| | | | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 9 ᠳ᠋ᠤᠭᠡᠷ | ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ | ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠵᠢᠶᠠᠩ ᠪᠥᠸᠧ ᠶᠠᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠳᠠᠷᠤᠭ᠎ᠠ ᠲᠠᠨ ᠵᠢᠩ ᠹᠧᠩ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠯᠢ ᠰᠢᠶᠣᠤ ᠴᠢᠦ ᠰᠣᠨᠢᠨ | ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠵᠧᠤ ᠴᠦᠨ ᠵᠢᠶᠧ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃ | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ ᠵᠧᠤ ᠴᠦᠨ ᠵᠢᠶᠧ | | ᠬᠤᠷᠠᠯ ᠡᠷᠬᠢᠯᠡᠭᠴᠢ ᠵᠧᠤ ᠴᠦᠨ ᠵᠢᠶᠧ᠄ ᠰᠤᠷᠪᠤᠯᠵᠢᠯᠠᠭᠴᠢ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ | ᠲᠠ ᠨᠠᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠡᠷᠬᠢᠯᠡᠭᠰᠡᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠰᠣᠨᠢᠨ ᠮᠡᠳᠡᠭᠡ | ᠨᠡᠶᠢᠲᠡᠯᠡᠬᠦ ᠰᠢᠷᠢᠰ ᠬᠤᠷᠠᠯ ᠤᠨ 8 ᠳ᠋ᠤᠭᠠᠷ ᠲᠠᠯᠠᠪᠠᠢ — ᠥᠪᠥᠷ ᠮᠣᠩᠭᠤᠯ ᠤᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠲᠤᠰᠬᠠᠶ | ᠬᠤᠷᠠᠯ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ᠂ ᠥᠪᠡᠷᠲᠡᠭᠡᠨ | ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠵᠢᠶᠠᠩ ᠪᠥᠸᠧ ᠶᠠᠨ᠂ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠳᠠᠷᠤᠭ᠎ᠠ ᠲᠠᠨ ᠵᠢᠩ ᠹᠧᠩ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ᠂ | ᠰᠣᠨᠢᠨ ᠮᠡᠳᠡᠭᠡᠨ ᠤ ᠥᠭᠦᠯᠡᠭᠴᠢ ᠯᠢ ᠰᠢᠶᠣᠤ ᠴᠢᠦ ᠨᠠᠷ ᠢ ᠤᠷᠢᠵᠤ᠂ ᠥᠪᠥᠷ ᠮᠣᠩᠭᠤᠯ ᠤᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠠᠨᠢᠯᠴᠠᠭᠤᠯᠬᠤ ᠶᠢᠨ ᠬᠠᠮᠲᠤ ᠣᠯᠠᠨ ᠤ | ᠠᠰᠠᠭᠤᠯᠲᠠ ᠶᠢ ᠬᠠᠷᠢᠭᠤᠯᠤᠨ᠎ᠠ᠃ | ᠥᠨᠥᠳᠥᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ᠂ ᠲᠥᠪ ᠤᠨ ᠦᠪᠡᠷᠲᠡᠭᠡᠨ ᠵᠠᠰᠠᠬᠤ ᠤᠷᠤᠨ ᠳᠤ | ᠰᠠᠭᠤᠭ᠎ᠠ ᠪᠠ ᠣᠷᠣᠨ ᠤ ᠳᠣᠲᠣᠷᠠᠬᠢ ᠭᠤᠤᠯ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ | ᠨᠠᠷ ᠢ ᠤᠷᠢᠭᠰᠠᠨ ᠪᠠᠶᠢᠨ᠎ᠠ᠂ ᠲᠠ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ᠂ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠡᠩ ᠲᠡᠷᠢᠭᠦᠨ ᠳᠤ᠂ ᠳᠡᠳ᠋ ᠲᠡᠷᠢᠭᠦᠯᠡᠭᠴᠢ ᠵᠧᠩ ᠬᠤᠩ ᠹᠠᠨ ᠲᠠᠨᠢᠯᠴᠠᠭᠤᠯᠭ᠎ᠠ ᠬᠢᠨ᠎ᠡ᠃ | | | | | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ | | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠥᠪᠥᠷ ᠮᠣᠩᠭᠤᠯ ᠤᠨ | ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ | ᠨᠡᠶᠢᠲᠡᠯᠡᠬᠦ ᠬᠤᠷᠠᠯ ᠤᠨ ᠦᠭᠡ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ | ︵2019 ᠣᠨ ᠤ 9 ᠳ᠋ᠤᠭᠡᠷ ᠰᠠᠷ᠎ᠠ ᠶᠢᠨ 11 ᠤ ᠡᠳᠦᠷ︶ | | ᠰᠣᠨᠢᠨ ᠮᠡᠳᠡᠭᠡᠯᠡᠯ ᠤᠨ ᠬᠢᠨ ᠤ ᠨᠠᠶᠢᠵᠠ ᠨᠠᠷ ᠡ᠄ | ᠰᠠᠶᠢᠨ ᠪᠠᠶᠢᠵᠠᠭᠠᠨ᠎ᠠ ᠤᠤ︖ | ᠲᠠᠨ ᠨᠠᠷ ᠤᠨ ᠲᠣᠰ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠭᠰᠠᠨ ᠢ ᠪᠠᠶᠠᠷᠯᠠᠨ | ᠤᠭᠲᠤᠵᠤ ᠪᠠᠶᠢᠨ᠎ᠠ᠃ ᠲᠠ ᠪᠦᠬᠦᠨ ᠤ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠰ ᠢ | ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠨᠠᠮ ᠤᠨ ᠦᠨᠳᠦᠰᠦᠲᠡᠨ ᠤ | ᠲᠥᠷᠦ ᠶᠢᠨ ᠪᠣᠳᠣᠯᠭ᠎ᠠ ᠶᠢᠨ ᠲᠤᠶᠠᠭᠠᠯᠠᠯ ᠳᠣᠤᠷ᠎ᠠ᠂ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠪᠠ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠪᠦᠷᠢ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠨᠠᠮ ᠤᠨ ᠰᠣᠶᠣᠯ ᠤᠨ ᠴᠢᠭᠯᠡᠯᠲᠡ ᠲᠥᠷᠦ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠦᠷᠢᠵᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ ᠶᠡᠬᠡᠪᠡᠷ ᠠᠬᠢᠭᠤᠯᠵᠤ᠂ ᠪᠦᠬᠦ | ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠰ ᠲᠡᠭ ᠭᠠᠷᠤᠭ᠎ᠠ ᠠᠴᠠ ᠡᠬᠢᠯᠡᠵᠦ᠂ ᠲᠠᠰᠤᠷᠠᠯᠲᠠ ᠦᠭᠡᠢ | ᠬᠥᠭᠵᠢᠨ ᠪᠤᠵᠠᠭᠠᠶᠢᠷᠠᠵᠤ᠂ ᠬᠤᠲᠠ ᠬᠥᠳᠡᠭᠡ ᠶᠢ ᠪᠦᠷᠬᠦᠭᠰᠡᠨ᠂ ᠣᠯᠠᠨ ᠡᠰᠢᠵᠢᠨ ᠬᠦᠭᠵᠢᠭᠰᠡᠨ᠂ ᠲᠡᠩᠴᠡᠭᠦᠷᠢᠲᠡᠶ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠦ᠂ ᠥᠪᠥᠷ | ᠮᠣᠩᠭᠤᠯ ᠤᠨ ᠣᠨᠴᠠᠯᠢᠭ ᠲᠠᠢ ᠬᠥᠭᠵᠢᠯᠲᠡ ᠶᠢᠨ ᠵᠠᠮ ᠢᠶᠠᠷ ᠵᠠᠮᠨᠠᠪᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠪᠦᠬᠦ ᠣᠷᠣᠨ ᠤ ᠳᠡᠭᠡᠳᠦ ᠳᠣᠣᠷᠠᠳᠤ | ᠱᠠᠲᠤ ᠪᠠᠷ ᠢᠶᠠᠨ ᠨᠡᠶᠢᠭᠡᠮ ᠵᠢᠷᠤᠮ ᠤᠨ ᠰᠢᠨ᠎ᠡ ᠰᠣᠶᠣᠯ ᠢ ᠪᠦᠲᠦᠭᠡᠨ ᠪᠠᠶᠢᠭᠤᠯᠬᠤ ᠶᠢ ᠪᠣᠳᠣᠯᠬᠢᠯᠠᠵᠤ᠂ ︽ | ᠬᠤᠶᠠᠷ ᠲᠤ ᠦᠢᠯᠡᠴᠢᠯᠡᠬᠦ︾ ᠴᠢᠭᠯᠡᠯ ᠪᠠ ︽ᠬᠤᠤᠰ ᠪᠦᠬᠦᠨ︾ ᠤ ᠴᠢᠭᠯᠡᠯᠲᠡ ᠶᠢ ᠪᠠᠷᠢᠮᠲᠠᠯᠠᠵᠤ᠂ ᠮᠠᠤ ᠽᠧ | ᠳ᠋ᠦᠩ ᠤᠨ ᠶᠠᠨ ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠰᠢᠨ᠎ᠡ | ᠰᠣᠶᠣᠯ ᠤᠨ ᠪᠠᠶᠢᠭᠤᠯᠤᠯᠲᠠ ᠳᠤ ᠵᠣᠷᠢᠭ ᠪᠠᠳᠠᠷᠠᠩᠭᠤᠶ ᠪᠠᠷ ᠣᠷᠣᠯᠴᠠᠵᠤ᠂ ᠨᠢᠭᠡ ᠪᠦᠯᠦᠭ ᠰᠣᠶᠣᠯ ᠤᠨ | ᠲᠥᠬᠦᠭᠡᠷᠦᠮᠵᠢ ᠶᠢ ᠪᠠᠶᠢᠭᠤᠯᠵᠤ᠂ ᠨᠢᠭᠡ ᠪᠦᠯᠦᠭ ᠰᠣᠶᠣᠯ ᠤᠨ ᠪᠦᠯᠬᠦᠮ ᠪᠠ ᠦᠨᠳᠦᠰᠦᠨ ᠱᠠᠲᠤᠨ ᠤ ᠰᠣᠶᠣᠯ ᠤᠨ | ᠭᠤᠤᠯᠯᠠᠭᠴᠢ ᠬᠦᠴᠦᠨ ᠢ ᠬᠥᠮᠦᠵᠢᠭᠦᠯᠦᠨ ᠭᠠᠷᠭᠠᠵᠤ᠂ ᠡᠯᠪᠡᠭ ᠪᠠᠶᠠᠯᠢᠭ ᠣᠯᠠᠨ ᠲᠦᠮᠡᠨᠴᠢ ᠰᠣᠶᠣᠯ ᠤᠨ | ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠥᠷᠦ ᠶᠢᠨ ᠪᠣᠳᠣᠯᠭ᠎ᠠ ᠶᠢ ᠤᠬᠠᠭᠤᠯᠬᠤ᠂ ᠠᠷᠠᠳ ᠲᠦᠮᠡᠨ ᠢ ᠰᠤᠷᠭᠠᠨ | ᠬᠥᠮᠦᠵᠢᠭᠦᠯᠵᠦ ᠦᠢᠯᠡᠴᠢᠯᠡᠬᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠳᠠᠯ ᠦᠢᠯᠡᠰ ᠴᠣᠭᠴᠠᠯᠠᠬᠤ ᠡᠷᠴᠢ | ᠵᠣᠷᠢᠭ ᠢ ᠬᠥᠭᠵᠢᠭᠡᠬᠦ ᠳᠤ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ ᠲᠠᠯ᠎ᠠ | ᠨᠤᠲᠤᠭ ᠲᠤ ᠮᠡᠨᠳᠦᠯᠡᠭᠰᠡᠨ ᠤᠯᠠᠭᠠᠨᠮᠥ᠋ᠴᠢᠷ ᠪᠣᠯ ᠳᠠᠷᠤᠶ ᠡᠨᠡ ᠬᠦ ᠬᠤᠭᠤᠴᠠᠭᠠᠨ ᠤ ᠪᠦᠬᠦ ᠣᠷᠣᠨ ᠤ ᠣᠯᠠᠨ | ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢᠨ ᠰᠢᠯᠢᠳᠡᠭ ᠲᠥᠯᠥᠭᠡᠯᠡᠭᠴᠢ ᠪᠣᠯᠤᠨ᠎ᠠ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠦᠵᠡᠯ ᠰᠠᠨᠠᠭ᠎ᠠ ᠪᠠᠨ ᠴᠢᠯᠥᠭᠡᠯᠡᠬᠦ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠨᠢ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ | ᠠᠮᠢᠵᠢᠷᠠᠯ ᠤᠨ ᠬᠦᠴᠦᠨ ᠨᠡᠮᠡᠷᠢᠯᠡᠵᠦ᠂ ᠪᠦᠬᠦ ᠣᠷᠣᠨ ᠳᠡᠭᠡᠳᠦ ᠳᠣᠣᠷᠠᠳᠤ ᠱᠠᠲᠤ ᠪᠠᠷ ᠢᠶᠠᠨ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠠᠷᠠᠳ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ | ᠬᠠᠩᠭᠠᠬᠤ ᠶᠢ ᠪᠣᠳᠣᠯᠬᠢᠯᠠᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢ ᠶᠡᠬᠡᠪᠡᠷ | ᠰᠡᠷᠭᠦᠭᠡᠨ ᠬᠥᠭᠵᠢᠭᠦᠯᠵᠦ᠂ ᠬᠢᠯᠢ ᠬᠢᠵᠠᠭᠠᠷ ᠤᠨ ᠰᠣᠶᠣᠯ ᠤᠨ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠪᠠ ᠠᠷᠠᠳ ᠤᠨ ᠰᠣᠶᠣᠯ ᠤᠨ ᠬᠠᠮᠠᠭᠠᠯᠠᠯᠲᠠ᠂ ᠺᠢᠨᠣ᠋ ︽2131︾᠂ ᠨᠣᠮ ᠪᠢᠴᠢᠭ ᠬᠦᠷᠭᠡᠵᠦ | ᠬᠥᠳᠡᠭᠡ ᠪᠠᠭᠤᠯᠭᠠᠬᠤ ᠵᠡᠷᠭᠡ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠨᠡᠶᠢᠲᠡ 23 ᠬᠤᠰᠢᠭᠤ | ᠰᠢᠶᠠᠨ ᠪᠦᠬᠦ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠲᠡᠷᠢᠭᠦᠨ ᠤ ᠬᠤᠰᠢᠭᠤ ᠰᠢᠶᠠᠨ ᠢᠶᠠᠷ | ᠰᠢᠯᠭᠠᠷᠠᠭᠤᠯᠤᠭᠳᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠲᠦᠷᠭᠡᠨ ᠬᠥᠭᠵᠢᠬᠦ᠂ ᠰᠢᠨ᠎ᠡ ᠶᠢ ᠡᠭᠦᠳᠦᠨ | ᠬᠥᠭᠵᠢᠬᠦ᠂ ᠪᠦᠬᠦ ᠲᠠᠯ᠎ᠠ ᠪᠠᠷ ᠬᠥᠭᠵᠢᠬᠦ ᠱᠠᠲᠤᠨ ᠳᠤ ᠣᠷᠣᠬᠤ ᠶᠢ ᠲᠦᠯᠬᠢᠨ ᠠᠬᠢᠭᠤᠯᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠵᠤ᠂ ᠰᠣᠶᠣᠯ ᠢᠶᠠᠷ ᠣᠷᠣᠨ ᠢᠶᠠᠨ | ᠬᠦᠴᠦᠷᠬᠡᠭᠵᠢᠭᠦᠯᠬᠦ᠂ ᠪᠣᠯᠪᠠᠰᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠲᠤᠯᠠᠬᠤ ᠬᠠᠤᠯᠢ︾ ᠶᠢ ᠲᠤᠭᠤᠰᠢᠯᠠᠭᠤᠯᠤᠨ | ᠨᠠᠶᠢᠳᠠᠪᠦᠷᠢᠵᠢᠭᠤᠯᠬᠤ ᠪᠠᠷ ᠭᠤᠤᠯ ᠰᠢᠵᠢᠮ ᠪᠣᠯᠭᠠᠵᠤ᠂ ᠰᠢᠰᠲ᠋ᠧᠮ ᠢ ᠲᠡᠭᠦᠯᠳᠡᠷᠵᠢᠭᠦᠯᠬᠦ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠡᠷᠬᠡ ᠲᠡᠭᠰᠢ ᠪᠣᠯᠭᠠᠬᠤ ᠶᠢ ᠠᠬᠢᠭᠤᠯᠬᠤ ᠪᠠᠷ ᠭᠤᠤᠯᠳᠠᠯᠭ᠎ᠠ ᠪᠤᠯᠭᠠᠵᠤ᠂ ᠰᠤᠮᠤ ᠰᠢᠶᠠᠩ | ᠪᠠᠯᠭᠠᠰᠤ ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠪᠣᠯᠤᠨ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ | ᠰᠣᠶᠣᠯ ᠤᠨ ᠳᠠᠰᠤᠭ ᠢᠶᠠᠷ ᠭᠤᠤᠯᠳᠠᠯᠭ᠎ᠠ ᠪᠣᠯᠭᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠰᠣᠶᠣᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠷᠠᠳᠢᠣ᠋ ᠲᠧᠯᠸᠢᠰ | ᠰᠠᠴᠤᠷᠠᠭᠤᠯᠬᠤ ᠥᠷᠲᠡᠭᠡ ᠶᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠢᠳᠡᠪᠬᠢᠲᠡᠢ | ᠳᠡᠯᠭᠡᠷᠡᠭᠦᠯᠵᠦ᠂ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢ ᠤᠯᠤᠰ ᠤᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠠᠮᠵᠢᠯᠲᠠ ᠲᠠᠢ | ᠴᠤᠭᠴᠠᠯᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠰ ᠢ ᠪᠦᠬᠦᠯᠢ ᠴᠣᠭᠴᠠ ᠪᠠᠷ ᠨᠢ ᠠᠬᠢᠭᠤᠯᠤᠭᠰᠠᠨ᠂ ᠪᠦᠬᠦ | ᠲᠠᠯ᠎ᠠ ᠪᠠᠷ ᠴᠡᠴᠡᠭᠯᠡᠨ ᠬᠥᠭᠵᠢᠭᠰᠡᠨ᠂ ᠴᠢᠨᠠᠷ ᠰᠠᠶᠢᠲᠠᠶ ᠬᠥᠭᠵᠢᠭᠰᠡᠨ ᠰᠢᠨ᠎ᠡ ᠴᠠᠭ ᠦᠶ᠎ᠡ ᠶᠢ ᠤᠭᠲᠤᠨ ᠠᠪᠴᠢᠷᠠᠪᠠ᠃ | | 70 ᠵᠢᠯ ᠤᠨ ᠲᠤᠷᠰᠢ᠂ ᠪᠢᠳᠡ ᠴᠥᠬᠦᠷᠡᠰᠢ ᠦᠭᠡᠢ ᠪᠠᠷ ᠦᠨᠳᠦᠰᠦᠨ ᠱᠠᠲᠤ ᠶᠢ ᠠᠳᠬᠤᠵᠤ᠂ ᠰᠠᠭᠤᠷᠢ ᠶᠢ | ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ | ᠪᠢᠳᠡ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠪᠡᠯᠡ ᠮᠥᠩᠭᠦ ᠡᠬᠢ | ᠪᠠᠶᠠᠯᠢᠭ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠰᠣᠶᠣᠯ ᠤᠨ ᠦᠢᠯᠡᠰ ᠲᠡᠶᠢᠰᠢ ᠬᠡᠯᠪᠠᠶᠢᠯᠭᠡᠵᠦ | ᠂ ᠬᠤᠲᠠ ᠬᠥᠳᠡᠭᠡ ᠳᠤ ᠨᠡᠶᠢᠳᠡᠮ ᠲᠦᠭᠡᠭᠰᠡᠨ ᠦᠯᠡᠮᠵᠢ ᠣᠯᠠᠨ ᠣᠯᠠᠨ ᠨᠡᠶᠢᠲᠡ ᠶᠢᠨ ᠰᠣᠶᠣᠯ ᠤᠨ ᠰᠠᠭᠤᠷᠢ | ᠲᠥᠬᠦᠭᠡᠷᠦᠮᠵᠢ ᠶᠢ ᠪᠠᠶᠢᠭᠤᠯᠪᠠ᠃ ᠡᠭᠦᠨ ᠤ ᠬᠠᠮᠲᠤ᠂ ᠠᠭᠤᠰᠤᠯᠴᠠᠭᠤᠯᠤᠨ ᠬᠥᠭᠵᠢᠭᠦᠯᠬᠦ᠂ ᠬᠦᠴᠦ ᠵᠢᠭᠡᠯᠡᠨ | ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠭᠤᠯᠢ᠂ ᠪᠠᠶᠢᠭᠤᠯᠭ᠎ᠠ᠂ ᠠᠵᠤ ᠠᠬᠤᠢᠯᠠᠯ ᠠᠵᠢᠯ ᠦᠢᠯᠡᠰ ᠤᠨ ᠨᠢᠭᠡᠴᠢ ᠶᠢᠨ | ᠲᠦᠭᠡᠮᠡᠯ ᠬᠠᠷᠠᠭᠠᠯᠵᠠᠯ ᠤᠨ ᠴᠢᠨᠠᠷᠲᠠᠶ ᠰᠣᠶᠣᠯ ᠤᠨ ᠦᠢᠯᠡᠴᠢᠯᠡᠭᠡ ᠥᠷᠨᠢᠭᠦᠯᠬᠦ ᠶᠢ ᠬᠥᠲᠥᠯᠥᠨ ᠵᠢᠯᠣᠭᠤᠳᠴᠤ | ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠣᠯᠤᠨ ᠣᠯᠠᠨ ᠲᠦᠮᠡᠨ ᠤ ᠬᠤᠭᠤᠷᠣᠨᠳᠣᠬᠢ ︽ | ᠲᠡᠭ ᠵᠥᠷᠢᠶ᠎ᠡ︾ ᠶᠢ ᠦᠨᠳᠦᠰᠦᠨ ᠳᠤ ᠪᠠᠨ ᠪᠡᠶᠡᠯᠡᠭᠦᠯᠪᠡ᠃ | ᠳᠡᠭᠡᠷ᠎ᠡ ᠵᠠᠭᠤᠨ ᠤ ᠲᠠᠪᠢᠭᠠᠳ ᠣᠨ ᠤ ᠡᠬᠢ ᠪᠠᠷ᠂ ᠪᠥᠬᠦ ᠣᠷᠣᠨ ᠳᠤ ᠣᠯᠠᠨ ᠨᠡᠶᠢᠲᠡ ᠶᠢᠨ ᠨᠣᠮ ᠤᠨ ᠰᠠᠩ | 1᠂ ᠰᠣᠶᠣᠯ ᠤᠨ ᠣᠷᠳᠣᠨ 74᠂ ᠰᠣᠶᠣᠯ ᠤᠨ ᠥᠷᠲᠡᠭᠡ 30 ᠯᠡ ᠪᠠᠶᠢᠭᠰᠠᠨ ᠠᠴᠠ ᠪᠠᠨ ᠬᠥᠭᠵᠢᠭᠡᠳ ᠣᠳᠣ | ᠪᠣᠯᠬᠤ ᠳᠤ᠂ ᠣᠯᠠᠨ ᠨᠡᠶᠢᠲᠡ ᠶᠢᠨ ᠨᠣᠮ ᠤᠨ ᠰᠠᠩ 117᠂ ᠰᠣᠶᠣᠯ ᠤᠨ ᠣᠷᠳᠣᠨ 120᠂ ᠮᠦᠽᠧᠶ 185᠂ | ᠤᠷᠠᠨ ᠵᠢᠷᠤᠭ ᠤᠨ ᠣᠷᠳᠣᠨ 24᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ | ᠰᠣᠶᠣᠯ ᠤᠨ ᠥᠷᠲᠡᠭᠡ 1093᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠴᠢᠨᠠᠷᠲᠠᠶ | ᠰᠣᠶᠣᠯ ᠤᠨ ᠠᠵᠢᠯᠯᠠᠭᠠᠨ ᠤ ᠲᠥᠪ 12522 ᠪᠣᠯᠵᠤ᠂ ᠲᠠᠪᠤᠨ ᠲᠡᠰ ᠤᠨ ᠣᠯᠠᠨ ᠨᠡᠶᠢᠲᠡ ᠶᠢᠨ ᠰᠣᠶᠣᠯ ᠤᠨ | ᠪᠡᠯᠡᠳᠬᠡᠮᠵᠢ ᠶᠢᠨ ᠲᠣᠤᠷ ᠰᠦᠯᠵᠢᠶ᠎ᠡ ᠦᠨᠳᠦᠰᠦᠨ ᠳᠤ ᠪᠠᠨ ᠪᠦᠷᠢᠯᠳᠦᠵᠦ᠂ ᠲᠦᠮᠡᠨ ᠬᠥᠮᠦᠨ ᠪᠦᠷᠢ ᠳᠤ ᠣᠯᠠᠨ | ᠨᠡᠶᠢᠲᠡ ᠶᠢᠨ ᠰᠣᠶᠣᠯ ᠤᠨ ᠪᠡᠯᠡᠳᠬᠡᠮᠵᠢ ᠲᠠᠢ᠂ ᠬᠥᠮᠦᠨ ᠪᠦᠷᠢ ᠳᠤ ᠨᠣᠭᠳᠠᠬᠤ ᠨᠣᠮ ᠪᠢᠴᠢᠭ ᠨᠢ ᠴᠥᠮ ᠪᠥᠬᠦ | ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠵᠠᠶ᠃ ᠥᠪᠥᠷ ᠮᠣᠩᠭᠤᠯ ᠤᠨ ᠮᠦᠽᠧᠶ᠂ ᠰᠢᠨ᠎ᠡ ᠤᠷᠠᠨ | ᠵᠢᠷᠤᠭ ᠤᠨ ᠣᠷᠳᠣᠨ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠵᠡᠷᠭᠡ | ᠨᠢᠭᠡ ᠪᠦᠯᠦᠭ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠵᠠᠯᠭᠠᠭ᠎ᠠ ᠪᠠᠷ ᠪᠠᠶᠢᠭᠤᠯᠪᠠ᠃ | ᠷᠠᠳᠢᠣ᠋ ᠲᠧᠯᠸᠢᠰ ᠤᠨ ᠦᠢᠯᠡᠰ ᠨᠢ ᠨᠢᠭᠡ 20KW ᠶᠢᠨ ᠳᠤᠮᠳᠠ ᠳᠣᠯᠭᠢᠶᠠᠨ ᠤ ᠷᠠᠳᠢᠣ᠋ ᠨᠡᠪᠲᠡᠷᠡᠭᠦᠯᠭᠡ ᠶᠢᠨ | ᠰᠠᠴᠤᠷᠠᠭᠤᠯᠬᠤ ᠮᠠᠰᠢᠨ ᠪᠠ ᠨᠢᠭᠡ ᠢᠵᠢ ᠮᠣᠩᠭᠤᠯ ᠬᠢᠲᠠᠳ ᠬᠡᠯᠡᠨ ᠤ ᠬᠤᠯᠢᠯᠳᠤᠭᠤᠯᠤᠨ ᠨᠡᠪᠲᠡᠷᠡᠭᠦᠯᠬᠦ | ᠫᠷᠤᠭ᠍ᠷᠠᠮ ᠠᠴᠠ ᠡᠬᠢᠯᠡᠭᠡᠳ ᠬᠦᠭᠵᠢᠭᠡᠳ ᠥᠨᠥᠳᠥᠷ ᠪᠣᠯᠲᠠᠯ᠎ᠠ᠂ ᠪᠥᠬᠦ ᠣᠷᠣᠨ ᠤ ᠷᠠᠳᠢᠣ᠋ ᠲᠧᠯᠸᠢᠰ ᠬᠤᠷᠢᠶ᠎ᠠ 89᠂ | ᠷᠠᠳᠢᠣ᠋ ᠲᠧᠯᠸᠢᠰ ᠤᠨ ᠳᠠᠮᠵᠢᠭᠤᠯᠤᠨ ᠨᠡᠪᠲᠡᠷᠡᠭᠦᠯᠬᠦ ᠥᠷᠲᠡᠭᠡ 726 ᠪᠠᠶᠢᠵᠤ᠂ 126 ᠢᠵᠢ ᠷᠠᠳᠢᠤ᠋ ᠨᠡᠪᠲᠡᠷᠡᠭᠦᠯᠭᠡ | ᠶᠢᠨ ᠫᠷᠦᠭᠷᠠᠮ᠂ 120 ᠢᠵᠢ ᠲᠧᠯᠸᠢᠰ ᠨᠡᠪᠲᠡᠷᠡᠭᠦᠯᠭᠡ ᠡᠷᠬᠢᠯᠡᠵᠦ᠂ ᠪᠥᠬᠦ ᠵᠢᠯ ᠳᠤ 38.8 ᠲᠦᠮᠡᠨ ᠴᠠᠭ ᠷᠠᠳᠢᠣ᠋ | ᠨᠡᠪᠲᠡᠷᠡᠭᠦᠯᠭᠡ ᠦᠢᠯᠡᠳᠳᠡᠭ᠃ ᠪᠢᠴᠢᠯ ᠲᠤᠯᠬᠢᠶᠠᠨ ᠤ ᠳᠠᠮᠵᠢᠭᠤᠯᠭ᠎ᠠ ᠶᠢᠨ ᠦᠷᠲᠡᠭᠡ 201 ᠪᠠᠶᠢᠭᠤᠯᠵᠤ᠂ ᠪᠢᠴᠢᠯ | ᠲᠤᠯᠬᠢᠶᠠᠨ ᠤ ᠳᠠᠮᠵᠢᠭᠤᠯᠬᠤ ᠱᠤᠭᠤᠮ ᠤᠨ ᠪᠦᠬᠦ ᠤᠷᠳᠤ ᠨᠢ ᠪᠦᠬᠦ ᠤᠯᠤᠰ ᠲᠤ ᠲᠡᠷᠢᠭᠦᠯᠡᠪᠡ᠃ ᠤᠲᠠᠰᠤᠲᠤ | ᠲᠧᠯᠸᠢᠰ ᠤᠨ ᠳᠠᠮᠵᠢᠭᠤᠯᠬᠤ ᠲᠣᠤᠷ ᠤᠨ ᠶᠡᠷᠦᠩᠬᠡᠶ ᠤᠷᠳᠤ ᠨᠢ 2.72 ᠲᠦᠮᠡᠨ ᠺᠢᠯᠣᠮᠧᠲᠷ ᠲᠤ ᠬᠦᠷᠴᠦ᠂ | ᠤᠲᠠᠰᠤᠲᠤ ᠲᠧᠯᠸᠢᠰ ᠤᠨ ᠬᠡᠷᠡᠭᠯᠡᠭᠴᠢ 228 ᠲᠦᠮᠡᠨ ᠡᠷᠦᠬᠡ ᠳᠤ ᠬᠦᠷᠴᠦ᠂ ᠡᠭᠦᠨ ᠳᠤ ᠲᠣᠭᠠᠴᠢᠯᠠᠭᠰᠠᠨ | ᠬᠡᠷᠡᠭᠯᠡᠭᠴᠢ 216 ᠲᠦᠮᠡᠨ ᠡᠷᠦᠬᠡ ᠳᠤ ᠬᠦᠷᠴᠡᠶ᠃ ᠷᠠᠳᠢᠣ᠋ ᠨᠡᠪᠲᠡᠷᠡᠭᠦᠯᠭᠡ᠂ ᠲᠧᠯᠸᠢᠰ ᠤᠨ ᠶᠡᠷᠦᠩᠬᠡᠶᠢᠯᠡᠭᠰᠡᠨ | ᠪᠦᠷᠬᠦᠴᠡ ᠶᠢᠨ ᠨᠣᠷᠮ᠎ᠠ 99.2 % ᠠᠴᠠ ᠳᠡᠭᠡᠭᠰᠢ ᠳᠤ ᠬᠦᠷᠴᠡᠢ᠃ | ᠳᠡᠭᠡᠷ᠎ᠡ ᠵᠠᠭᠤᠨ ᠤ ᠶᠡᠷᠡᠭᠡᠳ ᠣᠨ ᠪᠣᠯᠲᠠᠯ᠎ᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠢ ᠬᠦᠮᠦᠰ ᠲᠤ | ᠠᠪᠴᠤ ᠬᠡᠯᠡᠪᠡᠯ ᠪᠠᠰᠠ ᠴᠤ ᠨᠢᠭᠡᠨ ᠰᠢᠨ᠎ᠡ ᠨᠡᠷ᠎ᠡ ᠦᠭᠡ ᠪᠠᠶᠢᠵᠠᠢ᠃ 1998 ᠣᠨ ᠠᠴᠠ ᠰᠡᠭᠦᠯᠡᠷ᠂ ᠥᠪᠡᠷᠲᠡᠭᠡᠨ | ᠵᠠᠰᠠᠬᠤ ᠣᠷᠣᠨ ᠵᠠᠯᠭᠠᠭ᠎ᠠ ᠪᠠᠷ ︽ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ | ᠬᠠᠮᠢᠶᠠᠷᠤᠯᠲᠠ ᠶᠢᠨ ᠳᠦᠷᠢᠮ︾ ᠪᠠ ︽ᠥᠪᠥᠷ ᠮᠣᠩᠭᠤᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ | ︾ ᠢ ᠨᠡᠶᠢᠲᠡᠯᠡᠵᠦ᠂ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠪᠠ᠃ ᠡᠳᠦᠭᠡ᠂ ᠪᠦᠬᠦ ᠣᠷᠣᠨ ᠤ ᠪᠣᠶ | ᠪᠦᠬᠦᠢ ᠬᠤᠰᠢᠭᠤ ᠰᠢᠶᠠᠨ ᠲᠣᠭᠤᠷᠢᠭ ᠨᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠢ | ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ 92 % ᠰᠤᠮᠤ ᠰᠢᠶᠠᠩ ᠪᠠᠯᠭᠠᠰᠤᠨ ᠳᠤ ᠪᠠᠭ᠎ᠠ ᠬᠡᠪᠴᠢᠶᠡᠨ ᠤ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠢ ᠪᠠᠶᠢᠭᠤᠯᠵᠤ᠂ 95% ᠭᠠᠴᠠᠭ᠎ᠠ ᠲᠣᠰᠬᠤᠨ ᠪᠣᠯᠤᠨ | 85% ᠨᠡᠶᠢᠭᠡᠮ ᠲᠣᠭᠤᠷᠢᠭ ᠲᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠡᠭ ᠪᠠᠶᠢᠭᠤᠯᠵᠤ᠂ ᠪᠡᠶ᠎ᠡ | ᠴᠢᠭᠢᠷᠠᠭᠵᠢᠭᠤᠯᠬᠤ ᠲᠠᠯᠠᠪᠠᠢ᠂ ᠪᠡᠶ᠎ᠡ ᠶᠢᠨ ᠲᠠᠮᠢᠷ ᠤᠨ ᠴᠡᠴᠡᠷᠯᠢᠭ᠂ ᠬᠡᠭᠡᠷ᠎ᠡ ᠭᠠᠳᠠᠨᠠᠬᠢ ᠬᠤᠸᠠᠷᠠᠨ᠂ ᠪᠡᠶ᠎ᠡ | ᠴᠢᠭᠢᠷᠠᠭᠵᠢᠭᠤᠯᠬᠤ ᠶᠠᠪᠠᠭᠠᠨ ᠵᠠᠮ᠂ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠠᠢ ᠵᠡᠷᠭᠡ ᠬᠤᠲᠠ | ᠬᠥᠳᠡᠭᠡ ᠶᠢ ᠪᠦᠷᠬᠦᠵᠦ᠂ ᠪᠡᠶ᠎ᠡ ᠶᠢᠨ ᠲᠠᠮᠢᠷ ᠤᠨ ᠲᠠᠯᠠᠪᠠᠢ ᠶᠢᠨ ᠶᠡᠷᠦᠩᠬᠡᠶ ᠲᠤᠭ᠎ᠠ 5.56 ᠲᠦᠮᠡ ᠳᠤ ᠬᠦᠷᠴᠦ᠂ | ᠦᠷᠭᠦᠯᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠳᠠᠭ ᠬᠥᠮᠦᠨ 41 % ᠳᠤ ᠬᠦᠷᠴᠡᠶ᠃ | 70 ᠵᠢᠯ ᠤᠨ ᠲᠤᠷᠰᠢ᠂ ᠪᠢᠳᠠ ᠠᠰᠢᠭ ᠬᠦᠷᠲᠡᠭᠡᠬᠦ ᠶᠢ ᠲᠦᠭᠡᠮᠡᠯᠵᠢᠭᠦᠯᠵᠦ᠂ ᠥᠭᠡᠷᠡᠴᠢᠯᠡᠯᠲᠡ ᠶᠢ | ᠠᠬᠢᠭᠤᠯᠬᠤ ᠶᠢ ᠴᠥᠬᠦᠷᠡᠰᠢ ᠦᠭᠡᠢ ᠠᠳᠬᠤᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠮᠵᠢ | ᠡᠳᠦᠷ ᠢᠷᠡᠬᠦᠶ᠎ᠡ ᠳᠡᠭᠡᠭᠰᠢᠯᠡᠪᠡ᠃ ᠨᠢᠭᠡ ᠳᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠶᠡᠬᠡᠪᠡᠷ ᠦᠷᠨᠢᠭᠦᠯᠪᠡ᠃ 1946 ᠣᠨ ᠳᠤ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ | ᠪᠠᠶᠢᠭᠤᠯᠤᠭᠳᠠᠭᠰᠠᠨ ᠠᠴᠠ ᠨᠠᠭᠠᠰᠢ᠂ ᠠᠷᠠᠳ ᠲᠦᠮᠡᠨ ᠳᠤ ᠦᠢᠯᠡᠴᠢᠯᠡᠬᠦ ᠨᠢ ᠥᠪᠥᠷ ᠮᠣᠩᠭᠤᠯ ᠤᠨ ᠰᠣᠶᠣᠯ ᠤᠨ | ᠦᠢᠯᠡᠰ ᠤᠨ ᠴᠥᠬᠦᠷᠡᠰᠢ ᠦᠭᠡᠢ ᠬᠥᠭᠡᠭᠡᠴᠡᠯᠳᠦᠯ ᠪᠣᠯᠵᠠᠶ᠃ ᠣᠳᠣᠬᠠᠨ ᠪᠣᠯᠲᠠᠯ᠎ᠠ ᠬᠥᠭᠵᠢᠭᠡᠳ ᠪᠥᠬᠦ ᠣᠷᠣᠨ ᠤ | ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ 95᠂ 5643 ᠬᠥᠮᠦᠨ ᠪᠣᠯᠵᠤ᠂ ᠵᠢᠯ | ᠪᠦᠷᠢ ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠬᠤ︾ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠶᠢ 1500 ᠭᠠᠷᠤᠶ ᠲᠠᠯᠠᠪᠤᠷ ᠦᠷᠨᠢᠭᠦᠯᠵᠦ ᠪᠠᠶᠢᠨ᠎ᠠ᠃ ᠨᠡᠭᠦᠳᠡᠯ ᠰᠣᠶᠣᠯ ᠤᠨ | ᠦᠢᠯᠡᠴᠢᠯᠡᠭᠡ ᠶᠢ ᠴᠢᠩᠭᠠᠳᠬᠠᠵᠤ᠂ ᠪᠦᠬᠦ ᠣᠷᠣᠨ ᠤ 31 ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ | ᠬᠤᠰᠢᠭᠤ ᠰᠢᠶᠠᠨ ᠳᠤ ᠨᠡᠭᠦᠳᠡᠯ ᠨᠣᠮ ᠪᠢᠴᠢᠭ ᠤᠨ ᠲᠡᠷᠭᠡ ᠪᠠ ᠨᠡᠭᠦᠳᠡᠯ ᠰᠣᠶᠣᠯ ᠤᠨ ᠲᠡᠷᠭᠡ ᠲᠣᠬᠢᠷᠠᠭᠤᠯᠵᠤ᠂ | 2018 ᠣᠨ ᠳᠤ 5400 ᠭᠠᠷᠤᠶ ᠲᠠᠯᠠᠪᠠᠢ ᠤᠳᠠᠭ᠎ᠠ ᠨᠡᠭᠦᠳᠡᠯ ᠲᠣᠭᠯᠠᠯᠲᠠ ᠭᠠᠷᠭᠠᠵᠤ᠂ ᠦᠵᠡᠭᠴᠢᠳ 277 | ᠲᠦᠮᠡᠨ ᠬᠥᠮᠦᠨ ᠤᠳᠠᠭ᠎ᠠ ᠳᠤ ᠣᠶᠢᠷᠠᠳᠴᠤ᠂ ᠨᠡᠭᠦᠳᠡᠯ ᠨᠤᠮ ᠰᠡᠳᠬᠦᠯ ᠢ 37 ᠲᠦᠮᠡᠨ ᠬᠥᠮᠦᠨ ᠤᠳᠠᠭ᠎ᠠ᠂ 70 | ᠲᠦᠮᠡᠨ ᠳᠡᠪᠲᠡᠷ ᠤᠳᠠᠭ᠎ᠠ ᠵᠢᠭᠡᠯᠡᠨ ᠤᠩᠰᠢᠪᠠ᠃ ᠡᠯ᠎ᠡ ᠲᠥᠷᠥᠯ ᠤᠨ ᠦᠵᠡᠰᠬᠦᠯᠡᠩ ᠢ ᠪᠠᠶᠢᠩᠭᠤᠵᠢᠭᠤᠯᠤᠨ | ᠡᠷᠬᠢᠯᠡᠬᠦ ᠶᠢ ᠠᠬᠢᠭᠤᠯᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ᠂ | ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠣᠢ ᠵᠡᠷᠭᠡ ᠴᠢᠬᠤᠯᠠ ᠶᠡᠭᠡ ᠴᠠᠭ ᠬᠤᠭᠤᠴᠠᠭ᠎ᠠ ᠶᠢᠨ ᠲᠣᠭᠤᠷᠢᠨ ᠳᠤ᠂ ᠨᠠᠮ ᠢᠶᠠᠨ ᠮᠠᠭᠲᠠᠨ ᠳᠠᠭᠤᠯᠠᠬᠤ᠂ | ᠡᠬᠡ ᠤᠯᠤᠰ ᠢᠶᠠᠨ ᠮᠠᠭᠲᠠᠨ ᠳᠠᠭᠤᠯᠠᠬᠤ᠂ ᠠᠷᠠᠳ ᠲᠦᠮᠡᠨ ᠢᠶᠠᠨ ᠮᠠᠭᠲᠠᠨ ᠳᠠᠭᠤᠯᠠᠬᠤ ᠠᠯᠢ ᠣᠯᠠᠨ | ᠦᠵᠡᠰᠬᠦᠯᠡᠩ ᠤᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ | ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠥᠷᠨᠢᠭᠦᠯᠬᠦ ᠠᠮᠢᠳᠤᠯᠢᠭ ᠬᠢᠴᠢᠶᠡᠯ ᠤᠨ ᠲᠠᠩᠬᠢᠮ ᠪᠣᠯᠪᠠ᠃ 2018 ᠣᠨ ᠳᠤ ᠪᠥᠬᠦ | ᠣᠷᠣᠨ ᠳᠤ ᠡᠯ᠎ᠡ ᠲᠥᠷᠥᠯ ᠤᠨ ᠦᠵᠡᠰᠬᠦᠯᠡᠩ ᠢ 4000 ᠭᠠᠷᠤᠶ ᠲᠠᠯᠠᠪᠤᠷ ᠤᠳᠠᠭ᠎ᠠ ᠡᠷᠬᠢᠯᠡᠵᠦ᠂ ᠪᠠᠷᠤᠭ 380 | ᠲᠦᠮᠡᠨ ᠬᠥᠮᠦᠨ ᠤᠳᠠᠭ᠎ᠠ ᠲᠣᠭᠤᠷᠢᠨ ᠦᠵᠡᠪᠡ᠃ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ | ᠵᠢᠷᠤᠮᠵᠢᠭᠤᠯᠬᠤ᠂ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠠᠵᠢᠯᠯᠠᠭ᠎ᠠ ᠶᠢ ᠪᠠᠶᠢᠩᠭᠤᠵᠢᠭᠤᠯᠬᠤ ᠶᠢ | ᠲᠦᠯᠬᠢᠨ ᠠᠬᠢᠭᠤᠯᠵᠤ᠂ ᠪᠦᠬᠦ ᠣᠷᠣᠨ ᠤ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ 3700 | ᠰᠢᠬᠠᠮ᠂ 9 ᠲᠦᠮᠡ ᠭᠠᠷᠤᠶ ᠬᠥᠮᠦᠨ ᠳᠤ ᠬᠦᠷᠲᠡᠯ᠎ᠡ ᠬᠥᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠠᠩᠭᠠᠬᠤ ᠴᠢᠬᠤᠯᠠ ᠬᠦᠴᠦᠨ ᠪᠣᠯᠭᠠᠪᠠ᠃ ᠵᠢᠯ ᠪᠦᠷᠢ ᠡᠯ᠎ᠡ ᠲᠥᠷᠥᠯ ᠤᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢ 2000 ᠭᠠᠷᠤᠶ ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ 1100 ᠲᠦᠮᠡᠨ | ᠬᠥᠮᠦᠨ ᠤᠳᠠᠭ᠎ᠠ ᠣᠷᠤᠯᠴᠠᠪᠠ᠃ | ᠬᠤᠶᠠᠷ ᠲᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠬᠦᠴᠢᠷ | ᠠᠰᠠᠭᠤᠳᠠᠯ ᠢ ᠰᠢᠢᠳᠪᠦᠷᠢᠯᠡᠪᠡ᠃ ᠠᠷᠠᠳ ᠣᠯᠠᠨ ᠬᠤᠭᠤᠯᠠ ᠵᠠᠬᠢᠶᠠᠯᠠᠵᠤ᠂ ᠵᠠᠰᠠᠭ ᠤᠨ ᠣᠷᠳᠣᠨ ᠳᠠᠩᠰᠠ | ᠪᠣᠳᠣᠬᠤ ᠶᠢ ᠪᠠᠷᠢᠮᠲᠠᠯᠠᠨ᠎ᠠ᠃ ᠪᠤᠶᠢᠳᠠ ᠪᠥᠭᠯᠡᠭᠦᠦ ᠮᠠᠯᠵᠢᠬᠤ ᠣᠷᠣᠨ ᠤ ᠰᠣᠶᠣᠯ ᠤᠨ ᠦᠢᠯᠡᠴᠢᠯᠡᠭᠡ ᠳᠤᠲᠠᠮᠠᠭ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠪᠤᠳᠤᠯᠬᠢᠯᠠᠵᠤ᠂ ︽ᠲᠣᠭᠠᠴᠢᠯᠠᠭᠰᠠᠨ ᠰᠣᠶᠣᠯ ᠢ ᠮᠣᠩᠭᠤᠯ ᠭᠡᠷ ᠲᠤ | ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠪᠦᠷᠬᠦᠴᠡ ᠶᠢᠨ ᠬᠦᠷᠢᠶ᠎ᠡ ᠬᠡᠪᠴᠢᠶ᠎ᠡ 60 ᠭᠠᠷᠤᠢ ᠲᠦᠮᠡᠨ | ᠲᠡᠭᠰᠢ ᠲᠦᠷᠪᠡᠯᠵᠢᠨ ᠺᠢᠯᠦᠮᠧᠲᠷ ᠲᠤ ᠬᠦᠷᠴᠦ᠂ 300 ᠭᠠᠷᠤᠢ ᠲᠦᠮᠡᠨ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠪᠡ︔ ᠨᠡᠶᠢᠲᠡ 5.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠢᠯᠢ ᠪᠠ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠤ ᠷᠠᠳᠢᠣ᠋ ᠨᠡᠪᠲᠡᠷᠡᠭᠦᠯᠭᠡ ᠦᠢᠯᠡᠳᠬᠦ ᠪᠠ ᠮᠣᠩᠭᠤᠯ ᠬᠡᠯᠡ ᠪᠠᠷ ᠣᠷᠴᠢᠭᠤᠯᠬᠤ᠂ | ᠨᠡᠪᠲᠡᠷᠡᠭᠦᠯᠬᠦ᠂ ᠤᠯᠠᠮᠵᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠢ ᠪᠠᠬᠢᠵᠢᠭᠦᠯᠬᠦ᠂ | ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ ᠢ ᠴᠡᠪᠡᠷᠵᠢᠭᠦᠯᠬᠦ ᠢᠳᠡᠪᠬᠢᠲᠡᠢ ᠦᠷ᠎ᠡ ᠪᠦᠲᠦᠮᠵᠢ ᠣᠯᠪᠠ᠃ | ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ ᠶᠢ | ᠪᠣᠳᠣᠯᠬᠢᠯᠠᠨ᠂ ᠵᠠᠰᠠᠭ ᠤᠨ ᠣᠷᠳᠣᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠰᠢᠨ᠎ᠡ | ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠵᠦ᠂ ᠵᠠᠰᠠᠭ ᠤᠨ ᠣᠷᠳᠣᠨ ᠠᠷᠠᠳ ᠤᠨ ᠵᠦᠴᠦᠭᠡ ᠶᠢᠨ ᠪᠦᠯᠬᠦᠮ ᠤᠨ | ᠫᠷᠤᠭ᠍ᠷᠠᠮ ᠵᠢᠴᠢ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠤᠨ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢ ᠬᠤᠳᠠᠯᠳᠤᠨ ᠠᠪᠬᠤ ᠲᠤᠷᠰᠢᠯᠲᠠ ᠶᠢᠨ ᠴᠡᠭ ᠵᠡᠷᠭᠡ ᠶᠢ ᠥᠷᠨᠢᠭᠦᠯᠪᠡ︔ ︽ | ᠥᠩᠭᠡᠲᠦ ᠡᠭᠦᠯᠡ ᠶᠢᠨ ᠦᠢᠯᠡᠴᠢᠯᠡᠭᠡ︾ ᠶᠢ ᠳᠡᠯᠭᠡᠷᠡᠭᠦᠯᠦᠨ ᠬᠡᠷᠡᠭᠵᠢᠭᠦᠯᠵᠦ᠂ ᠦᠢᠯᠡᠴᠢᠯᠡᠭᠡ ᠪᠣᠯᠤᠨ ᠬᠡᠷᠡᠭᠴᠡᠭᠡ | ᠱᠠᠭᠠᠷᠳᠠᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠪᠡ᠂ ᠡᠨᠡ ᠬᠦ ᠰᠢᠨ᠎ᠡ ᠶᠢ ᠡᠭᠦᠳᠬᠦ ᠵᠠᠭᠪᠤᠷ ᠨᠢ ᠪᠦᠬᠦ | ᠤᠯᠤᠰ ᠤᠨ 100 ᠭᠠᠷᠤᠶ ᠨᠣᠮ ᠤᠨ ᠰᠠᠩ ᠳᠤ ᠲᠤᠯᠢᠯᠠᠭᠳᠠᠵᠤ᠂ ᠬᠠᠭᠤᠯᠪᠤᠷᠢᠯᠠᠭᠳᠠᠪᠠ︔ ᠲᠠᠯ᠎ᠠ ᠨᠤᠲᠤᠭ ᠤᠨ | ᠨᠣᠮ ᠤᠨ ᠦᠷᠦᠭᠡ 11275 ᠶᠢ ᠪᠠᠶᠢᠭᠤᠯᠵᠤ᠂ ᠬᠤᠨ ᠭᠠᠯᠠᠭᠤ ᠤᠩᠰᠢᠬᠤ ᠲᠥᠯᠥᠪᠯᠡᠭᠡ ᠶᠢ ᠬᠡᠷᠡᠭᠵᠢᠭᠦᠯᠵᠦ᠂ | ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠭᠦᠨᠵᠡᠭᠡᠢ ᠠᠬᠢᠭᠤᠯᠪᠠ᠃ ᠣᠨᠴᠠᠭᠠᠢ ᠬᠥᠮᠦᠰ ᠤᠨ ᠬᠦᠴᠢᠷᠳᠡᠯ ᠢ | ᠰᠢᠢᠳᠪᠦᠷᠢᠯᠡᠬᠦ ᠶᠢ ᠪᠣᠳᠣᠯᠬᠢᠯᠠᠨ᠂ ᠨᠣᠮ ᠤᠨ ᠰᠠᠩ᠂ ᠰᠣᠶᠣᠯ ᠤᠨ ᠣᠷᠳᠣᠨ᠂ ᠶᠡᠷᠦᠩᠬᠡᠶᠢᠯᠡᠭᠰᠡᠨ ᠰᠣᠶᠣᠯ ᠤᠨ | ᠥᠷᠲᠡᠭᠡ ᠵᠡᠷᠭᠡ ᠳᠤ ᠬᠠᠷᠰᠢ ᠰᠠᠭᠠᠳ ᠦᠭᠡᠢ ᠲᠥᠬᠦᠭᠡᠷᠦᠮᠵᠢ ᠲᠣᠬᠢᠷᠠᠭᠤᠯᠬᠤ ᠶᠢ ᠲᠦᠯᠬᠢᠨ ᠠᠬᠢᠭᠤᠯᠵᠤ᠂ | ᠬᠠᠷᠠᠭᠠᠨ ᠤ ᠪᠡᠷᠬᠡᠰᠢᠶᠡᠯᠳᠡᠳ ᠤᠨ ᠪᠢᠴᠢᠭ ᠤᠨ ᠨᠣᠮ ᠪᠢᠴᠢᠭ ᠢ ᠵᠢᠭᠡᠯᠡᠵᠦ ᠤᠩᠰᠢᠬᠤ᠂ ᠺᠢᠨᠣ᠋ ︽ᠶᠠᠷᠢᠬᠤ︾ ᠵᠡᠷᠭᠡ | ᠦᠢᠯᠡᠴᠢᠯᠡᠭᠡ ᠶᠢ ᠥᠷᠨᠢᠭᠦᠯᠵᠦ᠂ ᠣᠨᠴᠠᠭᠠᠢ ᠬᠦᠮᠦᠰ ᠤᠨ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠪᠠ᠃ | | ᠭᠤᠷᠪᠠ ᠳᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠤᠯᠠᠮᠵᠢᠯᠠᠯᠲᠤ | ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠯᠲᠠ᠂ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠶᠡᠬᠡᠪᠡᠷ | ᠠᠬᠢᠭᠤᠯᠵᠤ᠂ ᠶᠤᠸᠠᠨ ᠤ ᠳᠡᠭᠡᠳᠦ ᠨᠡᠶᠢᠰᠯᠡᠯ᠂ ᠯᠢᠶᠣᠣ ᠤᠯᠤᠰ ᠤᠨ ᠨᠡᠶᠢᠰᠯᠡᠯ ᠤᠨ ᠪᠠᠭᠤᠷᠢ᠂ ᠤᠷᠲᠤ ᠴᠠᠭᠠᠨ | ᠬᠡᠷᠡᠮ ᠵᠡᠷᠭᠡ ᠲᠡᠤᠬᠡ ᠶᠢᠨ ᠦᠯᠡᠳᠡᠭᠳᠡᠯ᠂ ᠤᠯᠠᠭᠠᠨᠬᠤᠲᠠ ᠶᠢᠨ ︽5.1︾ ᠤ ᠬᠤᠷᠠᠯ ᠤᠨ ᠲᠠᠯᠠᠪᠠᠢ᠂ ᠪᠣᠷᠣ | ᠪᠠᠯᠭᠠᠰᠤ ᠶᠢᠨ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ᠂ ᠵᠢᠨᠢᠩ ᠤᠨ ᠪᠠᠶᠢᠯᠳᠤᠭᠠᠨ ᠤ | ᠳᠤᠷᠠᠰᠬᠠᠯ ᠤᠨ ᠬᠦᠷᠢᠶᠡᠯᠡᠩ ᠵᠡᠷᠭᠡ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠴᠢᠩᠭᠢᠰ ᠬᠠᠭᠠᠨ ᠤ | ᠣᠩᠭᠤᠨ᠂ ᠪᠠᠳᠺᠠᠷ ᠵᠤᠤ᠂ ᠬᠠᠳᠤᠨ ᠭᠤᠤᠯ ᠤᠨ ᠰᠠᠨ ᠱᠧᠩ ᠭᠦᠩ ᠤᠨ ᠤᠰᠤᠨ ᠠᠰᠢᠭᠯᠠᠯᠲᠠ ᠶᠢᠨ ᠬᠦᠢᠰᠦ | ᠵᠡᠷᠭᠡ ᠰᠣᠶᠣᠯ ᠢᠷᠭᠡᠨᠰᠢᠯ ᠤᠨ ᠦᠪᠡᠳᠡᠭᠰᠢ ᠪᠠᠶᠢᠳᠠᠯ᠂ ᠴᠠᠭᠠᠰᠤᠴᠢ᠂ ᠪᠤᠭᠤᠲᠤ᠂ ᠲᠤᠯᠤᠨ ᠨᠠᠭᠤᠷ ᠵᠡᠷᠭᠡ ᠲᠡᠤᠬᠡ | ᠰᠣᠶᠣᠯ ᠤᠨ ᠨᠡᠷᠡᠲᠦ ᠪᠠᠯᠭᠠᠰᠤ᠂ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ᠂ ᠬᠦᠭᠡᠮᠡᠢ᠂ ᠠᠨᠳᠠᠶ ᠪᠥᠵᠢᠭ | ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ᠂ ᠲᠡᠦᠬᠡᠳᠦ ᠵᠡᠭᠡᠯᠢ ᠲᠣᠭᠤᠷᠢᠭ᠂ ᠴᠡᠴᠡᠷᠯᠢᠭ | ᠠᠭᠤᠳᠠᠮ ᠲᠠᠯᠠᠪᠠᠢ᠂ ᠰᠣᠶᠣᠯ ᠤᠨ ᠲᠠᠯᠠᠪᠤᠷ ᠵᠡᠷᠭᠡ ᠡᠯ᠎ᠡ ᠲᠥᠷᠥᠯ ᠤᠨ ᠰᠣᠶᠣᠯ ᠤᠨ ᠡᠬᠢ ᠪᠠᠶᠠᠯᠢᠭ ᠢ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠵᠤ᠂ ᠬᠠᠮᠠᠭᠠᠯᠠᠵᠤ ᠪᠦᠲᠦᠭᠡᠨ ᠪᠠᠶᠢᠭᠤᠯᠬᠤ | ᠪᠠ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠶᠢ ᠴᠢᠩᠭᠠᠳᠬᠠᠨ᠂ ᠲᠡᠭᠦᠨ ᠢ ᠴᠢᠬᠤᠯᠠ ᠵᠢᠭᠤᠯᠴᠢᠯᠠᠯ ᠤᠨ ᠡᠬᠢ | ᠪᠠᠶᠠᠯᠢᠭ᠂ ᠦᠢᠯᠡᠳᠬᠦᠨ ᠪᠠ ᠦᠵᠡᠮᠵᠢ ᠶᠢᠨ ᠣᠷᠣᠨ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠵᠢᠭᠤᠯᠴᠢᠯᠠᠭᠴᠢᠳ ᠢ ᠲᠡᠳᠡᠨ ᠠᠪᠴᠢᠷᠠᠨ᠎ᠠ᠃ 2018 ᠣᠨ ᠳᠤ᠂ ᠪᠥᠬᠦ ᠣᠷᠣᠨ ᠤ ᠬᠦᠯᠢᠶᠡᠨ ᠠᠪᠤᠭᠰᠠᠨ | ᠵᠢᠭᠤᠯᠴᠢᠯᠠᠭᠴᠢᠳ ᠤᠨ ᠲᠤᠭ᠎ᠠ 1.3 ᠳ᠋ᠦᠩᠰᠢᠭᠤᠷ ᠬᠥᠮᠦᠨ ᠤᠳᠠᠭ᠎ᠠ ᠬᠦᠷᠴᠦ᠂ 4011 ᠳ᠋ᠦᠩᠰᠢᠭᠤᠷ | ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠣᠯᠠᠨ ᠨᠡᠶᠢᠲᠡ ᠶᠢᠨ ᠰᠣᠶᠣᠯ ᠤᠨ ᠡᠬᠢ | ᠪᠠᠶᠠᠯᠢᠭ ᠲᠤ ᠲᠦᠰᠢᠭᠯᠡᠨ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ | ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠢ ᠬᠥᠭᠵᠢᠭᠦᠯᠵᠦ᠂ ᠰᠣᠶᠣᠯ ᠵᠢᠭᠤᠯᠴᠢᠯᠠᠯ ᠢᠶᠠᠷ | ᠶᠠᠳᠠᠭᠤ ᠶᠢ ᠲᠡᠳᠬᠦᠬᠦ ᠶᠢ ᠶᠡᠬᠡᠪᠡᠷ ᠲᠦᠯᠬᠢᠨ ᠠᠬᠢᠭᠤᠯᠵᠤ᠂ 3.3 ᠲᠦᠮᠡᠨ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯ ᠲᠠᠢ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ᠂ 4736 ᠬᠥᠮᠦᠨ ᠢ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠪᠠ᠃ | ᠳᠥᠷᠪᠡ ᠳᠤ᠂ ᠰᠣᠶᠣᠯ ᠤᠨ ᠦᠢᠯᠡᠴᠢᠯᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠪᠠ᠃ 2012 ᠣᠨ ᠠᠴᠠ ᠨᠠᠭᠠᠰᠢ᠂ ᠪᠦᠬᠦ ᠣᠷᠣᠨ ᠤ ᠣᠯᠠᠨ ᠨᠡᠶᠢᠲᠡ ᠶᠢᠨ ᠨᠣᠮ ᠤᠨ ᠰᠠᠩ᠂ | ᠰᠣᠶᠣᠯ ᠤᠨ ᠣᠷᠳᠣᠨ ᠥᠷᠲᠡᠭᠡ᠂ ᠮᠦᠽᠧᠶ᠂ ᠴᠡᠴᠡᠷᠯᠢᠭ ᠵᠡᠷᠭᠡ ᠶᠢ ᠰᠦᠢᠳᠭᠡᠯ ᠬᠤᠷᠢᠶᠠᠬᠤ ᠦᠭᠡᠢ ᠪᠠᠷ | ᠨᠡᠭᠡᠭᠡᠬᠦ ᠶᠢ ᠪᠡᠶᠡᠯᠡᠭᠦᠯᠵᠦ᠂ ᠴᠠᠭ ᠠᠯᠤᠰᠯᠠᠨ ᠨᠡᠭᠡᠭᠡᠬᠦ ᠪᠠ ᠤᠷᠲᠤᠳᠬᠠᠨ ᠦᠢᠯᠡᠴᠢᠯᠡᠬᠦ ᠶᠢ ᠬᠡᠷᠡᠭᠵᠢᠭᠦᠯᠦᠭᠡᠳ᠂ | ᠨᠡᠶᠢᠭᠡᠮ ᠤᠨ ᠰᠠᠶᠢᠨ ᠰᠠᠶᠢᠬᠠᠨ ᠦᠷ᠎ᠡ ᠨᠥᠯᠥᠭᠡ ᠶᠢ ᠣᠯᠤᠭᠰᠠᠨ ᠪᠠᠶᠢᠨ᠎ᠠ᠃ ᠣᠯᠠᠨ ᠨᠡᠶᠢᠲᠡ ᠶᠢᠨ ᠨᠣᠮ ᠤᠨ ᠰᠠᠩ᠂ | ᠰᠣᠶᠣᠯ ᠤᠨ ᠣᠷᠳᠣᠨ ᠤ ᠶᠡᠷᠦᠩᠬᠡᠶ ᠬᠤᠪᠢᠶᠠᠷᠢ ᠣᠷᠳᠣᠨ ᠤ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ | ᠨᠢᠭᠡᠨᠲᠡ 140 ᠶᠡᠷᠦᠩᠬᠡᠶ ᠣᠷᠳᠣᠨ᠂ 525 ᠬᠤᠪᠢᠶᠠᠷᠢ ᠣᠷᠳᠣᠨ ᠢ ᠪᠠᠶᠢᠭᠤᠯᠵᠤ᠂ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ | ᠰᠢᠯᠵᠢᠭᠦᠯᠬᠦ᠂ ᠠᠵᠢᠯᠲᠠᠨ ᠢ ᠳᠣᠷᠣᠭᠰᠢ ᠰᠢᠯᠵᠢᠭᠦᠯᠬᠦ ᠶᠢ ᠠᠬᠢᠭᠤᠯᠪᠠ᠃ ︽ᠣᠶᠤᠨᠴᠢ ᠷᠠᠳᠢᠣ᠋ ᠲᠧᠯᠸᠢᠰ︾ ᠤᠨ | ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠣᠳᠣ ᠦᠶ᠎ᠡ ᠶᠢᠨ ᠴᠢᠮᠡᠭᠡ ᠬᠤᠯᠪᠣᠭᠠᠨ ᠤ ᠮᠡᠷᠭᠡᠵᠢᠯ ᠢ ᠬᠡᠷᠡᠭᠯᠡᠨ᠂ ᠡᠯ᠎ᠡ | ᠲᠥᠷᠥᠯ ᠤᠨ ᠮᠡᠳᠡᠭᠡ ᠵᠠᠩᠭᠢ ᠶᠢᠨ ︽ᠥᠨᠥᠴᠢᠨ ᠠᠷᠠᠯ︾ ᠢ ᠬᠤᠯᠪᠣᠨ ᠨᠡᠪᠲᠡᠷᠡᠭᠦᠯᠵᠦ᠂ ᠪᠥᠬᠦ ᠣᠷᠣᠨ ᠢ | ᠪᠦᠷᠬᠦᠭᠰᠡᠨ᠂ ᠪᠣᠬᠢᠷᠲᠤᠯ ᠥᠬᠡᠶ ᠠᠮᠤᠷ ᠲᠦᠪᠰᠢᠨ᠂ ᠥᠷᠭᠡᠨ ᠳᠡᠯᠭᠡᠷ ᠬᠡᠷᠡᠭᠯᠡᠭᠡ ᠲᠠᠢ ᠷᠠᠳᠢᠣ᠋ ᠲᠧᠯᠸᠢᠰ ᠤᠨ | ᠰᠦᠯᠵᠢᠶ᠎ᠡ ᠶᠢ ᠪᠠᠶᠢᠭᠤᠯᠪᠠ᠃ ᠮᠠᠨ ᠤ ᠣᠷᠣᠨ ᠪᠥᠬᠦ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠮᠣᠵᠢ ᠣᠷᠣᠨ ᠪᠠ ᠪᠥᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ | ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠮᠣᠵᠢ ᠣᠷᠣᠨ ᠢᠶᠠᠷ | ᠲᠣᠭᠲᠠᠭᠠᠭᠳᠠᠭᠰᠠᠨ ᠠᠴᠠ ᠨᠠᠭᠠᠰᠢ᠂ ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠠᠵᠢᠯᠯᠠᠭᠠᠨ ᠤ ᠲᠥᠯᠥᠪᠯᠡᠭᠡ ᠶᠢ | ᠶᠡᠬᠡᠪᠡᠷ ᠬᠡᠷᠡᠭᠵᠢᠭᠦᠯᠵᠦ᠂ ᠪᠠᠲᠤᠯᠠᠬᠤ ᠰᠢᠰᠲ᠋ᠧᠮᠵᠢ᠂ ᠤᠷᠤᠯᠳᠤᠭᠠᠨ ᠤ ᠰᠢᠰᠲ᠋ᠧᠮᠵᠢ᠂ ᠵᠠᠯᠠᠭᠤᠴᠤᠳ ᠤᠨ | ᠪᠣᠯᠪᠠᠰᠤᠷᠠᠯ ᠤᠨ ᠰᠢᠰᠲ᠋ᠧᠮᠵᠢ᠂ ᠪᠣᠯᠪᠠᠰᠤᠷᠠᠭᠤᠯᠤᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠨᠡᠶᠢᠭᠡᠮ ᠤᠨ ᠬᠥᠯ ᠪᠥᠮᠪᠦᠭᠡ᠂ ᠠᠵᠢᠯ ᠮᠡᠷᠭᠡᠵᠢᠯ ᠤᠨ ᠬᠥᠯ | ᠪᠥᠮᠪᠦᠭᠡ ᠶᠢᠨ ᠬᠠᠷᠢᠯᠴᠠᠨ ᠠᠬᠢᠭᠤᠯᠵᠤ ᠬᠠᠷᠢᠯᠴᠠᠨ ᠳᠠᠪᠰᠢᠬᠤ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ︽ | ᠬᠥᠯ ᠪᠥᠮᠪᠦᠭᠡ ᠶᠢᠨ ᠰᠤᠪᠠᠭ︾ ᠢ ᠡᠭᠦᠳᠦᠨ ᠪᠠᠶᠢᠭᠤᠯᠬᠤ ᠶᠢᠨ ᠬᠠᠮᠲᠤ ᠳᠠᠭᠠᠭᠤᠯᠢ ᠣᠳᠣᠨ ᠢᠶᠠᠷ ᠨᠡᠪᠲᠡᠷᠡᠭᠦᠯᠬᠦ ᠶᠢ | ᠪᠡᠶᠡᠯᠡᠭᠦᠯᠵᠦ᠂ ᠬᠥᠯ ᠪᠥᠮᠪᠦᠭᠡ ᠶᠢᠨ ᠬᠥᠳᠡᠯᠭᠡᠭᠡᠨ ᠤ ᠪᠥᠬᠦ ᠣᠷᠣᠨ ᠳᠤ ᠥᠷᠨᠢᠩᠭᠦᠶ ᠬᠥᠭᠵᠢᠬᠦ ᠶᠢ ᠠᠬᠢᠭᠤᠯᠪᠠ᠃ | ᠲᠦᠷᠦᠭᠦᠬᠡᠨ ᠲᠡᠭᠦᠰᠦᠭᠰᠡᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠲᠠᠮᠢᠷ ᠤᠨ ᠤᠷᠤᠯᠳᠤᠭᠠᠨ ᠤ ᠬᠥᠯ | ᠪᠥᠮᠪᠦᠭᠡ ᠶᠢᠨ ᠤᠷᠤᠯᠳᠤᠭᠠᠨ ᠳᠤ ᠮᠠᠨ ᠤ ᠣᠷᠣᠨ 4 ᠠᠯᠲᠠᠨ ᠮᠧᠳᠠᠯ ᠣᠯᠵᠤ᠂ ᠪᠥᠬᠦ ᠤᠯᠤᠰ ᠤᠨ | ᠶᠡᠷᠦᠩᠬᠡᠶᠢᠯᠡᠭᠰᠡᠨ ᠴᠢᠨᠠᠷᠲᠠᠶ ᠤᠷᠤᠯᠳᠤᠭᠠᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ | 70 ᠵᠢᠯ ᠤᠨ ᠲᠤᠷᠰᠢ᠂ ᠪᠢᠳᠡ ᠴᠥᠬᠦᠷᠡᠰᠢ ᠦᠭᠡᠢ ᠪᠠᠷ ᠣᠨᠴᠠᠯᠢᠭ ᠢᠶᠠᠨ ᠠᠳᠬᠤᠵᠤ᠂ ᠳᠠᠪᠠᠭᠤᠯᠢᠭ ᠢᠶᠠᠨ | ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠴᠢᠩᠭᠠᠷᠠᠪᠠ᠃ | ᠨᠢᠭᠡ ᠳᠤ᠂ ᠤᠯᠠᠭᠠᠨᠮᠥ᠋ᠴᠢᠷ ᠨᠢ ᠥᠪᠥᠷ ᠮᠣᠩᠭᠤᠯ ᠳᠤ ᠣᠨᠴᠠ ᠪᠠᠶᠢᠳᠠᠭ ᠰᠣᠶᠣᠯ ᠤᠨ ᠲᠡᠮᠳᠡᠭ ᠪᠣᠯᠪᠠ᠃ 1957 | ᠣᠨ ᠳᠤ ᠤᠤᠭᠠᠨ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠣᠳᠣ ᠪᠣᠯᠲᠠᠯ᠎ᠠ᠂ ᠪᠦᠬᠦ ᠣᠷᠣᠨ ᠤ ᠤᠯᠠᠭᠠᠨᠮᠥ᠋ᠴᠢᠷ | ᠬᠥᠭᠵᠢᠭᠡᠳ 75 ᠪᠣᠯᠵᠤ᠂ 3000 ᠰᠢᠬᠠᠮ ᠭᠡᠰᠢᠭᠦᠨ ᠲᠠᠢ ᠪᠤᠯᠪᠠ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ | ᠭᠡᠰᠢᠭᠦᠳ ᠴᠠᠰᠤ ᠰᠢᠭᠤᠷᠭ᠎ᠠ ᠶᠢ ᠤᠭᠲᠤᠨ᠂ ᠬᠠᠯᠠᠭᠤᠨ ᠬᠦᠢᠲᠡᠨ ᠢ ᠰᠥᠷᠴᠦ᠂ ᠤᠷᠳᠤ ᠬᠤᠭᠤᠴᠠᠭ᠎ᠠ ᠪᠠᠷ ᠭᠤᠪᠢ | ᠂ ᠲᠠᠯ᠎ᠠ ᠨᠤᠲᠤᠭ ᠳᠡᠭᠡᠷ᠎ᠡ ᠠᠶᠠᠯᠠᠨ ᠶᠠᠪᠤᠵᠤ᠂ ᠬᠦᠬᠡ ᠲᠩᠷᠢ ᠪᠠᠷ ᠬᠥᠰᠢᠭᠡ ᠪᠠᠨ ᠪᠣᠯᠭᠠᠵᠤ᠂ ᠬᠦᠷᠦᠰᠦᠲᠦ | ᠭᠠᠵᠠᠷ ᠢᠶᠠᠷ ᠲᠠᠪᠴᠠᠩ ᠪᠣᠯᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠪᠠᠶᠠᠷ ᠪᠠᠶᠠᠰᠤᠯ ᠪᠠ ᠪᠣᠯᠪᠠᠰᠤᠨ ᠢ | ᠬᠦᠷᠭᠡᠨ ᠥᠭᠴᠦ᠂ ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ︽ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠡᠷᠬᠢᠮ ᠳᠡᠭᠡᠳᠦ ᠢᠷᠠᠭᠤ ᠠᠯᠳᠠᠷ ᠢ ᠣᠯᠵᠤ᠂ ᠪᠦᠬᠦ ᠤᠯᠤᠰ ᠤᠨ | ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ ᠪᠣᠯᠤᠭᠰᠠᠨ ᠪᠠᠶᠢᠨ᠎ᠠ᠃ 2017 ᠤᠨ ᠤ 11 ᠳ᠋ᠣᠭᠡᠷ | ᠰᠠᠷ᠎ᠠ ᠶᠢᠨ 21 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠰᠥᠨᠢᠳ ᠪᠠᠷᠠᠭᠤᠨ ᠬᠤᠰᠢᠭᠤᠨ ᠤ | ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠤᠯᠠᠭᠠᠨᠮᠥ᠋ᠴᠢᠷ ᠤᠨ ᠭᠡᠰᠢᠭᠦᠳ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ | ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠣᠯᠠᠨ ᠲᠦᠮᠡᠨ ᠲᠠᠢ | ᠣᠶᠢᠷᠠᠳᠤᠭᠰᠠᠨ᠂ ᠣᠯᠠᠨ ᠲᠦᠮᠡᠨ ᠤ ᠳᠤᠮᠳᠠ ᠳᠡᠯᠭᠡᠷᠡᠵᠦ ᠦᠯᠡᠳᠡᠵᠦ ᠲᠡᠶᠢᠯᠬᠦ ᠨᠠᠩ ᠣᠯᠠᠨ ᠰᠢᠯᠢᠳᠡᠭ ᠪᠦᠲᠦᠭᠡᠯ ᠢ | ᠴᠢᠷᠮᠠᠶᠢᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ | ᠬᠥᠩᠭᠡᠨ ᠮᠣᠷᠢᠲᠤ ᠴᠡᠷᠢᠭ︾ ᠪᠣᠯᠤᠭᠠᠷᠠᠢ ᠭᠡᠵᠦ ᠵᠤᠷᠢᠭᠵᠢᠭᠤᠯᠪᠠ᠃ ᠡᠨᠡ ᠪᠣᠯ ᠤᠯᠠᠭᠠᠨᠮᠥ᠋ᠴᠢᠷ ᠤᠨ | ᠬᠥᠭᠵᠢᠯᠲᠡ ᠶᠢᠨ ᠲᠡᠤᠬᠡᠨ ᠳᠡᠭᠡᠷᠡᠬᠢ ᠯᠤᠲᠤ ᠶᠡᠭᠡ ᠠᠴᠢ ᠬᠤᠯᠪᠣᠭᠳᠠᠯ ᠲᠠᠢ ᠶᠡᠭᠡ ᠶᠠᠪᠤᠳᠠᠯ ᠪᠣᠯᠤᠨ᠎ᠠ᠃ ᠶᠡᠷᠦᠩᠬᠡᠶ | ᠱᠦᠵᠢ ᠶᠢᠨ ᠬᠠᠷᠢᠭᠤ ᠵᠠᠬᠢᠳᠠᠯ ᠤᠯᠠᠭᠠᠨᠮᠥ᠋ᠴᠢᠷ ᠤᠨ ᠭᠡᠰᠢᠭᠦᠳ ᠪᠣᠯᠤᠨ ᠥᠷᠭᠡᠨ ᠣᠯᠠᠨ ᠰᠣᠶᠣᠯ ᠤᠨ ᠹᠷᠣᠨᠲ ᠤᠨ | ᠠᠵᠢᠯᠲᠠᠳ ᠲᠤ ᠲᠦᠢᠯ ᠤᠨ ᠶᠡᠭᠡ ᠵᠣᠷᠢᠭᠵᠢᠭᠤᠯᠤᠯ ᠪᠣᠯᠵᠤ᠂ ᠪᠦᠬᠦ ᠣᠷᠣᠨ ᠤ ᠡᠯ᠎ᠡ ᠱᠠᠲᠤᠨ ᠤ ᠡᠯ᠎ᠡ | ᠲᠥᠷᠥᠯ ᠤᠨ ᠰᠣᠶᠣᠯ ᠤᠷᠠᠯᠢᠭ ᠤᠨ ᠪᠦᠯᠬᠦᠮ ᠤᠨ ᠬᠢᠨ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠮᠠᠯᠵᠢᠬᠤ ᠣᠷᠣᠨ᠂ ᠨᠡᠶᠢᠭᠡᠮ ᠲᠣᠭᠤᠷᠢᠭ᠂ ᠰᠤᠷᠭᠠᠭᠤᠯᠢ | ᠂ ᠨᠢᠭᠡᠴᠢ᠂ ᠦᠢᠯᠡᠳᠪᠦᠷᠢ ᠠᠭᠤᠷᠬᠠᠶ᠂ ᠬᠢᠯᠢ ᠶᠢᠨ ᠬᠠᠮᠠᠭᠠᠯᠠᠯᠲᠠ ᠳᠤ ᠣᠴᠢᠵᠤ᠂ ︽ᠵᠢᠷᠭᠤᠭ᠎ᠠ ᠳᠤ ᠣᠴᠢᠬᠤ︾ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ 2018 ᠣᠨ ᠳᠤ | ᠵᠥᠪᠬᠡᠨ ᠤᠯᠠᠭᠠᠨᠮᠥ᠋ᠴᠢᠷ ᠤᠨ ᠬᠢᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 7000 ᠭᠠᠷᠤᠶ ᠤᠳᠠᠭ᠎ᠠ | ᠪᠡᠶᠡᠯᠡᠭᠦᠯᠵᠡᠶ᠃ ᠡᠨᠡ ᠵᠢᠯ᠂ ᠪᠢᠳᠡ ᠤᠯᠠᠭᠠᠨᠮᠥ᠋ᠴᠢᠷ ᠤᠨ ᠰᠣᠯᠢᠯᠴᠠᠭ᠎ᠠ ᠲᠣᠭᠯᠠᠯᠲᠠ ᠶᠢᠨ ᠠᠵᠢᠯᠯᠠᠭ᠎ᠠ ᠪᠠ | ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠢ ᠡᠷᠬᠢᠯᠡᠪᠡ᠃ ︽ᠬᠠᠤᠯᠢᠵᠢᠯ ᠤᠨ | ᠤᠯᠠᠭᠠᠨᠮᠥ᠋ᠴᠢᠷ︾᠂ ︽ᠡᠮᠡᠭᠲᠡᠶᠢᠴᠦᠳ ᠤᠨ ᠤᠯᠠᠭᠠᠨᠮᠥ᠋ᠴᠢᠷ︾᠂ ︽ᠲᠡᠮᠦᠷ ᠵᠠᠮ ᠤᠨ ᠤᠯᠠᠭᠠᠨᠮᠥ᠋ᠴᠢᠷ︾᠂ ︽ | ᠵᠢᠵᠢᠭᠬᠡᠨ ᠤᠯᠠᠭᠠᠨᠮᠥ᠋ᠴᠢᠷ︾ ᠵᠡᠷᠭᠡ ᠠᠵᠢᠯ ᠶᠢᠨ ᠴᠢᠯᠥᠭᠡᠨ ᠤ ᠤᠯᠠᠭᠠᠨᠮᠥ᠋ᠴᠢᠷ ᠤᠨ ᠡᠩᠨᠡᠭᠡ ᠨᠢ ᠤᠯᠠᠭᠠᠨᠮᠥ᠋ᠴᠢᠷ ᠤᠨ | ᠵᠣᠷᠢᠭ ᠰᠠᠨᠠᠭ᠎ᠠ ᠶᠢ ᠪᠠᠳᠠᠷᠠᠭᠤᠯᠬᠤ᠂ ᠦᠨᠳᠦᠰᠦᠨ ᠱᠠᠲᠤᠨ ᠤ ᠰᠣᠶᠣᠯ ᠤᠨ ᠠᠮᠢᠳᠤᠷᠠᠯ ᠢ ᠬᠥᠭᠵᠢᠶᠡᠨᠲᠡᠶ ᠪᠣᠯᠭᠠᠬᠤ᠂ | ᠠᠷᠠᠳ ᠣᠯᠠᠨ ᠳᠤ ᠦᠢᠯᠡᠴᠢᠯᠡᠬᠦ ᠰᠢᠨ᠎ᠡ ᠬᠦᠴᠦᠨ ᠪᠣᠯᠪᠠ᠃ | ᠬᠤᠶᠠᠷ ᠲᠤ᠂ ᠨᠢᠭᠡ ᠪᠦᠯᠦᠭ ᠣᠯᠠᠨ ᠨᠡᠶᠢᠲᠡ ᠶᠢᠨ ᠰᠣᠶᠣᠯ ᠤᠨ ᠨᠡᠷᠡᠲᠦ ᠲᠡᠮᠳᠡᠭ ᠢ ᠡᠭᠦᠳᠪᠡ᠃ | ᠳᠠᠪᠠᠭᠤᠯᠢᠭ ᠲᠤ ᠪᠠᠨ ᠰᠠᠭᠤᠷᠢᠯᠠᠬᠤ ᠶᠢ ᠪᠠᠷᠢᠮᠲᠠᠯᠠᠨ᠂ ᠤᠯᠠᠮᠵᠢᠯᠠᠯ ᠬᠢᠭᠡᠳ ᠤᠳᠤ ᠦᠶ᠎ᠡ ᠶᠢᠨ ᠬᠢ ᠶᠢ | ᠤᠶᠠᠯᠳᠤᠭᠤᠯᠵᠤ᠂ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠵᠠᠯᠭᠠᠭ᠎ᠠ ᠪᠠᠷ 1000 | ᠭᠠᠷᠤᠶ ᠵᠦᠢᠯ ᠭᠠᠷᠭᠠᠵᠤ᠂ ᠣᠨᠴᠠᠯᠢᠬᠵᠢᠭᠰᠠᠨ᠂ ᠨᠡᠷᠡᠲᠦ ᠲᠡᠮᠳᠡᠭᠵᠢᠭᠰᠡᠨ᠂ ᠬᠡᠪᠴᠢᠶᠡᠵᠢᠭᠰᠡᠨ ᠰᠣᠶᠣᠯ ᠤᠨ | ᠠᠵᠢᠯᠯᠠᠭ᠎ᠠ ᠶᠢᠨ ᠵᠦᠢᠯᠡᠰ ᠢ 189 ᠪᠤᠢ ᠪᠣᠯᠭᠠᠪᠠ᠃ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ | ᠨᠠᠶᠢᠷ᠂ ᠬᠦᠬᠡᠬᠤᠲᠠ ᠶᠢᠨ ᠵᠤᠤ ᠵᠢᠶᠦ᠋ᠨ ᠰᠣᠶᠣᠯ ᠤᠨ ᠨᠠᠶᠢᠷ᠂ ᠪᠤᠭᠤᠲᠤ ᠶᠢᠨ ᠯᠦ ᠴᠧᠩ ᠰᠣᠶᠣᠯ ᠤᠨ ᠨᠠᠶᠢᠷ᠂ | ᠵᠢᠷᠢᠮ ᠤᠨ ᠮᠣᠷᠢ ᠤᠷᠤᠯᠳᠤᠬᠤ ᠨᠠᠶᠢᠷ᠂ ᠦᠬᠠᠶ ᠬᠤᠲᠠ ᠶᠢᠨ ᠠᠭᠤᠳᠠᠮ ᠲᠠᠯᠠᠪᠠᠢ ᠶᠢᠨ ᠰᠣᠶᠣᠯ ᠤᠷᠠᠯᠢᠭ ᠤᠨ | ᠨᠠᠶᠢᠷ᠂ ᠤᠯᠠᠭᠠᠨᠬᠠᠳᠠ ᠶᠢᠨ ᠬᠤᠩᠱᠠᠨ ᠰᠣᠶᠣᠯ ᠤᠨ ᠨᠠᠶᠢᠷ᠂ ᠡᠵᠡᠨ᠎ᠡ ᠶᠢᠨ ᠲᠣᠤᠷᠠᠶ ᠶᠢᠨ ᠨᠠᠶᠢᠷ᠂ ᠲᠠᠯ᠎ᠠ | ᠨᠤᠲᠤᠭ ᠤᠨ ᠳᠠᠭᠤᠤ ᠬᠥᠭᠵᠢᠮ ᠤᠨ ᠨᠠᠶᠢᠷ ᠵᠡᠷᠭᠡ ᠣᠯᠠᠨ ᠨᠡᠶᠢᠲᠡ ᠶᠢᠨ ᠰᠣᠶᠣᠯ ᠤᠨ ᠨᠡᠷᠡᠲᠦ ᠲᠥᠷᠥᠯ | ᠲᠡᠮᠳᠡᠭᠲᠦ ᠶᠢᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ᠂ ᠲᠠᠲᠠᠬᠤ ᠬᠦᠴᠦᠨ ᠪᠠ ᠨᠥᠯᠥᠭᠡᠯᠡᠬᠦ ᠬᠦᠴᠦᠨ | ᠲᠠᠰᠤᠷᠠᠯᠲᠠ ᠥᠬᠡᠶ ᠳᠡᠭᠡᠭᠰᠢᠯᠡᠪᠡ᠃ ︽ᠷᠢᠳᠢ ᠰᠢᠳᠢ ᠲᠠᠢ ᠤᠷᠠᠳ︾ ᠪᠠᠷᠠᠭᠤᠨ ᠣᠷᠣᠨ ᠤ ᠠᠷᠠᠳ ᠤᠨ | ᠳᠠᠭᠤᠤ ᠶᠢᠨ ᠴᠤᠭᠯᠠᠭᠠᠨ ︽2017 ᠣᠨ ᠤ ᠪᠦᠬᠦ ᠤᠯᠤᠰ ᠤᠨ ᠰᠣᠶᠣᠯ ᠤᠨ ᠣᠷᠳᠤᠨ ᠦᠷᠲᠡᠭᠡ ᠶᠢᠨ ᠰᠢᠯᠢᠳᠡᠭ | ᠣᠯᠠᠨ ᠲᠦᠮᠡᠨ ᠤ ᠰᠣᠶᠣᠯ ᠤᠨ ᠨᠡᠷᠡᠲᠦ ᠳᠡᠮᠳᠡᠭ︾ ᠢᠶᠠᠷ ᠰᠤᠩᠭᠤᠭᠳᠠᠪᠠ᠃ 29 ᠳ᠋ᠣᠭᠡᠷ ᠬᠤᠭᠤᠴᠠᠭᠠᠨ ᠤ | ᠵᠤᠨ ᠤ ᠤᠯᠠᠷᠢᠯ ᠤᠨ ᠵᠢᠭᠤᠯᠴᠢᠯᠠᠯ ᠤᠨ ᠨᠠᠭᠠᠳᠤᠮ᠂ 16 ᠳ᠋ᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ | ᠪᠠ 9 ᠳ᠋ᠤᠭᠡᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠴᠤᠭᠯᠠᠭᠠᠨ ᠢ ᠵᠠᠯᠭᠠᠭ᠎ᠠ ᠪᠠᠷ ᠡᠷᠬᠢᠯᠡᠵᠦ᠂ ᠬᠤᠶᠠᠳᠤᠭᠠᠷ ᠬᠤᠭᠤᠴᠠᠭᠠᠨ ᠤ ᠪᠠ ᠠᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠵᠡᠢ᠃ ︽ᠪᠠᠶᠠᠷ ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ | ᠮᠣᠩᠭᠤᠯ︾ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ᠂ ᠰᠢᠨᠵᠢᠯᠡᠬᠦ ᠤᠬᠠᠭᠠᠨᠴᠢ ᠪᠠᠷ | ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ ᠵᠡᠷᠭᠡ ᠨᠢ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ | ᠭᠦᠨᠵᠡᠭᠡᠶ ᠠᠭᠤᠰᠤᠯᠴᠠᠯ ᠢ ᠠᠬᠢᠭᠤᠯᠬᠤ ᠨᠡᠷᠡᠲᠦ ᠲᠡᠮᠳᠡᠭ ᠤᠨ ᠠᠵᠢᠯᠯᠠᠭ᠎ᠠ ᠪᠣᠯᠵᠠᠶ᠃ ᠶᠡᠷᠦᠩᠬᠡᠶ ᠱᠦᠵᠢ ᠶᠢᠨ ︽ | ᠭᠤᠷᠪᠠᠨ ᠳ᠋ᠦᠩᠰᠢᠭᠤᠷ ᠬᠥᠮᠦᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ︾ ᠤᠷᠢᠶᠠᠯᠠᠭ᠎ᠠ ᠶᠢ | ᠢᠳᠡᠪᠬᠢᠲᠡᠢ ᠴᠤᠤᠷᠢᠶᠠᠲᠤᠨ ᠳᠠᠭᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠳᠠᠮᠵᠢᠨ᠂ ᠮᠥᠰᠥ ᠴᠠᠰᠤᠨ ᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ᠎ᠡ᠃ ᠥᠨᠥᠳᠥᠷ ᠠᠴᠠ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠬᠦ | ᠪᠣᠯᠲᠠᠯ᠎ᠠ 158 ᠡᠳᠦᠷ ᠤᠨ ᠵᠠᠢ ᠪᠠᠶᠢᠨ᠎ᠠ᠂ ᠪᠢ ᠠᠳᠡ ᠲᠠ ᠨᠠᠷ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠣᠷᠪᠤᠯᠵᠢᠯᠠᠵᠤ᠂ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠰᠡᠳᠬᠢᠯᠭᠡ ᠪᠠ ᠣᠮᠣᠭᠯᠠᠩ ᠪᠢᠯᠬᠠᠮ᠎ᠠ ᠠᠭᠤᠷ ᠠᠮᠢᠰᠬᠤᠯ ᠳᠤ ᠪᠡᠶ᠎ᠡ ᠪᠠᠷ | ᠢᠶᠠᠨ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠭᠤᠷᠪᠠ ᠳᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠ ᠭᠠᠳᠠᠭᠰᠢ ᠨᠡᠭᠡᠭᠡᠯᠲᠡ | ᠬᠢᠬᠦ ᠶᠢ ᠬᠦᠴᠦᠲᠡᠶ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠶᠠᠫᠣᠨ᠂ ᠣᠷᠣᠰ᠂ ᠮᠣᠩᠭᠤᠯ᠂ | ᠡᠨᠡᠳᠬᠡᠭ᠂ ᠺᠣᠷᠢᠶᠠ᠂ ᠠᠮᠧᠷᠢᠺᠠ᠂ ᠢᠲ᠋ᠠᠯᠢ ᠵᠡᠷᠭᠡ 40 ᠭᠠᠷᠤᠶ ᠤᠯᠤᠰ ᠪᠠ ᠭᠠᠵᠠᠷ ᠣᠷᠣᠨ ᠯᠤᠭ᠎ᠠ ᠰᠣᠶᠣᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠤᠷᠠᠯᠢᠭ ᠤᠨ ᠰᠣᠯᠢᠯᠴᠠᠭ᠎ᠠ ᠲᠣᠭᠯᠠᠯᠲᠠ᠂ | ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠦᠨᠳᠦᠰᠦᠲᠡᠨ ᠤ ᠰᠣᠶᠣᠯ ᠤᠨ ᠪᠣᠯᠪᠠᠰᠤᠷᠠᠯ ᠵᠡᠷᠭᠡ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠡᠯᠡᠬᠡᠶ ᠳ᠋ᠠᠬᠢᠨ ᠳᠤ ᠰᠢᠨ᠎ᠡ ᠴᠠᠭ ᠦᠶ᠎ᠡ ᠶᠢᠨ ᠥᠪᠥᠷ | ᠮᠣᠩᠭᠤᠯ ᠤᠨ ᠰᠢᠨ᠎ᠡ ᠠᠮᠵᠢᠯᠲᠠ᠂ ᠰᠢᠨ᠎ᠡ ᠬᠥᠭᠵᠢᠯᠲᠡ᠂ ᠰᠢᠨ᠎ᠡ ᠪᠠᠶᠢᠳᠠᠯ ᠵᠡᠷᠭᠡ ᠶᠢ ᠳᠡᠯᠭᠡᠨ ᠦᠵᠡᠭᠦᠯᠵᠡᠶ᠃ | ᠲᠣᠷᠭᠠᠨ ᠤ ᠵᠠᠮ ᠤᠨ ᠺᠢᠨᠣ᠋ ᠲᠧᠯᠸᠢᠰ ᠬᠥᠭᠦᠷᠭᠡ ᠶᠢᠨ ᠢᠨᠵᠧᠨᠧᠷᠢᠩ ᠪᠠ ᠨᠠᠬᠢᠶ᠎ᠠ ᠳᠤᠮᠳᠠᠳᠤ ᠮᠣᠩᠭᠤᠯ ᠤᠨ | ᠬᠡᠪᠯᠡᠯ ᠤᠨ ᠰᠣᠯᠢᠯᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠣᠷᠣᠰ ᠮᠣᠩᠭᠤᠯ ᠤᠨ ᠣᠯᠠᠨ ᠤᠯᠤᠰ | ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠳᠤᠮᠳᠠᠳᠤ ᠣᠷᠣᠰ ᠮᠣᠩᠭᠤᠯ ᠤᠨ ᠣᠯᠠᠨ | ᠤᠯᠤᠰ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠭᠦᠳᠦᠨ ᠪᠠᠶᠢᠭᠤᠯᠵᠤ᠂ ᠲᠦᠮᠡᠨ | ᠭᠠᠵᠠᠷ ᠤᠨ ᠴᠠᠢ ᠶᠢᠨ ᠵᠠᠮ ᠤᠨ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠨ ᠳᠤ ᠢᠳᠡᠪᠬᠢᠲᠡᠢ ᠣᠷᠣᠯᠴᠠᠵᠤ᠂ | ᠬᠤᠶᠠᠷ ᠬᠤᠭᠤᠴᠠᠭᠠᠨ ᠤ ᠷᠠᠰᠢᠶᠠᠨ ᠤ ᠶᠠᠷᠢᠶᠠᠨ ᠤ ᠲᠠᠪᠴᠠᠩ᠂ ᠭᠤᠷᠪᠠᠨ ᠬᠤᠭᠤᠴᠠᠭᠠᠨ ᠤ ᠳᠤᠮᠳᠠᠳᠤ ᠮᠣᠩᠭᠤᠯ ᠤᠨ | ᠦᠵᠡᠰᠬᠦᠯᠡᠩ ᠤᠨ ᠴᠤᠭᠯᠠᠭᠠᠨ᠂ 21 ᠳ᠋ᠤᠭᠡᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠮᠡᠷᠭᠡᠳ ᠤᠨ | ᠲᠠᠪᠴᠠᠩ ᠢ ᠵᠠᠯᠭᠠᠭ᠎ᠠ ᠪᠠᠷ ᠡᠷᠬᠢᠯᠡᠪᠡ᠃ 2018 ᠣᠨ ᠳᠤ ᠤᠷᠠᠯᠢᠭ ᠤᠨ ᠪᠦᠯᠬᠦᠮ ᠢ ᠰᠣᠩᠭᠤᠨ ᠲᠣᠮᠢᠯᠠᠵᠤ | ᠸᠢᠶᠧᠲᠨᠠᠮ᠂ ᠰᠯᠤᠸᠠᠺᠢᠶᠠ᠂ ᠭᠧᠷᠮᠠᠨ ᠵᠡᠷᠭᠡ 11 ᠤᠯᠤᠰ ᠪᠠ ᠭᠠᠵᠠᠷ ᠣᠷᠣᠨ ᠳᠤ ︽ᠪᠠᠶᠠᠷ ᠪᠠᠶᠠᠰᠬᠤᠯᠠᠩᠲᠤ | ᠴᠠᠭᠠᠨ ᠰᠠᠷ᠎ᠠ︾ ᠶᠢᠨ ᠰᠣᠶᠣᠯ ᠤᠨ ᠰᠣᠯᠢᠯᠴᠠᠭ᠎ᠠ ᠪᠠ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ 52 | ᠲᠠᠯᠠᠪᠤᠷ ᠤᠳᠠᠭ᠎ᠠ ᠲᠣᠭᠯᠠᠯᠲᠠ ᠭᠠᠷᠭᠠᠵᠤ᠂ ᠦᠵᠡᠭᠴᠢᠳ 100 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠡᠶ᠃ | ᠳᠤᠮᠳᠠᠳᠤ ᠮᠣᠩᠭᠤᠯ᠂ ᠳᠤᠮᠳᠠᠳᠤ ᠣᠷᠣᠰ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠶᠢ | ᠳᠤᠷᠠᠰᠬᠠᠬᠤ ᠶᠢᠨ ᠲᠣᠭᠤᠷᠢᠨ ᠳᠤ᠂ ᠣᠷᠣᠰ ᠮᠣᠩᠭᠤᠯ ᠳᠤ ᠰᠢᠷᠢᠰ ᠰᠣᠶᠣᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠰᠣᠶᠣᠯ ᠵᠢᠭᠤᠯᠴᠢᠯᠠᠯ ᠤᠨ | ᠰᠠᠶᠢᠳ ᠨᠠᠷ ᠤᠨ ᠬᠤᠷᠠᠯ ᠢ ᠳᠠᠭᠠᠭᠠᠴᠢᠯᠠᠨ ᠡᠷᠬᠢᠯᠡᠵᠦ᠂ ᠮᠠᠨᠵᠤᠤᠷ ᠪᠥᠬᠦ ᠤᠯᠤᠰ ᠤᠨ ᠬᠢᠯᠢ ᠶᠢᠨ ᠵᠢᠭᠤᠯᠴᠢᠯᠠᠯ ᠤᠨ | ᠲᠤᠷᠰᠢᠯᠲᠠ ᠶᠢᠨ ᠣᠷᠣᠨ ᠪᠠ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠣᠯᠪᠠ᠃ | 70 ᠵᠢᠯ ᠤᠨ ᠲᠤᠷᠰᠢ᠂ ᠪᠢᠳᠡ ᠪᠠᠲᠤᠯᠠᠭ᠎ᠠ ᠶᠢ ᠴᠥᠬᠦᠷᠡᠰᠢ ᠦᠭᠡᠢ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠲᠣᠭᠲᠠᠴᠠ | ᠡᠳᠦᠷ ᠢᠷᠡᠬᠦᠶ᠎ᠡ ᠲᠡᠭᠦᠯᠳᠡᠷᠵᠢᠪᠡ᠃ ᠨᠢᠭᠡ ᠳᠤ᠂ ᠲᠥᠷᠦ ᠶᠢᠨ ᠪᠣᠳᠣᠯᠭ᠎ᠠ ᠶᠢᠨ ᠰᠢᠰᠲ᠋ᠧᠮ ᠲᠠᠰᠤᠷᠠᠯᠲᠠ ᠦᠭᠡᠢ | ᠲᠡᠭᠦᠯᠳᠡᠷᠵᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ | ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠬᠤ ᠶᠢ ᠴᠢᠬᠤᠯᠠᠴᠢᠯᠠᠵᠤ᠂ ︽ᠣᠳᠣ ᠦᠶ᠎ᠡ ᠶᠢᠨ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠲᠤᠬᠠᠶ ᠬᠡᠷᠡᠭᠵᠢᠭᠦᠯᠬᠦ | ᠰᠠᠨᠠᠯ︾᠂ ︽ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠤᠨ | ᠪᠠᠶᠢᠭᠤᠯᠤᠯᠲᠠ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠨᠡᠯᠡᠵᠦ ᠰᠢᠯᠭᠠᠨ ᠬᠢᠨᠠᠬᠤ ᠠᠷᠭ᠎ᠠ︾᠂ ︽ᠨᠡᠶᠢᠭᠡᠮ | ᠲᠣᠭᠤᠷᠢᠭ ᠬᠢᠭᠡᠳ ᠪᠠᠶᠢᠭᠤᠯᠭ᠎ᠠ ᠨᠢᠭᠡᠴᠢ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠡᠯᠡᠳᠬᠡᠮᠵᠢ ᠶᠢ | ᠬᠠᠮᠲᠤᠪᠠᠷ ᠪᠠᠶᠢᠭᠤᠯᠵᠤ ᠬᠠᠮᠳᠤᠪᠡᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠂ ︽ᠷᠠᠳᠢᠣ᠋ ᠲᠧᠯᠸᠢᠰ ᠤᠨ | ᠬᠠᠮᠢᠶᠠᠷᠤᠯᠲᠠ ᠶᠢᠨ ᠠᠷᠭ᠎ᠠ︾ ᠵᠡᠷᠭᠡ ᠶᠢ ᠵᠠᠯᠭᠠᠭ᠎ᠠ ᠪᠠᠷ ᠨᠡᠶᠢᠲᠡᠯᠡᠵᠦ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠢ ᠬᠠᠤᠯᠢ ᠪᠠᠷ ᠵᠠᠰᠠᠬᠤ ᠵᠠᠮ ᠳᠤ ᠣᠷᠣᠭᠤᠯᠬᠤ ᠶᠢ ᠠᠬᠢᠭᠤᠯᠪᠠ᠃ 2000 ᠣᠨ ᠤ 8 ᠳ᠋ᠤᠭᠠᠷ | ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠣᠯᠠᠨ ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ | ᠳᠦᠷᠢᠮ︾ ᠢ ᠬᠢᠨᠠᠨ ᠵᠥᠪᠯᠡᠵᠦ ᠪᠠᠲᠤᠯᠠᠭᠠᠳ᠂ ᠮᠠᠨ ᠤ ᠣᠷᠣᠨ ᠪᠥᠬᠦ ᠤᠯᠤᠰ ᠤᠨ ᠠᠩᠬᠠᠳᠠᠭᠴᠢ ᠣᠯᠠᠨ | ᠨᠡᠶᠢᠲᠡ ᠶᠢᠨ ᠨᠣᠮ ᠤᠨ ᠰᠠᠩ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠨᠡᠶᠢᠲᠡᠯᠡᠭᠰᠡᠨ ᠮᠣᠵᠢ | ᠣᠷᠣᠨ ᠪᠣᠯᠤᠭᠰᠠᠨ ᠪᠠᠶᠢᠨ᠎ᠠ᠃ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠳᠦᠷᠢᠮ︾ ᠢ ︽ | ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠳᠤ ᠣᠷᠣᠭᠤᠯᠵᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠭᠤᠤᠯᠳᠠᠯᠭ᠎ᠠ ᠪᠣᠯᠭᠠᠵᠤ᠂ ︽ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠳᠤ ᠣᠷᠣᠭᠤᠯᠪᠠ᠃ | ᠬᠤᠶᠠᠷ ᠲᠤ᠂ ᠶᠡᠷᠦᠩᠬᠡᠶᠢᠯᠡᠭᠰᠡᠨ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠥᠪᠡᠷᠲᠡᠭᠡᠨ | ᠵᠠᠰᠠᠬᠤ ᠣᠷᠣᠨ ᠠᠴᠠ ᠡᠯ᠎ᠡ ᠱᠠᠲᠤᠨ ᠤ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠶᠢ ᠠᠬᠢᠭᠤᠯᠵᠤ᠂ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠤᠷᠢᠳᠠᠪᠠᠷ ᠪᠠᠲᠤᠯᠠᠬᠤ ᠬᠡᠪᠴᠢᠶᠡᠨ ᠳᠤ ᠣᠷᠣᠭᠤᠯᠵᠤ᠂ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ 1952 ᠣᠨ ᠳᠤ᠂ ᠪᠦᠬᠦ ᠣᠷᠣᠨ ᠤ | ᠰᠣᠶᠣᠯ ᠤᠨ ᠦᠢᠯᠡᠰ ᠤᠨ ᠡᠳ᠋ ᠤᠨ ᠵᠠᠰᠠᠭ ᠤᠨ ᠵᠠᠷᠤᠯᠭ᠎ᠠ ᠵᠥᠪᠬᠡᠨ 200 ᠲᠦᠮᠡᠨ ᠲᠥᠭᠦᠷᠢᠭ ᠪᠠᠶᠢᠵᠤ᠂ 2018 | ᠣᠨ ᠪᠣᠯᠬᠤ ᠳᠤ 94.3 ᠳ᠋ᠦᠩᠰᠢᠭᠤᠷ ᠲᠥᠭᠦᠷᠢᠭ ᠲᠤ ᠬᠦᠷᠴᠡᠶ᠃ 1995 ᠣᠨ ᠠᠴᠠ ᠣᠳᠣ ᠪᠣᠯᠲᠠᠯ᠎ᠠ᠂ ᠪᠥᠬᠦ | ᠣᠷᠣᠨ ᠤ ᠪᠡᠶ᠎ᠡ ᠶᠢᠨ ᠲᠠᠮᠢᠷ ᠤᠨ ᠬᠤᠨᠵᠢᠪᠤᠷᠢᠲᠤ ᠰᠤᠭᠤᠯᠤᠭ᠎ᠠ ᠶᠢ ᠨᠡᠶᠢᠲᠡ 338.53 ᠳ᠋ᠦᠩᠰᠢᠭᠤᠷ ᠲᠥᠭᠦᠷᠢᠭ | ᠪᠣᠷᠣᠯᠠᠭᠤᠯᠵᠤ᠂ ᠨᠡᠶᠢᠲᠡ 91.99 ᠳ᠋ᠦᠩᠰᠢᠭᠤᠷ ᠲᠥᠭᠦᠷᠢᠭ ᠤᠨ ᠨᠡᠶᠢᠲᠡ ᠶᠢᠨ ᠠᠰᠠᠷᠠᠮᠵᠢ ᠶᠢᠨ ᠮᠥᠩᠭᠦ | ᠴᠤᠭᠯᠠᠭᠤᠯᠵᠤ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠣᠯᠠᠨ ᠲᠦᠮᠡᠨ ᠤ | ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠬᠦᠴᠦᠲᠡᠶ ᠳᠠᠮᠵᠢᠪᠠ᠃ | ᠭᠤᠷᠪᠠ ᠳᠤ᠂ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠷᠠᠭᠤᠯᠪᠠ᠃ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠂ ᠪᠣᠯᠪᠠᠰᠤᠷᠠᠭᠤᠯᠤᠨ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠳᠣ ᠦᠶ᠎ᠡ ᠶᠢᠨ | ᠦᠵᠡᠯ ᠤᠬᠠᠮᠰᠠᠷ᠂ ᠰᠢᠨ᠎ᠡ ᠶᠢ ᠡᠭᠦᠳᠬᠦ ᠦᠵᠡᠯ ᠤᠬᠠᠮᠰᠠᠷ᠂ ᠦᠢᠯᠡᠴᠢᠯᠡᠭᠡᠨ ᠤ ᠦᠵᠡᠯ ᠤᠬᠠᠮᠰᠠᠷ ᠲᠠᠢ ᠣᠯᠠᠨ | ᠨᠡᠶᠢᠲᠡ ᠶᠢᠨ ᠰᠣᠶᠣᠯ ᠤᠨ ᠬᠠᠮᠢᠶᠠᠷᠤᠯᠲᠠ ᠪᠠ ᠦᠨᠳᠦᠰᠦᠨ ᠱᠠᠲᠤᠨ ᠤ ᠦᠢᠯᠡᠴᠢᠯᠡᠭᠡᠨ ᠤ ᠡᠩᠨᠡᠭᠡ ᠶᠢ ᠬᠦᠴᠦᠯᠡᠨ | ᠪᠠᠶᠢᠭᠤᠯᠪᠠ᠃ ᠪᠦᠬᠦ ᠣᠷᠣᠨ ᠤ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠥᠷᠲᠡᠭᠡ ᠳᠤ | 7000 ᠰᠢᠬᠠᠮ ᠲᠤᠰᠬᠠᠶ ᠮᠡᠷᠭᠡᠵᠢᠯ ᠤᠨ ᠠᠵᠢᠯᠲᠠᠨ ᠲᠠᠢ ᠪᠠᠶᠢᠵᠤ᠂ ᠡᠭᠦᠨ ᠳᠤ ᠳᠤᠮᠳᠠ ᠳᠡᠭᠡᠳᠦ ᠵᠡᠷᠭᠡ ᠶᠢᠨ | ᠮᠡᠷᠭᠡᠵᠢᠯ ᠤᠨ ᠴᠣᠯᠠ ᠲᠠᠢ ᠬᠥᠮᠦᠰ ᠤᠨ ᠡᠵᠡᠯᠡᠬᠦ ᠬᠠᠷᠢᠴᠠᠯ ᠨᠢ 30% ᠠᠴᠠ ᠳᠡᠭᠡᠭᠰᠢ ᠳᠤ ᠬᠦᠷᠴᠡᠶ᠃ ᠭᠠᠴᠠᠭ᠎ᠠ | ᠲᠣᠰᠬᠤᠨ ᠨᠢᠭᠡᠪᠦᠷᠢ ᠳᠤ ᠴᠥᠮ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠰᠣᠶᠣᠯ ᠤᠨ ᠬᠠᠮᠢᠶᠠᠷᠤᠭᠴᠢ ᠲᠠᠢ᠃ | ᠪᠥᠬᠦ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠲᠤᠭ᠎ᠠ 4.6 ᠲᠦᠮᠡ | ᠭᠠᠷᠤᠶ ᠳᠤ ᠬᠦᠷᠴᠦ᠂ ᠷᠠᠳᠢᠣ᠋ ᠲᠧᠯᠸᠢᠰ ᠤᠨ ᠠᠵᠢᠯᠲᠠᠨ 1.8 ᠲᠦᠮᠡ ᠬᠦᠷᠴᠡᠶ᠃ ᠦᠨᠳᠦᠰᠦᠨ ᠱᠠᠲᠤᠨ ᠤ | ᠰᠣᠶᠣᠯ ᠤᠨ ᠡᠩᠨᠡᠭᠡᠨ ᠤ ᠪᠣᠯᠪᠠᠰᠤᠷᠠᠭᠤᠯᠤᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠲᠦᠯᠬᠢᠨ ᠠᠬᠢᠭᠤᠯᠵᠤ᠂ | ᠲᠤᠰᠬᠠᠶ ᠮᠡᠷᠭᠡᠵᠢᠯ ᠤᠨ ᠰᠣᠶᠣᠯ ᠤᠨ ᠭᠤᠤᠯᠯᠠᠭᠴᠢ ᠬᠦᠴᠦᠨ ᠢ ᠵᠢᠯ ᠪᠦᠷᠢ ᠳᠤᠮᠳᠠᠴᠢ ᠪᠠᠷ 1 ᠲᠦᠮᠡᠨ ᠬᠥᠮᠦᠨ | ᠤᠳᠠᠭ᠎ᠠ᠂ ᠠᠵᠢᠯ ᠤᠨ ᠴᠢᠯᠥᠭᠡᠨ ᠤ ᠰᠣᠶᠣᠯ ᠤᠨ ᠭᠤᠤᠯᠯᠠᠭᠴᠢ ᠬᠦᠴᠦᠨ ᠢ 30 ᠲᠦᠮᠡᠨ ᠬᠥᠮᠦᠨ ᠤᠳᠠᠭ᠎ᠠ | ᠪᠣᠯᠪᠠᠰᠤᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠲᠦᠯᠬᠢᠨ ᠠᠬᠢᠭᠤᠯᠬᠤ ᠳᠤ ᠬᠦᠴᠦᠷᠬᠡᠭ | ᠶᠡᠭᠡ ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠳᠡᠮᠵᠢᠯᠭᠡ ᠬᠠᠩᠭᠠᠪᠠ᠃ | 70 ᠵᠢᠯ ᠤᠨ ᠬᠥᠭᠵᠢᠯᠲᠡ ᠶᠢᠨ ᠲᠡᠤᠬᠡᠨ ᠶᠠᠪᠤᠴᠠ ᠶᠢ ᠡᠷᠬᠢᠴᠡᠭᠦᠯᠬᠦ ᠳᠤ᠂ ᠣᠯᠠᠨ ᠨᠡᠶᠢᠲᠡ ᠶᠢᠨ | ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠲᠦᠯᠬᠢᠨ ᠠᠬᠢᠭᠤᠯᠬᠤ ᠳᠤ ᠡᠷᠬᠡᠪᠰᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ ᠪᠠᠲᠤ | ᠡᠵᠡᠮᠰᠢᠬᠦ ᠬᠡᠷᠡᠭᠲᠡᠶ︔ ᠡᠷᠬᠡᠪᠰᠢ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ | ᠦᠢᠯᠡᠴᠢᠯᠡᠵᠦ᠂ ᠨᠡᠶᠢᠭᠡᠮ ᠵᠢᠷᠤᠮ ᠳᠤ ᠦᠢᠯᠡᠴᠢᠯᠡᠵᠦ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠶ︔ ᠡᠷᠬᠡᠪᠰᠢ ᠭᠠᠵᠠᠷ | ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠶ | ᠬᠤᠪᠢᠷᠠᠯᠲᠠ᠂ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠤᠨ ᠣᠨᠴᠠᠯᠢᠭ ᠲᠠᠢ | ᠴᠢᠨᠠᠷ ᠰᠠᠶᠢᠲᠠᠶ ᠣᠯᠠᠨ ᠨᠡᠶᠢᠲᠡ ᠶᠢᠨ ᠰᠣᠶᠣᠯ ᠤᠨ ᠦᠢᠯᠡᠳᠬᠦᠨ ᠤ ᠬᠠᠩᠭᠠᠯᠭ᠎ᠠ ᠶᠢ ᠥᠷᠭᠡᠳᠬᠡᠬᠦ ᠬᠡᠷᠡᠭᠲᠡᠶ︔ | ᠡᠷᠬᠡᠪᠰᠢ ᠭᠦᠨᠵᠡᠭᠡᠶ ᠠᠭᠤᠰᠤᠯᠴᠠᠬᠤ ᠶᠢ ᠪᠠᠷᠢᠮᠲᠠᠯᠠᠵᠤ᠂ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ +︾ | ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠨᠡᠶᠢᠭᠡᠮ ᠤᠨ ᠦᠢᠯᠡᠳᠦᠯ᠂ | ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠶ︔ ᠡᠷᠬᠡᠪᠰᠢ ᠡᠯ᠎ᠡ ᠱᠠᠲᠤᠨ ᠤ ᠵᠠᠰᠠᠭ ᠤᠨ ᠣᠷᠳᠣᠨ ᠤ ᠭᠤᠤᠯ | ᠴᠣᠭᠴᠠ ᠶᠢᠨ ᠦᠢᠯᠡᠳᠦᠯ ᠢ ᠴᠢᠩᠭᠠᠳᠬᠠᠵᠤ᠂ ᠲᠥᠷᠦ ᠶᠢᠨ ᠪᠣᠳᠣᠯᠭ᠎ᠠ ᠶᠢᠨ ᠳᠡᠮᠵᠢᠯᠭᠡ ᠪᠠ ᠣᠷᠣᠭᠤᠯᠤᠯᠲᠠ ᠶᠢᠨ | ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠦᠷᠬᠦᠯᠵᠢᠯᠡᠨ | ᠬᠦᠭᠵᠢᠬᠦ ᠶᠢ ᠠᠬᠢᠭᠤᠯᠬᠤ ᠬᠡᠷᠡᠭᠲᠡᠶ ᠭᠡᠳᠡᠭ ᠢ ᠮᠡᠳᠡᠷᠡᠵᠡᠢ᠃ | ᠶᠡᠷᠦᠩᠬᠡᠶ ᠱᠦᠵᠢ ᠶᠢᠨ ᠬᠤᠯᠪᠣᠭᠳᠠᠯ ᠪᠦᠬᠦᠢ ᠴᠢᠬᠤᠯᠠ ᠦᠬᠦᠯᠡᠯᠲᠡ ᠲᠠᠢ ᠬᠠᠷᠭᠤᠭᠤᠯᠵᠤ᠂ ᠠᠷᠠᠳ | ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠳᠤ ᠬᠠᠷᠢᠭᠤ ᠲᠤᠰᠬᠠᠯ ᠥᠭᠴᠦ᠂ ᠮᠠᠨ ᠤ | ᠠᠵᠢᠯ ᠪᠠᠰᠠ ᠡᠷᠬᠡᠪᠰᠢ ᠤᠯᠠᠮ ᠨᠢᠭᠡ ᠠᠯᠬᠤᠮ ᠰᠢᠨ᠎ᠡ ᠶᠢ ᠡᠭᠦᠳᠴᠦ ᠴᠢᠩᠭᠠᠳᠬᠠᠬᠤ ᠬᠡᠷᠡᠭᠲᠡᠶ ᠭᠡᠳᠡᠭ ᠢ ᠪᠢᠳᠡ | ᠭᠦᠨᠵᠡᠭᠡᠶ ᠣᠶᠢᠯᠠᠭᠠᠵᠤ ᠪᠠᠶᠢᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ | ᠪᠠᠲᠤᠯᠠᠬᠤ ᠬᠠᠤᠯᠢ︾ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠦ ᠶᠢᠨ | ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ | ᠪᠠᠷᠢᠮᠲᠠᠯᠠᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ ᠰᠣᠶᠣᠯ ᠤᠨ | ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠤ ᠰᠣᠶᠣᠯ ᠤᠨ ᠬᠦᠴᠦᠷᠬᠡᠭ ᠣᠷᠣᠨ ᠤ | ᠪᠠᠶᠢᠭᠤᠯᠤᠯᠲᠠ ᠶᠢ ᠠᠬᠢᠭᠤᠯᠵᠤ᠂ ᠪᠣᠯᠪᠠᠰᠤᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠪᠣᠯᠤᠨ ᠵᠢᠷᠭᠠᠯᠲᠤ | ᠲᠥᠷᠥᠭᠳᠡᠯ ᠢ ᠨᠡᠮᠡᠭᠳᠡᠭᠦᠯᠦᠨ᠎ᠡ᠃ | ᠵᠠᠭᠤᠴᠢᠯᠠᠭᠤᠷ ᠤᠨ ᠨᠠᠶᠢᠵᠠ ᠨᠠᠷ ᠤᠨ ᠪᠢᠳᠡᠨ ᠤ ᠠᠵᠢᠯ ᠢ ᠦᠷᠬᠦᠯᠵᠢᠯᠡᠨ ᠳᠡᠮᠵᠢᠵᠦ ᠬᠢᠨᠠᠯᠲᠠ ᠲᠠᠯᠪᠢᠬᠤ ᠶᠢ | ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ | ᠪᠠᠶᠠᠷᠯᠠᠯ᠎ᠠ︕ | | ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ | ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠰᠠᠭᠤᠯᠲᠠ ᠬᠠᠷᠢᠭᠤᠯᠲᠠ ᠶᠢᠨ ᠭᠤᠭᠴᠤᠭ᠎ᠠ | | | | | ᠰᠢᠨᠬᠤᠸᠠ ᠬᠤᠷᠢᠶᠠᠨ ᠤ ᠰᠤᠷᠪᠤᠯᠵᠢᠯᠠᠭᠴᠢ | | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠷᠠᠳᠢᠣ᠋ ᠲᠧᠯᠸᠢᠰ ᠪᠣᠯ ᠠᠷᠠᠳ ᠢᠷᠭᠡᠨ ᠤ ᠠᠮᠢᠳᠤᠷᠠᠯ ᠳᠤᠮᠳᠠᠬᠢ | ᠲᠤᠶᠢᠯ ᠤᠨ ᠴᠢᠬᠤᠯᠠ ᠨᠢᠭᠡ ᠬᠡᠰᠡᠭ ᠮᠥᠨ᠂ ᠭᠡᠪᠡᠴᠦ ᠰᠦᠯᠵᠢᠶᠡᠨ ᠤ ᠵᠠᠭᠤᠴᠢᠯᠠᠭᠤᠷ᠂ ᠬᠤᠪᠢ ᠬᠦᠮᠦᠨ ᠤ | ᠵᠠᠭᠤᠴᠢᠯᠠᠭᠤᠷ ᠤᠨ ᠲᠦᠷᠭᠡᠨ ᠬᠥᠭᠵᠢᠬᠦ ᠶᠢ ᠳᠠᠭᠠᠯᠳᠤᠨ᠂ ᠣᠯᠠᠨ ᠲᠦᠮᠡᠨ ᠤ ᠮᠡᠳᠡᠭᠡ ᠵᠠᠩᠭᠢ ᠤᠯᠬᠤ ᠠᠷᠭ᠎ᠠ ᠵᠠᠮ | ᠣᠯᠠᠨ ᠶᠠᠩᠵᠤ᠂ ᠳᠥᠬᠦᠮ ᠳᠥᠲᠡ ᠪᠣᠯᠵᠣ᠂ ᠠᠩᠬᠠᠷᠤᠯ ᠢ ᠠᠯᠬᠤᠮ ᠠᠯᠬᠤᠮ ᠢᠶᠠᠷ ᠰᠠᠷᠨᠢᠭᠤᠯᠵᠤ᠂ ᠷᠠᠳᠢᠣ᠋ | ᠲᠧᠯᠸᠢᠰ ᠤᠨ ᠵᠠᠭᠤᠴᠢᠯᠠᠭᠤᠷ ᠤᠨ ᠡᠷᠬᠡ ᠰᠦᠷᠲᠦ ᠴᠢᠨᠠᠷ ᠪᠠ ᠳᠠᠮᠵᠢᠭᠤᠯᠬᠤ ᠬᠦᠴᠦᠨ ᠢ ᠥᠷᠢᠰᠥᠯᠳᠦᠭᠡᠨ ᠳᠤ | ᠤᠴᠠᠷᠠᠭᠤᠯᠵᠠᠢ᠃ ᠰᠢᠨ᠎ᠡ ᠴᠠᠭ ᠦᠶ᠎ᠡ ᠳᠤ ᠷᠠᠳᠢᠣ᠋ ᠲᠧᠯᠸᠢᠰ ᠤᠨ ᠦᠢᠯᠡᠰ ᠡᠨᠡ ᠬᠦ ᠥᠷᠢᠰᠥᠯᠳᠦᠭᠡᠨ ᠢ ᠬᠡᠷᠬᠢᠨ | ᠠᠷᠭᠠᠴᠠᠵᠤ᠂ ᠠᠷᠠᠳ ᠤᠯᠠᠨ ᠤ ᠷᠠᠳᠢᠣ᠋ ᠲᠧᠯᠸᠢᠰ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠡᠷᠬᠢᠨ ᠨᠡᠩ ᠰᠠᠶᠢᠲᠤᠷ | ᠬᠠᠩᠭᠠᠬᠤ ᠪᠤᠢ︖ | | | | | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠤᠪᠴᠢᠶᠠᠨ ᠤ ᠳᠠᠷᠤᠭ᠎ᠠ ᠵᠢᠶᠠᠩ ᠪᠥᠸᠧ ᠶᠠᠨ | | ᠵᠢᠶᠠᠩ ᠪᠥᠸᠧ ᠶᠠᠨ᠄ ᠥᠪᠡᠷᠲᠡᠭᠡᠨ ᠵᠠᠰᠠᠬᠤ ᠣᠷᠣᠨ ᠡᠨᠡ ᠵᠢᠯ ᠠᠴᠠ ᠥᠪᠥᠷ ᠮᠣᠩᠭᠤᠯ ᠤᠨ ︽ᠤᠶᠤᠨᠲᠤ | ᠷᠠᠳᠢᠤ᠋ ᠲᠧᠯᠸᠢᠰ︾ ᠤᠨ ᠪᠥᠲᠥᠭᠡᠨ ᠪᠠᠶᠢᠭᠤᠯᠤᠯᠲᠠ ᠶᠢ ᠡᠬᠢᠯᠡᠨ ᠬᠡᠷᠡᠭᠵᠢᠭᠦᠯᠵᠦ᠂ 3 ᠵᠢᠯ ᠤᠨ ᠲᠤᠳᠤᠷ᠎ᠠ | ᠦᠨᠳᠦᠰᠦᠨ ᠳᠤ ᠪᠠᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ | ᠨᠢᠭᠡ ᠳᠤ᠂ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠰᠢᠨᠡᠴᠢᠯᠡᠨ᠎ᠡ᠃ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠭᠡᠳᠡᠭ ᠨᠢ ᠤᠲᠠᠰᠤᠲᠤ᠂ ᠤᠲᠠᠰᠤ ᠥᠬᠡᠶ᠂ ᠳᠠᠭᠠᠭᠤᠯᠢ ᠤᠳᠤᠨ ᠤ ᠣᠶᠤᠨᠴᠢ | ᠬᠠᠮᠵᠢᠯᠴᠠᠭ᠎ᠠ ᠶᠢᠨ ᠪᠦᠷᠬᠦᠴᠡ ᠶᠢ ᠪᠠᠶᠢᠭᠤᠯᠵᠤ᠂ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠬᠤᠯᠪᠣᠨ | ᠨᠡᠪᠲᠡᠷᠡᠭᠦᠯᠵᠦ᠂ ᠲᠦᠭ ᠲᠦᠮᠡᠨ ᠠᠶᠢᠯ ᠡᠷᠦᠬᠡ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ᠂ ᠬᠠᠮᠢᠶᠠᠷᠴᠤ ᠡᠵᠡᠮᠳᠡᠬᠦᠢ᠂ ᠪᠣᠬᠢᠷᠲᠤᠯ ᠥᠬᠡᠶ | ᠂ ᠠᠮᠤᠷ ᠲᠦᠪᠰᠢᠨ ᠣᠲᠣ ᠦᠶ᠎ᠡ ᠶᠢᠨ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ | ᠶᠢ ᠵᠢᠭᠠᠵᠤ ᠪᠠᠶᠢᠨ᠎ᠠ᠃ ᠠᠭᠤᠰᠤᠯᠴᠠᠨ ᠬᠥᠭᠵᠢᠬᠦ᠂ ᠲᠤᠬᠠᠶᠢᠯᠠᠪᠠᠯ ᠲᠤᠪᠴᠢᠶ᠎ᠠ᠂ ᠰᠤᠪᠠᠭ᠂ ᠰᠦᠯᠵᠢᠶ᠎ᠡ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠵᠦ᠂ ᠠᠭᠤᠰᠤᠯᠴᠠᠨ | ᠬᠦᠭᠵᠢᠵᠦ᠂ ᠴᠢᠳᠠᠪᠬᠢ ᠨᠢ ᠨᠡᠩ ᠬᠦᠴᠦᠷᠬᠡᠭ ᠭᠤᠤᠯᠯᠠᠭᠴᠢ ᠵᠠᠭᠤᠴᠢᠯᠠᠭᠤᠷ ᠤᠨ ᠠᠭᠤᠰᠤᠯᠳᠤᠨ ᠳᠠᠮᠵᠢᠭᠤᠯᠬᠤ | ᠲᠣᠣᠷ ᠰᠦᠯᠵᠢᠶ᠎ᠡ᠂ ᠲᠣᠭᠠᠴᠢᠯᠠᠭᠰᠠᠨ ᠰᠣᠶᠣᠯ ᠤᠨ ᠳᠠᠮᠵᠢᠭᠤᠯᠬᠤ ᠲᠣᠣᠷ ᠰᠦᠯᠵᠢᠶ᠎ᠡ᠂ ᠪᠠᠶᠢᠯᠳᠤᠬᠤ | ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢ ᠲᠣᠣᠷ ᠢ ᠪᠠᠶᠢᠭᠤᠯᠤᠨ᠎ᠠ᠃ ᠰᠢᠰᠲ᠋ᠧᠮ ᠤᠨ ᠪᠥᠲᠦᠭᠡᠨ ᠪᠠᠶᠢᠭᠤᠯᠤᠯᠲᠠ᠂ | ᠲᠤᠬᠠᠶᠢᠯᠠᠪᠠᠯ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠳᠦᠭᠦᠯᠢᠭ ᠮᠠᠶ᠋ᠢᠭ ᠤᠨ | ᠪᠦᠷᠬᠦᠴᠡ ᠠᠴᠠ ᠡᠷᠦᠬᠡ ᠳᠤ ᠤᠷᠤᠲᠠᠯ᠎ᠠ ᠨᠠᠷᠢᠯᠢᠬᠵᠢᠭᠤᠯᠤᠨ ᠲᠠᠰ ᠳᠡᠪᠰᠢᠬᠦᠯᠬᠦ ᠶᠢ ᠠᠬᠢᠭᠤᠯᠵᠤ᠂ ᠤᠯᠠᠮᠵᠢᠯᠠᠯᠲᠤ | ᠦᠵᠡᠵᠦ ᠰᠣᠨᠣᠰᠬᠤ ᠦᠢᠯᠡᠴᠢᠯᠡᠭᠡ ᠠᠴᠠ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠬᠡᠯᠪᠡᠷᠢ᠂ ᠣᠯᠠᠨ | ᠡᠵᠡᠩᠨᠡᠯᠲᠡ ᠶᠢᠨ ᠪᠠᠶᠢᠳᠠᠯ ᠤᠨ ᠦᠢᠯᠡᠴᠢᠯᠡᠭᠡ ᠲᠡᠶᠢᠰᠢ ᠲᠠᠰ ᠳᠡᠪᠰᠢᠭᠦᠯᠵᠦ᠂ ᠲᠩᠷᠢ ᠭᠠᠵᠠᠷ ᠢ ᠨᠢᠭᠡ | ᠴᠣᠭᠴᠠᠵᠢᠭᠤᠯᠤᠭᠰᠠᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ᠂ ᠥᠷᠭᠡᠨ ᠪᠦᠰᠡᠲᠦ ᠰᠦᠯᠵᠢᠶ᠎ᠡ | ᠬᠠᠷᠢᠯᠴᠠᠨ ᠤᠶᠠᠯᠳᠤᠭᠰᠠᠨ᠂ ᠣᠶᠤᠨᠯᠢᠭ ᠬᠠᠮᠵᠢᠯᠴᠠᠭᠰᠠᠨ ᠰᠦᠯᠵᠢᠶᠡᠨ ᠤ ᠳᠠᠮᠵᠢᠭᠤᠯᠬᠤ ᠰᠢᠰᠲ᠋ᠧᠮ ᠢ ᠪᠠᠶᠢᠭᠤᠯᠤᠨ᠎ᠠ | ᠃ ᠶᠡᠷᠦᠩᠬᠡᠶᠢᠯᠡᠨ ᠠᠰᠢᠭᠯᠠᠬᠤ ᠭᠡᠳᠡᠭ ᠨᠢ ᠷᠠᠳᠢᠣ᠋ ᠲᠧᠯᠸᠢᠰ ᠢ ᠬᠤᠯᠪᠣᠭᠳᠠᠯ ᠪᠦᠬᠦᠢ ᠬᠦᠷᠢᠶ᠎ᠡ ᠴᠠᠷᠠᠭ᠎ᠠ ᠲᠠᠢ | ᠵᠣᠯᠭᠠᠭᠤᠯᠬᠤ ᠶᠢ ᠲᠦᠯᠬᠢᠨ ᠠᠬᠢᠭᠤᠯᠵᠤ᠂ ᠷᠠᠳᠢᠣ᠋ ᠲᠧᠯᠸᠢᠰ ᠤᠨ ᠰᠦᠯᠵᠢᠶ᠎ᠡ ᠶᠢ ᠣᠶᠤᠨᠴᠢ ᠬᠤᠲᠠ᠂ ᠤᠶᠤᠨᠲᠤ | ᠬᠥᠳᠡᠭᠡ ᠲᠣᠰᠬᠤᠨ ᠤ ᠭᠤᠤᠯᠯᠠᠬᠤ ᠠᠴᠢᠶᠠᠯᠠᠪᠤᠷᠢ ᠶᠢᠨ ᠲᠣᠤᠷ ᠰᠦᠯᠵᠢᠶ᠎ᠡ ᠪᠣᠯᠭᠠᠨ᠎ᠠ᠃ | ᠬᠤᠶᠠᠷ ᠲᠤ᠂ ᠠᠵᠢᠯᠯᠠᠭᠠᠨ ᠤ ᠵᠠᠭᠪᠤᠷ ᠢ ᠰᠢᠨᠡᠴᠢᠯᠡᠵᠦ ᠂ ᠵᠠᠰᠠᠭ ᠤᠨ ᠣᠷᠳᠣᠨ ᠢᠶᠠᠷ ᠭᠤᠤᠯᠯᠠᠭᠤᠯᠤᠨ᠂ | ᠵᠠᠬ᠎ᠠ ᠳᠡᠯᠭᠡᠭᠦᠷ ᠢᠶᠠᠷ ᠠᠵᠢᠯᠯᠠᠭᠤᠯᠵᠤ᠂ ᠠᠵᠤ ᠠᠬᠤᠶᠢᠯᠠᠯ ᠢᠶᠠᠷ ᠬᠡᠷᠡᠭᠵᠢᠬᠦᠯᠦᠯᠦᠨᠡ᠃ ᠵᠠᠰᠠᠭ ᠤᠨ ᠣᠷᠳᠣᠨ ᠢᠶᠠᠷ | ᠭᠤᠤᠯᠯᠠᠭᠤᠯᠬᠤ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠪᠥᠷ ᠮᠣᠩᠭᠤᠯ ᠤᠨ ︽ | ᠤᠶᠤᠨᠲᠤ ᠷᠠᠳᠢᠣ᠋ ᠲᠧᠯᠸᠢᠰ︾ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ | ᠪᠥᠲᠥᠭᠡᠨ ᠪᠠᠶᠢᠭᠤᠯᠬᠤ ᠵᠠᠷᠴᠢᠮ᠂ ᠠᠭᠤᠯᠭ᠎ᠠ᠂ ᠬᠠᠷᠠᠯᠲᠠ ᠪᠠ ᠱᠠᠭᠠᠷᠳᠠᠯᠭ᠎ᠠ ᠶᠢ ᠲᠤᠭᠲᠠᠭᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠠᠭᠤᠯᠭ᠎ᠠ ᠶᠢᠨ ᠤᠳᠤᠷᠢᠳᠤᠮᠵᠢ ᠵᠥᠪ ᠣᠨᠣᠪᠴᠢᠲᠠᠶ᠂ | ᠰᠦᠯᠵᠢᠶᠡᠨ ᠤ ᠠᠮᠤᠷ ᠲᠦᠪᠰᠢᠨ ᠨᠠᠶᠢᠳᠠᠪᠤᠷᠢᠲᠠᠶ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ | ᠪᠠ ᠳᠣᠭᠢᠷᠠᠬᠤ ᠴᠢᠨᠠᠷ ᠢ ᠪᠠᠲᠤᠯᠠᠨ᠎ᠠ︔ ᠵᠠᠬ᠎ᠠ ᠳᠡᠯᠭᠡᠭᠦᠷ ᠤᠨ ᠠᠵᠢᠯᠯᠠᠭᠠᠨ ᠭᠡᠳᠡᠭ ᠨᠢ ᠵᠠᠰᠠᠭ ᠤᠨ ᠣᠷᠳᠣᠨ | ᠳᠠᠭᠠᠭᠠᠴᠢᠯᠠᠨ ᠡᠷᠬᠢᠯᠡᠬᠦ᠂ ᠪᠡᠯᠡ ᠤᠷᠤᠭᠤᠯᠬᠤ ᠠᠵᠢᠯ ᠦᠢᠯᠡᠰ ᠡᠷᠬᠢᠯᠡᠬᠦ ᠤᠯᠠᠮᠵᠢᠯᠠᠯᠲᠤ ᠰᠡᠳᠬᠢᠬᠦᠶ ᠪᠠ ᠬᠡᠪ | ᠵᠠᠭᠪᠤᠷ ᠢᠶᠠᠨ ᠬᠤᠪᠢᠷᠠᠭᠤᠯᠵᠤ᠂ ᠦᠢᠯᠡᠴᠢᠯᠡᠭᠡ ᠬᠤᠳᠠᠯᠳᠤᠨ ᠠᠪᠴᠤ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ | ᠭᠠᠷᠭᠠᠵᠤ᠂ ᠬᠥᠲᠥᠯᠥᠨ ᠵᠢᠯᠤᠭᠤᠳᠬᠤ ᠴᠢᠨᠠᠷᠲᠠᠶ ᠪᠡᠯᠡ ᠮᠥᠩᠭᠦ ᠭᠠᠷᠭᠠᠵᠦ ᠪᠠᠶᠢᠭᠠᠳ ᠵᠠᠬ᠎ᠠ ᠳᠡᠯᠭᠡᠭᠦᠷ ᠤᠨ | ᠲᠣᠭᠲᠠᠴᠠ ᠶᠢ ᠬᠡᠷᠡᠭᠯᠡᠨ ᠪᠡᠯᠡ ᠴᠤᠭᠯᠠᠭᠤᠯᠬᠤ ᠪᠡᠯᠡ ᠣᠷᠣᠭᠤᠯᠬᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢᠨ ᠬᠡᠪ ᠵᠠᠭᠪᠤᠷ ᠢ ᠪᠠᠶᠢᠭᠤᠯᠬᠤ ᠶᠠᠪᠤᠳᠠᠯ ᠪᠣᠯᠤᠨ᠎ᠠ︔ ᠠᠵᠤ ᠠᠬᠤᠶᠢᠯᠠᠯ ᠬᠡᠷᠡᠭᠵᠢᠬᠦᠯᠬᠦ ᠭᠡᠳᠡᠭ ᠨᠢ | ᠵᠠᠰᠠᠭ ᠤᠨ ᠣᠷᠳᠣᠨ ᠤ ᠵᠢᠯᠣᠭᠤᠳᠣᠯᠭ᠎ᠠ ᠳᠣᠤᠷ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠲᠣᠤᠷ | ᠰᠦᠯᠵᠢᠶᠡᠨ ᠤ ᠪᠦᠯᠦᠭᠯᠡᠯ ᠪᠣᠯᠤᠨ ᠥᠪᠥᠷ ᠮᠣᠩᠭᠤᠯ ᠤᠨ ᠲᠤᠮᠤ ᠳ᠋ᠠᠶᠢᠲ᠋ᠠ ᠶᠢᠨ ᠪᠠᠯᠠ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠬᠠᠮᠲᠤᠷᠠᠯᠴᠠᠵᠤ ᠪᠠᠶᠢᠭᠠᠳ ᠥᠪᠥᠷ ᠮᠣᠩᠭᠤᠯ ᠤᠨ ︽ᠤᠶᠤᠨᠲᠤ ᠷᠠᠳᠢᠣ᠋ ᠲᠧᠯᠸᠢᠰ︾ ᠢ | ᠠᠬᠢᠭᠤᠯᠤᠨ ᠡᠵᠡᠩᠨᠡᠬᠦ ᠶᠢ ᠵᠢᠭᠠᠵᠤ ᠪᠠᠶᠢᠨ᠎ᠠ᠃ | ᠭᠤᠷᠪᠠ ᠳᠤ᠂ ᠲᠧᠭᠨᠢᠭ ᠮᠡᠷᠭᠡᠵᠢᠯ ᠤᠨ ᠬᠡᠷᠡᠭᠯᠡᠭᠡᠨ ᠢ ᠰᠢᠨᠡᠴᠢᠯᠡᠨ᠎ᠡ᠃ ᠡᠬᠢ ᠪᠠᠶᠠᠯᠢᠭ ᠢ ᠨᠢᠭᠡᠳᠬᠡᠬᠦ | ᠭᠡᠳᠡᠭ ᠨᠢ ᠷᠠᠳᠢᠣ᠋ ᠲᠧᠯᠸᠢᠰ ᠤᠨ ᠤᠲᠠᠰᠤᠲᠤ᠂ ᠤᠲᠠᠰᠤ ᠦᠭᠡᠢ᠂ ᠰᠢᠭᠤᠳ ᠨᠡᠪᠲᠡᠷᠡᠭᠦᠯᠬᠦ ᠳᠠᠭᠠᠭᠤᠯᠢ ᠣᠳᠣᠨ ᠤ | ᠡᠬᠢ ᠪᠠᠶᠠᠯᠢᠭ ᠢ ᠨᠢᠭᠡᠳᠬᠡᠵᠦ᠂ ᠷᠠᠳᠢᠤ᠋ ᠲᠧᠯᠸᠢᠰ ᠤᠨ ᠲᠤᠪᠴᠢᠶᠠᠨ ᠤ ᠵᠠᠰᠠᠭ ᠵᠠᠬᠢᠷᠭᠠᠨ ᠤ ᠡᠬᠢ ᠪᠠᠶᠠᠯᠢᠭ᠂ ᠷᠠᠳᠢᠣ᠋ | ᠲᠧᠯᠸᠢᠰ ᠤᠨ ᠲᠣᠤᠷ ᠰᠦᠯᠵᠢᠶᠡᠨ ᠤ ᠺᠣᠮᠫᠠᠨᠢ ᠶᠢᠨ ᠰᠦᠯᠵᠢᠶᠡᠨ ᠤ ᠡᠬᠢ ᠪᠠᠶᠠᠯᠢᠭ᠂ ᠷᠠᠳᠢᠣ᠋ ᠲᠧᠯᠸᠢᠰ ᠬᠤᠷᠢᠶᠠᠨ ᠤ | ᠠᠭᠤᠯᠭ᠎ᠠ ᠶᠢᠨ ᠡᠬᠢ ᠪᠠᠶᠠᠯᠢᠭ ᠢ ᠨᠢᠭᠡᠳᠬᠡᠵᠦ᠂ ᠴᠠᠭ ᠦᠶ᠎ᠡ ᠶᠢᠨ ᠬᠡᠷᠡᠭᠴᠡᠭᠡ ᠳᠤ ᠵᠣᠬᠢᠴᠠᠭᠰᠠᠨ ᠷᠠᠳᠢᠣ᠋ | ᠲᠧᠯᠸᠢᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠬᠠᠮᠲᠤ ᠪᠠᠷ ᠪᠠᠶᠢᠭᠤᠯᠬᠤ ᠶᠠᠪᠤᠳᠠᠯ ᠪᠣᠯᠤᠨ᠎ᠠ᠃ | ᠰᠦᠯᠵᠢᠶᠡᠨ ᠤ ᠤᠶᠤᠨᠴᠢ ᠴᠢᠳᠠᠪᠤᠷᠢ᠂ ᠲᠤᠬᠠᠶᠢᠯᠠᠪᠠᠯ ᠷᠠᠳᠢᠣ᠋ ᠲᠧᠯᠸᠢᠰ ᠤᠨ ᠳᠠᠮᠵᠢᠭᠤᠯᠬᠤ ᠰᠦᠯᠵᠢᠶ᠎ᠡ ᠶᠢ ᠲᠩᠷᠢ | ᠭᠠᠵᠠᠷ ᠢ ᠨᠢᠭᠡ ᠴᠤᠭᠴᠠᠵᠢᠭᠤᠯᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦᠯᠬᠦ᠂ ᠥᠷᠭᠡᠨ ᠪᠦᠰᠡᠲᠦ | ᠰᠤᠯᠢᠯᠴᠠᠭ᠎ᠠ᠂ ᠣᠶᠤᠨᠴᠢ ᠬᠠᠮᠵᠢᠯᠴᠠᠭᠤᠯᠬᠤ ᠴᠢᠭᠯᠡᠯ ᠢᠶᠠᠷ ᠬᠥᠭᠵᠢᠭᠦᠯᠬᠦ ᠶᠢ ᠠᠬᠢᠭᠤᠯᠵᠤ᠂ ᠷᠠᠳᠢᠣ᠋ ᠲᠧᠯᠸᠢᠰ ᠤᠨ | ᠰᠦᠯᠵᠢᠶ᠎ᠡ ᠶᠢ ᠤᠶᠤᠨᠲᠤ ᠨᠡᠶᠢᠭᠡᠮ ᠤᠨ ᠭᠤᠤᠯ ᠠᠴᠢᠶᠠᠯᠠᠪᠤᠷᠢ ᠶᠢᠨ ᠲᠣᠤᠷ ᠰᠦᠯᠵᠢᠶ᠎ᠡ ᠪᠣᠯᠭᠠᠵᠤ᠂ ᠲᠤᠤᠷ | ᠰᠦᠯᠵᠢᠶᠡᠨ ᠤ ᠬᠦᠴᠦᠷᠬᠡᠭ ᠣᠷᠣᠨ ᠢ ᠪᠥᠲᠥᠭᠡᠨ ᠪᠠᠶᠢᠭᠤᠯᠬᠤ ᠴᠢᠬᠤᠯᠠ ᠰᠠᠭᠤᠷᠢ ᠪᠡᠯᠡᠳᠬᠡᠮᠵᠢ ᠪᠠ ᠭᠤᠤᠯᠯᠠᠭᠴᠢ | ᠬᠦᠴᠦᠨ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠤᠨ᠎ᠠ᠂ ᠲᠤᠬᠠᠶᠢᠯᠠᠪᠠᠯ ᠰᠢᠨ᠎ᠡ | ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠷᠠᠳᠢᠣ᠋ ᠲᠧᠯᠸᠢᠰ ᠤᠨ ᠲᠣᠤᠷ ᠰᠦᠯᠵᠢᠶ᠎ᠡ ᠳᠤ ᠬᠢ | ᠪᠠᠶᠢᠷᠢᠯᠠᠭᠤᠯᠤᠯᠲᠠ ᠶᠢ ᠲᠦᠷᠭᠡᠳᠬᠡᠵᠦ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ᠂ IPv6᠂ ᠵᠣᠬᠢᠶᠠᠮᠠᠯ ᠤᠶᠤᠨᠴᠢ ᠴᠢᠳᠠᠪᠤᠷᠢ᠂ ᠬᠡᠰᠡᠭ ᠪᠦᠯᠦᠭ ᠤᠨ ᠬᠡᠯᠬᠢᠶ᠎ᠡ᠂ 5G | ᠵᠡᠷᠭᠡ ᠶᠡᠷᠦᠩᠬᠡᠶᠢᠯᠡᠭᠰᠡᠨ ᠲᠤᠭᠠᠴᠢᠯᠠᠭᠰᠨ ᠮᠡᠳᠡᠭᠡ ᠵᠠᠩᠭᠢ ᠶᠢᠨ ᠮᠡᠷᠭᠡᠵᠢᠯ ᠢᠶᠠᠷ ᠲᠦᠰᠢᠭ ᠪᠣᠯᠭᠠᠵᠤ᠂ 4K ᠬᠡᠲᠦ | ᠲᠣᠳᠣ᠂ 3D ᠳᠠᠭᠤ᠂ ᠲᠣᠭᠤᠷᠢᠯ ᠳᠠᠭᠤ ᠵᠡᠷᠭᠡ ᠲᠡᠷᠢᠭᠦᠨ ᠤ ᠷᠠᠳᠢᠣ᠋ ᠲᠧᠯᠸᠢᠰ ᠤᠨ ᠮᠡᠷᠭᠡᠵᠢᠯ ᠲᠠᠢ | ᠤᠶᠠᠯᠳᠤᠭᠤᠯᠤᠨ᠂ ᠲᠣᠭᠲᠠᠮᠠᠯ ᠲᠡᠭᠦᠰᠭᠡᠯ᠂ ᠴᠢᠳᠠᠮᠵᠢ ᠶᠢᠨ ᠬᠢᠵᠠᠭᠠᠷ᠂ ᠳᠠᠩ ᠴᠢᠭᠯᠡᠯᠲᠦ ᠳᠠᠮᠵᠢᠭᠤᠯᠭ᠎ᠠ ᠵᠡᠷᠭᠡ | ᠪᠤᠭᠤᠮᠲᠠ ᠶᠢ ᠰᠢᠪᠲᠤᠯᠵᠤ᠂ ᠷᠠᠳᠢᠣ᠋ ᠲᠧᠯᠸᠢᠰ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | | ᠪᠢᠳᠡ ︽ᠣᠶᠤᠨᠴᠢ ᠷᠠᠳᠢᠣ᠋ ᠲᠧᠯᠸᠢᠰ︾ ᠤᠨ ᠪᠥᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠮᠬᠢ | ᠵᠢᠷᠤᠮ ᠲᠠᠢ ᠪᠠᠷ ᠨᠠᠶᠢᠳᠠᠪᠤᠷᠢᠵᠢᠭᠤᠯᠪᠠ᠃ ᠨᠢᠭᠡ ᠳᠤ ᠂ ︽ᠭᠤᠷᠪᠠᠨ ᠶᠡᠭᠡ ᠢᠨᠵᠧᠨᠧᠷᠢᠩ︾ ᠢ ᠬᠡᠷᠡᠭᠵᠢᠭᠦᠯᠦᠨ᠎ᠡ᠂ | ᠲᠤᠬᠠᠶᠢᠯᠠᠪᠠᠯ ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢ ᠡᠷᠦᠬᠡ ᠳᠤ ᠣᠷᠣᠭᠤᠯᠬᠤ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠢᠨᠵᠧᠨᠧᠷᠢᠩ ᠢ ᠬᠡᠷᠡᠭᠵᠢᠬᠦᠯᠵᠦ᠂ ᠭᠠᠴᠠᠭ᠎ᠠ ᠲᠣᠰᠬᠤᠨ᠂ ᠲᠦᠭ ᠲᠦᠮᠡᠨ | ᠡᠷᠦᠬᠡ ᠳᠤ ᠨᠡᠪᠲᠡᠷᠡᠭᠰᠡᠨ ᠣᠶᠤᠨᠴᠢ ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢ ᠪᠠᠶᠢᠭᠤᠯᠤᠨ᠎ᠠ᠃ ᠡᠳᠦᠭᠡ ᠷᠠᠳᠢᠣ᠋ | ᠲᠧᠯᠸᠢᠰ ᠤᠨ ᠠᠭᠤᠯᠭ᠎ᠠ ᠶᠢᠨ ᠦᠢᠯᠡᠴᠢᠯᠡᠭᠡᠨ ᠤ ᠲᠠᠪᠴᠠᠩ 11᠂ ᠠᠶᠢᠮᠠᠭ ᠬᠤᠲᠠ ᠶᠢᠨ ᠬᠤᠪᠢᠶᠠᠷᠢ ᠲᠠᠪᠴᠠᠩ | 58᠂ ᠰᠦᠯᠵᠢᠶᠡᠨ ᠳᠤ 12᠂ ᠭᠡᠷ᠎ᠡ ᠲᠣᠭᠲᠠᠭᠰᠠᠨ ᠬᠤᠰᠢᠭᠤ ᠰᠢᠶᠠᠨ 26᠂ ᠲᠥᠰᠦᠯ ᠪᠠᠶᠢᠭᠤᠯᠤᠭᠰᠠᠨ | ᠢᠨᠵᠧᠨᠧᠷᠢᠩ 15 ᠪᠠᠶᠢᠵᠤ᠂ ᠪᠥᠭᠦᠳᠡ 12 .5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠲᠤ | ᠬᠦᠷᠴᠡᠶ ︔ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠬᠢᠵᠠᠭᠠᠷ | ᠤᠷᠤᠨ ᠤ ᠷᠠᠳᠢᠣ᠋ ᠲᠧᠯᠸᠢᠰ ᠤᠨ ᠤᠶᠤᠨᠴᠢᠯᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠶᠢ | ᠪᠠᠬᠢᠵᠢᠬᠦᠯᠦᠨ᠎ᠡ᠃ ᠣᠲᠣ ᠨᠢᠭᠡᠨᠲᠡ ︽ᠣᠶᠤᠨᠴᠢ ᠷᠠᠳᠢᠣ᠋ ᠲᠧᠯᠸᠢᠰ︾ ᠤᠨ ᠬᠢᠯᠢ ᠬᠢᠵᠠᠭᠠᠷ ᠢ ᠪᠠᠬᠢᠵᠢᠭᠦᠯᠬᠦ | ᠲᠤᠷᠰᠢᠯᠲᠠ ᠶᠢᠨ ᠢᠨᠵᠧᠨᠧᠷᠢᠩ ᠢ ᠪᠠᠶᠢᠭᠤᠯᠵᠤ᠂ ᠣᠶᠢᠷ᠎ᠠ ᠶᠢᠨ ᠬᠤᠭᠤᠴᠠᠭᠠᠨ ᠳᠤ ᠴᠡᠷᠢᠭ ᠠᠩᠭᠢ ᠶᠢᠨ ᠬᠢᠨ ᠲᠠᠢ | ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠪᠥᠬᠦ ᠣᠷᠣᠨ ᠤ ᠬᠡᠪᠴᠢᠶᠡᠨ ᠳᠤ | ᠪᠥᠬᠦ ᠲᠠᠯ᠎ᠠ ᠪᠠᠷ ᠬᠡᠷᠡᠭᠵᠢᠬᠦᠯᠬᠦ ᠪᠤᠯᠤᠨ᠎ᠠ ︔ ᠬᠡᠳᠦ ᠲᠣᠳᠣ ᠥᠪᠥᠷ ᠮᠣᠩᠭᠤᠯ ᠤᠨ ᠢᠨᠵᠧᠨᠧᠷᠢᠩ ᠢ | ᠬᠡᠷᠡᠭᠵᠢᠬᠦᠯᠦᠨ᠎ᠡ᠃ ᠡᠨᠡ ᠵᠢᠯ 12 ᠨᠢᠭᠡᠴᠢ ᠶᠢᠨ 19 ᠰᠤᠪᠠᠭ ᠤᠨ ᠥᠨᠳᠥᠷ ᠪᠠᠷᠢᠮᠵᠢᠶᠠᠲᠤ ᠲᠤᠳᠤ | ᠨᠡᠪᠲᠡᠷᠡᠭᠦᠯᠭᠡ ᠶᠢ ᠬᠠᠮᠲᠤ ᠳᠤ ᠨᠢ ᠨᠡᠪᠲᠡᠷᠡᠭᠦᠯᠬᠦ ᠶᠢ ᠪᠡᠶᠡᠯᠡᠭᠦᠯᠵᠦ᠂ 2020 ᠤᠨ ᠪᠣᠯᠬᠤ ᠳᠤ ᠥᠪᠥᠷ | ᠮᠣᠩᠭᠤᠯ ᠤᠨ ᠮᠣᠩᠭᠤᠯ᠂ ᠬᠢᠲᠠᠳ ᠬᠡᠯᠡᠨ ᠤ ᠤᠳᠤᠨ ᠲᠧᠯᠸᠢᠰ ᠤᠨ ᠬᠡᠳᠦ ᠲᠣᠳᠣ ᠪᠠᠷ ᠨᠡᠪᠲᠡᠷᠡᠭᠦᠯᠬᠦ ᠂ ᠵᠢᠯ ᠤᠨ | ᠳᠣᠲᠣᠷ᠎ᠠ ᠡᠯ᠎ᠡ ᠠᠶᠢᠮᠠᠭ ᠬᠤᠲᠠ ᠶᠢᠨ ᠨᠠᠭᠠᠳᠤ ᠵᠠᠬ᠎ᠠ ᠳᠤ ᠪᠠᠨ ᠨᠢᠭᠡ ᠰᠤᠪᠠᠭ ᠢᠶᠠᠨ ᠬᠡᠳᠦ ᠲᠤᠳᠤ ᠪᠠᠷ | ᠨᠡᠪᠲᠡᠷᠡᠬᠦᠯᠬᠦ ᠶᠢ ᠪᠡᠶᠡᠯᠡᠬᠦᠯᠦᠨ᠎ᠡ᠃ ᠬᠤᠶᠠᠷ ᠲᠤ᠂ ︽ᠳᠥᠷᠪᠡᠨ ᠶᠡᠭᠡ ᠰᠢᠰᠲ᠋ᠧᠮ︾ ᠢ ᠪᠠᠶᠢᠭᠤᠯᠤᠨ᠎ᠠ᠂ | ᠲᠤᠬᠠᠶᠢᠯᠠᠪᠠᠯ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠢ ᠪᠠᠶᠢᠭᠤᠯᠤᠨ᠎ᠠ᠃ ᠬᠢᠩᠭᠠᠨ | ᠠᠶᠢᠮᠠᠭ ᠤᠨ 4 ᠣᠨᠴᠠ ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ ᠤᠯᠠᠭᠠᠨᠴᠠᠪ ᠬᠤᠲᠠ ᠶᠢᠨ 8 ᠣᠨᠴᠠ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ | ᠢ ᠪᠠᠶᠢᠭᠤᠯᠵᠤ ᠪᠠᠶᠢᠬᠤ ᠮᠥᠷᠲᠡᠭᠡᠨ ᠪᠤᠰᠤᠳ 3 ᠣᠨᠴᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠪᠠᠴᠢᠮ | ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ 2020 ᠣᠨ ᠳᠤ | ᠬᠡᠷᠡᠭᠵᠢᠬᠦᠯᠬᠦ ᠪᠠᠷ ᠪᠠᠶᠢᠨ᠎ᠠ︔ ᠥᠷᠲᠡᠭᠡ ᠶᠢ ᠪᠠᠷᠢᠮᠵᠢᠶᠠᠵᠢᠭᠤᠯᠬᠤ ᠰᠢᠰᠲ᠋ᠧᠮ ᠢ ᠪᠠᠶᠢᠭᠤᠯᠵᠤ᠂ ᠥᠷᠲᠡᠭᠡ ᠶᠢ | ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ 2.0 ᠬᠡᠪ ᠢ ᠪᠠᠶᠢᠭᠤᠯᠵᠤ᠂ ᠲᠤᠪᠴᠢᠶᠠᠨ ᠤ ᠬᠠᠷᠢᠶᠠᠲᠤ | ᠷᠠᠳᠢᠣ᠋ ᠲᠧᠯᠸᠢᠰ ᠤᠨ ᠫᠷᠤᠭ᠍ᠷᠠᠮ ᠤᠨ ᠭᠡᠷᠡᠯ ᠰᠢᠷᠬᠡᠭ ᠤᠨ ᠳᠣᠬᠢᠶᠠᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠳᠠᠭᠠᠭᠠᠴᠢᠯᠠᠯᠲᠠ ᠶᠢ ᠵᠠᠷᠯᠠᠬᠤ ᠶᠢ ᠪᠡᠶᠡᠯᠡᠭᠦᠯᠵᠦ᠂ 7 ᠰᠢᠭᠤᠳ ᠬᠠᠷᠢᠶ᠎ᠠ ᠬᠤᠷᠢᠶ᠎ᠠ᠂ 6 ᠲᠥᠪ | ᠬᠤᠷᠢᠶᠠᠨ ᠳᠤ ᠭᠡᠷᠡᠯᠯᠢᠭ ᠰᠢᠷᠬᠡᠭ ᠤᠨ ᠰᠦᠯᠵᠢᠶ᠎ᠡ ᠶᠢ ᠨᠡᠪᠲᠡᠷᠡᠭᠦᠯᠬᠦ ᠪᠠ ᠷᠠᠳᠢᠣ᠋ ᠲᠧᠯᠸᠢᠰ ᠤᠨ ᠫᠷᠤᠭ᠍ᠷᠠᠮ ᠢ | ᠬᠤᠯᠪᠤᠬᠤ ᠶᠢ ᠪᠡᠶᠡᠯᠡᠭᠦᠯᠪᠡ ︔ ᠷᠠᠳᠢᠣ᠋ ᠲᠧᠯᠸᠢᠰ ᠢ ᠬᠢᠨᠠᠨ ᠰᠢᠯᠭᠠᠬᠤ ᠬᠢᠨᠠᠨ ᠬᠠᠮᠢᠶᠠᠷᠬᠤ ᠰᠢᠰᠲ᠋ᠧᠮ ᠢ | ᠪᠠᠶᠢᠭᠤᠯᠤᠨ᠎ᠠ᠃ ᠲᠥᠰᠦᠯ ᠤᠨ ᠪᠥᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠲᠥᠯᠦᠪᠯᠡᠭᠡ ᠶᠢ ᠨᠢᠭᠡᠨᠲᠡ | ᠪᠡᠶᠡᠯᠡᠭᠦᠯᠵᠦ᠂ ᠦᠵᠡᠵᠦ ᠰᠣᠨᠣᠰᠬᠤ ᠫᠷᠤᠭ᠍ᠷᠠᠮ ᠤᠨ ᠰᠦᠯᠵᠢᠶᠡᠨ ᠤ ᠦᠷᠳᠡᠭᠡ᠂ IPTV ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠪᠡ︔ ᠷᠠᠳᠢᠣ᠋ | ᠲᠧᠯᠸᠢᠰ ᠤᠨ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠠᠮᠤᠷ | ᠲᠦᠪᠰᠢᠨ ᠢᠶᠠᠷ ᠨᠡᠪᠲᠡᠷᠡᠭᠦᠯᠬᠦ ᠶᠢ ᠶᠡᠭᠡ ᠪᠠᠷ ᠪᠠᠶᠢᠴᠠᠭᠠᠬᠤ ᠪᠠ ᠠᠮᠤᠷ ᠲᠦᠪᠰᠢᠨ ᠤ ᠳᠠᠯᠳᠠ ᠠᠶᠤᠯ ᠢ ᠨᠢᠭᠲᠠᠯᠠᠨ | ᠪᠠᠶᠢᠴᠠᠭᠠᠬᠤ ᠰᠠᠷ᠎ᠠ᠂ ᠠᠮᠤᠷ ᠲᠦᠪᠰᠢᠨ ᠢᠶᠠᠷ ᠨᠡᠪᠲᠡᠷᠡᠭᠦᠯᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ | ᠭᠠᠷᠠᠭ ᠤᠨ ᠠᠵᠢᠯᠯᠠᠭ᠎ᠠ ᠶᠢ 3 ᠡᠭᠡᠯᠵᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠤᠨ | ᠲᠣᠬᠢᠷᠠᠭᠤᠯᠬᠤ ᠲᠥᠪ ᠢ ᠪᠠᠶᠢᠭᠤᠯᠪᠠ᠃ | | | | | ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ | | ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ᠣᠶᠢᠷ᠎ᠠ ᠶᠢᠨ ᠬᠡᠳᠦᠨ ᠵᠢᠯ ᠳᠤ᠂ | ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ ᠣᠯᠠᠨ | ᠲᠦᠮᠡᠨ ᠤ ᠪᠡᠶ᠎ᠡ ᠪᠠᠨ ᠴᠢᠭᠢᠷᠠᠭᠵᠢᠭᠤᠯᠬᠤ ᠤᠬᠠᠮᠰᠠᠷ ᠠᠯᠬᠤᠮ ᠠᠯᠬᠤᠮ ᠢᠶᠠᠷ ᠴᠢᠩᠭᠠᠷᠠᠵᠤ ᠪᠠᠶᠢᠨ᠎ᠠ᠃ ᠲᠠᠨ ᠵᠢᠩ | ᠹᠧᠩ ᠲᠣᠪᠴᠢᠶᠠᠨ ᠳᠠᠷᠤᠭ᠎ᠠ ᠡ᠂ ᠬᠡᠷᠬᠢᠨ ᠪᠥᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠪᠠ ᠪᠥᠬᠦ ᠠᠷᠠᠳ ᠤᠨ | ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠠᠬᠢᠭᠤᠯᠵᠤ᠂ ᠪᠡᠶ᠎ᠡ ᠪᠠᠨ ᠴᠢᠭᠢᠷᠠᠭᠵᠢᠭᠤᠯᠬᠤ ᠬᠥᠳᠡᠯᠭᠡᠭᠡᠨ ᠢ ᠦᠨᠡᠨ | ᠬᠦ ᠥᠷᠭᠡᠨ ᠣᠯᠠᠨ ᠠᠷᠠᠳ ᠲᠦᠮᠡᠨ ᠤ ᠠᠮᠢᠳᠤᠷᠠᠯ ᠤᠨ ᠨᠢᠭᠡ ᠬᠡᠰᠡᠭ ᠪᠣᠯᠭᠠᠬᠤ ᠪᠣᠶ︖ | | | | | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶᠠᠨ ᠤ ᠳᠠᠷᠤᠭ᠎ᠠ ᠲᠠᠨ ᠵᠢᠩ ᠹᠧᠩ | | ᠲᠠᠨ ᠵᠢᠩ ᠹᠧᠩ᠄ ᠡᠷᠡᠭᠦᠯ ᠮᠡᠨᠳᠦ ᠪᠣᠯ ᠪᠡᠶ᠎ᠡ ᠶᠢᠨ ᠲᠠᠮᠢᠷ ᠤᠨ ᠬᠠᠮᠤᠭ ᠤᠨ ᠳᠡᠭᠡᠳᠦ ᠱᠠᠭᠠᠷᠳᠠᠯᠭ᠎ᠠ᠂ | ᠬᠠᠮᠤᠭ ᠤᠨ ᠳᠡᠭᠡᠳᠦ ᠲᠦᠪᠰᠢᠨ ᠮᠥᠨ᠃ ᠪᠡᠶ᠎ᠡ ᠶᠢᠨ ᠲᠠᠮᠢᠷ ᠪᠣᠯ ᠳᠠᠷᠤᠶ ᠬᠥᠳᠡᠯᠭᠡᠭᠡᠨ ᠤ ᠬᠡᠯᠪᠡᠷᠢ ᠪᠠᠷ ᠪᠡᠶ᠎ᠡ | ᠮᠠᠬᠠᠪᠣᠳ ᠢᠶᠠᠨ ᠰᠤᠷᠭᠠᠨ ᠬᠥᠮᠦᠵᠢᠭᠦᠯᠬᠦ ᠶᠠᠪᠤᠳᠠᠯ ᠪᠣᠯᠤᠨ᠎ᠠ᠃ ᠡᠨᠡ ᠨᠢ ᠲᠥᠷᠥᠯᠬᠢ ᠶᠢᠨ ᠮᠥᠷᠲᠡᠭᠡᠨ ᠨᠠᠰᠤᠨ | ᠲᠤᠷᠰᠢᠳᠠ ᠶᠢᠨ ᠰᠤᠷᠭᠠᠨ ᠬᠥᠮᠦᠵᠢᠯ ᠪᠢᠯᠡ᠃ ᠬᠥᠮᠦᠨ ᠬᠦᠪᠦᠷᠡᠯ ᠤᠨ ᠬᠥᠮᠦᠵᠢᠯ ᠠᠴᠠ ᠠᠪᠤᠭᠠᠳ ᠲᠥᠷᠥᠭᠰᠡᠨ ᠤ | ᠳᠠᠷᠠᠭ᠎ᠠ ᠤᠷᠪᠠᠭ᠋ᠤ᠂ ᠰᠠᠭᠤᠬᠤ᠂ ᠠᠯᠬᠤᠬᠤ ᠵᠡᠷᠭᠡ ᠨᠢ ᠪᠦᠷ ᠬᠠᠮᠤᠭ ᠤᠨ ᠠᠩᠬᠠᠨ ᠤ ᠪᠡᠶ᠎ᠡ ᠶᠢᠨ ᠲᠠᠮᠢᠷ ᠤᠨ | ᠬᠥᠳᠡᠯᠭᠡᠭᠡᠨ ᠪᠣᠯᠤᠨ᠎ᠠ᠃ ᠨᠢᠭᠡ ᠬᠥᠮᠦᠨ ᠡᠨᠡ ᠳᠡᠯᠡᠬᠡᠢ ᠳᠡᠭᠡᠷ᠎ᠡ᠂ ᠣᠨᠴᠠᠭᠠᠶᠢᠯᠠᠨ ᠨᠢᠯᠬ᠎ᠠ ᠬᠡᠦᠬᠡᠳ ᠤᠨ | ᠱᠠᠲᠤᠨ ᠳᠤ ᠬᠠᠮᠤᠭ ᠤᠨ ᠡᠷᠲᠡ ᠬᠦᠷᠲᠡᠭᠰᠡᠨ ᠰᠤᠷᠭᠠᠨ ᠬᠥᠮᠦᠵᠢᠯ ᠪᠣᠯ ᠳᠠᠷᠤᠢ ᠪᠡᠶ᠎ᠡ ᠶᠢᠨ ᠲᠠᠮᠢᠷ ᠪᠣᠯᠤᠨ᠎ᠠ᠂ | ᠪᠡᠶ᠎ᠡ ᠶᠢᠨ ᠲᠠᠮᠢᠷ ᠤᠨ ᠰᠠᠭᠤᠷᠢᠨ ᠳᠡᠭᠡᠷ᠎ᠡ ᠠᠯᠬᠤᠮ ᠠᠯᠬᠤᠮ ᠢᠶᠠᠷ ᠤᠶᠤᠨ ᠤ ᠬᠥᠮᠦᠵᠢᠯ᠂ ᠶᠣᠰᠣ ᠰᠤᠷᠲᠠᠬᠤᠨ ᠤ | ᠬᠥᠮᠦᠵᠢᠯ᠂ ᠭᠤᠸ᠎ᠠ ᠰᠠᠶᠢᠬᠠᠨ ᠤ ᠬᠥᠮᠦᠵᠢᠯ ᠢ ᠬᠦᠷᠲᠡᠲᠡᠭ᠃ ᠪᠡᠶ᠎ᠡ ᠶᠢᠨ ᠲᠠᠮᠢᠷ ᠤᠨ ᠲᠠᠪᠰᠢᠯᠳᠠ ᠦᠭᠡᠢ ᠪᠣᠯ | ᠬᠥᠮᠦᠨ ᠤᠶᠤᠨ ᠤ ᠬᠥᠮᠦᠵᠢᠯ᠂ ᠶᠣᠰᠣ ᠰᠤᠷᠲᠠᠬᠤᠨ ᠤ ᠬᠥᠮᠦᠵᠢᠯ᠂ ᠭᠤᠸ᠎ᠠ ᠰᠠᠶᠢᠬᠠᠨ ᠤ ᠬᠥᠮᠦᠵᠢᠯ ᠢ ᠬᠦᠷᠳᠡᠬᠦ | ᠨᠥᠬᠦᠴᠡᠯ ᠳᠤ ᠬᠦᠷᠴᠦ ᠴᠢᠳᠠᠬᠤ ᠦᠭᠡᠢ ᠶᠤᠮ᠃ ᠪᠡᠶ᠎ᠡ ᠶᠢᠨ ᠲᠠᠮᠢᠷ ᠪᠣᠯ ᠨᠢᠭᠡ ᠵᠦᠢᠯ ᠤᠨ ᠬᠥᠳᠡᠯᠭᠡᠭᠡᠨ᠂ ᠨᠢᠭᠡ | ᠵᠦᠢᠯ ᠤᠨ ᠠᠵᠢᠯ ᠦᠢᠯᠡᠰ᠂ ᠨᠢᠭᠡ ᠵᠦᠢᠯ ᠤᠨ ᠰᠤᠶᠤᠯ᠂ ᠪᠠᠰᠠ ᠨᠢᠭᠡ ᠵᠦᠢᠯ ᠤᠨ ᠠᠵᠤ ᠦᠢᠯᠡᠰ ᠪᠣᠯᠤᠨ᠎ᠠ᠂ ᠪᠡᠶ᠎ᠡ | ᠶᠢᠨ ᠲᠠᠮᠢᠷ ᠲᠤ ᠪᠡᠶ᠎ᠡ ᠰᠤᠪᠢᠯᠠᠯᠲᠠ ᠶᠢᠨ ᠡᠷᠡᠭᠦᠯᠵᠢᠯ ᠤᠨ ᠴᠢᠳᠠᠮᠵᠢ᠂ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ | ᠴᠢᠳᠠᠮᠵᠢ᠂ ᠡᠮ ᠡᠮᠨᠡᠯᠭᠡ ᠶᠢᠨ ᠡᠷᠡᠭᠦᠯᠵᠢᠯ ᠤᠨ ᠴᠢᠳᠠᠮᠵᠢ᠂ ᠰᠢᠮ᠎ᠡ ᠲᠡᠵᠢᠭᠡᠯ ᠤᠨ ᠡᠷᠡᠭᠦᠯᠵᠢᠯ ᠤᠨ ᠴᠢᠳᠠᠮᠵᠢ | ᠪᠠ ᠰᠡᠳᠬᠢᠴᠡ ᠶᠢᠨ ᠡᠷᠡᠭᠦᠯᠵᠢᠯ ᠤᠨ ᠴᠢᠳᠠᠮᠵᠢ ᠲᠠᠢ᠃ | ᠪᠦᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠮᠡᠨᠳᠦ ᠶᠢᠨ ᠭᠦᠨ | ᠠᠭᠤᠰᠤᠯᠴᠠᠯ ᠢ ᠲᠦᠯᠬᠢᠨ ᠠᠬᠢᠭᠤᠯᠵᠤ᠂ ᠮᠠᠨ ᠤ ᠣᠷᠣᠨ ᠤ ᠣᠯᠠᠨ ᠲᠦᠮᠡᠨ ᠤ ᠪᠡᠶ᠎ᠡ ᠶᠢᠨ ᠲᠠᠮᠢᠷ ᠢ | ᠠᠮᠢᠳᠤᠷᠠᠯᠵᠢᠭᠤᠯᠬᠤ ᠶᠢ ᠪᠠᠷᠢᠮᠲᠠᠯᠠᠨ᠂ ︽ᠵᠢᠷᠭᠤᠭᠠᠨ ᠳᠡᠷᠭᠡᠳᠡᠬᠢ︾ ᠢᠨᠵᠧᠨᠧᠷᠢᠩ ᠢ ᠭᠦᠨᠵᠡᠭᠡᠶ ᠲᠦᠯᠬᠢᠨ | ᠠᠬᠢᠭᠤᠯᠵᠤ᠂ ︵ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠣᠬᠢᠶᠠᠨ | ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠶᠢ ᠪᠠᠶᠢᠭᠤᠯᠵᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢ ᠪᠠᠶᠠᠯᠢᠭᠵᠢᠭᠤᠯᠵᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠬᠢᠷᠠᠭᠵᠢᠭᠤᠯᠬᠤ ᠤᠷᠤᠯᠳᠤᠭᠠᠨ ᠢ ᠳᠡᠮᠵᠢᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠵᠢᠯᠣᠭᠤᠳᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠰᠣᠶᠣᠯ ᠢ ᠪᠠᠳᠠᠷᠠᠭᠤᠯᠤᠨ᠎ᠠ︶ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠬᠢᠭᠡᠳ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠭᠵᠢᠯᠲᠡ | ᠲᠡᠩᠴᠡᠭᠦᠷᠢ ᠦᠭᠡᠶ᠂ ᠬᠦᠢᠴᠡᠳ ᠦᠭᠡᠶ ᠪᠠᠶᠢᠬᠤ ᠶᠢᠨ ᠬᠤᠭᠤᠷᠣᠨᠳᠣᠬᠢ ᠵᠥᠷᠢᠴᠡᠯ ᠢ ᠬᠦᠴᠦᠯᠡᠨ ᠰᠢᠢᠳᠪᠤᠷᠢᠯᠡᠵᠦ᠂ | ᠬᠠᠮᠤᠷᠬᠤ ᠬᠡᠪᠴᠢᠶ᠎ᠡ ᠨᠢ ᠥᠷᠭᠡᠨ᠂ ᠴᠢᠳᠠᠮᠵᠢ ᠨᠢ ᠲᠡᠭᠦᠯᠳᠡᠷ ᠪᠦᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠪᠥᠬᠦ ᠠᠷᠠᠳ ᠤᠨ | ᠪᠡᠶ᠎ᠡ ᠪᠠᠨ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠠᠬᠢᠭᠤᠯᠵᠤ᠂ | ᠡᠷᠡᠭᠦᠯ ᠡᠩᠬᠡ ᠥᠪᠥᠷ ᠮᠣᠩᠭᠤᠯ ᠤᠨ ᠳᠡᠪᠢᠰᠬᠡᠷ ᠥᠩᠭᠡ ᠶᠢ ᠨᠠᠩ ᠠᠮᠢᠳᠤᠯᠢᠭ ᠪᠣᠯᠭᠠᠨ᠎ᠠ᠃ | ᠨᠢᠭᠡ ᠳᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠣᠬᠢᠶᠠᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠨᠡᠶᠢᠭᠡᠮᠴᠢᠯᠡᠯᠲᠡ ᠶᠢ | ᠠᠬᠢᠭᠤᠯᠤᠨ᠎ᠠ᠃ ᠪᠥᠬᠦ ᠣᠷᠣᠨ ᠤ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠪᠡᠶ᠎ᠡ ᠶᠢᠨ ᠲᠠᠮᠢᠷ ᠤᠨ | ᠨᠡᠶᠢᠭᠡᠮ ᠤᠨ ᠪᠦᠯᠬᠦᠮ ᠤᠨ ᠥᠷᠭᠡᠨ ᠢᠶᠠᠷ ᠬᠠᠮᠤᠷᠬᠤ ᠶᠢ ᠬᠦᠴᠦᠯᠡᠨ ᠠᠬᠢᠭᠤᠯᠵᠤ᠂ ᠠᠶᠢᠮᠠᠭ ᠬᠤᠲᠠ᠂ ᠬᠤᠰᠢᠭᠤ | ᠰᠢᠶᠠᠨ᠂ ᠰᠤᠮᠤ ᠰᠢᠶᠠᠩ ᠪᠠᠯᠭᠠᠰᠤ ᠶᠢᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠦᠨᠳᠦᠰᠦᠨ ᠱᠠᠲᠤᠨ ᠤ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢ ᠭᠤᠤᠯᠳᠠᠯᠭ᠎ᠠ ᠲᠠᠢ ᠲᠡᠳᠬᠦᠵᠦ᠂ ᠭᠠᠭᠴᠠ ᠲᠥᠷᠦᠯ ᠤᠨ ᠨᠡᠶᠢᠭᠡᠮᠯᠢᠭ᠂ ᠪᠡᠶ᠎ᠡ | ᠴᠢᠭᠢᠷᠠᠭᠵᠢᠭᠤᠯᠬᠤ ᠺᠯᠦ᠋ᠪ ᠵᠡᠷᠭᠡ ᠡᠯ᠎ᠡ ᠲᠥᠷᠥᠯ ᠤᠨ ᠪᠡᠶ᠎ᠡ ᠪᠠᠨ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ | ᠦᠨᠳᠦᠰᠦᠨ ᠱᠠᠲᠤᠨ ᠤ ᠨᠡᠶᠢᠭᠡᠮ ᠲᠣᠭᠤᠷᠢᠭ ᠪᠣᠯᠤᠨ ᠲᠠᠷᠢᠶᠠᠯᠠᠬᠤ ᠮᠠᠯᠵᠢᠬᠤ ᠣᠷᠣᠨ ᠲᠡᠶᠢᠰᠢ ᠬᠥᠪᠦᠷᠡᠬᠦ ᠶᠢ | ᠲᠦᠯᠬᠢᠨ ᠠᠬᠢᠭᠤᠯᠤᠨ᠎ᠠ᠃ ᠣᠳᠣᠬᠠᠨ ᠳᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠵᠤ᠂ | ᠤᠳᠤᠷᠢᠳᠴᠤ ᠵᠣᠬᠢᠴᠠᠭᠤᠯᠬᠤ ᠲᠣᠭᠲᠠᠴᠠ ᠶᠢ ᠪᠦᠬᠦᠨ ᠢ ᠬᠠᠮᠤᠷᠬᠤ ᠶᠢ ᠪᠡᠶᠡᠯᠡᠬᠦᠯᠵᠡᠢ᠃ ᠪᠥᠬᠦ ᠣᠷᠣᠨ ᠳᠤ | ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ 118 ᠪᠠᠶᠢᠵᠤ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠰᠤᠮᠤ ᠰᠢᠶᠠᠩ ᠪᠠᠯᠭᠠᠰᠤ ᠶᠢᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠤᠨ ᠪᠦᠷᠬᠦᠴᠡ ᠶᠢᠨ ᠨᠣᠷᠮ᠎ᠠ | 50% ᠳᠤ ᠬᠦᠷᠴᠦ᠂ ︽ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ + ᠭᠠᠭᠴᠠ ᠲᠥᠷᠦᠯ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ + ᠤᠯᠠᠨ ᠬᠦᠮᠦᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ︾ ᠤᠨ ᠪᠡᠶ᠎ᠡ ᠶᠢᠨ ᠲᠠᠮᠢᠷ ᠤᠨ | ᠪᠡᠶ᠎ᠡ ᠪᠠᠨ ᠴᠢᠬᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠠᠩᠬ᠎ᠠ ᠠᠯᠬᠤᠮ | ᠪᠦᠷᠢᠯᠳᠦᠭᠦᠯᠵᠡᠶ᠃ ᠤᠳᠤᠬᠠᠨ ᠳᠤ ᠪᠥᠬᠦ ᠣᠷᠣᠨ ᠳᠤ 4.6 ᠲᠦᠮᠡ ᠭᠠᠷᠤᠶ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠯᠣᠭᠤᠳᠣᠭᠴᠢ ᠪᠠᠶᠢᠨ᠎ᠠ᠃ | ᠬᠤᠶᠠᠷ ᠲᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠪᠡᠯᠡᠳᠬᠡᠮᠵᠢ ᠶᠢ ᠪᠠᠶᠢᠭᠤᠯᠵᠤ᠂ ᠣᠯᠠᠨ ᠲᠦᠮᠡᠨ ᠤ ᠪᠡᠶ᠎ᠡ ᠪᠠᠨ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠪᠥᠬᠦ ᠣᠷᠣᠨ ᠤ 61 ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠤᠷ᠂ ᠣᠷᠳᠣᠨ ᠤ | ᠰᠦᠢᠳᠬᠡᠯ ᠬᠤᠷᠢᠶᠠᠬᠤ ᠦᠭᠡᠢ ᠪᠤᠶᠤ ᠳᠣᠤᠷ᠎ᠠ ᠰᠦᠢᠳᠬᠡᠯ ᠬᠤᠷᠢᠶᠠᠵᠤ ᠴᠢᠯᠥᠭᠡᠲᠡᠶ ᠨᠡᠭᠡᠭᠡᠬᠦ ᠶᠢ ᠳᠡᠮᠵᠢᠨ᠎ᠡ᠃ | ᠲᠥᠪ ᠤᠨ ᠲᠥᠪᠯᠡᠷᠡᠬᠦᠯᠦᠭᠰᠡᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠬᠠᠯᠠᠮᠵᠢ ᠶᠢᠨ ᠮᠥᠩᠭᠦ ᠪᠠᠷ | ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠠᠯᠠᠪᠤᠷ | ᠣᠷᠳᠣᠨ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠶᠢ | ᠪᠠᠶᠢᠭᠤᠯᠬᠤ ᠵᠠᠷᠤᠳᠠᠯ ᠢ ᠲᠦᠯᠦᠬᠦᠯᠬᠦ ᠪᠠᠷ ᠴᠢᠷᠮᠠᠶᠢᠨ᠎ᠠ᠃ ᠮᠠᠨ ᠤ ᠣᠷᠣᠨ ᠤ ᠤᠯᠤᠰ ᠤᠨ ᠶᠠᠳᠠᠭᠤ ᠬᠦᠴᠢᠷᠳᠡᠯᠲᠡᠶ᠂ | ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ᠂ | ᠪᠡᠯᠡᠳᠬᠡᠮᠵᠢ ᠶᠢᠨ ᠳᠡᠮᠵᠢᠯᠭᠡ ᠦᠵᠡᠭᠦᠯᠵᠦ᠂ ᠪᠡᠶ᠎ᠡ ᠶᠢᠨ ᠲᠠᠮᠢᠷ ᠢᠶᠠᠷ ᠶᠠᠳᠠᠭᠤ ᠶᠢ ᠲᠡᠳᠬᠦᠵᠦ ᠠᠷᠠᠳ ᠲᠤ ᠠᠰᠢᠭ | ᠬᠦᠷᠲᠡᠭᠡᠬᠦ ᠶᠢ ᠪᠡᠶᠡᠯᠡᠭᠦᠯᠦᠨ᠎ᠡ᠃ ᠣᠳᠣᠬᠠᠨ ᠳᠤ ᠮᠠᠨ ᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠶᠡᠷᠦᠩᠬᠡᠶ | ᠲᠤᠭ᠎ᠠ 55600 ᠭᠠᠷᠤᠢ ᠪᠠᠶᠢᠵᠤ᠂ ᠬᠥᠮᠦᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠨᠢ 1.93 | ᠲᠡᠭᠰᠢ ᠳᠥᠷᠪᠡᠯᠵᠢᠨ ᠮᠧᠲᠷ ᠪᠠᠶᠢᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠦᠮᠦᠨ ᠤ | ᠲᠤᠭ᠎ᠠ ᠶᠢᠨ ᠬᠠᠷᠢᠴᠠᠯ ᠨᠢ 41% ᠳᠤ ᠬᠦᠷᠴᠦ᠂ ᠪᠡᠶ᠎ᠡ ᠴᠢᠭᠢᠷᠠᠭᠵᠢᠭᠤᠯᠬᠤ ᠨᠢ ᠨᠢᠭᠡᠨᠲᠡ ᠪᠦᠬᠦ ᠠᠷᠠᠳ ᠤᠨ | ᠰᠢᠨ᠎ᠡ ᠬᠡᠪ ᠰᠤᠷᠲᠠᠯ ᠪᠣᠯᠤᠭᠰᠠᠨ ᠪᠠᠶᠢᠨ᠎ᠠ᠃ | ᠭᠤᠷᠪᠠ ᠳᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢ ᠪᠠᠶᠠᠯᠢᠭᠵᠢᠭᠤᠯᠵᠤ᠂ ᠪᠡᠶ᠎ᠡ ᠶᠢᠨ ᠲᠠᠮᠢᠷ ᠢ ᠠᠮᠢᠳᠤᠷᠠᠯᠵᠢᠭᠤᠯᠬᠤ ᠠᠬᠢᠴᠠ ᠶᠢ ᠲᠦᠯᠬᠢᠨ | ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ᠂ ᠵᠢᠵᠢᠭ ᠬᠡᠯᠪᠡᠷᠢ ᠶᠢᠨ ᠣᠯᠠᠨ | ᠶᠠᠩᠵᠤ ᠶᠢᠨ᠂ ᠠᠳᠠᠯᠢ ᠪᠤᠰᠤ ᠬᠥᠮᠦᠰ ᠲᠤ ᠵᠣᠬᠢᠴᠠᠬᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠬᠦᠯᠦᠨ᠎ᠡ᠃ ᠵᠢᠱᠢᠶᠡᠯᠡᠪᠡᠯ 8 ᠰᠠᠷ᠎ᠠ ᠶᠢᠨ 8 ᠤ ᠡᠳᠦᠷ ᠤᠨ | ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠡᠳᠦᠷ ᠤᠨ ᠠᠵᠢᠯᠯᠠᠭ᠎ᠠ᠂ ᠰᠢᠭᠤᠷᠬᠠᠢ ᠠᠯᠬᠤᠭᠰᠠᠳ ᠤᠨ ᠬᠦᠳᠡᠯᠭᠡᠭᠡᠨ ᠂ | ᠪᠥᠬᠦ ᠣᠷᠣᠨ ᠤ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ ᠶᠢᠨ ᠪᠥᠵᠢᠭ ᠤᠨ ᠦᠵᠡᠭᠦᠯᠦᠯᠭᠡ ᠵᠡᠷᠭᠡ ᠶᠢ | ᠥᠷᠭᠡᠨ ᠢᠶᠠᠷ ᠥᠷᠨᠢᠭᠦᠯᠵᠦ᠂ ᠨᠠᠩ ᠣᠯᠠᠨ ᠠᠷᠠᠳ ᠲᠦᠮᠡᠨ ᠢ ᠳᠠᠶᠢᠴᠢᠯᠠᠨ ᠪᠡᠶ᠎ᠡ ᠴᠢᠭᠢᠷᠠᠭᠵᠢᠭᠤᠯᠬᠤ ᠠᠴᠠ | ᠪᠣᠯᠤᠭᠰᠠᠨ ᠡᠷᠡᠭᠦᠯ ᠮᠡᠨᠳᠦ ᠪᠠ ᠪᠠᠶᠠᠷ ᠪᠠᠶᠠᠰᠤᠯ ᠢ ᠬᠦᠢᠴᠡᠳ ᠡᠳ᠋ᠯᠡᠭᠦᠯᠵᠦ᠂ ᠡᠯ᠎ᠡ ᠲᠥᠷᠥᠯ ᠤᠨ ᠬᠥᠮᠦᠰ ᠢ | ᠬᠠᠮᠤᠷᠤᠭᠰᠠᠨ᠂ ᠡᠯ᠎ᠡ ᠣᠷᠣᠨ ᠪᠦᠰᠡ ᠶᠢ ᠬᠠᠮᠤᠷᠤᠭᠰᠠᠨ᠂ ᠪᠥᠬᠦᠯᠢ ᠵᠢᠯ ᠢᠶᠠᠷ ᠲᠤᠭᠤᠰᠢᠯᠠᠭᠳᠠᠭᠰᠠᠨ ︽ᠨᠢᠭᠡ | ᠭᠠᠵᠠᠷ ᠨᠢᠭᠡ ᠨᠠᠷᠠᠲᠤ ᠲᠡᠮᠳᠡᠭ᠂ ᠨᠢᠭᠡ ᠭᠠᠵᠠᠷ ᠨᠢᠭᠡ ᠣᠨᠴᠠᠯᠢᠭ︾ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢᠨ ᠦᠢᠯᠡᠴᠢᠯᠡᠭᠡᠨ ᠤ ᠲᠣᠤᠷ ᠰᠦᠯᠵᠢᠶᠡᠨ ᠤ ᠴᠤᠭᠴᠠ ᠶᠢ ᠪᠦᠷᠢᠯᠳᠦᠬᠦᠯᠦᠨ᠎ᠡ᠃ | | ᠳᠥᠷᠪᠡ ᠳᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠢ ᠳᠡᠮᠵᠢᠵᠦ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠢᠳᠡᠪᠬᠢᠵᠢᠯ ᠢ ᠳᠠᠶᠢᠴᠢᠯᠠᠨ᠎ᠠ᠃ ᠠᠷᠠᠳ | ᠲᠦᠮᠡᠨ ᠢᠶᠠᠷ ᠭᠤᠣᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠥᠮᠡᠨ ᠤ | ᠪᠠᠭ᠋ᠠᠷᠬᠠᠳᠠᠭ ᠤᠷᠤᠯᠳᠤᠭᠠᠨ ᠪᠠ ᠠᠷᠠᠳ ᠤᠯᠠᠨ ᠤ ᠳᠡᠷᠭᠡᠳᠡᠬᠢ ᠤᠷᠤᠯᠳᠤᠭᠠᠨ ᠢ ᠡᠷᠬᠢᠯᠡᠵᠤ᠂ ᠠᠷᠠᠳ ᠲᠥᠮᠡᠨ ᠢ | ᠭᠡᠷ ᠤᠨ ᠡᠭᠦᠳᠡᠨ ᠳᠤ ᠨᠢ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠤᠷᠤᠯᠴᠠᠭᠤᠯᠤᠨ᠎ᠠ᠃ ᠪᠢᠳᠡ ᠣᠯᠠᠨ | ᠲᠦᠮᠡᠨ ᠤ ᠭᠡᠷ ᠤᠨ ᠡᠭᠦᠳᠡᠨ ᠳᠤ ᠪᠠᠶᠠᠯᠢᠭ ᠰᠠᠶᠢᠬᠠᠨ ᠮᠥᠷᠲᠡᠭᠡᠨ ᠣᠷᠣᠯᠴᠠᠬᠤ ᠳᠤ ᠠᠮᠠᠷᠬᠠᠨ᠂ ᠥᠷᠭᠡᠨ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ | ᠡᠷᠬᠢᠯᠡᠬᠦ ᠪᠠᠷ ᠳᠡᠮᠵᠢᠨ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠠᠮᠵᠢᠯᠲᠠ | ᠪᠥᠲᠦᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠤᠯᠭᠤᠨ᠎ᠠ᠃ | ᠲᠠᠪᠤ ᠳᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠵᠢᠯᠣᠭᠤᠳᠣᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠬᠠᠮᠰᠠᠷ ᠢ ᠪᠣᠶ | ᠪᠣᠯᠭᠠᠨ᠎ᠠ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ᠂ ᠪᠡᠶ᠎ᠡ | ᠮᠠᠬᠠᠪᠣᠳ ᠤᠨ ᠡᠷᠡᠬᠦᠯ ᠴᠢᠭᠢᠷᠠᠭ ᠢ ᠪᠠᠶᠢᠭᠤᠯᠭ᠎ᠠ ᠳᠤ ᠣᠷᠣᠭᠤᠯᠬᠤ ᠂ ᠨᠡᠶᠢᠭᠡᠮ ᠲᠤᠭᠤᠷᠢᠭ ᠲᠤ ᠤᠷᠤᠭᠤᠯᠬᠤ | ᠵᠡᠷᠭᠡ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠡᠶ᠎ᠡ | ᠴᠢᠭᠢᠷᠠᠭᠵᠢᠭᠤᠯᠬᠤ ᠮᠡᠳᠡᠯᠭᠡ᠂ ᠪᠡᠶ᠎ᠡ ᠴᠢᠭᠢᠷᠠᠭᠵᠢᠭᠤᠯᠬᠤ ᠠᠷᠭ᠎ᠠ ᠪᠠ ᠰᠢᠯᠢᠳᠡᠭ ᠪᠡᠶ᠎ᠡ ᠴᠢᠭᠢᠷᠠᠭᠵᠢᠭᠤᠯᠬᠤ ᠲᠥᠰᠦᠯ ᠢ | ᠳᠡᠯᠭᠡᠷᠡᠭᠦᠯᠬᠦ ᠪᠠ ᠰᠣᠯᠢᠯᠴᠠᠬᠤ ᠶᠢ ᠴᠢᠩᠭᠠᠳᠬᠠᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ᠪᠠᠷ | ᠭᠤᠤᠯ ᠴᠣᠭᠴᠠ ᠪᠣᠯᠭᠠᠵᠤ᠂ ᠰᠢᠯᠢᠳᠡᠭ ᠪᠡᠶ᠎ᠡ ᠶᠢᠨ ᠲᠠᠮᠢᠷ ᠤᠨ ᠠᠩᠭᠢ ᠶᠢᠨ ᠲᠠᠮᠢᠷᠴᠢᠨ᠂ ᠰᠤᠷᠭᠠᠭᠴᠢ ᠶᠢ ᠵᠣᠬᠢᠶᠠᠨ | ᠪᠠᠶᠢᠭᠤᠯᠤᠨ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠢ ᠶᠡᠭᠡ ᠪᠠᠷ | ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠲᠡᠩᠴᠡᠭᠦᠷᠢᠰᠢᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ | ᠵᠢᠷᠭᠤᠭ᠎ᠠ ᠳᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠰᠣᠶᠣᠯ ᠢ | ᠪᠠᠳᠠᠷᠠᠭᠤᠯᠵᠤ᠂ ᠭᠦᠨ ᠵᠤᠵᠠᠭᠠᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠨ᠎ᠠ᠃ ᠪᠡᠶ᠎ᠡ ᠶᠢᠨ | ᠲᠠᠮᠢᠷ ᠤᠨ ᠰᠣᠶᠣᠯ ᠪᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠦᠭ ᠰᠦᠨᠡᠰᠦ ᠮᠥᠨ᠃ ᠪᠢᠳᠡ | ᠪᠡᠶ᠎ᠡ ᠶᠢᠨ ᠲᠠᠮᠢᠷ ᠤᠨ ᠰᠣᠶᠣᠯ ᠤᠨ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠭᠰᠡᠨ ᠰᠠᠭᠤᠷᠢᠨ ᠳᠡᠭᠡᠷ᠎ᠡ | ᠪᠡᠶ᠎ᠡ ᠶᠢᠨ ᠲᠠᠮᠢᠷ ᠤᠨ ᠰᠣᠶᠣᠯ ᠢ ᠦᠵᠡᠭᠳᠡᠵᠢᠬᠦᠯᠬᠦ᠂ ᠠᠴᠢᠶᠠᠪᠤᠷᠢᠵᠢᠭᠤᠯᠬᠤ᠂ ᠦᠯᠢᠭᠡᠷᠵᠢᠬᠦᠯᠬᠦ᠂ | ᠲᠤᠭᠠᠴᠢᠵᠢᠭᠤᠯᠬᠤ᠂ ᠠᠵᠤ ᠦᠢᠯᠡᠰᠵᠢᠬᠦᠯᠬᠦ ᠪᠠ ᠠᠮᠢᠳᠤᠷᠠᠯᠵᠢᠭᠤᠯᠬᠤ ᠶᠢ ᠠᠬᠢᠭᠤᠯᠵᠤ᠂ ᠪᠡᠶ᠎ᠡ ᠶᠢᠨ ᠲᠠᠮᠢᠷ ᠤᠨ | ᠰᠣᠶᠣᠯ ᠤᠨ ᠲᠠᠲᠠᠬᠤ ᠬᠦᠴᠦᠨ᠂ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | | | | | ᠠᠷᠠᠳ ᠤᠨ ᠰᠦᠯᠵᠢᠶᠡᠨ ᠤ ᠰᠤᠷᠪᠤᠯᠵᠢᠯᠠᠭᠴᠢ | | ᠠᠷᠠᠳ ᠤᠨ ᠰᠦᠯᠵᠢᠶᠡᠨ ᠤ ᠰᠤᠷᠪᠤᠯᠵᠢᠯᠠᠭᠴᠢ᠄ ᠪᠢ ᠯᠢ ᠰᠢᠶᠤᠤ ᠴᠢᠦ ᠳᠡᠳ᠋ ᠲᠢᠩᠬᠢᠮ ᠤᠨ ᠳᠠᠷᠤᠭ᠎ᠠ ᠠᠴᠠ | ᠬᠤᠶᠠᠷ ᠠᠰᠠᠭᠤᠯᠲᠠ ᠠᠰᠠᠭᠤᠶ᠎ᠠ ᠭᠡᠵᠦ ᠪᠤᠳᠤᠵᠤ ᠪᠠᠶᠢᠨ᠎ᠠ᠂ ᠨᠢᠭᠡᠳᠦᠭᠡᠷ ᠠᠰᠠᠭᠤᠯᠲᠠ᠂ ᠮᠢᠨᠦ ᠣᠶᠢᠯᠠᠭᠠᠭᠰᠠᠨ ᠢᠶᠠᠷ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠨᠢᠭᠡᠨᠲᠡ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠬᠦᠷᠢᠶᠡᠨ ᠳᠤ ᠣᠷᠣᠭᠤᠯᠵᠠᠶ᠃ ᠲᠡᠭᠡᠪᠡᠯ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠬᠡᠷᠬᠢᠨ ᠡᠨᠡ ᠬᠦ ᠠᠵᠢᠯ ᠢᠶᠠᠷ ᠳᠠᠮᠵᠢᠭᠤᠯᠤᠨ ᠣᠯᠠᠨ ᠲᠦᠮᠡᠨ ᠢ ᠨᠠᠩ ᠣᠯᠠᠨ ᠬᠦᠷᠲᠡᠮᠵᠢ ᠶᠢᠨ | ᠲᠥᠷᠥᠭᠳᠡᠯ ᠲᠠᠢ ᠪᠣᠯᠭᠠᠬᠤ ᠪᠣᠶ︖ ᠬᠤᠶᠠᠳᠤᠭᠠᠷ ᠠᠰᠠᠭᠤᠯᠲᠠ᠂ ᠤᠯᠠᠭᠠᠨᠮᠥ᠋ᠴᠢᠷ ᠨᠢ ᠪᠥᠬᠦ ᠤᠯᠤᠰ ᠤᠨ ᠤᠳᠬ᠎ᠠ | ᠤᠷᠠᠯᠢᠭ ᠤᠨ ᠹᠷᠣᠨᠲ ᠤᠨ ᠬᠤᠰᠢᠭᠤᠴᠢ ᠪᠣᠯᠤᠭᠰᠠᠨ ᠤ ᠬᠤᠪᠢ ᠳᠤ ᠲᠠᠯ᠎ᠠ ᠨᠤᠲᠤᠭ ᠤᠨ ︽ᠬᠤᠪᠢᠰᠬᠠᠯᠲᠤ | ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠬᠡᠮᠡᠭᠳᠡᠭᠰᠡᠨ ᠪᠣᠯᠪᠠᠴᠤ ᠮᠥᠨ ᠴᠢᠨᠠᠷ ᠳᠡᠭᠡᠷ᠎ᠡ ᠪᠠᠨ ᠨᠠᠩ ᠴᠤ | ︽ᠨᠡᠭᠦᠳᠡᠯ ᠰᠣᠶᠣᠯ ᠤᠨ ᠣᠷᠳᠣᠨ︾ ᠤ ᠳᠦᠷᠢ ᠪᠠᠷ ᠦᠨᠳᠦᠰᠦᠨ ᠱᠠᠲᠤᠨ ᠳᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠠᠩᠭᠠᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ ᠲᠠ ᠡᠨᠡ ᠲᠠᠯ᠎ᠠ ᠶᠢᠨ | ᠪᠠᠶᠢᠳᠠᠯ ᠢ ᠲᠠᠨᠢᠯᠴᠠᠭᠤᠯᠤᠭᠠᠷᠠᠢ᠃ | | | | | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠯᠢ ᠰᠢᠶᠤᠤ | ᠴᠢᠦ | | ᠯᠢ ᠰᠢᠶᠤᠤ ᠴᠢᠦ᠄ ᠪᠢ ᠤᠷᠢᠳᠠᠪᠠᠷ ᠨᠢᠭᠡᠳᠦᠭᠡᠷ ᠠᠰᠠᠭᠤᠯᠲᠠ ᠶᠢ ᠬᠠᠷᠢᠭᠤᠯᠤᠶ᠎ᠠ᠂ ᠵᠠᠰᠠᠭ ᠤᠨ ᠣᠷᠳᠣᠨ | ᠨᠡᠶᠢᠭᠡᠮ ᠤᠨ ᠬᠦᠴᠦᠨ ᠠᠴᠠ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠪᠠᠶᠢᠭᠤᠯᠤᠮᠵᠢ | ᠲᠤᠭᠲᠠᠴᠠ ᠶᠢ ᠪᠢᠳᠡ ᠢᠳᠡᠪᠬᠢᠲᠡᠶ ᠰᠥᠪᠡᠭᠴᠢᠯᠡᠵᠦ᠂ ᠪᠠᠶᠢᠭᠤᠯᠤᠨ ᠪᠦᠷᠢᠨᠰᠢᠬᠦᠯᠵᠦ ᠪᠠᠶᠢᠨ᠎ᠠ᠃ 2015 | ᠣᠨ ᠤ 12 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠵᠠᠰᠠᠭ ᠤᠨ ᠣᠷᠳᠣᠨ | ᠨᠡᠶᠢᠭᠡᠮ ᠤᠨ ᠬᠦᠴᠦᠨ ᠠᠴᠠ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠲᠤᠬᠠᠶ | ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠶ ᠭᠠᠷᠴᠠᠭ︾ ᠢ ᠲᠣᠭᠲᠠᠭᠠᠵᠤ | ᠂ ᠲᠠᠪᠤᠨ ᠶᠡᠭᠡ ᠲᠥᠷᠥᠯ ᠤᠨ 33 ᠵᠦᠢᠯ ᠤᠨ ᠦᠢᠯᠡᠴᠢᠯᠡᠭᠡᠨ ᠤ ᠲᠥᠰᠦᠯ ᠢ ᠲᠤᠭᠲᠠᠭᠠᠪᠠ᠃ ᠲᠡᠷᠡ ᠨᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠪᠦᠲᠦᠭᠡᠭᠳᠡᠬᠦᠨ ᠢ ᠬᠤᠳᠠᠯᠳᠤᠨ ᠠᠪᠬᠤ᠂ | ᠵᠣᠬᠢᠶᠠᠨ ᠪᠦᠲᠦᠭᠡᠬᠦ ᠪᠠ ᠲᠠᠷᠬᠠᠭᠠᠨ ᠲᠦᠭᠡᠭᠡᠬᠦ ᠂ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ | ᠶᠢ ᠵᠣᠬᠢᠶᠠᠨ ᠪᠠᠶᠢᠭᠤᠯᠬᠤ ᠬᠢᠭᠡᠳ ᠳᠠᠭᠠᠭᠠᠴᠢᠯᠠᠨ ᠡᠷᠬᠢᠯᠡᠬᠦ᠂ ᠰᠢᠯᠢᠳᠡᠭ ᠤᠯᠠᠮᠵᠢᠯᠠᠯᠲᠤ ᠰᠣᠶᠣᠯ ᠬᠢᠭᠡᠳ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠠᠷᠠᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠠᠮᠠᠭᠠᠯᠠᠯᠲᠠ | ᠂ ᠤᠯᠠᠮᠵᠢᠯᠠᠯ ᠬᠢᠭᠡᠳ ᠦᠵᠡᠭᠦᠯᠦᠯᠭᠡ᠂ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ | ᠡᠵᠡᠩᠨᠡᠯᠲᠡ ᠬᠢᠭᠡᠳ ᠬᠠᠮᠢᠶᠠᠷᠤᠯᠲᠠ᠂ ᠠᠷᠠᠳ ᠠᠴᠠ ᠡᠷᠬᠢᠯᠡᠭᠰᠡᠨ ᠰᠣᠶᠣᠯ ᠪᠡᠶ᠎ᠡ ᠶᠢᠨ ᠲᠠᠮᠢᠷ ᠤᠨ ᠪᠠᠶᠢᠭᠤᠯᠤᠮᠵᠢ ᠶᠢᠨ | ᠬᠠᠩᠭᠠᠭᠰᠠᠨ ᠰᠦᠢᠳᠬᠡᠯ ᠬᠤᠷᠢᠶᠠᠬᠤ ᠦᠭᠡᠶ ᠪᠤᠶᠤ ᠳᠤᠤᠷ᠎ᠠ ᠰᠦᠢᠳᠬᠡᠯ ᠬᠤᠷᠢᠶᠠᠬᠤ ᠦᠢᠯᠡᠴᠢᠯᠡᠭᠡ ᠵᠡᠷᠭᠡ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠠᠭᠤᠯᠭ᠎ᠠ ᠶᠢ ᠬᠠᠮᠤᠷᠴᠤ᠂ ᠨᠡᠶᠢᠭᠡᠮ ᠤᠨ ᠬᠦᠴᠦᠨ ᠢ | ᠢᠳᠡᠪᠬᠢᠲᠡᠶ ᠪᠠᠷ ᠰᠢᠩᠭᠡᠭᠡᠨ ᠠᠪᠴᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠳᠤ ᠣᠷᠣᠯᠴᠠᠭᠤᠯᠤᠨ᠂ | ᠰᠣᠶᠣᠯ ᠤᠨ ᠨᠢᠭᠡᠴᠢ ᠬᠢᠭᠡᠳ ᠨᠡᠶᠢᠭᠡᠮ ᠤᠨ ᠪᠦᠯᠬᠦᠮ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ | ᠥᠷᠨᠢᠭᠦᠯᠬᠦ ᠶᠢ ᠳᠡᠮᠵᠢᠵᠡᠢ᠃ | 2018 ᠣᠨ ᠳᠤ᠂ ᠰᠣᠶᠣᠯ ᠪᠠ ᠵᠢᠭᠤᠯᠴᠢᠯᠠᠯ ᠤᠨ ᠲᠢᠩᠬᠢᠮ ᠲᠣᠰ ᠱᠠᠲᠤᠨ ᠳᠤ 7082 ᠲᠦᠮᠡᠨ | ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ 2019 ᠣᠨ ᠳᠤ 8869 ᠲᠦᠮᠡᠨ ᠲᠥᠭᠦᠷᠢᠭ ᠤᠨ ᠪᠠᠯᠠ | ᠮᠥᠩᠭᠦ ᠳᠣᠭᠢᠷᠠᠭᠤᠯᠵᠤ᠂ ᠨᠡᠶᠢᠭᠡᠮ ᠤᠨ ᠬᠦᠴᠦᠨ ᠳᠤ ᠬᠠᠨᠳᠤᠭᠤᠯᠤᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠯᠡᠪᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠴᠤ ᠵᠤᠬᠢᠬᠤ | ᠬᠡᠮᠵᠢᠶᠡᠨ ᠤ ᠲᠤᠰᠬᠠᠶ ᠪᠠᠯᠠ ᠮᠥᠩᠭᠦ ᠳᠣᠭᠢᠷᠠᠭᠤᠯᠵᠤ᠂ ᠬᠠᠶᠢᠨ ᠰᠥᠪᠡᠭᠴᠢᠯᠲᠡ ᠪᠠᠷ ᠳᠠᠮᠵᠢᠨ ᠠᠷᠠᠳ ᠲᠤ | ᠠᠰᠢᠭ ᠬᠦᠷᠲᠡᠭᠡᠬᠦ ᠰᠣᠶᠣᠯ ᠤᠨ ᠲᠣᠭᠯᠠᠯᠲᠠ ᠶᠢᠨ ᠺᠠᠷᠲ᠂ ᠰᠢ ᠲᠠᠭᠤᠷᠢᠯᠢᠬ ᠬᠤᠳᠠᠯᠳᠤᠨ ᠠᠪᠴᠤ ᠬᠥᠳᠡᠭᠡ | ᠲᠣᠰᠬᠤᠨ ᠳᠤ ᠤᠷᠤᠭᠤᠯᠬᠤ ᠦᠢᠯᠡᠴᠢᠯᠡᠭᠡ᠂ ᠰᠣᠶᠣᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠲᠥᠰᠦᠯ ᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠰᠢᠨ᠎ᠡ ᠪᠠᠷ ᠨᠡᠮᠡᠭᠳᠡᠬᠦᠯᠵᠦ᠂ ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠭᠦᠨᠵᠡᠭᠡᠶᠢᠷᠡᠬᠦᠯᠵᠦ ᠪᠣᠳᠠᠲᠠᠶᠢᠵᠢᠭᠤᠯᠬᠤ ᠶᠢ ᠠᠬᠢᠭᠤᠯᠬᠤ | ᠲᠠᠯ᠎ᠠ ᠪᠠᠷ ᠰᠠᠶᠢᠨ ᠦᠷ᠎ᠡ ᠪᠦᠲᠦᠮᠵᠢ ᠤᠯᠪᠠ᠃ ᠵᠢᠱᠢᠶᠡᠯᠡᠪᠡᠯ᠂ ᠪᠢᠳᠡ ︽ᠰᠢ ᠲᠠᠭᠤᠷᠢᠯᠢᠬ ᠢ ᠬᠥᠳᠡᠭᠡ | ᠲᠣᠰᠬᠤᠨ ᠳᠤ ᠬᠦᠷᠭᠡᠬᠦ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠠᠷᠠᠳ ᠤᠨ ᠳᠤᠮᠳᠠᠬᠢ ᠰᠢ | ᠲᠠᠭᠤᠷᠢᠯᠢᠬ ᠤᠨ 7 ᠫᠷᠤᠭ᠍ᠷᠠᠮ ᠢ ᠬᠤᠳᠠᠯᠳᠤᠨ ᠠᠪᠴᠤ᠂ 10 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠣᠯᠠᠨ | ᠲᠦᠮᠡᠨ ᠳᠤ 100 ᠲᠠᠯᠠᠪᠠᠶ ᠲᠣᠭᠯᠠᠯᠲᠠ ᠭᠠᠷᠭᠠᠵᠤ ᠥᠭᠪᠡ︔ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ 168 ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ | ᠨᠢᠭᠡᠪᠦᠷᠢ ᠳᠤ 1 ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ᠂ ᠭᠠᠴᠠᠭ᠎ᠠ ᠲᠣᠰᠬᠤᠨ ᠤ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠬᠦᠯᠪᠡ︔ ᠲᠠᠯ᠎ᠠ ᠨᠤᠲᠤᠭ ᠤᠨ ᠮᠠᠯᠵᠢᠬᠤ | ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠬᠥᠮᠦᠨ ᠠᠮᠠ ᠰᠡᠶᠢᠷᠡᠭ ᠴᠥᠭᠡᠨ ᠪᠣᠳᠠᠲᠠᠶ ᠪᠠᠶᠢᠳᠠᠯ ᠲᠠᠢ | ᠤᠶᠠᠯᠳᠤᠭᠤᠯᠤᠨ᠂ ᠳᠥᠷᠪᠡᠳ ᠬᠤᠰᠢᠭᠤ ᠵᠡᠷᠭᠡ 4 ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠬᠤᠰᠢᠭᠤ ᠳᠤ | ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠲᠣᠭᠠᠴᠢᠯᠠᠭᠰᠠᠨ ᠦᠢᠯᠡᠴᠢᠯᠡᠭᠡᠨ ᠤ ᠲᠤᠷᠰᠢᠯᠲᠠ ᠶᠢᠨ | ᠠᠵᠢᠯ ᠢ ᠥᠷᠨᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ | ᠤᠨ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ ᠬᠥᠬᠡᠬᠤᠲᠠ ᠶᠢᠨ ᠰᠦᠯᠵᠢᠶᠡᠨ ᠤ ᠪᠠᠭᠠᠷ ᠪᠠ ᠵᠤᠭ᠎ᠠ | ᠴᠡᠩᠭᠡᠯ ᠤᠨ ᠦᠢᠯᠡᠴᠢᠯᠡᠭᠡ ᠵᠡᠷᠭᠡ ᠲᠥᠰᠦᠯ ᠢ ᠲᠤᠷᠰᠢᠨ ᠬᠤᠳᠠᠯᠳᠤᠨ ᠠᠪᠴᠤ᠂ ᠬᠤᠲᠠ ᠶᠢᠨ ᠰᠠᠭᠤᠭᠠᠯᠢ | ᠠᠷᠠᠳ ᠤᠨ ᠰᠦᠯᠵᠢᠶ᠎ᠡ᠂ ᠵᠤᠭ᠎ᠠ ᠴᠡᠩᠭᠡᠯ ᠤᠨ ᠦᠢᠯᠡᠴᠢᠯᠡᠭᠡᠨ ᠤ ᠪᠡᠶᠡᠴᠢᠯᠡᠭᠰᠡᠨ ᠦᠢᠯᠠᠭᠠᠯᠲᠠ ᠵᠡᠷᠭᠡ ᠶᠢ | ᠰᠢᠯᠢᠳᠡᠭᠵᠢᠭᠦᠯᠦᠨ ᠳᠡᠭᠡᠭᠰᠢᠯᠡᠭᠦᠯᠪᠡ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠨ᠂ | ᠮᠠᠨ ᠤ ᠣᠷᠣᠨ ᠤ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠠᠭᠤᠯᠭ᠎ᠠ ᠡᠳᠦᠷ ᠢᠷᠡᠬᠦᠶ᠎ᠡ | ᠪᠠᠶᠠᠯᠢᠭᠵᠢᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠦᠷ᠎ᠡ ᠪᠦᠲᠦᠮᠵᠢ | ᠢᠯᠡᠳᠲᠡ ᠳᠡᠭᠡᠭᠰᠢᠯᠡᠵᠦ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠯᠤᠭ᠎ᠠ | ᠨᠡᠶᠢᠴᠡᠭᠰᠡᠨ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠲᠣᠬᠢᠷᠠᠭᠤᠯᠬᠤ ᠲᠣᠭᠲᠠᠴᠠ ᠪᠣᠯᠤᠨ | ᠬᠠᠩᠭᠠᠯᠭ᠎ᠠ ᠶᠢᠨ ᠲᠣᠭᠲᠠᠴᠠ ᠦᠨᠳᠦᠰᠦᠨ ᠳᠤ ᠪᠠᠨ ᠪᠦᠷᠢᠯᠳᠦᠪᠡ᠃ | ᠲᠠᠷᠠᠭᠠᠴᠢ ᠶᠢᠨ ᠠᠯᠬᠤᠮ ᠳᠤ᠂ ᠪᠢᠳᠡ ᠬᠤᠳᠠᠯᠳᠤᠨ ᠠᠪᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠠᠷᠭ᠎ᠠ ᠮᠠᠶ᠋ᠢᠭ ᠨᠢ ᠠᠮᠢᠳᠤᠯᠢᠭ᠂ ᠲᠠᠰ ᠳᠠᠷᠠᠭᠠᠯᠠᠯ ᠨᠢ ᠵᠢᠷᠤᠮᠵᠢᠯ ᠲᠠᠢ᠂ ᠪᠠᠷᠢᠮᠵᠢᠶ᠎ᠠ ᠨᠢ | ᠲᠣᠳᠣᠷᠬᠠᠶ᠂ ᠦᠷ᠎ᠡ ᠳ᠋ᠦᠩ ᠢ ᠦᠨᠡᠯᠡᠬᠦ᠂ ᠬᠥᠳᠡᠯᠦᠩᠭᠦᠶ ᠪᠠᠷ ᠳᠣᠭᠢᠷᠠᠭᠤᠯᠬᠤ ᠬᠤᠳᠠᠯᠳᠤᠨ ᠠᠪᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠣᠳᠠᠲᠠᠶ ᠠᠭᠤᠯᠭ᠎ᠠ᠂ | ᠣᠨᠴᠠᠯᠢᠭ ᠪᠠ ᠣᠷᠣᠨ ᠨᠤᠲᠤᠭ ᠤᠨ ᠪᠣᠳᠠᠲᠠᠶ ᠲᠠᠢ ᠤᠶᠠᠯᠳᠤᠭᠤᠯᠤᠨ ᠠᠵᠢᠯ ᠢᠶᠠᠨ ᠥᠷᠨᠢᠬᠦᠯᠦᠨ᠎ᠡ︔ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠬᠤᠳᠠᠯᠳᠤᠨ ᠠᠪᠬᠤ ᠭᠤᠤᠯ ᠴᠣᠭᠴᠠ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠡᠲᠡᠭᠡᠳ ᠵᠢᠴᠢ ᠭᠤᠷᠪᠠᠳᠠᠬᠢ ᠡᠲᠡᠭᠡᠳ ᠬᠠᠮᠲᠤ ᠪᠠᠷ ᠣᠷᠣᠯᠴᠠᠭᠰᠠᠨ ᠶᠡᠷᠦᠩᠬᠡᠶᠢᠯᠡᠭᠰᠡᠨ ᠬᠢᠨᠠᠨ | ᠲᠣᠭᠲᠠᠭᠠᠬᠤ ᠲᠤᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠦᠢᠯᠡᠴᠢᠯᠡᠬᠦ ᠡᠲᠡᠭᠡᠳ ᠤᠨ ᠣᠯᠠᠨ | ᠨᠡᠶᠢᠲᠡ ᠶᠢᠨ ᠰᠤᠶᠤᠯ ᠤᠨ ᠦᠢᠯᠡᠴᠢᠯᠡᠭᠡᠨ ᠳᠤ ᠬᠢ ᠬᠠᠨᠤᠮᠵᠢ ᠶᠢᠨ ᠬᠡᠮᠵᠢᠶᠡᠨ ᠤ ᠦᠨᠡᠯᠡᠯᠲᠡ ᠶᠢᠨ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠵᠠᠰᠠᠭ ᠤᠨ ᠣᠷᠳᠣᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ | ᠬᠤᠳᠠᠯᠳᠤᠨ ᠠᠪᠬᠤ ᠶᠢ ᠨᠠᠩ ᠥᠨᠳᠥᠷ ᠬᠢᠷᠢ ᠬᠡᠮᠵᠢᠶ᠎ᠡ᠂ ᠨᠠᠩ ᠭᠦᠨ ᠳᠠᠪᠬᠤᠷᠭ᠎ᠠ᠂ ᠨᠠᠩ ᠥᠷᠭᠡᠨ ᠬᠦᠷᠢᠶ᠎ᠡ | ᠲᠡᠶᠢᠰᠢ ᠥᠷᠭᠡᠳᠬᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ | ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ | ᠲᠠᠰᠤᠷᠠᠯᠲᠠ ᠦᠭᠡᠢ ᠬᠠᠩᠭᠠᠬᠤ ᠪᠤᠯᠤᠨ᠎ᠠ᠃ | ᠬᠤᠶᠠᠳᠤᠭᠠᠷ ᠠᠰᠠᠭᠤᠳᠠᠯ ᠤᠨ ᠲᠤᠬᠠᠶ᠂ ᠰᠤᠷᠪᠤᠯᠵᠢᠯᠠᠭᠴᠢ ᠶᠢᠨ ᠬᠡᠯᠡᠭᠰᠡᠨᠴᠢᠯᠡᠨ᠂ ᠤᠯᠠᠭᠠᠨᠮᠥ᠋ᠴᠢᠷ ᠪᠣᠯ | ᠲᠠᠯ᠎ᠠ ᠨᠤᠲᠤᠭ ᠤᠨ ᠦᠢᠯᠡᠳᠪᠦᠷᠢᠯᠡᠯ ᠠᠮᠢᠳᠤᠷᠠᠯ ᠤᠨ ᠣᠨᠴᠠᠯᠢᠭ ᠲᠤ ᠵᠣᠬᠢᠴᠠᠭᠤᠯᠤᠨ ᠮᠡᠨᠳᠦᠯᠡᠭᠰᠡᠨ ᠰᠣᠶᠣᠯ ᠤᠨ | ᠠᠵᠢᠯ ᠤᠨ ᠠᠩᠭᠢ ᠮᠥᠨ᠃ ᠲᠤᠬᠠᠶ ᠶᠢᠨ ᠦᠶ᠎ᠡ ᠳᠤ ᠥᠪᠥᠷ ᠮᠣᠩᠭᠤᠯ ᠤᠨ ᠲᠠᠯ᠎ᠠ ᠨᠤᠲᠤᠭ ᠤᠨ ᠵᠠᠮ ᠬᠠᠷᠢᠯᠴᠠᠭ᠎ᠠ | ᠳᠥᠭᠦᠮ ᠦᠭᠡᠢ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠨᠡᠯᠢᠶᠡᠳ ᠲᠠᠷᠠᠬᠠᠶ ᠪᠤᠲᠠᠷᠬᠠᠶ ᠪᠠᠶᠢᠵᠤ᠂ ᠬᠤᠰᠢᠭᠤ | ᠰᠢᠶᠠᠨ ᠳᠤ ᠪᠠᠶᠢᠭᠤᠯᠤᠭᠰᠠᠨ ᠰᠣᠶᠣᠯ ᠤᠨ ᠣᠷᠳᠣᠨ ᠨᠢ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ | ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠴᠢᠳᠠᠬᠤ ᠦᠭᠡᠢ ᠪᠠᠶᠢᠪᠠ᠃ ᠭᠦᠢᠴᠡᠳ ᠪᠠᠶᠢᠴᠠᠭᠠᠨ ᠰᠤᠳᠤᠯᠤᠯᠲᠠ ᠪᠠ | ᠢᠳᠡᠪᠬᠢᠲᠡᠶ ᠬᠠᠶᠢᠨ ᠰᠥᠪᠡᠭᠴᠢᠯᠡᠯᠲᠡ ᠬᠢᠭᠰᠡᠨ ᠰᠠᠭᠤᠷᠢᠨ ᠳᠡᠭᠡᠷ᠎ᠡ᠂ 1957 ᠣᠨ ᠤ 6 ᠳ᠋ᠤᠭᠠᠷ ᠰᠠᠷ᠎ᠠ ᠶᠢᠨ | 17 ᠤ ᠡᠳᠦᠷ᠂ ᠤᠯᠠᠭᠠᠨᠮᠥ᠋ᠴᠢᠷ ᠰᠥᠨᠢᠳ ᠪᠠᠷᠠᠭᠤᠨ ᠬᠤᠰᠢᠭᠤᠨ ᠤ ᠲᠠᠯ᠎ᠠ ᠨᠤᠲᠤᠭ ᠲᠤ ᠮᠡᠨᠳᠦᠯᠡᠪᠡ᠃ | ᠡᠩᠨᠡᠭᠡ ᠨᠢ ᠠᠪᠰᠠᠷᠬᠠᠨ ᠠᠲᠠᠯ᠎ᠠ ᠴᠢᠨᠠᠷᠯᠢᠭ᠂ ᠭᠡᠰᠢᠭᠦᠳ ᠨᠢ ᠨᠢᠭᠡ ᠵᠦᠢᠯ ᠤᠨ ᠲᠤᠰᠬᠠᠶ ᠮᠡᠷᠭᠡᠵᠢᠯ ᠣᠯᠠᠨ | ᠲᠠᠯ᠎ᠠ ᠶᠢᠨ ᠴᠢᠳᠠᠪᠤᠷᠢ ᠲᠠᠢ᠂ ᠫᠷᠤᠭ᠍ᠷᠠᠮ ᠨᠢ ᠵᠢᠵᠢᠭ ᠬᠡᠯᠪᠡᠷᠢ ᠶᠢᠨ ᠣᠯᠠᠨ ᠶᠠᠩᠵᠤ ᠶᠢᠨ᠂ ᠲᠣᠨᠤᠭ ᠳᠦᠬᠦᠭᠡᠷᠦᠮᠵᠢ | ᠨᠢ ᠬᠥᠩᠭᠡᠨ ᠪᠥᠭᠡᠳ ᠠᠮᠢᠳᠤᠯᠢᠭ ᠪᠠᠶᠢᠵᠤ᠂ ᠨᠢᠭᠡ ᠮᠣᠷᠢᠨ ᠲᠡᠷᠭᠡ᠂ ᠭᠤᠷᠪᠠ ᠲᠠᠪᠤᠨ ᠭᠡᠰᠢᠭᠦᠨ ᠨᠢ ᠣᠯᠠᠨ | ᠲᠦᠮᠡᠨ ᠤ ᠬᠡᠷᠡᠭᠰᠡᠬᠦ ᠰᠣᠶᠣᠯ ᠤᠳᠬ᠎ᠠ ᠤᠷᠠᠯᠢᠭ ᠤᠨ ᠦᠢᠯᠡᠴᠢᠯᠡᠭᠡ ᠶᠢ ᠮᠠᠯᠴᠢᠨ ᠲᠠᠷᠢᠶᠠᠴᠢᠨ ᠤ ᠡᠭᠦᠳᠡᠨ ᠳᠤ | ᠬᠦᠷᠭᠡᠵᠦ᠂ ᠲᠠᠯ᠎ᠠ ᠨᠤᠲᠤᠭ ᠤᠨ ︽ᠨᠡᠭᠦᠳᠡᠯ ᠰᠣᠶᠣᠯ ᠤᠨ ᠣᠷᠳᠣᠨ︾ ᠬᠡᠮᠡᠭᠳᠡᠪᠡ᠃ | 60 ᠭᠠᠷᠤᠶ ᠵᠢᠯ ᠤᠨ ᠲᠤᠷᠰᠢ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠴᠠᠰᠤ ᠰᠢᠭᠤᠷᠭ᠎ᠠ ᠶᠢ | ᠤᠭᠲᠤᠵᠤ᠂ ᠬᠦᠢᠲᠡᠨ ᠬᠠᠯᠠᠭᠤᠨ ᠢ ᠰᠥᠷᠴᠦ᠂ ᠲᠩᠷᠢ ᠪᠠᠷ ᠬᠥᠰᠢᠭᠡ ᠪᠣᠯᠭᠠᠵᠤ᠂ ᠭᠠᠵᠠᠷ ᠢᠶᠠᠷ ᠲᠠᠪᠴᠠᠩ | ᠪᠣᠯᠭᠠᠵᠤ᠂ ᠣᠷᠳᠣ ᠬᠤᠭᠤᠴᠠᠭ᠎ᠠ ᠪᠠᠷ ᠭᠤᠪᠢ᠂ ᠲᠠᠯ᠎ᠠ ᠨᠤᠲᠤᠭ ᠢᠶᠠᠷ ᠠᠶᠠᠯᠠᠵᠤ᠂ ᠥᠷᠭᠡᠨ ᠣᠯᠠᠨ ᠮᠠᠯᠴᠢᠨ | ᠲᠠᠷᠢᠶᠠᠴᠢᠨ ᠳᠤ ᠪᠠᠶᠠᠷ ᠬᠥᠷ ᠪᠠ ᠪᠣᠯᠪᠠᠰᠤᠨ ᠢ ᠬᠦᠷᠭᠡᠵᠦ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ | ᠳᠠᠮᠵᠢᠭᠤᠯᠵᠠᠶ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠪᠥᠬᠦ ᠣᠷᠣᠨ ᠤ ᠤᠯᠠᠭᠠᠨᠮᠥ᠋ᠴᠢᠷ ᠨᠡᠶᠢᠲᠡ 130 | ᠭᠠᠷᠤᠶ ᠲᠦᠮᠡᠨ ᠺᠢᠯᠤᠮᠧᠲᠷ ᠠᠶᠠᠯᠠᠵᠤ᠂ 2.6 ᠳ᠋ᠦᠩᠰᠢᠭᠤᠷ ᠬᠥᠮᠦᠨ ᠤᠳᠠᠭᠠᠨ ᠤ ᠦᠵᠡᠭᠴᠢᠳ ᠲᠤ | ᠦᠢᠯᠡᠴᠢᠯᠡᠵᠦ᠂ ᠨᠡᠶᠢᠲᠡ 36 ᠲᠦᠮᠡᠨ ᠤᠳᠠᠭ᠎ᠠ ᠲᠠᠯᠠᠪᠠᠶ ᠲᠣᠭᠯᠠᠯᠲᠠ ᠭᠠᠷᠭᠠᠵᠤ᠂ ᠦᠨᠳᠦᠰᠦᠨ ᠱᠠᠲᠤᠨ ᠤ | ᠣᠯᠠᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃ | 2017 ᠣᠨ ᠤ 11 ᠳ᠋ᠤᠭᠡᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠤᠯᠠᠭᠠᠨᠮᠥ᠋ᠴᠢᠷ ᠤᠨ ᠭᠡᠰᠢᠭᠦᠳ ᠲᠤ | ᠬᠠᠷᠢᠭᠤ ᠵᠠᠬᠢᠳᠠᠯ ᠢᠯᠡᠭᠡᠵᠦ᠂ ᠲᠡᠳᠡᠨ ᠢ ᠣᠯᠠᠨ ᠲᠦᠮᠡᠨ ᠲᠠᠢ ᠣᠶᠢᠷᠠᠳᠴᠤ᠂ ᠤᠯᠠᠮᠵᠢᠯᠠᠭᠳᠠᠮᠠᠷ᠂ ᠦᠯᠡᠳᠡᠭᠳᠡᠮᠡᠷ | ᠰᠢᠯᠢᠳᠡᠭ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ | ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠶᠢ ᠵᠣᠷᠢᠭᠵᠢᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠣᠰᠣᠭᠠᠷ ᠪᠢᠳᠡ | ᠤᠯᠠᠭᠠᠨᠮᠥ᠋ᠴᠢᠷ ᠤᠨ ᠤᠷᠤᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠢᠳᠡᠪᠬᠢᠲᠡᠶ ᠠᠬᠢᠭᠤᠯᠵᠤ᠂ | ᠤᠯᠠᠭᠠᠨᠮᠥ᠋ᠴᠢᠷ ᠤᠨ ᠦᠢᠯᠡᠰ ᠤᠨ ᠬᠦᠭᠵᠢᠯᠲᠡ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠲᠥᠯᠥᠪᠵᠢᠭᠦᠯᠭᠡ | ᠪᠠ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠰᠬᠠᠢ ᠪᠠᠯᠠ ᠮᠥᠩᠭᠦ ᠶᠢ ᠪᠠᠶᠢᠭᠤᠯᠵᠤ᠂ ᠤᠯᠠᠭᠠᠨᠮᠥ᠋ᠴᠢᠷ ᠲᠤ | ᠲᠣᠭᠯᠠᠭᠴᠢ ᠶᠢᠨ ᠲᠣᠮᠣ ᠰᠠᠭᠤᠳᠠᠯ ᠤᠨ ᠮᠠᠰᠢᠨ ᠪᠠ ᠨᠡᠭᠦᠳᠡᠯ ᠲᠠᠶᠢᠰᠠᠨ ᠤ ᠮᠠᠰᠢᠨ ᠲᠡᠷᠭᠡ ᠳᠣᠭᠢᠷᠠᠭᠤᠯᠤᠨ ᠥᠭᠴᠦ᠂ | ᠤᠯᠠᠭᠠᠨᠮᠥ᠋ᠴᠢᠷ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠪᠠ᠃ ᠤᠯᠠᠭᠠᠨᠮᠥ᠋ᠴᠢᠷ ᠤᠨ | ᠰᠤᠯᠢᠯᠴᠠᠭᠠᠨ ᠤ ᠲᠣᠭᠯᠠᠯᠲᠠ ᠶᠢᠨ ᠰᠠᠷ᠎ᠠ ᠶᠢᠨ ᠠᠵᠢᠯᠯᠠᠭ᠎ᠠ ᠶᠢ ᠡᠷᠬᠢᠯᠡᠵᠦ᠂ ᠪᠦᠬᠦ ᠣᠷᠣᠨ ᠤ ᠤᠯᠠᠭᠠᠨᠮᠥ᠋ᠴᠢᠷ ᠢ | ᠵᠣᠬᠢᠶᠠᠨ ᠪᠠᠶᠢᠭᠤᠯᠵᠤ ᠰᠤᠯᠢᠯᠴᠠᠨ ᠲᠤᠭᠯᠠᠭᠤᠯᠪᠠ᠃ ᠡᠳᠦᠭᠡ ᠪᠤᠯᠲᠠᠯ᠎ᠠ᠂ ᠪᠥᠬᠦ ᠣᠷᠣᠨ ᠳᠤ ᠨᠡᠶᠢᠲᠡ 75 | ᠤᠯᠠᠭᠠᠨᠮᠥ᠋ᠴᠢᠷ ᠤᠨ 3000 ᠭᠠᠷᠤᠶ ᠭᠡᠰᠢᠭᠦᠨ ᠪᠣᠶ᠃ | 2018 ᠣᠨ ᠠᠴᠠ ᠡᠬᠢᠯᠡᠨ᠂ ᠡᠯ᠎ᠡ ᠭᠠᠵᠠᠷ ᠤᠨ ᠤᠯᠠᠭᠠᠨᠮᠥ᠋ᠴᠢᠷ ᠤᠯᠤᠰ ᠲᠥᠷᠥ ᠬᠠᠤᠯᠢ ᠴᠠᠭᠠᠵᠠ᠂ | ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠶ᠂ ᠶᠠᠳᠠᠭᠤ ᠶᠢ | ᠲᠡᠳᠬᠦᠬᠦ᠂ ᠬᠠᠤᠯᠢ ᠴᠠᠭᠠᠵᠠ᠂ ᠦᠨᠳᠦᠰᠦᠲᠡᠨ ᠤ ᠱᠠᠰᠢᠨ ᠰᠤᠷᠲᠠᠬᠤᠨ᠂ ᠬᠤᠳᠠᠯᠳᠤᠭᠠᠨ ᠤ ᠶᠠᠪᠤᠳᠠᠯ ᠵᠡᠷᠭᠡ | ᠨᠢᠭᠡᠴᠢ ᠪᠠ ᠰᠠᠯᠠᠭ᠎ᠠ ᠮᠥᠴᠢᠷ ᠲᠠᠢ ᠬᠠᠮᠲᠤᠷᠠᠨ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ︽ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠠᠷᠠᠳ ᠲᠦᠮᠡᠨ ᠤ ᠳᠤᠮᠳᠠ ᠪᠠᠳᠠᠷᠠᠭᠤᠯᠬᠤ︾ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ︽ᠤᠯᠠᠭᠠᠨᠮᠥ᠋ᠴᠢᠷ +︾ ᠠᠷᠭ᠎ᠠ ᠮᠠᠶ᠋ᠢᠭ ᠢᠶᠠᠷ | ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ᠂ ᠬᠥᠳᠡᠭᠡ | ᠲᠣᠰᠬᠤᠨ ᠢ ᠬᠦᠭᠵᠢᠬᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠡᠪᠡᠳᠴᠢᠨ ᠢ ᠰᠡᠷᠭᠡᠶᠢᠯᠡᠨ | ᠡᠪᠡᠳᠴᠢᠨ ᠢ ᠵᠠᠰᠠᠬᠤ᠂ ᠲᠠᠷᠢᠵᠤ ᠲᠡᠵᠢᠭᠡᠨ ᠦᠷᠡᠵᠢᠭᠦᠯᠬᠦ᠂ ᠰᠣᠶᠣᠯ ᠢ ᠵᠢᠯᠣᠭᠤᠳᠬᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠵᠢᠴᠢ ᠬᠠᠤᠯᠢ ᠳᠦᠷᠢᠮ ᠤᠨ ᠤᠬᠠᠭᠤᠯᠭ᠎ᠠ᠂ ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ | ᠡᠲᠡᠭᠡᠳ ᠲᠤ ᠴᠣᠬᠢᠯᠲᠠ ᠥᠭᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠤᠬᠠᠭᠤᠯᠭ᠎ᠠ ᠶᠢᠨ | ᠡᠭᠦᠷᠭᠡ ᠶᠢᠨ ᠲᠣᠭᠤᠷᠢᠨ ᠳᠤ᠂ ᠠᠮᠢᠳᠤᠯᠢᠭ ᠣᠯᠠᠨ ᠶᠠᠩᠵᠤ ᠶᠢᠨ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ | ᠵᠢᠯᠤᠭᠤᠳᠤᠯᠭ᠎ᠠ᠂ ᠲᠥᠷᠦ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ᠂ ᠡᠮ ᠡᠮᠨᠡᠯᠭᠡ ᠶᠢᠨ ᠦᠢᠯᠡᠴᠢᠯᠡᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠵᠦ ᠲᠠᠯ᠎ᠠ ᠨᠤᠲᠤᠭ ᠤᠨ ᠬᠠᠮᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠪᠣᠯᠪᠠ᠃ | | |