| ᠨᠡᠶᠢᠲᠡᠯᠡᠬᠦ ᠬᠤᠷᠠᠯ ᠤᠨ ᠲᠠᠯᠠᠪᠠᠢ | | 6 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ | ᠦᠵᠡᠰᠬᠦᠯᠡᠩ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠡᠯ ᠤᠨ ᠲᠢᠩᠬᠢᠮ ᠤᠨ ᠳᠠᠷᠤᠭ᠎ᠠ ᠾᠧ ᡁᠢ ᠯᠢᠶᠠᠩ ︽ᠲᠦᠮᠡᠨ ᠭᠠᠵᠠᠷ ᠤᠨ ᠴᠠᠢ ᠶᠢᠨ ᠵᠠᠮ︾ | ᠤᠨ ᠣᠯᠠᠨ ᠤᠯᠤᠰ ᠤᠨ ᠵᠢᠭᠤᠯᠴᠢᠯᠡᠯ ᠬᠤᠯᠪᠣᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠲᠣᠰ | ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠤ ᠶᠡᠷᠦᠩᠬᠡᠶ ᠪᠠᠶᠢᠳᠠᠯ ᠢ ᠲᠠᠨᠢᠯᠴᠠᠭᠤᠯᠵᠤ᠂ ᠤᠯᠠᠭᠠᠨᠴᠠᠪ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠳ᠋ᠧᠩ | ᠬᠤᠸᠠ ᠰᠣᠶᠣᠯ ᠵᠢᠭᠤᠯᠴᠢᠯᠡᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠤ ᠪᠣᠳᠠᠲᠠᠶ ᠪᠠᠶᠢᠳᠠᠯ ᠢ | ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠡᠯ ᠤᠨ ᠲᠢᠩᠬᠢᠮ ᠤᠨ ᠳᠡᠳ᠋ ᠳᠠᠷᠤᠭ᠎ᠠ | ᠢᠤᠢ ᡁᠢ ᠭᠦᠸᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | | ︽ᠲᠦᠮᠡᠨ ᠭᠠᠵᠠᠷ ᠤᠨ ᠴᠠᠢ ᠶᠢᠨ ᠵᠠᠮ︾ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠴᠣᠭᠯᠠᠭᠠᠨ ᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠶᠠᠷᠢᠶ᠎ᠠ | | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠾᠧ ᡁᠢ ᠯᠢᠶᠠᠩ | | ︵2019 ᠤᠨ 6 ᠰᠠᠷ᠎ᠠ ᠶᠢᠨ 3 ᠤ ᠡᠳᠦᠷ︶ | | | ᠡᠯ᠎ᠡ ᠵᠠᠭᠤᠴᠢᠯᠠᠭᠤᠷ ᠤᠨ ᠨᠠᠶᠢᠵᠠ ᠨᠠᠷ ᠡ᠂ ᠣᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ ︖ | ᠳᠣᠮᠳᠠᠳᠦ ᠤᠷᠤᠰ ᠮᠣᠩᠭᠤᠯ ᠭᠤᠷᠪᠠᠨ ᠣᠯᠣᠰ ᠤᠨ ᠲᠡᠷᠢᠭᠦᠨ ᠨᠡᠷ ᠤᠨ ᠳᠦᠷᠪᠡᠳᠡᠬᠢ ᠣᠳᠠᠭᠠᠨ ᠤ | ᠠᠭᠤᠯᠵᠠᠯᠲᠠ ᠶᠢᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠦᠷᠢᠵᠢᠭᠤᠯᠬᠤ᠂ ᠣᠷᠣᠰ ᠮᠣᠩᠭᠤᠯ ᠬᠤᠶᠠᠷ | ᠤᠯᠤᠰ ᠯᠤᠭ᠎ᠠ ᠶᠢᠨ ᠵᠢᠭᠤᠯᠴᠢᠯᠡᠯ ᠤᠨ ᠪᠣᠳᠠᠲᠠᠶ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 2019 | ᠣᠨ ᠤ 6 ᠰᠠᠷ᠎ᠠ ᠶᠢᠨ 23 ᠤ ᠡᠳᠦᠷ ᠠᠴᠠ 6 ᠰᠠᠷ᠎ᠠ ᠶᠢᠨ 27 ᠤ ᠡᠳᠦᠷ ᠪᠣᠯᠲᠠᠯ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠡᠯ ᠤᠨ ᠲᠢᠩᠬᠢᠮ ᠠᠴᠠ ᠭᠤᠤᠯᠯᠠᠨ ᠡᠷᠬᠢᠯᠡᠭᠰᠡᠨ ︽ | ᠲᠦᠮᠡᠨ ᠭᠠᠵᠠᠷ ᠤᠨ ᠴᠠᠢ ᠶᠢᠨ ᠵᠠᠮ︾ ᠰᠣᠶᠣᠯ ᠵᠢᠭᠤᠯᠴᠢᠯᠡᠯ ᠤᠨ ᠦᠵᠡᠰᠬᠦᠯᠡᠩ ᠤᠨ ᠴᠤᠭᠯᠠᠭᠠᠨ ᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠳᠤ ᠡᠷᠬᠢᠯᠡᠬᠦ ᠪᠣᠯᠤᠨ᠎ᠠ᠃ | ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠤ ᠭᠤᠤᠯ ᠰᠡᠳᠦᠪ ᠪᠣᠯ ︽ᠲᠦᠮᠡᠨ ᠭᠠᠵᠠᠷ ᠤᠨ | ᠴᠠᠢ ᠶᠢᠨ ᠵᠠᠮ︾ ᠪᠣᠯᠤᠨ᠎ᠠ᠂ ᠡᠨᠡ ᠪᠣᠯ ᠨᠢᠭᠡ ᠵᠤᠷᠪᠤᠰ ᠳᠣᠮᠳᠠᠳᠦ ᠣᠷᠣᠰ ᠮᠣᠩᠭᠤᠯ ᠢ ᠲᠣᠭᠤᠯᠣᠨ 1.3 ᠲᠦᠮᠡᠨ | ᠺᠢᠯᠣᠮᠧᠲᠷ ᠦᠷᠭᠦᠯᠵᠢᠯᠡᠵᠦ᠂ ᠠᠩᠭᠢᠯᠣᠮ᠎ᠠ ᠰᠠᠶᠢᠬᠠᠨ ᠦᠨᠦᠷ ᠠᠮᠳᠠ ᠪᠠᠷ ᠢᠶᠠᠨ ᠬᠥᠮᠦᠨ ᠢ ᠰᠣᠭᠲᠣᠷᠠᠭᠤᠯᠤᠮ᠎ᠠ | ᠴᠠᠢ ᠪᠠ ᠭᠦᠨ ᠵᠤᠵᠠᠭᠠᠨ ᠴᠠᠢ ᠶᠢᠨ ᠰᠣᠶᠣᠯ ᠠᠭᠤᠯᠣᠭᠳᠠᠬᠤᠨ ᠢᠶᠠᠷ ᠠᠴᠢᠶᠠᠯᠠᠪᠤᠷᠢ ᠪᠣᠯᠭᠠᠵᠤ᠂ ᠳᠤᠮᠳᠠᠳᠤ ᠶᠢᠨ | ᠪᠣᠯᠪᠠᠰᠤᠨ᠂ ᠮᠣᠩᠭᠤᠯ ᠰᠣᠶᠣᠯ ᠪᠣᠯᠤᠨ ᠣᠷᠣᠰ ᠤᠨ ᠵᠠᠩ ᠠᠭᠠᠯᠢ ᠶᠢ ᠲᠥᠪᠯᠡᠷᠡᠭᠦᠯᠦᠭᠰᠡᠨ ᠣᠯᠠᠨ ᠤᠯᠤᠰ ᠤᠨ | ᠠᠷᠠᠯᠵᠢᠶ᠎ᠠ ᠬᠤᠳᠠᠯᠳᠤᠭᠠᠨ ᠤ ᠴᠢᠬᠤᠯᠠ ᠵᠠᠮ ᠪᠣᠯᠤᠨ᠎ᠠ᠂ ᠮᠦᠨ ᠴᠤ ᠳᠤᠮᠳᠠᠳᠤ ᠣᠷᠣᠰ ᠮᠣᠩᠭᠤᠯ ᠭᠤᠷᠪᠠᠨ ᠤᠯᠤᠰ | ᠭᠠᠷ ᠬᠤᠯᠪᠣᠨ ᠡᠬᠢᠯᠡᠭᠦᠯᠦᠭᠰᠡᠨ ᠣᠯᠠᠨ ᠣᠯᠣᠰ ᠤᠨ ᠵᠢᠭᠤᠯᠴᠢᠯᠡᠯ ᠤᠨ ᠨᠡᠷᠡᠳᠦ ᠲᠡᠮᠳᠡᠭ ᠶᠣᠮ᠂ ᠲᠡᠭᠡᠭᠡᠳ | ᠭᠤᠷᠪᠠᠨ ᠵᠢᠯ ᠤᠨ ᠬᠦᠭᠵᠢᠯᠳᠡ ᠶᠢᠨ ᠶᠠᠪᠣᠴᠠ ᠶᠢ ᠦᠩᠭᠡᠷᠡᠭᠦᠯᠦᠭᠡᠳ ᠢᠯᠡᠳᠲᠡ ᠲᠣᠳᠣᠷᠬᠠᠢ ᠠᠮᠵᠢᠯᠲᠠ ᠳᠤ | ᠬᠦᠷᠦᠯ᠎ᠡ ᠭᠡᠵᠣ ᠬᠡᠯᠡᠵᠣ ᠪᠣᠯᠬᠤ ᠶᠣᠮ᠃ | ᠪᠢᠳᠠ ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠣᠯᠣᠰ ᠤᠨ ᠵᠢᠭᠤᠯᠴᠢᠯᠡᠯ ᠤᠨ ᠨᠡᠷᠡᠳᠦ ᠲᠡᠮᠳᠡᠭ ᠢ | ᠨᠢᠭᠡᠨᠳᠡ ᠲᠣᠭᠳᠠᠭᠠᠪᠠ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠨᠠᠷᠠᠲᠤ ᠲᠥᠷᠥᠯ ᠲᠡᠮᠳᠡᠭᠲᠦ ᠶᠢᠨ | ᠪᠦᠲᠦᠭᠡᠨ ᠪᠠᠶᠢᠭᠤᠯᠣᠯᠲᠠ ᠬᠢᠭᠡᠳ ︽ᠨᠢᠭᠡ ᠪᠦᠰᠡ ᠨᠢᠭᠡ ᠵᠠᠮ︾᠂ ᠧᠦ᠋ᠷᠣᠫᠠ ᠠᠽᠢᠶ᠎ᠠ ᠶᠢᠨ ᠳᠠᠷᠳᠠᠩ ᠵᠠᠮ | ᠪᠣᠯᠤᠨ ︽ᠲᠠᠯ᠎ᠠ ᠨᠤᠲᠤᠭ ᠤᠨ ᠵᠠᠮ︾ ᠤᠨ ᠪᠠᠶᠢᠯᠳᠤᠬᠤ ᠪᠣᠳᠣᠯᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠭᠦᠯᠵᠦ᠂ | ᠭᠤᠷᠪᠠᠨ ᠤᠯᠤᠰ ᠤᠨ ᠵᠢᠭᠤᠯᠴᠢᠯᠡᠯ ᠢ ᠬᠠᠮᠲᠤᠪᠠᠷ ᠠᠬᠢᠭᠤᠯᠤᠭᠰᠠᠨ ᠤ ᠭᠤᠤᠯᠳᠠᠯᠭ᠎ᠠ᠂ ᠰᠣᠶᠣᠯ ᠵᠢᠭᠤᠯᠴᠢᠯᠡᠯ ᠤᠨ | ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠦᠯᠢᠭᠡᠷ ᠵᠢᠱᠢᠶ᠎ᠡ ᠪᠣᠯᠪᠠ᠃ | ᠪᠢᠳᠡ ᠪᠦᠷᠢᠨ ᠲᠡᠭᠦᠯᠳᠡᠷ ᠰᠢᠰᠲ᠋ᠧᠮ ᠲᠠᠢ ︽ᠲᠦᠮᠡᠨ ᠭᠠᠵᠠᠷ ᠤᠨ ᠴᠠᠢ ᠶᠢᠨ ᠵᠠᠮ︾ ᠤᠨ ᠨᠠᠷᠠᠲᠤ ᠲᠡᠮᠳᠡᠭ | ᠵᠢᠴᠢ ᠪᠦᠲᠦᠭᠡᠭᠳᠡᠬᠦᠨ ᠤ ᠰᠢᠰᠲ᠋ᠧᠮ ᠢ ᠪᠠᠶᠢᠭᠤᠯᠪᠠ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠬᠤᠯᠪᠣᠭ᠎ᠠ | ᠪᠠ ᠨᠡᠷᠡᠲᠦ ᠲᠡᠮᠳᠡᠭ ᠤᠨ ᠢᠯᠡᠷᠬᠡᠶᠢᠯᠡᠯ ᠱᠣᠰᠢᠭ᠎ᠠ ᠶᠢ ᠲᠦᠯᠦᠪᠯᠡᠪᠡ ᠂ ᠬᠢᠲᠠᠳ᠂ ᠠᠩᠭ᠍ᠯᠢ᠂ ᠣᠷᠣᠰ᠂ ᠮᠣᠩᠭᠤᠯ | ᠳᠥᠷᠪᠡᠨ ᠵᠦᠢᠯ ᠤᠨ ᠦᠰᠦᠭ ᠤᠨ ᠤᠬᠠᠭᠤᠯᠭ᠎ᠠ ᠶᠢᠨ ᠹᠢᠯᠢᠮ ᠵᠤᠬᠢᠶᠡᠪᠡ ᠂ ︽ᠲᠦᠮᠡᠨ ᠭᠠᠵᠠᠷ ᠤᠨ ᠴᠠᠢ ᠶᠢᠨ | ᠵᠠᠮ︾ ᠤᠨ ᠵᠢᠭᠤᠯᠴᠢᠯᠠᠯ ᠤᠨ ᠱᠤᠭᠤᠮ ᠤᠨ ᠡᠪᠬᠡᠮᠡᠯ ᠬᠠᠭᠤᠳᠠᠰᠤ ᠪᠠ ᠵᠢᠭᠤᠯᠴᠢᠯᠠᠯ ᠤᠨ ᠵᠢᠷᠤᠭᠲᠤ ᠳᠡᠪᠲᠡᠷ ᠢ | ᠬᠡᠪᠯᠡᠨ ᠭᠠᠷᠭᠠᠪᠠ ᠂ 7 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠪᠠ ᠃ ᠬᠥᠬᠡᠬᠤᠲᠠ᠂ | ᠤᠯᠠᠭᠠᠨᠪᠠᠭᠠᠲᠤᠷ ᠲᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠲᠡᠤᠬᠡ ᠶᠢᠨ ᠨᠡᠷᠡᠳᠦ ᠲᠡᠮᠳᠡᠭ ᠤᠨ | ᠦᠯᠡᠳᠡᠭᠳᠡᠯ ᠤᠨ ᠬᠥᠰᠢᠶ᠎ᠡ ᠶᠢ ᠪᠠᠶᠢᠭᠤᠯᠵᠤ᠂ ᠬᠤᠶᠢᠳᠦ ᠪᠠᠶᠢᠭᠠᠯ ᠤᠨ ᠬᠢᠯᠢ ᠬᠢᠵᠠᠭᠠᠷ ᠣᠷᠣᠨ ᠳᠤ ︽ᠲᠦᠮᠡᠨ | ᠭᠠᠵᠠᠷ ᠤᠨ ᠴᠠᠢ ᠶᠢᠨ ᠵᠠᠮ︾ ᠤᠨ ᠲᠡᠤᠬᠡ ᠶᠢᠨ ᠨᠡᠷᠡᠳᠦ ᠲᠡᠮᠳᠡᠭ ᠤᠨ ᠦᠯᠡᠳᠡᠭᠳᠡᠯ ᠤᠨ ᠬᠥᠰᠢᠶ᠎ᠡ ᠶᠢ | ᠪᠠᠶᠢᠭᠤᠯᠬᠤ ᠶᠢ ᠠᠬᠢᠭᠤᠯᠤᠨ᠎ᠠ᠃ | ᠪᠢᠳᠡ ᠪᠦᠲᠦᠭᠡᠯᠴᠢ ᠰᠡᠳᠬᠢᠮᠵᠢ ᠲᠠᠢ᠂ ᠰᠢᠨ᠎ᠡ ᠡᠭᠦᠳᠡᠯᠲᠡ ᠲᠠᠢ᠂ ᠪᠠᠶᠠᠯᠢᠭ ᠰᠠᠶᠢᠬᠠᠨ ᠢᠵᠢ | ᠪᠦᠷᠢᠳᠦᠭᠦᠯᠦᠭᠰᠡᠨ ᠰᠢᠷᠢᠰ ᠠᠵᠢᠯᠯᠠᠭ᠎ᠠ ᠶᠢ ᠡᠭᠦᠰᠭᠡᠨ ᠶᠠᠪᠣᠭᠳᠠᠭᠤᠯᠪᠠ᠃ ᠳᠤᠮᠳᠠᠳᠤ ᠣᠷᠣᠰ ᠮᠣᠩᠭᠤᠯ ᠤᠨ ︽ | ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠦᠪᠡᠷ ᠢᠶᠠᠨ ᠲᠡᠷᠭᠡ ᠵᠢᠯᠣᠭᠤᠳᠣᠨ ᠠᠶᠠᠯᠠᠬᠤ | ᠪᠠ ︽ᠲᠦᠮᠡᠨ ᠭᠠᠵᠠᠷ ᠤᠨ ᠴᠠᠢ ᠶᠢᠨ ᠵᠠᠮ︾ ᠲᠠᠢ ᠲᠠᠨᠢᠯᠴᠠᠬᠤ ᠠᠶᠠᠯᠠᠯ ᠢ ᠰᠡᠳᠦᠨ ᠡᠬᠢᠯᠡᠭᠦᠯᠵᠤ᠂ ᠲᠠᠯ᠎ᠠ ᠨᠣᠳᠤᠭ | ᠤᠨ ᠠᠶᠠᠯᠠᠯ᠂ ᠬᠤᠪᠢᠰᠬᠠᠯᠳᠦ ᠳᠣᠷᠠᠳᠬᠠᠯ ᠤᠨ ᠠᠶᠠᠯᠠᠯ᠂ ᠬᠠᠶᠢᠨ ᠰᠦᠪᠡᠭᠴᠢᠯᠡᠬᠦ ᠠᠶᠠᠯᠠᠯ ᠵᠡᠷᠭᠡ | ᠵᠢᠭᠤᠯᠴᠢᠯᠠᠯ ᠤᠨ ᠰᠢᠷᠢᠰ ᠪᠦᠲᠦᠭᠡᠭᠳᠡᠬᠦᠨ ᠪᠠ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠨᠡᠭᠡᠭᠡᠨ ᠬᠦᠭᠵᠢᠭᠦᠯᠪᠡ | ᠃ ᠡᠭᠦᠨ ᠢᠶᠠᠷ ᠲᠠᠪᠴᠠᠩ ᠪᠣᠯᠭᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠦᠪᠡᠷ | ᠢᠶᠠᠨ ᠲᠡᠷᠭᠡ ᠵᠢᠯᠣᠭᠤᠳᠣᠨ ᠠᠶᠠᠯᠠᠬᠤ ᠨᠦᠬᠦᠷᠰᠡᠭ ᠵᠢᠭᠤᠯᠴᠢᠯᠠᠯ᠂ ︽ᠬᠥᠯᠥᠨ ᠪᠤᠶᠢᠷ — ᠤᠯᠠᠭᠠᠨ ᠡᠭᠦᠳᠡ︾ | ᠶᠢᠨ ᠠᠮᠲᠠᠲᠤ ᠢᠳᠡᠭᠡᠨ ᠤ ᠠᠮᠲᠠᠷᠬᠠᠯᠳᠦ ᠠᠶᠠᠯᠠᠯ᠂ ︽ᠬᠥᠬᠡᠬᠤᠲᠠ — ᠢᠷᠺᠦ᠋ᠼᠺ︾ ᠤᠨ ᠵᠢᠭᠤᠯᠴᠢᠯᠠᠯ ᠤᠨ | ᠨᠢᠰᠬᠡᠯ ᠳᠠᠭᠠᠭᠠᠴᠢᠯᠠᠭᠤᠯᠬᠤ᠂ ︽ᠮᠠᠨᠵᠤᠤᠷ — ᠰᠢᠪᠧᠷᠢᠶ᠎ᠠ ᠨᠡᠷᠡᠮᠵᠢᠳᠦ︾ ᠪᠣᠯᠤᠨ ︽ᠡᠷᠢᠶᠡᠨ ᠬᠤᠲᠠ | ᠨᠡᠷᠡᠮᠵᠢᠲᠦ︾ ᠵᠡᠷᠭᠡ ᠵᠢᠭᠤᠯᠴᠢᠯᠠᠯ ᠤᠨ ᠲᠤᠰᠬᠠᠶ ᠴᠤᠪᠤᠭ᠎ᠠ ᠭᠠᠯᠲᠦ ᠲᠡᠷᠭᠡ᠂ ︽ᠡᠩᠬᠡ ᠲᠠᠶᠢᠪᠤᠩ · ᠨᠥᠬᠦᠷᠯᠡᠯ · | ᠵᠠᠯᠠᠭᠤᠴᠤᠳ ᠪᠠᠭᠠᠴᠤᠳ ᠤᠨ ᠵᠢᠭᠤᠯᠴᠢᠯᠠᠯ ᠤᠨ ᠵᠤᠰᠠᠯᠠᠩ︾ ᠵᠡᠷᠭᠡ ᠠᠵᠢᠯᠯᠠᠭ᠎ᠠ ᠪᠠᠷ ᠬᠠᠪᠰᠤᠷᠤᠮᠵᠢ ᠪᠣᠯᠭᠠᠵᠤ᠂ ︽ | ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠠᠯ ᠤᠨ ᠥᠷᠨᠢᠯᠲᠡ ᠶᠢ ᠪᠣᠶ ᠪᠣᠯᠭᠠᠪᠠ᠃ | ᠮᠠᠨ ᠤ ᠡᠩᠨᠡᠭᠡ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠪᠠ᠃ ︽ᠲᠦᠮᠡᠨ ᠭᠠᠵᠠᠷ ᠤᠨ ᠴᠠᠢ ᠶᠢᠨ ᠵᠠᠮ︾ | ᠤᠨ ᠣᠯᠠᠨ ᠤᠯᠤᠰ ᠤᠨ ᠵᠢᠭᠤᠯᠴᠢᠯᠡᠯ ᠤᠨ ᠬᠤᠯᠪᠣᠭ᠎ᠠ ᠶᠢᠨ ᠪᠦᠷᠢᠯᠳᠦᠬᠦᠨ ᠬᠠᠮᠤᠭ ᠤᠨ ᠠᠩᠬᠠᠨ ᠤ 12 | ᠪᠠᠶᠢᠭᠰᠠᠨ ᠠᠴᠠ ᠪᠠᠨ ᠣᠳᠣ ᠶᠢᠨ 16 ᠪᠣᠯᠵᠤ᠂ ᠡᠨᠡ ᠵᠢᠯ ᠪᠠᠰᠠ ᠣᠷᠣᠰ ᠤᠨ ᠰᠢᠨ᠎ᠡ ᠰᠢᠪᠧᠷᠢᠶ᠎ᠠ ᠵᠧᠤ᠂ | ᠰᠤᠸ᠋ᠯᠳ᠋ᠷᠣᠹᠰᠺ ᠵᠧᠤ᠂ ᠮᠣᠩᠭᠤᠯ ᠤᠯᠤᠰ ᠤᠨ ᠡᠮᠦᠨᠡᠲᠦ ᠭᠤᠪᠢ ᠠᠶᠢᠮᠠᠭ᠂ ᠰᠦᠬᠡᠪᠠᠭᠠᠲᠤᠷ ᠠᠶᠢᠮᠠᠭ | ᠬᠤᠯᠪᠣᠭ᠎ᠠ ᠳᠤ ᠣᠷᠣᠯᠴᠠᠬᠤ ᠪᠣᠯᠤᠨ᠎ᠠ᠃ ᠴᠠᠭᠠᠨ ᠣᠷᠣᠰ ᠤᠨ ᠭᠤᠮᠤᠷᠢ ᠵᠧᠤ ᠨᠢ ᠬᠤᠯᠪᠣᠭᠠᠨ ᠤ ᠠᠵᠢᠭᠯᠠᠭᠴᠢ | ᠭᠠᠵᠠᠷ ᠣᠷᠣᠨ ᠪᠣᠯᠬᠤ ᠪᠠᠷ ᠲᠥᠯᠥᠪᠯᠡᠵᠦ ᠪᠠᠶᠢᠨ᠎ᠠ᠃ ᠡᠨᠡ ᠨᠢ ︽ᠲᠦᠮᠡᠨ ᠭᠠᠵᠠᠷ ᠤᠨ ᠴᠠᠢ ᠶᠢᠨ ᠵᠠᠮ︾ ᠤᠨ | ᠵᠢᠭᠤᠯᠴᠢᠯᠡᠯ ᠳᠤ ᠡᠯᠪᠡᠭ ᠪᠠᠶᠠᠨ ᠡᠬᠢ ᠪᠠᠶᠠᠯᠢᠭ ᠪᠣᠯᠤᠨ ᠪᠦᠲᠦᠭᠡᠭᠳᠡᠬᠦᠨ ᠢ ᠠᠪᠴᠢᠷᠠᠬᠤ ᠪᠣᠯᠤᠨ᠎ᠠ᠃ | ᠮᠠᠨ ᠤ ᠤᠬᠠᠭᠤᠯᠭ᠎ᠠ ᠪᠣᠷᠣᠯᠠᠭᠤᠯᠭ᠎ᠠ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠳᠡᠯᠡᠬᠡᠶ ᠳᠡᠭᠡᠷᠡᠬᠢ | ᠨᠥᠯᠥᠭᠡᠯᠡᠬᠦ ᠬᠦᠴᠦᠨ ᠠᠯᠬᠤᠮ ᠠᠯᠬᠤᠮ ᠢᠶᠠᠷ ᠳᠡᠭᠡᠭᠰᠢᠯᠡᠪᠡ᠃ 2017 ᠣᠨ ᠳᠤ᠂ ᠬᠤᠯᠪᠣᠭᠠᠨ ᠠᠴᠠ ᠳ᠋ᠧᠨ᠋ᠮᠡᠷᠺᠠ | ᠂ ᠰᠸᠧᠳ᠋ᠸᠧᠨ ᠬᠤᠶᠠᠷ ᠣᠯᠣᠰ ᠲᠤ | ᠲᠣᠰ ᠲᠣᠰ ᠬᠤᠶᠠᠷ ᠲᠠᠯᠠᠪᠤᠷ ᠲᠤᠰᠬᠠᠶ ᠰᠡᠳᠦᠪᠲᠦ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ︔ | 2018 ᠣᠨ ᠳᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠢᠶᠠᠷ ᠭᠤᠤᠯ | ᠰᠡᠳᠦᠪ ᠪᠣᠯᠭᠠᠵᠤ᠂ ᠺᠠᠨᠠᠳᠠ ᠶᠢᠨ ᠮᠤᠨᠳ᠋ᠷᠧᠯ ᠤᠨ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠳᠤ | ᠣᠷᠣᠯᠴᠠᠪᠠ᠃ | ᠳᠡᠭᠡᠷᠡᠬᠢ ᠦᠷ᠎ᠡ ᠪᠦᠲᠦᠭᠡᠯ ᠨᠢ ᠭᠤᠷᠪᠠᠨ ᠤᠯᠤᠰ ᠤᠨ ᠵᠢᠭᠤᠯᠴᠢᠯᠡᠯ ᠤᠨ ᠰᠠᠯᠠᠭ᠎ᠠ ᠮᠥᠴᠢᠷ ᠤᠨ ᠬᠠᠮᠳᠣᠷᠠᠯ | ᠤᠨ ᠬᠦᠴᠤᠨ ᠠᠴᠠ ᠰᠠᠯᠵᠤ ᠴᠢᠳᠠᠬᠤ ᠦᠭᠡᠢ ᠪᠥᠭᠡᠳ ᠠᠳᠡ ᠰᠠᠭᠤᠭ᠎ᠠ ᠡᠯ᠎ᠡ ᠵᠠᠭᠤᠴᠢᠯᠠᠭᠤᠷ ᠤᠨ ᠨᠠᠶᠢᠵᠠ ᠨᠠᠷ ᠤᠨ | ᠤᠬᠠᠭᠤᠯᠭ᠎ᠠ ᠮᠡᠳᠡᠭᠡᠯᠡᠯ ᠠᠴᠠ ᠴᠤ ᠰᠠᠯᠵᠤ ᠴᠢᠳᠠᠬᠤ ᠦᠭᠡᠢ ᠶᠤᠮ᠂ ᠰᠣᠨᠢᠨ ᠮᠡᠳᠡᠭᠡᠨ ᠤ ᠵᠠᠭᠤᠴᠢᠯᠠᠭᠤᠷ ᠤᠨ | ᠨᠠᠶᠢᠵᠠ ᠨᠠᠷ ᠤᠨ ᠮᠠᠨ ᠤ ᠣᠷᠣᠨ ᠤ ᠰᠣᠶᠣᠯ ᠵᠢᠭᠤᠯᠴᠢᠯᠡᠯ ᠤᠨ ᠦᠢᠯᠡᠰ ᠲᠤ ᠠᠩᠬᠠᠷᠤᠯ ᠲᠠᠯᠪᠢᠵᠤ ᠪᠠᠶᠢᠭ᠎ᠠ ᠳᠤ | ᠠᠳᠡ ᠪᠢ ᠣᠨᠴᠠᠭᠠᠶᠢᠯᠠᠨ ᠲᠠᠯᠠᠷᠬᠠᠵᠤ ᠪᠠᠶᠢᠨ᠎ᠠ᠃ | ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠡᠯ ᠤᠨ ᠦᠵᠡᠰᠬᠦᠯᠡᠩ ᠪᠣᠯ ᠪᠢᠳᠡᠨ ᠤ ︽ | ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠡᠯ ᠤᠨ ᠲᠥᠷᠥᠯ ᠲᠡᠮᠳᠡᠭᠴᠢᠯᠡᠭᠰᠡᠨ ᠬᠥᠭᠵᠢᠯᠲᠡ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠦᠵᠡᠰᠬᠦᠯᠡᠩ ᠢᠶᠠᠷ ᠳᠠᠮᠵᠢᠨ ᠳᠡᠯᠭᠡᠨ ᠦᠵᠡᠭᠦᠯᠵᠦ᠂ ᠣᠯᠠᠨ | ᠨᠡᠶᠢᠲᠡ ᠳᠤ ᠥᠪᠥᠷ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠡᠯ ᠤᠨ ᠬᠡᠪ ᠨᠠᠮᠪᠠ ᠶᠢ ᠢᠯᠡᠷᠡᠭᠦᠯᠬᠦ ᠶᠢᠨ | ᠲᠥᠯᠥᠭᠡ ᠶᠤᠮ᠃ ᠲᠣᠰ ᠣᠳᠠᠭᠠᠨ ᠤ ᠦᠵᠡᠰᠬᠦᠯᠡᠩ ᠳᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠦᠷᠢ | ᠲᠥᠷᠬᠦ ᠶᠢᠨ ᠦᠵᠡᠭᠦᠯᠦᠯᠭᠡ ᠶᠢᠨ ᠲᠢᠩᠬᠢᠮ᠂ ᠵᠢᠭᠤᠯᠴᠢᠯᠡᠯ ᠤᠨ ᠰᠣᠶᠣᠯ ᠤᠨ ᠡᠭᠦᠳᠦᠨ ᠪᠦᠲᠦᠭᠡᠯᠲᠡ ᠵᠢᠴᠢ | ᠪᠦᠲᠦᠭᠡᠭᠳᠡᠬᠦᠨ ᠤ ᠦᠵᠡᠭᠦᠯᠦᠯᠭᠡ ᠶᠢᠨ ᠲᠢᠩᠬᠢᠮ᠂ ᠬᠡᠤᠬᠡᠳ ᠤᠨ ᠴᠡᠴᠡᠷᠯᠢᠭ᠂ ᠪᠡᠭᠡᠵᠢᠩ ᠥᠪᠥᠷ ᠮᠣᠩᠭᠤᠯ ᠤᠨ | ᠬᠠᠪᠰᠤᠷᠤᠨ ᠲᠡᠳᠬᠦᠬᠦ ᠦᠵᠡᠭᠦᠯᠦᠯᠭᠡ ᠶᠢᠨ ᠲᠢᠩᠬᠢᠮ ᠵᠡᠷᠭᠡ ᠳᠥᠷᠪᠡᠨ ᠶᠡᠭᠡ ᠶᠡᠷᠦᠩᠬᠡᠶᠢᠯᠡᠭᠰᠡᠨ ᠦᠵᠡᠭᠦᠯᠦᠯᠭᠡ ᠶᠢᠨ | ᠲᠢᠩᠬᠢᠮ ᠪᠠᠭᠲᠠᠨ᠎ᠠ᠃ ᠡᠭᠦᠨ ᠳᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠦᠷᠢ ᠲᠥᠷᠬᠦ ᠶᠢᠨ | ᠦᠵᠡᠭᠦᠯᠦᠯᠭᠡ ᠶᠢᠨ ᠲᠢᠩᠬᠢᠮ ᠨᠢ ᠲᠢᠶᠠᠨ ᠲᠠᠨ᠂ ᠺᠧᠷᠮᠡᠯᠢ ᠣᠷᠳᠣᠨ᠂ ᠮᠣᠩᠭᠤᠯ ᠭᠡᠷ ᠵᠡᠷᠭᠡ ᠳᠤᠮᠳᠠᠳᠤ ᠣᠷᠣᠰ | ᠮᠣᠩᠭᠤᠯ ᠭᠤᠷᠪᠠᠨ ᠤᠯᠤᠰ ᠤᠨ ᠣᠨᠴᠠᠯᠢᠭᠳᠤ ᠰᠣᠳᠣᠨ ᠪᠠᠷᠢᠯᠭ᠎ᠠ ᠪᠠᠷ ᠵᠢᠷᠤᠭ ᠲᠥᠯᠥᠪᠯᠡᠭᠡ ᠶᠢᠨ ᠢᠶᠠᠨ ᠰᠠᠭᠤᠷᠢ | ᠪᠣᠯᠭᠠᠵᠤ᠂ ᠭᠤᠤᠯ ᠦᠵᠡᠭᠦᠯᠦᠯᠭᠡ ᠶᠢᠨ ᠲᠣᠭᠤᠷᠢᠭ ᠢ ᠵᠢᠷᠤᠵᠤ ᠲᠥᠯᠥᠪᠯᠡᠨ ᠪᠠᠶᠢᠭᠤᠯᠵᠣ᠂ ᠲᠤᠬᠠᠶ ᠶᠢᠨ | ᠲᠠᠯᠠᠪᠠᠢ ᠳᠤ ᠡᠯ᠎ᠡ ᠤᠯᠤᠰ ᠤᠨ ᠪᠠᠷᠢᠯᠭ᠎ᠠ ᠶᠢᠨ ᠬᠠᠶᠢᠴᠢᠯᠠᠮᠠᠯ ᠵᠢᠷᠤᠭ᠂ ᠸᠢᠳᠢᠣ᠋ ᠵᠢᠷᠤᠭ᠂ ᠬᠠᠷᠢᠯᠴᠠᠨ | ᠦᠢᠯᠡᠳᠦᠯᠴᠡᠬᠦ ᠲᠥᠬᠦᠭᠡᠷᠦᠮᠵᠢ ᠪᠠᠷ ᠦᠨᠳᠦᠰᠦᠲᠡᠨ ᠤ ᠡᠯᠧᠮᠧᠨ᠋ᠲ ᠪᠣᠯᠤᠨ ᠰᠢᠨᠵᠢᠯᠡᠬᠦ ᠤᠬᠠᠭᠠᠨ ᠤ ᠮᠡᠷᠭᠡᠵᠢᠯ ᠤᠨ | ᠡᠯᠧᠮᠧᠨ᠋ᠲ ᠢ ᠣᠷᠭᠠᠨᠢᠭ ᠢᠶᠠᠷ ᠠᠭᠤᠰᠤᠯᠴᠠᠭᠤᠯᠵᠤ᠂ ᠳᠣᠮᠳᠠᠳᠣ ᠣᠷᠣᠰ ᠮᠣᠩᠭᠤᠯ ᠭᠤᠷᠪᠠᠨ ᠤᠯᠤᠰ ᠪᠣᠯᠤᠨ ︽ | ᠲᠦᠮᠡᠨ ᠭᠠᠵᠠᠷ ᠤᠨ ᠴᠠᠢ ᠶᠢᠨ ᠵᠠᠮ︾ ᠤᠨ ᠳᠠᠭᠠᠣ ᠳᠤ ᠬᠢ ᠭᠤᠸ᠎ᠠ ᠰᠠᠶᠢᠬᠠᠨ ᠦᠵᠡᠮᠵᠢ ᠶᠢ ᠪᠦᠬᠦ ᠲᠠᠯ᠎ᠠ ᠪᠠᠷ | ᠳᠡᠯᠭᠡᠨ ᠦᠵᠡᠭᠦᠯᠦᠨ᠎ᠡ︔ ᠵᠢᠭᠤᠯᠴᠢᠯᠠᠯ ᠤᠨ ᠰᠣᠶᠣᠯ ᠤᠨ ᠡᠭᠦᠳᠦᠨ ᠪᠦᠲᠦᠭᠡᠯᠲᠡ ᠵᠢᠴᠢ ᠦᠢᠯᠡᠳᠭᠦᠨ ᠤ | ᠦᠵᠡᠭᠦᠯᠦᠯᠭᠡ ᠶᠢᠨ ᠲᠢᠩᠬᠢᠮ ᠨᠢ ᠥᠪᠥᠷ ᠮᠣᠩᠭᠤᠯ ᠤᠨ ᠤᠯᠠᠮᠵᠢᠯᠠᠯᠲᠤ ᠡᠯᠧᠮᠧᠨ᠋ᠲ᠂ ᠤᠯᠠᠮᠵᠢᠯᠠᠯᠲᠤ ᠡᠳ᠋ | ᠪᠣᠳᠠᠰ ᠢᠶᠠᠷ ᠵᠢᠷᠤᠭ ᠲᠥᠯᠥᠪᠯᠡᠭᠡ ᠶᠢᠨ ᠢᠶᠠᠨ ᠲᠦᠰᠢᠭ ᠪᠣᠯᠭᠠᠵᠤ᠂ ᠵᠠᠰᠠᠭ ᠪᠠ ᠠᠵᠤ ᠠᠬᠤᠶᠢᠯᠠᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠠᠪᠴᠠᠩ ᠢ ᠪᠣᠢ ᠪᠣᠯᠭᠠᠵᠤ᠂ ᠦᠵᠡᠭᠦᠯᠦᠯᠭᠡ ᠶᠢᠨ ᠲᠢᠩᠬᠢᠮ ᠳᠤ ᠪᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠶᠢᠨ ᠥᠩᠭᠡ ᠦᠵᠡᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ | ᠂ ᠬᠤᠲᠠ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠤᠨ ᠲᠡᠤᠬᠡ᠂ ᠵᠢᠭᠤᠯᠴᠢᠯᠠᠯ ᠤᠨ ᠦᠢᠯᠡᠳᠭᠦᠨ᠂ | ᠰᠣᠶᠣᠯ ᠤᠨ ᠡᠭᠦᠳᠦᠨ ᠪᠦᠲᠦᠭᠡᠯᠲᠡ ᠶᠢᠨ ᠦᠢᠯᠡᠳᠭᠦᠨ᠂ ᠵᠣᠴᠢᠳ ᠤᠨ ᠪᠠᠭᠤᠳᠠᠯ ᠂ ᠠᠷᠠᠳ ᠤᠨ ᠡᠷᠬᠢᠯᠡᠭᠰᠡᠨ | ᠪᠠᠭᠤᠳᠠᠯ ᠵᠢᠴᠢ ᠰᠣᠶᠣᠯ ᠤᠨ ᠡᠭᠦᠳᠦᠨ ᠪᠦᠲᠦᠭᠡᠯᠲᠡ ᠶᠢᠨ ᠵᠢᠭᠤᠯᠴᠢᠯᠠᠯ ᠤᠨ ᠲᠠᠸᠠᠷ ᠢ ᠭᠤᠤᠯᠳᠠᠯᠭ᠎ᠠ ᠲᠠᠢ ᠳᠡᠯᠭᠡᠨ | ᠦᠵᠡᠭᠦᠯᠦᠨ᠎ᠡ᠃ ᠬᠡᠤᠬᠡᠳ ᠤᠨ ᠴᠡᠩᠭᠡᠯᠳᠤ ᠲᠢᠩᠬᠢᠮ ᠨᠢ᠂ ᠳᠣᠮᠳᠠᠳᠤ ᠣᠷᠣᠰ ᠮᠣᠩᠭᠤᠯ ᠭᠤᠷᠪᠠᠨ ᠤᠯᠤᠰ ᠤᠨ | ᠰᠣᠶᠣᠯ ᠤᠨ ᠡᠯᠧᠮᠧᠨ᠋ᠲ ᠢ ᠶᠡᠷᠦᠩᠬᠡᠶᠢᠯᠡᠨ ᠠᠭᠤᠰᠬᠠᠵᠣ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠬᠢᠨ᠎ᠡ᠂ | ᠭᠤᠤᠯᠳᠠᠭᠤ ᠰᠤᠷᠤᠯᠴᠠᠯᠭ᠎ᠠ ᠶᠢᠨ ᠬᠠᠷᠢᠯᠴᠠᠨ ᠬᠥᠳᠡᠯᠦᠯᠴᠡᠬᠦ ᠲᠣᠭᠤᠷᠢᠭ᠂ ᠬᠡᠤᠬᠡᠳ ᠤᠨ ᠵᠤᠭ᠎ᠠ ᠴᠡᠩᠭᠡᠯ ᠤᠨ | ᠲᠣᠭᠤᠷᠢᠭ᠂ ᠠᠮᠠᠷᠠᠯᠲᠠ ᠶᠢᠨ ᠲᠣᠭᠤᠷᠢᠭ ᠪᠠ ᠬᠠᠮᠲᠤ ᠶᠢᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠬᠦ ᠲᠣᠭᠤᠷᠢᠭ | ᠵᠡᠷᠭᠡ ᠳᠥᠷᠪᠡᠨ ᠶᠡᠭᠡ ᠲᠣᠭᠤᠷᠢᠭ ᠢ ᠪᠠᠭᠲᠠᠭᠠᠵᠤ᠂ ᠰᠣᠨᠢᠷᠬᠠᠯᠲᠤ ᠴᠢᠨᠠᠷ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠴᠢᠨᠠᠷ ᠬᠠᠷᠢᠯᠴᠠᠨ ᠠᠭᠤᠰᠤᠯᠴᠠᠬᠤ ᠶᠢ ᠨᠢᠭᠡ ᠴᠣᠭᠴᠠ ᠪᠣᠯᠭᠠᠨ᠎ᠠ᠃ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠦᠵᠡᠭᠦᠯᠦᠯᠭᠡ ᠶᠢᠨ ᠲᠢᠩᠬᠢᠮ ᠨᠢ ᠪᠡᠭᠡᠵᠢᠩ ᠪᠣᠯᠤᠨ ᠤᠯᠠᠭᠠᠨᠴᠠᠪ ᠭᠡᠬᠦ ᠲᠣᠰ | ᠲᠣᠰ ᠬᠤᠶᠠᠷ ᠣᠨᠴᠠᠯᠢᠭᠲᠣ ᠵᠢᠷᠣᠭᠯᠠᠯ ᠲᠠᠢ ᠦᠵᠡᠭᠦᠯᠦᠯᠭᠡ ᠶᠢᠨ ᠪᠠᠶᠢᠷᠢ ᠶᠢ ᠵᠢᠷᠤᠵᠤ ᠲᠥᠯᠥᠪᠯᠡᠨ᠂ ᠪᠡᠭᠡᠵᠢᠩ ᠨᠢ | ᠤᠯᠠᠭᠠᠨ ᠲᠣᠭᠤᠰᠬ᠎ᠠ ᠨᠣᠭᠤᠭᠠᠨ ᠸᠠᠭᠠᠷ᠂ ᠰᠠᠷᠠᠪᠴᠢᠳᠦ ᠠᠰᠠᠷ ᠲᠠᠭᠲᠤ ᠲᠠᠢ᠂ ᠣᠷᠳᠣᠨ ᠤ ᠬᠡᠷᠡᠮ ᠤᠨ ᠭᠦᠨ | ᠬᠦᠷᠢᠶ᠎ᠡ ᠵᠡᠷᠭᠡ ᠶᠢ ᠳᠣᠪᠤᠶᠢᠯᠭᠠᠵᠤ᠂ ᠤᠯᠠᠭᠠᠨᠴᠠᠪ ᠬᠤᠲᠠ ᠨᠢ ᠪᠣᠯ ᠬᠤᠪᠴᠠᠰᠤ ᠵᠠᠰᠠᠯ ᠤᠨ ᠰᠣᠶᠣᠯ᠂ ᠪᠣᠳᠠᠰ ᠤᠨ | ᠪᠤᠰᠤ ᠰᠣᠶᠣᠯ ᠤᠨ ᠣᠨᠴᠠᠯᠢᠭ ᠢ ᠳᠣᠪᠤᠶᠢᠯᠭᠠᠵᠤ᠂ ᠲᠣᠰ ᠲᠣᠰ ᠤᠨ ᠭᠦᠨ ᠳᠠᠯᠳᠠᠷᠬᠠᠭ ᠰᠣᠨᠢᠷᠬᠠᠯᠲᠠᠢ | ᠦᠵᠡᠭᠦᠯᠦᠯᠭᠡ ᠶᠢᠨ ᠤᠶᠢᠯᠠᠭᠠᠭᠳᠠᠬᠤᠨ ᠢ ᠳᠣᠪᠤᠶᠢᠯᠭᠠᠪᠠ᠃ ᠦᠵᠡᠭᠦᠯᠦᠯᠭᠡ ᠶᠢᠨ ᠲᠢᠩᠬᠢᠮ ᠳᠤ ᠪᠠᠨ ᠭᠤᠤᠯᠳᠠᠭᠤ | ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠭᠰᠡᠨ ᠴᠢᠬᠤᠯᠠ ᠶᠡᠭᠡ ᠲᠥᠷᠥᠯ | ᠵᠦᠢᠯ ᠤᠨ ᠦᠷ᠎ᠡ ᠪᠦᠲᠦᠭᠡᠯ᠂ ᠪᠡᠭᠡᠵᠢᠩ ᠬᠢᠭᠡᠳ ᠤᠯᠠᠭᠠᠨᠴᠠᠪ ᠤᠨ ᠵᠢᠭᠤᠯᠴᠢᠯᠠᠯ ᠤᠨ ᠡᠬᠢ ᠪᠠᠶᠠᠯᠢᠭ᠂ | ᠵᠢᠭᠤᠯᠴᠢᠯᠠᠯ ᠤᠨ ᠪᠦᠲᠦᠭᠡᠭᠳᠡᠬᠦᠨ ᠬᠢᠭᠡᠳ ᠪᠣᠳᠠᠰ ᠤᠨ ᠪᠤᠰᠤ ᠰᠣᠶᠣᠯ ᠤᠨ ᠥᠪ ᠵᠡᠷᠭᠡ ᠶᠢ ᠳᠡᠯᠭᠡᠨ ᠦᠵᠡᠭᠦᠯᠦᠨ᠎ᠡ᠃ | ᠲᠣᠰ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠡᠯ ᠤᠨ | ᠦᠵᠡᠰᠬᠦᠯᠡᠩ ᠤᠨ ᠴᠤᠭᠯᠠᠭᠠᠨ ᠨᠢ ᠭᠤᠷᠪᠠᠨ ᠶᠡᠭᠡ ᠭᠢᠯᠠᠰ ᠴᠡᠭ ᠲᠠᠢ ᠪᠠᠶᠢᠵᠤ᠂ ᠬᠦᠨᠳᠦ ᠪᠠᠶᠢᠷᠢ ᠰᠠᠭᠤᠷᠢ ᠲᠠᠢ | — ︽ᠲᠦᠮᠡᠨ ᠭᠠᠵᠠᠷ ᠤᠨ ᠴᠠᠢ ᠶᠢᠨ ᠵᠠᠮ︾ ᠢᠶᠠᠷ ᠭᠤᠤᠯ ᠰᠡᠳᠦᠪ ᠪᠣᠯᠭᠠᠭᠰᠠᠨ ᠵᠢᠭᠤᠯᠴᠢᠯᠡᠯ ᠤᠨ | ᠦᠵᠡᠰᠬᠦᠯᠡᠩ ᠤᠨ ᠴᠤᠭᠯᠠᠭᠠᠨ ᠪᠣᠯᠤᠨ᠎ᠠ᠃ ᠦᠵᠡᠰᠬᠦᠯᠡᠩ ᠳᠤ ᠣᠷᠣᠯᠴᠠᠭᠰᠠᠨ ᠦᠶ ᠣᠯᠠᠨ ᠬᠤᠳᠠᠯᠳᠤᠭᠠᠴᠢᠨ᠂ | ᠬᠤᠳᠠᠯᠳᠤᠨ ᠠᠪᠣᠭᠴᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠤᠨ ᠮᠦᠽᠧᠶ ᠳᠤ | ᠴᠤᠭᠯᠠᠷᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠦᠵᠡᠰᠬᠦᠯᠡᠩ ᠤᠨ | ᠴᠤᠭᠯᠠᠭᠠᠨ ᠤ ᠭᠤᠶᠢᠳᠠ ᠰᠠᠶᠢᠬᠠᠨ ᠦᠪᠡᠳᠡᠭᠰᠢ ᠪᠠᠶᠢᠳᠠᠯ ᠢ ᠬᠠᠮᠲᠤ ᠪᠠᠷ ᠳᠡᠯᠭᠡᠨ ᠦᠵᠡᠭᠦᠯᠵᠦ᠂ ᠰᠣᠨᠢᠷᠬᠠᠭᠤᠯᠵᠣ᠂ | ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠤᠨ ᠴᠠᠭ ᠦᠶ᠎ᠡ ᠶᠢᠨ | ᠪᠦᠲᠦᠭᠡᠯ ᠢ ᠡᠭᠦᠳᠦᠨ ᠪᠦᠲᠦᠭᠡᠬᠦ ᠪᠣᠯᠤᠨ᠎ᠠ᠃ ᠰᠢᠨ᠎ᠡ ᠲᠥᠷᠥᠭᠳᠡᠯ ᠲᠠᠢ — ︽ ᠪᠣᠳᠠᠳᠦ ᠬᠥᠮᠦᠨ ᠪᠣᠯᠣᠨ | ᠴᠡᠭᠡᠨ ᠳᠡᠯᠭᠡᠴᠡ ᠶᠢᠨ ᠬᠠᠷᠢᠯᠴᠠᠨ ᠦᠢᠯᠡᠳᠦᠯᠴᠡᠬᠦ︾ ᠨᠢ ᠦᠵᠡᠰᠬᠦᠯᠡᠩ ᠳᠤ ᠣᠷᠣᠯᠴᠠᠭᠰᠠᠳ ᠲᠤ ᠰᠢᠨ᠎ᠡ ᠨᠢᠭᠡᠨ | ᠤᠶᠢᠯᠠᠭᠠᠯᠲᠠ ᠶᠢ ᠲᠦᠷᠦᠭᠳᠡᠭᠦᠯᠦᠨ᠎ᠡ ᠃ ︽ᠬᠦᠮᠣᠨ ᠪᠡ ᠳᠡᠯᠭᠡᠴᠡ ᠶᠢᠨ ᠬᠠᠷᠢᠯᠴᠠᠨ ᠦᠢᠯᠡᠳᠦᠯᠴᠡᠬᠦ︾ ᠬᠢᠭᠡᠳ | ︽ᠪᠡᠶᠡᠴᠢ ᠮᠡᠳᠡᠷᠡᠮᠵᠢ ᠶᠢᠨ ᠮᠡᠷᠭᠡᠵᠢᠯ︾ ᠳᠤ ᠲᠦᠰᠢᠭᠯᠡᠵᠣ ᠪᠠᠶᠢᠭᠠᠳ ᠬᠠᠷᠢᠯᠴᠠᠨ ᠮᠡᠳᠡᠷᠯᠴᠡᠬᠦ ᠲᠣᠭᠤᠷᠢᠭ ᠢ | ᠪᠠᠶᠢᠷᠢᠰᠢᠭᠤᠯᠵᠤ᠂ ᠵᠢᠭᠤᠯᠴᠢᠯᠠᠭᠴᠢᠳ ᠲᠣᠭᠯᠠᠭᠠᠮ ᠳᠤ ᠣᠷᠣᠯᠴᠠᠬᠤ ᠪᠠᠷ ᠳᠠᠮᠵᠢᠭᠤᠯᠣᠨ ᠳᠣᠮᠳᠠᠳᠣ ᠣᠷᠣᠰ | ᠮᠣᠩᠭᠤᠯ ᠭᠤᠷᠪᠠᠨ ᠣᠯᠣᠰ ᠤᠨ ᠣᠳᠣᠮᠰᠢᠯᠳᠦ ᠬᠤᠪᠴᠠᠰᠣ ᠵᠠᠰᠠᠯ ᠢ ᠡᠮᠣᠰᠴᠤ ᠰᠣᠨᠢᠷᠬᠠᠨ᠂ ᠳᠡᠭᠦᠨᠴᠢᠯᠡᠨ ᠭᠠᠵᠠᠷ | ᠭᠠᠵᠠᠷ ᠤᠨ ᠬᠡᠯᠡ ᠶᠠᠷᠢᠶ᠎ᠠ ᠪᠠᠷ ᠬᠠᠷᠢᠯᠴᠠᠨ ᠶᠠᠷᠢᠯᠴᠠᠵᠣ᠂ ᠡᠯ᠎ᠡ ᠣᠯᠣᠰ ᠤᠨ ᠰᠣᠶᠣᠯ ᠲᠠᠢ ᠪᠡᠶᠡᠴᠢᠯᠡᠨ | ᠤᠶᠢᠯᠠᠭᠠᠯᠴᠠᠵᠣ ᠪᠣᠯᠣᠨ᠎ᠠ᠃ ᠬᠦᠨᠳᠦ ᠴᠢᠬᠤᠯᠠ ᠤᠳᠬ᠎ᠠ ᠠᠭᠤᠯᠭ᠎ᠠ ᠲᠠᠢ — ᠣᠷᠣᠰ ᠮᠣᠩᠭᠤᠯ ᠢ ᠬᠤᠯᠪᠣᠵᠤ᠂ | ᠳᠣᠮᠳᠠᠳᠣ ᠣᠷᠣᠰ ᠮᠣᠩᠭᠤᠯ ᠤᠨ ᠰᠣᠶᠣᠯ ᠵᠢᠭᠤᠯᠴᠢᠯᠡᠯ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠳᠦ ᠪᠠᠷ | ᠵᠥᠪᠳᠡᠨᠡ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠯᠢᠯᠴᠠᠭᠠᠨ ᠤ ᠲᠣᠭᠲᠠᠴᠠ ᠪᠠ ᠵᠢᠭᠤᠯᠴᠢᠯᠠᠯ ᠤᠨ | ᠬᠠᠮᠲᠤᠷᠠᠯᠴᠠᠭ᠎ᠠ ᠪᠠᠷ ᠴᠢᠬᠤᠯᠠ ᠠᠴᠢᠶᠠᠯᠠᠪᠤᠷᠢ ᠪᠣᠯᠭᠠᠵᠤ᠂ ᠨᠠᠩ ᠥᠨᠳᠥᠷ ᠨᠠᠩ ᠥᠷᠭᠡᠨ ᠠᠭᠤᠳᠠᠮ | ᠵᠢᠭᠤᠯᠴᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠥᠪᠥᠷ ᠮᠣᠩᠭᠤᠯ ᠤᠨ ︽ᠲᠦᠮᠡᠨ ᠭᠠᠵᠠᠷ ᠤᠨ | ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠦᠢᠯᠡᠳᠭᠦᠨ ᠢ ᠬᠠᠮᠲᠤ ᠪᠠᠷ ᠳᠡᠯᠭᠡᠷᠡᠭᠦᠯᠵᠦ᠂ | ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠣᠭᠤᠳᠠᠯᠯᠠᠬᠤ᠂ ᠳᠦᠷᠢ ᠲᠥᠷᠬᠦ ᠶᠢᠨ ᠤᠬᠠᠭᠤᠯᠭ᠎ᠠ ᠪᠠ | ᠬᠠᠮᠲᠤᠷᠠᠨ ᠡᠵᠡᠩᠨᠡᠨ ᠪᠣᠷᠣᠯᠠᠭᠤᠯᠬᠤ ᠬᠤᠯᠪᠣᠭᠠᠨ ᠤ ᠪᠦᠷᠢᠯᠳᠦᠬᠦᠨ ᠤ ᠬᠤᠭᠤᠷᠣᠨᠳᠣᠬᠢ ᠣᠷᠣᠨ ᠪᠦᠰᠡ ᠶᠢᠨ | ᠬᠠᠮᠲᠤᠷᠠᠯᠴᠠᠭ᠎ᠠ ᠶᠢ ᠲᠦᠯᠬᠢᠨ ᠠᠬᠢᠭᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠮᠠᠨ ᠤ ᠤᠯᠤᠰ ᠤᠨ ᠣᠮᠠᠷᠠᠰᠢ ᠨᠡᠭᠡᠭᠡᠯᠲᠡ ᠬᠢᠬᠦ | ᠪᠣᠭᠤᠮᠲᠠ ᠪᠣᠯᠤᠭᠰᠠᠨ ᠤ ᠬᠤᠪᠢ ᠳᠤ᠂ ᠣᠷᠣᠰ ᠮᠣᠩᠭᠤᠯ ᠰᠠᠭᠠᠬᠠᠯᠳᠠ ᠶᠢᠨ ᠳᠠᠪᠠᠭᠤᠯᠢᠭ ᠲᠠᠯ᠎ᠠ ᠢᠯᠡᠷᠬᠡᠢ᠂ | ᠦᠨᠳᠦᠰᠦᠲᠡᠨ ᠤ ᠰᠣᠶᠣᠯ ᠨᠢ ᠴᠦ ᠥᠪᠡᠷᠮᠢᠴᠡ ᠢᠯᠡ ᠳᠣᠳᠣ ᠣᠨᠴᠠᠯᠢᠭ ᠲᠠᠢ ᠪᠠᠶᠢᠨ᠎ᠠ᠂ ︽ᠲᠦᠮᠡᠨ | ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠬᠠᠮᠢᠶ᠎ᠠ ᠪᠦᠬᠦᠢ ᠠᠵᠢᠯ ᠨᠢᠭᠡᠨᠲᠡ | ᠡᠬᠢᠯᠡᠪᠡ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠥᠪᠥᠷ | ᠮᠣᠩᠭᠤᠯ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠦᠨᠳᠦᠰᠦᠲᠡᠨ ᠤ ᠦᠪᠡᠷᠮᠢᠴᠡ ᠰᠣᠶᠣᠯ ᠢ | ᠳᠡᠯᠭᠡᠨ ᠦᠵᠡᠭᠦᠯᠵᠦ᠂ ᠥᠪᠥᠷ ᠮᠣᠩᠭᠤᠯ ᠤᠨ ᠪᠥᠬᠦ ᠤᠯᠤᠰ ᠴᠢᠨᠠᠭᠰᠢᠯᠠᠪᠠᠯ ᠳᠡᠯᠡᠬᠡᠶ ᠳᠡᠭᠡᠷᠡᠬᠢ ᠨᠥᠯᠥᠭᠡᠯᠡᠬᠦ | ᠬᠦᠴᠦᠨ ᠢ ᠳᠡᠭᠡᠭᠰᠢᠯᠡᠭᠦᠯᠬᠦ ᠳᠤ ᠮᠠᠨ ᠤ ᠥᠨᠥᠳᠥᠷ ᠤᠨ ᠠᠳᠡ ᠰᠠᠭᠤᠵᠤ ᠪᠠᠶᠢᠭ᠎ᠠ ᠡᠯ᠎ᠡ ᠵᠠᠭᠤᠴᠢᠯᠠᠭᠤᠷ ᠤᠨ | ᠨᠠᠶᠢᠵᠠ ᠨᠠᠷ ᠲᠤ ᠲᠦᠰᠢᠭᠯᠡᠬᠦ ᠨᠢ ᠮᠠᠰᠢ ᠬᠡᠷᠡᠭᠲᠡᠶ ᠪᠠᠶᠢᠨ᠎ᠠ᠃ ᠵᠠᠭᠤᠴᠢᠯᠠᠭᠤᠷ ᠤᠨ ᠨᠠᠶᠢᠵᠠ ᠨᠠᠷ ︽ᠲᠦᠮᠡᠨ | ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠡᠯ ᠢ ᠬᠠᠯᠠᠭᠤᠨ ᠢᠶᠠᠷ ᠠᠩᠬᠠᠷᠴᠤ᠂ ᠢᠳᠡᠪᠬᠢᠲᠡᠢ ᠳᠠᠮᠵᠢᠵᠤ᠂ | ᠥᠷᠭᠡᠨ ᠢᠶᠠᠷ ᠤᠬᠠᠭᠤᠯᠬᠤ ᠶᠢ ᠪᠢᠳᠡ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠯ᠎ᠡ ᠵᠠᠭᠤᠴᠢᠯᠠᠭᠤᠷ ᠤᠨ | ᠨᠠᠶᠢᠵᠠ ᠨᠠᠷ ᠤᠨ ᠣᠷᠣᠯᠴᠠᠭᠰᠠᠨ ᠪᠠ ᠴᠢᠷᠮᠠᠶᠢᠭᠰᠠᠨ ᠢᠶᠠᠷ ᠪᠢᠳᠡ ᠯᠠᠪᠲᠠᠶ ᠨᠢᠭᠡᠨ ᠳᠣᠮᠳᠠᠳᠣ ᠣᠷᠣᠰ ᠮᠣᠩᠭᠤᠯ | ᠤᠯᠤᠰ ᠢ ᠠᠯᠤᠰᠯᠠᠭᠰᠠᠨ ᠭᠤᠷᠪᠠᠨ ᠤᠯᠤᠰ ᠤᠨ ᠬᠥᠭᠵᠢᠯᠲᠡ ᠶᠢᠨ ᠵᠠᠮ ᠢ ᠨᠡᠭᠡᠭᠡᠵᠣ ᠴᠢᠳᠠᠨ᠎ᠠ ᠭᠡᠳᠡᠭ ᠲᠤ | ᠢᠲᠡᠭᠡᠵᠦ ᠪᠠᠶᠢᠨ᠎ᠠ ᠃ | ᠲᠠ ᠣᠯᠠᠨ ᠳᠤ ᠲᠠᠯᠠᠷᠬᠠᠯ᠎ᠠ︕ | | | ︽ᠲᠦᠮᠡᠨ ᠭᠠᠵᠠᠷ ᠤᠨ ᠴᠠᠢ ᠶᠢᠨ ᠵᠠᠮ︾ ᠰᠣᠶᠣᠯ ᠵᠢᠭᠤᠯᠴᠢᠯᠡᠯ ᠤᠨ ᠦᠵᠡᠰᠭᠦᠯᠡᠩ ᠤᠨ ᠴᠣᠭᠯᠠᠭᠠᠨ ᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠶᠠᠷᠢᠶ᠎ᠠ | ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠸᠠᠩ ᠳ᠋ᠧᠩ ᠬᠤᠸᠠ | | ︵2019 ᠣᠨ ᠤ 6 ᠰᠠᠷ᠎ᠠ ᠶᠢᠨ 3 ᠤ ᠡᠳᠦᠷ︶ | | ᠬᠦᠨᠳᠦᠲᠦ ᠾᠧ ᡁᠢ ᠯᠢᠶᠠᠩ ᠲᠢᠩᠬᠢᠮ ᠤᠨ ᠳᠠᠷᠤᠭ᠎ᠠ᠂ ᠢᠤᠢ ᡁᠢ ᠭᠦᠸᠧ ᠲᠢᠩᠭᠢᠮ ᠤᠨ ᠳᠡᠳ᠋ ᠳᠠᠷᠤᠭ᠎ᠠ᠂ | ᠰᠣᠨᠢᠨ ᠮᠡᠳᠡᠭᠡᠨ ᠤ ᠡᠲᠡᠭᠡᠳ ᠤᠨ ᠨᠥᠬᠦᠳ᠂ ᠣᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ ︖ | ᠲᠢᠩᠬᠢᠮ ᠤᠨ ᠳᠠᠷᠤᠭ᠎ᠠ ᠾᠧ ᡁᠢ ᠯᠢᠶᠠᠩ 2019 ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ | ᠦᠵᠡᠰᠬᠦᠯᠡᠩ ᠤᠨ ᠴᠤᠭᠯᠠᠭᠠᠨ ᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠠᠶ᠃ ᠳᠣᠤᠷ᠎ᠠ ᠪᠢ ᠤᠯᠠᠭᠠᠨᠴᠠᠪ | ᠬᠤᠲᠠ ᠶᠢᠨ ᠬᠠᠮᠢᠶ᠎ᠠ ᠪᠦᠬᠦᠢ ᠪᠠᠶᠢᠳᠠᠯ ᠢ ᠳᠥᠭᠦᠮ ᠲᠠᠨᠢᠯᠴᠠᠭᠤᠯᠤᠶ᠎ᠠ᠃ | ᠤᠯᠠᠭᠠᠨᠴᠠᠪ ᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠰᠯᠡᠯ ᠪᠡᠭᠡᠵᠢᠩ ᠠᠴᠠ | ᠬᠠᠮᠤᠭ ᠤᠨ ᠤᠶᠢᠷ᠎ᠠ ᠲᠠᠯ᠎ᠠ ᠨᠤᠲᠤᠭ ᠤᠨ ᠬᠤᠲᠠ ᠪᠣᠯᠤᠨ᠎ᠠ᠂ ᠪᠠᠰᠠ ᠴᠤ ᠳᠤᠮᠳᠠᠳᠤ ᠧᠦ᠋ᠷᠣᠫᠠ ᠵᠢᠱᠢᠶᠡᠨ ᠤ | ᠭᠠᠯᠲᠤ ᠲᠡᠷᠭᠡ ᠶᠢᠨ ᠤᠯᠤᠰ ᠤᠨ ᠳᠣᠲᠣᠭᠠᠳᠤ ᠶᠢᠨ ᠴᠣᠷ ᠤᠨ ᠭᠠᠭᠴᠠ ᠮᠤᠵᠢ ᠶᠢᠨ ᠲᠥᠪ ᠪᠤᠰᠤ ᠵᠠᠩᠭᠢᠯᠠᠭ᠎ᠠ ᠶᠢᠨ | ᠬᠤᠲᠠ ᠪᠣᠯᠤᠨ᠎ᠠ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ | ᠪᠦᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠠᠷᠪᠠᠨ ᠰᠢᠯᠢᠳᠡᠭ ᠬᠤᠲᠠ᠂ ᠳᠤᠮᠳᠠᠳᠤ ᠤᠯᠤᠰ ᠤᠨ ᠵᠣᠯ | ᠵᠢᠷᠭᠠᠯᠲᠤ ᠲᠥᠷᠥᠭᠳᠡᠯ ᠲᠠᠢ ᠬᠤᠲᠠ ᠪᠣᠯᠤᠨ᠎ᠠ᠃ ᠳᠤᠮᠳᠠᠳᠤ ᠤᠯᠤᠰ ᠤᠨ ᠲᠥᠮᠥᠰᠥ ᠶᠢᠨ ᠬᠤᠲᠠ᠂ ᠳᠤᠮᠳᠠᠳᠤ | ᠤᠯᠤᠰ ᠤᠨ ︽ᠨᠣᠬᠠᠶ ᠶᠢᠨ ᠬᠤᠰᠢᠭᠤ︾ ᠶᠢᠨ ᠬᠤᠲᠠ᠂ ᠲᠠᠯ᠎ᠠ ᠨᠤᠲᠤᠭ ᠤᠨ ᠡᠭᠦᠯᠡᠨ ᠬᠥᠨᠳᠡᠶ᠂ ᠰᠠᠯᠬᠢᠨ | ᠴᠠᠬᠢᠯᠭᠠᠨ ᠤ ᠬᠤᠲᠠ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ᠂ ᠳᠤᠮᠳᠠᠳᠤ ᠤᠯᠤᠰ | ᠤᠨ ᠬᠠᠮᠤᠭ ᠤᠨ ᠭᠤᠶᠤ ᠪᠡᠶ᠎ᠡ ᠰᠤᠪᠢᠯᠠᠯᠲᠠ ᠰᠡᠯᠡᠭᠦᠴᠡᠯ ᠵᠤᠭᠠᠴᠠᠯ ᠤᠨ ᠬᠤᠲᠠ᠂ ︽ᠲᠠᠯ᠎ᠠ ᠨᠤᠲᠤᠭ ᠤᠨ ᠠᠷᠠᠰᠣ | ᠰᠢᠷᠢ ᠶᠢᠨ ᠬᠤᠲᠠ︾᠂ ︽ᠬᠤᠪᠢᠯᠭᠠᠨ ᠣᠷᠣᠨ ᠤ ᠭᠡᠷ ᠣᠷᠣᠨ︾ ᠵᠡᠷᠭᠡ ᠣᠯᠠᠨ ᠠᠷᠪᠢᠨ ᠨᠡᠷ᠎ᠡ ᠶᠢᠨ | ᠬᠠᠭᠤᠳᠠᠰᠤ ᠲᠠᠢ᠂ ᠡᠭᠦᠨ ᠳᠤ ᠨᠣᠭᠤᠭᠠᠨ ᠥᠩᠭᠡ ᠪᠣᠯ ᠤᠯᠠᠭᠠᠨᠴᠠᠪ ᠤᠨ ᠦᠵᠡᠰᠬᠦᠯᠡᠩᠲᠦ ᠰᠠᠢᠬᠠᠨ ᠨᠡᠷ᠎ᠡ ᠶᠢᠨ | ᠬᠠᠭᠤᠳᠠᠰᠤ ᠪᠠᠶᠢᠵᠤ᠂ ᠠᠮᠢ ᠠᠬᠤᠢ ᠶᠢᠨ ᠵᠢᠭᠤᠯᠴᠢᠯᠡᠯ ᠤᠨ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ | ᠴᠡᠪᠡᠷ ᠡᠨᠧᠷᠭᠢ ᠶᠢᠨ ᠠᠵᠤ ᠦᠢᠯᠡᠰ ᠦᠷᠭᠦᠯᠵᠢᠯᠡᠨ ᠬᠥᠭᠵᠢᠪᠡ ᠃ ᠨᠡᠭᠡᠭᠡᠯᠲᠡ ᠬᠢᠬᠦ ᠪᠣᠯ ᠤᠯᠠᠭᠠᠨᠴᠠᠪ ᠤᠨ | ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠪᠠᠯ ᠳᠠᠷᠤᠶ | ᠤᠯᠠᠭᠠᠨᠴᠠᠪ ᠲᠤ ᠣᠷᠣᠴᠢᠬᠠᠨ᠎ᠠ ᠭᠡᠵᠣ ᠬᠡᠯᠡᠵᠣ ᠪᠣᠯᠤᠨ᠎ᠠ︾᠂ ᠣᠷᠣᠨ ᠪᠦᠰᠡ ᠶᠢᠨ ᠳᠠᠪᠠᠭᠤᠯᠢᠭ᠂ ᠳᠦᠭᠦᠮ | ᠳᠦᠳᠡ ᠵᠠᠮ ᠬᠠᠷᠢᠯᠴᠠᠭ᠎ᠠ ᠨᠢ ᠨᠡᠭᠡᠭᠡᠯᠲᠡ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠬᠢᠯᠢ ᠶᠢᠨ | ᠳᠣᠲᠣᠷᠠᠬᠢ 6 ᠵᠤᠷᠪᠤᠰ ᠲᠡᠮᠦᠷ ᠵᠠᠮ᠂ 3 ᠵᠤᠷᠪᠤᠰ ᠬᠤᠷᠳᠣᠨ ᠤ ᠵᠠᠮ ᠵᠢᠴᠢ ᠤᠯᠤᠰ ᠪᠠ ᠮᠤᠵᠢ ᠶᠢᠨ ᠭᠤᠤᠯ | ᠵᠠᠮ ᠣᠯᠠᠨ ᠴᠢᠭᠯᠡᠯ ᠢᠶᠠᠷ ᠰᠦᠯᠵᠢᠯᠳᠦᠵᠦ᠂ ᠬᠢᠯᠢ ᠪᠠᠷ ᠥᠩᠭᠡᠷᠡᠵᠦ ᠭᠠᠷᠤᠭᠰᠠᠨ ᠪᠡᠭᠡᠵᠢᠩ — ᠬᠥᠯᠥᠨ ᠪᠤᠶᠢᠷ | ᠬᠤᠲᠠ ᠶᠢᠨ ᠳᠡᠭᠡᠳᠦ ᠬᠤᠷᠳᠤᠴᠠᠲᠤ ᠲᠡᠮᠦᠷ ᠵᠠᠮ ᠵᠢᠯ ᠤᠨ ᠡᠴᠦᠰ ᠲᠤ ᠪᠥᠬᠦ ᠱᠤᠭᠤᠮ ᠢᠶᠠᠷ ᠨᠡᠪᠲᠡᠷᠡᠵᠦ᠂ | ᠤᠯᠠᠭᠠᠨᠴᠠᠪ ᠠᠴᠠ ᠮᠣᠷᠳᠠᠭᠠᠳ 70 ᠮᠢᠨᠦ᠋ᠲ ᠳᠠᠪᠬᠢᠪᠡᠯ ᠰᠢ ᡁᠢ ᠮᠧᠨ ᠦᠷᠲᠡᠭᠡᠨ ᠳᠤ ᠬᠦᠷᠴᠦ᠂ ᠨᠡᠶᠢᠰᠯᠡᠯ ᠤᠨ | 1 ᠴᠠᠭ ᠤᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠨ᠎ᠠ᠃ ᠵᠢᠨᠢᠩ ᠠᠴᠠ ᠴᠢᠪᠠᠭ᠎ᠠ ᠬᠦᠷᠬᠦ ᠳᠡᠭᠡᠳᠦ | ᠬᠤᠷᠳᠤᠴᠠᠲᠤ ᠲᠡᠮᠦᠷ ᠵᠠᠮ ᠢ ᠡᠨᠡ ᠵᠢᠯ ᠡᠬᠢᠯᠡᠨ ᠪᠦᠲᠦᠭᠡᠨ ᠪᠠᠶᠢᠭᠤᠯᠵᠤ᠂ ᠤᠳᠠᠯ ᠦᠭᠡᠢ ᠥᠪᠥᠷ ᠮᠣᠩᠭᠤᠯ ᠤᠨ | ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠳᠡᠭᠡᠳᠦ ᠬᠤᠷᠳᠤᠴᠠᠲᠤ ᠲᠡᠮᠦᠷ ᠵᠠᠮ ᠢ ᠬᠤᠯᠪᠣᠬᠤ ᠴᠢᠬᠤᠯᠠ | ᠵᠠᠩᠭᠢᠯᠠᠭ᠎ᠠ ᠪᠣᠯᠬᠤ ᠪᠣᠯᠤᠨ᠎ᠠ᠃ ᠤᠯᠠᠭᠠᠨᠴᠠᠪ ᠤᠨ ᠨᠢᠰᠬᠡᠯ ᠤᠨ ᠪᠠᠭᠤᠳᠠᠯ ᠣᠳᠣᠬᠠᠨ ᠳᠤ ᠶᠠᠭ ᠠᠭᠠᠷ ᠤᠨ | ᠠᠶᠠᠯᠠᠯ ᠤᠨ ᠪᠣᠭᠤᠮᠲᠠ ᠪᠣᠯᠬᠤ ᠪᠠᠷ ᠭᠤᠶᠤᠴᠢᠯᠠᠨ ᠮᠡᠳᠡᠭᠦᠯᠦᠭᠡᠳ᠂ ᠣᠯᠠᠨ ᠤᠯᠤᠰ ᠤᠨ ᠪᠠᠷᠠᠭ᠎ᠠ ᠲᠡᠭᠡᠭᠡᠪᠦᠷᠢᠯᠡᠬᠦ | ᠨᠢᠰᠬᠡᠯ ᠤᠨ ᠪᠠᠭᠤᠳᠠᠯ ᠢ ᠪᠠᠶᠢᠭᠤᠯᠵᠤ ᠪᠠᠶᠢᠨ᠎ᠠ᠃ ᠵᠡᠭᠦᠨᠰᠢ᠂ ᠪᠠᠷᠠᠭᠤᠨᠰᠢ᠂ ᠡᠮᠦᠨᠡᠰᠢ᠂ ᠤᠮᠠᠷᠠᠰᠢ ᠲᠦᠷᠪᠡᠨ ᠵᠦᠭ | ᠲᠤ ᠰᠠᠭᠠᠳ ᠦᠭᠡᠢ ᠨᠡᠪᠲᠡᠷᠡᠬᠦ᠂ ᠪᠡᠭᠡᠵᠢᠩ ᠠᠴᠠ ᠣᠶᠢᠷᠠᠬᠠᠨ ᠪᠠᠶᠢᠳᠠᠭ ᠭᠠᠵᠠᠷ ᠣᠷᠣᠨ ᠤ ᠳᠠᠪᠠᠭᠤᠯᠢᠭ | ᠨᠦᠬᠦᠴᠡᠯ ᠨᠢ ᠣᠳᠣ ᠶᠠᠭ ᠠᠯᠬᠤᠮ ᠠᠯᠬᠤᠮ ᠢᠶᠠᠷ ᠪᠣᠳᠠᠲᠠᠶ ᠬᠥᠭᠵᠢᠯᠲᠡ ᠶᠢᠨ ᠳᠠᠪᠠᠭᠤᠯᠢᠭ ᠪᠣᠯᠵᠤ ᠬᠤᠪᠢᠷᠠᠵᠣ | ᠪᠠᠶᠢᠨ᠎ᠠ᠃ ᠥᠨᠥᠳᠥᠷ ᠤᠨ ᠤᠯᠠᠭᠠᠨᠴᠠᠪ ᠬᠤᠲᠠ ᠳᠤ᠂ ᠲᠣᠮᠣ ᠡᠳ᠋ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ | ᠡᠷᠴᠢᠮᠲᠡᠶ ᠶᠠᠪᠤᠭᠳᠠᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠴᠡᠴᠡᠭᠯᠡᠨ ᠬᠥᠭᠵᠢᠵᠦ᠂ ᠲᠣᠮᠣ ᠵᠢᠭᠤᠯᠴᠢᠯᠡᠯ ᠤᠨ | ᠠᠵᠤ ᠦᠢᠯᠡᠰ ᠥᠷᠨᠢᠨ ᠬᠥᠭᠵᠢᠵᠦ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠨ ᠵᠢᠯᠣᠭᠤᠳᠤᠭᠰᠠᠨ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢᠨ | ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠵᠤ ᠪᠠᠶᠢᠨ᠎ᠠ᠃ ᠲᠡᠤᠬᠡᠨ ᠠᠴᠠ ᠠᠪᠴᠤ ᠬᠡᠯᠡᠪᠡᠯ᠂ ᠴᠠᠢ ᠶᠢᠨ | ᠠᠷᠠᠯᠵᠢᠶᠠᠨ ᠤ ᠭᠤᠷᠪᠠᠨ ᠴᠢᠬᠤᠯᠠ ᠵᠠᠮ ᠪᠣᠯᠬᠤ ᠵᠠᠩᠴᠢᠭᠦᠤ — ᠬᠦᠷᠢᠶ᠎ᠡ ᠶᠡᠭᠡ ᠵᠠᠮ᠂ ᠮᠣᠩᠭᠤᠯ ᠳᠤ | ᠵᠢᠭᠤᠯᠴᠢᠯᠠᠬᠤ ᠠᠷᠢᠯᠵᠢᠶ᠎ᠠ ᠬᠤᠳᠠᠯᠳᠤᠭᠠᠨ ᠤ ᠵᠠᠮ ᠪᠠ ᠳ᠋ᠠ ᠱᠧᠩ ᠺᠦᠶ ᠬᠤᠳᠠᠯᠳᠤᠭᠠᠨ ᠤ ᠵᠠᠮ ᠨᠢ ᠴᠥᠮ | ᠤᠯᠠᠭᠠᠨᠴᠠᠪ ᠤᠨ ᠬᠢᠯᠢ ᠪᠠᠷ ᠥᠩᠭᠡᠷᠡᠳᠡᠭ᠃ ᠵᠢᠱᠢᠶᠡᠯᠡᠪᠡᠯ ᠠᠯᠳᠠᠷᠲᠤ ᠵᠠᠩᠴᠢᠭᠦᠤ — ᠬᠦᠷᠢᠶ᠎ᠡ ᠶᠡᠭᠡ ᠵᠠᠮ ᠤᠨ | ᠴᠢᠬᠤᠯᠠ ᠤᠯᠠᠭ᠎ᠠ ᠥᠷᠲᠡᠭᠡ ᠶᠢᠨ ᠵᠠᠮᠪᠤ ᠰᠦᠮ᠎ᠡ ᠨᠢ ᠤᠯᠠᠭᠠᠨᠴᠠᠪ ᠤᠨ ᠬᠤᠸᠠ ᠳ᠋ᠧ ᠰᠢᠶᠠᠨ ᠳᠤ ᠪᠠᠶᠢᠳᠠᠭ᠃ | ᠮᠣᠩᠭᠤᠯ ᠳᠤ ᠵᠢᠭᠤᠯᠴᠢᠯᠠᠬᠤ ᠠᠷᠢᠯᠵᠢᠶ᠎ᠠ ᠬᠤᠳᠠᠯᠳᠤᠭᠠᠨ ᠤ ᠵᠠᠮ ᠳᠤ ᠤᠯᠠᠭᠠᠨᠴᠠᠪ ᠤᠨ ᠴᠢᠬᠤᠯᠠ ᠥᠷᠲᠡᠭᠡ ᠳᠤ | ᠹᠧᠩᠵᠧᠨ ᠬᠤᠲᠠ ᠶᠢᠨ ᠯᠦᠩ ᠱᠧᠩ ᠵᠤᠸᠠᠩ ᠪᠣᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠲᠡᠮᠦᠷᠲᠡᠶ ᠳᠤ ᠪᠠᠶᠢᠳᠠᠭ᠃ ᠯᠢᠶᠠᠩᠴᠧᠩ ᠰᠢᠶᠠᠨ ᠤ ᠱᠠ ᠬᠡᠤ ᠺᠸᠤ ᠪᠣᠯ ᠳ᠋ᠠ ᠱᠧᠩ ᠺᠦᠶ ᠬᠤᠳᠠᠯᠳᠤᠭᠠᠨ ᠤ | ᠵᠠᠮ ᠤᠨ ᠴᠢᠬᠤᠯᠠ ᠥᠷᠲᠡᠭᠡ ᠪᠣᠯᠤᠨ᠎ᠠ᠃ ᠳᠠᠷᠠᠭᠠᠯᠠᠪᠠᠯ᠂ ᠤᠯᠠᠭᠠᠨᠴᠠᠪ ᠬᠤᠲᠠ ᠶᠢᠨ ᠬᠢᠯᠢ ᠳᠣᠲᠣᠷ᠎ᠠ ᠶᠤᠸᠠᠨ | ᠤᠯᠤᠰ ᠤᠨ ᠦᠶ᠎ᠡ ᠠᠴᠠ ᠴᠢᠩ ᠤᠯᠤᠰ ᠤᠨ ᠦᠶ᠎ᠡ ᠬᠦᠷᠲᠡᠯᠡᠬᠢ ᠮᠠᠰᠢ ᠪᠠᠶᠠᠯᠢᠭ ᠡᠷᠲᠡᠨ ᠤ ᠵᠠᠮ᠂ ᠤᠯᠠᠭ᠎ᠠ | ᠥᠷᠲᠡᠭᠡᠨ ᠤ ᠪᠠᠭᠤᠷᠢ ᠨᠤᠭᠤᠳ ᠪᠣᠶ᠂ ᠡᠳᠡᠭᠡᠷ ᠪᠠᠭᠤᠷᠢ ᠨᠢ ᠭᠤᠤᠯᠳᠠᠭᠤ ᠹᠧᠩᠵᠧᠨ᠂ ᠯᠢᠶᠠᠩᠴᠧᠩ᠂ ᠬᠤᠸᠠ | ᠳ᠋ᠧ ᠂ ᠱᠠᠩᠳᠤ᠂ ᠬᠤᠶᠢᠲᠤ ᠬᠤᠰᠢᠭᠤ᠂ ᠳᠣᠮᠳᠠᠳᠦ ᠬᠤᠰᠢᠭᠤ᠂ ᠳᠥᠷᠪᠡᠳ ᠬᠤᠰᠢᠭᠤ ᠵᠡᠷᠭᠡ ᠭᠠᠵᠠᠷ ᠤᠳ ᠢᠶᠠᠷ | ᠲᠠᠷᠬᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠪᠣᠳᠠᠰ ᠤᠨ ᠪᠣᠰᠣ ᠰᠣᠶᠣᠯ ᠤᠨ ᠥᠪ ᠢᠶᠠᠷ | ᠭᠤᠶᠤᠴᠢᠯᠠᠬᠤ ᠶᠢᠨ ᠴᠢᠬᠤᠯᠠ ᠲᠤᠯᠭᠠᠭᠤᠷᠢ ᠪᠣᠯᠤᠨ᠎ᠠ᠃ ᠡᠭᠦᠨ ᠤ ᠬᠠᠮᠲᠤ᠂ ᠴᠠᠬᠠᠷ ᠤᠨ ᠬᠤᠷᠢᠮ ᠤᠨ ᠶᠣᠰᠣᠯᠠᠯ᠂ | ᠵᠡᠭᠦᠨ ᠵᠠᠮ ᠤᠨ ᠡᠯ ᠷᠧᠨ ᠲᠠᠢ᠂ ᠬᠤᠸᠠ ᠳ᠋ᠧ ᠶᠢᠨ ᠴᠠᠭᠠᠰᠤᠨ ᠬᠠᠶᠢᠴᠢᠯᠠᠮᠠᠯ᠂ ᠹᠧᠩᠵᠧᠨ ᠤ ᠯᠦᠩ ᠵᠤᠸᠠᠩ ᠤᠨ | ᠶᠧᠪᠡᠩ᠂ ᠵᠦᠸᠧᠽᠢ ᠱᠠᠨ ᠤ ᠤᠲᠤᠮᠠᠯ ᠳᠠᠬᠢᠶ᠎ᠠ ᠵᠡᠷᠭᠡ ︽ᠲᠦᠮᠡᠨ ᠭᠠᠵᠠᠷ ᠤᠨ ᠴᠠᠢ ᠶᠢᠨ ᠵᠠᠮ︾ ᠤᠨ | ᠠᠷᠠᠯᠵᠢᠶ᠎ᠠ ᠲᠠᠢ ᠨᠢᠭᠲᠠ ᠬᠤᠯᠪᠣᠭ᠎ᠠ ᠲᠠᠢ ᠠᠷᠠᠳ ᠤᠨ ᠵᠠᠩ ᠵᠠᠩᠰᠢᠯ ᠪᠣᠯᠤᠨ ᠠᠷᠠᠳ ᠤᠨ ᠭᠠᠷ ᠤᠷᠠᠯᠠᠯ ᠤᠨ ᠰᠣᠶᠣᠯ | ᠮᠠᠨ ᠤ ᠬᠤᠲᠠ ᠳᠤ ᠮᠠᠰᠢ ᠰᠠᠶᠢᠨ ᠤᠯᠠᠮᠵᠢᠯᠠᠭᠳᠠᠨ ᠪᠠᠳᠠᠷᠠᠭᠤᠯᠤᠭᠳᠠᠭᠰᠠᠨ ᠶᠣᠮ᠂ ᠮᠦᠨ ᠴᠤ ᠮᠠᠨ ᠤ ᠬᠤᠲᠠ ᠶᠢᠨ | ᠢᠷᠡᠭᠡᠳᠦᠢ ᠳᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠨᠠᠷᠠᠲᠤ ᠲᠥᠷᠥᠯ ᠲᠡᠮᠳᠡᠭᠲᠦ | ᠵᠢᠭᠤᠯᠴᠢᠯᠡᠯ ᠢ ᠪᠠᠶᠢᠭᠤᠯᠬᠤ ᠶᠢᠨ ᠭᠦᠨ ᠵᠣᠵᠠᠭᠠᠨ ᠡᠬᠢ ᠪᠠᠶᠠᠯᠢᠭ ᠪᠣᠯᠤᠨ᠎ᠠ᠃ ᠡᠷᠬᠢᠯᠡᠭᠰᠡᠨ ᠭᠠᠵᠠᠷ ᠤᠨ ᠢᠶᠠᠨ | ᠣᠨᠴᠠᠯᠢᠭ ᠢ ᠲᠣᠪᠣᠶᠢᠯᠭᠠᠬᠤ ᠶᠢᠨ ᠲᠥᠯᠥᠭᠡ ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠳᠡᠭᠡᠷ᠎ᠡ ᠮᠠᠨ ᠤ | ᠬᠤᠲᠠ ᠶᠢᠨ ᠲᠥᠯᠥᠭᠡᠯᠡᠬᠦ ᠴᠢᠨᠠᠷᠲᠠᠶ ᠰᠣᠶᠣᠯ ᠵᠢᠭᠤᠯᠴᠢᠯᠡᠯ ᠤᠨ ᠡᠬᠢ ᠪᠠᠶᠠᠯᠢᠭ ᠪᠣᠯᠤᠨ ᠪᠦᠲᠦᠭᠡᠭᠳᠡᠬᠦᠨ ᠢᠶᠠᠨ | ᠳᠡᠯᠭᠡᠨ ᠦᠵᠡᠭᠦᠯᠬᠦ ᠪᠣᠯᠤᠨ᠎ᠠ᠃ | ᠣᠳᠣᠬᠠᠨ ᠳᠤ᠂ ᠮᠠᠨ ᠤ ᠬᠤᠲᠠ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠤᠯᠤᠰ᠂ ᠭᠠᠵᠠᠷ | ᠣᠷᠣᠨ ᠤ ᠠᠵᠤ ᠠᠬᠤᠶ ᠠᠷᠠᠯᠵᠢᠶ᠎ᠠ ᠪᠣᠯᠤᠨ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠭᠰᠠᠨ ᠰᠠᠭᠤᠷᠢᠨ ᠳᠡᠭᠡᠷ᠎ᠡ᠂ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠦᠵᠡᠮᠵᠢ ᠶᠢᠨ | ᠣᠷᠣᠨ ᠲᠠᠢ ᠬᠠᠷᠢᠯᠴᠠᠭ᠎ᠠ ᠬᠤᠯᠪᠣᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠢᠶᠠᠷ ᠢᠶᠠᠨ ᠭᠠᠷ | ᠬᠤᠯᠪᠣᠯᠴᠠᠨ ᠴᠠᠢ ᠶᠢᠨ ᠵᠢᠭᠤᠯᠴᠢᠯᠡᠯ ᠤᠨ ᠠᠭᠤᠰᠤᠯᠴᠠᠭᠰᠠᠨ ᠤᠨᠴᠠᠯᠢᠬᠳᠤ ᠵᠢᠭᠤᠯᠴᠢᠯᠡᠯ ᠤᠨ ᠰᠣᠶᠣᠯ ᠢ | ᠬᠥᠭᠵᠢᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠡᠯ ᠤᠨ ᠨᠠᠷᠠᠲᠤ ᠲᠡᠮᠳᠡᠭ ᠢ | ᠬᠠᠮᠲᠤᠪᠠᠷ ᠴᠣᠭᠴᠠᠯᠠᠪᠠ᠃ ᠡᠯ᠎ᠡ ᠲᠥᠷᠥᠯ ᠤᠨ ᠦᠵᠡᠰᠬᠦᠯᠡᠩ ᠤᠨ ᠴᠤᠭᠯᠠᠭᠠᠨ᠂ ᠲᠠᠨᠢᠯᠴᠠᠭᠤᠯᠭ᠎ᠠ ᠶᠢᠨ ᠬᠤᠷᠠᠯ | ᠵᠡᠷᠭᠡ ᠶᠢ ᠡᠷᠬᠢᠯᠡᠬᠦ ᠪᠠ ᠣᠷᠣᠯᠴᠠᠬᠤ ᠪᠠᠷ ᠳᠠᠮᠵᠢᠨ᠂ ᠮᠠᠨ ᠤ ᠬᠤᠲᠠ ᠪᠣᠯᠤᠨ ︽ᠲᠦᠮᠡᠨ ᠭᠠᠵᠠᠷ ᠤᠨ ᠴᠠᠢ ᠶᠢᠨ ᠵᠠᠮ | ︾ ᠳᠠᠭᠠᠤ ᠶᠢᠨ ᠤᠯᠤᠰ ᠪᠣᠯᠤᠨ ᠭᠠᠵᠠᠷ ᠣᠷᠣᠨ ᠤ ᠬᠠᠷᠢᠯᠴᠠᠭ᠎ᠠ ᠤᠯᠠᠮ ᠠᠴᠠ ᠤᠯᠠᠮ ᠨᠢᠭᠲᠠ ᠪᠣᠯᠪᠠ︔ ᠡᠭᠦᠨ ᠤ | ᠬᠠᠮᠲᠤ ᠤᠶᠢᠷ᠎ᠡ ᠶᠢᠨ ᠵᠢᠯ ᠤᠳ ᠲᠤ ᠮᠠᠨ ᠤ ᠬᠤᠲᠠ ᠪᠠᠰᠠ ᠳᠤᠮᠳᠠᠳᠤ ᠤᠯᠤᠰ ᠤᠨ ᠰᠢᠨ᠎ᠡ ᠶᠠ ᠪᠦᠦ ᠯᠦ | ᠬᠤᠳᠠᠯᠳᠤᠭᠠᠨ ᠤ ᠬᠤᠲᠠ ᠶᠢ ᠪᠠᠶᠢᠭᠤᠯᠵᠤ᠂ ᠡᠨᠡ ᠵᠢᠯ ᠢ ᠪᠠᠭᠲᠠᠭᠠᠨ ᠦᠷᠭᠦᠵᠢᠯᠡᠭᠰᠡᠨ ᠭᠤᠷᠪᠠᠨ ᠬᠤᠭᠤᠴᠠᠭᠠᠨ ᠤ | ᠳᠣᠮᠳᠠᠳᠦ ᠣᠷᠣᠰ ᠮᠣᠩᠭᠤᠯ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠢ ᠡᠷᠬᠢᠯᠡᠬᠦ ᠪᠣᠯᠤᠨ᠎ᠠ︔ ᠮᠠᠨ ᠤ | ᠬᠤᠲᠠ ᠶᠠᠭ ︽ᠲᠦᠮᠡᠨ ᠭᠠᠵᠠᠷ ᠤᠨ ᠴᠠᠢ ᠶᠢᠨ ᠵᠠᠮ︾ ᠤᠨ ᠦᠵᠡᠰᠬᠦᠯᠡᠩ ᠤᠨ ᠴᠤᠭᠯᠠᠭᠠᠨ ᠵᠡᠷᠭᠡ ᠡᠯ᠎ᠡ | ᠵᠦᠢᠯ ᠤᠨ ᠭᠠᠳᠠᠭᠠᠳᠤ ᠰᠣᠯᠢᠯᠴᠠᠭᠠᠨ ᠤ ᠴᠢᠬᠤᠯᠠ ᠲᠠᠪᠴᠠᠩ ᠢ ᠠᠰᠢᠭᠯᠠᠨ᠂ ᠥᠪᠥᠷ ᠮᠣᠩᠭᠤᠯ ᠤᠨ ᠣᠯᠠᠨ | ᠤᠯᠤᠰ ᠤᠨ ᠵᠢᠭᠤᠯᠴᠢᠯᠡᠯ ᠤᠨ ᠦᠢᠯᠡᠴᠢᠯᠡᠭᠡᠨ ᠤ ᠲᠥᠪ ᠪᠠ ᠣᠯᠠᠨ ᠤᠯᠤᠰ ᠤᠨ ᠵᠢᠭᠤᠯᠴᠢᠯᠡᠯ ᠤᠨ | ᠡᠷᠭᠢᠯᠲᠡ ᠶᠢᠨ ᠥᠷᠲᠡᠭᠡ ᠶᠢ ᠪᠠᠶᠢᠭᠤᠯᠵᠣ᠂ ᠤᠯᠠᠭᠠᠨᠴᠠᠪ ᠤᠨ ᠰᠣᠶᠣᠯ ᠵᠢᠭᠤᠯᠴᠢᠯᠡᠯ ᠤᠨ ᠦᠢᠯᠡᠰ ᠤᠨ ᠭᠠᠳᠠᠭᠠᠳᠤ | ᠨᠡᠭᠡᠭᠡᠯᠲᠡ ᠶᠢᠨ ᠬᠥᠭᠵᠢᠯᠲᠡ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠴᠢᠷᠮᠠᠶᠢᠵᠤ ᠪᠠᠶᠢᠨ᠎ᠠ᠃ | ᠶᠡᠷᠦᠩᠬᠡᠶᠢᠯᠡᠪᠡᠯ᠂ ᠲᠡᠤᠬᠡ ᠶᠢᠨ ᠠᠴᠢ ᠬᠤᠯᠪᠣᠭᠳᠠᠯ ᠪᠠ ᠶᠡᠭᠡ ᠲᠠᠯ᠎ᠠ ᠠᠴᠠ ᠠᠪᠴᠤ ᠬᠡᠯᠡᠪᠡᠯ᠂ ᠤᠯᠠᠭᠠᠨᠴᠠᠪ | ᠪᠣᠯ ᠡᠶᠢᠮᠣᠷᠬᠦᠤ ᠴᠢᠬᠤᠯᠠ ᠠᠵᠢᠯᠯᠠᠭ᠎ᠠ ᠶᠢ ᠳᠠᠭᠠᠭᠠᠨ ᠡᠷᠬᠢᠯᠡᠬᠦ ᠳᠤ ᠨᠡᠯᠢᠶᠡᠳ ᠲᠣᠬᠢᠷᠡᠮᠵᠢᠲᠡᠢ ᠭᠠᠵᠠᠷ ᠣᠷᠣᠨ | ᠮᠥᠨ᠂ ᠬᠠᠷᠢᠨ ᠶᠠᠭ ᠰᠠᠶᠢᠬᠠᠨ ᠴᠡᠴᠡᠭᠯᠡᠨ ᠬᠦᠭᠵᠢᠭᠦᠢ ᠤᠯᠠᠭᠠᠨᠴᠠᠪ ᠬᠤᠲᠠ ᠳᠤ ᠡᠶᠢᠮᠣᠷᠬᠦᠤ ᠣᠯᠠᠨ | ᠤᠯᠤᠰᠴᠢᠯᠠᠭᠰᠠᠨ ᠲᠠᠪᠴᠠᠩ ᠤᠨ ᠳᠡᠮᠵᠢᠯᠭᠡ ᠲᠤᠯᠭᠠᠮ ᠱᠠᠭᠠᠷᠳᠠᠭᠳᠠᠵᠣ ᠪᠠᠶᠢᠬᠤ ᠪᠥᠭᠡᠳ ᠪᠠᠰᠠ ᠡᠨᠡ ᠬᠦ ᠲᠠᠪᠴᠠᠩ | ᠢ ᠬᠤᠪᠢ ᠳᠠᠬᠢᠨ ᠨᠠᠨᠳᠢᠩᠨᠠᠬᠤ ᠴᠢᠬᠤᠯᠠᠲᠠᠶ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠶᠢ ᠳᠠᠭᠠᠭᠠᠨ ᠡᠷᠬᠢᠯᠡᠬᠦ ᠪᠠᠷ | ᠳᠠᠮᠵᠢᠨ᠂ ᠤᠯᠠᠭᠠᠨᠴᠠᠪ ᠬᠤᠲᠠ ᠶᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠥᠷᠭᠡᠳᠬᠡᠪᠡ︔ ᠡᠭᠦᠨ ᠤ | ᠬᠠᠮᠲᠤ᠂ ᠮᠠᠨ ᠤ ᠬᠤᠲᠠ ᠶᠢᠨ ᠰᠣᠶᠣᠯ ᠵᠢᠭᠤᠯᠴᠢᠯᠡᠯ ᠤᠨ ᠠᠵᠤ ᠦᠢᠯᠡᠰ ᠢ ᠳᠠᠶᠢᠴᠢᠯᠠᠨ ᠨᠠᠪᠴᠢᠭᠦᠯᠬᠦ ᠪᠣᠯᠤᠨ᠎ᠠ | ᠃ ᠤᠯᠤᠰ ᠤᠨ ᠰᠣᠶᠣᠯ ᠵᠢᠭᠤᠯᠴᠢᠯᠡᠯ ᠤᠨ ᠭᠦᠨᠵᠡᠭᠡᠶ ᠠᠭᠤᠰᠤᠯᠴᠠᠬᠤ ᠶᠡᠭᠡ ᠬᠠᠨᠳᠤᠰᠢ᠂ ᠥᠪᠡᠷᠲᠡᠭᠡᠨ ᠵᠠᠰᠠᠬᠤ | ᠣᠷᠣᠨ ᠤ ᠰᠣᠶᠣᠯ ᠪᠡ ᠵᠢᠭᠤᠯᠴᠢᠯᠡᠯ ᠤᠨ ᠲᠢᠩᠬᠢᠮ ᠤᠨ ᠬᠦᠴᠤᠲᠡᠢ ᠳᠡᠮᠵᠢᠯᠭᠡ᠂ ᠤᠯᠠᠭᠠᠨᠴᠠᠪ ᠬᠤᠲᠠ ᠶᠢᠨ | ᠦᠨᠢᠷ ᠵᠣᠵᠠᠭᠠᠨ ᠡᠬᠢ ᠪᠠᠶᠠᠯᠢᠭ ᠪᠠ ᠥᠷᠭᠡᠨ ᠠᠭᠤᠳᠠᠮ ᠨᠤᠲᠤᠭ ᠳᠡᠪᠢᠰᠬᠡᠷ ᠪᠠᠶᠢᠭ᠎ᠠ ᠪᠣᠯᠬᠤᠷ ᠂ ᠤᠯᠠᠭᠠᠨᠴᠠᠪ | ᠬᠤᠲᠠ ᠪᠠᠷ ᠲᠥᠯᠥᠭᠡᠯᠡᠭᠦᠯᠦᠭᠰᠡᠨ ᠪᠦᠬᠦ ᠣᠷᠣᠨ ᠤ ᠰᠣᠶᠣᠯ ᠵᠢᠭᠤᠯᠴᠢᠯᠡᠯ ᠤᠨ ᠠᠵᠤ ᠦᠢᠯᠡᠰ ᠯᠠᠪᠲᠠᠶ ᠭᠤᠶᠢᠳᠠ | ᠰᠠᠶᠢᠬᠠᠨ ᠴᠡᠴᠡᠭ ᠳᠡᠯᠭᠡᠷᠡᠵᠦ᠂ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠡᠯᠪᠡᠭ ᠪᠠᠶᠠᠯᠢᠭ ᠦᠷ᠎ᠡ | ᠪᠦᠲᠦᠭᠡᠯ ᠢ ᠣᠯᠬᠤ ᠳᠤ ᠪᠢᠳᠡ ᠢᠲᠡᠭᠡᠵᠦ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠳᠤ᠂ ᠤᠯᠠᠭᠠᠨᠴᠠᠪ ᠬᠤᠲᠠ ᠭᠤᠤᠯᠳᠠᠭᠤ ᠳᠤᠮᠳᠠᠳᠤ ᠮᠣᠩᠭᠤᠯ ᠣᠷᠣᠰ ᠤᠨ | ᠣᠯᠠᠨ ᠤᠯᠤᠰ ᠤᠨ ᠮᠠᠰᠢᠨ ᠲᠡᠷᠭᠡᠨ ᠤ ᠪᠣᠣᠭᠢᠶᠠ ᠤᠷᠤᠯᠳᠤᠭᠠᠨ ᠤ ᠠᠮᠣᠷ ᠲᠦᠪᠰᠢᠨ ᠤ ᠬᠠᠮᠠᠭᠠᠯᠠᠯᠲᠠ ᠶᠢᠨ ᠢᠵᠢ | ᠪᠦᠷᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠵᠢᠴᠢ ᠬᠤᠷᠠᠯ ᠤᠨ ᠶᠠᠪᠤᠳᠠᠯ᠂ ᠬᠦᠯᠢᠶᠡᠨ ᠠᠪᠬᠤ᠂ ᠰᠢᠨᠵᠢᠯᠡᠨ | ᠪᠠᠶᠢᠴᠠᠭᠠᠬᠤ᠂ ᠤᠬᠠᠭᠤᠯᠬᠤ ᠵᠡᠷᠭᠡ ᠶᠢ ᠵᠣᠯᠭᠠᠯᠳᠤᠭᠤᠯᠤᠨ ᠬᠠᠮᠵᠢᠯᠴᠠᠬᠤ ᠡᠭᠦᠷᠭᠡ ᠶᠢ ᠡᠭᠦᠷᠭᠡᠯᠡᠨ᠎ᠡ᠃ ᠮᠠᠨ ᠤ | ᠬᠤᠲᠠ ᠲᠣᠰ ᠤᠳᠠᠭᠠᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠮᠠᠩᠯᠠᠶᠢᠯᠠᠵᠤ᠂ ᠣᠯᠠᠨ ᠤᠳᠠᠭ᠎ᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ | ᠪᠥᠭᠡᠳ ᠡᠯ᠎ᠡ ᠬᠠᠮᠢᠶ᠎ᠠ ᠪᠦᠬᠦᠢ ᠬᠤᠲᠠ ᠶᠢᠨ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠠᠵᠢᠯᠲᠠᠨ ᠢᠶᠠᠷ ᠪᠦᠷᠢᠯᠳᠦᠭᠰᠡᠨ ᠶᠡᠷᠦᠩᠬᠡᠶᠢᠯᠡᠨ ᠨᠢᠭᠡᠳᠦᠯᠲᠡᠶ ᠲᠥᠯᠥᠪᠯᠡᠬᠦ ᠳᠤᠭᠤᠶᠢᠯᠠᠩ᠂ ᠬᠤᠷᠠᠯ ᠤᠨ | ᠶᠠᠪᠤᠳᠠᠯ ᠤᠨ ᠶᠠᠷᠢᠶᠠᠨ ᠤ ᠲᠠᠪᠴᠠᠩ ᠤᠨ ᠳᠤᠭᠤᠶᠢᠯᠠᠩ᠂ ︽ᠥᠪᠥᠷ ᠮᠣᠩᠭᠤᠯ ᠤᠨ ᠦᠨᠦᠷ ᠠᠮᠲᠠᠳᠦ︾ | ᠪᠦᠳᠦᠭᠡᠭᠳᠡᠭᠦᠨ ᠤ ᠶᠠᠰᠤ ᠴᠢᠨᠠᠷ ᠤᠨ ᠬᠢᠨᠠᠨ ᠰᠢᠯᠭᠠᠬᠤ ᠳᠤᠭᠤᠶᠢᠯᠠᠩ᠂ ᠦᠵᠡᠰᠬᠦᠯᠡᠩ ᠤᠨ ᠳᠤᠭᠤᠶᠢᠯᠠᠩ᠂ | ᠳᠤᠮᠳᠠᠳᠤ ᠮᠣᠩᠭᠤᠯ ᠣᠷᠣᠰ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ᠳᠤᠭᠤᠶᠢᠯᠠᠩ | ᠵᠡᠷᠭᠡ 11 ᠲᠤᠰᠬᠠᠶ ᠠᠵᠢᠯ ᠤᠨ ᠳᠣᠭᠤᠶᠢᠯᠠᠩ ᠢ ᠪᠠᠶᠢᠭᠤᠯᠵᠤ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠪᠡ︔ ᠲᠡᠷᠡᠴᠢᠯᠡᠨ ᠠᠵᠢᠯᠯᠠᠭ᠎ᠠ ᠶᠢ ᠳᠠᠭᠠᠭᠠᠨ ᠭᠦᠢᠴᠡᠳᠭᠡᠬᠦ ᠲᠠᠯ᠎ᠠ ᠶᠢᠨ ᠳᠤᠮᠳᠠᠳᠤ ᠤᠯᠤᠰ ᠤᠨ | ᠵᠠᠯᠠᠭᠤᠴᠤᠳ ᠤᠨ ᠠᠶᠠᠯᠠᠯ ᠵᠢᠭᠤᠯᠴᠢᠯᠡᠯ ᠤᠨ ᠬᠤᠯᠪᠣᠭᠠᠲᠤ ᠰᠠᠯᠠᠭᠠᠨ ᠤ ᠺᠣᠮᠫᠠᠨᠢ ᠲᠠᠢ ᠥᠨᠳᠥᠷ ᠦᠷ᠎ᠡ | ᠪᠦᠲᠦᠮᠵᠢᠲᠡᠶ ᠵᠣᠬᠢᠴᠠᠭᠤᠯᠬᠤ ᠲᠣᠭᠲᠠᠴᠠ ᠶᠢ ᠪᠠᠶᠢᠭᠤᠯᠪᠠ᠃ ᠣᠳᠣᠬᠠᠨ ᠳᠤ ᠡᠯ᠎ᠡ ᠬᠤᠯᠪᠣᠭᠳᠠᠯ ᠪᠦᠬᠦᠢ ᠠᠵᠢᠯᠯᠠᠬᠤ | ᠳᠤᠭᠤᠶᠢᠯᠠᠩ ᠶᠠᠭ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠠᠴᠢᠮ | ᠶᠠᠭᠠᠷᠠᠯᠲᠠᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ ᠤᠨ ᠰᠢᠭᠤᠳ ᠵᠢᠯᠣᠭᠤᠳᠣᠯᠭ᠎ᠠ ᠳᠣᠤᠷ᠎ᠠ᠂ ᠤᠯᠠᠭᠠᠨᠴᠠᠪ ᠬᠤᠲᠠ ᠲᠣᠰ ᠤᠳᠠᠭᠠᠨ ᠤ | ᠠᠵᠢᠯᠯᠠᠭ᠎ᠠ ᠶᠢ ᠳᠠᠭᠠᠭᠠᠨ ᠭᠦᠢᠴᠡᠳᠭᠡᠵᠣ ᠬᠠᠮᠵᠢᠯᠴᠠᠨ ᠬᠢᠬᠦ ᠡᠷᠡᠰ ᠵᠣᠷᠢᠭ ᠲᠠᠢ᠂ ᠨᠥᠬᠦᠴᠡᠯ ᠲᠠᠢ᠂ | ᠴᠢᠳᠠᠪᠤᠷᠢ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ | ᠬᠥᠭᠵᠢᠭᠦᠯᠬᠦ ᠳᠤ ᠬᠦᠴᠤᠨ ᠴᠢᠳᠠᠯ ᠢᠶᠠᠨ ᠡᠷᠭᠦᠨ᠎ᠡ᠃ | ᠤᠷᠤᠨ ᠪᠦᠰᠡ ᠶᠢᠨ ᠳᠠᠪᠠᠭᠤᠯᠢᠭ ᠂ ᠳᠥᠭᠦᠮ ᠳᠥᠲᠡ ᠵᠠᠮ ᠬᠠᠷᠢᠯᠴᠠᠭ᠎ᠠ᠂ ᠰᠡᠷᠢᠭᠦᠨ ᠲᠠᠭᠠᠯᠠᠮᠵᠢᠳᠡᠢ | ᠴᠠᠭ ᠣᠯᠠᠷᠢᠯ᠂ ᠰᠢᠨ᠎ᠡ ᠰᠣᠷᠭᠤᠭ ᠠᠭᠠᠷ ᠠᠮᠢᠰᠬᠤᠯ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ᠂ ᠥᠨᠢᠷ | ᠥᠳᠬᠡᠨ ᠠᠷᠠᠳ ᠤᠨ ᠵᠠᠩ ᠵᠠᠩᠰᠢᠯ᠂ ᠣᠷᠭᠠᠨᠢᠭ ᠲᠡᠵᠢᠭᠡᠯᠲᠦ ᠣᠷᠣᠨ ᠨᠤᠲᠤᠭ ᠤᠨ ᠠᠮᠲᠠᠲᠤ ᠢᠳᠡᠭᠡᠨ᠂ ᠴᠠᠭ ᠤᠨ | ᠥᠩᠭᠡ ᠶᠢ ᠳᠠᠭᠠᠵᠣ ᠴᠢᠳᠠᠬᠤᠶᠢᠴᠠ ᠠᠰᠢᠭ ᠣᠯᠵᠠᠪᠣᠷᠢ ᠲᠠᠢ ᠣᠨᠴᠠᠯᠢᠭᠲᠤ ᠠᠷᠠᠰᠤ ᠰᠢᠷᠢ ᠶᠢᠨ ᠪᠦᠳᠦᠭᠡᠭᠳᠡᠭᠦᠨ | ᠵᠡᠷᠭᠡ ᠨᠢ ᠴᠥᠮ ᠡᠯ᠎ᠡ ᠭᠠᠵᠠᠷ ᠤᠨ ᠨᠠᠶᠢᠵᠠ ᠨᠠᠷ ᠢ ᠤᠯᠠᠭᠠᠨᠴᠠᠪ ᠲᠤ ᠤᠷᠢᠵᠤ ᠠᠪᠴᠢᠷᠠᠬᠤ ᠶᠢᠨ ᠰᠢᠯᠲᠠᠭᠠᠨ | ᠪᠣᠯᠤᠨ᠎ᠠ︔ ᠪᠡᠭᠡᠵᠢᠩ ᠬᠤᠲᠠ ᠠᠴᠠ ᠪᠠᠷᠠᠭᠤᠨᠰᠢ ᠨᠢᠭᠡ ᠯᠡ ᠠᠯᠬᠤᠪᠠᠯ ᠳᠠᠷᠤᠶ ᠠᠮᠢ ᠠᠬᠤᠢ ᠶᠢᠨ ᠲᠠᠯ᠎ᠠ ᠨᠤᠲᠤᠭ᠂ | ᠵᠤᠰᠠᠯᠠᠩ ᠤᠨ ᠬᠤᠲᠠ ᠤᠯᠠᠭᠠᠨᠴᠠᠪ ᠪᠣᠯᠤᠨ᠎ᠠ︕ ᠬᠤᠷᠠᠯ ᠤᠨ ᠡᠮᠦᠨ᠎ᠡ ᠴᠣ᠋ ᠪᠠᠶᠢᠭ᠂ ᠬᠤᠷᠠᠯ ᠤᠨ ᠳᠤᠮᠳᠠ ᠴᠤ | ᠪᠠᠶᠢᠭ᠂ ᠬᠤᠷᠠᠯ ᠤᠨ ᠳᠠᠷᠠᠭ᠎ᠠ ᠴᠤ ᠭᠡᠰᠡᠨ ᠥᠬᠡᠶ᠂ ᠵᠠᠭᠤᠴᠢᠯᠠᠭᠤᠷ ᠤᠨ ᠨᠠᠶᠢᠵᠠ ᠨᠠᠷ ᠮᠠᠨᠢ ᠬᠦᠷᠦᠯᠴᠡᠨ ᠢᠷᠡᠵᠦ | ᠮᠡᠳᠡᠭᠡᠯᠡᠨ ᠤᠬᠠᠭᠤᠯᠵᠤ᠂ ᠵᠢᠭᠤᠯᠴᠢᠯᠡᠨ ᠰᠠᠭᠠᠲᠠᠬᠤ ᠶᠢ ᠮᠠᠨ ᠤ ᠤᠯᠠᠭᠠᠨᠴᠠᠪ ᠬᠤᠲᠠ ᠶᠢᠨ ᠬᠢᠨ ᠪᠠᠶᠠᠷᠯᠠᠨ | ᠤᠭᠲᠤᠨ᠎ᠠ︕ | ᠲᠣᠰ ᠤᠳᠠᠭᠠᠨ ᠤ ᠠᠵᠢᠯᠯᠠᠭ᠎ᠠ ᠶᠢᠨ ᠲᠡᠭᠦᠰ ᠠᠮᠵᠢᠯᠲᠠ ᠣᠯᠬᠤ ᠶᠢ ᠵᠥᠩᠨᠡᠶ᠎ᠡ︕ ᠣᠯᠠᠨ ᠳᠤ ᠲᠠᠯᠠᠷᠬᠠᠯ᠎ᠠ᠃ | | | | ︽ᠲᠦᠮᠡᠨ ᠭᠠᠵᠠᠷ ᠤᠨ ᠴᠠᠢ ᠶᠢᠨ ᠵᠠᠮ︾ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | ᠹᠧᠩ ᠬᠤᠸᠠᠩ ᠰᠦᠯᠵᠢᠶᠡᠨ ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶᠢᠨ ᠪᠠᠶᠢᠵᠠᠭᠠᠨ᠎ᠠ ᠤᠤ ︖ | ᠲᠣᠰ ᠤᠳᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠵᠢᠭᠤᠯᠴᠢᠯᠠᠯ ᠤᠨ ᠦᠵᠡᠰᠬᠦᠯᠡᠩ ᠤᠨ ᠴᠣᠭᠯᠠᠭᠠᠨ | ᠳᠤ ᠬᠤᠲᠠ ᠶᠢᠨ ᠠᠷᠠᠳ ᠬᠡᠷᠬᠢᠨ ᠣᠷᠣᠯᠴᠠᠬᠤ ᠪᠣᠢ︖ | ᠸᠧᠶ ᡁᠢ ᠭᠦᠸᠧ᠄ ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ 5 ᠡᠳᠦᠷ ᠶᠠᠪᠤᠭᠳᠠᠨ᠎ᠠ᠂ | ᠪᠦᠭᠦᠳᠡ ᠰᠦᠢᠳᠭᠡᠯ ᠬᠤᠷᠢᠶᠠᠬᠤ ᠦᠭᠡᠢ ᠪᠠᠷ ᠣᠯᠠᠨ ᠨᠡᠶᠢᠲᠡ ᠳᠤ ᠨᠡᠭᠡᠭᠡᠵᠦ᠂ ᠬᠤᠲᠠ ᠶᠢᠨ ᠠᠷᠠᠳ ᠮᠠᠨ ᠤ | ᠠᠯᠪᠠᠨ ᠰᠦᠯᠵᠢᠶ᠎ᠡ — ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠯᠪᠠᠨ ᠸᠢᠴᠠᠲ — | ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠮᠡᠳᠡᠭᠡ ᠵᠠᠩᠭᠢ ᠳᠡᠭᠡᠷ᠎ᠡ ᠨᠡᠶᠢᠲᠡᠯᠡᠭᠰᠡᠨ ᠮᠡᠳᠡᠭᠡ ᠶᠢ ᠦᠨᠳᠦᠰᠦᠯᠡᠨ | ᠂ ᠦᠵᠡᠰᠬᠦᠯᠡᠩ ᠤᠨ ᠴᠤᠭᠯᠠᠭᠠᠨ ᠳᠤ ᠲᠥᠯᠥᠪᠯᠡᠭᠡ ᠲᠠᠢ ᠪᠠᠷ ᠣᠷᠣᠯᠴᠠᠵᠤ ᠪᠣᠯᠤᠨ᠎ᠠ᠃ | | | ᠤᠯᠠᠭᠠᠨᠴᠠᠪ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶᠢᠨ ᠪᠠᠶᠢᠵᠠᠭᠠᠨ᠎ᠠ ᠤᠤ ︖ | ︽ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠬᠡᠪᠴᠢᠶ᠎ᠡ | ᠪᠣᠯᠤᠨ ᠪᠡᠯᠡᠳᠬᠡᠯ ᠤᠨ ᠪᠠᠶᠢᠳᠠᠯ ᠶᠠᠮᠠᠷ ᠵᠡᠷᠭᠡ ᠪᠠᠶᠢᠨ᠎ᠠ ᠪᠣᠶ︖ | ᠢᠤᠢ ᡁᠢ ᠭᠦᠸᠧ᠄ ᠲᠣᠰ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ | ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠢ ᠲᠦᠷᠪᠡᠳᠦᠭᠡᠷ ᠣᠳᠠᠭᠠᠨ ᠤ ᠳᠣᠮᠳᠠᠳᠦ ᠣᠷᠣᠰ ᠮᠤᠩᠭᠤᠯ | ᠭᠤᠷᠪᠠᠨ ᠣᠯᠣᠰ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠬᠤᠷᠠᠯ ᠲᠠᠢ ᠵᠡᠷᠭᠡ ᠪᠠᠷ ᠡᠷᠬᠢᠯᠡᠵᠦ᠂ | ᠰᠠᠶᠢᠳ ᠨᠠᠷ ᠤᠨ ᠬᠤᠷᠠᠯ ᠤᠨ ᠬᠤᠭᠤᠴᠠᠭᠠᠨ ᠳᠤ ᠢᠵᠢ ᠪᠦᠷᠢᠳᠦᠭᠦᠯᠦᠨ ᠡᠷᠬᠢᠯᠡᠭᠰᠡᠨ ᠨᠢᠭᠡ ᠵᠦᠢᠯ ᠤᠨ ᠠᠵᠢᠯᠯᠠᠭ᠎ᠠ | ᠪᠣᠯᠤᠨ᠎ᠠ᠃ ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠢ ᠡᠷᠬᠢᠯᠡᠭᠰᠡᠨ ᠨᠢ ᠮᠦᠨ ᠴᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠡᠯ ᠤᠨ ᠠᠭᠤᠰᠤᠯᠴᠠᠯ᠂ ᠰᠢᠨ᠎ᠡ ᠶᠢ ᠡᠭᠦᠳᠦᠨ | ᠬᠦᠭᠵᠢᠭᠦᠯᠬᠦ ᠶᠢ ᠠᠬᠢᠭᠤᠯᠬᠤ ᠴᠢᠬᠤᠯᠠ ᠲᠠᠪᠴᠠᠩ ᠪᠣᠯᠤᠨ᠎ᠠ᠃ ᠠᠬᠤᠢ ᠳᠠᠯᠠᠪᠠᠢ ᠨᠢ ᠤᠯᠠᠭᠠᠨᠴᠠᠪ ᠬᠤᠲᠠ ᠶᠢᠨ | ᠮᠦᠽᠧᠶ ᠶᠢᠨ ᠬᠤᠶᠠᠳᠤᠭᠠᠷ ᠳᠠᠪᠬᠤᠷᠯᠢᠭ ᠲᠤ ᠪᠠᠶᠢᠵᠤ᠂ 3000 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠢ | ᠪᠦᠬᠦᠢ ᠦᠵᠡᠭᠦᠯᠦᠯᠭᠡ ᠶᠢᠨ ᠲᠠᠯᠠᠪᠠᠢ ᠶᠢ ᠲᠥᠯᠥᠪᠵᠢᠭᠦᠯᠦᠨ᠂ 30 ᠭᠠᠷᠤᠶ ᠣᠨᠴᠠᠭᠠᠢ ᠤᠭᠰᠠᠷᠠᠭᠰᠠᠨ | ᠦᠵᠡᠭᠦᠯᠦᠯᠭᠡ ᠶᠢᠨ ᠪᠠᠶᠢᠷᠢ᠂ ᠪᠠᠷᠢᠮᠵᠢᠶᠠᠲᠤ ᠦᠵᠡᠭᠦᠯᠦᠯᠭᠡ ᠶᠢᠨ ᠪᠠᠶᠢᠷᠢ ᠡᠳᠦᠶ ᠲᠡᠳᠦᠶ ᠲᠣᠬᠢᠷᠠᠭᠤᠯᠵᠤ᠂ | ᠬᠠᠮᠲᠤ ᠳᠤᠨᠢ 5000 ᠬᠥᠮᠦᠨᠦᠵᠡᠰᠬᠦᠯᠡᠩ ᠤᠨ ᠴᠤᠭᠯᠠᠭᠠᠨ ᠤ ᠠᠬᠤᠶ ᠲᠠᠯᠠᠪᠠᠢ ᠳᠤ ᠲᠣᠭᠤᠷᠢᠨ ᠦᠵᠡᠵᠣ᠂ | ᠰᠢᠨᠵᠢᠯᠡᠨ ᠪᠠᠶᠢᠴᠠᠭᠠᠵᠤ ᠪᠣᠯᠤᠨ᠎ᠠ᠃ ᠣᠳᠣᠬᠠᠨ ᠳᠤ᠂ ᠦᠵᠡᠰᠬᠦᠯᠡᠩ ᠤᠨ ᠴᠤᠭᠯᠠᠭᠠᠨ ᠤ ᠡᠯ᠎ᠡ ᠵᠦᠢᠯ ᠤᠨ | ᠪᠡᠯᠡᠳᠬᠡᠯ ᠠᠵᠢᠯ ᠤᠷᠤᠭᠰᠢᠲᠠᠶ ᠶᠠᠪᠤᠭᠳᠠᠵᠤ᠂ ᠦᠵᠡᠰᠬᠦᠯᠡᠩ ᠤᠨ ᠲᠢᠩᠬᠢᠮ ᠤᠨ ᠳᠣᠲᠣᠭᠠᠳᠤ ᠶᠢᠨ ᠴᠢᠮᠡᠭᠯᠡᠯ | ᠦᠨᠳᠦᠰᠦᠨ ᠳᠤ ᠪᠠᠨ ᠳᠠᠭᠤᠰᠴᠤ᠂ ᠣᠳᠣ ᠶᠠᠭ ᠦᠵᠡᠭᠦᠯᠦᠯᠭᠡ ᠪᠠᠨ ᠳᠡᠯᠭᠡᠨ ᠪᠠᠶᠢᠷᠢᠰᠢᠭᠤᠯᠬᠤ ᠠᠵᠢᠯ ᠢ ᠬᠢᠵᠦ | ᠪᠣᠶ︔ ᠳᠡᠯᠭᠡᠨ ᠦᠵᠡᠭᠦᠯᠦᠯᠭᠡ ᠶᠢᠨ ᠡᠯᠰᠡᠯᠲᠡ ᠶᠢᠨ ᠠᠵᠢᠯ ᠨᠢᠭᠡᠨᠲᠡ ᠬᠠᠮᠤᠭ ᠡᠴᠦᠰ ᠤᠨ ᠨᠤᠲᠠᠯᠠᠯᠲᠠ ᠶᠢᠨ | ᠱᠠᠲᠤᠨ ᠳᠤ ᠣᠷᠣᠪᠠ᠂ 5 ᠰᠠᠷ᠎ᠠ ᠶᠢᠨ 30 ᠤ ᠡᠳᠦᠷ ᠬᠦᠷᠲᠡᠯ᠎ᠡ᠂ ᠣᠷᠣᠰ᠂ ᠮᠣᠩᠭᠤᠯ ᠵᠡᠷᠭᠡ ᠠᠷᠪᠠ ᠭᠠᠷᠤᠶ | ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠦᠵᠡᠭᠦᠯᠦᠯᠭᠡ ᠶᠢᠨ ᠬᠤᠳᠠᠯᠳᠣᠭᠠᠴᠢᠳ | ᠬᠤᠷᠠᠯ ᠳᠤ ᠣᠷᠣᠯᠴᠠᠬᠤ ᠪᠠᠷ ᠲᠣᠭᠲᠠᠵᠠᠶ᠃ ᠤᠯᠤᠰ ᠤᠨ ᠳᠣᠲᠣᠭᠠᠳᠤ ᠶᠢᠨ ︽ᠲᠦᠮᠡᠨ ᠭᠠᠵᠠᠷ ᠤᠨ ᠴᠠᠢ ᠶᠢᠨ | ᠵᠠᠮ︾ ᠳᠠᠭᠠᠤ ᠶᠢᠨ ᠮᠣᠵᠢ ᠣᠷᠣᠨ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ | ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ᠂ ᠪᠡᠭᠡᠵᠢᠩ ᠬᠤᠲᠠ ᠶᠢᠨ ᠭᠤᠤᠯᠳᠠᠯᠭ᠎ᠠ ᠲᠠᠢ ᠵᠢᠭᠤᠯᠴᠢᠯᠠᠯ ᠤᠨ | ᠠᠵᠤ ᠠᠬᠤᠶᠢᠯᠠᠯ ᠤᠨ ᠲᠥᠯᠥᠭᠡᠯᠡᠭᠴᠢᠳ ᠴᠦ ᠶᠠᠭ ᠬᠠᠷᠢᠯᠴᠠᠵᠣ ᠪᠠᠶᠢᠭ᠎ᠠ᠂ ᠵᠢᠱᠢᠯᠲᠡ ᠪᠠᠷ 6 ᠰᠠᠷ᠎ᠠ ᠶᠢᠨ | ᠡᠬᠢ ᠪᠠᠷ ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠤᠨ ᠨᠡᠷᠡᠰ ᠢ ᠲᠣᠭᠲᠠᠭᠠᠬᠤ ᠪᠣᠯᠤᠨ᠎ᠠ᠃ ᠠᠬᠤᠢ | ᠲᠠᠯᠠᠪᠠᠢ ᠶᠢᠨ ᠨᠡᠶᠢᠲᠡ ᠳᠥᠷᠪᠡᠨ ᠦᠵᠡᠭᠦᠯᠦᠯᠭᠡ ᠶᠢᠨ ᠲᠢᠩᠬᠢᠮ ᠳᠤ ᠪᠢᠳᠠ ︽ᠲᠦᠮᠡᠨ ᠭᠠᠵᠠᠷ ᠤᠨ ᠴᠠᠢ ᠶᠢᠨ ᠵᠠᠮ | ︾ ᠳᠠᠭᠠᠤ ᠶᠢᠨ ᠤᠯᠤᠰ ᠣᠷᠣᠨ ᠤ ᠡᠯᠪᠡᠭ ᠪᠠᠶᠠᠯᠢᠭ ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ | ᠪᠦᠳᠦᠭᠡᠭᠳᠡᠭᠦᠨ ᠵᠢᠴᠢ ᠰᠣᠶᠣᠯ ᠤᠨ ᠡᠭᠦᠳᠦᠯᠲᠡ ᠶᠢᠨ ᠪᠦᠳᠦᠭᠡᠭᠳᠡᠭᠦᠨ᠂ ᠪᠣᠳᠠᠰ ᠤᠨ ᠪᠤᠰᠤ ᠰᠣᠶᠣᠯ ᠤᠨ | ᠥᠪ ᠤᠨ ᠪᠦᠳᠦᠭᠡᠭᠳᠡᠭᠦᠨ ᠵᠡᠷᠭᠡ ᠭᠢᠭᠡᠳ ︽ᠲᠦᠮᠡᠨ ᠭᠠᠵᠠᠷ ᠤᠨ ᠴᠠᠢ ᠶᠢᠨ ᠵᠠᠮ︾ ᠤᠨ ᠬᠠᠮᠲᠤᠷᠠᠯᠴᠠᠭ᠎ᠠ | ᠬᠥᠭᠵᠢᠯᠲᠡ ᠶᠢᠨ ᠵᠠᠷᠢᠮ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠪᠣᠯᠤᠨ᠎ᠠ᠂ ᠠᠭᠤᠯᠭ᠎ᠠ | ᠶᠢᠨ ᠳᠠᠯ᠎ᠠ ᠪᠠᠷ ᠮᠠᠰᠢ ᠭᠤᠶᠣ ᠮᠠᠰᠢ ᠪᠠᠶᠠᠯᠢᠭ ᠪᠣᠯᠬᠤ ᠨᠢ ᠶᠠᠷᠢᠶᠠᠨ ᠦᠭᠡᠢ ᠶᠤᠮ᠃ ᠬᠠᠷᠢᠭᠤᠯᠵᠤ ᠳᠠᠭᠤᠰᠪᠠ᠃ | |