩ᠂ ᠰᠤᠶᠤᠯ ᠤᠨ ᠤᠷᠳᠤᠨ ︵ᠦᠷᠲᠡᠭᠡ︶᠂ ᠦᠵᠡᠰᠭᠦᠯᠡᠩ ᠤᠨ ᠤᠷᠳᠤᠨ᠂ ᠮᠦᠽᠧᠢ᠂ | ᠳᠤᠷᠠᠰᠬᠠᠯ ᠤᠨ ᠤᠷᠳᠤᠨ ᠭᠡᠬᠦ ᠵᠡᠷᠭᠡ᠃ | ᠬᠤᠪᠢ ᠬᠦᠮᠦᠨ ᠤ ᠰᠠᠶᠢᠨ ᠳᠤᠷᠠᠴᠤᠳ ᠭᠡᠳᠡᠭ ᠨᠢ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯ ᠬᠢᠬᠦ ᠬᠦᠰᠡᠯ ᠵᠤᠷᠢᠯᠭ᠎ᠠ ᠲᠠᠢ ᠪᠠᠶᠢᠳᠠᠭ ᠳᠤᠰᠬᠠᠢ ᠮᠡᠷᠭᠡᠵᠢᠯ ᠤᠨ ᠪᠤᠯᠤᠨ ᠠᠷᠠᠳ ᠤᠨ ᠤᠷᠠᠨ ᠰᠠᠶᠢᠬᠠᠨ ᠤ | ᠬᠦᠷᠢᠶᠡᠯᠡᠩ ᠪᠦᠯᠬᠦᠮ ᠤᠨ ᠠᠵᠢᠯᠲᠠᠳ᠂ ᠡᠯ᠎ᠡ ᠱᠠᠲᠤᠨ ᠤ ᠡᠯ᠎ᠡ ᠲᠦᠷᠦᠯ ᠤᠨ ᠰᠤᠶᠤᠯ ᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠠᠵᠢᠯᠲᠠᠳ᠂ ᠰᠤᠶᠤᠯ ᠤᠷᠠᠯᠢᠭ ᠤᠨ ᠤᠨᠴᠠ ᠴᠢᠳᠠᠪᠤᠷᠢ ᠲᠠᠢ ᠨᠡᠶᠢᠭᠡᠮ ᠤᠨ ᠡᠯ᠎ᠡ | ᠡᠳᠡᠭᠡᠳ ᠤᠨ ᠬᠦᠮᠦᠰ ᠪᠠ ᠰᠤᠷᠤᠭᠴᠢᠳ ᠢ ᠬᠡᠯᠡᠵᠦ ᠪᠠᠶᠢᠨ᠎ᠠ᠃ | ᠠᠷᠪᠠᠨ ᠵᠢᠷᠭᠤᠳᠤᠭᠠᠷ ᠵᠦᠢᠯ ᠰᠤᠶᠦᠯ ᠤᠨ ᠰᠠᠶᠢᠨ ᠳᠤᠷᠠᠴᠤᠳ ᠨᠢ ᠳᠤᠤᠷᠠᠬᠢ ᠮᠡᠲᠦ ᠶᠢᠨ ᠨᠦᠭᠦᠴᠡᠯ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ 18 ᠪᠦᠬᠦᠯᠢ ᠠᠴᠠ 65 ᠪᠦᠬᠦᠯᠢ ᠨᠠᠰᠤᠨ ᠤ ᠬᠤᠭᠤᠷᠤᠨᠳᠤᠬᠢ ᠬᠦᠮᠦᠨ ︵ᠤᠨᠴᠠᠭᠠᠢ ᠪᠠᠶᠢᠳᠠᠯ | ᠲᠠᠢ ᠶᠢ ᠦᠯᠦ ᠪᠠᠭᠲᠠᠭᠠᠨ᠎ᠠ︶ ᠪᠠᠶᠢᠬᠤ ᠬᠡᠷᠡᠭᠲᠡᠢ︔ | ︵ᠬᠤᠶᠠᠷ︶ ᠰᠤᠶᠦᠯ ᠤᠨ ᠠᠵᠢᠯ ᠦᠢᠯᠡᠰ ᠲᠤ ᠬᠠᠶᠢᠷᠠᠲᠠᠢ ᠪᠠᠶᠢᠵᠤ᠂ ᠰᠤᠶᠦᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠳᠤ ᠳᠤᠷᠠᠰᠢᠯ ᠠᠴᠠ ᠪᠠᠨ ᠤᠷᠤᠯᠴᠠᠳᠠᠭ ᠪᠠᠶᠢᠬᠤ ᠬᠡᠷᠡᠭᠲᠡᠢ︔ | ︵ᠭᠤᠷᠪᠠ︶ ᠰᠠᠶᠢᠨ ᠰᠠᠶᠢᠬᠠᠨ ᠦᠵᠡᠯ ᠰᠠᠨᠠᠭ᠎ᠠ ᠵᠠᠩ ᠮᠤᠷᠠᠯ ᠬᠡᠪ ᠰᠤᠷᠲᠠᠯ ᠲᠠᠢ ᠪᠠᠶᠢᠵᠤ᠂ ᠨᠡᠶᠢᠭᠡᠮ | ᠨᠡᠶᠢᠲᠡ ᠳᠤ ᠬᠠᠨᠳᠢᠪᠯᠠᠨ ᠵᠤᠷᠢᠭᠤᠯᠬᠤ ᠵᠤᠷᠢᠭ ᠰᠠᠨᠠᠭ᠎ᠠ ᠲᠠᠢ ᠪᠠᠶᠢᠬᠤ ᠬᠡᠷᠡᠭᠲᠡᠢ︔ | ︵ᠳᠦᠷᠪᠡ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠭᠦᠢᠴᠡᠳᠭᠡᠬᠦ ᠮᠡᠷᠭᠡᠵᠢᠯ | ᠴᠢᠳᠠᠪᠤᠷᠢ᠂ ᠴᠠᠭ ᠪᠤᠯᠤᠨ ᠪᠡᠶ᠎ᠡ ᠮᠠᠬᠠᠪᠤᠳ ᠤᠨ ᠬᠡᠪ ᠴᠢᠨᠠᠷ ᠲᠠᠢ ᠪᠠᠶᠢᠬᠤ ᠬᠡᠷᠡᠭᠲᠡᠢ︔ | ︵ᠲᠠᠪᠤ︶ ᠬᠠᠤᠯᠢ ᠴᠠᠭᠠᠵᠠᠨ ᠳᠤ ᠨᠡᠶᠢᠴᠡᠭᠰᠡᠨ ᠪᠡᠶ᠎ᠡ ᠶᠢᠨ ᠭᠡᠷᠡᠴᠢ ᠲᠡᠮᠳᠡᠭ ᠲᠠᠢ ᠪᠠᠶᠢᠬᠤ ᠬᠡᠷᠡᠭᠲᠡᠢ᠃ | ᠠᠷᠪᠠᠨ ᠳᠤᠯᠤᠳᠤᠭᠠᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠶᠡᠷᠦᠩᠭᠡᠢ | ᠠᠩᠭᠢ᠂ ᠰᠠᠯᠪᠤᠷᠢ ᠠᠩᠭᠢ᠂ ᠬᠤᠪᠢᠶᠠᠷᠢ ᠠᠩᠭᠢ ᠨᠢ ᠳᠤᠰ ᠪᠡᠶ᠎ᠡ ᠶᠢᠨ ᠬᠡᠷᠡᠭᠴᠡᠭᠡ ᠳᠤ ᠪᠠᠨ ᠦᠨᠳᠦᠰᠦᠯᠡᠵᠦ | ᠪᠠᠶᠢᠭᠠᠳ ᠲᠤᠰ ᠭᠠᠵᠠᠷ ᠤᠷᠤᠨ᠂ ᠲᠤᠰ ᠠᠵᠢᠯ ᠲᠦᠷᠦᠯ ᠠᠴᠠ ᠪᠠᠨ ᠰᠤᠶᠤᠯ ᠤᠨ ᠰᠠᠶᠢᠨ ᠳᠤᠷᠠᠴᠤᠳ ᠢ ᠡᠯᠰᠡᠨ | ᠠᠪᠬᠤ ᠠᠵᠢᠯ ᠢ ᠬᠠᠷᠢᠭᠤᠴᠠᠨ ᠬᠢᠵᠦ᠂ ᠡᠯᠰᠡᠨ ᠠᠪᠤᠭᠰᠠᠨ ᠰᠤᠶᠦᠯ ᠤᠨ ᠰᠠᠶᠢᠨ ᠳᠤᠷᠠᠴᠤᠳ ᠢᠶᠠᠨ ᠠᠳᠠᠯᠢ ᠨᠢᠭᠡ | ᠱᠠᠲᠤᠨ ᠤ ᠰᠤᠶᠦᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ | ᠲᠡᠮᠳᠡᠭᠯᠡᠬᠦᠯᠵᠦ᠂ ᠲᠤᠬᠠᠢ ᠶᠢᠨ ᠤᠷᠤᠨ ᠤ ᠪᠠᠨ ᠰᠤᠶᠤᠯ ᠤᠨ ᠰᠠᠶᠢᠨ ᠳᠤᠷᠠᠴᠤᠳ ᠤᠨ ᠡᠩᠨᠡᠭᠡᠨ ᠳᠤ ᠤᠷᠤᠭᠤᠯᠤᠨ | ᠬᠠᠮᠢᠶᠠᠷᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠳᠤᠤᠷᠠᠬᠢ ᠠᠯᠬᠤᠮ ᠳᠠᠷᠠᠭ᠎ᠠ ᠶᠤᠰᠤᠭᠠᠷ ᠰᠤᠶᠤᠯ ᠤᠨ ᠰᠠᠶᠢᠨ ᠳᠤᠷᠠᠴᠤᠳ ᠢ | ᠡᠯᠰᠡᠨ ᠠᠪᠬᠤ ᠬᠡᠷᠡᠭᠲᠡᠢ᠄ | ︵ᠨᠢᠭᠡ︶ ᠰᠤᠶᠤᠯ ᠤᠨ ᠰᠠᠶᠢᠨ ᠳᠤᠷᠠᠴᠤᠳ ᠪᠤᠯᠬᠤ ᠪᠠᠷ ᠡᠷᠡᠮᠡᠯᠵᠡᠨ ᠳᠠᠩᠰᠠᠯᠠᠭᠤᠯᠬᠤ ᠭᠡᠵᠦ ᠪᠠᠶᠢᠭ᠎ᠠ | ᠪᠦᠯᠬᠦᠮ ᠨᠡᠶᠢᠲᠡ ᠪᠤᠶᠤ ᠬᠤᠪᠢ ᠬᠦᠮᠦᠨ ᠨᠢ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠶᠡᠷᠦᠩᠭᠡᠢ ᠠᠩᠭᠢ᠂ ᠰᠠᠯᠪᠤᠷᠢ ᠠᠩᠭᠢ᠂ ᠬᠤᠪᠢᠶᠠᠷᠢ ᠠᠩᠭᠢ ᠳᠤ ᠦᠪᠡᠷ ᠤᠨ ᠡᠷᠡᠮᠡᠯᠵᠡᠯ ᠢᠶᠠᠨ ᠰᠢᠭᠤᠳ ᠡᠷᠭᠦᠨ | ᠳᠡᠪᠰᠢᠭᠦᠯᠵᠦ ᠪᠤᠯᠤᠨ᠎ᠠ᠃ ᠪᠦᠯᠬᠦᠮ ᠨᠡᠶᠢᠲᠡ ᠨᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠦᠯᠬᠦᠮ ᠨᠡᠶᠢᠲᠡ ᠶᠢᠨ ᠲᠡᠮᠳᠡᠭᠯᠡᠭᠦᠯᠦᠨ | ᠲᠠᠩᠰᠠᠯᠠᠭᠤᠯᠬᠤ ᠡᠷᠡᠮᠡᠯᠵᠡᠯ ᠤᠨ ᠬᠦᠰᠦᠨᠦᠭ︾ ᠢ ᠲᠠᠭᠯᠠᠵᠤ᠂ ᠬᠤᠪᠢ ᠬᠦᠮᠦᠨ ᠨᠢ ︽ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠰᠠᠶᠢᠨ ᠳᠤᠷᠠᠴᠤᠳ ᠤᠨ ᠡᠷᠡᠮᠡᠯᠵᠡᠯ ᠤᠨ ᠬᠦᠰᠦᠨᠦᠭ︾ ᠢ | ᠲᠠᠭᠯᠠᠬᠤ ᠶᠢᠨ ᠬᠠᠮᠲᠤ ᠦᠪᠡᠷ ᠤᠨ ᠤᠷᠤᠯᠴᠠᠬᠤ ᠪᠠᠷ ᠡᠷᠡᠮᠡᠯᠵᠡᠵᠦ ᠪᠠᠶᠢᠭ᠎ᠠ ᠰᠠᠶᠢᠨ ᠳᠤᠷᠠᠴᠤᠳ ᠤᠨ ᠪᠦᠯᠬᠦᠮ | ᠨᠡᠶᠢᠲᠡ ᠶᠢᠨ ᠰᠦᠯᠵᠢᠶᠡᠨ ᠦᠷᠲᠡᠭᠡᠨ ᠳᠤ ᠨᠡᠷ᠎ᠡ ᠪᠠᠨ ᠳᠡᠮᠳᠡᠭᠯᠡᠭᠦᠯᠦᠨ ᠳᠠᠩᠰᠠᠯᠠᠭᠤᠯᠬᠤ ᠬᠡᠷᠡᠭᠲᠡᠢ᠃ | ︵ᠬᠤᠶᠠᠷ︶ ᠰᠤᠶᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠶᠡᠷᠦᠩᠭᠡᠢ ᠠᠩᠭᠢ᠂ ᠰᠠᠯᠪᠤᠷᠢ | ᠠᠩᠭᠢ᠂ ᠬᠤᠪᠢᠶᠠᠷᠢ ᠠᠩᠭᠢ ᠨᠢ ᠡᠷᠡᠮᠡᠯᠵᠡᠨ ᠳᠠᠩᠰᠠᠯᠠᠭᠤᠯᠬᠤ ᠪᠠᠷ ᠪᠠᠶᠢᠭ᠎ᠠ ᠪᠦᠯᠬᠦᠮ ᠨᠡᠶᠢᠲᠡ ᠪᠤᠶᠤ ᠬᠤᠪᠢ | ᠬᠦᠮᠦᠨ ᠤ ᠲᠤᠬᠠᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ ᠬᠢᠵᠦ᠂ ᠨᠦᠬᠦᠴᠠᠯ ᠳᠤ ᠨᠡᠶᠢᠴᠡᠭᠰᠡᠳ ᠢ ᠨᠢ | ᠨᠢᠭᠤᠷᠳᠠᠵᠤ ᠰᠢᠯᠭᠠᠨ᠂ ᠨᠢᠭᠤᠷᠳᠠᠵᠤ ᠰᠢᠯᠭᠠᠭᠠᠳ ᠬᠢᠷᠢ ᠳᠡᠩᠴᠡᠭᠰᠡᠳ ᠢ ᠨᠢ ᠳᠡᠮᠳᠡᠭᠯᠡᠨ ᠳᠠᠩᠰᠠᠯᠠᠬᠤ ᠶᠢᠨ ᠬᠠᠮᠲᠤ | ᠨᠢᠭᠡᠲᠦᠯᠲᠡᠢ ᠪᠠᠶᠢᠬᠤ ᠦᠪᠦᠷ ᠮᠤᠩᠭᠤᠯ ᠤᠨ ᠰᠤᠶᠤᠯ ᠤᠨ ᠰᠠᠶᠢᠨ ᠳᠤᠷᠠᠴᠤᠳ ᠤᠨ ᠦᠨᠡᠮᠯᠡᠯ ᠢ ᠤᠯᠭᠤᠨ | ᠭᠠᠷᠳᠠᠭᠤᠯᠤᠨ᠎ᠠ᠃ ᠰᠤᠶᠤᠯ ᠤᠨ ᠰᠠᠶᠢᠨ ᠲᠤᠷᠠᠴᠤᠳ ᠤᠨ ᠪᠦᠯᠭᠦᠮ ᠨᠡᠶᠢᠲᠡ ᠪᠤᠶᠤ ᠬᠤᠪᠢ ᠬᠦᠮᠦᠨ ᠤ | ᠲᠡᠮᠳᠡᠭᠯᠡᠭᠦᠯᠦᠨ ᠳᠠᠩᠰᠠᠯᠠᠭᠤᠯᠤᠭᠰᠠᠨ ᠪᠠᠶᠢᠳᠠᠯ ᠢ ᠲᠤᠰ ᠱᠠᠲᠤᠨ ᠤ ᠰᠤᠶᠤᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠲᠤ ᠮᠡᠳᠡᠭᠦᠯᠦᠨ ᠲᠡᠮᠳᠡᠭᠯᠡᠬᠦᠯᠬᠦ ᠬᠡᠷᠡᠭᠲᠡᠢ᠃ | | ᠲᠦᠷᠪᠡᠳᠦᠭᠡᠷ ᠪᠦᠯᠦᠭ ᠡᠷᠭᠡ ᠠᠰᠢᠭ ᠬᠢᠭᠡᠳ ᠡᠭᠦᠷᠭᠡ ᠬᠠᠷᠢᠭᠤᠴᠠᠯᠭ᠎ᠠ | | ᠠᠷᠪᠠᠨ ᠶᠢᠰᠦᠳᠦᠭᠡᠷ ᠵᠦᠢᠯ ᠰᠤᠶᠤᠯ ᠤᠨ ᠰᠠᠶᠢᠨ ᠳᠤᠷᠠᠴᠤᠳ ᠨᠢ ᠳᠤᠤᠷᠠᠬᠢ ᠮᠡᠲᠦ ᠶᠢᠨ ᠡᠷᠭᠡ ᠠᠰᠢᠭ | ᠲᠠᠢ᠄ | ︵ᠨᠢᠭᠡ︶ ᠦᠪᠡᠷ ᠤᠨ ᠬᠦᠰᠡᠯ ᠰᠠᠨᠠᠭ᠎ᠠ᠂ ᠴᠠᠭ ᠪᠤᠯᠤᠨ ᠡᠷᠳᠡᠮ ᠴᠢᠳᠠᠪᠤᠷᠢ ᠳᠤ ᠪᠠᠨ ᠦᠨᠳᠦᠰᠦᠯᠡᠵᠦ᠂ | ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠩᠭᠠᠨ᠎ᠠ︔ | ︵ᠬᠤᠶᠠᠷ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠤᠯᠪᠠᠰᠤᠷᠠᠭᠤᠯᠤᠯ ᠳᠤ | ᠤᠷᠤᠯᠴᠠᠨ᠎ᠠ︔ | ︵ᠭᠤᠷᠪᠠ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠬᠢᠬᠦ ᠳᠤ ᠪᠠᠶᠢᠪᠠᠰᠤ ᠵᠤᠬᠢᠬᠤ | ᠨᠦᠬᠦᠴᠠᠯ ᠪᠤᠯᠤᠨ ᠪᠠᠲᠤᠯᠠᠭ᠎ᠠ ᠶᠢ ᠤᠯᠵᠤ ᠬᠦᠷᠲᠡᠨ᠎ᠡ︔ | ︵ᠳᠦᠷᠪᠡ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠰᠠᠨᠠᠯ ᠰᠠᠨᠠᠭᠤᠯᠭ᠎ᠠ ᠪᠠᠨ | ᠳᠤᠷᠠᠳᠴᠤ ᠦᠭᠭᠦᠨ᠎ᠡ︔ | ︵ᠲᠠᠪᠤ︶ ᠰᠠᠶᠢᠨ ᠳᠤᠷ᠎ᠠ ᠶᠢᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠠᠴᠠ ᠤᠬᠤᠷᠢᠵᠤ ᠭᠠᠷᠬᠤ ᠶᠢ | ᠡᠷᠡᠮᠡᠯᠵᠡᠨ᠎ᠡ︔ | ︵ᠵᠢᠷᠭᠤᠭ᠎ᠠ︶ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠵᠢᠴᠢ ᠲᠤᠭᠲᠠᠭᠠᠯ ᠳᠦᠷᠢᠮ ᠠᠴᠠ | ᠤᠯᠭᠤᠭᠰᠠᠨ ᠪᠤᠰᠤᠳ ᠡᠷᠬᠡ ᠠᠰᠢᠭ ᠢ ᠤᠯᠵᠤ ᠬᠦᠷᠲᠡᠨ᠎ᠠ᠃ | ᠬᠤᠷᠢᠳᠤᠭᠠᠷ ᠵᠦᠢᠯ ᠰᠤᠶᠤᠯ ᠤᠨ ᠰᠠᠶᠢᠨ ᠳᠤᠷᠠᠴᠤᠳ ᠲᠤᠤᠷᠠᠬᠢ ᠮᠡᠲᠦ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠭᠡᠬᠦ ᠬᠡᠷᠡᠭᠲᠡᠢ᠄ | ︵ᠨᠢᠭᠡ︶ ᠤᠯᠤᠰ ᠭᠡᠷ ᠤᠨ ᠬᠠᠤᠯᠢ ᠴᠠᠭᠠᠵᠠ᠂ ᠬᠠᠤᠯᠢ ᠳᠦᠷᠢᠮ ᠵᠢᠴᠢ ᠰᠤᠶᠤᠯ ᠤᠨ ᠰᠠᠶᠢᠨ | ᠳᠤᠷᠠᠴᠤᠳ ᠤᠨ ᠵᠤᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠤᠭᠲᠠᠭᠠᠯ ᠢ ᠵᠢᠷᠤᠮᠯᠠᠨ ᠳᠠᠭᠠᠨ᠎ᠠ︔ | ︵ᠬᠤᠶᠠᠷ︶ ᠰᠤᠶᠤᠯ ᠤᠨ ᠰᠠᠶᠢᠨ ᠳᠤᠷᠠᠴᠤᠳ ᠤᠨ ᠵᠤᠬᠢᠶᠠᠨ ᠪᠠᠶᠢᠭᠤᠯᠤᠯᠲᠠ ᠪᠤᠯᠤᠨ ᠰᠤᠶᠤᠯ ᠤᠨ ᠰᠠᠶᠢᠨ | ᠳᠤᠷᠠᠴᠤᠳ ᠤᠨ ᠳᠦᠷᠢ ᠲᠦᠷᠬᠦ ᠶᠢ ᠤᠬᠠᠮᠰᠠᠷ ᠠᠴᠠ ᠪᠠᠨ ᠬᠠᠮᠠᠭᠠᠯᠠᠨ᠎ᠠ︔ | ︵ᠭᠤᠷᠪᠠ︶ ᠰᠤᠶᠤᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯ ᠤᠨ ᠠᠮᠠᠯᠠᠯᠲᠠ ᠪᠠᠨ | ᠬᠦᠢᠴᠡᠳᠭᠡᠵᠦ᠂ ᠬᠠᠮᠢᠶᠠᠷᠤᠯᠲᠠ ᠶᠢ ᠲᠠᠭᠠᠨ᠂ ᠰᠤᠶᠤᠯ ᠤᠨ ᠰᠠᠶᠢᠨ ᠳᠤᠷᠠᠴᠤᠳ ᠤᠨ ᠬᠠᠮᠢᠶᠠᠷᠤᠯᠲᠠ ᠶᠢᠨ | ᠠᠵᠢᠯ ᠤᠨ ᠰᠠᠯᠠᠭ᠎ᠠ ᠮᠦᠴᠢᠷ ᠤᠨ ᠲᠤᠬᠢᠷᠠᠭᠤᠯᠤᠯᠲᠠ ᠪᠠᠷ ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠠᠨ᠎ᠠ︔ | ︵ᠳᠦᠷᠪᠡ︶ ᠵᠢᠯ ᠪᠦᠷᠢ ᠶᠢᠨ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠤᠷᠤᠯᠴᠠᠬᠤ | ᠪᠦᠬᠦ ᠴᠠᠭ ᠢᠶᠠᠨ 20 ᠴᠠᠭ ᠠᠴᠠ ᠲᠤᠲᠠᠭᠤ ᠪᠠᠶᠢᠯᠭᠠᠵᠤ ᠪᠤᠯᠬᠤ ᠦᠭᠡᠢ︔ | ︵ᠲᠠᠪᠤ︶ ᠰᠤᠶᠤᠯ ᠤᠨ ᠰᠠᠶᠢᠨ ᠳᠤᠷᠠᠴᠤᠳ ᠭᠡᠬᠦ ᠨᠡᠷ᠎ᠡ ᠶᠢ ᠪᠠᠷᠢᠵᠤ᠂ ᠠᠰᠢᠭ ᠬᠤᠨᠵᠢᠪᠤᠷᠢ ᠤᠯᠬᠤ ᠪᠠᠷ | ᠵᠤᠷᠢᠯᠭ᠎ᠠ ᠪᠤᠯᠭᠠᠭᠰᠠᠨ ᠪᠤᠶᠤ ᠨᠡᠶᠢᠭᠡᠮ ᠨᠡᠶᠢᠲᠡ ᠶᠢᠨ ᠶᠤᠰᠤ ᠰᠤᠷᠲᠠᠬᠤᠨ ᠠᠴᠠ ᠲᠡᠷᠰᠯᠡᠭᠰᠡᠨ ᠠᠵᠢᠯᠯᠠᠭ᠎ᠠ ᠪᠤᠯᠤᠨ | ᠦᠢᠯᠡ ᠬᠡᠷᠡᠭ ᠢ ᠦᠢᠯᠡᠳᠴᠦ ᠪᠤᠯᠬᠤ ᠦᠭᠡᠢ︔ | ︵ᠵᠢᠷᠭᠤᠭ᠎ᠠ︶ ᠶᠠᠮᠠᠷ ᠨᠢᠭᠡᠨ ᠤᠴᠢᠷ ᠰᠢᠯᠲᠠᠭᠠᠨ ᠠᠴᠠ ᠪᠤᠯᠵᠤ ᠲᠦᠰᠦᠪᠯᠡᠵᠦ ᠲᠤᠭᠲᠠᠭᠠᠭᠰᠠᠨ ᠰᠤᠶᠤᠯ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠠᠵᠤ ᠴᠢᠳᠠᠬᠤ ᠦᠭᠡᠢ ᠪᠤᠶᠤ ᠠᠵᠢᠯᠯᠠᠭᠠᠨ ᠤ | ᠡᠭᠦᠷᠭᠡ ᠪᠠᠨ ᠪᠡᠶᠡᠯᠡᠭᠦᠯᠵᠦ ᠴᠢᠳᠠᠬᠤ ᠦᠭᠡᠢ ᠪᠤᠯᠤᠭᠰᠠᠨ ᠪᠠᠶᠢᠪᠠᠯ᠂ ᠵᠦᠢ ᠵᠤᠬᠢᠰᠲᠠᠢ ᠪᠠᠷ ᠬᠡᠯᠡᠵᠦ ᠮᠡᠳᠡᠬᠦᠯᠬᠦ | ᠡᠭᠦᠷᠭᠡ ᠪᠠᠨ ᠭᠦᠢᠴᠡᠳᠭᠡᠵᠦ ᠪᠠᠶᠢᠬᠤ ᠬᠡᠷᠡᠭᠲᠡᠢ︔ | ︵ᠳᠤᠯᠤᠭ᠎ᠠ︶ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠵᠢᠴᠢ ᠰᠤᠶᠤᠯ ᠤᠨ ᠰᠠᠶᠢᠨ | ᠳᠤᠷᠠᠴᠤᠳ ᠤᠨ ᠵᠤᠬᠢᠶᠠᠨ ᠪᠠᠶᠢᠭᠤᠯᠤᠯᠲᠠ ᠶᠢᠨ ᠲᠤᠭᠲᠠᠭᠠᠭᠰᠠᠨ ᠦᠭᠡᠷ᠎ᠡ ᠪᠤᠰᠤᠳ ᠡᠭᠦᠷᠭᠡ ᠶᠢ ᠡᠭᠦᠷᠭᠡᠯᠡᠨ | ᠪᠡᠶᠡᠯᠡᠭᠦᠯᠬᠦ ᠭᠡᠷᠡᠭᠲᠡᠢ᠃ | | ᠲᠠᠪᠤᠳᠤᠭᠠᠷ ᠪᠦᠯᠦᠭ ᠪᠠᠳᠤᠯᠠᠬᠤ ᠬᠢᠭᠡᠳ ᠵᠤᠷᠢᠭᠵᠢᠭᠤᠯᠬᠤ | | ᠬᠤᠷᠢᠨ ᠨᠢᠭᠡᠳᠦᠭᠡᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠵᠠᠷᠤᠳᠠᠯ | ᠮᠦᠩᠭᠦᠨ ᠤ ᠢᠷᠡᠯᠲᠡ᠄ | ︵ᠨᠢᠭᠡ︶ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠳᠡᠮᠵᠢᠯᠭᠡ︔ | ︵ᠬᠤᠶᠠᠷ︶ ᠬᠠᠤᠯᠢ ᠶᠤᠰᠤᠭᠠᠷ ᠤᠯᠤᠭᠰᠠᠨ ᠨᠡᠶᠢᠭᠡᠮ ᠤᠨ ᠡᠳ᠋ ᠮᠦᠩᠭᠦᠨ ᠤ ᠲᠤᠰᠠᠯᠠᠮᠵᠢ ᠳᠡᠮᠵᠢᠯᠭᠡ︔ | ︵ᠭᠤᠷᠪᠠ︶ ᠰᠠᠭᠤᠷᠢ ᠮᠦᠩᠭᠦᠨ ᠤ ᠨᠡᠶᠢᠭᠡᠮᠯᠢᠭ ᠤᠨ ᠡᠳ᠋ ᠮᠦᠩᠭᠦᠨ ᠤ ᠲᠤᠰᠠᠯᠠᠮᠵᠢ︔ | ︵ᠳᠦᠷᠪᠡ︶ ᠪᠤᠰᠤᠳ ᠬᠠᠤᠯᠢ ᠶᠤᠰᠤᠨ ᠤ ᠤᠷᠤᠯᠭ᠎ᠠ᠃ | ᠬᠤᠷᠢᠨ ᠬᠤᠶᠠᠳᠤᠭᠠᠷ ᠵᠦᠢᠯ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠵᠠᠷᠤᠳᠠᠯ | ᠮᠦᠩᠭᠦ ᠶᠢ ᠲᠤᠤᠷᠠᠬᠢ ᠮᠡᠲᠦ ᠶᠢᠨ ᠵᠦᠢᠯ ᠳᠤ ᠬᠡᠷᠡᠭᠯᠡᠨ᠎ᠡ᠄ | ︵ᠨᠢᠭᠡ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠬᠦ ᠳᠤ ᠬᠡᠷᠡᠭᠯᠡᠨ᠎ᠡ︔ | ︵ᠬᠤᠶᠠᠷ︶ ᠰᠤᠶᠤᠯ ᠤᠨ ᠰᠠᠶᠢᠨ ᠳᠤᠷᠠᠴᠤᠳ ᠲᠤ ᠪᠤᠯᠪᠠᠰᠤᠷᠠᠭᠤᠯᠤᠯ ᠬᠦᠷᠳᠡᠭᠡᠬᠦ᠂ ᠰᠤᠶᠤᠯ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠢ ᠰᠤᠷᠲᠠᠯᠴᠢᠯᠠᠨ ᠤᠬᠠᠭᠤᠯᠬᠤ ᠶᠠᠪᠤᠳᠠᠯ ᠳᠤ ᠬᠡᠷᠡᠭᠯᠡᠨ᠎ᠡ︔ | ︵ᠭᠤᠷᠪᠠ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠤᠷᠤᠯᠴᠠᠬᠤ ᠰᠤᠶᠤᠯ ᠤᠨ | ᠰᠠᠶᠢᠨ ᠳᠤᠷᠠᠴᠤᠳ ᠢ ᠪᠡᠶ᠎ᠡ ᠮᠠᠬᠠᠪᠤᠳ ᠤᠨ ᠰᠠᠨᠠᠭᠠᠨ ᠳᠤ ᠦᠭᠡᠢ ᠭᠡᠮᠳᠦᠯ ᠤᠨ ᠳᠠᠭᠠᠳᠬᠠᠯ ᠳᠤ ᠤᠷᠤᠭᠤᠯᠬᠤ | ᠶᠠᠪᠤᠳᠠᠯ ᠳᠤ ᠬᠡᠷᠡᠭᠯᠡᠨ᠎ᠡ︔ | ︵ᠳᠦᠷᠪᠡ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠵᠦ ᠪᠠᠶᠢᠭ᠎ᠠ | ᠬᠤᠭᠤᠴᠠᠭᠠᠨ ᠳᠤ ᠪᠡᠶ᠎ᠡ ᠮᠠᠬᠠᠪᠤᠳ ᠤᠨ ᠰᠠᠨᠠᠭᠠᠨ ᠳᠤ ᠦᠭᠡᠢ ᠭᠡᠮᠳᠦᠯ ᠳᠤ ᠤᠴᠠᠷᠠᠭᠰᠠᠨ ᠰᠤᠶᠤᠯ ᠤᠨ ᠰᠠᠶᠢᠨ | ᠳᠤᠷᠠᠴᠤᠳ ᠢ ᠲᠡᠩᠬᠡᠷᠡᠭᠦᠯᠦᠨ ᠲᠤᠰᠠᠯᠠᠬᠤ ᠶᠠᠪᠤᠳᠠᠯ ᠳᠤ ᠬᠡᠷᠡᠭᠯᠡᠨ᠎ᠡ︔ | ︵ᠲᠠᠪᠤ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠦᠢᠯᠡᠰ ᠲᠤ ᠳᠤᠪᠤᠶᠢᠮ᠎ᠠ ᠬᠤᠪᠢ | ᠨᠡᠮᠡᠷᠢ ᠪᠠᠨ ᠦᠵᠡᠭᠦᠯᠦᠭᠰᠡᠨ ᠵᠤᠬᠢᠶᠠᠨ ᠪᠠᠶᠢᠭᠤᠯᠤᠯᠲᠠ ᠪᠤᠯᠤᠨ ᠬᠤᠪᠢ ᠬᠦᠮᠦᠨ ᠢ ᠱᠠᠩᠨᠠᠨ ᠬᠦᠬᠢᠭᠦᠯᠬᠦ ᠶᠠᠪᠤᠳᠠᠯ | ᠳᠤ ᠬᠡᠷᠡᠭᠯᠡᠨ᠎ᠡ︔ | ︵ᠵᠢᠷᠭᠤᠭ᠎ᠠ︶ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠭᠡᠷ᠎ᠡ ᠪᠤᠰᠤᠳ ᠬᠠᠮᠢᠶ᠎ᠠ ᠪᠦᠬᠦᠢ | ᠠᠵᠢᠯ ᠤᠨ ᠵᠦᠢᠯ ᠳᠤ ᠬᠡᠷᠡᠭᠯᠡᠨ᠎ᠡ᠃ | ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠵᠠᠷᠤᠳᠠᠯ ᠮᠦᠩᠭᠦ ᠶᠢ ᠲᠤᠰᠬᠠᠢ ᠮᠦᠩᠭᠦ ᠶᠢ | ᠲᠤᠰᠬᠠᠢ ᠵᠠᠷᠤᠬᠤ ᠠᠷᠭ᠎ᠠ ᠪᠠᠷ ᠵᠠᠷᠤᠬᠤ ᠬᠡᠷᠡᠭᠲᠡᠢ᠃ ᠡᠨᠡ ᠬᠦ ᠵᠠᠷᠤᠳᠠᠯ ᠮᠦᠩᠭᠦ ᠶᠢ ᠶᠠᠮᠠᠷᠪᠠ ᠵᠤᠬᠢᠶᠠᠨ | ᠪᠠᠶᠢᠭᠤᠯᠤᠯᠲᠠ ᠪᠤᠯᠤᠨ ᠬᠤᠪᠢ ᠬᠦᠮᠦᠨ ᠰᠢᠯᠵᠢᠭᠦᠯᠦᠨ ᠵᠠᠷᠤᠵᠤ ᠪᠤᠯᠬᠤ ᠦᠭᠡᠢ᠂ ᠬᠤᠪᠢᠴᠢᠯᠠᠨ ᠬᠤᠪᠢᠶᠠᠵᠤ | ᠠᠪᠬᠤ ᠪᠤᠶᠤ ᠡᠵᠡᠯᠡᠨ ᠠᠪᠴᠤ ᠪᠤᠯᠬᠤ ᠦᠭᠡᠢ᠃ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠵᠠᠷᠤᠳᠠᠯ ᠮᠦᠡᠭᠭᠦ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠬᠤ ᠶᠠᠪᠤᠳᠠᠯ ᠳᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠪᠤᠯᠤᠨ ᠨᠡᠶᠢᠭᠡᠮ ᠠᠴᠠ ᠬᠠᠤᠯᠢ ᠶᠤᠰᠤᠭᠠᠷ ᠬᠢᠨᠠᠯᠲᠠ ᠲᠠᠯᠪᠢᠨ᠎ᠠ᠃ | ᠬᠤᠷᠢᠨ ᠭᠤᠷᠪᠠᠳᠤᠭᠠᠷ ᠵᠦᠢᠯ ᠨᠦᠬᠦᠴᠠᠯ ᠲᠠᠢ ᠭᠠᠵᠠᠷ ᠤᠷᠤᠨ ᠨᠢ ᠰᠤᠶᠤᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠤᠨ ᠰᠠᠭᠤᠷᠢ ᠮᠦᠩᠭᠦᠨ ᠤ ᠨᠡᠶᠢᠭᠡᠮᠯᠢᠭ ᠢ ᠬᠠᠤᠯᠢ ᠶᠤᠰᠤᠭᠠᠷ ᠪᠠᠶᠢᠭᠤᠯᠵᠤ᠂ ᠰᠤᠶᠤᠯ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠦᠢᠯᠡᠰ ᠤᠨ ᠬᠦᠭᠵᠢᠯᠲᠡ ᠳᠤ ᠳᠡᠮᠵᠢᠯᠭᠡ ᠪᠠᠳᠤᠯᠠᠭ᠎ᠠ ᠶᠢ ᠬᠠᠩᠭᠠᠵᠤ | ᠪᠤᠯᠤᠨ᠎ᠠ᠃ | ᠬᠤᠷᠢᠨ ᠳᠦᠷᠪᠡᠳᠦᠭᠡᠷ ᠵᠦᠢᠯ ᠳᠡᠮᠳᠡᠭᠯᠡᠬᠦᠯᠦᠨ ᠳᠠᠩᠰᠠᠯᠠᠭᠤᠯᠤᠭᠰᠠᠨ ᠰᠤᠶᠤᠯ ᠤᠨ ᠰᠠᠶᠢᠨ ᠳᠤᠷᠠᠴᠤᠳ ᠤᠨ | ᠦᠢᠯᠡᠴᠢᠯᠡᠭᠡ ᠬᠠᠩᠭᠠᠭᠰᠠᠨ ᠪᠦᠬᠦ ᠴᠠᠭ ᠪᠤᠯᠤᠨ ᠠᠮᠵᠢᠯᠲᠠ ᠪᠦᠳᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠳᠤ ᠨᠢ | ᠦᠨᠳᠦᠰᠦᠯᠡᠵᠦ ᠪᠠᠶᠢᠭᠠᠳ ᠤᠳᠤᠨ ᠳᠡᠰ ᠤᠨ ᠰᠤᠶᠤᠯ ᠤᠨ ᠰᠠᠶᠢᠨ ᠳᠤᠷᠠᠴᠤᠳ ᠢ ᠬᠡᠷᠡᠴᠢᠯᠡᠬᠦ ᠬᠡᠷᠡᠴᠢᠯᠡᠯ ᠤᠨ | ᠳᠦᠷᠢᠮ ᠢ ᠬᠡᠷᠡᠭᠵᠢᠭᠦᠯᠦᠨ᠎ᠡ᠄ | ︵ᠨᠢᠭᠡ︶ 100 ᠴᠠᠭ ᠠᠴᠠ ᠳᠡᠭᠡᠭᠰᠢ ᠳᠤ ᠬᠦᠷᠦᠭᠰᠡᠳ ᠢ ᠨᠢᠭᠡ ᠤᠳᠤᠳᠤ ᠰᠠᠶᠢᠨ ᠳᠤᠷᠠᠴᠤᠳ ᠭᠡᠨ᠎ᠡ︔ | ︵ᠬᠤᠶᠠᠷ︶ 300 ᠴᠠᠭ ᠠᠴᠠ ᠳᠡᠭᠡᠭᠰᠢ ᠳᠤ ᠬᠦᠷᠦᠭᠰᠡᠳ ᠢ ᠬᠤᠶᠠᠷ ᠤᠳᠤᠲᠤ ᠰᠠᠶᠢᠨ ᠳᠤᠷᠠᠴᠤᠳ | ᠭᠡᠨ᠎ᠡ︔ | ︵ᠭᠤᠷᠪᠠ︶ 600 ᠴᠠᠭ ᠠᠴᠠ ᠳᠡᠭᠡᠭᠰᠢ ᠳᠤ ᠬᠦᠷᠦᠭᠰᠡᠳ ᠢ ᠭᠤᠷᠪᠠᠨ ᠤᠳᠤᠲᠤ ᠰᠠᠶᠢᠨ ᠳᠤᠷᠠᠴᠤᠳ | ᠭᠡᠨ᠎ᠡ︔ | ︵ᠳᠦᠷᠪᠡ︶ 1000 ᠴᠠᠭ ᠠᠴᠠ ᠳᠡᠭᠡᠭᠰᠢ ᠳᠤ ᠬᠦᠷᠦᠭᠰᠡᠳ ᠢ ᠳᠦᠷᠪᠡᠨ ᠤᠳᠤᠲᠤ ᠰᠠᠶᠢᠨ ᠳᠤᠷᠠᠴᠤᠳ | ᠭᠡᠨ᠎ᠡ︔ | ︵ᠲᠠᠪᠤ︶ 1500 ᠴᠠᠭ ᠠᠴᠠ ᠳᠡᠭᠡᠭᠰᠢ ᠳᠤ ᠬᠦᠷᠦᠭᠰᠡᠳ ᠢ ᠲᠠᠪᠤᠨ ᠤᠳᠤᠲᠤ ᠰᠠᠶᠢᠨ ᠳᠤᠷᠠᠴᠤᠳ ᠭᠡᠨ᠎ᠡ | ᠃ | ᠬᠤᠷᠢᠨ ᠲᠠᠪᠤᠳᠤᠭᠠᠷ ᠵᠤᠶᠢᠯ ᠬᠡᠷᠡᠭᠯᠡᠭᠡᠨ ᠤ ᠺᠠᠷᠲ᠂ ᠬᠠᠷᠠᠭᠠᠯᠵᠠᠯ ᠤᠨ ᠺᠠᠷᠲ ᠵᠡᠷᠭᠡ ᠶᠢ ᠤᠯᠭᠤᠬᠤ | ᠠᠷᠭ᠎ᠠ ᠪᠠᠷ ᠳᠠᠮᠵᠢᠨ ᠤᠳᠤᠲᠤ ᠴᠤᠯᠠ ᠲᠠᠢ ᠰᠤᠶᠤᠯ ᠤᠨ ᠰᠠᠶᠢᠨ ᠳᠤᠷᠠᠴᠤᠳ ᠤᠨ ᠲᠤᠭᠯᠠᠯᠲᠠ ᠰᠤᠨᠢᠷᠬᠠᠬᠤ᠂ ᠨᠤᠮ | ᠪᠢᠴᠢᠭ ᠬᠤᠳᠠᠯᠳᠤᠨ ᠠᠪᠬᠤ᠂ ᠺᠢᠨᠤ᠋ ᠦᠵᠡᠬᠦ ᠵᠡᠷᠭᠡ ᠰᠤᠶᠤᠯ ᠤᠷᠠᠯᠢᠭ ᠤᠨ ᠬᠡᠷᠡᠭᠯᠡᠭᠡᠨ ᠤ ᠠᠵᠢᠯᠯᠠᠭ᠎ᠠ ᠳᠤ ᠨᠢ | ᠬᠠᠷᠠᠭᠠᠯᠵᠠᠯ ᠦᠵᠡᠭᠦᠯᠦᠨ᠎ᠡ᠃ | ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠰᠤᠶᠤᠯ ᠤᠨ ᠰᠠᠶᠢᠨ ᠳᠤᠷᠠᠴᠤᠳ ᠤᠨ ᠬᠠᠮᠢᠶᠠᠷᠤᠯᠲᠠ ᠶᠢᠨ | ᠠᠵᠢᠯ ᠤᠨ ᠠᠯᠪᠠᠨ ᠭᠡᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ᠂ ᠲᠤᠭᠲᠠᠭᠰᠠᠨ ᠴᠠᠭ | ᠬᠤᠭᠤᠴᠠᠭ᠎ᠠ ᠲᠠᠢ ᠪᠠᠷ ᠰᠢᠯᠢᠳᠡᠭ ᠰᠤᠶᠤᠯ ᠤᠨ ᠰᠠᠶᠢᠨ ᠳᠤᠷᠠᠴᠤᠳ᠂ ᠰᠢᠯᠢᠳᠡᠭ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠤᠨ ᠵᠦᠢᠯ᠂ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠵᠤᠬᠢᠶᠠᠨ | ᠪᠠᠶᠢᠭᠤᠯᠤᠯᠲᠠ ᠭᠡᠬᠦ ᠵᠡᠷᠭᠡ ᠶᠢ ᠰᠢᠯᠭᠠᠷᠠᠭᠤᠯᠤᠨ ᠭᠠᠷᠭᠠᠵᠤ ᠬᠦᠬᠢᠬᠦᠯᠬᠦ ᠬᠡᠷᠡᠭᠲᠡᠢ᠃ ᠳᠤᠪᠤᠶᠢᠮ᠎ᠠ ᠰᠠᠶᠢᠬᠠᠨ ᠦᠢᠯᠡ | ᠶᠠᠪᠤᠳᠠᠯ ᠲᠠᠢ ᠂ ᠨᠡᠯᠢᠶᠡᠳ ᠶᠡᠭᠡ ᠬᠤᠪᠢ ᠨᠠᠮᠡᠷᠢ ᠦᠵᠡᠭᠦᠯᠦᠭᠰᠡᠨ᠂ ᠨᠡᠯᠢᠶᠡᠳ ᠰᠠᠶᠢᠨ ᠨᠡᠶᠢᠭᠡᠮ ᠤᠨ ᠲᠤᠰᠬᠠᠯ ᠲᠠᠢ | ᠰᠤᠶᠤᠯ ᠤᠨ ᠰᠠᠶᠢᠨ ᠳᠤᠷᠠᠴᠤᠳ ᠲᠤ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠭᠠᠷᠮᠠᠭᠠᠢ | ᠬᠤᠪᠢ ᠨᠡᠮᠡᠷᠢ ᠦᠵᠡᠭᠦᠯᠦᠭᠰᠡᠨ ᠱᠠᠩᠨᠠᠯ ᠢ ᠤᠯᠭᠤᠵᠤ ᠪᠤᠯᠤᠨ᠎ᠠ᠃ | ᠬᠤᠷᠢᠨ ᠳᠤᠯᠤᠳᠤᠭᠠᠷ ᠵᠦᠢᠯ ᠡᠯ᠎ᠡ ᠤᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠨᠢ ᠷᠠᠳᠢᠤ᠋᠂ | ᠲᠧᠯᠸᠢᠰ᠂ ᠰᠤᠨᠢᠨ ᠰᠡᠳᠭᠦᠯ᠂ ᠰᠦᠯᠵᠢᠶᠡᠨ ᠦᠷᠲᠡᠭᠡ᠂ ᠸᠢᠴᠠᠲ ᠤᠨ ᠤᠯᠠᠨ ᠨᠡᠶᠢᠲᠡ ᠶᠢᠨ ᠲᠠᠪᠴᠠᠩ ᠵᠡᠷᠭᠡ ᠪᠠᠷ | ᠳᠠᠮᠵᠢᠨ᠂ ᠳᠤᠪᠤᠶᠢᠮ᠎ᠠ ᠰᠠᠶᠢᠨ ᠢᠯᠡᠷᠡᠯ ᠲᠠᠢ ᠰᠤᠶᠤᠯ ᠤᠨ ᠰᠠᠶᠢᠨ ᠳᠤᠷᠠᠴᠤᠳ ᠢ ᠤᠬᠠᠭᠤᠯᠤᠨ ᠲᠠᠨᠢᠯᠴᠠᠭᠤᠯᠵᠤ | ᠪᠤᠯᠤᠨ᠎ᠠ᠃ | | ᠵᠢᠷᠭᠤᠳᠤᠭᠠᠷ ᠪᠦᠯᠦᠭ ᠳᠠᠭᠠᠯᠲᠠ ᠳᠦᠷᠢᠮ | | ᠬᠤᠷᠢᠨ ᠨᠠᠢᠮᠠᠳᠤᠭᠠᠷ ᠵᠦᠢᠯ ᠲᠤᠰ ᠠᠷᠭ᠎ᠠ ᠶᠢᠨ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠰᠤᠶᠤᠯ ᠤᠨ ᠲᠢᠩᠭᠢᠮ ᠠᠴᠠ ᠲᠠᠶᠢᠯᠪᠤᠷᠢᠯᠠᠯᠲᠠ ᠬᠢᠬᠦ ᠶᠠᠪᠤᠳᠠᠯ ᠢ ᠬᠠᠷᠢᠭᠤᠴᠠᠨ᠎ᠠ᠃ | ᠬᠤᠷᠢᠨ ᠶᠢᠰᠦᠳᠦᠭᠡᠷ ᠵᠦᠢᠯ ᠲᠤᠰ ᠠᠷᠭ᠎ᠠ ᠶᠢ 2017 ᠤᠨ ᠤ 10 ᠰᠠᠷ᠎ᠠ ᠶᠢᠨ 1 ᠠᠴᠠ ᠡᠬᠢᠯᠡᠨ | ᠬᠡᠷᠡᠭᠵᠢᠭᠦᠯᠦᠨ᠎ᠡ᠃ |