ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠰᠤᠷᠠᠭ ᠵᠠᠩᠭᠢ ᠶᠢᠨ ᠲᠦᠪ
ᠨᠡᠶᠢᠲᠡᠯᠡᠭᠰᠡᠨ ᠴᠠᠭ᠄
2019/8/19
ᠪᠠᠶᠢᠭᠤᠯᠤᠮᠵᠢ ᠶᠢᠨ ᠪᠠᠶᠢᠷᠢᠰᠢᠭᠤᠯᠤᠯᠲᠠ      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠰᠤᠷᠠᠭ ᠵᠠᠩᠭᠢ ᠶᠢᠨ ᠲᠦᠪ 2017 ᠤᠨ ᠳᠤ ᠪᠠᠶᠢᠭᠤᠯᠤᠭᠳᠠᠭᠰᠠᠨ᠂10 ᠨᠡᠷᠡᠰ ᠬᠢᠨᠠᠨ ᠲᠤᠭᠲᠠᠭᠠᠭᠰᠠᠨ ᠠᠵᠢᠯ ᠦᠢᠯᠡᠰ ᠤᠨ ᠤᠷᠤᠨ ᠲᠤᠭ᠎ᠠ  ᠲᠠᠢ᠂ 2 ᠨᠡᠷᠡᠰ ᠭᠠᠵᠠᠷ ᠤᠨ ᠳᠡᠰ ᠤᠨ ᠤᠳᠤᠷᠢᠳᠤᠯᠭ᠎ᠠ ᠲᠠᠢ᠂ ᠪᠦᠬᠦᠶᠢᠯᠡ ᠤᠷᠤᠨ ᠲᠤᠭ᠎ᠠ ᠪᠠᠷ ᠤᠯᠤᠰ ᠠᠴᠠ ᠮᠦᠩᠭᠦ ᠬᠠᠩᠭᠠᠬᠤ ᠵᠢᠩᠭᠢᠨᠢ ᠭᠠᠵᠠᠷ ᠤᠨ ᠳᠡᠰ ᠤᠨ ᠠᠵᠢᠯ ᠦᠢᠯᠡᠰ ᠤᠨ ᠨᠢᠭᠡᠴᠢ ᠪᠤᠯᠤᠨ᠎ᠠ  ︵ᠵᠢᠭᠤᠯᠴᠢᠯᠠᠯ ᠤᠨ ᠲᠤᠭ᠎ᠠ ᠪᠠᠷᠢᠮᠲᠠ ᠶᠢᠨ ᠲᠦᠪ ᠤᠨ ᠫᠠᠶᠢᠰᠠ ᠶᠢ ᠡᠯᠭᠦᠵᠦ ᠪᠤᠢ︶  ᠃ᠪᠠᠶᠢᠭᠤᠯᠤᠮᠵᠢ  ᠶᠢᠨ ᠦᠢᠯᠡᠳᠦᠯ      ᠪᠦᠬᠦ ᠤᠷᠤᠨ ᠤ ᠵᠢᠭᠤᠯᠴᠢᠯᠠᠯ ᠤᠨ ᠤᠯᠠᠨ ᠨᠡᠶᠢᠲᠡ ᠶᠢᠨ ᠰᠤᠷᠠᠭ ᠵᠠᠩᠭᠢ ᠬᠢᠭᠡᠳ ᠯᠠᠪᠯᠠᠯᠲᠠ ᠶᠢᠨ ᠦᠢᠯᠡᠴᠢᠯᠡᠭᠡᠨ ᠤ ᠰᠦᠯᠵᠢᠶᠡᠨ ᠲᠠᠪᠴᠠᠩ ᠤᠨ ᠲᠤᠭᠲᠠᠯᠴᠠᠭᠠᠨ ᠤ ᠵᠤᠬᠢᠴᠠᠭᠤᠯᠤᠯᠲᠠ ᠶᠢ ᠵᠢᠯᠤᠭᠤᠳᠬᠤ ᠦᠢᠯᠡᠴᠢᠯᠡᠭᠡᠨ ᠤ ᠠᠵᠢᠯ ᠢ ᠬᠠᠷᠢᠭᠤᠴᠠᠬᠤ︔ ᠰᠤᠷᠠᠭ ᠵᠠᠩᠭᠢᠴᠢᠯᠠᠭᠰᠠᠨ ᠲᠠᠪᠴᠠᠩ ᠢ ᠠᠰᠢᠭᠯᠠᠨ ᠤᠶᠤᠨᠯᠢᠭ ᠵᠢᠭᠤᠯᠴᠢᠯᠠᠯ ᠤᠨ ᠬᠠᠮᠢᠶᠠᠷᠤᠯᠲᠠ ᠪᠤᠯᠤᠨ ᠦᠢᠯᠡᠴᠢᠯᠡᠭᠡᠨ ᠤ ᠠᠵᠢᠯ ᠢ ᠦᠷᠨᠢᠭᠦᠯᠬᠦ ᠶᠢ ᠬᠠᠷᠢᠭᠤᠴᠠᠬᠤ︔ ᠵᠢᠭᠤᠯᠴᠢᠯᠠᠯ ᠤᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠡᠮᠬᠢᠳᠭᠡᠯ ᠪᠤᠯᠤᠨ ᠵᠠᠳᠠᠯᠤᠨ ᠲᠦᠰᠦᠭᠡᠯᠡᠭᠰᠡᠨ ᠰᠤᠷᠠᠭ ᠵᠠᠩᠭᠢ ᠶᠢᠨ ᠵᠠᠷᠯᠠᠯ ᠢ ᠬᠡᠷᠡᠭᠵᠢᠭᠦᠯᠬᠦ︔ ᠵᠢᠭᠤᠯᠴᠢᠯᠠᠯ ᠤᠨ ᠵᠠᠰᠠᠭ ᠤᠨ ᠶᠠᠪᠤᠳᠠᠯ ᠤᠨ ᠰᠦᠯᠵᠢᠶ᠎ᠡ᠂ ᠵᠢᠭᠤᠯᠴᠢᠯᠠᠯ ᠤᠨ ᠵᠠᠷᠤᠳᠠᠯ ᠤᠨ ᠯᠠᠪᠯᠠᠯᠲᠠ ᠶᠢᠨ ᠰᠦᠯᠵᠢᠶ᠎ᠡ᠂ ᠵᠢᠭᠤᠯᠴᠢᠯᠠᠯ ᠤᠨ ᠪᠢᠴᠢᠯ ᠳᠤᠯᠭᠢᠶᠠᠨ ᠮᠡᠳᠡᠭᠡ᠂ ᠸᠢᠴᠠᠲ ᠵᠡᠷᠭᠡ ᠲᠤᠤᠷ ᠰᠦᠯᠵᠢᠶ᠎ᠡ ᠶᠢ ᠲᠦᠰᠢᠭᠯᠡᠨ᠂ ᠪᠦᠬᠦ ᠤᠷᠤᠨ ᠤ ᠵᠢᠭᠤᠯᠴᠢᠯᠠᠯ ᠤᠨ ᠰᠤᠷᠠᠭ ᠵᠠᠩᠭᠢᠴᠢᠯᠠᠭᠰᠠᠨ ᠲᠠᠪᠴᠠᠩ ᠢ ᠪᠠᠶᠢᠭᠤᠯᠵᠤ᠂ ᠪᠦᠬᠦ ᠤᠷᠤᠨ ᠤ ᠵᠢᠭᠤᠯᠴᠢᠯᠠᠯ ᠤᠨ ᠪᠠᠴᠢᠮ ᠪᠠᠶᠢᠳᠠᠯ  ᠢ ᠠᠷᠭᠠᠴᠠᠬᠤ ᠵᠢᠯᠤᠭᠤᠳᠤᠮᠵᠢ ᠶᠢᠨ ᠲᠦᠪ ᠤᠨ ᠠᠵᠢᠯ ᠢ ᠬᠠᠷᠢᠭᠤᠴᠠᠨ᠎ᠠ᠃      ᠡᠷᠬᠢᠯᠡᠭᠴᠢ᠄ ᠳ᠋ᠠᠢ ᠲᠢᠶᠠᠨ ᠾᠧ      ᠠᠯᠪᠠᠨ ᠤ ᠬᠠᠶ᠋ᠢᠭ᠄ ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠤᠷᠠᠯᠢᠭ ᠤᠨ ᠲᠢᠩᠬᠢᠮ  ᠤᠨ ᠡᠮᠦᠨ᠎ᠡ ᠵᠡᠭᠡᠯᠢ 95 ᠨᠤᠮᠧᠷ      ᠬᠠᠷᠢᠯᠴᠠᠬᠤ ᠤᠲᠠᠰᠤ᠄ 0471—  6911671      ᠹᠠᠺᠰ᠄ 0471—  6911671    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号