︵2016 ᠣᠨ ᠤ 5 ᠰᠠᠷ᠎ᠠ ᠶᠢᠨ 30 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠬᠤᠷᠢᠨ ᠬᠤᠶᠠᠳᠤᠭᠠᠷ ᠬᠤᠷᠠᠯ ᠠᠴᠠ ᠪᠠᠲᠤᠯᠠᠪᠠ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠳᠡᠯᠡᠬᠡᠢ ᠶᠢᠨ ᠰᠣᠶᠣᠯ ᠤᠨ ᠦᠪ ᠪᠤᠯᠬᠤ ᠶᠤᠸᠠᠨ ᠤ ᠲᠡᠭᠡᠳᠦ ᠨᠡᠶᠢᠰᠯᠡᠯ ᠤᠨ | ᠪᠠᠭᠤᠷᠢ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠬᠦᠮᠦᠨ ᠲᠦᠷᠦᠯᠬᠢᠲᠡᠨ ᠤ ᠪᠤᠯᠪᠠᠰᠤᠨ ᠢ ᠤᠯᠠᠮᠵᠢᠯᠠᠨ | ᠵᠠᠯᠭᠠᠮᠵᠢᠯᠠᠬᠤ ᠶᠢᠨ ᠲᠦᠯᠦᠭᠡ《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ | ᠲᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ 》ᠵᠡᠷᠭᠡ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠤᠭᠲᠠᠭᠠᠯ ᠳᠤ ᠦᠨᠳᠦᠰᠦᠯᠡᠵᠦ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠠᠵᠢᠯ ᠤᠨ | ᠪᠤᠲᠠᠲᠤ ᠪᠠᠶᠢᠳᠠᠯ ᠲᠠᠢ ᠤᠶᠠᠯᠳᠣᠭᠤᠯᠣᠨ ᠲᠤᠰ ᠲᠦᠷᠢᠮ ᠢ ᠲᠤᠭᠲᠠᠭᠠᠪᠠ᠃ | ᠬᠤᠶᠠᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠭᠡᠳᠡᠭ ᠨᠢ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤ ᠪᠠ ᠲᠤᠯᠤᠨᠨᠠᠭᠤᠤᠷ | ᠰᠢᠶᠠᠨ ᠤ ᠬᠢᠯᠢ ᠶᠢᠨ ᠲᠤᠲᠤᠷ᠎ᠠ ᠪᠠᠶᠢᠭ᠎ᠠ ᠶᠤᠸᠠᠨ ᠤ ᠲᠡᠭᠡᠳᠦ ᠨᠡᠶᠢᠰᠯᠡᠯ ᠤᠨ ᠬᠤᠲᠠ ᠶᠢᠨ ᠪᠠᠭᠤᠷᠢ ᠪᠠᠷ ᠭᠤᠤᠯ | ᠪᠤᠯᠭᠠᠭᠰᠠᠨ ᠲᠡᠦᠬᠡ ᠶᠢᠨ ᠲᠤᠷᠠᠰᠬᠠᠯᠲᠤ ᠵᠦᠢᠯ ᠤᠨ ᠦᠯᠡᠳᠡᠭᠳᠡᠯ ᠢ ᠵᠢᠭᠠᠵᠤ ᠪᠤᠢ᠃ ᠡᠭᠦᠨ ᠳᠤ ᠬᠤᠲᠠ ᠶᠢᠨ | ᠪᠠᠭᠤᠷᠢ᠂ ᠲᠠᠬᠢᠯᠭ᠎ᠠ ᠶᠢᠨ ᠪᠠᠭᠤᠷᠢ᠂ ᠤᠡᠭᠭᠤᠨ ᠪᠤᠯᠠᠰᠢ ᠶᠢᠨ ᠭᠠᠵᠠᠷ ᠵᠢᠴᠢ ᠪᠠᠭᠤᠬᠤ ᠤᠷᠳᠤᠨ ᠤ ᠪᠠᠭᠤᠷᠢ ᠶᠢ | ᠪᠠᠭᠲᠠᠭᠠᠨ᠎ᠠ᠃ | ᠭᠤᠷᠪᠠᠳᠤᠭᠠᠷ ᠵᠦᠢᠯ ᠲᠤᠰ ᠲᠦᠷᠢᠮ ᠢ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠵᠢᠴᠢ ᠡᠨᠡ ᠬᠦ | ᠪᠠᠭᠤᠷᠢ ᠶᠢᠨ ᠡᠷᠭᠢᠨ ᠲᠤᠭᠤᠷᠢᠨ ᠤ ᠠᠮᠢ ᠠᠬᠤᠢ ᠂ ᠬᠦᠮᠦᠨ ᠨᠡᠶᠢᠭᠡᠮ ᠤᠨ ᠤᠷᠴᠢᠨ ᠲᠤᠭᠤᠷᠢᠨ ᠤ ᠬᠠᠮᠠᠭᠠᠯᠠᠯᠲᠠ᠂ | ᠬᠠᠮᠢᠶᠠᠷᠤᠯᠲᠠ ᠪᠠ ᠠᠰᠢᠭᠯᠠᠯᠲᠠ ᠳᠤ ᠬᠡᠷᠡᠭᠯᠡᠨ᠎ᠡ᠃ | ᠲᠦᠷᠪᠡᠳᠦᠭᠡᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠠᠵᠢᠯ ᠳᠤ | ᠬᠠᠮᠠᠭᠠᠯᠠᠯᠲᠠ ᠪᠠᠷ ᠭᠤᠤᠯ ᠪᠤᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠤᠬᠢᠰᠲᠠᠢ ᠠᠰᠢᠭᠯᠠᠬᠤ᠂ | ᠬᠠᠮᠢᠶᠠᠷᠤᠯᠲᠠ ᠶᠢ ᠴᠢᠩᠭᠠᠳᠬᠠᠬᠤ ᠭᠡᠬᠦ ᠴᠢᠭᠯᠡᠯᠲᠡ ᠶᠢ ᠲᠤᠭᠤᠰᠢᠯᠠᠭᠤᠯᠵᠤ᠂ ᠪᠠᠭᠤᠷᠢ ᠶᠢᠨ ᠦᠨᠡᠨ ᠪᠤᠲᠠᠲᠤ ᠴᠢᠨᠠᠷ | ᠪᠠ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠨ᠎ᠠ᠃ | ᠲᠠᠪᠤᠳᠣᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ᠂ ᠬᠠᠮᠢᠶᠠᠷᠤᠯᠲᠠ ᠪᠠ | ᠠᠰᠢᠭᠯᠠᠯᠲᠠ ᠶᠢᠨ ᠠᠵᠢᠯ ᠢ ᠦᠪᠡᠷᠲᠡᠭᠡᠨ ᠵᠠᠰᠠᠬᠤ ᠤᠷᠤᠨ᠂ ᠰᠢᠯᠢ ᠶᠢᠨ ᠭᠤᠤᠯ ᠠᠶᠢᠮᠠᠭ ᠵᠢᠴᠢ ᠪᠠᠭᠤᠷᠢ ᠶᠢᠨ | ᠣᠷᠤᠰᠢᠵᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ | ᠬᠦᠭᠵᠢᠯᠲᠡ ᠶᠢᠨ ᠲᠦᠯᠦᠪᠵᠢᠭᠦᠯᠭᠡ᠂ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠭᠦᠯᠭᠡ ᠪᠠ ᠬᠤᠲᠠ | ᠬᠦᠳᠡᠭᠡ ᠶᠢᠨ ᠲᠦᠯᠦᠪᠵᠢᠭᠦᠯᠭᠡ ᠳᠤ ᠤᠷᠤᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ ᠰᠢᠯᠢ ᠶᠢᠨ | ᠭᠤᠤᠯ ᠠᠶᠢᠮᠠᠭ ᠤᠨ ᠵᠠᠬᠢᠷᠭ᠎ᠠ ᠵᠢᠴᠢ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠣᠷᠤᠰᠢᠵᠤ ᠪᠠᠶᠢᠭ᠎ᠠ | ᠭᠠᠵᠠᠷ ᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠨᠢ ᠶᠤᠸᠠᠨ ᠤ ᠲᠡᠭᠡᠳᠦ ᠨᠡᠶᠢᠰᠯᠡᠯ ᠤᠨ | ᠪᠠᠭᠤᠷᠢ ᠶᠢᠨ ᠬᠠᠮᠠᠭᠠᠯᠠᠯᠲᠠ ᠶᠢᠨ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠪᠠᠨ ᠤᠷᠤᠭᠤᠯᠬᠤ | ᠬᠡᠷᠡᠭᠲᠡᠢ᠃ | ᠨᠡᠶᠢᠭᠡᠮ ᠤᠨ ᠬᠠᠨᠳᠢᠪ ᠲᠤᠰᠠᠯᠠᠮᠵᠢ ᠪᠠ ᠤᠯᠠᠨ ᠤᠯᠤᠰ ᠤᠨ ᠲᠡᠮᠵᠢᠯᠭᠡ ᠲᠤᠰᠠᠯᠠᠮᠵᠢ ᠶᠢ ᠤᠯᠬᠤ ᠮᠡᠲᠦ ᠶᠢᠨ | ᠤᠯᠠᠨ ᠠᠷᠭ᠎ᠠ ᠬᠡᠯᠪᠠᠷᠢ ᠪᠠᠷ ᠲᠠᠮᠵᠢᠵᠤ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠵᠤ ᠬᠠᠮᠢᠶᠠᠷᠬᠤ | ᠠᠵᠢᠯ ᠤᠨ ᠵᠠᠷᠤᠳᠠᠯ ᠢ ᠴᠤᠭᠯᠠᠭᠤᠯᠵᠤ ᠣᠯᠬᠤ ᠶᠠᠪᠣᠳᠠᠯ ᠢ ᠵᠤᠷᠢᠭᠵᠢᠭᠤᠯᠤᠨ᠎ᠠ᠃ | ᠳᠣᠯᠣᠳᠣᠭᠠᠷ ᠵᠦᠢᠯ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠨᠢ ᠶᠤᠸᠠᠨ ᠤ ᠲᠡᠭᠡᠳᠦ ᠨᠡᠶᠢᠰᠯᠡᠯ ᠤᠨ | ᠪᠠᠭᠤᠷᠢ ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠶᠢᠨ ᠠᠵᠢᠯ ᠢ ᠬᠠᠷᠢᠭᠤᠴᠠᠨ᠎ᠠ︔ ᠶᠤᠸᠠᠨ ᠤ ᠲᠡᠭᠡᠳᠦ | ᠨᠡᠶᠢᠰᠯᠡᠯ ᠤᠨ ᠰᠣᠶᠣᠯ ᠤᠨ ᠦᠪ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠶᠤᠸᠠᠨ ᠤ ᠲᠡᠭᠡᠳᠦ ᠨᠡᠶᠢᠰᠯᠡᠯ ᠤᠨ | ᠪᠠᠭᠤᠷᠢ ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠶᠢᠨ ᠪᠤᠲᠠᠲᠠᠢ ᠠᠵᠢᠯ ᠢ ᠡᠭᠦᠷᠭᠡᠯᠡᠨ᠎ᠡ︔ ᠶᠤᠸᠠᠨ ᠤ | ᠲᠡᠭᠡᠳᠦ ᠨᠡᠶᠢᠰᠯᠡᠯ ᠤᠨ ᠪᠠᠭᠤᠷᠢ ᠶᠢᠨ ᠣᠷᠤᠰᠢᠵᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ | ᠤᠷᠳᠤᠨ ᠬᠠᠮᠢᠶ᠎ᠠ ᠪᠦᠬᠦᠢ ᠠᠵᠢᠯ ᠢ ᠰᠠᠶᠢᠲᠣᠷ ᠬᠠᠮᠵᠢᠯᠴᠠᠨ ᠬᠠᠪᠰᠣᠷᠴᠣ ᠭᠦᠢᠴᠡᠳᠭᠡᠨ᠎ᠡ᠃ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠡᠦᠬᠡ ᠶᠢᠨ ᠲᠤᠷᠠᠰᠬᠠᠯᠲᠤ | ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ | ᠬᠠᠮᠠᠭᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠶᠢᠨ ᠠᠵᠢᠯ ᠢ ᠵᠢᠭᠠᠨ ᠵᠢᠯᠤᠭᠤᠳᠴᠤ ᠬᠢᠨᠠᠨ᠎ᠠ᠃ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠣᠷᠤᠰᠢᠵᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ | ᠱᠠᠲᠤ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠦᠭᠵᠢᠭᠦᠯᠦᠯᠲᠡ ᠪᠠ ᠦᠭᠡᠷᠡᠴᠢᠯᠡᠯᠲᠡ᠂ | ᠦᠨᠳᠦᠰᠦᠲᠡᠨ ᠱᠠᠰᠢᠨ ᠰᠤᠷᠲᠠᠬᠤᠨ᠂ ᠲᠤᠲᠤᠭᠠᠳᠤ ᠶᠢ ᠬᠠᠮᠠᠭᠠᠯᠠᠬᠤ᠂ ᠣᠯᠣᠰ ᠤᠨ ᠨᠤᠲᠤᠭ ᠲᠡᠪᠢᠰᠭᠡᠷ ᠡᠬᠢ | ᠪᠠᠶᠠᠯᠢᠭ᠂ ᠭᠡᠷ ᠪᠠᠶᠢᠰᠢᠩ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ | ᠬᠠᠮᠠᠭᠠᠯᠠᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠪᠠ | ᠵᠢᠭᠤᠯᠴᠢᠯᠠᠯ ᠵᠡᠷᠭᠡ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠦᠷᠢᠶ᠎ᠡ ᠬᠡᠪᠴᠢᠶᠡᠨ ᠳᠣᠲᠣᠷ᠎ᠠ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠶᠢᠨ ᠬᠠᠮᠢᠶ᠎ᠠ | ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠨᠠᠢᠮᠠᠳᠣᠭᠠᠷ ᠵᠦᠢᠯ 《ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠶᠡᠷᠦᠩᠬᠡᠢ | ᠲᠦᠯᠦᠪᠵᠢᠭᠦᠯᠭᠡ 》ᠪᠣᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠵᠤ ᠬᠠᠮᠢᠶᠠᠷᠬᠤ ᠠᠵᠢᠯ ᠤᠨ | ᠴᠢᠬᠤᠯᠠ ᠦᠨᠳᠦᠰᠦ ᠪᠠᠷᠢᠮᠲᠠ ᠮᠦᠨ᠂ ᠡᠭᠦᠨ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠠᠴᠠ ᠨᠡᠶᠢᠲᠡᠯᠡᠵᠦ᠂ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠂ ᠡᠭᠦᠨ ᠢ ᠲᠤᠷ᠎ᠠ ᠵᠣᠷᠢᠭ ᠢᠶᠠᠷ ᠢᠶᠠᠨ | ᠬᠤᠪᠢᠷᠠᠭᠠᠨᠦᠭᠡᠷᠡᠴᠢᠯᠡᠵᠦ ᠦᠯᠦ ᠪᠣᠯᠤᠨ᠎ᠠ︔ ᠵᠠᠪᠠᠯ ᠬᠤᠪᠢᠷᠠᠭᠠᠨ ᠦᠭᠡᠷᠡᠴᠢᠯᠡᠬᠦ ᠴᠢᠬᠤᠯᠠᠲᠠᠢ ᠪᠠᠶᠢᠪᠠᠯ ᠤᠤᠯ | ᠵᠦᠪᠰᠢᠶᠡᠷᠡᠭᠰᠡᠨ ᠪᠠᠶᠢᠭᠤᠯᠭ᠎ᠠ ᠪᠠᠷ ᠨᠢ ᠵᠦᠪᠰᠢᠶᠡᠷᠡᠭᠦᠯᠬᠦ ᠬᠡᠷᠡᠭᠲᠡᠢ᠃ | ᠶᠢᠰᠦᠳᠦᠭᠡᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠰᠣᠶᠣᠯ ᠤᠨ ᠦᠪ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠭᠤᠤᠯ ᠲᠤᠰᠢᠶᠠᠯ ᠬᠠᠷᠢᠭᠤᠴᠠᠯᠭ᠎ᠠ᠄ | ︵ᠨᠢᠭᠡ︶《ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠶᠡᠷᠦᠩᠬᠡᠢ | ᠲᠦᠯᠦᠪᠵᠢᠭᠦᠯᠭᠡ 》ᠪᠠ《 ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ | ᠲᠦᠯᠦᠪᠵᠢᠭᠦᠯᠭᠡ 》︔ | ︵ᠬᠤᠶᠠᠷ︶ ᠡᠯ᠎ᠡ ᠲᠦᠷᠦᠯ ᠤᠨ ᠲᠤᠰᠬᠠᠢ ᠰᠡᠲᠦᠪᠲᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠵᠤ | ᠨᠠᠶᠢᠷᠠᠭᠤᠯᠤᠨ ᠲᠤᠭᠲᠠᠭᠠᠨ᠎ᠠ︔ | ︵ᠭᠤᠷᠪᠠ︶ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠯᠤᠭ᠎ᠠ ᠬᠠᠮᠢᠶ᠎ᠠ ᠪᠦᠬᠦᠢ ᠲᠦᠯᠦᠪᠵᠢᠭᠦᠯᠭᠡ ᠪᠠ | ᠪᠦᠲᠦᠭᠡᠨ ᠪᠠᠶᠢᠭᠤᠯᠤᠯᠲᠠ ᠶᠢᠨ ᠵᠦᠢᠯ ᠳᠤ ᠰᠠᠨᠠᠯ ᠢᠶᠠᠨ ᠲᠡᠪᠰᠢᠭᠦᠯᠦᠨ᠎ᠡ︔ | ︵ᠲᠦᠷᠪᠡ︶ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠳᠠᠩᠰᠠ ᠡᠪᠬᠡᠮᠡᠯ ᠪᠠ | ᠡᠯ᠎ᠡ ᠵᠦᠢᠯ ᠤᠨ ᠲᠦᠷᠢᠮ ᠲᠤᠭᠲᠠᠭᠠᠯ ᠢ ᠲᠤᠭᠲᠠᠭᠠᠨ ᠲᠡᠭᠦᠯᠳᠡᠷᠵᠢᠭᠦᠯᠦᠨ᠎ᠡ︔ | ︵ᠲᠠᠪᠤ︶ ᠲᠡᠦᠬᠡ ᠶᠢᠨ ᠲᠤᠷᠠᠰᠬᠠᠯᠲᠤ ᠵᠦᠢᠯ ᠤᠨᠰᠤᠳᠤᠯᠭᠠᠨ ᠤ ᠨᠢᠭᠡᠴᠢ ᠲᠠᠢ ᠬᠠᠮᠵᠢᠯᠴᠠᠨ ᠶᠤᠸᠠᠨ ᠤ | ᠲᠡᠭᠡᠳᠦ ᠨᠡᠶᠢᠰᠯᠡᠯ ᠤᠨ ᠪᠠᠭᠤᠷᠢ ᠳᠤ ᠲᠡᠦᠬᠡ ᠶᠢᠨ ᠲᠤᠷᠠᠰᠬᠠᠯᠲᠤ ᠵᠦᠢᠯ ᠤᠨ ᠲᠤᠬᠠᠢ ᠪᠠᠶᠢᠴᠠᠭᠠᠬᠤ᠂ ᠬᠠᠶᠢᠨ | ᠰᠢᠨᠵᠢᠬᠦ᠂ ᠠᠭᠤᠳᠠᠯᠬᠤ ᠵᠡᠷᠭᠡ ᠠᠵᠢᠯ ᠢ ᠭᠦᠢᠴᠡᠳᠭᠡᠵᠦ ᠬᠢᠨ᠎ᠡ︔ | ︵ᠵᠢᠷᠭᠤᠭ᠎ᠠ︶ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠠᠴᠠ ᠮᠠᠯᠲᠠᠵᠤ ᠭᠠᠷᠭᠠᠭᠰᠠᠨ ᠲᠡᠦᠬᠡ ᠶᠢᠨ | ᠳᠣᠷᠠᠰᠬᠠᠯᠲᠣ ᠵᠦᠢᠯᠡᠰ ᠢ ᠬᠤᠷᠢᠶᠠᠨ ᠬᠠᠳᠠᠭᠠᠯᠠᠬᠤ᠂ ᠲᠢᠭᠯᠡᠨ ᠡᠮᠬᠢᠯᠡᠭᠦ᠂ ᠬᠠᠮᠠᠭᠠᠯᠠᠬᠤ ᠪᠠ ᠤᠬᠠᠭᠤᠯᠵᠤ ᠲᠡᠯᠭᠡᠨ | ᠦᠵᠡᠭᠦᠯᠬᠦ ᠠᠵᠢᠯ ᠢ ᠬᠠᠷᠢᠭᠤᠴᠠᠨ ᠬᠢᠵᠦ᠂ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠰᠣᠳᠣᠯᠭᠠᠨ ᠬᠢᠭᠡᠳ | ᠰᠣᠯᠢᠯᠴᠠᠭᠠᠨ ᠤ ᠠᠵᠢᠯ ᠢ ᠦᠷᠨᠢᠭᠦᠯᠦᠨ᠎ᠡ︔ | ︵ᠳᠣᠯᠤᠭ᠎ᠠ︶ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠡᠯ᠎ᠡ ᠲᠦᠷᠦᠯ ᠤᠨ ᠦᠪ ᠤᠨ | ᠡᠯᠧᠮᠧᠨ᠋ᠲ ᠤᠨ ᠲᠤᠬᠠᠢ ᠡᠳᠦᠷ ᠲᠤᠲᠤᠮ ᠤᠨ ᠬᠢᠨᠠᠨ ᠬᠡᠮᠵᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ | ᠰᠡᠯᠪᠢᠬᠦ ᠠᠵᠢᠯ ᠢ ᠭᠦᠢᠴᠡᠳᠭᠡᠬᠦ ᠮᠦᠷᠲᠡᠭᠡᠨ ᠡᠳᠦᠷ ᠤᠨ ᠲᠡᠮᠳᠡᠭᠯᠡᠯ ᠬᠢᠨ᠎ᠡ︔ | ︵ᠨᠠᠢᠮᠠ︶ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠠᠶᠤᠯᠭᠦᠢ ᠶᠢᠨ ᠬᠠᠮᠠᠭᠠᠯᠠᠯᠲᠠ ᠶᠢᠨ ᠪᠠᠴᠢᠮ | ᠪᠠᠶᠢᠳᠠᠯ ᠢ ᠠᠷᠭᠠᠴᠠᠬᠤ ᠲᠦᠰᠦᠪᠯᠡᠯ ᠢ ᠲᠤᠭᠲᠠᠭᠠᠨ᠎ᠠ︔ | ︵ᠶᠢᠰᠦ︶ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠵᠢᠴᠢ ᠬᠠᠮᠠᠭᠠᠯᠠᠯᠲᠠ ᠶᠢᠨ ᠲᠦᠬᠦᠭᠡᠷᠦᠮᠵᠢ ᠶᠢ | ᠡᠪᠳᠡᠬᠦ ᠬᠠᠤᠯᠢ ᠪᠤᠰᠤ ᠠᠵᠢᠯᠯᠠᠭ᠎ᠠ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ | ︵ᠠᠷᠪᠠ︶ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ᠂ ᠬᠠᠮᠢᠶᠠᠷᠤᠯᠲᠠ ᠪᠠ | ᠠᠰᠢᠭᠯᠠᠯᠲᠠ ᠯᠤᠭ᠎ᠠ ᠬᠠᠮᠢᠶ᠎ᠠ ᠪᠦᠬᠦᠢ ᠪᠣᠰᠣᠳ ᠵᠦᠢᠯ ᠤᠨ ᠠᠵᠢᠯ᠃ | ᠠᠷᠪᠠᠳᠣᠭᠠᠷ ᠵᠦᠢᠯ ᠶᠠᠮᠠᠷᠪᠠ ᠨᠢᠭᠡᠴᠢ ᠬᠢᠭᠡᠳ ᠬᠤᠪᠢ ᠬᠦᠮᠦᠨ ᠴᠤ ᠭᠡᠰᠡᠨ ᠪᠦᠷ ᠶᠤᠸᠠᠨ ᠤ ᠲᠡᠭᠡᠳᠦ | ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠲᠠᠢ ᠪᠦᠭᠡᠳ ᠶᠤᠸᠠᠨ ᠤ ᠲᠡᠭᠡᠳᠦ ᠨᠡᠶᠢᠰᠯᠡᠯ ᠤᠨ | ᠪᠠᠭᠤᠷᠢ ᠵᠢᠴᠢ ᠬᠠᠮᠠᠭᠠᠯᠠᠯᠲᠠ ᠶᠢᠨ ᠲᠦᠬᠦᠭᠡᠷᠦᠮᠵᠢ ᠶᠢ ᠡᠪᠳᠡᠬᠦ ᠬᠠᠤᠯᠢ ᠪᠤᠰᠤ ᠠᠵᠢᠯᠯᠠᠭ᠎ᠠ ᠶᠢᠨ ᠲᠤᠬᠠᠢ ᠢᠯᠡᠴᠢᠯᠡᠨ | ᠮᠡᠳᠡᠭᠦᠯᠬᠦ ᠪᠠ ᠵᠠᠭᠠᠯᠳᠣᠬᠤ ᠡᠷᠬᠡ ᠲᠠᠢ᠃ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠣᠷᠤᠰᠢᠵᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ | ᠱᠠᠲᠤ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ | ᠬᠠᠮᠠᠭᠠᠯᠠᠯᠲᠠ᠂ ᠬᠠᠮᠢᠶᠠᠷᠤᠯᠲᠠ ᠬᠢᠭᠡᠳ ᠰᠢᠨᠵᠢᠯᠡᠬᠦ ᠤᠬᠠᠭᠠᠨ ᠤ ᠰᠣᠳᠣᠯᠭᠠᠨ ᠤ ᠲᠠᠯ᠎ᠠ ᠪᠠᠷ ᠬᠦᠴᠦᠨ ᠵᠢᠳᠭᠦᠯ | ᠦᠵᠡᠭᠦᠯᠦᠭᠰᠡᠨ ᠨᠢᠭᠡᠴᠢ ᠪᠠ ᠬᠤᠪᠢ ᠬᠦᠮᠦᠨ ᠳᠤ ᠣᠶᠤᠨ ᠰᠠᠨᠠᠭᠠᠨ ᠤ ᠵᠤᠷᠢᠭᠵᠢᠭᠤᠯᠤᠯ ᠪᠣᠶᠣ ᠪᠣᠳᠠᠰ ᠤᠨ | ᠱᠠᠩᠨᠠᠯ ᠢ ᠬᠦᠷᠲᠡᠭᠡᠪᠡᠯ ᠵᠣᠬᠢᠨ᠎ᠠ᠃ | | ᠬᠤᠶᠠᠳᠣᠭᠠᠷ ᠪᠦᠯᠦᠭ ᠬᠠᠮᠠᠭᠠᠯᠠᠬᠤ | | ᠠᠷᠪᠠᠨ ᠨᠢᠭᠡᠳᠦᠭᠡᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠭᠳᠠᠬᠤ ᠡᠲᠡᠭᠡᠳ ᠨᠢ | ᠪᠣᠳᠠᠰ ᠤᠨ ᠰᠣᠶᠣᠯ ᠤᠨ ᠦᠪ᠂ ᠪᠣᠳᠠᠰ ᠤᠨ ᠪᠣᠰᠣ ᠰᠣᠶᠣᠯ ᠤᠨ ᠦᠪ᠂ ᠪᠠᠶᠢᠭᠠᠯᠢ ᠶᠢᠨ ᠣᠷᠴᠢᠨ ᠲᠤᠭᠤᠷᠢᠨ ᠢ | ᠪᠠᠭᠲᠠᠭᠠᠨ᠎ᠠ᠄ | ︵ᠨᠢᠭᠡ︶ ᠪᠣᠳᠠᠰ ᠤᠨ ᠰᠣᠶᠣᠯ ᠤᠨ ᠦᠪ ᠨᠢ ᠤᠷᠳᠤᠨ ᠬᠤᠲᠠ᠂ ᠲᠤᠲᠤᠭᠠᠳᠤ ᠬᠤᠲᠠ᠂ ᠭᠠᠳᠠᠷ ᠬᠤᠲᠠ | ᠂ ᠬᠤᠲᠠ ᠶᠢᠨ ᠲᠡᠷᠭᠡᠲᠡᠬᠢ ᠵᠡᠭᠡᠯᠢ᠂ ᠲᠡᠮᠦᠷ ᠡᠰᠢᠲᠦ ᠬᠠᠰᠢᠯᠭ᠎ᠠ᠂ ᠵᠡᠭᠦᠨ ᠰᠡᠷᠢᠭᠦᠨ ᠲᠠᠭᠲᠤ ᠵᠢᠴᠢ ᠬᠠᠳᠠᠨᠬᠤᠰᠢᠭᠤ | ᠰᠦᠮ᠎ᠡ ᠶᠢᠨ ᠲᠠᠬᠢᠯᠭ᠎ᠠ ᠶᠢᠨ ᠪᠠᠭᠤᠷᠢ᠂ ᠦᠬᠡᠷ ᠬᠠᠳᠠᠨ ᠤ ᠣᠡᠭᠭᠤᠨ ᠤ ᠭᠠᠵᠠᠷ᠂ ᠲᠦᠰᠢ ᠬᠠᠶᠢᠷᠬᠠᠨ ᠤ | ᠣᠡᠭᠭᠤᠨ ᠤ ᠭᠠᠵᠠᠷ᠂ ᠭᠠᠭᠴᠠ ᠮᠣᠳᠤ ᠣᠡᠭᠭᠤᠨ ᠤ ᠭᠠᠵᠠᠷ ᠵᠡᠷᠭᠡ︔ | ︵ᠬᠤᠶᠠᠷ︶ ᠪᠣᠳᠠᠰ ᠤᠨ ᠪᠣᠰᠣ ᠰᠣᠶᠣᠯ ᠤᠨ ᠦᠪ ᠨᠢ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠯᠤᠭ᠎ᠠ | ᠬᠠᠮᠢᠶ᠎ᠠ ᠪᠦᠬᠦᠢ ᠣᠪᠣᠭᠠᠨ ᠲᠠᠬᠢᠯᠭ᠎ᠠ᠂ ᠠᠷᠠᠳ ᠤᠨ ᠲᠠᠭᠤᠣ᠂ ᠦᠯᠢᠭᠡᠷ ᠳᠣᠮᠤᠭ᠂ ᠮᠤᠩᠭᠤᠯ ᠬᠡᠯᠡᠨ ᠤ ᠪᠠᠷᠢᠮᠵᠢᠶ᠎ᠠ | ᠠᠪᠢᠶ᠎ᠠ ᠭᠡᠬᠦ ᠵᠡᠷᠭᠡ ᠶᠢ ᠪᠠᠭᠲᠠᠭᠠᠨ᠎ᠠ︔ | ︵ᠭᠤᠷᠪᠠ︶ ᠪᠠᠶᠢᠭᠠᠯᠢ ᠶᠢᠨ ᠣᠷᠴᠢᠨ ᠲᠤᠭᠤᠷᠢᠨ ᠨᠢ ᠱᠠᠩᠳᠤ ᠭᠤᠣᠯ ᠤᠨ ᠣᠰᠣᠨ ᠰᠢᠰᠲ᠋ᠧᠮ᠂ | ᠯᠤᠤ ᠶᠢᠨ ᠲᠣᠪᠤᠴᠠᠭ ᠪᠣᠯᠤᠨ ᠰᠢᠷ᠎ᠠ ᠲᠠᠯ᠎ᠠ ᠵᠢᠴᠢ ᠨᠤᠭᠤ ᠭᠠᠵᠠᠷ᠂ ᠡᠯᠡᠰᠦᠷᠬᠡᠭ ᠭᠠᠵᠠᠷ᠂ ᠣᠢ ᠲᠠᠶᠢᠭ᠎ᠠ᠂ ᠲᠠᠯ᠎ᠠ | ᠨᠤᠲᠤᠭ᠂ ᠨᠠᠭᠤᠷ ᠵᠡᠷᠭᠡ ᠶᠢ ᠪᠠᠭᠲᠠᠭᠠᠨ᠎ᠠ᠃ | ᠠᠷᠪᠠᠨ ᠬᠤᠶᠠᠳᠣᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠪᠠ ᠪᠦᠲᠦᠭᠡᠨ ᠪᠠᠶᠢᠭᠤᠯᠣᠯᠲᠠ ᠶᠢᠨ ᠡᠵᠡᠮᠰᠢᠯ ᠤᠨ ᠣᠷᠤᠨ ᠪᠦᠰᠡ ᠶᠢ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠵᠠᠭᠠᠭᠯᠠᠨ ᠲᠤᠭᠲᠠᠭᠠᠵᠤ ᠨᠡᠶᠢᠲᠡᠯᠡᠨ᠎ᠡ᠃ | ᠠᠷᠪᠠᠨ ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠳᠤ ᠰᠢᠨᠵᠢ ᠲᠡᠮᠲᠡᠭ ᠤᠨ ᠲᠣᠲᠣᠷᠬᠠᠶᠢᠯᠠᠯ ᠬᠢᠬᠦ ᠬᠡᠷᠡᠭᠲᠡᠢ᠂ ᠰᠢᠨᠵᠢ | ᠲᠡᠮᠲᠡᠭ ᠤᠨ ᠲᠣᠲᠣᠷᠬᠠᠶᠢᠯᠠᠯ ᠳᠤ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠨᠡᠷᠡᠶᠢᠳᠦᠯ᠂ ᠬᠠᠮᠠᠭᠠᠯᠠᠯᠲᠠ ᠶᠢᠨ | ᠬᠦᠷᠢᠶ᠎ᠡ ᠬᠡᠪᠴᠢᠶ᠎ᠡ᠂ ᠪᠦᠲᠦᠭᠡᠨ ᠪᠠᠶᠢᠭᠤᠯᠣᠯᠲᠠ ᠶᠢᠨ ᠡᠵᠡᠮᠰᠢᠯ ᠤᠨ ᠣᠷᠤᠨ ᠪᠦᠰᠡ ᠪᠠ ᠬᠠᠮᠢᠶᠠᠷᠣᠯᠲᠠ ᠶᠢᠨ | ᠪᠠᠶᠢᠭᠤᠯᠤᠮᠵᠢ ᠭᠡᠬᠦ ᠵᠡᠷᠭᠡ ᠠᠭᠤᠯᠭ᠎ᠠ ᠶᠢ ᠪᠠᠭᠲᠠᠭᠠᠬᠤ ᠪᠦᠭᠡᠳ ᠣᠯᠠᠨ ᠣᠯᠣᠰ ᠤᠨ ᠬᠤᠯᠪᠤᠭᠠᠲᠤ ᠪᠠᠶᠢᠭᠤᠯᠭ᠎ᠠ ᠶᠢᠨ | ᠰᠣᠷᠭᠠᠨ ᠬᠦᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠤᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ ᠲᠡᠯᠡᠬᠡᠢ ᠶᠢᠨ | ᠦᠪ ᠤᠨ ᠰᠢᠨᠵᠢ ᠲᠡᠮᠲᠡᠭ ᠤᠨ ᠵᠢᠷᠤᠭ ᠢ ᠪᠠᠭᠲᠠᠭᠠᠨ᠎ᠠ᠃ | ᠠᠷᠪᠠᠨ ᠳᠦᠷᠪᠡᠳᠦᠭᠡᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ᠂ | ᠬᠠᠮᠢᠶᠠᠷᠤᠯᠲᠠ ᠪᠠ ᠠᠰᠢᠭᠯᠠᠯᠲᠠ ᠭᠡᠬᠦ ᠵᠡᠷᠭᠡ ᠡᠯ᠎ᠡ ᠲᠦᠷᠦᠯ ᠤᠨ ᠲᠣᠰᠬᠠᠢ ᠲᠦᠯᠦᠪᠵᠢᠭᠦᠯᠭᠡ ᠨᠢ《 ᠶᠤᠸᠠᠨ ᠤ | ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠶᠡᠷᠦᠩᠬᠡᠢ ᠲᠦᠯᠦᠪᠵᠢᠭᠦᠯᠭᠡ 》᠂《 ᠶᠤᠸᠠᠨ ᠤ ᠲᠡᠭᠡᠳᠦ | ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠲᠦᠯᠦᠪᠵᠢᠭᠦᠯᠭᠡ 》 ᠳᠤ ᠲᠣᠬᠢᠷᠠᠬᠤ ᠬᠡᠷᠡᠭᠲᠡᠢ᠃ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠲᠣᠰᠬᠠᠢ ᠲᠦᠯᠦᠪᠵᠢᠭᠦᠯᠭᠡ ᠵᠢᠴᠢ ᠵᠠᠭᠠᠭ ᠱᠤᠭᠤᠮ ᠪᠠ | ᠦᠢᠯᠡᠳᠦᠯ ᠤᠨ ᠣᠷᠣᠨ ᠢ ᠲᠤᠷ᠎ᠠ ᠵᠤᠷᠢᠭ ᠢᠶᠠᠷ ᠢᠶᠠᠨ ᠦᠭᠡᠷᠡᠴᠢᠯᠡᠨ ᠬᠤᠪᠢᠷᠠᠭᠠᠵᠤ ᠦᠯᠦ ᠪᠤᠯᠤᠨ᠎ᠠ︔ ᠵᠠᠪᠠᠯ | ᠦᠭᠡᠷᠡᠴᠢᠯᠡᠨ ᠬᠤᠪᠢᠷᠠᠭᠠᠬᠤ ᠴᠢᠬᠤᠯᠠᠲᠠᠢ ᠪᠠᠶᠢᠪᠠᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠰᠣᠶᠣᠯ ᠤᠨ | ᠦᠪ ᠤᠨ ᠬᠠᠮᠢᠶᠠᠷᠣᠯᠲᠠ ᠶᠢᠨ ᠪᠠᠶᠢᠭᠤᠯᠤᠮᠵᠢ ᠶᠢᠨ ᠵᠦᠪᠰᠢᠶᠠᠷᠡᠯ ᠢ ᠣᠯᠬᠤ ᠬᠡᠷᠡᠭᠲᠡᠢ ᠪᠦᠭᠡᠳ ᠤᠤᠯ ᠬᠢᠨᠠᠨ | ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠦᠪᠰᠢᠶᠡᠷᠡᠭᠳᠡᠭᠰᠡᠨ ᠪᠠᠶᠢᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠣᠷᠣᠰᠢᠵᠤ ᠪᠠᠶᠢᠭ᠎ᠠ | ᠭᠠᠵᠠᠷ ᠤᠨ ᠬᠤᠲᠠ ᠶᠢᠨ ᠡᠵᠡᠮᠰᠢᠯ ᠤᠨ ᠴᠢᠨᠠᠷᠲᠠᠢ ᠨᠠᠷᠢᠯᠢᠭ ᠲᠦᠯᠦᠪᠵᠢᠭᠦᠯᠭᠡ᠂ ᠬᠦᠳᠡᠭᠡ ᠲᠤᠰᠬᠤᠨ ᠤ | ᠲᠦᠯᠦᠪᠵᠢᠭᠦᠯᠭᠡ ᠭᠡᠬᠦ ᠮᠡᠲᠦ ᠶᠢᠨ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠪᠠ ᠪᠦᠲᠦᠭᠡᠨ ᠪᠠᠶᠢᠭᠤᠯᠣᠯᠲᠠ ᠶᠢᠨ ᠡᠵᠡᠮᠰᠢᠯ ᠤᠨ ᠣᠷᠤᠨ ᠪᠦᠰᠡ ᠳᠤ ᠬᠤᠯᠪᠤᠭᠳᠠᠵᠤ ᠪᠠᠶᠢᠭ᠎ᠠ ᠪᠣᠢ | ᠪᠦᠬᠦᠢ ᠵᠦᠢᠯ《 ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠶᠡᠷᠦᠩᠬᠡᠢ ᠲᠦᠯᠦᠪᠵᠢᠭᠦᠯᠭᠡ | 》᠂《 ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠲᠦᠯᠦᠪᠵᠢᠭᠦᠯᠭᠡ | 》 ᠳᠤ ᠲᠣᠬᠢᠷᠠᠬᠤ ᠶᠣᠰᠣᠲᠠᠢ᠃ | ᠠᠷᠪᠠᠨ ᠵᠢᠷᠭᠤᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ | ᠠᠵᠢᠯ ᠤᠨ ᠴᠢᠬᠤᠯᠠ ᠶᠡᠭᠡ ᠵᠦᠢᠯᠡᠰ ᠲᠤ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠵᠤ ᠨᠣᠲᠠᠯᠠᠬᠤ ᠲᠦᠷᠢᠮ ᠢ | ᠬᠡᠷᠡᠭᠵᠢᠭᠦᠯᠦᠨ᠎ᠡ᠃ | ᠠᠷᠪᠠᠨ ᠳᠤᠯᠤᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠲᠡᠦᠬᠡ ᠶᠢᠨ ᠳᠤᠷᠠᠰᠬᠠᠯᠲᠣ | ᠵᠦᠢᠯ ᠤᠨ ᠬᠠᠮᠠᠭᠠᠯᠠᠯᠲᠠ ᠶᠢᠨ ᠢᠨᠵᠧᠨᠧᠷᠢᠩ ᠲᠡᠦᠬᠡ ᠶᠢᠨ ᠳᠤᠷᠠᠰᠬᠠᠯᠲᠣ ᠵᠦᠢᠯ ᠤᠨ ᠤᠤᠯ ᠲᠦᠷᠬᠦ ᠶᠢ ᠦᠯᠦ | ᠬᠤᠪᠢᠷᠠᠭᠤᠯᠤᠨ᠎ᠠ ᠭᠡᠬᠦ ᠵᠠᠷᠴᠢᠮ ᠢ ᠪᠠᠷᠢᠮᠲᠠᠯᠠᠬᠤ ᠶᠣᠰᠣᠲᠠᠢ᠃ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠵᠠᠪᠳᠣᠨ ᠠᠪᠤᠷᠠᠵᠤ ᠪᠠᠬᠢᠵᠢᠭᠦᠯᠬᠦ ᠢᠨᠵᠧᠨᠧᠷᠢᠩ᠂ ᠵᠠᠰᠠᠨ | ᠰᠡᠯᠪᠢᠬᠦ ᠢᠨᠵᠧᠨᠧᠷᠢᠩ᠂ ᠬᠠᠮᠠᠭᠠᠯᠠᠯᠲᠠ ᠶᠢᠨ ᠴᠢᠨᠠᠷᠲᠠᠢ ᠲᠦᠬᠦᠭᠡᠷᠦᠮᠵᠢ ᠶᠢᠨ ᠠᠵᠢᠯ᠂ ᠠᠶᠤᠯᠭᠦᠢ ᠶᠢᠨ ᠮᠡᠷᠭᠡᠵᠢᠯ ᠤᠨ | ᠰᠡᠷᠭᠡᠶᠢᠯᠡᠯᠲᠡ ᠶᠢᠨ ᠠᠵᠢᠯ ᠪᠠ ᠬᠢᠨᠠᠨ ᠬᠡᠮᠵᠢᠬᠦ ᠢᠨᠵᠧᠨᠧᠷᠢᠩ ᠭᠡᠬᠦ ᠵᠡᠷᠭᠡ ᠴᠢᠬᠤᠯᠠ ᠶᠡᠭᠡ ᠬᠠᠮᠠᠭᠠᠯᠠᠯᠲᠠ ᠶᠢᠨ | ᠠᠵᠢᠯ ᠤᠨ ᠲᠠᠯ᠎ᠠ ᠪᠠᠷ ᠲᠣᠰᠬᠠᠢ ᠮᠡᠷᠭᠡᠵᠢᠯ ᠤᠨ ᠲᠦᠰᠦᠪ ᠢ ᠵᠤᠬᠢᠶᠠᠨ ᠨᠠᠶᠢᠷᠠᠭᠤᠯᠬᠤ ᠬᠡᠷᠡᠭᠲᠡᠢ ᠮᠦᠷᠲᠡᠭᠡᠨ ᠪᠠᠰᠠ | ᠲᠤᠰᠬᠠᠢ ᠮᠡᠷᠭᠡᠵᠢᠯᠲᠡᠨ ᠢᠶᠠᠷ ᠨᠣᠲᠠᠯᠠᠭᠤᠯᠤᠯᠭᠰᠠᠨ ᠤ ᠲᠠᠷᠠᠭ᠎ᠠ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ | ᠰᠣᠶᠣᠯ ᠤᠨ ᠦᠪ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠡᠭᠡᠷ᠎ᠡ ᠱᠠᠲᠤᠨ ᠤ ᠲᠡᠦᠬᠡ ᠶᠢᠨ ᠳᠤᠷᠠᠰᠬᠠᠯᠲᠣ | ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠡᠷᠭᠦᠳᠡᠯ ᠳᠡᠪᠰᠢᠭᠦᠯᠦᠨ ᠣᠯᠣᠰ ᠤᠨ ᠬᠠᠮᠢᠶ᠎ᠠ ᠪᠦᠬᠦᠢ | ᠲᠤᠭᠲᠠᠭᠠᠯ ᠶᠣᠰᠣᠭᠠᠷ ᠬᠢᠨᠠᠨ ᠵᠦᠪᠰᠢᠶᠡᠷᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠲᠡᠦᠬᠡ ᠶᠢᠨ ᠳᠤᠷᠠᠰᠬᠠᠯᠲᠣ | ᠵᠦᠢᠯ ᠤᠨ ᠬᠠᠮᠠᠭᠠᠯᠠᠯᠲᠠ ᠶᠢᠨ ᠠᠵᠢᠯ ᠳᠤ ᠬᠠᠤᠯᠢ ᠶᠤᠰᠣᠭᠠᠷ ᠲᠠᠭᠠᠭᠠᠴᠢᠯᠠᠯᠲᠠ ᠵᠠᠷᠯᠠᠵᠤ᠂ ᠬᠠᠮᠢᠶ᠎ᠠ ᠪᠦᠬᠦᠢ ᠬᠢᠷᠢ | ᠭᠡᠮ ᠲᠠᠢ ᠬᠠᠶᠢᠨ ᠪᠠᠶᠢᠴᠠᠭᠠᠬᠤ᠂ ᠵᠢᠷᠤᠵᠤ ᠲᠦᠯᠦᠪᠯᠡᠬᠦ᠂ ᠪᠠᠷᠢᠯᠭ᠎ᠠ ᠶᠢᠨ ᠠᠵᠢᠯ ᠬᠢᠬᠦ᠂ ᠬᠢᠨᠠᠨ ᠬᠠᠮᠢᠶᠠᠷᠬᠤ | ᠪᠠᠶᠢᠭᠤᠯᠭ᠎ᠠ ᠲᠠᠭᠠᠭᠠᠴᠢᠯᠠᠵᠤ ᠡᠭᠦᠷᠭᠡᠯᠡᠨ᠎ᠡ᠃ ᠡᠯ᠎ᠡ ᠵᠦᠢᠯ ᠤᠨ ᠪᠠᠷᠢᠯᠭ᠎ᠠ ᠶᠢᠨ ᠠᠵᠢᠯ ᠤᠨ ᠲᠠᠯ᠎ᠠ ᠪᠠᠷ ᠪᠠᠷᠢᠯᠭ᠎ᠠ | ᠪᠠᠷᠢᠬᠤ ᠶᠢ ᠵᠦᠪᠰᠢᠶᠡᠷᠡᠬᠦ᠂ ᠠᠵᠢᠯ ᠲᠠᠭᠤᠰᠤᠭᠰᠠᠨ ᠪᠠᠷᠢᠯᠭ᠎ᠠ ᠶᠢ ᠰᠢᠯᠭᠠᠨ ᠠᠪᠬᠤ ᠪᠠ ᠲᠠᠩᠰᠠᠯᠠᠵᠤ ᠲᠡᠮᠳᠡᠭᠯᠡᠬᠦ | ᠲᠦᠷᠢᠮ ᠢ ᠬᠠᠤᠯᠢ ᠶᠤᠰᠣᠭᠠᠷ ᠭᠦᠢᠴᠡᠳᠭᠡᠬᠦ ᠬᠡᠷᠡᠭᠲᠡᠢ᠃ | ᠠᠷᠪᠠᠨ ᠶᠢᠰᠦᠳᠦᠭᠡᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠪᠠ ᠪᠦᠲᠦᠭᠡᠨ ᠪᠠᠶᠢᠭᠤᠯᠣᠯᠲᠠ ᠶᠢᠨ ᠡᠵᠡᠮᠰᠢᠯ ᠤᠨ ᠣᠷᠤᠨ ᠪᠦᠰᠡ ᠳᠤ ᠬᠢ ᠪᠦᠲᠦᠭᠡᠨ | ᠪᠠᠶᠢᠭᠤᠯᠤᠯᠲᠠ ᠶᠢᠨ ᠵᠦᠢᠯ ᠨᠢ《ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠶᠡᠷᠦᠩᠬᠡᠢ | ᠲᠦᠯᠦᠪᠵᠢᠭᠦᠯᠭᠡ》ᠪᠠ《ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ | ᠲᠦᠯᠦᠪᠵᠢᠭᠦᠯᠭᠡ》 ᠳᠤ ᠲᠤᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠮᠦᠷᠲᠡᠭᠡᠨ ᠪᠠᠰᠠ | ᠪᠠᠭᠲᠠᠭᠠᠮᠵᠢ᠂ ᠬᠡᠪᠴᠢᠶ᠎ᠡ᠂ ᠦᠡᠭᠭᠡ ᠵᠢᠪᠡᠷ᠂ ᠬᠡᠯᠪᠡᠷᠢ ᠲᠦᠷᠰᠦ᠂ ᠬᠡᠪ ᠨᠠᠮᠪᠠᠭ᠎ᠠ ᠵᠡᠷᠭᠡ ᠲᠠᠯ᠎ᠠ ᠪᠠᠷ ᠢᠶᠠᠨ | ᠪᠠᠭᠤᠷᠢ ᠶᠢᠨ ᠦᠵᠡᠮᠵᠢ ᠲᠠᠢ ᠵᠤᠬᠢᠴᠠᠩᠭᠤᠢ ᠪᠠᠶᠢᠬᠤ ᠬᠡᠷᠡᠭᠲᠡᠢ᠃ | ᠪᠦᠲᠦᠭᠡᠨ ᠪᠠᠶᠢᠭᠤᠯᠣᠯᠲᠠ ᠶᠢᠨ ᠡᠵᠡᠮᠰᠢᠯ ᠤᠨ ᠣᠷᠤᠨ ᠪᠦᠰᠡ ᠳᠤ ᠬᠢ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠵᠦᠢᠯᠡᠰ ᠤᠨ ᠵᠢᠷᠤᠵᠤ ᠲᠦᠯᠦᠪᠯᠡᠬᠦ ᠲᠦᠰᠦᠪ ᠢ ᠲᠡᠭᠡᠷ᠎ᠡ ᠱᠠᠲᠤᠨ ᠤ ᠲᠡᠦᠬᠡ ᠶᠢᠨ ᠳᠤᠷᠠᠰᠬᠠᠯᠲᠣ | ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠵᠦᠪᠰᠢᠶᠡᠷᠡᠯ ᠢ ᠣᠯᠣᠭᠰᠠᠨ ᠤ ᠲᠠᠷᠠᠭ᠎ᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠦᠯᠦᠪᠵᠢᠭᠦᠯᠭᠡ ᠶᠢᠨ ᠰᠠᠯᠠᠭ᠎ᠠ ᠮᠦᠴᠢᠷ ᠲᠤ ᠲᠠᠪᠰᠢᠭᠦᠯᠦᠨ | ᠵᠦᠪᠰᠢᠶᠡᠷᠡᠭᠦᠯᠬᠦ ᠬᠡᠷᠡᠭᠲᠡᠢ᠃ | ᠬᠤᠷᠢᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠳᠣᠲᠣᠷ᠎ᠠ ᠲᠡᠦᠬᠡ ᠶᠢᠨ ᠳᠤᠷᠠᠰᠬᠠᠯᠲᠣ ᠵᠦᠢᠯ ᠢ ᠰᠤᠳᠤᠯᠤᠨ ᠪᠠᠶᠢᠴᠠᠭᠠᠬᠤ᠂ ᠬᠠᠶᠢᠨ ᠰᠢᠨᠵᠢᠬᠦ᠂ | ᠠᠭᠤᠳᠠᠯᠬᠤ ᠵᠢᠴᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯ ᠢ ᠦᠷᠨᠢᠭᠦᠯᠬᠦ ᠳᠤ ᠪᠠᠨ《 | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ | 》 ᠶᠢᠨ ᠬᠠᠮᠢᠶ᠎ᠠ ᠪᠦᠬᠦᠢ ᠲᠤᠭᠲᠠᠭᠠᠯ ᠶᠣᠰᠣᠭᠠᠷ ᠮᠡᠳᠡᠭᠦᠯᠦᠨ ᠵᠦᠪᠰᠢᠶᠡᠷᠡᠭᠦᠯᠬᠦ ᠭᠠᠷᠳᠠᠮ ᠢ ᠭᠦᠢᠴᠡᠳᠭᠡᠵᠦ ᠪᠠᠰᠠ | ᠶᠤᠸᠠᠨ ᠤ ᠲᠡᠭᠡᠳᠦ ᠨᠡᠶᠢᠰᠯᠡᠯ ᠤᠨ ᠰᠣᠶᠣᠯ ᠤᠨ ᠦᠪ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠠᠶᠢᠳᠠᠯ ᠢᠶᠠᠨ | ᠮᠡᠳᠡᠭᠦᠯᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠳᠣᠲᠤᠷ᠎ᠠ ᠨᠢᠭᠡᠨᠲᠡ ᠭᠠᠵᠠᠷ ᠬᠠᠭᠠᠯᠪᠤᠷᠢᠯᠠᠭᠰᠠᠨ ᠪᠠᠶᠢᠪᠠᠯ᠂ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠢ | ᠰᠡᠷᠭᠦᠭᠡᠬᠦ ᠬᠡᠷᠡᠭᠲᠡᠢ᠃ | ᠶᠡᠷᠦ ᠠᠴᠠ ᠪᠦᠲᠦᠭᠡᠨ ᠪᠠᠶᠢᠭᠤᠯᠣᠯᠲᠠ ᠶᠢᠨ ᠡᠵᠡᠮᠰᠢᠯ ᠤᠨ ᠣᠷᠤᠨ ᠪᠦᠰᠡ ᠳᠣᠲᠤᠷ᠎ᠠ ᠣᠷᠣᠰᠢᠨ ᠰᠠᠭᠤᠵᠤ | ᠪᠠᠶᠢᠭᠰᠠᠨ ᠨᠢᠭᠡᠴᠢ ᠪᠠ ᠬᠤᠪᠢ ᠬᠦᠮᠦᠨ ᠪᠠᠶᠢᠭᠠᠯᠢ ᠶᠢᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠤᠨ᠂ ᠵᠦᠢ ᠵᠤᠬᠢᠰᠲᠠᠢ ᠪᠠᠷ ᠠᠰᠢᠭᠯᠠᠬᠤ ᠬᠡᠷᠡᠭᠲᠡᠢ᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠵᠤ᠂ ᠪᠡᠯᠴᠢᠭᠡᠷ ᠤᠨ ᠲᠠᠭᠠᠭᠠᠴᠠ ᠠᠴᠠ ᠬᠡᠲᠦᠷᠡᠲᠡᠯ᠎ᠡ ᠮᠠᠯ ᠮᠠᠯᠵᠢᠵᠤ ᠶᠠᠭᠠᠬᠢᠭᠰᠠᠨ ᠴᠤ ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠲᠣᠲᠣᠷ᠎ᠠ ᠲᠡᠦᠬᠡ ᠶᠢᠨ ᠲᠤᠷᠠᠰᠬᠠᠯᠲᠤ ᠵᠦᠢᠯ ᠢ ᠰᠤᠳᠤᠯᠤᠨ ᠪᠠᠶᠢᠴᠠᠭᠠᠬᠤ᠂ ᠬᠠᠶᠢᠨ ᠰᠢᠨᠵᠢᠬᠦ᠂ | ᠠᠭᠤᠳᠠᠯᠤᠨ ᠮᠠᠯᠲᠠᠬᠤ ᠵᠢᠴᠢ ᠲᠡᠦᠬᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠬᠢᠬᠦ ᠪᠠ ᠴᠢᠬᠤᠯᠠ ᠪᠦᠬᠦᠢ | ᠬᠠᠮᠠᠭᠠᠯᠠᠬᠤ ᠲᠦᠬᠦᠭᠡᠷᠦᠮᠵᠢ ᠲᠦᠬᠦᠭᠡᠷᠬᠦ᠂ ᠵᠢᠭᠤᠯᠴᠢᠯᠠᠭᠴᠢᠳ ᠲᠤ ᠦᠢᠯᠡᠴᠢᠯᠡᠬᠦ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠬᠢᠬᠦ ᠵᠡᠷᠭᠡ ᠠᠴᠠ ᠪᠣᠰᠣᠳ ᠪᠠᠶᠢᠭᠤᠯᠤᠯᠲᠠ ᠶᠢᠨ ᠠᠵᠢᠯ ᠪᠤᠶᠤ ᠲᠡᠯᠪᠡᠴᠡᠬᠦ᠂ ᠦᠷᠦᠮᠳᠡᠨ ᠬᠠᠶᠢᠬᠤ᠂ | ᠤᠬᠤᠵᠤ ᠮᠠᠯᠲᠠᠬᠤ ᠮᠡᠲᠦ ᠶᠢᠨ ᠠᠵᠢᠯ ᠢ ᠬᠢᠵᠦ ᠪᠤᠯᠬᠤ ᠦᠭᠡᠢ᠃ ᠣᠨᠴᠠᠭᠠᠢ ᠰᠢᠯᠲᠠᠭᠠᠨ ᠠᠴᠠ ᠪᠤᠯᠵᠤ ᠪᠣᠰᠣᠳ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠪᠤᠶᠤ ᠲᠡᠯᠪᠡᠴᠡᠬᠦ᠂ ᠦᠷᠦᠮᠳᠡᠨ ᠬᠠᠶᠢᠬᠤ᠂ ᠤᠬᠤᠵᠤ ᠮᠠᠯᠲᠠᠬᠤ | ᠮᠡᠲᠦ ᠶᠢᠨ ᠠᠵᠢᠯ ᠢ ᠬᠢᠬᠦ ᠴᠢᠬᠤᠯᠠᠲᠠᠢ ᠪᠠᠶᠢᠪᠠᠯ ᠬᠠᠤᠯᠢ ᠶᠣᠰᠣᠭᠠᠷ ᠮᠡᠳᠡᠭᠦᠯᠦᠨ ᠵᠦᠪᠰᠢᠶᠡᠷᠡᠭᠦᠯᠬᠦ ᠭᠠᠷᠳᠠᠮ ᠢ | ᠭᠦᠢᠴᠡᠳᠭᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠪᠠ ᠪᠦᠲᠦᠭᠡᠨ ᠪᠠᠶᠢᠭᠤᠯᠣᠯᠲᠠ ᠶᠢᠨ ᠡᠵᠡᠮᠰᠢᠯ ᠤᠨ ᠣᠷᠤᠨ ᠪᠦᠰᠡ ᠲᠣᠲᠣᠷ᠎ᠠ᠂ ᠲᠤᠤᠷᠠᠬᠢ ᠮᠡᠲᠦ ᠦᠢᠯᠡ | ᠠᠵᠢᠯᠯᠠᠭ᠎ᠠ ᠶᠢ ᠡᠷᠡᠰ ᠬᠤᠷᠢᠭᠯᠠᠨ᠎ᠠ᠄ | ︵ᠨᠢᠭᠡ︶ ᠲᠡᠮᠳᠡᠭ ᠲᠣᠳᠣᠷᠬᠠᠶᠢᠯᠠᠯᠲᠠ᠂ ᠵᠠᠭᠠᠭ ᠬᠢᠯᠢ ᠶᠢᠨ ᠱᠤᠩ ᠵᠡᠷᠭᠡ ᠬᠠᠮᠠᠭᠠᠯᠠᠯᠲᠠ ᠶᠢᠨ | ᠲᠥᠬᠦᠭᠡᠷᠦᠮᠵᠢ ᠶᠢ ᠳᠤᠷ᠎ᠠ ᠵᠤᠷᠢᠭ ᠢᠶᠠᠷ ᠢᠶᠠᠨ ᠰᠢᠯᠵᠢᠭᠦᠯᠬᠦ᠂ ᠨᠤᠷᠠᠭᠠᠬᠤ ᠪᠤᠶᠤ ᠪᠤᠵᠠᠷᠲᠤᠭᠤᠯᠤᠨ ᠡᠪᠳᠡᠬᠦ︔ | ︵ᠬᠤᠶᠠᠷ︶ ᠠᠭᠤᠷᠬᠠᠶ ᠮᠠᠯᠲᠠᠬᠤ᠂ ᠰᠢᠷᠣᠶ ᠠᠪᠬᠤ᠂ ᠡᠯᠡᠰᠦ ᠠᠪᠬᠤ᠂ ᠴᠢᠯᠠᠭᠤ ᠭᠠᠷᠭᠠᠬᠤ ᠵᠡᠷᠭᠡ ᠬᠡᠷᠡᠭ ᠢ | ᠳᠤᠷ᠎ᠠ ᠵᠤᠷᠢᠭ ᠢᠶᠠᠷ ᠢᠶᠠᠨ ᠦᠢᠯᠡᠳᠬᠦ︔ | ︵ᠭᠤᠷᠪᠠ︶ ᠠᠵᠤ ᠦᠢᠯᠡᠳᠪᠦᠷᠢ ᠶᠢᠨ ᠲᠣᠭᠤᠰᠣ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ᠂ ᠪᠣᠬᠢᠷ | ᠤᠰᠤ᠂ ᠱᠤᠤᠭᠢᠶᠠᠨ ᠵᠡᠷᠭᠡ ᠣᠷᠴᠢᠨ ᠲᠣᠭᠤᠷᠢᠨ ᠢ ᠪᠤᠬᠢᠷᠲᠤᠭᠤᠯᠬᠤ ᠦᠢᠯᠡᠳᠪᠦᠷᠢᠯᠡᠯ ᠢ ᠬᠢᠬᠦ︔ | ︵ᠲᠦᠷᠪᠡ︶ ᠮᠣᠳᠣ ᠣᠭᠲᠣᠯᠬᠤ ᠪᠤᠶᠤ ᠮᠣᠳᠣ ᠶᠢ ᠰᠦᠢᠳᠭᠡᠬᠦ᠂ ᠡᠮ ᠤᠨ ᠮᠠᠲ᠋ᠧᠷᠢᠶᠠᠯ ᠮᠠᠯᠲᠠᠬᠤ ᠵᠢᠴᠢ | ᠠᠮᠢᠲᠠᠨ ᠤᠷᠭᠤᠮᠠᠯ ᠤᠨ ᠵᠠᠭᠪᠣᠷ ᠬᠡᠪ ᠲᠡᠭᠦᠵᠦ ᠴᠤᠭᠯᠠᠭᠤᠯᠬᠤ ᠵᠡᠷᠭᠡ ᠠᠵᠢᠯᠯᠠᠭ᠎ᠠ︔ | ︵ᠲᠠᠪᠤ︶ ᠭᠤᠣᠯ ᠤᠨ ᠵᠠᠮ ᠢ ᠬᠤᠷᠢᠵᠤ ᠲᠠᠭᠯᠠᠬᠤ᠂ ᠨᠤᠭᠤ ᠭᠠᠵᠠᠷ ᠢ ᠪᠤᠯᠠᠵᠤ ᠲᠠᠷᠤᠨ ᠤᠰᠤ ᠶᠢ ᠨᠢ | ᠲᠠᠲᠠᠵᠤ ᠬᠠᠲᠠᠭᠠᠬᠤ ᠪᠠ ᠭᠠᠵᠠᠷ ᠤᠨ ᠪᠠᠶᠢᠴᠠ ᠪᠠᠶᠢᠳᠠᠯ ᠢ ᠬᠤᠬᠢᠷᠠᠭᠤᠯᠵᠤ ᠮᠡᠳᠡᠬᠦ ᠪᠤᠰᠤᠳ ᠵᠦᠢᠯ ᠤᠨ ᠦᠢᠯᠡ | ᠠᠵᠢᠯᠯᠠᠭ᠎ᠠ︔ | ︵ᠵᠢᠷᠭᠤᠭ᠎ᠠ︶ ᠲᠡᠤᠬᠡ ᠶᠢᠨ ᠳᠤᠷᠠᠰᠬᠠᠯᠲᠤ ᠵᠦᠢᠯ ᠢ ᠡᠪᠳᠡᠨ ᠰᠦᠢᠳᠭᠡᠬᠦ ᠪᠠ ᠪᠠᠭᠤᠷᠢ ᠳᠤ ᠬᠤᠤᠷ | ᠬᠥᠨᠥᠭᠡᠯ ᠤᠴᠠᠷᠠᠭᠤᠯᠬᠤ ᠪᠤᠰᠤᠳ ᠵᠦᠢᠯ ᠤᠨ ᠦᠢᠯᠡ ᠠᠵᠢᠯᠯᠠᠭ᠎ᠠ᠃ | | ᠭᠤᠷᠪᠠᠳᠤᠭᠠᠷ ᠪᠦᠯᠦᠭ ᠬᠠᠮᠢᠶᠠᠷᠤᠯᠲᠠ | | ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠤᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠶᠤᠸᠠᠨ ᠤ ᠲᠡᠭᠡᠳᠦ ᠨᠡᠶᠢᠰᠯᠠᠯ ᠤᠨ | ᠪᠠᠭᠤᠷᠢ ᠳᠤ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ | ᠬᠢᠨᠠᠨ ᠪᠠᠶᠢᠴᠠᠭᠠᠬᠤ ᠠᠵᠢᠯ ᠢ ᠬᠢᠬᠦ ᠬᠡᠷᠡᠭᠲᠡᠶ᠃ ᠶᠤᠸᠠᠨ ᠤ ᠲᠡᠭᠡᠳᠦ ᠨᠡᠶᠢᠰᠯᠡᠯ ᠤᠨ ᠰᠣᠶᠣᠯ ᠤᠨ ᠥᠪ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠪᠠ ᠲᠤᠰᠬᠠᠯ ᠤᠨ | ᠴᠢᠨᠠᠷᠲᠠᠶ ᠬᠢᠨᠠᠨ ᠬᠡᠮᠵᠢᠬᠦ ᠠᠵᠢᠯ ᠢ ᠬᠢᠬᠦ ᠬᠡᠷᠡᠭᠲᠡᠶ︔ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ | ᠪᠠᠷᠢᠯ ᠢ ᠬᠡᠷᠡᠭᠯᠡᠨ᠂ ᠣᠯᠠᠨ ᠰᠢᠨᠵᠢᠯᠡᠭᠡᠨ ᠤ ᠰᠠᠯᠠᠭ᠎ᠠ᠂ ᠣᠯᠠᠨ ᠰᠠᠯᠠᠭ᠎ᠠ ᠮᠥᠴᠢᠷ ᠤᠨ ᠬᠢᠨᠠᠨ ᠬᠡᠮᠵᠢᠬᠦ ᠠᠵᠢᠯ ᠢ | ᠬᠠᠮᠲᠤᠷᠠᠨ ᠦᠷᠨᠢᠭᠦᠯᠬᠦ ᠠᠵᠢᠯ ᠢ ᠵᠤᠷᠢᠭᠵᠢᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠰᠣᠶᠣᠯ ᠤᠨ ᠥᠪ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠤᠬᠡ ᠶᠢᠨ ᠳᠤᠷᠠᠰᠬᠠᠯᠲᠤ ᠵᠦᠢᠯ ᠤᠨ ᠲᠤᠰ ᠪᠡᠶ᠎ᠡ ᠶᠢᠨ ᠬᠠᠮᠠᠭᠠᠯᠠᠯᠲᠠ ᠶᠢᠨ | ᠪᠠᠶᠢᠳᠠᠯ᠂ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠡᠵᠡᠮᠰᠢᠯ ᠤᠨ ᠣᠷᠣᠨ | ᠪᠦᠰᠡ ᠶᠢᠨ ᠳᠣᠲᠣᠷᠠᠬᠢ ᠪᠠᠶᠢᠭᠠᠯᠢ᠂ ᠬᠦᠮᠦᠨ ᠤ ᠨᠦᠯᠦᠭᠡᠯᠡᠯ ᠠᠴᠠ ᠪᠤᠯᠤᠭᠰᠠᠨ ᠬᠤᠪᠢᠷᠠᠯᠲᠠ᠂ ᠡᠷᠭᠢᠨ | ᠲᠣᠭᠤᠷᠢᠨ ᠤ ᠭᠠᠵᠠᠷ ᠣᠷᠣᠨ ᠤ ᠨᠡᠭᠡᠭᠡᠯᠲᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠰ ᠪᠡᠶ᠎ᠡ ᠳᠤ | ᠦᠵᠡᠭᠦᠯᠦᠭᠰᠡᠨ ᠨᠥᠯᠥᠭᠡ᠂ ᠵᠢᠭᠤᠯᠴᠢᠯᠠᠭᠴᠢᠳ ᠢ ᠲᠠᠭᠠᠭᠠᠬᠤ ᠬᠡᠮᠵᠢᠶ᠎ᠡ ᠭᠡᠬᠦ ᠵᠡᠷᠭᠡ ᠳᠤ ᠡᠳᠦᠷ ᠲᠤᠲᠤᠮ ᠤᠨ ᠬᠢᠨᠠᠨ | ᠬᠡᠮᠵᠢᠯᠲᠡ ᠶᠢ ᠬᠢᠵᠦ᠂ ᠬᠢᠨᠠᠨ ᠬᠡᠮᠵᠢᠵᠦ ᠪᠠᠶᠢᠴᠠᠭᠠᠭᠰᠠᠨ ᠲᠡᠮᠳᠡᠭᠯᠡᠯ ᠤᠨ ᠳᠠᠩᠰᠠ ᠡᠪᠬᠡᠮᠡᠯ ᠶᠢ ᠵᠤᠬᠢᠶᠠᠬᠤ ᠶᠢᠨ | ᠬᠠᠮᠲᠤ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠳᠡᠭᠡᠷ᠎ᠡ ᠵᠢᠯ ᠤᠨ ᠡᠳᠦᠷ ᠲᠤᠲᠤᠮ ᠤᠨ ᠬᠢᠨᠠᠨ ᠬᠡᠮᠵᠢᠭᠰᠡᠨ | ᠮᠡᠳᠡᠭᠦᠯᠦᠯᠲᠡ ᠪᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠤᠬᠡ ᠶᠢᠨ | ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠰᠣᠶᠣᠯ ᠤᠨ ᠥᠪ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ᠂ | ᠠᠷᠠᠳ ᠢᠷᠭᠡᠳ ᠤᠨ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠪᠠ ᠡᠷᠭᠢᠨ ᠲᠣᠭᠤᠷᠢᠨ ᠤ ᠣᠷᠴᠢᠨ ᠲᠣᠭᠤᠷᠢᠨ ᠢ | ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠬᠡᠷᠡᠭ ᠢ ᠴᠠᠭ ᠲᠤᠬᠠᠶ ᠳᠤᠨᠢ ᠬᠦᠯᠢᠶᠡᠨ ᠠᠪᠴᠤ | ᠰᠢᠢᠳᠪᠦᠷᠢᠯᠡᠬᠦ ᠬᠡᠷᠡᠭᠲᠡᠶ᠃ | ᠬᠤᠷᠢᠨ ᠳᠣᠯᠣᠳᠤᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠬᠠᠮᠠᠭᠠᠯᠠᠯᠲᠠ ᠶᠢᠨ | ᠬᠦᠷᠢᠶ᠎ᠡ ᠬᠡᠪᠴᠢᠶᠡᠨ ᠳᠣᠲᠣᠷ᠎ᠠ ᠠᠮᠤᠷ ᠢ ᠬᠠᠮᠠᠭᠠᠯᠠᠬᠤ᠂ ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ᠂ ᠪᠠᠴᠢᠮ | ᠠᠪᠤᠷᠠᠯᠲᠠ ᠬᠢᠬᠦ ᠵᠡᠷᠭᠡ ᠲᠤᠨᠤᠭ ᠲᠦᠬᠦᠭᠡᠷᠦᠮᠵᠢ ᠶᠢ ᠲᠦᠬᠦᠭᠡᠷᠬᠦ ᠬᠡᠷᠡᠭᠲᠡᠶ᠃ | ᠶᠤᠸᠠᠨ ᠤ ᠲᠡᠭᠡᠳᠦ ᠨᠡᠶᠢᠰᠯᠡᠯ ᠤᠨ ᠰᠣᠶᠣᠯ ᠤᠨ ᠥᠪ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ | ᠠᠶᠤᠯᠭᠦᠶ ᠶᠢᠨ ᠬᠠᠮᠠᠭᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠶᠣᠰᠣᠭᠠᠷ ᠲᠣᠭᠲᠠᠮᠠᠯ | ᠬᠤᠭᠤᠴᠠᠭ᠎ᠠ ᠲᠠᠢ ᠪᠠᠷ ᠰᠣᠷᠢᠯᠲᠠ ᠬᠢᠵᠦ᠂ ᠵᠢᠭᠤᠯᠴᠢᠯᠠᠭᠴᠢᠳ᠂ ᠲᠡᠤᠬᠡ ᠶᠢᠨ ᠳᠤᠷᠠᠰᠬᠠᠯᠲᠤ ᠵᠦᠢᠯ ᠪᠠ ᠣᠷᠴᠢᠨ | ᠲᠤᠭᠤᠷᠢᠨ ᠤ ᠠᠶᠤᠯᠭᠦᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠢᠨ ᠨᠠᠢᠮᠠᠳᠣᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠠᠮᠤᠷ ᠲᠦᠪᠰᠢᠨ ᠳᠤ | ᠠᠶᠤᠯ ᠬᠦᠨᠦᠭᠡᠯ ᠤᠴᠠᠷᠠᠭᠤᠯᠬᠤ ᠭᠡᠨᠡᠳᠲᠡ ᠶᠢᠨ ᠬᠡᠷᠡᠭ ᠭᠠᠷᠤᠭᠰᠠᠨ ᠪᠤᠶᠤ ᠡᠰᠡᠭᠦᠯ᠎ᠡ ᠶᠤᠸᠠᠨ ᠤ ᠲᠡᠭᠡᠳᠦ ᠨᠡᠶᠢᠰᠯᠠᠯ | ᠤᠨ ᠪᠠᠭᠤᠷᠢ ᠳᠤ ᠬᠦᠨᠳᠦ ᠨᠣᠴᠢᠲᠠᠶ ᠠᠶᠤᠯᠲᠤ ᠭᠡᠮ ᠠᠷᠬᠠᠭ ᠣᠷᠣᠰᠢᠵᠤ ᠪᠠᠶᠢᠬᠤ ᠶᠠᠪᠤᠳᠠᠯ ᠢ ᠣᠯᠵᠤ ᠮᠡᠳᠡᠪᠡᠯ᠂ | ᠶᠤᠸᠠᠨ ᠤ ᠲᠡᠭᠡᠳᠦ ᠨᠡᠶᠢᠰᠯᠠᠯ ᠤᠨ ᠰᠣᠶᠣᠯ ᠤᠨ ᠥᠪ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠷᠡ | ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢᠶᠠᠨ ᠬᠡᠷᠡᠭᠵᠢᠭᠦᠯᠵᠦ᠂ ᠱᠠᠯᠠᠪᠳᠠᠨ ᠬᠢᠵᠠᠭᠠᠷᠯᠠᠬᠤ ᠠᠷᠭ᠎ᠠ | ᠬᠡᠮᠵᠢᠶ᠎ᠡ ᠶᠢ ᠠᠪᠬᠤ ᠶᠢᠨ ᠬᠠᠮᠲᠤ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠣᠷᠤᠰᠢᠵᠤ ᠪᠠᠶᠢᠭ᠎ᠠ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠂ ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭ᠎ᠠ ᠪᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠬᠡᠷᠡᠭ ᠤᠴᠢᠷ ᠢ ᠮᠡᠳᠡᠭᠦᠯᠬᠦ ᠬᠡᠷᠡᠭᠲᠡᠶ᠃ | | ᠳᠥᠷᠪᠡᠳᠦᠭᠡᠷ ᠪᠦᠯᠦᠭ ᠠᠰᠢᠭᠯᠠᠯᠲᠠ | ᠬᠤᠷᠢᠨ ᠶᠢᠰᠦᠳᠦᠭᠡᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠠᠴᠠ ᠮᠠᠯᠲᠠᠵᠤ ᠭᠠᠷᠭᠠᠭᠰᠠᠨ | ᠲᠡᠤᠬᠡ ᠶᠢᠨ ᠳᠤᠷᠠᠰᠬᠠᠯᠲᠤ ᠵᠦᠢᠯ ᠢ ᠳᠠᠩᠰᠠᠯᠠᠨ ᠲᠡᠮᠳᠡᠭᠯᠡᠵᠦ᠂ ᠲᠣᠬᠢᠲᠠᠶ ᠬᠠᠮᠠᠭᠠᠯᠠᠨ ᠬᠠᠮᠢᠶᠠᠷᠴᠤ᠂ ᠲᠡᠤᠬᠡ ᠶᠢᠨ | ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ | ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠮᠦᠽᠧᠶ ᠳᠤ ᠬᠠᠳᠠᠭᠠᠯᠠᠭᠤᠯᠵᠤ᠂ ᠣᠨᠴᠠᠭᠠᠢ ᠬᠠᠮᠠᠭᠠᠯᠠᠬᠤ | ᠴᠢᠬᠤᠯᠠᠲᠠᠶ ᠲᠡᠤᠬᠡ ᠶᠢᠨ ᠳᠤᠷᠠᠰᠬᠠᠯᠲᠤ ᠵᠦᠢᠯ ᠢ ᠭᠠᠷᠭᠠᠪᠠᠯ᠂ ᠪᠣᠰᠤᠳ ᠲᠡᠤᠬᠡ ᠶᠢᠨ ᠳᠤᠷᠠᠰᠬᠠᠯᠲᠤ ᠵᠦᠢᠯ ᠢ ᠦᠨ᠎ᠡ | ᠲᠥᠯᠥᠪᠦᠷᠢ ᠦᠭᠡᠢ ᠪᠠᠷ ᠠᠷᠠᠳ ᠢᠷᠭᠡᠳ ᠲᠤ ᠳᠡᠯᠭᠡᠨ ᠦᠵᠡᠭᠦᠯᠬᠦ ᠬᠡᠷᠡᠭᠲᠡᠶ᠃ | ᠭᠤᠴᠢᠳᠤᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠰᠣᠶᠣᠯ ᠤᠨ ᠥᠪ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠣᠯᠠᠨ ᠵᠦᠢᠯ ᠤᠨ ᠠᠷᠭ᠎ᠠ ᠮᠠᠶ᠋ᠢᠭ ᠢᠶᠠᠷ ᠤᠬᠠᠭᠤᠯᠤᠨ ᠳᠡᠯᠭᠡᠨ ᠦᠵᠡᠭᠦᠯᠬᠦ ᠠᠵᠢᠯ ᠢ ᠥᠷᠭᠡᠨ | ᠲᠡᠯᠭᠡᠷᠡᠩᠭᠦᠢ ᠪᠠᠷ ᠥᠷᠨᠢᠭᠦᠯᠵᠦ᠂ ᠳᠡᠯᠡᠬᠡᠶ ᠶᠢᠨ ᠰᠣᠶᠣᠯ ᠤᠨ ᠥᠪ ᠲᠤ ᠬᠢ ᠶᠤᠸᠠᠨ ᠤ ᠲᠡᠭᠡᠳᠦ ᠨᠡᠶᠢᠰᠯᠠᠯ ᠤᠨ | ᠪᠠᠭᠤᠷᠢ ᠶᠢᠨ ᠲᠥᠷᠥᠯ ᠲᠡᠮᠳᠡᠭ ᠤᠨ ᠦᠨ᠎ᠡ ᠴᠡᠨ᠎ᠡ ᠶᠢ ᠳᠡᠭᠡᠭᠰᠢᠯᠡᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠡᠵᠡᠮᠰᠢᠯ ᠤᠨ ᠣᠷᠣᠨ ᠪᠦᠰᠡ ᠲᠣᠲᠤᠷ᠎ᠠ ᠦᠢᠯᠡᠴᠢᠯᠡᠭᠡᠨ ᠤ ᠠᠵᠢᠯ | ᠬᠢᠬᠦ ᠳᠤ ᠬᠦᠷᠪᠡᠯ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠ ᠣᠯᠠᠨ ᠨᠡᠶᠢᠲᠡ ᠶᠢᠨ ᠠᠰᠢᠭ ᠲᠤᠰᠠ ᠶᠢ | ᠤᠷᠢᠳ ᠢᠶᠠᠷ ᠪᠣᠳᠣᠯᠬᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠲᠤᠬᠠᠶ ᠶᠢᠨ ᠣᠷᠤᠨ ᠤ ᠰᠠᠭᠤᠭᠠᠯᠢ ᠠᠷᠠᠳ ᠤᠨ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠯᠤᠭ᠎ᠠ ᠬᠠᠮᠢᠶ᠎ᠠ | ᠪᠦᠬᠦᠢ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠡᠷᠬᠢᠯᠡᠬᠦ ᠶᠢ ᠵᠣᠷᠢᠭᠵᠢᠭᠤᠯᠤᠨ᠎ᠠ᠃ | ᠭᠤᠴᠢᠨ ᠬᠤᠶᠠᠳᠤᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠣᠷᠴᠢᠨ ᠲᠣᠭᠤᠷᠢᠨ ᠤ | ᠪᠠᠭᠲᠠᠭᠠᠮᠵᠢ ᠪᠣᠯᠤᠨ ᠵᠢᠭᠤᠯᠴᠢᠯᠠᠭᠴᠢᠳ ᠢ ᠬᠦᠯᠢᠶᠡᠨ ᠠᠪᠬᠤ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠶᠤᠸᠠᠨ ᠤ | ᠲᠡᠭᠡᠳᠦ ᠨᠡᠶᠢᠰᠯᠠᠯ ᠤᠨ ᠪᠠᠭᠤᠷᠢ ᠶᠢᠨ ᠵᠢᠭᠤᠯᠴᠢᠯᠠᠯ ᠤᠨ ᠦᠢᠯᠡᠰ ᠢ ᠵᠣᠬᠢᠬᠤ ᠬᠡᠮᠵᠢᠶ᠎ᠡ ᠲᠠᠢ ᠪᠠᠷ ᠬᠥᠭᠵᠢᠭᠦᠯᠬᠦ ᠶᠢᠨ | ᠬᠠᠮᠲᠤ ᠵᠢᠭᠤᠯᠴᠢᠯᠠᠭᠴᠢᠳ ᠲᠤ ᠬᠠᠷᠰᠢ ᠰᠠᠭᠠᠳ ᠦᠭᠡᠢ ᠶᠢᠨ ᠲᠦᠬᠦᠭᠡᠷᠦᠮᠵᠢ ᠪᠣᠯᠤᠨ ᠴᠢᠬᠤᠯᠠ ᠪᠦᠬᠦᠢ | ᠡᠮᠴᠢᠯᠡᠭᠡᠨ ᠤ ᠦᠢᠯᠡᠴᠢᠯᠡᠭᠡ ᠵᠡᠷᠭᠡ ᠲᠦᠬᠦᠭᠡᠷᠦᠮᠵᠢ ᠶᠢ ᠲᠦᠬᠦᠭᠡᠷᠴᠦ ᠥᠭᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠬᠠᠮᠠᠭᠠᠯᠠᠯᠲᠠ ᠶᠢᠨ | ᠬᠦᠷᠢᠶ᠎ᠡ ᠬᠡᠪᠴᠢᠶᠡᠨ ᠳᠣᠲᠣᠷ᠎ᠠ ᠺᠢᠨᠣ᠋᠂ ᠲᠧᠯᠸᠢᠰ ᠵᠦᠴᠦᠭᠡ᠂ ᠲᠤᠰᠬᠠᠶ ᠮᠡᠷᠭᠡᠵᠢᠯ ᠤᠨ ᠳᠦᠷᠰᠦ ᠰᠢᠩᠭᠡᠭᠡᠯᠲᠡ | ᠪᠤᠶᠤ ᠲᠤᠰᠬᠠᠶ ᠮᠡᠷᠭᠡᠵᠢᠯ ᠤᠨ ᠭᠡᠷᠡᠯ ᠵᠢᠷᠤᠭ ᠰᠡᠭᠦᠳᠡᠷᠯᠡᠬᠦ ᠳᠤ ᠬᠦᠷᠪᠡᠯ ᠲᠡᠤᠬᠡ ᠶᠢᠨ ᠳᠤᠷᠠᠰᠬᠠᠯᠲᠤ ᠵᠦᠢᠯ ᠪᠠ | ᠣᠷᠴᠢᠨ ᠲᠤᠭᠤᠷᠢᠨ ᠤ ᠠᠶᠤᠯᠭᠦᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠤᠯᠪᠣᠭᠳᠠᠯ ᠪᠦᠬᠦᠢ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠴᠢᠬᠤᠯᠠ ᠲᠠᠢ ᠪᠠᠶᠢᠪᠠᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠵᠦᠪᠰᠢᠶᠡᠷᠡᠭᠦᠯᠬᠦ ᠭᠠᠷᠳᠠᠮ ᠢ ᠭᠦᠢᠴᠡᠳᠭᠡᠬᠦ ᠬᠡᠷᠡᠭᠲᠡᠶ᠃ | | ᠲᠠᠪᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | | ᠭᠤᠴᠢᠨ ᠳᠥᠷᠪᠡᠳᠦᠭᠡᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢᠨ ᠲᠤᠬᠠᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ | ᠪᠣᠳᠠᠲᠠᠶ ᠰᠢᠢᠳᠭᠡᠨ ᠲᠣᠷᠭᠠᠬᠤ ᠲᠣᠭᠲᠠᠭᠠᠯ ᠢ ᠭᠠᠷᠭᠠᠭᠰᠠᠨ ᠪᠠᠶᠢᠪᠠᠯ᠂ ᠮᠦᠨ ᠲᠣᠭᠲᠠᠭᠠᠯ ᠢᠶᠠᠷ ᠬᠡᠷᠡᠭ ᠢ | ᠰᠢᠢᠳᠪᠦᠷᠢᠯᠡᠨ᠎ᠡ᠃ | ᠭᠤᠴᠢᠨ ᠲᠠᠪᠤᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠲᠡᠮᠳᠡᠭ | ᠲᠣᠳᠣᠷᠬᠠᠶᠢᠯᠠᠯᠲᠠ᠂ ᠵᠠᠭᠠᠭ ᠬᠢᠯᠢ ᠶᠢᠨ ᠱᠣᠩ ᠵᠡᠷᠭᠡ ᠬᠠᠮᠠᠭᠠᠯᠠᠯᠲᠠ ᠶᠢᠨ ᠲᠦᠬᠦᠭᠡᠷᠦᠮᠵᠢ ᠶᠢ ᠳᠤᠷ᠎ᠠ ᠵᠤᠷᠢᠭ ᠢᠶᠠᠷ | ᠢᠶᠠᠨ ᠰᠢᠯᠵᠢᠭᠦᠯᠦᠭᠰᠡᠨ᠂ ᠨᠤᠷᠠᠭᠠᠭᠰᠠᠨ ᠪᠤᠶᠤ ᠪᠤᠵᠠᠷᠲᠤᠭᠤᠯᠤᠨ ᠡᠪᠳᠡᠭᠰᠡᠨ ᠪᠠᠶᠢᠪᠠᠯ ᠶᠤᠸᠠᠨ ᠤ ᠲᠡᠭᠡᠳᠦ ᠨᠡᠶᠢᠰᠯᠠᠯ | ᠤᠨ ᠰᠣᠶᠣᠯ ᠤᠨ ᠥᠪ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ 1000 ᠲᠥᠭᠦᠷᠢᠭ ᠠᠴᠠ ᠳᠡᠭᠡᠭᠰᠢ 1 | ᠲᠦᠮᠡᠨ ᠲᠥᠭᠦᠷᠢᠭ ᠠᠴᠠ ᠲᠣᠷᠤᠭᠰᠢᠬᠢ ᠵᠣᠭᠤᠰ ᠢᠶᠠᠷ ᠲᠣᠷᠭᠠᠨ᠎ᠠ᠃ | ᠭᠤᠴᠢᠨ ᠵᠢᠷᠭᠤᠳᠤᠭᠠᠷ ᠵᠦᠢᠯ ᠶᠤᠸᠠᠨ ᠤ ᠲᠡᠭᠡᠳᠦ ᠨᠡᠶᠢᠰᠯᠠᠯ ᠤᠨ ᠰᠣᠶᠣᠯ ᠤᠨ ᠥᠪ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ | ᠵᠢᠴᠢ ᠠᠵᠢᠯᠲᠠᠨ ᠨᠢ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠳᠣᠤᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ | ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠄ | ︵ᠨᠢᠭᠡ︶ ᠬᠠᠮᠠᠭᠠᠯᠠᠯᠲᠠ ᠶᠢᠨ ᠵᠠᠷᠤᠳᠠᠯ ᠢ ᠱᠠᠮᠰᠢᠭᠰᠠᠨ᠂ ᠰᠢᠯᠵᠢᠬᠦᠯᠦᠨ ᠬᠡᠷᠡᠭᠯᠡᠭᠰᠡᠨ︔ | ︵ᠬᠤᠶᠠᠷ︶ ᠬᠠᠷᠢᠭᠤᠴᠠᠯᠭ᠎ᠠ ᠦᠭᠡᠢ ᠠᠴᠠ ᠪᠣᠯᠵᠤ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ | ᠲᠡᠤᠬᠡ ᠶᠢᠨ ᠳᠤᠷᠠᠰᠬᠠᠯᠲᠤ ᠵᠦᠢᠯ ᠢ ᠡᠪᠳᠡᠯᠭᠡ ᠰᠦᠢᠳᠭᠡᠯ ᠳᠤ ᠤᠴᠠᠷᠠᠭᠤᠯᠤᠭᠰᠠᠨ ᠪᠤᠶᠤ ᠭᠡᠭᠡᠭᠳᠡᠭᠦᠯᠵᠦ | ᠠᠯᠳᠠᠭᠰᠠᠨ︔ | ︵ᠭᠤᠷᠪᠠ︶ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠶᠢᠨ ᠡᠯ᠎ᠡ ᠵᠦᠢᠯ ᠤᠨ ᠲᠦᠯᠦᠪᠵᠢᠭᠦᠯᠭᠡ ᠵᠢᠴᠢ | ᠲᠡᠭᠦᠨ ᠤ ᠵᠠᠭᠠᠭ ᠭᠢᠯᠢ ᠪᠠ ᠦᠢᠯᠡᠳᠦᠯᠲᠦ ᠣᠷᠣᠨ ᠢ ᠳᠤᠷ᠎ᠠ ᠵᠣᠷᠢᠭ ᠢᠶᠠᠷ ᠢᠶᠠᠨ ᠦᠭᠡᠷᠡᠴᠢᠯᠡᠨ ᠬᠤᠪᠢᠷᠠᠭᠤᠯᠤᠭᠰᠠᠨ︔ | | ︵ᠲᠦᠷᠪᠡ︶ ᠶᠤᠸᠠᠨ ᠤ ᠲᠡᠭᠡᠳᠦ ᠨᠡᠶᠢᠰᠯᠠᠯ ᠤᠨ ᠪᠠᠭᠤᠷᠢ ᠵᠢᠴᠢ ᠬᠠᠮᠠᠭᠠᠯᠠᠯᠲᠠ ᠶᠢᠨ ᠲᠥᠬᠦᠭᠡᠷᠦᠮᠵᠢ ᠶᠢ | ᠡᠪᠳᠡᠭᠰᠡᠨ ᠬᠠᠤᠯᠢ ᠪᠣᠰᠤ ᠠᠵᠢᠯᠯᠠᠭ᠎ᠠ ᠶᠢ ᠢᠯᠡᠴᠢᠯᠡᠭᠰᠡᠨ᠂ ᠵᠠᠭᠠᠯᠳᠤᠭᠰᠠᠨ ᠬᠡᠷᠡᠭ ᠢ ᠴᠠᠭ ᠲᠤᠬᠠᠶ ᠳᠤᠨᠢ ᠬᠦᠯᠢᠶᠡᠨ | ᠠᠪᠴᠤ ᠰᠢᠢᠳᠪᠦᠷᠢᠯᠡᠭᠰᠡᠨ ᠦᠭᠡᠢ ᠪᠤᠶᠤ ᠪᠠᠶᠢᠴᠠᠭᠠᠨ ᠰᠢᠢᠳᠪᠦᠷᠢᠯᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠶ | ᠬᠡᠷᠡᠭ ᠤᠷᠰᠢᠭ ᠲᠠᠲᠠᠭᠰᠠᠨ︔ | ︵ᠲᠠᠪᠤ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ | ᠣᠰᠣᠯᠳᠠᠭᠰᠠᠨ᠂ ᠬᠤᠪᠢ ᠪᠠᠨ ᠪᠤᠷᠳᠣᠨ ᠬᠠᠤᠯᠢ ᠶᠣᠰᠣ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | | ᠵᠢᠷᠭᠤᠳᠤᠭᠠᠷ ᠪᠦᠯᠦᠭ ᠲᠠᠭᠠᠯᠲᠠ ᠲᠦᠷᠢᠮ | | ᠭᠤᠴᠢᠨ ᠳᠤᠯᠤᠳᠤᠭᠠᠷ ᠵᠦᠢᠯ ᠲᠣᠰ ᠳᠦᠷᠢᠮ ᠢ 2016 ᠣᠨ ᠤ 7 ᠳ᠋ᠣᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |