| | | ᠲᠥᠯᠥᠭᠡᠯᠡᠭᠴᠢ ᠲᠤᠤ ᠾᠦᠢ ᠰᠢᠶᠠ ᠳᠤ᠄ | ᠲᠠᠨ ᠤ ᠳᠤᠷᠠᠳᠤᠭᠰᠠᠨ ︽ᠲᠡᠮᠡᠭᠡᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ | ᠪᠠᠶᠢᠭᠤᠯᠬᠤ ᠲᠤᠬᠠᠶ ᠰᠠᠨᠠᠭᠤᠯᠭ᠎ᠠ︾ ᠭᠡᠰᠡᠨ ᠰᠠᠨᠠᠯ ᠢ ᠣᠯᠤᠭᠠᠳ ᠣᠶᠢᠯᠠᠭᠠᠯ᠎ᠠ᠂ ᠡᠳᠦᠭᠡ ᠬᠠᠷᠢᠭᠤᠯᠲᠠ ᠥᠭᠭᠦᠶ᠎ᠡ᠄ | ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠣᠯ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠪᠠᠷ ᠭᠤᠤᠯ ᠪᠣᠯᠭᠠᠭᠰᠠᠨ᠂ ᠲᠡᠤᠬᠡ ᠰᠣᠶᠣᠯ ᠤᠨ ᠡᠯᠪᠡᠭ ᠬᠤᠷᠠᠮᠳᠤᠯ ᠲᠠᠢ᠂ ᠣᠷᠣᠰᠢᠨ | ᠦᠷᠭᠦᠯᠵᠢᠯᠡᠭᠰᠡᠨ ᠪᠠᠶᠢᠳᠠᠯ ᠨᠢ ᠰᠠᠶᠢᠨ᠂ ᠴᠢᠬᠤᠯᠠ ᠦᠨ᠎ᠡ ᠥᠷᠲᠡᠭ ᠲᠠᠢ ᠪᠥᠭᠡᠳ ᠢᠯᠡ ᠲᠣᠳᠣ ᠣᠨᠴᠠᠯᠢᠭ ᠲᠠᠢ | ᠰᠣᠶᠣᠯ ᠤᠨ ᠬᠡᠯᠪᠡᠷᠢ ᠪᠠᠶᠢᠳᠠᠯ ᠳᠤ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠬᠢᠬᠦ ᠶᠢᠨ ᠬᠠᠮᠲᠤ ᠰᠣᠶᠣᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠠᠶᠢᠭᠤᠯᠤᠭᠰᠠᠨ ᠣᠨᠴᠠ ᠲᠣᠭᠲᠠᠭᠰᠠᠨ ᠣᠷᠣᠨ | ᠪᠦᠰᠡ ᠪᠣᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠪᠠ | ᠤᠯᠠᠮᠵᠢᠯᠠᠨ ᠵᠠᠯᠭᠠᠮᠵᠢᠯᠠᠬᠤ ᠦᠷᠨᠢᠨ ᠬᠦᠭᠵᠢᠬᠦ ᠶᠢ ᠲᠦᠯᠬᠢᠨ ᠠᠬᠢᠭᠤᠯᠵᠤ᠂ ᠰᠣᠶᠣᠯ ᠤᠨ ᠠᠮᠢ ᠠᠬᠤᠶ ᠶᠢᠨ | ᠰᠢᠰᠲ᠋ᠧᠮ ᠤᠨ ᠲᠡᠩᠴᠡᠭᠦᠷᠢ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠨ᠂ ᠦᠨᠳᠦᠰᠦᠲᠡᠨ ᠤ ᠢᠲᠡᠭᠡᠯ ᠵᠣᠷᠢᠭ | ᠪᠠ ᠪᠦᠯᠬᠦᠮᠳᠡᠯ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠪᠠᠷ | ᠵᠣᠬᠢᠴᠠᠩᠭᠤᠶ ᠬᠢᠭᠡᠳ ᠦᠷᠭᠦᠯᠵᠢᠯᠡᠨ ᠬᠦᠭᠵᠢᠬᠦ ᠶᠢ ᠠᠬᠢᠭᠤᠯᠬᠤ ᠶᠢᠨ ᠲᠥᠯᠥᠭᠡ᠂ 2007 ᠣᠨ ᠠᠴᠠ ᠡᠬᠢᠯᠡᠨ | ᠰᠣᠶᠣᠯ ᠤᠨ ᠶᠠᠮᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠠᠵᠢᠯ ᠢ ᠥᠷᠨᠢᠭᠦᠯᠪᠡ᠃ ᠣᠳᠣᠬᠠᠨ ᠪᠣᠯᠲᠠᠯ᠎ᠠ᠂ ᠪᠦᠬᠦ ᠤᠯᠤᠰ ᠲᠤ 21 ᠤᠯᠤᠰ ᠤᠨ ᠲᠠᠰ ᠤᠨ ᠰᠣᠶᠣᠯ ᠤᠨ ᠠᠮᠢ | ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠪᠤᠶ᠃ | ︽ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2005﹈ 42 ᠳ᠋ᠤᠭᠠᠷ ᠲᠣᠭᠠᠲᠤ︶᠂ ︽ᠮᠠᠨ ᠤ | ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ | ﹇2005﹈ 18 ᠳ᠋ᠤᠭᠠᠷ ᠲᠣᠭᠠᠲᠤ︶ ᠪᠣᠯᠤᠨ ︽ᠤᠯᠤᠰ ᠤᠨ ︿11 • 5﹀ ᠶᠢᠨ ᠲᠥᠯᠥᠪᠵᠢᠭᠦᠯᠭᠡ ᠶᠢᠨ | ᠬᠤᠭᠤᠴᠠᠭᠠᠨ ᠤ ᠰᠣᠶᠣᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠪᠴᠢ︾ ᠶᠢᠨ ᠵᠣᠷᠢᠭ ᠰᠠᠨᠠᠭ᠎ᠠ ᠶᠢ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠨ ᠤ ᠣᠷᠣᠨ ᠤ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠵᠤ᠂ ᠰᠣᠶᠣᠯ ᠬᠢᠭᠡᠳ ᠠᠵᠤ ᠠᠬᠤᠶ ᠨᠡᠶᠢᠭᠡᠮ ᠤᠨ ᠪᠦᠬᠦ ᠲᠠᠯ᠎ᠠ ᠪᠠᠷ ᠵᠣᠬᠢᠴᠠᠩᠭᠤᠶ ᠪᠠᠷ | ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠮᠠᠨ ᠤ ᠲᠢᠩᠬᠢᠮ 2009 ᠣᠨ ᠠᠴᠠ ᠡᠬᠢᠯᠡᠨ | ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠥᠷᠨᠢᠭᠦᠯᠪᠡ᠃ ᠮᠠᠨ ᠤ ᠣᠷᠣᠨ 2009 ᠣᠨ᠂ 2010 ᠤᠨ ᠪᠣᠯᠤᠨ 2013 | ᠣᠨ ᠳᠤ ᠨᠡᠶᠢᠲᠡ 13 ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ | ᠬᠠᠮᠠᠭᠠᠯᠠᠯᠲᠠ ᠶᠢᠨ ᠣᠷᠣᠨ ᠢ ᠲᠤᠰ ᠲᠤᠰ ᠨᠡᠶᠢᠲᠡᠯᠡᠵᠡᠶ᠂ ᠡᠭᠦᠨ ᠳᠤ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ | ᠲᠣᠷᠭᠤᠳ ᠮᠣᠩᠭᠤᠯ ᠦᠨᠳᠦᠰᠦᠲᠡᠨ ᠤ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠠ ᠠᠯᠠᠱᠠ | ᠠᠶᠢᠮᠠᠭ ᠤᠨ ᠠᠯᠠᠱᠠ ᠵᠡᠭᠦᠨ ᠬᠤᠰᠢᠭᠤᠨ ᠤ ᠠᠯᠠᠱᠠ ᠬᠤᠱᠤᠳ ᠮᠣᠩᠭᠤᠯ ᠦᠨᠳᠦᠰᠦᠲᠡᠨ ᠤ ᠰᠣᠶᠣᠯ ᠤᠨ ᠠᠮᠢ | ᠠᠬᠤᠶ ᠶᠢᠨ ᠬᠠᠮᠠᠭᠠᠯᠠᠯᠲᠠ ᠶᠢᠨ ᠣᠷᠣᠨ ᠢ ᠪᠠᠭᠲᠠᠭᠠᠨ᠎ᠠ᠃ 2019 ᠣᠨ ᠳᠤ᠂ ᠮᠠᠨ ᠤ ᠲᠢᠩᠬᠢᠮ ᠳᠥᠷᠪᠡᠳᠦᠭᠡᠷ | ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ | ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ︽ᠬᠥᠮᠦᠨ ᠢ ᠦᠵᠡᠬᠦ ᠪᠤᠳᠠᠰ ᠢ ᠦᠵᠡᠬᠦ ᠠᠮᠢᠳᠤᠷᠠᠯ ᠢ | ᠦᠵᠡᠬᠦ︾ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ︽ᠥᠪ ᠬᠥᠷᠥᠩᠭᠡ ᠡᠯᠪᠡᠭ ᠪᠠᠶᠠᠯᠢᠭ᠂ ᠠᠭᠤᠷ ᠠᠮᠢᠰᠬᠤᠯ | ᠭᠦᠨ ᠵᠤᠵᠠᠭᠠᠨ᠂ ᠣᠨᠴᠠᠯᠢᠭ ᠢᠯᠡ ᠲᠣᠳᠣ᠂ ᠠᠷᠠᠳ ᠣᠯᠠᠨ ᠠᠰᠢᠭ ᠬᠦᠷᠲᠡᠬᠦ︾ ᠭᠡᠳᠡᠭ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠠᠯᠠᠱᠠ ᠲᠡᠮᠡᠭᠡᠨ ᠰᠣᠶᠣᠯ ᠤᠨ ᠰᠣᠶᠣᠯ ᠤᠨ | ᠣᠨᠴᠠᠯᠢᠭ᠂ ᠣᠯᠠᠨ ᠲᠦᠮᠡᠨ ᠤ ᠰᠠᠭᠤᠷᠢ ᠪᠣᠯᠤᠨ ᠣᠷᠣᠨ ᠨᠤᠲᠤᠭ ᠤᠨ ᠢᠳᠡᠪᠬᠢᠵᠢᠯ ᠢ ᠪᠣᠳᠣᠯᠬᠢᠯᠠᠭᠠᠳ᠂ ᠮᠠᠨ ᠤ | ᠲᠢᠩᠬᠢᠮ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠥᠬᠦᠴᠡᠯ ᠪᠦᠷᠢᠳᠦᠭᠰᠡᠨ ᠦᠶ᠎ᠡ ᠳᠤ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠳᠤ ᠭᠤᠶᠤᠴᠢᠯᠠᠨ | ᠮᠡᠳᠡᠭᠦᠯᠬᠦ ᠶᠢ ᠰᠠᠨᠠᠭᠤᠯᠤᠶ᠎ᠠ᠃ | ᠠᠯᠠᠱᠠ ᠲᠡᠮᠡᠭᠡᠨ ᠤ ᠵᠢᠭᠤᠯᠴᠢᠯᠠᠯ ᠤᠨ ᠦᠢᠯᠡᠰ ᠢᠶᠠᠨ ᠬᠥᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠨᠢ | ᠄ | ᠨᠢᠭᠡᠳᠦᠭᠡᠷ ᠲᠤ᠂ ᠲᠡᠮᠡᠭᠡᠨ ᠠᠵᠤ ᠦᠢᠯᠡᠰ ᠪᠠ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ | ᠬᠦᠴᠦᠨ ᠪᠠ ᠣᠷᠣᠨ ᠵᠠᠶ ᠮᠠᠰᠢ ᠶᠡᠭᠡ ᠪᠠᠶᠢᠨ᠎ᠠ᠃ ᠲᠡᠮᠡᠭᠡᠨ ᠨᠠᠭᠠᠳᠤᠮ ᠤᠨ ᠴᠤᠭᠯᠠᠭᠠᠨ ᠢᠶᠠᠷ ᠳᠠᠮᠵᠢᠨ᠂ | ᠠᠯᠠᠱᠠ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠳᠡᠯᠭᠡᠨ ᠦᠵᠡᠭᠦᠯᠵᠦ᠂ ᠲᠡᠮᠡᠭᠡᠨ ᠠᠵᠤ | ᠦᠢᠯᠡᠰ ᠪᠠ ᠡᠯᠡᠰᠦᠨ ᠤ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ | ᠲᠦᠷᠭᠡᠳᠬᠡᠬᠦ ᠶᠢᠨ ᠲᠥᠯᠥᠭᠡ ᠲᠠᠪᠴᠠᠩ ᠪᠠ ᠠᠵᠠ ᠲᠣᠬᠢᠶᠠᠯ ᠢ ᠡᠭᠦᠳᠦᠨ᠎ᠡ᠃ | ᠬᠤᠶᠠᠳᠤᠭᠠᠷ ᠲᠤ᠂ ᠨᠠᠭᠠᠳᠤᠮ ᠨᠢ ᠮᠠᠯᠴᠢᠨ ᠲᠠᠷᠢᠶᠠᠴᠢᠨ ᠤ ᠰᠣᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠬᠤ ᠶᠢᠨ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠨᠡᠶᠢᠭᠡᠮ ᠤᠨ ᠡᠶ᠎ᠡ ᠵᠣᠬᠢᠴᠠᠯ | ᠲᠣᠭᠲᠠᠭᠤᠨ ᠪᠠᠶᠢᠳᠠᠯ ᠢ ᠠᠬᠢᠭᠤᠯᠵᠤ᠂ ᠬᠢᠯᠢ ᠬᠢᠵᠠᠭᠠᠷ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠣᠷᠣᠨ | ᠨᠤᠲᠤᠭ ᠤᠨ ᠠᠵᠤ ᠠᠬᠤᠶ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠢ | ᠳᠡᠭᠡᠭᠰᠢᠯᠡᠭᠦᠯᠬᠦ ᠳᠤ ᠠᠰᠢᠭᠲᠠᠶ ᠶᠤᠮ᠃ | ᠭᠤᠷᠪᠠᠳᠤᠭᠠᠷ ᠲᠤ᠂ ᠨᠠᠭᠠᠳᠤᠮ ᠢᠶᠠᠷ ᠲᠠᠮᠵᠢᠭᠤᠯᠵᠤ ᠬᠥᠮᠦᠰ ᠤᠨ ᠣᠷᠴᠢᠨ ᠲᠣᠭᠤᠷᠢᠨ ᠢ ᠬᠠᠮᠠᠭᠠᠯᠠᠬᠤ | ᠤᠬᠠᠮᠰᠠᠷ ᠢ ᠲᠡᠭᠡᠭᠰᠢᠯᠡᠭᠦᠯᠵᠦ ᠪᠣᠯᠤᠨ᠎ᠠ᠃ ᠨᠡᠭᠦᠳᠡᠯ ᠮᠠᠯᠵᠢᠯ ᠤᠨ ᠰᠣᠶᠣᠯ ᠳᠤ ᠣᠷᠴᠢᠨ ᠲᠣᠭᠤᠷᠢᠨ ᠢ ᠬᠠᠮᠠᠭᠠᠯᠠᠬᠤ | ᠤᠬᠠᠮᠰᠠᠷ ᠴᠢᠩᠭ᠎ᠠ ᠪᠠᠶᠢᠳᠠᠭ᠂ ᠨᠡᠭᠦᠳᠡᠯ ᠮᠠᠯᠵᠢᠯ ᠤᠨ ᠦᠢᠯᠡᠳᠪᠦᠷᠢᠯᠡᠯ ᠠᠮᠢᠳᠤᠷᠠᠯ ᠪᠣᠯ ᠡᠬᠡ ᠪᠠᠶᠢᠭᠠᠯᠢ ᠲᠠᠢ ᠡᠶ᠎ᠡ | ᠵᠣᠬᠢᠴᠠᠯ ᠲᠠᠢ ᠪᠠᠷ ᠬᠠᠮᠲᠤ ᠪᠠᠷ ᠠᠰᠢᠭ ᠬᠦᠷᠲᠡᠬᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠣᠯᠤᠨ᠎ᠠ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠨᠢ ᠣᠷᠴᠢᠨ ᠲᠣᠭᠤᠷᠢᠨ ᠤ | ᠬᠠᠮᠠᠭᠠᠯᠠᠯᠲᠠ ᠠᠴᠠ ᠰᠠᠯᠵᠤ ᠴᠢᠳᠠᠬᠤ ᠦᠭᠡᠶ᠂ ᠲᠡᠮᠡᠭᠡᠨ ᠰᠣᠶᠣᠯ ᠤᠨ ᠬᠥᠭᠵᠢᠯᠲᠡ ᠪᠣᠯᠤᠨ ᠠᠵᠤ ᠦᠢᠯᠡᠰ ᠤᠨ | ᠬᠥᠭᠵᠢᠯᠲᠡ ᠨᠢ ᠪᠣᠬᠢᠷᠲᠤᠯ ᠦᠭᠡᠶ ᠬᠥᠭᠵᠢᠯᠲᠡ ᠳᠤ ᠪᠦᠷᠢᠮᠦᠰᠦᠨ ᠠᠭᠤᠰᠤᠯᠴᠠᠵᠤ ᠴᠢᠳᠠᠨ᠎ᠠ᠃ | ᠡᠭᠦᠨ ᠳᠤ ᠦᠨᠳᠦᠰᠦᠯᠡᠨ᠂ ᠮᠠᠨ ᠤ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠯᠠᠱᠠ ᠠᠶᠢᠮᠠᠭ ᠤᠨ | ᠵᠠᠬᠢᠷᠭ᠎ᠠ ᠲᠠᠢ ᠬᠠᠮᠲᠤᠷᠠᠨ ᠥᠪᠥᠷ ᠮᠣᠩᠭᠤᠯ ᠤᠨ ᠲᠡᠮᠡᠭᠡᠨ ᠨᠠᠭᠠᠳᠤᠮ ᠵᠢᠴᠢ ᠲᠦᠮᠡᠨ ᠲᠡᠮᠡᠭᠡᠨ ᠤ ᠰᠣᠶᠣᠯ | ᠵᠢᠭᠤᠯᠴᠢᠯᠠᠯ ᠤᠨ ᠨᠠᠶᠢᠷ ᠢ ᠭᠤᠤᠯᠯᠠᠨ ᠡᠷᠬᠢᠯᠡᠵᠦ᠂ ᠲᠡᠮᠡᠭᠡᠨ ᠰᠣᠶᠣᠯ ᠤᠨ ᠠᠭᠤᠯᠬᠤᠨ ᠢ ᠲᠠᠰᠤᠷᠠᠯ ᠦᠭᠡᠢ | ᠪᠠᠶᠠᠯᠢᠭᠵᠢᠭᠤᠯᠪᠠ᠂ 2018 ᠣᠨ ᠪᠣᠯᠲᠠᠯ᠎ᠠ ᠨᠢᠭᠡᠨᠲᠡ ᠬᠤᠶᠠᠷ ᠬᠤᠭᠤᠴᠠᠭ᠎ᠠ ᠠᠮᠵᠢᠯᠲᠠᠲᠠᠶ ᠡᠷᠬᠢᠯᠡᠪᠡ᠃ | ᠠᠵᠢᠯᠯᠠᠭ᠎ᠠ ᠨᠢ ᠣᠶᠢᠷ᠎ᠠ ᠬᠠᠪᠢ ᠭᠠᠵᠠᠷ ᠣᠷᠣᠨ ᠤ ᠬᠢᠨ ᠤ ᠤᠷᠤᠯᠴᠠᠯᠭ᠎ᠠ ᠶᠢ ᠲᠠᠲᠠᠵᠤ᠂ ᠵᠢᠭᠤᠯᠴᠢᠯᠠᠯ ᠤᠨ | ᠦᠢᠯᠡᠳᠬᠦᠨ ᠪᠣᠯᠤᠨ ᠲᠡᠮᠡᠭᠡᠨ ᠤ ᠰᠣᠶᠣᠯ ᠤᠨ ᠠᠵᠤ ᠦᠢᠯᠡᠰ ᠤᠨ ᠭᠠᠷᠭᠠᠯᠲᠠ ᠪᠠ ᠦᠢᠯᠡᠳᠦᠯᠴᠡᠯ ᠢ | ᠪᠦᠷᠢᠯᠳᠦᠭᠦᠯᠪᠡ᠂ ᠲᠡᠮᠡᠭᠡᠨ ᠤ ᠤᠯᠠᠮᠵᠢᠯᠠᠯᠲᠤ ᠰᠣᠶᠣᠯ ᠤᠨ ᠬᠡᠷᠡᠭᠰᠡᠯ ᠵᠢᠴᠢ ᠪᠦᠲᠦᠭᠡᠭᠳᠡᠬᠦᠨ ᠢ ᠲᠥᠪᠯᠡᠷᠡᠭᠦᠯᠦᠨ | ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠲᠡᠮᠡᠭᠡᠨ ᠨᠣᠣᠰᠤᠨ ᠤ ᠪᠠᠷᠠᠭ᠎ᠠ ᠲᠠᠸᠠᠷ ᠢ ᠳᠡᠯᠭᠡᠨ ᠦᠵᠡᠭᠦᠯᠬᠦ᠂ ᠲᠡᠮᠡᠭᠡᠨ | ᠠᠴᠢᠶᠠᠨ ᠤ ᠪᠠᠭᠠᠵᠢ ᠬᠡᠷᠡᠭᠰᠡᠯ ᠢ ᠳᠡᠯᠭᠡᠨ ᠪᠣᠷᠣᠯᠠᠭᠤᠯᠬᠤ᠂ ᠢᠡᠭᠭᠡᠨ ᠰᠦᠨ ᠤ ᠴᠠᠭᠠᠨ ᠢᠳᠡᠭᠡᠨ ᠢ ᠳᠡᠯᠭᠡᠨ | ᠪᠣᠷᠣᠯᠠᠭᠤᠯᠬᠤ᠂ ᠲᠡᠮᠡᠭᠡᠨ ᠮᠢᠬᠠᠨ ᠤ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠲᠡᠮᠡᠭᠡᠨ ᠶᠠᠰᠤᠨ ᠤ | ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠡᠯᠡᠰᠦᠨ ᠠᠵᠤ ᠦᠢᠯᠡᠰ ᠤᠨ ᠪᠦᠲᠦᠭᠡᠭᠳᠡᠬᠦᠨ ᠢ ᠳᠡᠯᠭᠡᠨ | ᠪᠣᠷᠣᠯᠠᠭᠤᠯᠬᠤ ᠭᠡᠬᠦ ᠵᠡᠷᠭᠡ ᠶᠢ ᠪᠠᠭᠲᠠᠭᠠᠭᠠᠳ ᠰᠣᠶᠣᠯ ᠤᠨ ᠨᠡᠷᠡᠲᠦ ᠲᠡᠮᠳᠡᠭ ᠢ ᠡᠭᠦᠳᠴᠦ᠂ ᠪᠦᠲᠦᠭᠡᠭᠳᠡᠬᠦᠨ ᠤ | ᠱᠤᠭᠤᠮ ᠢ ᠪᠠᠶᠠᠯᠢᠭᠵᠢᠭᠤᠯᠪᠠ᠃ | ᠲᠡᠮᠡᠭᠡᠨ ᠰᠣᠶᠣᠯ ᠤᠨ ᠭᠤᠤᠯ ᠰᠡᠳᠦᠪᠲᠦ ᠵᠠᠮ ᠱᠤᠭᠤᠮ ᠢ ᠤᠬᠠᠭᠤᠯᠬᠤ᠄ ᠵᠢᠭᠤᠯᠴᠢᠯᠠᠯ ᠤᠨ ᠵᠠᠩᠭᠢᠯᠠᠭ᠎ᠠ ᠶᠢᠨ | ᠴᠡᠭ᠄ ᠠᠯᠠᠱᠨ ᠠᠭᠤᠯᠠ ᠶᠢᠨ ᠪᠤᠶᠠᠨ ᠦᠨᠳᠦᠰᠦᠯᠡᠭᠴᠢ ᠰᠦᠮ᠎ᠡ — ᠮᠦᠷᠡᠨᠭᠤᠣᠯ ᠥᠷᠲᠡᠭᠡ — ᠦᠷᠡᠭᠳᠡᠭᠰᠡᠨ | ᠪᠠᠭᠠᠲᠤᠷᠴᠤᠳ ᠤᠨ ᠣᠩᠭᠤᠨ ᠤ ᠬᠦᠷᠢᠶᠡᠯᠡᠩ — ᠰᠦᠮᠡᠲᠦ ᠶᠢᠨ ᠠᠭᠤᠢ — ᠲᠡᠮᠡᠭᠡ ᠶᠢ ᠳᠠᠰᠬᠠᠨ ᠲᠡᠵᠢᠭᠡᠬᠦ | ᠰᠠᠭᠤᠷᠢᠨ ᠭᠠᠵᠠᠷ — ᠰᠢᠷ᠎ᠠ ᠪᠦᠷᠢᠳᠦ — ᠠᠯᠠᠱᠠ ᠴᠢᠨ ᠸᠠᠩ ᠤᠨ ᠣᠷᠳᠣᠨ ᠤ ᠬᠠᠭᠤᠴᠢᠨ ᠪᠠᠭᠤᠷᠢ᠃ | ᠡᠳᠡᠭᠡᠷ ᠠᠴᠠ ᠵᠤᠭᠠᠴᠠᠭᠰᠠᠳ ᠲᠥᠪᠡᠳ ᠠᠴᠠ ᠤᠯᠠᠮᠵᠢᠯᠠᠭᠰᠠᠨ ᠪᠤᠳ᠋ᠳ᠋ᠾᠠ ᠶᠢᠨ ᠱᠠᠰᠢᠨ ᠤ ᠰᠣᠶᠣᠯ ᠢ ᠮᠡᠳᠡᠷᠡᠨ᠂ | ᠬᠠᠳᠠᠨ ᠠᠭᠤᠢ ᠶᠢᠨ ᠤᠷᠠᠯᠢᠭ ᠢ ᠣᠶᠢᠯᠠᠭᠠᠵᠤ᠂ ᠲᠡᠮᠡᠭᠡ ᠶᠢ ᠲᠠᠰᠬᠠᠨ ᠲᠡᠵᠢᠭᠡᠬᠦ᠂ ᠣᠡᠭᠭᠤᠨ ᠪᠤᠤᠷ᠎ᠠ ᠲᠠᠬᠢᠬᠤ ᠶᠢ | ᠣᠯᠵᠤ ᠰᠣᠨᠢᠷᠬᠠᠬᠤ ᠪᠣᠯᠤᠨ᠎ᠠ᠂ ᠬᠤᠪᠢᠰᠬᠠᠯ ᠤᠨ ᠲᠦᠯᠦᠭᠡ ᠪᠡᠶ᠎ᠡ ᠦᠷᠡᠭᠳᠡᠭᠰᠡᠨ ᠪᠠᠭᠠᠲᠤᠷᠴᠤᠳ ᠢ ᠰᠠᠨᠠᠭᠠᠯᠵᠠᠬᠤ᠂ | ᠣᠪᠣᠭ᠎ᠠ ᠲᠠᠬᠢᠵᠤ᠂ ᠲᠡᠮᠡᠭᠡ ᠤᠨᠤᠬᠤ ᠶᠢ ᠣᠶᠢᠯᠠᠭᠠᠵᠤ ᠴᠢᠳᠠᠨ᠎ᠠ᠃ | 2019 ᠣᠨ ᠤ ᠡᠬᠢ ᠪᠠᠷ ᠲᠡᠮᠡᠭᠡᠨ ᠰᠣᠶᠣᠯ ᠤᠨ ᠵᠤᠭᠠᠴᠠᠯ ᠤᠨ ᠦᠵᠡᠮᠵᠢ ᠶᠢᠨ ᠣᠷᠣᠨ ᠢ ᠨᠡᠭᠡᠭᠡᠨ | ᠬᠥᠭᠵᠢᠭᠦᠯᠬᠦ ᠠᠵᠢᠯ ᠨᠢᠭᠡᠨᠲᠡ ᠠᠷᠠᠯᠵᠢᠶᠠᠴᠢᠨ ᠤᠷᠢᠵᠤ ᠡᠬᠢᠯᠡᠪᠡ᠂ ᠰᠦᠮᠡᠲᠦ ᠶᠢᠨ ᠲᠡᠮᠡᠭᠡᠨ ᠤ ᠪᠣᠯᠪᠠᠰᠤᠷᠠᠯ ᠤᠨ | ᠲᠠᠯᠠᠪᠠᠶ᠂ ᠴᠠᠭᠠᠨ ᠲᠡᠮᠡᠭᠡᠨ ᠤ ᠰᠠᠭᠤᠷᠢᠨ ᠭᠠᠵᠠᠷ ᠪᠠ ᠰᠢᠯᠢᠭᠤᠣᠯ ᠤᠨ ᠪᠤᠤᠷ᠎ᠠ ᠶᠢᠨ ᠲᠠᠯᠠᠪᠠᠶ ᠪᠠᠷ ᠠᠵᠤ | ᠦᠢᠯᠡᠰ ᠢᠶᠠᠨ ᠡᠬᠢᠯᠡᠭᠦᠯᠬᠦ ᠵᠣᠭᠰᠣᠴᠠ ᠪᠠᠨ ᠪᠣᠯᠭᠠᠨ᠎ᠠ᠂ ᠡᠭᠦᠨ ᠤ ᠵᠡᠷᠭᠡᠴᠡᠭᠡ ᠪᠠᠷ᠂ ᠡᠷᠭᠢᠨ ᠲᠣᠭᠤᠷᠢᠨ ᠢ | ᠲᠣᠬᠢᠷᠠᠭᠤᠯᠤᠯᠲᠠ ᠲᠠᠢ ᠨᠡᠭᠡᠭᠡᠨ ᠬᠥᠭᠵᠢᠭᠦᠯᠬᠦ ᠶᠢ ᠳᠠᠪᠤᠰᠤᠨ ᠨᠠᠭᠤᠷ ᠤᠨ ᠵᠤᠭᠠᠴᠠᠯ᠂ ᠮᠣᠩᠭᠤᠯ ᠡᠮᠨᠡᠯᠭᠡ ᠶᠢᠨ | ᠰᠤᠪᠢᠯᠠᠯᠲᠠ ᠶᠢᠨ ᠬᠦᠷᠢᠶᠡᠯᠡᠩ ᠵᠡᠷᠭᠡ ᠰᠣᠶᠣᠯ ᠵᠤᠭᠠᠴᠠᠯ ᠤᠨ ᠠᠵᠤ ᠦᠢᠯᠡᠰ ᠲᠠᠢ ᠤᠶᠠᠯᠳᠤᠭᠤᠯᠬᠤ ᠶᠢᠨ | ᠬᠠᠮᠲᠤ ᠳᠤ ᠨᠢ ᠲᠡᠮᠡᠭᠡᠨ ᠤ ᠨᠠᠭᠠᠳᠤᠮ ᠢᠶᠠᠷ ᠵᠢᠯ ᠪᠦᠷᠢ ᠶᠢᠨ ᠲᠦᠪᠯᠡᠷᠡᠯ ᠲᠠᠢ ᠬᠦᠳᠡᠯᠭᠡᠭᠡᠨ ᠤ ᠵᠢᠯ ᠤᠨ ᠬᠤᠷᠠᠯ ᠪᠠ | ᠲᠡᠮᠡᠭᠡᠨ ᠤ ᠰᠣᠶᠣᠯ ᠤᠨ ᠵᠤᠭᠠᠴᠠᠯ ᠤᠨ ᠭᠤᠣᠯ ᠣᠷᠭᠢᠯ ᠴᠠᠭ ᠪᠣᠯᠭᠠᠵᠤ᠂ ᠤᠷᠲᠤᠳᠬᠠᠭᠰᠠᠨ ᠱᠤᠭᠤᠮ ᠤᠨ | ᠵᠤᠭᠠᠴᠠᠯ ᠤᠨ ᠥᠷᠲᠡᠭᠡ ᠶᠢ ᠪᠠᠶᠢᠭᠤᠯᠵᠤ᠂ ᠰᠣᠶᠣᠯ ᠵᠤᠭᠠᠴᠠᠯ ᠤᠨ ᠦᠢᠯᠡᠴᠢᠯᠡᠭᠡ ᠲᠠᠢ ᠵᠣᠯᠭᠠᠭᠤᠯᠤᠨ᠎ᠠ᠂ ᠡᠳᠡᠭᠡᠷ | ᠪᠠᠶᠢᠭᠤᠯᠤᠯᠲᠠ ᠨᠢ ᠦᠨᠡᠨ ᠬᠦ ᠪᠦᠲᠦᠬᠦ ᠳᠤ ᠬᠦᠷᠪᠡᠯ ᠠᠯᠠᠱᠠ ᠶᠢᠨ ᠰᠣᠶᠤᠯ ᠵᠢᠭᠤᠯᠴᠢᠯᠠᠯ ᠤᠨ ᠪᠦᠲᠦᠭᠡᠨ | ᠪᠠᠶᠢᠭᠤᠯᠤᠯᠲᠠ᠂ ᠮᠠᠯᠵᠢᠬᠤ ᠣᠷᠣᠨ ᠤ ᠠᠵᠤ ᠠᠬᠤᠶ᠂ ᠠᠷᠠᠳ ᠲᠦᠮᠡᠨ ᠤ ᠠᠵᠢᠯ ᠣᠯᠬᠤ ᠣᠷᠤᠯᠭ᠎ᠠ ᠨᠡᠮᠡᠭᠳᠡᠬᠦ ᠶᠢ | ᠠᠬᠢᠭᠤᠯᠬᠤ ᠳᠤ ᠯᠣᠲᠤ ᠶᠡᠭᠡ ᠦᠢᠯᠡᠳᠦᠯ ᠦᠵᠡᠭᠦᠯᠦᠨ᠎ᠡ᠃ | ᠮᠠᠨ ᠤ ᠣᠷᠣᠨ ᠤ ᠵᠢᠭᠤᠯᠴᠢᠯᠠᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠨᠢ ᠮᠠᠰᠢᠳᠠ ᠲᠠᠯᠠᠷᠬᠠᠵᠤ | ᠪᠠᠶᠢᠨ᠎ᠠ︕ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ | | 2019 ᠣᠨ ᠤ 6 ᠰᠠᠷ᠎ᠠ ᠶᠢᠨ 28 ᠤ ᠡᠳᠦᠷ |