| | | ᠲᠥᠯᠥᠭᠡᠯᠡᠭᠴᠢ ᠵᠠᠩ ᠵᠢᠶᠦ᠋ᠨ ᠲᠤᠤ᠄ | ᠲᠠᠨ ᠤ ᠳᠤᠷᠠᠳᠤᠭᠰᠠᠨ ︽︿ᠨᠤᠲᠤᠭ ᠤᠰᠤᠨ ᠤ ᠰᠣᠶᠣᠯ ᠢ ᠬᠠᠮᠠᠭᠠᠯᠠᠬᠤ ᠬᠠᠤᠯᠢ﹀ ᠪᠤᠶᠤ ᠳᠦᠷᠢᠮ ᠢ | ᠰᠤᠳᠤᠯᠤᠨ ᠲᠣᠭᠲᠠᠭᠠᠬᠤ ᠲᠤᠬᠠᠶ ᠰᠠᠨᠠᠭᠤᠯᠭ᠎ᠠ︾ ᠶᠢ ᠬᠤᠷᠢᠶᠠᠨ ᠣᠯᠪᠠ᠃ ᠲᠤᠰ ᠰᠠᠨᠠᠭᠤᠯᠭ᠎ᠠ ᠮᠠᠰᠢ ᠴᠢᠬᠤᠯᠠ | ᠶᠤᠮ᠂ ᠨᠤᠲᠤᠭ ᠤᠰᠤᠨ ᠤ ᠰᠣᠶᠣᠯ ᠤᠨ ᠬᠠᠮᠠᠭᠠᠯᠠᠯᠲᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ | ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠤᠲᠤᠭ | ᠤᠰᠤᠨ ᠤ ᠰᠣᠶᠣᠯ ᠳᠤ ᠠᠭᠤᠯᠤᠭᠳᠠᠵᠤ ᠪᠠᠶᠢᠭ᠎ᠠ ᠠᠭᠤᠯᠭ᠎ᠠ ᠪᠠᠶᠠᠯᠢᠭ᠂ ᠮᠠᠨ ᠤ ᠲᠢᠩᠬᠢᠮ ᠤᠨ ᠠᠵᠢᠯ ᠤᠨ ᠬᠦᠷᠢᠶ᠎ᠡ | ᠴᠠᠷᠠᠭ᠎ᠠ ᠳᠤ ᠬᠤᠯᠪᠣᠭᠳᠠᠬᠤ ᠨᠢ ᠲᠡᠭᠦᠨ ᠤ ᠲᠤᠳᠤᠷᠠᠬᠢ ᠨᠢᠭᠡ ᠪᠠᠭᠠᠬᠠᠨ ᠬᠡᠰᠡᠭ ᠪᠤᠯᠤᠨ᠎ᠠ᠃ ᠣᠳᠣ ᠮᠠᠨ ᠤ | ᠲᠢᠩᠬᠢᠮ ᠤᠨ ᠠᠵᠢᠯ ᠤᠨ ᠠᠭᠤᠯᠭ᠎ᠠ ᠳᠤ ᠬᠤᠯᠪᠤᠭᠳᠠᠬᠤ ᠠᠭᠤᠯᠭ᠎ᠠ ᠳᠤ ᠳᠣᠤᠷᠠᠬᠢ ᠮᠡᠲᠦ ᠬᠠᠷᠢᠭᠤᠯᠲᠠ ᠥᠭᠬᠦᠶ᠎ᠡ᠄ | ᠨᠢᠭᠡ᠂ ᠮᠠᠨ ᠤ ᠲᠢᠩᠬᠢᠮ ᠤᠨ ᠨᠤᠲᠤᠭ ᠤᠰᠤᠨ ᠤ ᠰᠣᠶᠣᠯ ᠤᠨ ᠠᠵᠢᠯ ᠳᠤ ᠬᠤᠯᠪᠣᠭᠳᠠᠭᠰᠠᠨ ᠶᠡᠷᠦᠩᠬᠡᠶ | ᠪᠠᠶᠢᠳᠠᠯ | ᠨᠤᠲᠤᠭ ᠤᠰᠤᠨ ᠤ ᠰᠣᠶᠣᠯ ᠳᠤ ᠡᠷᠳᠡᠮᠲᠡᠳ ᠤᠨ ᠠᠩᠭᠢᠯᠠᠯ ᠶᠣᠰᠣᠭᠠᠷ ᠳᠥᠷᠪᠡᠨ ᠳᠠᠪᠬᠤᠷᠭ᠎ᠠ ᠶᠢ | ᠪᠠᠭᠲᠠᠭᠠᠬᠤ ᠬᠡᠷᠡᠭᠲᠡᠶ᠄ ᠪᠣᠳᠠᠰ ᠤᠨ ᠲᠥᠯᠥᠪ ᠤᠨ ᠰᠣᠶᠣᠯ ᠤᠨ ᠳᠠᠪᠬᠤᠷᠭ᠎ᠠ᠂ ᠦᠢᠯᠡ ᠠᠵᠢᠯᠯᠠᠭ᠎ᠠ ᠶᠢᠨ | ᠰᠣᠶᠣᠯ ᠤᠨ ᠳᠠᠪᠬᠤᠷᠭ᠎ᠠ ᠵᠡᠷᠭᠡ᠂ ᠳᠦᠷᠢᠮ ᠤᠨ ᠰᠣᠶᠣᠯ ᠤᠨ ᠳᠠᠪᠬᠤᠷᠭ᠎ᠠ᠂ ᠣᠶᠤᠨ ᠤ ᠰᠣᠶᠣᠯ ᠤᠨ ᠳᠠᠪᠬᠤᠷᠭ᠎ᠠ᠃ | ᠪᠣᠳᠠᠲᠠᠶ ᠪᠠᠷ ᠬᠡᠯᠡᠪᠡᠯ ᠬᠥᠳᠡᠭᠡ ᠲᠣᠰᠬᠤᠨ ᠤ ᠠᠭᠤᠯᠠ ᠤᠰᠤ᠂ ᠬᠥᠳᠡᠭᠡ ᠲᠣᠰᠬᠤᠨ ᠤ ᠰᠠᠭᠤᠷᠢᠰᠢᠯ᠂ ᠬᠥᠳᠡᠭᠡ | ᠲᠣᠰᠬᠤᠨ ᠤ ᠪᠠᠷᠢᠯᠭ᠎ᠠ᠂ ᠲᠣᠰᠬᠤᠨ ᠤ ᠳᠦᠷᠢᠮ ᠠᠷᠠᠳ ᠤᠨ ᠭᠡᠷ᠎ᠡ᠂ ᠠᠷᠠᠳ ᠤᠨ ᠵᠠᠩ ᠵᠠᠩᠰᠢᠯ ᠤᠨ ᠳᠠᠭᠠᠤ ᠭᠠᠷ | ᠤᠷᠠᠯᠠᠯ᠂ ᠰᠢ ᠵᠦᠴᠦᠭᠡ᠂ ᠤᠯᠠᠮᠵᠢᠯᠠᠯᠲᠤ ᠢᠳᠡᠭᠡᠨ ᠤᠮᠳᠠᠭᠠᠨ᠂ ᠬᠤᠪᠴᠠᠰᠤ ᠵᠠᠰᠠᠯ ᠵᠡᠷᠭᠡ ᠶᠢ ᠪᠠᠭᠲᠠᠭᠠᠵᠤ᠂ | ᠨᠢᠭᠡ ᠨᠤᠲᠤᠭ ᠤᠨ ᠬᠥᠮᠦᠰ ᠤᠨ ᠰᠣᠶᠣᠯ ᠤᠨ ᠬᠥᠭᠡᠭᠡᠴᠡᠯᠳᠦᠯ ᠢ ᠨᠢᠭᠲᠠᠷᠠᠭᠤᠯᠵᠤ ᠪᠠᠶᠢᠳᠠᠭ᠃ ᠡᠳᠡᠭᠡᠷ ᠡᠯ᠎ᠡ ᠭᠠᠵᠠᠷ | ᠣᠷᠣᠨ ᠤ ᠭᠤᠤᠯ ᠡᠯᠧᠮᠧᠨ᠋ᠲ ᠢ ᠢᠯᠡᠷᠡᠭᠦᠯᠵᠦ᠂ ᠳᠡᠯᠡᠬᠡᠶ ᠶᠢᠨ ᠡᠯ᠎ᠡ ᠵᠦᠢᠯ ᠤᠨ ᠤᠷᠤᠰᠬᠠᠯ ᠤᠨ ᠨᠡᠶᠢᠯᠡᠯᠲᠡ ᠳᠤᠮᠳᠠ | ᠥᠪᠡᠷ ᠤᠨ ᠥᠪᠡᠷᠮᠢᠴᠡ ᠲᠠᠲᠠᠬᠤ ᠬᠦᠴᠦᠨ ᠢᠶᠠᠨ ᠠᠭᠠᠵᠢᠮ ᠢᠶᠠᠷ ᠬᠠᠲᠠᠭᠤᠵᠢᠭᠤᠯᠪᠠ᠃ ᠮᠠᠨ ᠤ ᠲᠢᠩᠬᠢᠮ ᠳᠤ | ᠬᠤᠯᠪᠣᠭᠳᠠᠬᠤ ᠨᠤᠲᠤᠭ ᠤᠰᠤᠨ ᠤ ᠰᠣᠶᠣᠯ ᠤᠨ ᠠᠵᠢᠯ ᠳᠤ ᠭᠤᠤᠯᠳᠠᠭᠤ᠄ ᠪᠣᠳᠠᠰ ᠤᠨ ᠪᠤᠰᠤ ᠰᠣᠶᠣᠯ ᠤᠨ | ᠥᠪ ᠤᠨ ᠬᠠᠮᠠᠭᠠᠯᠠᠯᠲᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠥᠳᠡᠭᠡ ᠲᠣᠰᠬᠤᠨ ᠳᠤ | ᠬᠤᠯᠪᠣᠭᠳᠠᠬᠤ ᠡᠯ᠎ᠡ ᠵᠦᠢᠯ ᠤᠨ ᠣᠨᠴᠠᠯᠢᠭᠲᠤ ᠵᠢᠭᠤᠯᠴᠢᠯᠠᠯ᠂ ᠨᠤᠲᠤᠭ ᠤᠨ ᠤᠷᠠᠯᠢᠭ᠂ ᠨᠤᠲᠤᠭ ᠤᠨ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠬᠥᠭᠵᠢᠯᠲᠡ ᠵᠡᠷᠭᠡ ᠪᠠᠭᠲᠠᠨ᠎ᠠ᠃ ᠣᠶᠢᠷ᠎ᠠ ᠶᠢᠨ ᠵᠢᠯ ᠤᠨ ᠲᠤᠷᠰᠢ᠂ | ᠮᠠᠨ ᠤ ᠲᠢᠩᠬᠢᠮ ᠳᠡᠭᠡᠷ᠎ᠡ ᠳᠤᠷᠠᠳᠤᠭᠰᠠᠨ ᠠᠵᠢᠯ ᠤᠨ ᠲᠠᠯ᠎ᠠ ᠪᠠᠷ ᠴᠥᠮ ᠨᠡᠯᠢᠶᠡᠳ ᠶᠡᠭᠡ ᠠᠬᠢᠴᠠ ᠲᠠᠢ ᠪᠣᠯᠪᠠ᠃ | ︵ᠨᠢᠭᠡ︶ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠬᠠᠮᠠᠭᠠᠯᠠᠬᠤ ᠶᠢ | ᠢᠳᠡᠪᠬᠢᠲᠡᠢ ᠠᠬᠢᠭᠤᠯᠤᠨ᠎ᠠ᠃ ᠨᠢᠭᠡ ᠳᠤ᠂ ᠨᠡᠷᠡᠰ ᠤᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠨ᠎ᠠ᠃ ᠣᠳᠣᠬᠠᠨ ᠪᠣᠯᠲᠠᠯ᠎ᠠ᠂ ᠮᠠᠨ ᠤ ᠣᠷᠣᠨ ᠤ ᠳᠥᠷᠪᠡᠨ ᠱᠠᠲᠤᠨ ᠤ ᠪᠣᠳᠠᠰ ᠤᠨ ᠪᠤᠰᠤ ᠰᠣᠶᠣᠯ ᠤᠨ | ᠥᠪ ᠤᠨ ᠨᠡᠷᠡᠰ ᠤᠨ ᠵᠢᠭᠰᠠᠭᠠᠯᠲᠠ ᠶᠢ ᠬᠠᠮᠠᠭᠠᠯᠠᠬᠤ ᠰᠢᠰᠲ᠋ᠧᠮ ᠪᠠ ᠤᠯᠠᠮᠵᠢᠯᠠᠨ ᠵᠠᠯᠭᠠᠮᠵᠢᠯᠠᠭᠴᠢ ᠶᠢᠨ ᠨᠡᠷᠡᠰ ᠤᠨ | ᠵᠢᠭᠰᠠᠭᠠᠯᠲᠠ ᠶᠢ ᠮᠠᠭᠠᠳᠯᠠᠨ ᠲᠣᠭᠲᠠᠭᠠᠬᠤ ᠳᠦᠷᠢᠮ ᠦᠨᠳᠦᠰᠦᠨ ᠳᠤ ᠪᠠᠨ ᠪᠠᠶᠢᠭᠤᠯᠤᠭᠳᠠᠵᠤ᠂ ︽ᠬᠥᠮᠦᠨ | ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠦᠯᠦᠭᠡᠯᠡᠭᠴᠢ ᠪᠦᠲᠦᠭᠡᠯ︾ 2 ᠵᠦᠢᠯ᠂ ᠤᠯᠤᠰ ᠤᠨ | ᠲᠡᠰ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ 81 ᠪᠠᠶᠢᠵᠤ᠂ 89 ᠭᠠᠵᠠᠷ ᠪᠠᠶᠢᠵᠤ᠂ ᠤᠯᠤᠰ ᠤᠨ ᠲᠡᠰ ᠤᠨ | ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ 75 ᠪᠣᠶ︔ ᠥᠪᠡᠷᠲᠡᠭᠡᠨ ᠵᠠᠰᠠᠬᠤ ᠣᠷᠣᠨ ᠤ ᠲᠡᠰ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ 479 ᠪᠠᠶᠢᠵᠤ᠂ 704 ᠭᠠᠵᠠᠷ ᠪᠠᠶᠢᠵᠤ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ 885 ᠬᠥᠮᠦᠨ ᠪᠠᠶᠢᠨ᠎ᠠ᠃ ᠬᠤᠶᠠᠷ ᠲᠤ᠂ | ᠠᠪᠤᠷᠠᠯᠲᠠ ᠶᠢᠨ ᠴᠢᠨᠠᠷᠲᠠᠶ ᠲᠡᠮᠳᠡᠭᠯᠡᠯ ᠤᠨ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ | ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠵᠠᠪᠳᠤᠨ ᠠᠪᠤᠷᠠᠬᠤ ᠴᠢᠨᠠᠷᠲᠠᠶ | ᠲᠡᠮᠳᠡᠭᠯᠡᠯ ᠤᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ 70 ᠪᠦᠬᠦᠯᠢ ᠨᠠᠰᠤᠨ ᠠᠴᠠ ᠳᠡᠭᠡᠭᠰᠢᠬᠢ | ᠤᠯᠤᠰ ᠤᠨ ᠲᠡᠰ ᠤᠨ 18 ᠤᠯᠠᠮᠵᠢᠯᠠᠨ ᠵᠠᠯᠭᠠᠮᠵᠢᠯᠠᠭᠴᠢ ᠶᠢᠨ ᠵᠠᠪᠳᠤᠨ ᠠᠪᠤᠷᠠᠬᠤ ᠴᠢᠨᠠᠷᠲᠠᠶ ᠲᠡᠮᠳᠡᠭᠯᠡᠯ ᠢ ᠨᠢᠭᠡᠨᠲᠡ | ᠪᠡᠶᠡᠯᠡᠭᠦᠯᠪᠡ᠃ ︽ᠬᠤᠤᠰ ᠵᠠᠭᠤ ᠶᠢ ᠬᠠᠮᠠᠭᠠᠯᠠᠬᠤ︾ ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ᠂ | ᠨᠢᠭᠡᠨᠲᠡ 75 ᠤᠰᠠᠳᠬᠤ ᠰᠢᠬᠠᠭᠰᠠᠨ ᠲᠥᠷᠥᠯ ᠵᠦᠢᠯ ᠤᠨ ᠦᠢᠯᠡᠳᠦᠯᠭᠡ ᠶᠢᠨ ᠶᠠᠪᠤᠴᠠ ᠬᠢᠭᠡᠳ ᠨᠠᠰᠤ | ᠠᠬᠠᠰᠢᠷᠠᠭᠰᠠᠨ ᠤᠯᠠᠮᠵᠢᠯᠠᠨ ᠤᠯᠠᠮᠵᠢᠯᠠᠭᠴᠢ ᠶᠢᠨ ᠠᠮᠠ ᠪᠠᠷ ᠶᠠᠷᠢᠭᠰᠠᠨ ᠲᠡᠦᠬᠡ ᠶᠢᠨ ᠲᠤᠬᠠᠶ ᠪᠦᠬᠦ ᠲᠠᠯ᠎ᠠ ᠶᠢᠨ᠂ | ᠰᠢᠰᠲ᠋ᠧᠮ ᠲᠠᠢ᠂ ᠲᠤᠰᠬᠠᠶ ᠮᠡᠷᠭᠡᠵᠢᠯ ᠤᠨ ᠴᠢᠨᠠᠷᠲᠠᠶ ᠲᠡᠮᠳᠡᠭᠯᠡᠯ ᠢ ᠪᠡᠶᠡᠯᠡᠭᠦᠯᠪᠡ᠃ ᠭᠤᠷᠪᠠ ᠳᠤ᠂ ︽ᠣᠪᠣᠭ᠎ᠠ | ᠳᠠᠬᠢᠬᠤ︾ ᠲᠥᠷᠥᠯ ᠵᠦᠢᠯ ᠢ ᠨᠢᠭᠡᠨᠲᠡ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠲᠤ ᠣᠷᠣᠭᠤᠯᠵᠤ᠂ ᠪᠦᠬᠦ ᠣᠷᠣᠨ ᠤ ᠡᠯ᠎ᠡ ᠭᠠᠵᠠᠷ ᠤᠨ ᠬᠢᠨ | ᠵᠢᠯ ᠪᠦᠷᠢ ᠬᠤᠯᠪᠣᠭᠳᠠᠯ ᠪᠦᠬᠦᠢ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠢᠳᠡᠪᠬᠢᠲᠡᠢ ᠤᠯᠠᠮᠵᠢᠯᠠᠪᠠ᠃ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠣᠯᠠᠩᠬᠢ ᠨᠢ ᠴᠥᠮ ᠨᠤᠲᠤᠭ ᠤᠰᠤᠨ ᠤ ᠰᠣᠶᠣᠯ ᠤᠨ ᠲᠥᠷᠥᠯ | ᠵᠦᠢᠯ ᠲᠠᠢ ᠬᠤᠯᠪᠣᠭᠳᠠᠨ᠎ᠠ᠃ | ︵ᠬᠤᠶᠠᠷ︶ ᠦᠨᠳᠦᠰᠦᠲᠡᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠤᠯᠠᠮᠵᠢᠯᠠᠨ | ᠵᠠᠯᠭᠠᠮᠵᠢᠯᠠᠬᠤ ᠪᠠ ᠠᠰᠢᠭᠯᠠᠬᠤ ᠶᠢ ᠶᠡᠬᠡᠪᠡᠷ ᠴᠢᠩᠭᠠᠳᠬᠠᠨ᠎ᠠ᠃ ᠨᠢᠭᠡ ᠳᠤ᠂ ᠳᠠᠯ᠎ᠠ ᠬᠠᠷ᠎ᠠ ᠠᠭᠤᠯᠠ ᠶᠢᠨ ᠶᠠᠫᠣᠨ ᠢ | ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠬᠠᠭᠤᠴᠢᠨ ᠪᠠᠭᠤᠷᠢ ᠵᠡᠷᠭᠡ 36 ᠲᠡᠤᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠨᠢᠭᠡᠴᠢ ᠶᠢ ᠨᠠᠢᠮᠠᠳᠤᠭᠠᠷ ᠪᠦᠯᠦᠭ ᠤᠨ ᠪᠦᠬᠦ ᠤᠯᠤᠰ ᠠᠴᠠ ᠭᠤᠤᠯᠳᠠᠯᠭ᠎ᠠ ᠲᠠᠢ ᠲᠡᠤᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠳᠤ ᠮᠡᠳᠡᠭᠦᠯᠬᠦ ᠠᠵᠢᠯ ᠢ ᠪᠡᠶᠡᠯᠡᠭᠦᠯᠪᠡ᠃ ᠬᠤᠶᠠᠷ ᠲᠤ᠂ ᠲᠦᠮᠡᠨ | ᠭᠠᠵᠠᠷ ᠤᠨ ᠴᠠᠢ ᠶᠢᠨ ᠵᠠᠮ ᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠶᠡᠬᠡᠪᠡᠷ ᠲᠦᠯᠬᠢᠨ | ᠠᠬᠢᠭᠤᠯᠤᠨ᠎ᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠲᠠᠢ ᠬᠠᠮᠵᠢᠯᠴᠠᠨ ᠲᠡᠤᠬᠡ ᠰᠣᠶᠣᠯ ᠤᠨ ᠨᠡᠷᠡᠲᠦ ᠪᠠᠯᠭᠠᠰᠤ ᠨᠡᠷᠡᠲᠦ | ᠲᠣᠰᠬᠤᠨ ᠢ ᠦᠨᠡᠯᠡᠨ ᠲᠣᠭᠲᠠᠭᠠᠵᠤ ᠨᠤᠲᠠᠯᠠᠬᠤ ᠠᠵᠢᠯ ᠢ ᠥᠷᠨᠢᠭᠦᠯᠦᠨ᠎ᠡ᠃ ᠳᠥᠷᠪᠡ ᠳᠤ᠂ ᠦᠨᠳᠦᠰᠦᠨ | ᠱᠠᠲᠤᠨ ᠤ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ | ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ ᠲᠡᠤᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ᠂ ᠬᠠᠭᠤᠴᠢ ᠰᠣᠶᠣᠯ ᠤᠨ ᠴᠢᠳᠠᠪᠤᠷᠢᠲᠠᠨ ᠢ ᠢᠳᠡᠪᠬᠢᠲᠡᠶ ᠪᠠᠷ ᠬᠥᠮᠦᠵᠢᠭᠦᠯᠵᠦ ᠥᠭᠭᠦᠨ᠎ᠡ᠃ | ︵ᠭᠤᠷᠪᠠ︶ ᠡᠯ᠎ᠡ ᠵᠦᠢᠯ ᠤᠨ ᠣᠨᠴᠠᠯᠢᠭᠲᠤ ᠬᠥᠳᠡᠭᠡ ᠲᠣᠰᠬᠤᠨ ᠤ ᠵᠢᠭᠤᠯᠴᠢᠯᠠᠯ ᠢ ᠢᠳᠡᠪᠬᠢᠲᠡᠢ | ᠠᠬᠢᠭᠤᠯᠤᠨ᠎ᠠ᠃ ᠨᠢᠭᠡ ᠳᠤ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠲᠤᠰᠬᠤᠨ ᠤ ᠪᠠᠶᠢᠳᠠᠯ ᠢ | ᠣᠶᠢᠯᠠᠭᠠᠬᠤ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ | ᠪᠡᠶᠡᠯᠡᠭᠦᠯᠵᠦ᠂ ︽ᠥᠪᠥᠷ ᠮᠣᠩᠭᠤᠯ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠣᠳᠣᠨ | ᠲᠡᠰ ᠤᠨ ᠬᠦᠯᠢᠶᠡᠨ ᠠᠪᠬᠤ ᠡᠷᠦᠬᠡ ᠶᠢ ᠰᠢᠯᠭᠠᠨ ᠲᠣᠭᠲᠠᠭᠠᠬᠤ ᠪᠠᠷᠢᠮᠵᠢᠶ᠎ᠠ︾ ᠶᠢ ᠨᠡᠶᠢᠲᠡᠯᠡᠵᠦ᠂ ᠥᠪᠡᠷᠲᠡᠭᠡᠨ | ᠵᠠᠰᠠᠬᠤ ᠣᠷᠣᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠲᠣᠭᠲᠠᠭᠠᠪᠠ᠃ ᠬᠤᠶᠠᠷ ᠲᠤ᠂ 2018 ᠣᠨ ᠪᠥᠬᠦ ᠵᠢᠯ ᠳᠤ 12849 ᠲᠦᠮᠡᠨ ᠲᠥᠭᠦᠷᠢᠭ ᠤᠨ ᠪᠠᠯᠠ | ᠣᠷᠣᠭᠤᠯᠵᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠳᠤ ᠬᠡᠷᠡᠭᠯᠡᠵᠦ᠂ 63 | ᠲᠠᠪᠤᠨ ᠣᠳᠤᠨ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠪᠠ 70 | ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠦᠨᠡᠯᠡᠨ ᠲᠣᠭᠲᠠᠭᠠᠪᠠ᠃ | ᠭᠤᠷᠪᠠ ᠳᠤ᠂ ᠪᠦᠬᠦ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠪᠣᠯᠪᠠᠰᠤᠷᠠᠯ ᠤᠨ ᠠᠩᠭᠢ ᠶᠢ 2 | ᠬᠤᠭᠤᠴᠠᠭ᠎ᠠ ᠡᠷᠬᠢᠯᠡᠵᠦ᠂ ᠵᠢᠭᠤᠯᠴᠢᠯᠠᠯ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠦᠨᠳᠦᠰᠦᠨ | ᠱᠠᠲᠤᠨ ᠳᠤ ᠪᠠᠭᠤᠯᠭᠠᠵᠤ ᠬᠥᠳᠡᠭᠡ ᠲᠣᠰᠬᠤᠨ ᠤ ᠵᠢᠭᠤᠯᠴᠢᠯᠠᠯ ᠤᠨ ᠲᠤᠬᠠᠶ ᠵᠥᠪᠯᠡᠯᠭᠡ ᠥᠭᠬᠦ ᠪᠠ | ᠲᠥᠯᠥᠪᠵᠢᠭᠦᠯᠦᠨ ᠵᠢᠯᠣᠭᠤᠳᠬᠤ ᠪᠣᠯᠪᠠᠰᠤᠷᠠᠯ ᠢ 10 ᠭᠠᠷᠤᠶ ᠤᠳᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠤ | ᠵᠢᠭᠤᠯᠴᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ | ︵ᠲᠦᠷᠪᠡ︶ ᠦᠨᠳᠦᠰᠦᠲᠡᠨ ᠤ ᠤᠷᠠᠯᠢᠭ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ | ᠡᠭᠦᠳᠬᠦ ᠶᠢ ᠰᠠᠶᠢᠲᠤᠷ ᠬᠢᠬᠦ ᠬᠡᠷᠡᠭᠲᠡᠶ᠃ ᠨᠢᠭᠡ ᠳᠤ᠂ ᠤᠯᠠᠭᠠᠨᠮᠥ᠋ᠴᠢᠷ ᠤᠨ ᠠᠵᠢᠯ ᠢ ᠶᠡᠬᠡᠪᠡᠷ ᠴᠢᠩᠭᠠᠳᠬᠠᠵᠤ᠂ | ᠰᠢᠯᠢᠳᠡᠭ ᠤᠷᠠᠯᠢᠭ ᠢ ᠮᠠᠯᠴᠢᠨ ᠲᠠᠷᠢᠶᠠᠴᠢᠨ ᠪᠠ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠭᠦᠯᠦᠨ᠎ᠡ᠃ | ᠬᠤᠶᠠᠷ ᠲᠤ᠂ ᠡᠯ᠎ᠡ ᠲᠥᠷᠥᠯ ᠤᠨ ᠦᠨᠳᠦᠰᠦᠲᠡᠨ ᠤ ᠤᠷᠠᠯᠢᠭ ᠤᠨ ᠪᠦᠲᠦᠭᠡᠯ ᠭᠠᠷᠭᠠᠬᠤ ᠶᠢ ᠵᠣᠷᠢᠭᠵᠢᠭᠤᠯᠵᠤ᠂ | ᠦᠨᠳᠦᠰᠦᠲᠡᠨ ᠤ ᠤᠳᠬ᠎ᠠ ᠤᠷᠠᠯᠢᠭ ᠤᠨ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠦᠨ᠎ᠡ᠃ | ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠣᠷᠣᠨ ᠨᠤᠲᠤᠭ ᠤᠨ ᠰᠢ ᠵᠦᠴᠦᠭᠡ ᠶᠢᠨ ᠦᠵᠡᠭᠦᠯᠦᠯᠭᠡ ᠲᠣᠭᠯᠠᠯᠲᠠ᠂ | ᠪᠥᠬᠦ ᠣᠷᠣᠨ ᠤ ᠱᠤᠭ ᠵᠦᠴᠦᠭᠡ ᠶᠢᠨ ᠤᠷᠤᠯᠳᠤᠭᠠᠨ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ | ᠴᠥᠭᠡᠨ ᠲᠣᠭᠠᠲᠤ ᠦᠨᠳᠦᠰᠦᠲᠡᠨ ᠤ ᠳᠠᠭᠤᠤ ᠪᠥᠵᠢᠭ᠂ ᠴᠥᠭᠡᠨ ᠲᠣᠭᠠᠲᠤ ᠦᠨᠳᠦᠰᠦᠲᠡᠨ ᠤ ᠬᠡᠯᠡᠨ ᠤ | ᠲᠥᠷᠥᠯ ᠤᠨ ᠵᠦᠴᠦᠭᠡ ︵ᠲᠤᠭᠯᠠᠯᠲᠠ︶ ᠶᠢᠨ ᠵᠣᠷᠢᠯᠭ᠎ᠠ ᠶᠢ ᠵᠣᠬᠢᠶᠠᠨ ᠪᠦᠲᠦᠭᠡᠬᠦ᠂ ᠪᠣᠯᠪᠠᠰᠤᠷᠠᠬᠤ᠂ ᠲᠣᠭᠯᠠᠯᠲᠠ | ᠪᠠ ᠤᠷᠤᠯᠳᠤᠭᠠᠨ ᠵᠡᠷᠭᠡ ᠠᠵᠢᠯ ᠢ ᠴᠢᠩᠭᠠᠳᠬᠠᠪᠠ᠃ ᠭᠤᠷᠪᠠ ᠳᠤ᠂ ᠪᠦᠬᠦ ᠣᠷᠣᠨ ᠤ ᠡᠯ᠎ᠡ ᠱᠠᠲᠤᠨ ᠤ ᠤᠳᠬ᠎ᠠ | ᠤᠷᠠᠯᠢᠭ ᠤᠨ ᠬᠦᠷᠢᠶᠡᠯᠡᠩ ᠤᠨ ᠪᠦᠯᠬᠦᠮ ᠢ ᠵᠣᠬᠢᠶᠠᠨ ᠪᠠᠶᠢᠭᠤᠯᠤᠨ ᠲᠠᠷᠢᠶᠠᠯᠠᠬᠤ ᠮᠠᠯᠵᠢᠬᠤ ᠣᠷᠣᠨ᠂ ᠦᠢᠯᠡᠳᠪᠦᠷᠢ | ᠠᠭᠤᠷᠬᠠᠶ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ᠂ ᠢᠯᠠᠩᠭᠤᠶ᠎ᠠ ᠶᠠᠳᠠᠭᠤ ᠬᠦᠴᠢᠷᠳᠡᠯᠲᠡᠶ | ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠣᠯᠤᠨ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠡᠷᠢᠭ ᠠᠩᠭᠢ᠂ ᠬᠠᠷᠠᠭᠤᠯ ᠤᠨ ᠭᠠᠵᠠᠷ ᠵᠡᠷᠭᠡ ᠦᠨᠳᠦᠰᠦᠨ | ᠱᠠᠲᠤᠨ ᠳᠤ ᠣᠴᠢᠵᠤ ︽ᠵᠠᠭᠤᠨ ᠪᠦᠯᠬᠦᠮ ᠮᠢᠩᠭᠠᠨ ᠲᠠᠯᠠᠪᠠᠢ︾ ᠠᠷᠠᠳ ᠲᠤ ᠠᠰᠢᠭ ᠬᠦᠷᠲᠡᠭᠡᠬᠦ ᠲᠣᠭᠯᠠᠯᠲᠠ | ᠭᠠᠷᠭᠠᠬᠤ ᠠᠵᠢᠯᠯᠠᠭ᠎ᠠ ᠥᠷᠨᠢᠭᠦᠯᠪᠡ᠃ | ︵ᠲᠠᠪᠤ︶ ᠣᠯᠠᠨ ᠨᠡᠶᠢᠲᠡ ᠶᠢᠨ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠲᠦᠯᠬᠢᠨ ᠠᠬᠢᠭᠤᠯᠤᠨ᠎ᠠ᠃ ᠨᠢᠭᠡ ᠳᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠨᠢᠭᠦᠯᠪᠡ᠃ ᠮᠠᠯᠴᠢᠨ | ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ᠂ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ᠂ ᠪᠠᠷᠠᠭᠤᠨ | ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠵᠡᠷᠭᠡ ᠶᠢ ᠵᠤᠬᠢᠶᠠᠨ ᠪᠠᠶᠢᠭᠤᠯᠵᠤ ᠴᠥᠭᠡᠨ ᠲᠣᠭᠠᠲᠤ | ᠦᠨᠳᠦᠰᠦᠲᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠬᠤᠶᠠᠷ ᠲᠤ᠂ ︽ᠬᠤᠶᠠᠷ ᠣᠷᠳᠣᠨ ᠨᠢᠭᠡ | ᠦᠷᠲᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠣᠷᠳᠣᠨ ᠨᠢᠭᠡ ᠦᠷᠲᠡᠭᠡ︾ ᠶᠢᠨ ᠦᠨᠳᠦᠰᠦᠨ | ᠱᠠᠲᠤᠨ ᠤ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠭᠰᠠᠨ ᠪᠠᠶᠢᠳᠠᠯ | ᠣᠳᠣᠬᠠᠨ ᠳᠤ ᠨᠡᠶᠢᠲᠡᠯᠡᠨ ᠬᠡᠷᠡᠭᠵᠢᠭᠦᠯᠵᠦ ᠪᠠᠶᠢᠭ᠎ᠠ ᠨᠤᠲᠤᠭ ᠤᠰᠤᠨ ᠤ ᠰᠣᠶᠣᠯ ᠤᠨ ᠬᠠᠮᠠᠭᠠᠯᠠᠯᠲᠠ ᠳᠤ | ᠬᠤᠯᠪᠣᠭᠳᠠᠬᠤ ᠰᠣᠶᠣᠯ ᠪᠠ ᠵᠢᠭᠤᠯᠴᠢᠯᠠᠯ ᠤᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠤ ᠭᠤᠤᠯᠳᠠᠭᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾᠂ ︽ᠲᠡᠤᠬᠡ ᠰᠣᠶᠣᠯ ᠤᠨ ᠨᠡᠷᠡᠲᠦ | ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠢ ᠬᠠᠮᠠᠭᠠᠯᠠᠬᠤ ᠳᠦᠷᠢᠮ︾︔ ᠮᠠᠨ ᠤ ᠣᠷᠣᠨ ᠤ ᠨᠡᠶᠢᠲᠡᠯᠡᠭᠰᠡᠨ ᠨᠢ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ︾ ᠵᠡᠷᠭᠡ ᠪᠣᠯᠤᠨ᠎ᠠ᠃ ᠨᠤᠲᠤᠭ ᠤᠰᠤᠨ ᠤ ᠰᠣᠶᠣᠯ | ᠪᠣᠯ ᠮᠠᠰᠢ ᠣᠯᠠᠨ ᠠᠭᠤᠯᠭ᠎ᠠ ᠶᠢ ᠬᠠᠮᠤᠷᠤᠭᠰᠠᠨ ᠤᠬᠠᠭᠳᠠᠬᠤᠨ ᠪᠣᠯᠬᠤ ᠤᠴᠢᠷ ᠠᠴᠠ ᠨᠢᠭᠡᠳᠦᠯᠲᠡᠶ ᠬᠠᠤᠯᠢ ᠴᠠᠭᠠᠵᠠ | ᠂ ᠳᠦᠷᠢᠮ ᠲᠣᠭᠲᠠᠭᠠᠯ ᠲᠣᠭᠲᠠᠭᠠᠬᠤ ᠨᠢ ᠨᠡᠯᠢᠶᠡᠳ ᠶᠡᠭᠡ ᠬᠦᠴᠢᠷᠳᠡᠯ ᠲᠠᠢ ᠶᠤᠮ᠃ ᠲᠡᠷᠡᠴᠢᠯᠡᠨ ᠰᠣᠶᠣᠯ ᠪᠠ | ᠵᠢᠭᠤᠯᠴᠢᠯᠠᠯ ᠤᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶ᠎ᠡ ᠠᠴᠠ ᠨᠢᠭᠡᠨᠲᠡ ᠳᠠᠪᠠᠵᠤ᠂ | ᠰᠢᠢᠳᠪᠦᠷᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ᠃ ᠲᠠᠷᠠᠭᠠᠴᠢ ᠶᠢᠨ ᠠᠯᠬᠤᠮ ᠳᠤ ᠰᠣᠶᠣᠯ | ᠵᠢᠭᠤᠯᠴᠢᠯᠠᠯ ᠤᠨ ᠦᠢᠯᠡᠰ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠨᠡᠶᠢᠲᠡᠯᠡᠬᠦ ᠶᠢ ᠦᠷᠭᠦᠯᠵᠢᠯᠡᠨ ᠠᠬᠢᠭᠤᠯᠵᠤ᠂ ᠨᠤᠲᠤᠭ ᠤᠰᠤᠨ | ᠤ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠵᠢᠱᠢᠶᠡᠯᠡᠪᠡᠯ ᠣᠶᠢᠷ᠎ᠠ ᠶᠢᠨ ᠬᠤᠭᠤᠴᠠᠭᠠᠨ ᠳᠤ ᠮᠠᠨ ᠤ | ᠲᠢᠩᠬᠢᠮ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ︽ | ᠤᠯᠠᠭᠠᠨᠮᠥ᠋ᠴᠢᠷ ᠤᠨ ᠳᠦᠷᠢᠮ︾ ᠢ ᠲᠦᠷᠭᠡᠨ ᠨᠡᠶᠢᠲᠡᠯᠡᠬᠦ ᠶᠢ ᠢᠳᠡᠪᠬᠢᠲᠡᠢ ᠠᠬᠢᠭᠤᠯᠵᠤ ᠪᠠᠶᠢᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ | 2019 ᠣᠨ ᠤ 6 ᠰᠠᠷ᠎ᠠ ᠶᠢᠨ 24 ᠤ ᠡᠳᠦᠷ |