ᠪᠠᠶᠢᠭᠤᠯᠭ᠎ᠠ ᠶᠢᠨ ᠪᠠᠶᠢᠷᠢᠰᠢᠭᠤᠯᠤᠯᠲᠠ | ᠤᠤᠯ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ | ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠦᠪ 2000 ᠤᠨ ᠳᠤ ᠪᠠᠶᠢᠭᠤᠯᠤᠭᠳᠠᠵᠤ᠂ 2007 ᠤᠨ ᠤ 6 | ᠰᠠᠷ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠬᠢᠨᠠᠨ | ᠬᠠᠮᠢᠶᠠᠷᠠᠬᠤ ᠭᠠᠵᠠᠷ ᠭᠡᠵᠦ ᠨᠡᠷ᠎ᠡ ᠪᠠᠨ ᠬᠠᠯᠠᠪᠠ᠃ 6 ᠨᠡᠷᠡᠰ ᠬᠢᠨᠠᠨ ᠲᠤᠭᠲᠠᠭᠠᠭᠰᠠᠨ ᠠᠵᠢᠯ ᠦᠢᠯᠡᠰ ᠤᠨ ᠤᠷᠤᠨ | ᠲᠤᠭ᠎ᠠ ᠪᠦᠬᠦᠢ ᠵᠢᠩᠬᠢᠨᠢ ᠭᠠᠵᠠᠷ ᠤᠨ ᠳᠡᠰ ᠤᠨ ᠪᠦᠬᠦᠶᠢᠯᠡ ᠤᠷᠤᠨ ᠲᠤᠭ᠎ᠠ ᠪᠠᠷ ᠤᠯᠤᠰ ᠠᠴᠠ ᠮᠦᠩᠭᠦ ᠬᠠᠩᠭᠠᠬᠤ | ᠠᠵᠢᠯ ᠦᠢᠯᠡᠰ ᠤᠨ ᠨᠢᠭᠡᠴᠢ ᠶᠤᠮ᠃ | ᠪᠠᠶᠢᠭᠤᠯᠤᠮᠵᠢ ᠶᠢᠨ ᠦᠢᠯᠡᠳᠦᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠤᠨ ᠬᠢᠨᠠᠨ ᠪᠠᠶᠢᠴᠠᠭᠠᠯᠲᠠ ᠶᠢ ᠪᠦᠬᠦ ᠲᠠᠯ᠎ᠠ ᠪᠠᠷ | ᠦᠷᠨᠢᠭᠦᠯᠬᠦ ᠶᠢ ᠬᠠᠷᠢᠭᠤᠴᠠᠵᠤ᠂ ᠡᠯ᠎ᠡ ᠵᠦᠢᠯ ᠤᠨ ᠵᠢᠭᠤᠯᠴᠢᠯᠠᠯ ᠤᠨ ᠵᠠᠭᠠᠯᠳᠤᠯᠭ᠎ᠠ ᠶᠢ ᠨᠠᠷᠢᠨ ᠬᠢᠨᠠᠮᠠᠭᠠᠢ ᠪᠠᠷ | ᠬᠦᠯᠢᠶᠡᠨ ᠠᠪᠴᠤ ᠰᠢᠢᠳᠪᠦᠷᠢᠯᠡᠬᠦ︔ ᠪᠦᠬᠦ ᠤᠷᠤᠨ ᠤ ᠡᠯ᠎ᠡ ᠱᠠᠲᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ | ᠬᠢᠨᠠᠨ ᠬᠠᠮᠢᠶᠠᠷᠬᠤ ᠭᠠᠵᠠᠷ ᠤᠨ ᠠᠵᠢᠯ ᠢ ᠵᠢᠭᠠᠨ ᠵᠢᠯᠤᠭᠤᠳᠬᠤ︔ ᠲᠤᠰ ᠭᠠᠵᠠᠷ ᠤᠨ ᠢᠶᠠᠨ ᠬᠦᠨᠳᠦ ᠶᠡᠭᠡ | ᠵᠠᠭᠠᠯᠳᠤᠯᠭ᠎ᠠ ᠶᠢᠨ ᠬᠡᠷᠡᠭ ᠪᠠ ᠭᠠᠵᠠᠷ ᠠᠯᠤᠰᠯᠠᠭᠰᠠᠨ ᠵᠠᠭᠠᠯᠳᠤᠯᠭ᠎ᠠ ᠶᠢᠨ ᠬᠡᠷᠡᠭ ᠵᠢᠴᠢ ᠦᠪᠡᠷᠲᠡᠭᠡᠨ ᠵᠠᠰᠠᠬᠤ | ᠤᠷᠤᠨ ᠤ ᠳᠡᠰ ᠤᠨ ᠡᠯ᠎ᠡ ᠰᠠᠯᠠᠭ᠎ᠠ ᠮᠦᠴᠢᠷ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠵᠠᠭᠠᠯᠳᠤᠯᠭ᠎ᠠ ᠶᠢᠨ | ᠬᠡᠷᠡᠭ ᠢ ᠰᠢᠭᠤᠳ ᠰᠢᠢᠳᠪᠦᠷᠢᠯᠡᠬᠦ︔ ᠪᠦᠬᠦ ᠤᠷᠤᠨ ᠤ ᠡᠯ᠎ᠡ ᠵᠢᠭᠤᠯᠴᠢᠯᠠᠯ ᠤᠨ ᠬᠤᠷᠢᠶ᠎ᠠ ᠶᠢᠨ ᠴᠢᠨᠠᠷ ᠴᠢᠨᠰᠠᠭ᠎ᠠ | ᠶᠢᠨ ᠪᠠᠲᠤᠯᠠᠭᠠᠨ ᠤ ᠮᠦᠩᠭᠦ ᠶᠢᠨ ᠲᠦᠯᠦᠪᠦᠷᠢ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ︔ ᠤᠯᠤᠰ ᠤᠨ | ᠬᠤᠯᠪᠤᠭᠳᠠᠯ ᠪᠦᠬᠦᠢ ᠬᠠᠤᠯᠢ ᠲᠤᠭᠲᠠᠭᠠᠯ ᠢ ᠦᠨᠳᠦᠰᠦᠯᠡᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠵᠢᠯᠴᠠᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠢᠨᠠᠨ ᠪᠠᠶᠢᠴᠠᠭᠠᠵᠤ ᠬᠠᠮᠢᠶᠠᠷᠬᠤ ᠠᠵᠢᠯ ᠢ ᠦᠷᠨᠢᠭᠦᠯᠵᠦ᠂ | ᠵᠢᠭᠤᠯᠴᠢᠯᠠᠭᠴᠢ ᠬᠢᠭᠡᠳ ᠵᠢᠭᠤᠯᠴᠢᠯᠠᠯ ᠤᠨ ᠠᠵᠢᠯ ᠡᠷᠬᠢᠯᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠤᠯᠢ | ᠶᠤᠰᠤ ᠪᠠᠷ ᠬᠠᠮᠠᠭᠠᠯᠠᠬᠤ︔ ᠲᠤᠭᠲᠠᠭᠰᠠᠨ ᠬᠤᠭᠤᠴᠠᠭᠠᠨ ᠳᠤ ᠳᠡᠭᠡᠳᠦ ᠱᠠᠲᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠠᠵᠢᠯ ᠤᠨ ᠢᠯᠡᠳᠭᠡᠯ᠂ ᠰᠠᠨᠠᠯ ᠪᠠ ᠰᠠᠨᠠᠭᠤᠯᠭ᠎ᠠ ᠪᠠᠨ ᠲᠤᠰᠢᠶᠠᠨ᠂ ᠬᠦᠨᠳᠦ ᠶᠡᠭᠡ ᠬᠡᠷᠡᠭ ᠢ ᠳᠡᠭᠡᠳᠦ | ᠱᠠᠲᠤᠨ ᠤ ᠴᠢᠨᠠᠷ ᠴᠢᠨᠰᠠᠭ᠎ᠠ ᠳᠤ ᠬᠢᠨᠠᠯᠲᠠ ᠲᠠᠯᠪᠢᠬᠤ ᠰᠠᠯᠠᠭ᠎ᠠ ᠮᠦᠴᠢᠷ ᠲᠤ ᠮᠡᠳᠡᠭᠦᠯᠦᠨ᠎ᠡ᠃ | ᠠᠯᠪᠠᠨ ᠤ ᠬᠠᠶ᠋ᠢᠭ᠄ ᠦᠪᠦᠷ ᠮᠤᠩᠭᠤᠯ ᠤᠨ ᠬᠦᠬᠡᠬᠤᠲᠠ ᠶᠢᠨ ᠤᠯᠠᠭᠠᠨᠴᠠᠪ ᠪᠠᠷᠠᠭᠤᠨ ᠵᠡᠭᠡᠯᠢ ᠶᠢᠨ 32 | ᠨᠤᠮᠧᠷ | ᠬᠠᠷᠢᠯᠴᠠᠬᠤ ᠤᠲᠠᠰᠤ᠄ 0471— 6944969 | ᠹᠠᠺᠰ᠄ 0471— 6944969 |