2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠡᠬᠢᠯᠡᠯᠲᠡ ᠶᠢᠨ ᠵᠢᠯ᠂ ᠪᠠᠰᠠ ᠦᠭᠡᠷᠡᠴᠢᠯᠡᠯᠲᠡ ᠬᠢᠵᠦ ᠴᠢᠯᠦᠭᠡᠲᠡᠢ | ᠶᠠᠪᠤᠯᠴᠠᠭᠰᠠᠨ 40 ᠵᠢᠯ ᠤᠨ ᠤᠢ᠂ ᠮᠦᠨ ᠴᠦ ᠪᠠᠰᠠ ᠰᠤᠶᠤᠯ ᠤᠨ ᠪᠦᠲᠦᠭᠡᠨ ᠪᠠᠶᠢᠭᠤᠯᠤᠯᠲᠠ ᠪᠤᠯᠤᠨ | ᠵᠢᠭᠤᠯᠴᠢᠯᠠᠯ ᠤᠨ ᠬᠦᠭᠵᠢᠯᠲᠡ ᠶᠢᠨ ᠠᠬᠢᠴᠠ ᠶᠢᠨ ᠳᠤᠮᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠶᠤᠮ᠃ | ᠨᠢᠭᠡ ᠵᠢᠯ ᠤᠨ ᠲᠤᠷᠰᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠷᠡᠰ | ᠴᠢᠩᠭ᠎ᠠ ᠤᠳᠤᠷᠢᠳᠤᠯᠭ᠎ᠠ ᠳᠤᠤᠷ᠎ᠠ ᠰᠤᠶᠤᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠡᠷᠡᠰ ᠪᠠᠷᠢᠮᠲᠠᠯᠠᠵᠤ᠂《 ᠳᠦᠷᠪᠡ ᠶᠢ ᠤᠬᠠᠮᠰᠠᠷᠠᠬᠤ 》 ᠶᠢ ᠪᠠᠲᠤ ᠰᠤᠷᠤᠯᠴᠠᠵᠤ᠂ | 《 ᠳᠦᠷᠪᠡ ᠶᠢ ᠢᠲᠡᠭᠡᠬᠦ 》 ᠶᠢ ᠭᠤᠶᠢᠪᠢᠰᠢ ᠦᠭᠡᠢ ᠪᠠᠷᠢᠮᠲᠠᠯᠠᠵᠤ᠂《 ᠬᠤᠶᠠᠷ ᠢ ᠰᠠᠬᠢᠨ ᠬᠠᠮᠠᠭᠠᠯᠠᠬᠤ 》 ᠶᠢ | ᠡᠷᠡᠰ ᠰᠢᠭᠤᠷᠬᠠᠢ ᠪᠡᠶᠡᠯᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠢᠭᠡᠳ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ | ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠬᠢᠭᠡᠳ ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢᠨ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠦᠪ ᠪᠤᠯᠤᠨ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠤᠶᠤᠯ ᠪᠠ ᠵᠢᠭᠤᠯᠴᠢᠯᠠᠯ ᠤᠨ ᠠᠵᠢᠯ ᠤᠨ ᠲᠤᠬᠠᠢ | ᠴᠢᠬᠤᠯᠠ ᠶᠡᠭᠡ ᠰᠢᠢᠳᠪᠤᠷᠢᠲᠤ ᠪᠤᠳᠤᠯᠭ᠎ᠠ ᠲᠤᠭᠲᠠᠭᠠᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠶᠤᠯ ᠪᠠ | ᠵᠢᠭᠤᠯᠴᠢᠯᠠᠯ ᠤᠨ ᠦᠭᠡᠷᠡᠴᠢᠯᠡᠯᠲᠡ ᠬᠦᠭᠵᠢᠯᠲᠡ ᠶᠢᠨ ᠢᠳᠡᠪᠬᠢᠲᠡᠢ ᠦᠷ᠎ᠡ ᠪᠦᠲᠦᠭᠡᠯ ᠤᠯᠬᠤ ᠶᠢ ᠲᠤᠭᠲᠠᠭᠤᠨ ᠢᠶᠠᠷ | ᠲᠦᠯᠬᠢᠨ ᠠᠬᠢᠭᠤᠯᠤᠭᠰᠠᠨ ᠪᠠᠶᠢᠨ᠎ᠠ᠃ | ᠨᠢᠭᠡ᠂ ᠨᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ | ᠨᠢᠭᠡ ᠵᠢᠯ ᠤᠨ ᠲᠤᠷᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠰᠤᠷᠤᠯᠴᠠᠵᠤ᠂ ᠮᠠᠷᠺᠰ ᠤᠨ ᠦᠵᠡᠯ ᠤᠨ ᠳᠤᠮᠳᠠᠳᠤᠴᠢᠯᠠᠭᠰᠠᠨ | ᠬᠠᠮᠤᠭ ᠰᠢᠨ᠎ᠡ ᠦᠷ᠎ᠡ ᠪᠦᠲᠦᠮᠵᠢ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠨᠠᠮ ᠤᠨ ᠰᠤᠶᠤᠯ | ᠪᠠ ᠵᠢᠭᠤᠯᠴᠢᠯᠠᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠶᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠨᠠᠮ ᠤᠨ ᠲᠦᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠪᠠᠶᠢᠷᠢ ᠰᠠᠭᠤᠷᠢ ᠶᠢ | ᠪᠤᠲᠠᠲᠠᠢ ᠠᠵᠢᠯᠯᠠᠭ᠎ᠠ ᠪᠠᠷ ᠢᠶᠠᠨ ᠡᠷᠡᠰ ᠰᠢᠭᠤᠷᠬᠠᠢ ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠬᠡ ᠬᠦᠨᠳᠦ | ᠪᠤᠯᠤᠨ ᠲᠦᠪᠯᠡᠷᠡᠭᠦᠯᠦᠨ ᠨᠢᠭᠡᠳᠭᠡᠵᠦ ᠤᠳᠤᠷᠢᠳᠬᠤ ᠶᠢ ᠰᠠᠬᠢᠨ ᠬᠠᠮᠠᠭᠠᠯᠠᠪᠠ᠃ | ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠪᠠ᠃ ᠰᠤᠷᠤᠯᠴᠠᠬᠤ | ᠬᠡᠯᠪᠡᠷᠢ ᠪᠠᠷ ᠨᠠᠮ ᠤᠨ ᠵᠤᠬᠢᠶᠠᠨ ᠪᠠᠶᠢᠭᠤᠯᠤᠯᠲᠠ ᠶᠢᠨ ᠡᠭᠦᠳᠦᠨ ᠪᠠᠶᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ | ᠭᠤᠤᠯ ᠳᠤᠭᠤᠶᠢᠯᠠᠩ ᠤᠨ ᠰᠤᠷᠤᠯᠴᠠᠯᠭ᠎ᠠ᠂ ᠲᠤᠰᠬᠠᠢ ᠮᠡᠷᠭᠡᠵᠢᠯᠲᠡᠨ ᠤ ᠬᠢᠴᠢᠶᠠᠯᠯᠡᠭᠡ᠂ ᠲᠤᠰᠬᠠᠢ ᠰᠡᠳᠦᠪ ᠢᠶᠠᠷ | ᠰᠤᠳᠤᠯᠤᠨ ᠶᠠᠷᠢᠯᠴᠠᠬᠤ᠂ ᠡᠭᠡᠯᠵᠢᠯᠡᠨ ᠪᠤᠯᠪᠠᠰᠤᠷᠠᠭᠤᠯᠬᠤ ᠰᠤᠷᠭᠠᠯᠲᠠ᠂ ᠰᠤᠷᠤᠯᠴᠠᠬᠤ ᠲᠠᠩᠬᠢᠮ ᠨᠡᠭᠡᠭᠡᠬᠦ ᠵᠡᠷᠭᠡ | ᠤᠯᠠᠨ ᠵᠦᠢᠯ ᠤᠨ ᠠᠷᠭ᠎ᠠ ᠮᠠᠶ᠋ᠢᠭ ᠢᠶᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠬᠢᠭᠡᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠤᠶᠤᠯ ᠪᠠ | ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠦᠭᠦᠯᠡᠮᠵᠢ ᠪᠤᠯᠤᠨ ᠦᠪᠦᠷ ᠮᠤᠩᠭᠤᠯ ᠳᠤ ᠶᠠᠷᠢᠭᠰᠠᠨ ᠶᠠᠷᠢᠶᠠᠨ ᠤ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠰᠤᠷᠤᠯᠴᠠᠬᠤ ᠪᠠᠷ ᠳᠠᠮᠵᠢᠭᠠᠳ᠂ ᠰᠤᠶᠤᠯ | ᠪᠠ ᠵᠢᠭᠤᠯᠴᠢᠯᠠᠯ ᠤᠨ ᠰᠢᠰᠲ᠋ᠧᠮ ᠤᠨ ᠺᠠᠳ᠋ᠷ ᠠᠵᠢᠯᠲᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ | ᠤᠶᠢᠯᠠᠭᠠᠵᠤ᠂ ᠤᠯᠠᠮ ᠢᠯᠡᠭᠦᠦ ᠪᠦᠬᠦ ᠲᠠᠯ᠎ᠠ ᠪᠠᠷ ᠠᠳᠬᠤᠵᠤ᠂ ᠪᠤᠲᠠᠲᠠᠢ ᠱᠤᠭᠤᠮ ᠢᠶᠠᠷ ᠵᠢᠯᠤᠭᠤᠳᠤᠯᠭ᠎ᠠ ᠪᠤᠯᠭᠠᠵᠤ | ᠂ ᠠᠵᠢᠯ ᠤᠨ ᠴᠢᠳᠠᠪᠤᠷᠢ ᠶᠢ ᠲᠦᠯᠬᠢᠨ ᠠᠬᠢᠭᠤᠯᠤᠭᠰᠠᠨ ᠨᠢ ᠢᠯᠡᠳᠲᠡ ᠨᠡᠮᠡᠭᠳᠡᠭᠰᠡᠨ ᠪᠠᠶᠢᠨ᠎ᠠ᠃ | ᠬᠤᠶᠠᠷ ᠲᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ | ᠭᠦᠨᠵᠡᠭᠡᠶᠢᠷᠡᠭᠦᠯᠪᠡ᠃ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠵᠦᠢᠯ ᠤᠨ ᠴᠢᠬᠤᠯᠠ ᠶᠡᠭᠡ | ᠤᠯᠤᠰ ᠲᠦᠷᠦ ᠶᠢᠨ ᠡᠭᠦᠷᠭᠡ ᠪᠤᠯᠭᠠᠵᠤ᠂ ᠲᠤᠭᠤᠷᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠨᠠᠮ ᠳᠤ ᠪᠠᠶᠢᠭ᠎ᠠ ᠨᠠᠮ | ᠤᠨ ᠤᠳᠤᠷᠢᠳᠤᠯᠭ᠎ᠠ᠂ ᠨᠠᠮ ᠤᠨ ᠪᠦᠲᠦᠭᠡᠨ ᠪᠠᠶᠢᠭᠤᠯᠤᠯᠲᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠲᠠᠯ᠎ᠠ ᠳᠤ ᠤᠷᠤᠰᠢᠵᠤ ᠪᠠᠶᠢᠭ᠎ᠠ ᠠᠰᠠᠭᠤᠳᠠᠯ ᠤᠨ ᠲᠤᠭᠤᠷᠢᠨ ᠳᠤ ᠴᠢᠩᠭ᠎ᠠ ᠲᠦᠪᠯᠡᠷᠡᠵᠦ᠂ ᠬᠠᠭᠠᠰ ᠵᠢᠯ ᠤᠨ | ᠬᠤᠭᠤᠴᠠᠭ᠎ᠠ ᠲᠠᠢ ᠭᠦᠨᠵᠡᠭᠡᠶᠢᠷᠡᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠭᠦᠯᠪᠡ᠃ | ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠤᠳᠤᠷᠢᠳᠤᠯᠭ᠎ᠠ ᠪᠠᠷ ᠲᠤᠯᠤᠭᠠᠶᠢᠯᠠᠭᠤᠯᠵᠤ᠂ ᠳᠡᠭᠡᠳᠦ | ᠳᠤᠤᠷᠠᠳᠤ ᠱᠠᠲᠤ ᠬᠤᠯᠪᠤᠭᠠᠯᠠᠨ ᠬᠦᠳᠦᠯᠦᠯᠴᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠤᠯᠤᠰ ᠲᠦᠷᠦ ᠶᠢᠨ ᠬᠡᠯᠪᠡᠷᠢᠯ ᠢ ᠭᠦᠨᠵᠡᠭᠡᠢ ᠡᠷᠢᠵᠦ᠂ ᠤᠯᠤᠰ ᠲᠦᠷᠦ ᠶᠢᠨ ᠡᠭᠦᠷᠭᠡ | ᠬᠠᠷᠢᠭᠤᠴᠠᠯᠭ᠎ᠠ ᠶᠢ ᠪᠠᠲᠠᠲᠠᠢ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠯᠲᠠ ᠳᠤ | ᠱᠠᠲᠤᠴᠢ ᠴᠢᠨᠠᠷ ᠲᠠᠢ ᠦᠷ᠎ᠡ ᠪᠦᠳᠦᠮᠵᠢ ᠤᠯᠬᠤ ᠶᠢ ᠲᠦᠯᠬᠢᠨ ᠠᠬᠢᠭᠤᠯᠪᠠ᠃ ᠰᠤᠶᠤᠯ ᠪᠠ ᠵᠢᠭᠤᠯᠴᠢᠯᠠᠯ ᠤᠨ | ᠰᠢᠰᠲ᠋ᠧᠮ ᠲᠦᠪ ᠤᠨ ᠶᠠᠳᠠᠭᠤ ᠠᠴᠠ ᠠᠩᠭᠢᠵᠢᠷᠠᠵᠤ ᠪᠠᠬᠢᠯᠡᠯᠲᠡ ᠶᠢ ᠰᠢᠪᠲᠤᠯᠬᠤ ᠲᠤᠰᠬᠠᠢ ᠵᠦᠢᠯ ᠤᠨ ᠲᠤᠭᠤᠷᠢᠨ | ᠪᠠᠶᠢᠴᠠᠭᠠᠬᠤ ᠪᠦᠯᠬᠦᠮ ᠤᠨ ᠬᠢᠨ ᠲᠠᠢ ᠨᠠᠷᠢᠨ ᠬᠢᠨᠠᠮᠠᠭᠠᠢ ᠬᠠᠮᠵᠢᠯᠴᠠᠵᠤ᠂ ᠲᠦᠪ ᠤᠨ ᠠᠮᠢ ᠠᠬᠤᠢ ᠶᠢ ᠬᠠᠮᠠᠭᠠᠯᠠᠬᠤ | ᠬᠢᠨᠠᠨ ᠪᠠᠶᠢᠴᠠᠭᠠᠯᠲᠠ《 ᠡᠷᠭᠢᠨ ᠬᠠᠷᠠᠵᠤ 》᠂ ᠰᠠᠨᠠᠭᠠᠴᠢᠯᠠᠭ᠎ᠠ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠲᠠᠨᠢᠨ | ᠠᠪᠴᠤ᠂ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠪᠠ᠃ | ᠭᠤᠷᠪᠠ ᠳᠤ᠂ ᠦᠵᠡᠯ ᠤᠬᠠᠮᠰᠠᠷ ᠤᠨ ᠬᠡᠯᠪᠡᠷᠢ ᠲᠤᠭᠲᠠᠪᠤᠷᠢᠵᠢᠨ ᠰᠠᠶᠢᠵᠢᠷᠠᠪᠠ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ | ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠤᠶᠤᠯ ᠤᠨ ᠦᠢᠯᠡᠴᠢᠯᠡᠭᠡᠨ ᠤ ᠲᠦᠪ ᠢ ᠰᠠᠶᠢᠲᠤᠷ ᠪᠠᠶᠢᠭᠤᠯᠵᠤ᠂ | ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠪᠠᠷ ᠭᠠᠷᠳᠠᠬᠤ ᠴᠡᠭ ᠪᠤᠯᠭᠠᠵᠤ᠂ ᠰᠤᠶᠤᠯ ᠤᠨ ᠤᠷᠳᠤᠨ᠂ ᠮᠦᠽᠸᠢ | ᠂ ᠨᠤᠮ ᠤᠨ ᠰᠠᠩ᠂ ᠺᠢᠨᠤ᠋ ᠵᠦᠴᠦᠭᠡ ᠶᠢᠨ ᠤᠷᠳᠤᠨ᠂ ᠵᠢᠭᠤᠯᠴᠢᠯᠠᠯ ᠤᠨ ᠦᠵᠡᠮᠵᠢ ᠶᠢᠨ ᠤᠷᠤᠨ ᠦᠵᠡᠮᠵᠢ ᠶᠢᠨ | ᠴᠡᠭ ᠵᠡᠷᠭᠡ ᠡᠯ᠎ᠡ ᠲᠦᠷᠦᠯ ᠤᠨ ᠰᠤᠶᠤᠯ ᠪᠠ ᠵᠢᠭᠤᠯᠴᠢᠯᠠᠯ ᠤᠨ ᠲᠠᠯᠠᠪᠤᠷ ᠤᠨ ᠦᠵᠡᠯ ᠤᠬᠠᠮᠰᠠᠷ ᠤᠨ ᠬᠡᠯᠪᠡᠷᠢ | ᠶᠢᠨ ᠬᠢᠨᠠᠨ ᠵᠠᠬᠢᠷᠬᠤ ᠠᠵᠢᠯ ᠢ ᠦᠷᠭᠦᠯᠵᠢᠯᠡᠨ ᠴᠢᠩᠭᠠᠳᠬᠠᠪᠠ᠃ ᠲᠤᠤᠷ ᠰᠦᠯᠵᠢᠶᠡᠨ ᠤ ᠮᠡᠳᠡᠭᠡ ᠵᠠᠩᠭᠢ ᠶᠢ | ᠬᠠᠮᠲᠤ ᠪᠠᠷ ᠡᠳ᠋ᠯᠡᠵᠤ᠂ ᠤᠷᠢᠳᠴᠢᠯᠠᠨ ᠰᠡᠷᠡᠮᠵᠢᠯᠡᠭᠦᠯᠬᠦ ᠶᠢ ᠮᠡᠳᠡᠷᠡᠵᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠤᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠬᠤᠯᠪᠤᠭᠳᠠᠬᠤ | ᠦᠵᠡᠯ ᠤᠬᠠᠮᠰᠠᠷ ᠤᠨ ᠬᠡᠯᠪᠡᠷᠢ ᠶᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠠᠵᠢᠯ ᠢ ᠲᠤᠭᠲᠠᠮᠠᠯ | ᠬᠤᠭᠤᠴᠠᠭ᠎ᠠ ᠲᠠᠢ ᠵᠤᠬᠢᠶᠠᠨ ᠪᠠᠶᠢᠭᠤᠯᠤᠨ ᠦᠷᠨᠢᠭᠦᠯᠪᠡ᠃ ᠤᠯᠠᠭᠠᠨᠮᠦ᠋ᠴᠢᠷ ᠤᠨ《 ᠬᠤᠪᠢᠰᠬᠠᠯᠲᠤ ᠤᠳᠬ᠎ᠠ | ᠤᠷᠠᠯᠢᠭ ᠤᠨ ᠬᠦᠩᠭᠡᠨ ᠮᠤᠷᠢᠲᠤ ᠴᠡᠷᠢᠭ 》 ᠤᠨ ᠬᠡᠷᠡᠭᠴᠡᠭᠡ ᠶᠢ ᠭᠦᠢᠴᠡᠳ ᠪᠠᠳᠠᠷᠠᠭᠤᠯᠵᠤ᠂ ᠭᠤᠤᠯ ᠴᠤᠭᠴᠠ | ᠶᠢᠨ ᠦᠵᠡᠯ ᠤᠬᠠᠮᠰᠠᠷ ᠤᠨ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢᠯᠡ ᠲᠤᠳᠤᠷᠬᠠᠢ | ᠪᠤᠯᠪᠠ᠃ | ᠳᠦᠷᠪᠡ ᠳᠤ᠂ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠳᠦᠷᠢᠮᠵᠢᠨ ᠬᠦᠭᠵᠢᠪᠡ 《 | ᠤᠮᠠᠷᠠᠲᠤ ᠬᠢᠯᠢ ᠶᠢᠨ ᠬᠤᠰᠢᠭᠤᠴᠢ 》ᠢᠨᠵᠧᠨ᠋ᠷᠢᠩ ᠢ ᠴᠢᠩᠭ᠎ᠠ ᠬᠦᠷᠢᠶᠡᠯᠡᠵᠦ᠂ ᠠᠯᠪᠠᠨ ᠪᠠᠶᠢᠭᠤᠯᠭ᠎ᠠ ᠪᠠ | ᠰᠢᠭᠤᠳ ᠬᠠᠷᠢᠶ᠎ᠠ ᠪᠠᠶᠢᠭᠤᠯᠭ᠎ᠠ ᠳᠤ《 ᠬᠤᠶᠠᠷ ᠢ ᠪᠠᠶᠢᠭᠤᠯᠬᠤ ᠬᠤᠶᠠᠷ ᠢ ᠡᠭᠦᠳᠬᠦ 》 ᠠᠵᠢᠯᠯᠠᠭ᠎ᠠ ᠶᠢ | ᠦᠷᠭᠦᠯᠵᠢᠯᠡᠨ ᠦᠷᠨᠢᠭᠦᠯᠪᠡ᠃ ᠨᠠᠮ ᠤᠨ ᠡᠭᠦᠷ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂《 ᠭᠤᠷᠪᠠᠨ ᠬᠤᠷᠠᠯ ᠨᠢᠭᠡ ᠬᠢᠴᠢᠶᠡᠯ 》 ᠤᠨ ᠳᠦᠷᠢᠮ ᠢ ᠪᠠᠲᠤ | ᠨᠠᠶᠢᠳᠠᠪᠤᠷᠢᠵᠢᠭᠤᠯᠵᠤ᠂ ᠨᠠᠮ ᠤᠨ ᠳᠤᠲᠤᠷᠠᠬᠢ ᠤᠯᠤᠰ ᠲᠦᠷᠦ ᠶᠢᠨ ᠠᠮᠢᠳᠤᠷᠠᠯ ᠢ ᠲᠠᠰᠤᠷᠠᠯᠲᠠ ᠦᠭᠡᠢ | ᠳᠦᠷᠢᠮᠵᠢᠭᠦᠯᠪᠡ᠃ ᠨᠠᠮ ᠤᠨ ᠡᠭᠦᠷ ᠤᠨ ᠲᠤᠭᠳᠠᠮᠠᠯ ᠬᠤᠷᠠᠯᠳᠤᠬᠤ ᠳᠦᠷᠢᠮ ᠢ ᠲᠤᠭᠲᠠᠭᠠᠪᠠ᠃ ᠲᠤᠰᠢᠶᠠᠯ ᠤᠨ | ᠬᠤᠭᠤᠴᠠᠭ᠎ᠠ ᠳᠠᠭᠤᠰᠤᠭᠰᠠᠨ ᠦᠨᠳᠦᠰᠦᠨ ᠱᠠᠲᠤᠨ ᠤ ᠨᠠᠮ ᠤᠨ ᠡᠭᠦᠷ ᠢ ᠵᠤᠬᠢᠶᠠᠨ ᠪᠠᠶᠢᠭᠤᠯᠵᠤ ᠬᠤᠭᠤᠴᠠᠭ᠎ᠠ | ᠰᠤᠯᠢᠬᠤ ᠰᠤᠩᠭᠤᠭᠤᠯᠢ ᠬᠢᠯᠭᠡᠪᠡ᠃ ᠨᠠᠮ ᠤᠨ ᠠᠵᠢᠯ ᠤᠨ ᠺᠠᠳ᠋ᠷ ᠢ ᠪᠤᠯᠪᠠᠰᠤᠷᠠᠭᠤᠯᠬᠤ ᠡᠷᠴᠢᠮ ᠢ | ᠦᠷᠭᠦᠯᠵᠢᠯᠡᠨ ᠶᠡᠬᠡᠳᠭᠡᠵᠦ᠂ ᠨᠠᠮ ᠤᠨ ᠡᠭᠦᠷ ᠤᠨ ᠱᠦᠵᠢ ᠶᠢ ᠵᠤᠬᠢᠶᠠᠨ ᠪᠠᠶᠢᠭᠤᠯᠵᠤ᠂ ᠰᠠᠬᠢᠯᠭ᠎ᠠ ᠪᠠᠲᠤ | ᠪᠠᠶᠢᠴᠠᠭᠠᠬᠤ ᠺᠠᠳ᠋ᠷᠴᠤᠳ ᠶᠢᠨ ᠭᠠᠩ ᠱᠠᠨ ᠳᠤ ᠬᠦᠷᠴᠦ ᠲᠤᠰᠬᠠᠢ ᠰᠡᠳᠦᠪ ᠤᠨ ᠪᠤᠯᠪᠠᠰᠤᠷᠠᠯ ᠬᠦᠷᠲᠡᠪᠡ᠃ | ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠳᠤ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ | ᠶᠢᠨ ᠵᠦᠪᠯᠡᠨ ᠲᠤᠭᠲᠠᠭᠠᠬᠤ ᠬᠢᠨᠠᠨ ᠰᠢᠯᠭᠠᠯᠲᠠ ᠬᠢᠪᠡ᠃ ᠦᠪᠦᠷ ᠮᠤᠩᠭᠤᠯ ᠤᠨ ᠨᠤᠮ ᠤᠨ ᠰᠠᠩ ᠤᠨ | ᠳᠦᠷᠪᠡᠳᠦᠭᠡᠷ ᠨᠠᠮ ᠤᠨ ᠡᠭᠦᠷ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠦᠭᠦᠯᠡᠯ ᠤᠨ ᠲᠠᠪᠴᠠᠩ ᠳᠡᠭᠡᠷ᠎ᠡ ᠨᠡᠶᠢᠳᠡᠯᠢᠭ ᠰᠠᠶᠢᠬᠠᠨ ᠰᠤᠯᠢᠯᠴᠠᠭᠠᠨ ᠤ ᠢᠯᠡᠳᠭᠡᠯ ᠬᠢᠪᠡ᠃ | ᠲᠠᠪᠤ ᠳᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠭᠦᠨᠵᠡᠭᠡᠶᠢᠷᠡᠨ ᠠᠬᠢᠪᠠ᠃ | ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ《 ᠬᠤᠤᠰ ᠡᠭᠦᠷᠭᠡ ᠬᠠᠷᠢᠭᠤᠴᠠᠯᠭ᠎ᠠ | 》 ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ | ᠪᠠᠶᠢᠭᠤᠯᠤᠯᠲᠠ ᠬᠢᠭᠡᠳ ᠢᠯᠵᠢᠷᠡᠯ ᠢ ᠡᠰᠡᠷᠭᠦᠴᠡᠬᠦ ᠠᠵᠢᠯ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠪᠠ᠃ | ᠡᠯ᠎ᠡ ᠠᠵᠢᠯ ᠤᠨ ᠪᠠᠶᠢᠷᠢ ᠶᠢᠨ ᠴᠢᠭᠡᠴᠢ ᠵᠠᠰᠠᠭ ᠤᠨ ᠲᠦᠭᠰᠢᠭᠦᠷᠢ ᠳᠤ ᠰᠢᠨ᠎ᠡ ᠪᠠᠷ ᠦᠨᠡᠯᠡᠨ ᠵᠢᠱᠢᠯᠲᠡ ᠬᠢᠵᠦ᠂ | ᠴᠢᠭᠡᠴᠢ ᠵᠠᠰᠠᠭ ᠤᠨ ᠲᠦᠭᠰᠢᠭᠦᠷᠢ ᠳᠤ ᠰᠡᠷᠭᠡᠶᠢᠯᠡᠬᠦ ᠠᠷᠭ᠎ᠠ ᠬᠡᠮᠵᠢᠶ᠎ᠡ ᠲᠤᠭᠲᠠᠭᠠᠵᠤ᠂ ᠴᠢᠭᠡᠴᠢ ᠵᠠᠰᠠᠭ ᠤᠨ | ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ ᠪᠠᠶᠢᠭᠤᠯᠪᠠ᠃《 ᠬᠤᠤᠰ ᠡᠭᠦᠷᠭᠡ | ᠬᠠᠷᠢᠭᠤᠴᠠᠯᠭ᠎ᠠ 》 ᠶᠢ ᠦᠷᠭᠦᠯᠵᠢᠯᠡᠨ ᠭᠦᠨᠵᠡᠭᠡᠶᠢᠷᠡᠭᠦᠯᠦᠨ ᠰᠠᠨᠠᠯ ᠢᠶᠠᠨ ᠳᠡᠪᠰᠢᠭᠦᠯᠵᠦ ᠴᠡᠭᠴᠡᠯᠡᠨ | ᠰᠠᠶᠢᠵᠢᠷᠠᠭᠤᠯᠬᠤ ᠠᠵᠢᠯ ᠢ ᠬᠢᠨᠠᠨ ᠪᠠᠶᠢᠴᠠᠭᠠᠪᠠ᠃ ᠰᠡᠷᠡᠮᠵᠢᠯᠡᠭᠦᠯᠬᠦ ᠬᠦᠮᠦᠵᠢᠯ ᠤᠨ ᠬᠤᠷᠠᠯ ᠬᠢᠭᠡᠳ ᠴᠢᠭᠡᠴᠢ | ᠵᠠᠰᠠᠭ ᠤᠨ ᠲᠤᠰᠬᠠᠢ ᠰᠡᠳᠦᠪ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠢᠵᠦ᠂ ᠨᠠᠮ ᠤᠨ | ᠭᠡᠰᠢᠭᠦᠨ ᠺᠠᠳ᠋ᠷ ᠢ ᠵᠤᠬᠢᠶᠠᠨ ᠪᠠᠶᠢᠭᠤᠯᠤᠨ ᠦᠪᠡᠷᠲᠡᠭᠡᠨ ᠵᠠᠰᠠᠬᠤ ᠤᠷᠤᠨ ᠤ ᠴᠢᠭᠡᠴᠢ ᠵᠠᠰᠠᠭ ᠤᠨ ᠬᠦᠮᠦᠵᠢᠯ ᠤᠨ | ᠦᠵᠡᠰᠭᠦᠯᠡᠩ ᠢ ᠲᠤᠭᠤᠷᠢᠨ ᠦᠵᠡᠪᠡ᠃ ᠤᠪᠤᠷ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠬᠡᠯᠪᠡᠷᠢ ᠶᠢ ᠪᠠᠷᠢᠮᠲᠠᠯᠠᠬᠤ ᠦᠵᠡᠯ ᠢ ᠴᠢᠩᠭ᠎ᠠ ᠬᠢᠵᠠᠭᠠᠷᠯᠠᠨ ᠨᠤᠶᠠᠨᠴᠢ ᠦᠵᠡᠯ ᠢ ᠭᠡᠳᠡᠷᠭᠦ | ᠳᠠᠭᠠᠷᠢᠨ ᠪᠤᠴᠠᠭᠠᠪᠠ᠃ ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠲᠦᠪ | ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠵᠦᠷᠢᠴᠡᠵᠦ ᠪᠠᠶᠢᠭ᠎ᠠ ᠪᠠᠶᠢᠳᠠᠯ ᠳᠤ ᠢᠯᠡ ᠪᠠᠷ | ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠬᠤ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠵᠤ ᠶᠠᠪᠤᠭᠳᠠᠭᠤᠯᠪᠠ᠃ | ᠰᠠᠬᠢᠯᠭ᠎ᠠ ᠪᠠᠲᠤ ᠶᠢ ᠬᠢᠨᠠᠨ ᠬᠡᠷᠡᠭᠵᠢᠭᠦᠯᠬᠦ《 ᠳᠦᠷᠪᠡᠨ ᠲᠦᠷᠦᠯ ᠤᠨ ᠬᠡᠯᠪᠡᠷᠢ 》 ᠶᠢ ᠬᠡᠷᠡᠭᠵᠢᠭᠦᠯᠦᠨ᠂ ᠨᠠᠮ | ᠤᠨ ᠳᠦᠷᠢᠮ ᠵᠠᠰᠠᠭ ᠤᠨ ᠰᠠᠬᠢᠯᠭ᠎ᠠ ᠶᠢ ᠵᠦᠷᠢᠴᠡᠭᠰᠡᠨ 54 ᠨᠡᠷ᠎ᠡ ᠨᠠᠮ ᠤᠨ ᠭᠡᠰᠢᠭᠦᠨ ᠺᠠᠳ᠋ᠷ ᠲᠤ | ᠬᠠᠷᠢᠭᠤᠴᠠᠯᠭ᠎ᠠ ᠨᠡᠬᠡᠨ ᠵᠠᠯᠬᠠᠭᠠᠯ ᠦᠵᠡᠭᠦᠯᠪᠡ᠃ | ᠵᠢᠷᠭᠤᠭ᠎ᠠ ᠳᠤ᠂ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ | ᠪᠤᠯᠪᠠᠰᠤᠨ ᠨᠢᠭᠡᠴᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠦ᠂ ᠦᠪᠡᠷᠲᠡᠭᠡᠨ ᠵᠠᠰᠠᠬᠤ ᠤᠷᠤᠨ ᠤ | ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠪᠤᠯᠪᠠᠰᠤᠨ ᠨᠢᠭᠡᠴᠢ ᠶᠢ ᠪᠦᠷᠬᠦᠭᠦᠯᠬᠦ ᠠᠵᠢᠯ ᠢ ᠪᠡᠶᠡᠯᠡᠭᠦᠯᠵᠦ᠂ | ᠦᠪᠦᠷ ᠮᠤᠩᠭᠤᠯ ᠤᠨ ᠰᠤᠶᠤᠯ ᠤᠨ ᠤᠷᠳᠤᠨ《 ᠪᠤᠯᠪᠠᠰᠤᠨ ᠨᠢᠭᠡᠴᠢ ᠶᠢᠨ ᠳᠠᠭᠤᠷᠢᠶᠠᠯ 》 ᠢᠶᠠᠷ ᠦᠨᠡᠯᠡᠭᠳᠡᠨ | ᠬᠦᠬᠢᠭᠦᠯᠦᠭᠳᠡᠪᠡ᠃ ᠡᠩᠬᠡᠪᠡᠢ ᠳᠤ ᠤᠴᠢᠵᠤ ᠠᠯᠪᠠᠨ ᠵᠢᠷᠤᠮ ᠢᠶᠠᠷ ᠮᠤᠳᠤ ᠵᠠᠶᠢᠯᠠᠬᠤ᠂ ᠵᠡᠮᠳᠡᠭᠴᠦᠳ ᠢ | ᠪᠤᠯᠭᠤᠭᠠᠨ ᠲᠤᠬᠤᠨᠢᠭᠤᠯᠬᠤ᠂ ᠲᠦᠯᠦᠪᠦᠷᠢ ᠦᠭᠡᠢ ᠴᠢᠰᠤ ᠬᠠᠨᠳᠢᠪᠯᠠᠬᠤ᠂《 ᠲᠦᠭᠡᠮᠡᠯ ᠬᠠᠶᠢᠷ᠎ᠠ ᠶᠢᠨ ᠨᠢᠭᠡᠨ | ᠡᠳᠦᠷ ᠤᠨ ᠲᠤᠰᠠᠯᠠᠮᠵᠢ 》 ᠵᠡᠷᠭᠡ 10 ᠭᠠᠷᠤᠢ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠦᠷᠨᠢᠭᠦᠯᠪᠡ᠃《 ᠪᠤᠯᠪᠠᠰᠤᠨ ᠵᠢᠭᠤᠯᠴᠢᠯᠠᠵᠤ᠂ ᠳᠤᠮᠳᠠᠳᠤ ᠳᠤ ᠪᠠᠨ ᠬᠤᠪᠢ ᠨᠡᠮᠡᠷᠢᠯᠡᠶ᠎ᠡ 》 | ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠪᠤᠯᠪᠠᠰᠤᠨ ᠵᠢᠭᠤᠯᠴᠢᠯᠠᠯ ᠤᠨ ᠤᠷᠴᠢᠨ | ᠲᠤᠭᠤᠷᠢᠨ ᠢ ᠢᠳᠡᠪᠬᠢᠲᠡᠢ ᠪᠠᠶᠢᠭᠤᠯᠪᠠ᠃ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ《 ᠠᠷᠠᠯ ᠤᠨ ᠱᠠᠷ 》 | ᠬᠤᠨᠳᠠᠭᠠᠲᠤ ᠪᠡᠶ᠎ᠡ ᠴᠠᠬᠢᠷᠠᠭᠵᠢᠭᠤᠯᠬᠤ ᠬᠤᠯᠪᠤᠭᠠᠲᠤ ᠤᠷᠤᠯᠳᠤᠭᠠᠨ ᠢ ᠵᠤᠬᠢᠶᠠᠨ ᠪᠠᠶᠢᠭᠤᠯᠤᠨ ᠤᠷᠤᠯᠴᠠᠪᠠ᠃ | ᠦᠪᠦᠷ ᠮᠤᠩᠭᠤᠯ ᠤᠨ ᠮᠦᠽᠸᠢ ᠶᠢᠨ ᠰᠠᠶᠢᠨ ᠳᠤᠷᠠᠴᠤᠳ ᠤᠨ ᠪᠦᠯᠬᠦᠮ ᠤᠷᠢᠳ ᠬᠤᠵᠢᠳ ᠰᠤᠶᠤᠯ ᠪᠠ | ᠵᠢᠭᠤᠯᠴᠢᠯᠠᠯ ᠤᠨ ᠶᠠᠮᠤᠨ ᠤ《 ᠦᠨᠳᠦᠰᠦᠨ ᠱᠠᠲᠤᠨ ᠤ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠨᠡᠶᠢᠳᠡᠯᠢᠭ ᠪᠦᠯᠬᠦᠮ 》 ᠪᠤᠯᠤᠨ ᠳᠤᠮᠳᠠᠳᠤ ᠤᠯᠤᠰ ᠤᠨ ᠮᠦᠽᠸᠢ ᠶᠢᠨ ᠨᠡᠶᠢᠭᠡᠮᠯᠢᠭ ᠤᠨ《 ᠳᠤᠮᠳᠠᠳᠤ ᠤᠯᠤᠰ | ᠤᠨ ᠮᠦᠽᠸᠢ ᠶᠢᠨ ᠰᠢᠯᠢᠳᠡᠭ ᠦᠢᠯᠡᠴᠢᠯᠡᠭᠡᠨ ᠤ ᠪᠦᠯᠬᠦᠮ 》 ᠢᠷᠠᠭᠤ ᠠᠯᠳᠠᠷ ᠢᠶᠠᠷ ᠴᠤᠯᠠᠯᠠᠭᠳᠠᠵᠤ᠂ ᠦᠪᠦᠷ | ᠮᠤᠩᠭᠤᠯ ᠤᠨ ᠦᠵᠡᠰᠭᠦᠯᠡᠩ ᠤᠨ ᠤᠷᠳᠤᠨ《 ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠯᠸᠢ ᠹᠧᠩ | ᠠᠴᠠ ᠰᠤᠷᠤᠯᠴᠠᠬᠤ ᠠᠵᠢᠯᠯᠠᠭᠠᠨ ᠤ ᠵᠢᠱᠢᠶᠡᠴᠢ ᠴᠡᠭ 》 ᠢᠶᠠᠷ ᠴᠤᠯᠠᠯᠠᠭᠳᠠᠪᠠ᠃ | ᠬᠤᠶᠠᠷ᠂ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠳᠤᠪᠤᠶᠢᠮ᠎ᠠ ᠠᠮᠵᠢᠯᠲᠠ ᠲᠠᠢ᠃ | | ᠨᠢᠭᠡ ᠵᠢᠯ ᠤᠨ ᠲᠤᠷᠰᠢ ᠪᠢᠳᠡ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢᠶᠠᠷ ᠰᠤᠶᠤᠯ ᠤᠨ | ᠪᠦᠲᠦᠭᠡᠨ ᠪᠠᠶᠢᠭᠤᠯᠤᠯᠲᠠ ᠶᠢ ᠤᠳᠤᠷᠢᠳᠬᠤ ᠶᠢ ᠢᠮᠠᠭᠲᠠ ᠪᠠᠷᠢᠮᠲᠠᠯᠠᠵᠤ᠂ ᠤᠯᠠᠭᠠᠨᠮᠦ᠋ᠴᠢᠷ ᠤᠨ ᠦᠢᠯᠡᠰ᠂ | ᠤᠷᠠᠨ ᠪᠦᠲᠦᠭᠡᠯ ᠤᠨ ᠦᠢᠯᠡᠳᠪᠦᠷᠢᠯᠡᠯ᠂ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ᠂ ᠲᠡᠦᠬᠡᠨ | ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ | ᠬᠠᠮᠠᠭᠠᠯᠠᠬᠤ᠂ ᠰᠤᠶᠤᠯ ᠤᠨ ᠦᠪ ᠬᠦᠷᠦᠩᠭᠡ ᠶᠢᠨ ᠬᠦᠭᠵᠢᠯᠲᠡ᠂ ᠰᠤᠶᠤᠯ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ᠂ ᠭᠠᠳᠠᠭᠠᠳᠤ ᠪᠤᠯᠤᠨ ᠰᠢᠶ᠋ᠩᠭᠠᠩ ᠤᠤᠮᠧᠨ ᠲᠠᠶᠢᠸᠠᠨ ᠲᠠᠢ ᠰᠤᠶᠤᠯ ᠤᠨ ᠰᠤᠯᠢᠯᠴᠠᠭ᠎ᠠ ᠬᠢᠬᠦ ᠵᠡᠷᠭᠡ | ᠡᠯ᠎ᠡ ᠲᠦᠷᠦᠯ ᠤᠨ ᠠᠵᠢᠯ ᠤᠨ ᠭᠢᠯᠠᠯᠵᠠᠭᠰᠠᠨ ᠴᠡᠭ ᠲᠤᠰ ᠲᠤᠰ ᠳᠤ ᠪᠠᠨ ᠢᠯᠭᠠᠷᠠᠵᠤ᠂ ᠰᠤᠶᠤᠯ ᠤᠨ | ᠬᠦᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃ | ᠨᠢᠭᠡ ᠳᠤ᠂ ᠤᠯᠠᠭᠠᠨᠮᠦ᠋ᠴᠢᠷ ᠤᠨ ᠦᠢᠯᠡᠰ ᠪᠠᠳᠠᠷᠠᠨ ᠬᠦᠭᠵᠢᠪᠡ᠃ ᠰᠢ ᠶᠢᠨ ᠫᠢᠩ ᠶᠡᠷᠦᠩᠬᠡᠢ ᠱᠦᠵᠢ | ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢ ᠢᠳᠡᠪᠬᠢᠲᠡᠢ ᠲᠦᠯᠬᠢᠨ ᠠᠬᠢᠭᠤᠯᠪᠠ᠃ ᠤᠯᠠᠭᠠᠨᠮᠦ᠋ᠴᠢᠷ ᠢ | ᠵᠤᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ 7000 ᠭᠠᠷᠤᠢ ᠲᠠᠯᠠᠪᠠᠢ ᠤᠳᠠᠭ᠎ᠠ ᠲᠤᠭᠯᠠᠯᠲᠠ | ᠭᠠᠷᠭᠠᠪᠠ᠃ ᠤᠯᠠᠭᠠᠨᠮᠦ᠋ᠴᠢᠷ ᠢ ᠵᠤᠬᠢᠶᠠᠨ ᠪᠠᠶᠢᠭᠤᠯᠤᠨ ᠪᠡᠭᠡᠵᠢᠩ ᠤᠨ ᠰᠠᠨᠰᠠᠷ ᠠᠶᠠᠯᠠᠯ ᠤᠨ ᠬᠤᠲᠠ᠂ ᠵᠢᠷᠦᠬᠡ | ᠰᠠᠭᠤᠷᠢᠨ ᠭᠠᠵᠠᠷ ᠵᠢᠴᠢ ᠬᠢᠯᠢ ᠶᠢᠨ ᠴᠡᠷᠢᠭ ᠠᠩᠭᠢ᠂ ᠬᠠᠷᠠᠭᠤᠯ ᠤᠨ ᠭᠠᠵᠠᠷ ᠲᠤ ᠲᠤᠬᠤᠨᠢᠭᠤᠯᠬᠤ ᠲᠤᠭᠯᠠᠯᠲᠠ | ᠬᠢᠪᠡ᠃ ᠳᠠᠭᠤᠤ ᠪᠦᠵᠢᠭᠲᠦ ᠵᠦᠴᠦᠭᠡ《 ᠮᠢᠨᠤ ᠤᠯᠠᠭᠠᠨᠮᠦ᠋ᠴᠢᠷ 》᠂ ᠳᠠᠭᠤᠤ ᠪᠦᠵᠢᠭ《 ᠲᠠᠯ᠎ᠠ ᠨᠤᠲᠤᠭ ᠤᠨ | ᠤᠯᠠᠭᠠᠨᠮᠦ᠋ᠴᠢᠷ 》 ᠢ ᠵᠤᠬᠢᠶᠠᠨ ᠪᠠᠶᠢᠭᠤᠯᠵᠤ ᠪᠡᠭᠡᠵᠢᠩ ᠳᠤ ᠬᠦᠷᠴᠦ ᠬᠠᠷᠢᠭᠤ ᠮᠡᠳᠡᠭᠦᠯᠦᠯᠲᠡ ᠶᠢᠨ ᠲᠤᠭᠯᠠᠯᠲᠠ | ᠬᠢᠪᠡ᠃ ᠪᠦᠬᠦ ᠤᠷᠤᠨ ᠤ ᠮᠤᠩᠭᠤᠯ ᠬᠢᠲᠠᠳ ᠬᠡᠯᠡᠨ ᠤ ᠬᠤᠱᠤᠩ ᠱᠤᠭ ᠵᠦᠴᠦᠭᠡ ᠶᠢᠨ ᠤᠷᠤᠯᠳᠤᠭᠠᠨ᠂ | ᠤᠯᠠᠭᠠᠨᠮᠦ᠋ᠴᠢᠷ ᠤᠨ ᠰᠢᠨ᠎ᠡ ᠬᠦᠮᠦᠨ ᠤ ᠰᠢᠨ᠎ᠡ ᠪᠦᠲᠦᠭᠡᠯ ᠤᠨ ᠤᠷᠤᠯᠳᠤᠭᠠᠨ ᠢ ᠡᠷᠬᠢᠯᠡᠵᠦ᠂ ᠰᠢᠯᠢᠳᠡᠭ | ᠤᠯᠠᠭᠠᠨᠮᠦ᠋ᠴᠢᠷ ᠢ ᠰᠢᠯᠭᠠᠷᠠᠭᠤᠯᠤᠨ ᠲᠦᠪᠯᠡᠷᠡᠭᠰᠡᠨ ᠦᠵᠡᠭᠦᠯᠦᠯᠭᠡ ᠶᠢᠨ ᠲᠤᠭᠯᠠᠯᠲᠠ ᠬᠢᠪᠡ᠃ ᠤᠯᠠᠭᠠᠨᠮᠦ᠋ᠴᠢᠷ | ᠤᠨ ᠰᠠᠭᠤᠳᠠᠯ ᠤᠨ ᠬᠤᠷᠠᠯ᠂ ᠤᠯᠠᠭᠠᠨᠮᠦ᠋ᠴᠢᠷ ᠤᠨ ᠦᠭᠦᠯᠡᠯ ᠤᠨ ᠲᠠᠪᠴᠠᠩ ᠢ ᠡᠷᠬᠢᠯᠡᠵᠦ᠂ ᠤᠯᠠᠭᠠᠨᠮᠦ᠋ᠴᠢᠷ | ᠤᠨ ᠰᠤᠳᠤᠯᠭᠠᠨ ᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠤᠷᠤᠨ ᠤ ᠳᠤᠲᠤᠨ᠎ᠠ ᠭᠠᠳᠠᠨ᠎ᠠ ᠶᠢᠨ ᠤᠷᠠᠯᠢᠭ | ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠤᠯᠠᠭᠠᠨᠮᠦ᠋ᠴᠢᠷ ᠤᠨ ᠲᠤᠭᠯᠠᠭᠴᠢᠳ ᠤᠨ ᠪᠤᠳᠠᠲᠠᠢ ᠪᠤᠯᠪᠠᠰᠤᠷᠠᠯ ᠤᠨ | ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠤᠯᠠᠭᠠᠨᠮᠦ᠋ᠴᠢᠷ ᠤᠨ ᠳᠠᠷᠤᠭ᠎ᠠ ᠪᠤᠯᠤᠨ ᠭᠤᠤᠯᠯᠠᠭᠴᠢ ᠬᠦᠴᠦᠨ ᠳᠤ | ᠡᠭᠡᠯᠵᠢᠯᠡᠨ ᠪᠤᠯᠪᠠᠰᠤᠷᠠᠯ ᠬᠦᠷᠲᠡᠭᠡᠪᠡ᠃《 ᠤᠯᠠᠭᠠᠨᠮᠦ᠋ᠴᠢᠷ ᠢ ᠰᠢᠯᠭᠠᠨ ᠬᠢᠨᠠᠵᠤ ᠦᠨᠡᠯᠡᠨ ᠵᠢᠱᠢᠬᠦ ᠠᠷᠭ᠎ᠠ ᠬᠡᠮᠵᠢᠶ᠎ᠡ | 》 ᠳᠤ ᠵᠠᠰᠠᠪᠤᠷᠢ ᠤᠷᠤᠭᠤᠯᠤᠨ ᠲᠤᠭᠲᠠᠭᠠᠵᠤ᠂ ᠪᠦᠬᠦ ᠤᠷᠤᠨ ᠤ ᠤᠯᠠᠭᠠᠨᠮᠦ᠋ᠴᠢᠷ ᠲᠤ ᠰᠢᠯᠭᠠᠨ ᠬᠢᠨᠠᠵᠤ | ᠦᠨᠡᠯᠡᠨ ᠵᠢᠱᠢᠯᠲᠡ ᠬᠢᠪᠡ᠃ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠲᠤ ᠬᠠᠷᠢᠭᠤ ᠵᠠᠬᠢᠳᠠᠯ | ᠪᠢᠴᠢᠭᠰᠡᠨ ᠨᠢᠭᠡ ᠵᠢᠯ ᠤᠨ ᠤᠢ ᠬᠦᠷᠴᠦ ᠢᠷᠡᠬᠦ ᠲᠠᠰᠢᠷᠠᠮ ᠳᠤ᠂ ᠡᠯ᠎ᠡ ᠭᠠᠵᠠᠷ ᠤᠨ ᠤᠯᠠᠭᠠᠨᠮᠦ᠋ᠴᠢᠷ ᠦᠨᠳᠦᠰᠦᠨ | ᠱᠠᠲᠤᠨ ᠳᠤ ᠭᠦᠨᠵᠡᠭᠡᠶᠢᠷᠡᠨ ᠤᠯᠠᠨ ᠬᠡᠯᠪᠡᠷᠢ ᠶᠢᠨ ᠪᠠᠶᠠᠯᠢᠭ ᠠᠭᠤᠯᠭ᠎ᠠ ᠲᠠᠢ ᠳᠤᠷᠠᠰᠬᠠᠨ ᠲᠡᠮᠲᠡᠭᠯᠡᠬᠦ ᠠᠵᠢᠯᠯᠠᠭ᠎ᠠ | ᠦᠷᠨᠢᠭᠦᠯᠪᠡ᠃ | ᠬᠤᠶᠠᠷ ᠲᠤ᠂ ᠤᠷᠠᠨ ᠪᠦᠲᠦᠭᠡᠯ᠂ ᠲᠤᠭᠯᠠᠯᠲᠠ ᠡᠳᠦᠷ ᠢᠷᠡᠬᠦᠶ᠎ᠡ ᠪᠠᠳᠠᠷᠠᠨ ᠬᠦᠭᠵᠢᠪᠡ᠃ ᠪᠦᠬᠦ ᠤᠷᠤᠨ | ᠤ ᠤᠷᠠᠨ ᠪᠦᠲᠦᠭᠡᠯ ᠤᠨ ᠬᠤᠷᠠᠯ ᠢ ᠬᠤᠷᠠᠯᠳᠤᠭᠤᠯᠵᠤ᠂ ᠶᠠᠷᠢᠶᠠᠲᠤ ᠵᠦᠴᠦᠭᠡ《 ᠢᠲᠡᠭᠡᠯ ᠤᠨ ᠬᠦᠴᠦᠨ 》᠂ | 《 ᠤᠯᠠᠭᠠᠨᠮᠦ᠋ᠴᠢᠷ ᠤᠨ ᠡᠨᠡᠭᠰᠢᠯ ᠤᠶᠠᠩᠭ᠎ᠠ 》᠂ ᠪᠡᠭᠡᠵᠢᠩ ᠰᠢ《 ᠳ᠋ᠠ ᠱᠧᠩ ᠺᠦᠢ 》᠂ ᠪᠦᠵᠢᠭᠲᠦ | ᠵᠦᠴᠦᠭᠡ《 ᠲᠡᠮᠡᠭᠡᠨ ᠵᠢᠩ 》 ᠵᠡᠷᠭᠡ ᠨᠢᠭᠡ ᠪᠦᠯᠦᠭ ᠰᠢᠨ᠎ᠡ ᠵᠦᠴᠦᠭᠡ ᠶᠢ ᠵᠤᠬᠢᠶᠠᠨ ᠲᠤᠭᠯᠠᠪᠠ᠃ | ᠦᠨᠳᠦᠰᠦᠲᠡᠨ ᠤ ᠪᠦᠵᠢᠭᠲᠦ ᠲᠠᠭᠤᠷᠢ《 ᠮᠢᠨᠤ ᠤᠯᠠᠭᠠᠨᠮᠦ᠋ᠴᠢᠷ 》 ᠤᠯᠤᠰ ᠤᠨ ᠲᠠᠶᠢᠰᠠᠨ ᠤ ᠤᠷᠠᠯᠢᠭ ᠤᠨ | ᠰᠤᠳᠤᠨ ᠪᠦᠲᠦᠭᠡᠯ ᠤᠨ ᠢᠨᠵᠧᠨᠧᠷᠢᠩ ᠤᠨ ᠠᠷᠪᠠᠨ ᠴᠢᠬᠤᠯᠠ ᠳᠡᠮᠵᠢᠨ ᠲᠡᠳᠭᠦᠬᠦ ᠵᠦᠴᠦᠭᠡ ᠶᠢᠨ ᠰᠡᠳᠦᠪ ᠲᠤ | ᠰᠤᠩᠭᠤᠭᠳᠠᠪᠠ᠃ ᠪᠦᠵᠢᠭᠲᠦ ᠵᠦᠴᠦᠭᠡ《 ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠦᠬᠢᠨ ᠳᠡᠭᠦᠦ 》 | ᠳᠤᠮᠳᠠᠳᠤ ᠤᠯᠤᠰ ᠤᠨ ᠪᠦᠵᠢᠭ ᠤᠨ ᠬᠠᠮᠤᠭ ᠳᠡᠭᠡᠳᠦ ᠱᠠᠩᠨᠠᠯ《 ᠯᠢᠩᠬᠤᠸ᠎ᠠ ᠴᠡᠴᠡᠭ ᠱᠠᠩᠨᠠᠯ》 ᠢ ᠬᠦᠷᠲᠡᠪᠡ᠃ | ᠡᠯ᠎ᠡ ᠱᠠᠲᠤᠨ ᠤ ᠤᠳᠬ᠎ᠠ ᠤᠷᠠᠯᠢᠭ ᠤᠨ ᠪᠦᠯᠬᠦᠮ ᠢᠳᠡᠪᠬᠢᠲᠡᠢ ᠪᠠᠷ ᠦᠨᠳᠦᠰᠦᠨ ᠱᠠᠲᠤᠨ ᠤ ᠤᠯᠠᠨ ᠲᠦᠮᠡᠨ | ᠤ ᠰᠤᠶᠤᠯ ᠤᠨ ᠱᠠᠭᠠᠷᠳᠠᠯᠭ᠎ᠠ ᠶᠢ ᠬᠦᠯᠢᠶᠡᠨ ᠠᠪᠴᠤ᠂ ᠠᠷᠠᠳ ᠲᠤ ᠦᠢᠯᠡᠴᠢᠯᠡᠬᠦ ᠲᠤᠭᠯᠠᠯᠲᠠ ᠶᠢ 1 ᠲᠦᠮᠡ | ᠭᠠᠷᠤᠢ ᠲᠠᠯᠠᠪᠠᠢ ᠤᠳᠠᠭ᠎ᠠ ᠲᠤᠭᠯᠠᠵᠤ᠂《 ᠲᠠᠯ᠎ᠠ ᠨᠤᠲᠤᠭ ᠤᠨ ᠳᠠᠭᠤᠤ ᠬᠦᠭᠵᠢᠮ ᠤᠨ ᠭᠠᠷᠠᠭ ᠤᠨ ᠰᠡᠭᠦᠯᠴᠢ | 》᠂《 ᠲᠠᠯ᠎ᠠ ᠨᠤᠲᠤᠭ ᠤᠨ ᠰᠢ ᠵᠦᠴᠦᠭᠡ ᠶᠢᠨ ᠦᠵᠡᠭᠦᠯᠦᠯᠭᠡ ᠶᠢᠨ ᠲᠤᠭᠯᠠᠯᠲᠠ ᠶᠢᠨ ᠰᠠᠷ᠎ᠠ 》 ᠶᠢ | ᠡᠷᠬᠢᠯᠡᠵᠦ᠂ 100 ᠭᠠᠷᠤᠢ ᠲᠠᠯᠠᠪᠠᠢ ᠤᠳᠠᠭ᠎ᠠ ᠲᠤᠰᠬᠠᠢ ᠲᠤᠭᠯᠠᠯᠲᠠ ᠭᠠᠷᠭᠠᠭᠰᠠᠨ ᠪᠠᠶᠢᠨ᠎ᠠ᠃ ᠳᠤᠮᠳᠠᠳᠤ ᠤᠯᠤᠰ | ᠤᠨ ᠦᠪᠦᠷ ᠮᠤᠩᠭᠤᠯ ᠤᠨ ᠤᠯᠠᠨ ᠤᠯᠤᠰ ᠤᠨ ᠨᠠᠶᠢᠷᠠᠯ ᠳᠠᠭᠤᠤ ᠶᠢᠨ ᠭᠠᠷᠠᠭ᠂ ᠱᠠᠩᠬᠠᠢ ᠶᠢᠨ ᠤᠯᠠᠨ ᠤᠯᠤᠰ | ᠤᠨ ᠤᠷᠠᠯᠢᠭ ᠤᠨ ᠪᠠᠶᠠᠷ ᠤᠨ ᠦᠪᠦᠷ ᠮᠤᠩᠭᠤᠯ ᠤᠨ ᠬᠤᠪᠢᠶᠠᠷᠢ ᠲᠠᠯᠠᠪᠠᠢ ᠶᠢ ᠡᠷᠬᠢᠯᠡᠵᠦ᠂ ᠦᠭᠡᠷᠡᠴᠢᠯᠡᠯᠲᠡ | ᠬᠢᠵᠦ ᠴᠢᠯᠦᠭᠡᠲᠡᠢ ᠶᠠᠪᠤᠯᠴᠭᠰᠠᠨ 40 ᠵᠢᠯ ᠤᠨ ᠤᠢ ᠶᠢ ᠪᠡᠯᠭᠡᠯᠡᠬᠦ ᠲᠠᠯ᠎ᠠ ᠨᠤᠲᠤᠭ ᠤᠨ ᠳᠠᠭᠤᠤ ᠬᠦᠭᠵᠢᠮ ᠤᠨ | ᠦᠵᠡᠭᠦᠯᠦᠯᠭᠡ ᠶᠢᠨ ᠲᠤᠭᠯᠠᠯᠲᠠ ᠬᠢᠵᠦ᠂ ᠪᠦᠬᠦ ᠤᠯᠤᠰ ᠤᠨ ᠠᠬᠤᠶᠢᠴᠢ ᠰᠡᠳᠦᠪᠲᠦ ᠲᠠᠶᠢᠰᠠᠨ ᠤ ᠤᠷᠠᠯᠢᠭ ᠤᠨ | ᠪᠦᠲᠦᠭᠡᠯ ᠤᠨ ᠦᠵᠡᠭᠦᠯᠦᠯᠭᠡ ᠶᠢᠨ ᠲᠤᠭᠯᠠᠯᠲᠠ᠂ ᠬᠠᠷᠠᠮᠦ᠋ᠷᠡᠨ᠂ ᠭᠢᠷᠢᠨ᠂ ᠯᠢᠶᠤᠤᠨᠢᠩ᠂ ᠦᠪᠦᠷ ᠮᠤᠩᠭᠤᠯ | ᠳᠦᠷᠪᠡᠨ ᠮᠤᠵᠢ ᠤᠷᠤᠨ ᠤ ᠤᠷᠤᠨ ᠨᠤᠲᠤᠭ ᠤᠨ ᠰᠢ ᠵᠦᠴᠦᠭᠡ ᠶᠢᠨ ᠦᠵᠡᠭᠦᠯᠦᠯᠭᠡ ᠶᠢᠨ ᠲᠤᠭᠯᠠᠯᠲᠠ ᠶᠢᠨ | ᠠᠵᠢᠯᠯᠠᠭ᠎ᠠ ᠶᠢ ᠳᠠᠭᠠᠭᠠᠴᠢᠯᠠᠨ ᠡᠷᠬᠢᠯᠡᠪᠡ᠃ ᠤᠯᠤᠰ ᠤᠨ ᠤᠷᠠᠯᠢᠭ ᠤᠨ ᠪᠠᠶᠠᠷ ᠤᠨ ᠤᠷᠤᠯᠳᠤᠭᠠᠨ ᠳᠤ | ᠰᠢᠯᠢᠳᠡᠭ ᠵᠦᠴᠦᠭᠡ ᠶᠢᠨ ᠰᠡᠳᠦᠪ ᠢ ᠢᠳᠡᠪᠬᠢᠲᠡᠢ ᠪᠠᠷ ᠰᠤᠩᠭᠤᠨ ᠳᠡᠪᠰᠢᠭᠦᠯᠵᠦ᠂ ᠤᠨᠴᠠ ᠰᠠᠶᠢᠨ ᠬᠢᠷᠢ | ᠪᠦᠲᠦᠮᠵᠢ ᠤᠯᠪᠠ᠃ ᠦᠪᠦᠷ ᠮᠤᠩᠭᠤᠯ ᠤᠨ ᠤᠯᠠᠨ ᠤᠯᠤᠰ ᠤᠨ ᠡᠨᠧᠷᠬᠢ ᠶᠢᠨ ᠰᠤᠷᠪᠤᠯᠵᠢ ᠶᠢᠨ ᠶᠡᠭᠡ ᠬᠤᠷᠠᠯ | ᠂ ᠷᠠᠰᠢᠶᠠᠨ ᠤ ᠦᠭᠦᠯᠡᠯ ᠤᠨ ᠲᠠᠪᠴᠠᠩ ᠵᠡᠷᠭᠡ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠠᠵᠢᠯᠯᠠᠭᠠᠨ | ᠳᠤ ᠢᠳᠡᠪᠬᠢᠲᠡᠢ ᠦᠢᠯᠡᠴᠢᠯᠡᠵᠦ᠂ ᠤᠷᠠᠨ ᠰᠠᠶᠢᠬᠠᠨ ᠤ ᠲᠤᠭᠯᠠᠯᠲᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ | ᠦᠷᠨᠢᠭᠦᠯᠪᠡ᠃ | ᠭᠤᠷᠪᠠ ᠳᠤ᠂ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠲᠠᠰᠤᠷᠠᠯᠲᠠ ᠦᠭᠡᠢ ᠲᠡᠭᠦᠯᠳᠡᠷᠵᠢᠪᠡ᠃ | ᠰᠤᠶᠤᠯ ᠢ ᠬᠠᠤᠯᠢ ᠪᠠᠷ ᠵᠠᠰᠠᠬᠤ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ | ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠠᠢ ᠬᠠᠮᠲᠤᠷᠠᠨ《 ᠤᠯᠠᠨ | ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠪᠠᠲᠤᠯᠠᠭᠠᠨ ᠤ ᠬᠠᠤᠯᠢ 》 ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠬᠡᠷᠡᠭᠵᠢᠭᠦᠯᠦᠨ ᠪᠠᠶᠢᠴᠠᠭᠠᠪᠠ᠃ ᠤᠯᠤᠰ ᠲᠤ ᠬᠠᠪᠰᠤᠷᠤᠨ | ᠬᠦᠬᠡᠬᠤᠲᠠ ᠶᠢᠨ ᠤᠯᠠᠨ ᠤᠯᠤᠰ ᠤᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠤᠭᠲᠠᠯᠴᠠᠭᠠᠨ | ᠤ ᠵᠢᠱᠢᠶᠡᠴᠢ ᠲᠤᠭᠤᠷᠢᠭ ᠢ ᠡᠭᠦᠳᠦᠨ ᠪᠠᠶᠢᠭᠤᠯᠬᠤ ᠠᠵᠢᠯ ᠤᠨ ᠲᠡᠭᠦᠰᠦᠭᠰᠡᠨ ᠬᠤᠭᠤᠴᠠᠭᠠᠨ ᠤ ᠰᠢᠯᠭᠠᠨ ᠠᠪᠬᠤ | ᠠᠵᠢᠯ ᠢ ᠪᠡᠶᠡᠯᠡᠭᠦᠯᠪᠡ᠃ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮ ᠲᠤᠭᠯᠠᠯᠲᠠ᠂ ᠰᠢᠨ᠎ᠡ ᠪᠠᠷ | ᠪᠦᠲᠦᠭᠡᠭᠳᠡᠭᠰᠡᠨ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ᠂ ᠰᠢᠯᠢᠳᠡᠭ ᠭᠡᠷᠡᠯ ᠵᠢᠷᠤᠭ ᠤᠨ ᠪᠦᠲᠦᠭᠡᠯ | ᠤᠨ ᠦᠵᠡᠰᠭᠦᠯᠡᠩ᠂ ᠠᠭᠤᠳᠠᠮ ᠲᠠᠯᠠᠪᠠᠢ ᠶᠢᠨ ᠬᠠᠮ ᠲᠤᠭᠯᠠᠯᠲᠠ ᠵᠡᠷᠭᠡ ᠨᠢᠭᠡ ᠰᠢᠷᠢᠰ ᠤᠳᠤᠷᠢᠳᠤᠮᠵᠢ ᠶᠢᠨ | ᠰᠢᠨᠵᠢ᠂ ᠵᠢᠱᠢᠶᠡᠴᠢ ᠰᠢᠨᠵᠢ ᠲᠠᠢ ᠤᠯᠠᠨ ᠲᠦᠮᠡᠨ ᠤ ᠰᠤᠶᠤᠯ ᠤᠨ ᠠᠵᠢᠯᠯᠠᠭ᠎ᠠ ᠶᠢ ᠡᠷᠬᠢᠯᠡᠨ ᠬᠢᠪᠡ᠃ ᠰᠢ | ᠳᠠᠭᠤᠷᠢᠯᠢᠭ ᠢ ᠬᠦᠳᠡᠭᠡ ᠲᠤᠰᠬᠤᠨ ᠳᠤ ᠬᠦᠷᠭᠡᠵᠦ ᠠᠷᠠᠳ ᠢ ᠲᠤᠬᠤᠨᠢᠭᠤᠯᠬᠤ ᠲᠤᠭᠯᠠᠯᠲᠠ ᠭᠠᠷᠭᠠᠬᠤ | ᠠᠵᠢᠯᠯᠠᠭ᠎ᠠ ᠶᠢ ᠦᠷᠨᠢᠭᠦᠯᠪᠡ᠃《 ᠭᠤᠷᠪᠠᠨ ᠤᠷᠳᠤᠨ ᠨᠢᠭᠡ ᠦᠷᠲᠡᠭᠡ 》 ᠵᠡᠷᠭᠡ ᠰᠤᠶᠤᠯ ᠤᠨ ᠲᠠᠯᠠᠪᠤᠷ | ᠤᠷᠳᠤᠨ ᠢ ᠲᠦᠯᠦᠪᠦᠷᠢ ᠦᠭᠡᠢ ᠨᠡᠭᠡᠭᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠤᠷᠤᠨ ᠤ | ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠲᠡᠭᠡᠨ ᠳᠤ ᠦᠨᠡᠯᠡᠨ ᠵᠢᠱᠢᠯᠲᠡ ᠬᠢᠵᠦ ᠳᠡᠰ | ᠲᠤᠭᠲᠠᠭᠠᠪᠠ᠃ 32 ᠬᠤᠰᠢᠭᠤ ᠰᠢᠶᠠᠨ ︵ ᠬᠤᠲᠠ᠂ ᠲᠤᠭᠤᠷᠢᠭ︶᠂ ᠰᠤᠮᠤ ᠰᠢᠶᠠᠩ ᠪᠠᠯᠭᠠᠰᠤ ︵ ᠵᠡᠭᠡᠯᠢ | ᠭᠤᠳᠤᠮᠵᠢ︶ ᠶᠢ 2018—2020 ᠤᠨ ᠤ ᠪᠦᠬᠦ ᠤᠷᠤᠨ ᠤ ᠠᠷᠠᠳ ᠤᠨ ᠤᠷᠠᠯᠢᠭ ᠤᠨ ᠨᠤᠲᠤᠭ ᠢᠶᠠᠷ | ᠨᠡᠷᠡᠶᠢᠳᠪᠡ᠃ ᠤᠯᠠᠨ ᠨᠡᠶᠢᠲᠡ ᠶᠢᠨ ᠰᠤᠶᠤᠯ ᠤᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ | ᠬᠠᠮᠢᠶᠠᠷᠤᠯᠲᠠ ᠶᠢᠨ ᠪᠦᠲᠦᠴᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠬᠢᠭᠡᠳ ᠰᠤᠶᠤᠯ ᠤᠨ | ᠤᠷᠳᠤᠨ ᠨᠤᠮ ᠤᠨ ᠰᠠᠩ ᠤᠨ ᠶᠡᠷᠦᠩᠬᠡᠢ ᠬᠤᠪᠢᠶᠠᠷᠢ ᠤᠷᠳᠤᠨ ᠤ ᠳᠦᠷᠢᠮ ᠤᠨ ᠦᠭᠡᠷᠡᠴᠢᠯᠡᠯᠲᠡ ᠶᠢ | ᠢᠳᠡᠪᠬᠢᠲᠡᠢ ᠠᠬᠢᠭᠤᠯᠪᠠ᠃ ᠬᠠᠶᠢᠨᠠᠨ ᠮᠤᠵᠢ᠂ ᠭᠤᠸᠠᠩᠰᠢ ᠶᠢᠨ ᠵᠤᠸᠠᠩ ᠦᠨᠳᠦᠰᠦᠲᠡᠨ ᠤ ᠦᠪᠡᠷᠲᠡᠭᠡᠨ ᠵᠠᠰᠠᠬᠤ | ᠤᠷᠤᠨ᠂ ᠹᠦᠵᠢᠶᠠᠨ ᠮᠤᠵᠢ ᠲᠠᠢ ᠬᠠᠮᠲᠤᠷᠠᠨ《 ᠨᠠᠷᠠᠨ ᠭᠡᠷᠡᠯ ᠢᠨᠵᠧᠨᠧᠷᠢᠩ 》᠂《 ᠬᠦᠰᠡᠯ ᠲᠡᠷᠭᠡᠯᠰᠢᠬᠦ | ᠢᠨᠵᠧᠨᠧᠷᠢᠩ 》 ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠪᠡ᠃ | ᠦᠪᠦᠷ ᠮᠤᠩᠭᠤᠯ ᠤᠨ ᠨᠤᠮ ᠤᠨ ᠰᠠᠩ ᠮᠤᠵᠢ ᠶᠢᠨ ᠳᠡᠰ ᠤᠨ ᠨᠢᠭᠡᠳᠦᠭᠡᠷ ᠳᠡᠰ ᠤᠨ ᠨᠤᠮ ᠤᠨ ᠰᠠᠩ ᠢᠶᠠᠷ | ᠬᠦᠬᠢᠭᠦᠯᠦᠭᠳᠡᠵᠦ᠂《 ᠲᠤᠭᠠᠴᠠᠭᠠᠯᠠᠭᠰᠠᠨ ᠰᠤᠶᠤᠯ ᠮᠤᠩᠭᠤᠯ ᠭᠡᠷ ᠲᠤ ᠤᠷᠤᠬᠤ 》 ᠢᠨᠵᠧᠨᠧᠷᠢᠩ ᠠᠮᠧᠷᠢᠺᠠ | ᠶᠢᠨ ᠨᠤᠮ ᠤᠨ ᠰᠠᠩ ᠤᠨ ᠨᠡᠶᠢᠭᠡᠮᠯᠢᠭ ᠠᠴᠠ ᠤᠯᠭᠤᠳᠠᠭ ᠤᠯᠠᠨ ᠤᠯᠤᠰ ᠤᠨ ᠨᠤᠮ ᠤᠨ ᠰᠠᠩ ᠤᠨ ᠰᠢᠨ᠎ᠡ | ᠶᠢ ᠡᠭᠦᠳᠦᠭᠰᠡᠨ ᠲᠦᠷᠦᠯ ᠵᠦᠢᠯ ᠤᠨ ᠲᠡᠷᠢᠭᠦᠨ ᠲᠤᠮᠤ ᠱᠠᠩᠨᠠᠯ ᠢ ᠬᠦᠷᠲᠡᠪᠡ᠃ | ᠳᠦᠷᠪᠡ ᠳᠤ᠂ ᠲᠡᠦᠬᠡᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ ᠲᠠᠰᠤᠷᠠᠯᠲᠠ ᠦᠭᠡᠢ | ᠴᠢᠩᠭᠠᠳᠬᠠᠪᠠ᠃《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠩ ᠴᠧᠩ ᠬᠠᠮᠠᠭᠠᠯᠠᠯᠲᠠ ᠶᠢᠨ | ᠶᠡᠷᠦᠩᠬᠡᠢ ᠴᠤᠭᠴᠠ ᠶᠢᠨ ᠲᠦᠯᠦᠪᠵᠢᠭᠦᠯᠭᠡ 》 ᠵᠡᠷᠭᠡ 20 ᠭᠠᠷᠤᠢ ᠲᠦᠷᠦᠯ ᠤᠨ ᠭᠤᠤᠯᠳᠠᠯᠭᠠᠲᠤ ᠲᠡᠦᠬᠡᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠲᠦᠯᠦᠪᠵᠢᠭᠦᠯᠭᠡ ᠶᠢ ᠵᠤᠬᠢᠶᠠᠨ ᠨᠠᠶᠢᠷᠠᠭᠤᠯᠪᠠ᠃ ᠯᠢᠶᠤᠤ ᠱᠠᠩᠳᠤ | ᠪᠡᠭᠡᠵᠢᠩ ᠪᠠ ᠡᠷᠲᠡᠨ ᠤ ᠫᠤᠩᠬᠤᠨ ᠬᠠᠭᠤᠴᠢᠳ᠂ ᠤᠯᠠᠭᠠᠨᠬᠠᠳᠠ ᠰᠤᠶᠤᠯ ᠤᠨ ᠬᠠᠭᠤᠴᠢᠳ᠂ ᠶᠢᠨ ᠱᠠᠨ | ᠴᠢᠯᠠᠭᠤᠨ ᠰᠡᠶᠢᠯᠦᠮᠡᠯ ᠬᠢᠭᠡᠳ ᠲᠦᠮᠡᠨ ᠭᠠᠵᠠᠷ ᠤᠨ ᠴᠠᠢ ᠶᠢᠨ ᠵᠠᠮ ᠵᠡᠷᠭᠡ ᠭᠤᠤᠯᠳᠠᠯᠭᠠᠲᠤ ᠰᠤᠶᠤᠯ ᠤᠨ ᠦᠪ | ᠬᠦᠷᠦᠩᠭᠡ ᠶᠢ ᠰᠤᠶᠤᠯ ᠤᠨ ᠦᠪ ᠢᠶᠠᠷ ᠪᠦᠷᠢᠳᠭᠡᠭᠦᠯᠬᠦ ᠠᠵᠢᠯ ᠢ ᠢᠳᠡᠪᠬᠢᠲᠡᠢ ᠠᠬᠢᠭᠤᠯᠵᠤ᠂ ᠦᠯᠡᠳᠡᠭᠳᠡᠯ | ᠦᠪ ᠲᠤ ᠪᠦᠷᠢᠳᠭᠡᠭᠦᠯᠬᠦ ᠲᠤᠪᠬᠢᠮᠠᠯ᠂ ᠬᠠᠭᠤᠴᠢ ᠰᠤᠳᠤᠯᠤᠯ ᠤᠨ ᠢᠯᠡᠷᠡᠭᠦᠯᠦᠯᠲᠡ᠂ ᠬᠠᠭᠤᠴᠢᠳ ᠤᠨ | ᠬᠠᠮᠠᠭᠠᠯᠠᠯᠲᠠ ᠪᠤᠯᠤᠨ ᠦᠵᠡᠭᠦᠯᠦᠯᠭᠡ ᠶᠢᠨ ᠢᠨᠵᠧᠨᠧᠷᠢᠩ ᠡᠮᠬᠢ ᠴᠡᠭᠴᠡᠲᠡᠢ ᠠᠬᠢᠪᠠ᠃ ᠪᠠᠳᠭᠠᠷ ᠵᠤᠤ᠂ ᠰᠢᠨ᠎ᠡ | ᠬᠦᠷᠢᠶ᠎ᠡ ᠬᠠᠭᠤᠴᠢᠨ ᠬᠤᠲᠠ᠂ ᠶᠢᠨ ᠵᠢᠶᠧ ᠬᠤᠤ ᠶᠢᠨ ᠬᠠᠭᠤᠴᠢᠳ ᠵᠡᠷᠭᠡ ᠭᠤᠤᠯᠳᠠᠯᠭᠠᠲᠤ ᠲᠡᠦᠬᠡᠨ ᠳᠤᠷᠠᠰᠬᠠᠯᠲᠤ | ᠭᠠᠵᠠᠷ ᠢ ᠬᠠᠮᠠᠭᠠᠯᠠᠨ ᠰᠡᠯᠪᠢᠪᠡ᠃ ᠪᠦᠬᠦ ᠤᠷᠤᠨ ᠤ ᠲᠡᠦᠬᠡᠨ ᠳᠤᠷᠠᠰᠬᠠᠯᠲᠤ ᠵᠦᠢᠯᠡᠰ ᠤᠨ ᠠᠮᠤᠷ ᠢ | ᠬᠠᠮᠠᠭᠠᠯᠠᠬᠤ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠲᠡᠦᠬᠡᠨ ᠳᠤᠷᠠᠰᠬᠠᠯᠲᠤ ᠵᠦᠢᠯᠡᠰ ᠤᠨ ᠬᠠᠤᠯᠢ | ᠶᠢᠨ ᠡᠷᠬᠡᠲᠡᠨ ᠤ ᠬᠠᠤᠯᠢ ᠠᠴᠠ ᠵᠦᠷᠢᠴᠡᠭᠰᠡᠳ ᠢ ᠲᠤᠰᠬᠠᠢ ᠰᠢᠢᠳᠭᠡᠬᠦ ᠪᠠ ᠲᠡᠦᠬᠡᠨ ᠳᠤᠷᠠᠰᠬᠠᠯᠲᠤ ᠵᠦᠢᠯᠡᠰ | ᠤᠨ ᠬᠡᠷᠡᠭᠲᠡᠨ ᠲᠤ ᠲᠤᠰᠬᠠᠢ ᠴᠤᠬᠢᠯᠲᠠ ᠦᠭᠬᠦ ᠠᠵᠢᠯᠯᠠᠭ᠎ᠠ ᠶᠢ ᠦᠷᠨᠢᠭᠦᠯᠵᠦ᠂ ᠡᠯ᠎ᠡ ᠭᠠᠵᠠᠷ ᠤᠨ ᠲᠡᠦᠬᠡᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠬᠢᠨᠠᠨ ᠪᠠᠶᠢᠴᠠᠭᠠᠯᠲᠠ ᠬᠢᠪᠡ᠃ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ | ᠪᠠᠶᠢᠴᠠᠭᠠᠬᠤ ᠬᠤᠷᠢᠶ᠎ᠠ ᠲᠠᠢ ᠰᠤᠶᠤᠯ ᠤᠨ ᠦᠪ ᠲᠤ ᠡᠪᠳᠡᠯᠡᠭᠡ ᠬᠢᠭᠰᠡᠨ ᠠᠰᠠᠭᠤᠳᠠᠯ ᠤᠨ ᠰᠦᠪᠡᠭᠴᠢ ᠶᠢ | ᠰᠢᠯᠵᠢᠭᠦᠯᠦᠨ ᠬᠦᠷᠭᠡᠬᠦ ᠠᠵᠢᠯ ᠤᠨ ᠳᠦᠷᠢᠮ ᠢ ᠪᠠᠶᠢᠭᠤᠯᠪᠠ᠃ ᠵᠢᠢ ᠯᠤ᠋ ᠰᠠᠢ ᠡᠷᠲᠡᠨ ᠤ ᠬᠤᠲᠠ ᠶᠢᠨ | ᠬᠠᠭᠤᠴᠢᠳ᠂ ᠰᠢᠨ᠎ᠡ ᠬᠦᠷᠢᠶ᠎ᠡ ᠡᠷᠲᠡᠨ ᠤ ᠬᠤᠲᠠ ᠶᠢᠨ ᠬᠠᠭᠤᠴᠢᠳ ᠵᠡᠷᠭᠡ ᠭᠠᠵᠠᠷ ᠲᠤ ᠬᠠᠭᠤᠴᠢ ᠰᠤᠳᠤᠯᠤᠯ | ᠤᠨ ᠪᠠᠶᠢᠴᠠᠭᠠᠯᠲᠠ ᠬᠢᠵᠤ᠂ ᠬᠠᠶᠢᠨ ᠰᠢᠨᠵᠢᠵᠦ ᠨᠡᠭᠡᠭᠡᠨ ᠠᠭᠤᠳᠠᠯᠬᠤ ᠠᠵᠢᠯ ᠢ ᠵᠤᠬᠢᠶᠠᠨ ᠪᠠᠶᠢᠭᠤᠯᠤᠨ | ᠦᠷᠨᠢᠭᠦᠯᠪᠡ᠃ ᠦᠪᠡᠷᠮᠢᠴᠡ ᠤᠨᠴᠠᠯᠢᠭ ᠲᠠᠢ ᠮᠦᠽᠸᠢ ᠶᠢᠨ ᠲᠤᠭᠲᠠᠯᠴᠠᠭᠠᠨ ᠤ ᠪᠠᠶᠢᠭᠤᠯᠤᠯᠲᠠ ᠶᠢᠨ ᠵᠢᠭᠠᠨ | ᠵᠢᠯᠤᠭᠤᠳᠬᠤ ᠰᠠᠨᠠᠯ ᠢ ᠬᠡᠪᠯᠡᠨ ᠲᠠᠷᠬᠠᠭᠠᠪᠠ᠃ ᠤᠶᠤᠨᠲᠤ ᠮᠦᠽᠸᠢ ᠶᠢᠨ ᠪᠠᠶᠢᠭᠤᠯᠤᠯᠲᠠ ᠬᠢᠨᠠᠨ ᠰᠢᠯᠭᠠᠯᠲᠠ ᠪᠠᠷ | ᠳᠠᠮᠵᠢᠨ ᠪᠠᠲᠤᠯᠠᠭᠳᠠᠪᠠ᠃ ᠮᠦᠽᠸᠢ᠂ ᠳᠤᠷᠠᠰᠬᠠᠯ ᠤᠨ ᠤᠷᠳᠤᠨ ᠢ ᠲᠦᠯᠦᠪᠦᠷᠢ ᠦᠭᠡᠢ ᠨᠡᠬᠡᠬᠡᠭᠰᠡᠨ ᠪᠠᠶᠢᠳᠠᠯ | ᠤᠨ ᠦᠷ᠎ᠡ ᠪᠦᠲᠦᠮᠵᠢ ᠶᠢ ᠰᠢᠯᠭᠠᠨ ᠲᠤᠭᠲᠠᠭᠠᠵᠤ᠂ ᠭᠤᠤᠯᠳᠠᠯᠭᠠᠲᠤ ᠮᠦᠽᠸᠢ ᠶᠢᠨ ᠠᠵᠢᠯᠯᠠᠭᠠᠨ ᠤ ᠪᠠᠶᠢᠳᠠᠯ | ᠳᠤ ᠦᠨᠡᠯᠡᠨ ᠵᠢᠱᠢᠯᠲᠡ ᠬᠢᠪᠡ᠃ ᠨᠡᠶᠢᠰᠯᠡᠯ ᠤᠨ ᠮᠦᠽᠸᠢ ᠳᠤ《 ᠶᠡᠭᠡ ᠯᠢᠶᠤᠤ ᠶᠢᠨ ᠲᠠᠪᠤᠨ ᠨᠡᠶᠢᠰᠯᠡᠯ ᠤᠨ | ᠦᠵᠡᠰᠭᠦᠯᠡᠩ 》 ᠢ ᠡᠷᠬᠢᠯᠡᠵᠡᠢ᠃ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ《 ᠦᠪᠦᠷ | ᠮᠤᠩᠭᠤᠯ ᠤᠨ ᠴᠠᠩ ᠴᠧᠩ ᠲᠡᠦᠬᠡ ᠰᠤᠶᠤᠯ ᠤᠨ ᠦᠵᠡᠰᠭᠦᠯᠡᠩ 》 ᠢ ᠡᠷᠬᠢᠯᠡᠵᠡᠢ᠃ ᠦᠪᠦᠷ ᠮᠤᠩᠭᠤᠯ ᠤᠨ | ᠮᠦᠽᠸᠢ ᠶᠢᠨ《 ᠶᠡᠭᠡ ᠯᠢᠶᠤᠤ ᠶᠢᠨ ᠭᠢᠳᠠᠨ 》 ᠦᠵᠡᠰᠭᠦᠯᠡᠩ ᠪᠦᠬᠦ ᠤᠯᠤᠰ ᠤᠨ ᠠᠷᠪᠠᠨ ᠲᠤᠮᠤ ᠳᠡᠯᠭᠡᠨ | ᠦᠵᠡᠭᠦᠯᠦᠯᠭᠡ ᠶᠢᠨ ᠰᠤᠳᠤᠨ ᠪᠦᠲᠦᠭᠡᠯ ᠤᠨ ᠱᠠᠩᠨᠠᠯ ᠢ ᠬᠦᠷᠲᠡᠪᠡ᠃ | ᠲᠠᠪᠤ ᠳᠤ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠬᠠᠮᠠᠭᠠᠯᠠᠯᠲᠠ ᠯᠠᠪᠳᠠᠭᠤᠨ ᠢᠶᠠᠷ | ᠠᠬᠢᠪᠠ᠃ ᠲᠠᠪᠤᠳᠤᠭᠠᠷ ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠶᠢᠨ ᠨᠡᠷᠡᠰ ᠤᠨ ᠴᠠᠲᠢᠭ᠂ ᠵᠢᠷᠭᠤᠳᠤᠭᠠᠷ ᠪᠦᠯᠦᠭ ᠦᠪᠡᠷᠲᠡᠭᠡᠨ ᠵᠠᠰᠠᠬᠤ | ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠤᠨ ᠴᠠᠲᠢᠭ ᠪᠤᠯᠤᠨ ᠦᠷᠭᠡᠳᠭᠡᠭᠰᠡᠨ | ᠨᠡᠷᠡᠰ ᠤᠨ ᠴᠠᠲᠢᠭ ᠢ ᠨᠡᠶᠢᠲᠡᠯᠡᠵᠦ᠂ ᠵᠢᠷᠭᠤᠳᠤᠭᠠᠷ ᠪᠦᠯᠦᠭ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ | ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠶᠢ ᠵᠤᠬᠢᠶᠠᠨ ᠪᠠᠶᠢᠭᠤᠯᠤᠨ | ᠰᠤᠩᠭᠤᠨ ᠰᠢᠯᠭᠠᠷᠠᠭᠤᠯᠪᠠ᠃ 3 ᠨᠡᠷ᠎ᠡ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠢ | ᠦᠪᠯᠡᠨ ᠤᠯᠠᠮᠵᠢᠯᠠᠭᠴᠢ ᠶᠢᠨ ᠤᠷ᠎ᠠ ᠮᠡᠷᠭᠡᠵᠢᠯ ᠳᠤ ᠠᠪᠤᠷᠠᠯᠲᠠ ᠶᠢᠨ ᠴᠢᠨᠠᠷᠲᠠᠢ ᠲᠡᠮᠲᠡᠭᠯᠡᠯ ᠬᠢᠵᠦ᠂《 ᠪᠠᠳᠮ᠎ᠠ | — ᠮᠤᠩᠭᠤᠯ ᠠᠷᠠᠳ ᠤᠨ ᠤᠷᠲᠤ ᠶᠢᠨ ᠳᠠᠭᠤᠤ 》 ᠨᠢ ᠤᠯᠤᠰ ᠤᠨ ᠳᠡᠰ ᠤᠨ ᠲᠦᠯᠦᠭᠡᠯᠡᠭᠦ ᠴᠢᠨᠠᠷᠲᠠᠢ | ᠦᠪᠯᠡᠨ ᠤᠯᠠᠮᠵᠢᠯᠠᠭᠴᠢ ᠶᠢᠨ ᠠᠪᠤᠷᠠᠯᠲᠠ ᠶᠢᠨ ᠴᠢᠨᠠᠷᠲᠠᠢ ᠲᠡᠮᠲᠡᠭᠯᠡᠯ ᠤᠨ ᠦᠷ᠎ᠡ ᠪᠦᠲᠦᠮᠵᠢ ᠶᠢᠨ ᠰᠢᠯᠢᠳᠡᠭ | ᠲᠦᠷᠦᠯ ᠵᠦᠢᠯ ᠢᠶᠠᠷ ᠬᠦᠬᠢᠭᠦᠯᠦᠭᠳᠡᠪᠡ᠃ ᠳᠤᠮᠳᠠᠳᠤ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢ | ᠤᠯᠠᠮᠵᠢᠯᠠᠭᠴᠢ ᠤᠯᠠᠨ ᠢ ᠰᠤᠳᠤᠯᠤᠨ ᠪᠤᠯᠪᠠᠰᠤᠷᠠᠭᠤᠯᠬᠤ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠪᠤᠳᠠᠰ ᠤᠨ | ᠪᠤᠰᠤ ᠰᠤᠶᠤᠯ ᠤᠨ ᠦᠪ ᠤᠨ ᠲᠦᠭᠡᠮᠡᠯᠵᠢᠭᠦᠯᠬᠦ ᠪᠤᠯᠪᠠᠰᠤᠷᠠᠯ ᠤᠨ ᠠᠩᠬᠢ ᠶᠢ 24 ᠬᠤᠭᠤᠴᠠᠭ᠎ᠠ ᠡᠷᠬᠢᠯᠡᠵᠦ᠂ | 1000 ᠭᠠᠷᠤᠢ ᠬᠦᠮᠦᠨ ᠳᠤ ᠪᠤᠯᠪᠠᠰᠤᠷᠠᠯ ᠬᠦᠷᠲᠡᠭᠡᠪᠡ᠃ ᠦᠪᠡᠷᠲᠡᠭᠡᠨ ᠵᠠᠰᠠᠬᠤ ᠤᠷᠤᠨ ᠳᠤ ᠤᠯᠠᠮᠵᠢᠯᠠᠯᠲᠤ | ᠭᠠᠷ ᠤᠷᠠᠯᠠᠯ ᠤᠨ ᠠᠵᠢᠯ ᠤᠨ ᠦᠷᠲᠡᠭᠡ ᠶᠢ ᠪᠠᠶᠢᠭᠤᠯᠵᠤ᠂ 13 ᠲᠦᠷᠦᠯ ᠵᠦᠢᠯ ᠨᠢ ᠤᠯᠤᠰ ᠤᠨ | ᠤᠯᠠᠮᠵᠢᠯᠠᠯᠲᠤ ᠭᠠᠷ ᠤᠷᠠᠯᠠᠯ ᠤᠨ ᠬᠦᠭᠵᠢᠭᠦᠯᠬᠦ ᠨᠡᠷᠡᠰ ᠲᠤ ᠰᠤᠩᠭᠤᠭᠳᠠᠪᠠ᠃ 56 ᠦᠨᠳᠦᠰᠦᠲᠡᠨ ᠤ ᠪᠤᠳᠠᠰ | ᠤᠨ ᠪᠤᠰᠤ ᠰᠤᠶᠤᠯ ᠤᠨ ᠦᠪ ᠤᠨ《 ᠬᠠᠷᠢᠯᠴᠠᠨ ᠬᠠᠪᠰᠤᠷᠠᠯᠴᠠᠨ ᠰᠠᠬᠢᠵᠤ ᠪᠠᠷᠠᠯᠠᠬᠤ 》 ᠤᠷᠢᠯᠭ᠎ᠠ ᠶᠢᠨ | ᠦᠵᠡᠰᠭᠦᠯᠡᠩ ᠢ ᠡᠷᠬᠢᠯᠡᠪᠡ᠃《 ᠪᠠᠶᠠᠨ ᠲᠠᠩᠰᠤᠭ ᠤᠶᠤᠨ ᠤ ᠦᠪ᠂ ᠪᠠᠭ᠋ᠠᠷᠤᠮ᠎ᠠ ᠰᠠᠶᠢᠬᠠᠨ ᠠᠵᠤ ᠠᠮᠢᠳᠤᠷᠠᠯ | 》᠂《 ᠤᠯᠠᠮᠵᠢᠯᠠᠯᠲᠤ ᠰᠤᠶᠤᠯ ᠰᠠᠷ᠎ᠠ ᠰᠠᠷ᠎ᠠ ᠳᠡᠯᠭᠡᠷ 》 ᠵᠡᠷᠭᠡ ᠪᠤᠳᠠᠰ ᠤᠨ ᠪᠤᠰᠤ ᠰᠤᠶᠤᠯ ᠤᠨ ᠦᠪ ᠤᠨ | ᠦᠵᠡᠭᠦᠯᠦᠯᠭᠡ ᠶᠢᠨ ᠠᠵᠢᠯᠯᠠᠭ᠎ᠠ ᠶᠢ ᠦᠷᠨᠢᠭᠦᠯᠪᠡ᠃ ᠦᠪᠦᠷ ᠮᠤᠩᠭᠤᠯ ᠤᠨ ᠪᠤᠳᠠᠰ ᠤᠨ ᠪᠤᠰᠤ ᠰᠤᠶᠤᠯ ᠤᠨ | ᠦᠪ ᠢ ᠬᠠᠮᠠᠭᠠᠯᠠᠬᠤ ᠲᠦᠪ ᠪᠦᠬᠦ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠠᠵᠢᠯ | ᠤᠨ ᠲᠡᠷᠢᠭᠦᠨ ᠤ ᠬᠠᠮᠲᠤᠯᠢᠭ ᠢᠶᠠᠷ ᠦᠨᠡᠯᠡᠭᠳᠡᠪᠡ᠃ | ᠵᠢᠷᠭᠤᠭ᠎ᠠ ᠳᠤ᠂ ᠰᠤᠶᠤᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠᠨ ᠲᠠᠰᠤᠷᠠᠯᠲᠠ ᠦᠭᠡᠢ | ᠴᠢᠩᠭᠠᠳᠬᠠᠪᠠ᠃《 ᠰᠤᠶᠤᠯ ᠤᠨ ᠵᠠᠬ᠎ᠠ ᠳᠡᠯᠭᠡᠭᠦᠷ ᠤᠨ ᠤᠮᠠᠷᠠᠲᠤ ᠬᠢᠯᠢ ᠶᠢᠨ ᠲᠤᠭᠲᠠᠭᠤᠨ ᠢᠨᠵᠧᠨᠧᠷᠢᠩ 》 | ᠢ ᠯᠠᠪᠳᠠᠭᠤᠨ ᠢᠶᠠᠷ ᠠᠬᠢᠭᠤᠯᠵᠤ᠂ ᠪᠦᠬᠦ ᠵᠢᠯ ᠳᠤ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠭᠰᠡᠨ 38.5 | ᠲᠦᠮᠡᠨ ᠬᠦᠮᠦᠨ ᠤᠳᠠᠭ᠎ᠠ ᠳᠤ ᠬᠦᠷᠴᠦ᠂ ᠡᠵᠡᠩᠨᠡᠭᠰᠡᠨ ᠪᠠᠶᠢᠭᠤᠯᠭ᠎ᠠ ᠶᠢ ᠪᠠᠶᠢᠴᠠᠭᠠᠭᠰᠠᠨ 13.2 ᠲᠦᠮᠡᠨ | ᠨᠢᠭᠡᠴᠢ ᠤᠳᠠᠭ᠎ᠠ ᠳᠤ ᠬᠦᠷᠴᠦ᠂ ᠵᠠᠷᠯᠢᠭᠳᠠᠨ ᠵᠠᠯᠠᠷᠠᠭᠤᠯᠤᠭᠰᠠᠨ 576 ᠨᠢᠭᠡᠴᠢ ᠤᠳᠠᠭ᠎ᠠ᠂ ᠠᠷᠠᠯᠵᠢᠶ᠎ᠠ ᠶᠢ ᠨᠢ | ᠵᠤᠭᠰᠤᠭᠠᠨ ᠴᠡᠭᠴᠡᠯᠡᠭᠰᠡᠨ 50 ᠨᠢᠭᠡᠴᠢ᠂ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ | ᠦᠭᠡᠢ ᠪᠤᠯᠭᠠᠭᠰᠠᠨ 16 ᠨᠢᠭᠡᠴᠢ᠂ ᠰᠢᠢᠳᠪᠦᠷᠢᠯᠡᠨ ᠲᠠᠰᠤᠯᠠᠭᠰᠠᠨ ᠬᠡᠷᠡᠭ 3023 ᠬᠦᠷᠴᠦ᠂ ᠲᠡᠭᠦᠨ ᠤ | ᠳᠤᠲᠤᠷ᠎ᠠ 1 ᠲᠦᠷᠦᠯ ᠤᠨ ᠬᠡᠷᠡᠭ ᠨᠢ ᠪᠦᠬᠦ ᠤᠯᠤᠰ ᠤᠨ ᠰᠤᠶᠤᠯ ᠤᠨ ᠵᠠᠬ᠎ᠠ ᠳᠡᠯᠭᠡᠭᠦᠷ ᠤᠨ ᠠᠷᠪᠠᠨ ᠲᠤᠮᠤ | ᠬᠡᠷᠡᠭ ᠲᠤ ᠬᠠᠮᠤᠷᠤᠭᠳᠠᠵᠤ᠂ 2 ᠲᠦᠷᠦᠯ ᠤᠨ ᠬᠡᠷᠡᠭ ᠨᠢ ᠪᠦᠬᠦ ᠤᠯᠤᠰ ᠤᠨ ᠰᠤᠶᠤᠯ ᠤᠨ ᠵᠠᠬ᠎ᠠ ᠳᠡᠯᠭᠡᠭᠦᠷ | ᠤᠨ ᠭᠤᠤᠯᠳᠠᠯᠭᠠᠲᠤ ᠬᠡᠷᠡᠭ ᠲᠤ ᠬᠠᠮᠤᠷᠤᠭᠳᠠᠵᠠᠢ᠃ ᠰᠤᠶᠤᠯ ᠤᠨ ᠵᠠᠬ᠎ᠠ ᠳᠡᠯᠭᠡᠭᠦᠷ ᠤᠨ ᠬᠡᠯᠪᠡᠷᠢ ᠪᠠᠨ | ᠦᠭᠡᠷᠡᠴᠢᠯᠡᠨ ᠳᠡᠰ ᠳᠡᠪᠰᠢᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠰᠦᠯᠵᠢᠶᠡᠨ ᠳᠤ ᠤᠷᠤᠬᠤ | ᠦᠢᠯᠡᠴᠢᠯᠡᠭᠡ ᠲᠠᠯᠠᠪᠤᠷ ᠤᠨ ᠤᠷᠴᠢᠨ ᠲᠤᠭᠤᠷᠢᠨ ᠤ ᠦᠢᠯᠡᠴᠢᠯᠡᠭᠡᠨ ᠤ ᠵᠡᠷᠭᠡ ᠳᠡᠰ ᠢ ᠰᠢᠯᠭᠠᠨ ᠲᠤᠭᠲᠠᠭᠠᠬᠤ | ᠠᠵᠢᠯ ᠢ ᠵᠤᠬᠢᠶᠠᠨ ᠪᠠᠶᠢᠭᠤᠯᠤᠨ ᠦᠷᠨᠢᠭᠦᠯᠪᠡ᠃《 ᠴᠢᠯᠦᠭᠡᠲᠡᠢ ᠬᠠᠮᠢᠶᠠᠷᠤᠯᠲᠠ ᠶᠢᠨ ᠦᠢᠯᠡᠴᠢᠯᠡᠭᠡ 》 ᠶᠢᠨ | ᠦᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠰᠤᠶᠤᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠠᠵᠢᠯ ᠢ ᠵᠤᠬᠢᠴᠠᠭᠤᠯᠪᠠ᠃ ᠰᠤᠶᠤᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠤᠭᠲᠠᠯᠴᠠᠭᠠᠨ | ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃ ᠪᠦᠬᠦ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠭᠰᠡᠨ ᠦᠭᠡᠷᠡᠴᠢᠯᠡᠯᠲᠡ ᠶᠢᠨ ᠠᠬᠤᠢ ᠲᠠᠯᠠᠪᠠᠢ ᠶᠢᠨ ᠦᠵᠡᠭᠦᠯᠦᠯᠭᠡ ᠶᠢᠨ | ᠬᠤᠷᠠᠯ ᠢ ᠬᠤᠷᠠᠯᠳᠤᠭᠤᠯᠪᠠ᠃ ᠪᠦᠬᠦ ᠤᠯᠤᠰ ᠤᠨ ᠲᠤᠤᠷ ᠰᠦᠯᠵᠢᠶᠡᠨ ᠤ ᠰᠤᠶᠤᠯ ᠤᠨ ᠬᠠᠤᠯᠢ | ᠬᠡᠷᠡᠭᠵᠢᠭᠦᠯᠦᠭᠰᠡᠨ ᠬᠡᠷᠡᠭ ᠢᠶᠠᠷ ᠪᠤᠯᠪᠠᠰᠤᠷᠠᠯ ᠬᠦᠷᠲᠡᠭᠡᠬᠦ ᠪᠤᠯᠪᠠᠰᠤᠷᠠᠯ ᠤᠨ ᠠᠩᠬᠢ ᠵᠢᠴᠢ ᠪᠦᠬᠦ ᠤᠷᠤᠨ ᠤ | ᠰᠤᠶᠤᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠭᠰᠡᠨ ᠭᠤᠤᠯᠯᠠᠭᠴᠢ ᠬᠦᠴᠦᠨ ᠤ | ᠪᠤᠯᠪᠠᠰᠤᠷᠠᠯ ᠤᠨ ᠠᠩᠬᠢ ᠶᠢ ᠵᠤᠬᠢᠶᠠᠨ ᠪᠠᠶᠢᠭᠤᠯᠤᠨ ᠡᠷᠬᠢᠯᠡᠵᠦ᠂ ᠪᠦᠬᠦ ᠤᠷᠤᠨ ᠤ ᠰᠤᠶᠤᠯ ᠤᠨ ᠵᠠᠬ᠎ᠠ | ᠳᠡᠯᠭᠡᠭᠦᠷ ᠤᠨ ᠶᠡᠷᠦᠩᠬᠡᠢ ᠬᠠᠤᠯᠢ ᠬᠡᠷᠡᠭᠵᠢᠭᠦᠯᠦᠭᠰᠡᠨ ᠮᠡᠷᠭᠡᠵᠢᠯ ᠴᠢᠳᠠᠪᠤᠷᠢ ᠶᠢᠨ ᠲᠡᠮᠡᠴᠡᠭᠡᠨ ᠤ ᠠᠵᠢᠯᠯᠠᠭ᠎ᠠ ᠶᠢ | ᠦᠷᠨᠢᠭᠦᠯᠪᠡ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠭᠴᠢᠳ ᠢ ᠪᠦᠯᠦᠭ ᠳᠡᠰ ᠬᠤᠪᠢᠶᠠᠨ ᠵᠤᠬᠢᠶᠠᠨ | ᠪᠠᠶᠢᠭᠤᠯᠵᠤ᠂ ᠱᠠᠩᠬᠠᠢ ᠬᠤᠲᠠ ᠶᠢᠨ ᠰᠤᠶᠤᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠡᠷᠦᠩᠬᠡᠢ | ᠠᠩᠬᠢ ᠳᠤ ᠶᠠᠪᠤᠭᠤᠯᠵᠤ ᠰᠤᠷᠤᠯᠴᠠᠭᠤᠯᠪᠠ᠃ | ᠳᠤᠯᠤᠭ᠎ᠠ ᠳᠤ᠂ ᠰᠤᠶᠤᠯ ᠤᠨ ᠠᠵᠤ ᠦᠢᠯᠡᠰ ᠦᠷᠭᠦᠯᠵᠢᠯᠡᠨ ᠡᠷᠡᠭᠦᠯ ᠢᠶᠠᠷ ᠬᠦᠭᠵᠢᠪᠡ᠃ ᠲᠦᠪ | ᠪᠤᠯᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠠᠵᠤ ᠦᠢᠯᠡᠰ ᠤᠨ ᠲᠦᠷᠦᠯ ᠵᠦᠢᠯ ᠤᠨ ᠪᠡᠯᠡ | ᠮᠦᠩᠭᠦᠨ ᠳᠤ ᠢᠳᠡᠪᠬᠢᠲᠡᠢ ᠮᠡᠳᠡᠭᠦᠯᠪᠡ᠃ ᠤᠯᠤᠰ ᠤᠨ ᠲᠡᠳᠭᠦᠨ ᠳᠡᠮᠵᠢᠬᠦ ᠲᠦᠷᠦᠯ ᠵᠦᠢᠯ ᠳᠤ ᠦᠷ᠎ᠡ | ᠪᠦᠲᠦᠮᠵᠢ ᠶᠢᠨ ᠦᠨᠡᠯᠡᠯᠲᠡ ᠦᠷᠨᠢᠭᠦᠯᠵᠦ᠂ ᠦᠪᠡᠷᠲᠡᠭᠡᠨ ᠵᠠᠰᠠᠬᠤ ᠤᠷᠤᠨ ᠤ ᠲᠡᠳᠭᠦᠨ ᠳᠡᠮᠵᠢᠬᠦ ᠲᠦᠷᠦᠯ ᠵᠦᠢᠯ | ᠤᠨ ᠦᠷ᠎ᠡ ᠪᠦᠲᠦᠮᠵᠢ ᠳᠤ ᠦᠪᠡᠷ ᠤᠨ ᠦᠨᠡᠯᠡᠯᠲᠡ ᠬᠢᠪᠡ᠃ 128 ᠰᠤᠶᠤᠯ ᠤᠨ ᠠᠵᠤ ᠠᠬᠤᠶᠢᠯᠠᠯ ᠢ | ᠵᠤᠬᠢᠶᠠᠨ ᠪᠠᠶᠢᠭᠤᠯᠵᠤ ᠱᠧᠨᠵᠧᠨ᠂ ᠰᠢ ᠠᠨ᠂ ᠪᠡᠭᠡᠵᠢᠩ᠂ ᠳ᠋ᠦᠨᠬᠤᠸᠠᠩ ᠤᠨ ᠰᠤᠶᠤᠯ ᠤᠨ ᠦᠵᠡᠰᠭᠦᠯᠡᠩ ᠵᠢᠴᠢ | ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠭᠦᠯᠡᠩ ᠳᠤ ᠤᠷᠤᠯᠴᠠᠵᠤ᠂ | ᠦᠪᠦᠷ ᠮᠤᠩᠭᠤᠯ ᠤᠨ ᠰᠤᠶᠤᠯ ᠤᠨ ᠪᠦᠲᠦᠭᠡᠭᠳᠡᠭᠦᠨ ᠪᠤᠯᠤᠨ ᠰᠤᠶᠤᠯ ᠤᠨ ᠨᠡᠷ᠎ᠡ ᠲᠡᠮᠳᠡᠭ ᠢᠶᠠᠨ ᠢᠳᠡᠪᠬᠢᠲᠡᠢ | ᠤᠬᠠᠭᠤᠯᠤᠨ ᠲᠠᠨᠢᠯᠴᠠᠭᠤᠯᠵᠤ᠂ ᠬᠠᠮᠲᠤᠷᠠᠬᠤ ᠲᠦᠷᠦᠯ ᠵᠦᠢᠯ 17 ᠶᠢ ᠲᠤᠭᠲᠠᠵᠤ᠂ ᠪᠦᠲᠦᠭᠡᠭᠳᠡᠭᠦᠨ ᠤ | ᠵᠠᠬᠢᠶᠠᠯᠯᠠᠭ᠎ᠠ 105᠂ ᠲᠤᠬᠠᠢ ᠶᠢᠨ ᠲᠠᠯᠠᠪᠠᠢ ᠶᠢᠨ ᠪᠤᠷᠤᠯᠠᠭᠤᠯᠭ᠎ᠠ 1200 ᠲᠦᠮᠡᠨ ᠲᠦᠭᠦᠷᠢᠭ ᠲᠤ ᠬᠦᠷᠴᠦ᠂ | ᠬᠤᠷᠴᠢᠨ ᠤ ᠪᠠᠶᠢᠭᠠᠯᠢ ᠶᠢᠨ ᠲᠠᠪᠤᠨ ᠲᠠᠷᠢᠶᠠᠨ ᠤ ᠵᠢᠷᠤᠭ ᠵᠡᠷᠭᠡ ᠤᠯᠠᠨ ᠲᠦᠷᠦᠯ ᠤᠨ ᠰᠤᠶᠤᠯ ᠤᠨ | ᠪᠦᠲᠦᠭᠡᠯᠴᠢ ᠰᠡᠳᠭᠢᠬᠦᠢ ᠶᠢᠨ ᠲᠦᠷᠦᠯ ᠵᠦᠢᠯ ᠨᠢ《 ᠳᠤᠮᠳᠠᠳᠤ ᠤᠯᠤᠰ ᠤᠨ ᠭᠠᠷ ᠤᠷᠠᠯᠠᠯ ᠤᠨ ᠰᠤᠶᠤᠯ ᠤᠨ | ᠪᠦᠲᠦᠭᠡᠯᠴᠢ ᠰᠡᠳᠭᠢᠬᠦᠢ ᠶᠢᠨ ᠠᠯᠲᠠᠨ ᠱᠠᠩᠨᠠᠯ 》 ᠢ ᠬᠦᠷᠲᠡᠪᠡ᠃ ᠰᠤᠶᠤᠯ ᠵᠢᠭᠤᠯᠴᠢᠯᠠᠯ ᠤᠨ ᠰᠢᠰᠲ᠋ᠧᠮ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠰᠤᠶᠤᠯ | ᠮᠦᠩᠭᠦᠨ ᠭᠦᠢᠯᠭᠡᠭᠡᠨ ᠤ ᠬᠤᠷᠰᠢᠭᠰᠠᠨ ᠲᠠᠪᠴᠠᠩ ᠢ ᠢᠳᠡᠪᠬᠢᠲᠡᠢ ᠪᠠᠶᠢᠭᠤᠯᠵᠤ᠂ ᠭᠤᠤᠯᠳᠠᠯᠭᠠᠲᠤ ᠰᠤᠶᠤᠯ ᠤᠨ | ᠪᠦᠲᠦᠭᠡᠭᠳᠡᠭᠦᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃ ᠰᠤᠶᠤᠯ ᠤᠨ ᠪᠦᠲᠦᠭᠡᠯᠴᠢ | ᠰᠡᠳᠭᠢᠴᠡ ᠲᠠᠢ ᠪᠦᠲᠦᠭᠡᠭᠳᠡᠭᠦᠨ ᠤ ᠨᠡᠭᠡᠭᠡᠯᠲᠡ ᠶᠢ ᠠᠬᠢᠭᠤᠯᠵᠤ᠂ 2018 ᠤᠨ ᠤ ᠦᠪᠦᠷ ᠮᠤᠩᠭᠤᠯ ᠤᠨ | ᠪᠦᠲᠦᠭᠡᠯᠴᠢ ᠰᠠᠨᠠᠭ᠎ᠠ ᠲᠠᠢ ᠲᠦᠯᠦᠪᠯᠡᠭᠡᠨ ᠤ ᠦᠵᠡᠰᠭᠦᠯᠡᠩ ᠢ ᠡᠷᠬᠢᠯᠡᠪᠡ᠃ ᠹᠢᠵᠢ ᠳᠤ ᠬᠦᠷᠴᠦ ᠳᠤᠮᠳᠠᠳᠤ | ᠤᠯᠤᠰ ᠤᠨ ᠦᠪᠦᠷ ᠮᠤᠩᠭᠤᠯ ᠤᠨ ᠹᠢᠵᠢ ᠰᠤᠶᠤᠯ ᠤᠨ ᠪᠦᠲᠦᠭᠡᠯᠴᠢ ᠰᠠᠨᠠᠭ᠎ᠠ ᠲᠠᠢ ᠪᠦᠲᠦᠭᠡᠭᠳᠡᠭᠦᠨ ᠤ ᠭᠠᠷᠠᠭ | ᠤᠨ ᠠᠵᠢᠯᠯᠠᠭ᠎ᠠ ᠶᠢ ᠦᠷᠨᠢᠭᠦᠯᠵᠦ᠂ ᠮᠤᠩᠭᠤᠯ ᠤᠯᠤᠰ ᠲᠤ ᠬᠦᠷᠴᠦ ᠦᠪᠦᠷ ᠮᠤᠩᠭᠤᠯ ᠤᠨ ᠰᠤᠶᠤᠯ ᠤᠨ | ᠪᠦᠲᠦᠭᠡᠯᠴᠢ ᠰᠠᠨᠠᠭ᠎ᠠ ᠲᠠᠢ ᠪᠦᠲᠦᠭᠡᠭᠳᠡᠭᠦᠨ ᠤ ᠦᠵᠡᠰᠭᠦᠯᠡᠩ ᠢ ᠡᠷᠬᠢᠯᠡᠪᠡ᠃ | ᠨᠠᠢᠮᠠ ᠳᠤ᠂ ᠭᠠᠳᠠᠭᠠᠳᠤ ᠲᠠᠢ ᠬᠢᠭᠰᠡᠨ ᠰᠤᠶᠤᠯ ᠤᠨ ᠰᠤᠯᠢᠯᠴᠠᠭᠠᠨ ᠤ ᠭᠡᠷᠡᠯᠲᠦ ᠴᠡᠭ ᠵᠠᠯᠭᠠᠭ᠎ᠠ ᠪᠠᠷ | ᠢᠯᠡᠷᠡᠪᠡ᠃ ᠤᠷᠠᠯᠢᠭ ᠤᠨ ᠪᠦᠯᠬᠦᠮ ᠢ ᠰᠤᠩᠭᠤᠨ ᠲᠤᠮᠢᠯᠠᠵᠤ ᠸᠢᠶᠧᠲᠨᠠᠮ᠂ ᠰᠯᠤᠸᠠᠺᠢᠶᠠ᠂ ᠭᠧᠷᠮᠠᠨ ᠵᠡᠷᠭᠡ 11 | ᠤᠯᠤᠰ ᠪᠤᠶᠤ ᠤᠷᠤᠨ ᠳᠤ ᠤᠴᠢᠭᠤᠯᠵᠤ《 ᠪᠠᠶᠠᠰᠬᠤᠯᠠᠩᠲᠤ ᠴᠠᠭᠠᠨ ᠰᠠᠷ᠎ᠠ 》 ᠠᠵᠢᠯᠯᠠᠭ᠎ᠠ ᠶᠢ ᠦᠷᠨᠢᠭᠦᠯᠵᠦ᠂ | ᠤᠷᠢᠳ ᠬᠤᠵᠢᠳ 52 ᠲᠠᠯᠠᠪᠠᠢ ᠤᠳᠠᠭ᠎ᠠ ᠲᠤᠭᠯᠠᠵᠤ᠂ ᠦᠵᠡᠭᠴᠢ ᠶᠢᠨ ᠲᠤᠭ᠎ᠠ 100 ᠭᠠᠷᠤᠢ ᠲᠦᠮᠡᠨ ᠬᠦᠮᠦᠨ | ᠤᠳᠠᠭ᠎ᠠ ᠳᠤ ᠬᠦᠷᠪᠡ᠃ ᠤᠷᠤᠰ ᠮᠤᠩᠭᠤᠯ ᠲᠠᠢ ᠰᠤᠶᠤᠯ ᠤᠨ ᠰᠤᠯᠢᠯᠴᠠᠭ᠎ᠠ ᠪᠤᠯᠤᠨ ᠬᠠᠮᠲᠤᠷᠠᠯᠴᠠᠭ᠎ᠠ | ᠦᠷᠨᠢᠭᠦᠯᠵᠦ᠂ ᠪᠦᠯᠬᠦᠮ ᠪᠠᠶᠢᠭᠤᠯᠵᠤ《 ᠳᠤᠮᠳᠠᠳᠤ ᠶᠢ ᠮᠡᠳᠡᠷᠡᠬᠦ 》 ᠳᠤᠮᠳᠠᠳᠤ ᠤᠯᠤᠰ ᠤᠨ ᠦᠪᠦᠷ ᠮᠤᠩᠭᠤᠯ | ᠤᠨ ᠰᠤᠶᠤᠯ ᠤᠨ ᠭᠠᠷᠠᠭ ᠤᠨ ᠠᠵᠢᠯᠯᠠᠭ᠎ᠠ᠂《 ᠪᠠᠶᠢᠭᠠᠯ ᠤᠨ ᠡᠭᠡᠰᠢᠭ 》 ᠤᠯᠠᠨ ᠤᠯᠤᠰ ᠤᠨ ᠲᠠᠶᠢᠰᠠᠨ ᠤ | ᠬᠡᠷᠬᠡᠮᠲᠡᠨ ᠳᠠᠭᠤᠴᠢᠨ ᠤ ᠶᠡᠭᠡ ᠤᠷᠤᠯᠳᠤᠭᠠᠨ᠂《 ᠮᠤᠩᠭᠤᠯ ᠳᠡᠭᠦᠦᠳᠡᠢ 》 ᠪᠠᠭᠠᠴᠤᠳ ᠤᠨ ᠤᠷᠠᠨ ᠵᠢᠷᠤᠭ | ᠤᠨ ᠪᠦᠲᠦᠭᠡᠯ ᠤᠨ ᠦᠵᠡᠰᠭᠦᠯᠡᠩ ᠳᠤ ᠤᠷᠤᠯᠴᠠᠵᠤ᠂ ᠳᠤᠮᠳᠠᠳᠤ ᠮᠤᠩᠭᠤᠯ ᠬᠠᠮᠲᠤᠷᠠᠭᠰᠠᠨ ᠬᠠᠭᠤᠴᠢ | ᠰᠤᠳᠤᠯᠤᠯ ᠤᠨ ᠲᠦᠷᠦᠯ ᠵᠦᠢᠯ ᠢᠶᠠᠨ ᠦᠷᠭᠦᠯᠵᠢᠯᠡᠨ ᠠᠬᠢᠭᠤᠯᠪᠠ᠃ ᠹᠢᠵᠢ ᠶᠢᠨ ᠳᠤᠮᠳᠠᠳᠤ ᠶᠢᠨ ᠰᠤᠶᠤᠯ ᠤᠨ | ᠲᠦᠪ ᠲᠠᠢ ᠬᠠᠮᠲᠤᠷᠠᠨ《 ᠮᠢᠨᠤ ᠦᠵᠡᠰᠭᠦᠯᠡᠩᠲᠦ ᠲᠠᠯ᠎ᠠ ᠨᠤᠲᠤᠭ 》 ᠦᠪᠦᠷ ᠮᠤᠩᠭᠤᠯ ᠤᠨ ᠰᠤᠶᠤᠯ ᠤᠨ ᠵᠢᠯ | ᠤᠨ ᠠᠵᠢᠯᠯᠠᠭ᠎ᠠ ᠶᠢ ᠦᠷᠨᠢᠭᠦᠯᠵᠦ᠂ ᠵᠠᠩ ᠦᠢᠯᠡ ᠶᠢᠨ ᠭᠡᠷᠡᠯ ᠵᠢᠷᠤᠭ ᠤᠨ ᠦᠵᠡᠰᠭᠦᠯᠡᠩ᠂ ᠪᠠᠭᠠᠴᠤᠳ ᠤᠨ | ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ᠂ ᠪᠤᠳᠠᠰ ᠤᠨ ᠪᠤᠰᠤ ᠰᠤᠶᠤᠯ ᠤᠨ ᠦᠪ ᠤᠨ | ᠦᠵᠡᠭᠦᠯᠦᠯᠭᠡ ᠶᠢᠨ ᠠᠵᠢᠯᠯᠠᠭ᠎ᠠ ᠪᠤᠯᠤᠨ ᠤᠷᠠᠨ ᠰᠠᠶᠢᠬᠠᠨ ᠤ ᠲᠤᠭᠯᠠᠯᠲᠠ ᠶᠢᠨ ᠠᠵᠢᠯᠯᠠᠭ᠎ᠠ ᠶᠢ ᠡᠷᠬᠢᠯᠡᠪᠡ᠃ | ᠤᠤᠮᠧᠨ ᠳᠤ ᠬᠦᠷᠴᠦ《 ᠵᠠᠰᠠᠯ ᠴᠢᠮᠡᠭ ᠵᠠᠩᠰᠢᠯ ᠰᠤᠶᠤᠯ 》 ᠦᠨᠳᠦᠰᠦᠲᠡᠨ ᠤ ᠬᠤᠪᠴᠠᠰᠤ ᠬᠤᠨᠠᠷ ᠵᠠᠰᠠᠯ | ᠴᠢᠮᠡᠭ ᠤᠨ ᠰᠢᠷᠢᠰ ᠠᠵᠢᠯᠯᠠᠭ᠎ᠠ ᠶᠢ ᠦᠷᠨᠢᠭᠦᠯᠵᠦ᠂ ᠦᠨᠳᠦᠰᠦᠲᠡᠨ ᠤ ᠬᠤᠪᠴᠠᠰᠤ ᠬᠤᠨᠠᠷ ᠵᠠᠰᠠᠯ ᠴᠢᠮᠡᠭ ᠤᠨ | ᠦᠵᠡᠭᠦᠯᠦᠯᠭᠡ᠂ ᠪᠤᠳᠠᠰ ᠤᠨ ᠪᠤᠰᠤ ᠰᠤᠶᠤᠯ ᠤᠨ ᠦᠪ ᠤᠨ ᠭᠡᠷᠡᠯ ᠵᠢᠷᠤᠭ ᠤᠨ ᠦᠵᠡᠰᠭᠦᠯᠡᠩ᠂ ᠤᠯᠠᠮᠵᠢᠯᠠᠯᠲᠤ | ᠭᠠᠷ ᠤᠷᠠᠯᠠᠯ ᠤᠨ ᠦᠵᠡᠭᠦᠯᠦᠯᠭᠡ᠂ ᠦᠨᠳᠦᠰᠦᠲᠡᠨ ᠤ ᠳᠠᠭᠤᠤ ᠪᠦᠵᠢᠭ ᠤᠨ ᠲᠤᠭᠯᠠᠯᠲᠠ ᠶᠢ ᠡᠷᠬᠢᠯᠡᠪᠡ᠃ | ᠶᠠᠫᠤᠨ᠂ ᠡᠨᠡᠳᠬᠡᠭ᠂ ᠺᠤᠷᠢᠶᠠ᠂ ᠠᠮᠧᠷᠢᠺᠠ᠂ ᠢᠲ᠋ᠠᠯᠢ᠂ ᠺᠠᠽᠠᠭᠰᠲ᠋ᠠᠨ ᠵᠡᠷᠭᠡ ᠤᠯᠤᠰ ᠪᠤᠯᠤᠨ ᠤᠷᠤᠨ ᠲᠠᠢ ᠡᠯᠪᠡᠭ | ᠪᠠᠶᠠᠯᠢᠭ ᠠᠭᠤᠯᠭ᠎ᠠ ᠲᠠᠢ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠶᠢ ᠦᠷᠨᠢᠭᠦᠯᠪᠡ᠃ ᠤᠷᠢᠳ ᠬᠤᠵᠢᠳ | 40 ᠭᠠᠷᠤᠢ ᠤᠯᠤᠰ ᠪᠤᠯᠤᠨ ᠤᠷᠤᠨ ᠠᠴᠠ ᠢᠷᠡᠭᠰᠡᠨ ᠤᠷᠠᠨ ᠰᠠᠶᠢᠬᠠᠨ ᠤ ᠲᠤᠭᠯᠠᠯᠲᠠ᠂ ᠰᠤᠶᠤᠯ ᠤᠨ | ᠰᠤᠯᠢᠯᠴᠠᠭ᠎ᠠ᠂ ᠰᠠᠭᠤᠳᠠᠯ ᠤᠨ ᠬᠤᠷᠠᠯ ᠳᠤ ᠤᠷᠤᠯᠴᠠᠭᠰᠠᠨ ᠬᠦᠮᠦᠰ ᠢ ᠬᠦᠯᠢᠶᠡᠨ ᠠᠪᠤᠪᠠ᠃ | ᠶᠢᠰᠦ ᠳᠤ᠂ ᠰᠤᠶᠤᠯ ᠢᠶᠠᠷ ᠶᠠᠳᠠᠭᠤ ᠶᠢ ᠲᠡᠳᠭᠦᠬᠦ ᠠᠵᠢᠯ ᠯᠠᠪᠳᠠᠭᠤᠨ ᠢᠶᠠᠷ ᠠᠬᠢᠪᠠ᠃《 ᠶᠠᠳᠠᠭᠤ | ᠠᠴᠠ ᠠᠩᠭᠢᠵᠢᠷᠠᠵᠤ ᠢᠯᠠᠯᠲᠠ ᠤᠯᠬᠤ ᠶᠢᠨ ᠪᠠᠬᠢᠯᠡᠯᠲᠡ ᠰᠢᠪᠲᠤᠯᠬᠤ ᠪᠠᠶᠢᠯᠳᠤᠭᠠᠨ ᠤ ᠭᠤᠷᠪᠠᠨ ᠵᠢᠯ ᠤᠨ | ᠠᠵᠢᠯᠯᠠᠭ᠎ᠠ ᠶᠢᠨ ᠬᠡᠷᠡᠭᠵᠢᠭᠦᠯᠬᠦ ᠲᠤᠬᠠᠢ ᠲᠦᠰᠦᠯ》 ᠢ ᠵᠤᠬᠢᠶᠠᠨ ᠪᠠᠶᠢᠭᠤᠯᠤᠨ ᠲᠤᠭᠲᠠᠭᠠᠪᠠ᠃ ᠲᠦᠪ ᠪᠤᠯᠤᠨ | ᠦᠪᠡᠷᠲᠡᠭᠡᠨ ᠵᠠᠰᠠᠬᠤ ᠤᠷᠤᠨ ᠤ ᠡᠳ᠋ ᠶᠢᠨ ᠵᠠᠰᠠᠭ ᠤᠨ ᠪᠡᠯᠡ ᠮᠦᠩᠭᠦ 3.23 ᠳ᠋ᠦᠩᠰᠢᠭᠤᠷ ᠲᠦᠭᠦᠷᠢᠭ ᠢ | ᠢᠳᠡᠪᠬᠢᠲᠡᠢ ᠪᠠᠷ ᠲᠡᠮᠡᠴᠡᠨ ᠤᠯᠵᠤ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠶᠤᠯ ᠤᠨ ᠦᠢᠯᠡᠰ ᠤᠨ | ᠬᠦᠭᠵᠢᠯᠲᠡ ᠶᠢ ᠲᠡᠳᠭᠦᠨ ᠳᠡᠮᠵᠢᠪᠡ᠃ ᠰᠤᠶᠤᠯ ᠤᠨ ᠪᠦᠲᠦᠭᠡᠭᠳᠡᠭᠦᠨ ᠢᠶᠠᠷ ᠨᠠᠷᠢᠨ ᠤᠨᠤᠪᠴᠢᠲᠠᠢ ᠲᠡᠳᠭᠦᠨ | ᠳᠡᠮᠵᠢᠭᠰᠡᠨ ᠪᠤᠯᠪᠠᠰᠤᠷᠠᠯ ᠤᠨ ᠠᠩᠬᠢ ᠡᠷᠬᠢᠯᠡᠵᠦ᠂ ᠴᠠᠰᠤᠨ ᠴᠡᠷᠢᠭ ᠤᠨ ᠳ᠋ᠧᠩᠯᠦ᠂ ᠬᠠᠳᠬᠤᠮᠠᠯ ᠮᠤᠬᠤᠯᠠᠭ ᠭᠡᠯᠢᠬᠦ | ᠂ ᠸᠠᠩ ᠤᠨ ᠤᠷᠳᠤᠨ ᠤ ᠬᠠᠳᠬᠤᠮᠠᠯ ᠵᠡᠷᠭᠡ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠶᠤᠯ ᠤᠨ | ᠪᠦᠲᠦᠭᠡᠭᠳᠡᠭᠦᠨ ᠤ ᠲᠦᠷᠦᠯ ᠵᠦᠢᠯ ᠢ ᠲᠡᠳᠭᠦᠨ ᠳᠡᠮᠵᠢᠵᠦ᠂ ᠲᠤᠬᠠᠢ ᠶᠢᠨ ᠤᠷᠤᠨ ᠤ ᠶᠠᠳᠠᠭᠤ ᠬᠦᠴᠢᠷᠳᠡᠯᠲᠡᠢ | ᠤᠯᠠᠨ ᠲᠦᠮᠡᠨ ᠢ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠵᠠᠮ ᠢᠶᠠᠷ ᠳᠠᠶᠢᠴᠢᠯᠠᠪᠠ᠃《 | ᠤᠯᠠᠮᠵᠢᠯᠠᠯᠲᠤ ᠭᠠᠷ ᠤᠷᠠᠯᠠᠯ · ᠰᠤᠶᠤᠯ ᠤᠨ ᠲᠡᠳᠭᠦᠮᠵᠢ 》 ᠰᠢᠷᠢᠰ ᠠᠵᠢᠯᠯᠠᠭ᠎ᠠ ᠶᠢ ᠦᠷᠨᠢᠭᠦᠯᠪᠡ᠃《 | ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠭᠦᠬᠦ ᠭᠤᠷᠪᠠᠨ ᠵᠢᠯ ᠤᠨ ᠠᠵᠢᠯᠯᠠᠭᠠᠨ ᠤ ᠪᠤᠷᠤ ᠲᠦᠯᠦᠪ | ᠤᠨ ᠬᠡᠯᠡᠯᠴᠡᠭᠡᠷ 》 ᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠤᠷᠤᠨ ᠤ ᠪᠤᠳᠠᠰ ᠤᠨ ᠪᠤᠰᠤ ᠰᠤᠶᠤᠯ | ᠤᠨ ᠦᠪ ᠢ ᠬᠠᠮᠠᠭᠠᠯᠠᠬᠤ ᠭᠠᠵᠠᠷ ᠤᠨ ᠠᠵᠢᠯᠲᠠᠨ ᠢ ᠰᠤᠩᠭᠤᠨ ᠲᠤᠮᠢᠯᠠᠵᠤ ᠪᠡᠭᠡᠵᠢᠩ ᠬᠤᠲᠠ ᠠᠴᠠ | ᠡᠷᠬᠢᠯᠡᠭᠰᠡᠨ ᠬᠤᠯᠪᠤᠭᠳᠠᠯ ᠪᠦᠬᠦᠢ ᠠᠵᠢᠯ ᠤᠨ ᠪᠤᠯᠪᠠᠰᠤᠷᠠᠯ ᠳᠤ ᠤᠷᠤᠯᠴᠠᠭᠤᠯᠵᠤ᠂ ᠶᠠᠳᠠᠭᠤ ᠬᠦᠴᠢᠷᠳᠡᠯᠲᠡᠢ | ᠬᠤᠰᠢᠭᠤ ᠰᠢᠶᠠᠨ ᠪᠤᠯᠤᠨ ᠪᠡᠭᠡᠵᠢᠩ ᠤᠨ ᠰᠤᠶᠤᠯ ᠤᠨ ᠦᠵᠡᠰᠭᠦᠯᠡᠩ ᠲᠠᠢ ᠪᠤᠳᠠᠲᠠᠢ ᠬᠠᠮᠵᠢᠯᠴᠠᠬᠤ ᠠᠵᠢᠯ ᠢ | ᠵᠤᠬᠢᠶᠠᠨ ᠪᠠᠶᠢᠭᠤᠯᠪᠠ᠃ ᠲᠤᠭᠲᠠᠭᠰᠠᠨ ᠴᠡᠭ ᠲᠤ ᠶᠠᠳᠠᠭᠤ ᠶᠢ ᠲᠡᠳᠭᠦᠬᠦ ᠠᠵᠢᠯ ᠢ ᠢᠳᠡᠪᠬᠢᠲᠡᠢ ᠦᠷᠨᠢᠭᠦᠯᠪᠡ᠃ | ᠠᠷᠪᠠ ᠳᠤ᠂ ᠰᠤᠶᠤᠯ ᠤᠨ ᠪᠠᠲᠤᠯᠠᠭᠠᠨ ᠤ ᠦᠢᠯᠡᠴᠢᠯᠡᠭᠡ ᠤᠯᠠᠮ ᠢᠯᠡᠭᠦᠦ ᠲᠡᠭᠦᠯᠳᠡᠷᠵᠢᠪᠡ᠃ ᠰᠤᠶᠤᠯ | ᠤᠨ ᠬᠠᠤᠯᠢᠴᠢᠯᠠᠯ ᠤᠯᠠᠮ ᠡᠷᠴᠢᠮᠵᠢᠵᠦ᠂ ᠤᠯᠠᠭᠠᠨᠮᠦ᠋ᠴᠢᠷ ᠤᠨ ᠬᠠᠤᠯᠢ ᠲᠤᠭᠲᠠᠭᠠᠬᠤ ᠠᠵᠢᠯ ᠲᠤᠭᠲᠠᠭᠤᠨ ᠢᠶᠠᠷ | ᠠᠬᠢᠪᠠ᠃ ᠰᠤᠶᠤᠯ ᠲᠡᠦᠬᠡᠨ ᠳᠤᠷᠠᠰᠬᠠᠯᠲᠤ ᠵᠦᠢᠯ ᠤᠨ ᠰᠢᠰᠲ᠋ᠧᠮ ᠤᠨ《 ᠭᠤᠷᠪᠠᠨ ᠳᠡᠰ ᠲᠠᠪᠤᠨ ᠠᠳᠠᠯᠢ 》 | ᠡᠷᠬᠡ ᠬᠠᠷᠢᠭᠤᠴᠠᠯᠭ᠎ᠠ ᠶᠢᠨ ᠵᠦᠢᠯ ᠤᠨ ᠨᠠᠷᠢᠨ ᠳᠠᠩᠰᠠ ᠶᠢ ᠵᠤᠬᠢᠴᠠᠭᠤᠯᠤᠨ ᠰᠢᠯᠤᠭᠤᠳᠬᠠᠪᠠ᠃ ᠲᠦᠷᠦᠯ ᠵᠦᠢᠯ | ᠤᠨ ᠪᠡᠯᠡ ᠮᠦᠩᠭᠦ ᠶᠢ ᠲᠡᠮᠡᠴᠡᠨ ᠤᠯᠬᠤ ᠪᠠᠷ ᠢᠳᠡᠪᠬᠢᠯᠡᠵᠦ᠂ ᠤᠷᠤᠵᠤ ᠢᠷᠡᠭᠰᠡᠨ ᠪᠡᠯᠡ ᠮᠦᠩᠭᠦ 12.62 | ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠪᠡ᠃ | ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ | ᠠᠮᠵᠢᠯᠲᠠ ᠲᠠᠢ ᠬᠠᠮᠢᠶᠠᠷᠤᠯᠲᠠ ᠬᠢᠭᠡᠳ ᠳᠤᠲᠤᠭᠠᠳᠤ ᠡᠵᠡᠮᠰᠢᠯ ᠤᠨ ᠪᠠᠶᠢᠭᠤᠯᠤᠯᠲᠠ ᠤᠯᠠᠮ ᠡᠷᠴᠢᠮᠵᠢᠪᠡ᠃ ᠤᠷᠠᠨ | ᠪᠦᠲᠦᠭᠡᠯ᠂ ᠤᠯᠠᠨ ᠨᠡᠶᠢᠲᠡ ᠶᠢᠨ ᠰᠤᠶᠤᠯ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠬᠤ᠂ ᠲᠡᠦᠬᠡᠨ | ᠳᠤᠷᠠᠰᠬᠠᠯᠲᠤ ᠵᠦᠢᠯ ᠢ ᠬᠠᠮᠠᠭᠠᠯᠠᠬᠤ᠂ ᠰᠤᠶᠤᠯ ᠤᠨ ᠵᠠᠬ᠎ᠠ ᠳᠡᠯᠭᠡᠭᠦᠷ᠂ ᠰᠤᠶᠤᠯ ᠤᠨ ᠪᠦᠲᠦᠭᠡᠭᠳᠡᠭᠦᠨ ᠵᠡᠷᠭᠡ | ᠡᠯ᠎ᠡ ᠲᠦᠷᠦᠯ ᠤᠨ ᠪᠤᠯᠪᠠᠰᠤᠷᠠᠯ 23 ᠠᠩᠬᠢ ᠤᠳᠠᠭ᠎ᠠ 3000 ᠭᠠᠷᠤᠢ ᠬᠦᠮᠦᠨ ᠤᠳᠠᠭ᠎ᠠ ᠶᠢ ᠵᠤᠬᠢᠶᠠᠨ | ᠪᠠᠶᠢᠭᠤᠯᠪᠠ᠃ ᠦᠪᠦᠷ ᠮᠤᠩᠭᠤᠯ ᠤᠨ ᠰᠤᠶᠤᠯ ᠤᠨ ᠤᠷᠳᠤᠨ ᠤ ᠰᠢᠨ᠎ᠡ ᠤᠷᠳᠤᠨ᠂ ᠦᠪᠦᠷ ᠮᠤᠩᠭᠤᠯ ᠤᠨ | ᠬᠤᠪᠢᠰᠬᠠᠯᠲᠤ ᠲᠡᠦᠬᠡ ᠶᠢᠨ ᠮᠦᠽᠸᠢ᠂ ᠭᠢᠳᠠᠨ ᠯᠢᠶᠤᠤ ᠶᠢᠨ ᠮᠦᠽᠸᠢ ᠶᠢᠨ ᠪᠦᠲᠦᠭᠡᠨ ᠪᠠᠶᠢᠭᠤᠯᠤᠯᠲᠠ | ᠯᠠᠪᠳᠠᠭᠤᠨ ᠢᠶᠠᠷ ᠠᠬᠢᠵᠤ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠦᠷᠭᠦᠯᠵᠢᠯᠡᠨ ᠳᠡᠭᠡᠭᠰᠢᠯᠡᠵᠦ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠰᠤᠷᠠᠭ ᠵᠠᠩᠭᠢ ᠶᠢ ᠪᠠᠶᠢᠴᠠᠭᠠᠨ ᠰᠤᠳᠤᠯᠬᠤ᠂ ᠳᠠᠩᠰᠠ ᠡᠪᠬᠡᠮᠡᠯ ᠤᠨ | ᠨᠢᠭᠤᠴᠠ ᠶᠢ ᠬᠠᠮᠠᠭᠠᠯᠠᠬᠤ᠂ ᠰᠦᠯᠵᠢᠶᠡᠨ ᠤ ᠦᠷᠲᠡᠭᠡ ᠶᠢᠨ ᠪᠦᠲᠦᠭᠡᠨ ᠪᠠᠶᠢᠭᠤᠯᠤᠯᠲᠠ᠂ ᠲᠤᠭ᠎ᠠ ᠪᠠᠷᠢᠮᠲᠠ | ᠶᠢᠨ ᠪᠦᠷᠢᠳᠭᠡᠯ ᠲᠠᠰᠤᠷᠠᠯᠲᠠ ᠦᠭᠡᠢ ᠡᠷᠴᠢᠮᠵᠢᠪᠡ᠃《 13 ·5 ᠲᠦᠯᠦᠪᠯᠡᠭᠡ 》 ᠰᠤᠶᠤᠯ ᠤᠨ | ᠦᠭᠡᠷᠡᠴᠢᠯᠡᠯᠲᠡ ᠬᠦᠭᠵᠢᠯᠲᠡ ᠶᠢᠨ ᠲᠦᠯᠦᠪᠵᠢᠭᠦᠯᠭᠡ ᠶᠢᠨ ᠬᠡᠷᠡᠭᠵᠢᠭᠦᠯᠦᠭᠰᠡᠨ ᠪᠠᠶᠢᠳᠠᠯ ᠳᠤ ᠳᠤᠮᠳᠠ ᠱᠠᠲᠤᠨ ᠤ | ᠦᠨᠡᠯᠡᠯᠲᠡ ᠦᠷᠨᠢᠭᠦᠯᠪᠡ᠃ ᠠᠶᠤᠯ ᠦᠭᠡᠢ ᠦᠢᠯᠡᠳᠪᠦᠷᠢᠯᠡᠯ᠂ ᠶᠡᠷᠦᠩᠬᠡᠢ ᠬᠠᠮᠢᠶᠠᠷᠤᠯᠲᠠ ᠶᠢᠨ ᠲᠤᠭᠲᠠᠭᠤᠨ | ᠪᠠᠷᠢᠮᠲᠠᠯᠠᠯ᠂ ᠠᠷᠤ ᠲᠠᠯ᠎ᠠ ᠶᠢᠨ ᠠᠵᠢᠯ ᠤᠨ ᠪᠠᠲᠤᠯᠠᠭᠠᠨ ᠤ ᠦᠢᠯᠡᠴᠢᠯᠡᠭᠡ ᠤᠯᠠᠮ ᠡᠷᠴᠢᠮᠵᠢᠪᠡ᠃ ᠪᠦᠬᠦ ᠵᠢᠯ | ᠳᠤ ᠠᠶᠤᠯ ᠦᠭᠡᠢ ᠦᠢᠯᠡᠳᠪᠦᠷᠢᠯᠡᠯ ᠳᠤ ᠲᠤᠮᠤ ᠶᠡᠭᠡ ᠭᠡᠨᠡᠳᠡᠯ ᠭᠠᠷᠤᠭᠰᠠᠨ ᠦᠭᠡᠢ᠃ | ᠭᠤᠷᠪᠠ᠂ ᠵᠢᠭᠤᠯᠴᠢᠯᠠᠯ ᠤᠨ ᠬᠦᠭᠵᠢᠯᠲᠡ ᠦᠷᠭᠦᠯᠵᠢᠯᠡᠨ ᠰᠠᠶᠢᠵᠢᠷᠠᠪᠠ | ᠨᠢᠭᠡ ᠵᠢᠯ ᠤᠨ ᠲᠤᠷᠰᠢ ᠮᠠᠨ ᠤ ᠤᠷᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ | ᠪᠠᠶᠢᠳᠠᠯ ᠠᠰᠤᠷᠤ ᠰᠠᠶᠢᠨ᠂ ᠤᠯᠤᠰ ᠠᠷᠠᠳ ᠤᠨ ᠠᠵᠤ ᠠᠬᠤᠢ ᠳᠤ ᠤᠷᠤᠭᠤᠯᠬᠤ ᠬᠤᠪᠢ ᠨᠡᠮᠡᠷᠢ ᠨᠢ ᠶᠡᠬᠡᠰᠦᠪᠡ᠃ | ᠪᠦᠬᠦ ᠵᠢᠯ ᠤᠨ ᠵᠢᠭᠤᠯᠴᠢᠯᠠᠯ ᠤᠨ ᠦᠢᠯᠡᠰ ᠤᠨ ᠶᠡᠷᠦᠩᠬᠡᠢ ᠤᠷᠤᠯᠭ᠎ᠠ 4011.37 ᠳ᠋ᠦᠩᠰᠢᠭᠤᠷ ᠲᠦᠭᠦᠷᠢᠭ | ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.61% ᠪᠠᠷ ᠨᠡᠮᠡᠭᠳᠡᠵᠦ︔ ᠪᠦᠬᠦ ᠤᠷᠤᠨ ᠤ | ᠬᠦᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ 13.044 ᠲᠦᠮᠡᠨ ᠬᠦᠮᠦᠨ ᠤᠳᠠᠭ᠎ᠠ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 12.01 ᠪᠠᠷ ᠨᠡᠮᠡᠭᠳᠡᠪᠡ᠃ ᠲᠡᠭᠦᠨ ᠤ ᠳᠤᠲᠤᠷ᠎ᠠ᠂ ᠬᠢᠯᠢ ᠠᠯᠤᠰᠯᠠᠭᠰᠠᠨ | ᠵᠢᠭᠤᠯᠴᠢᠯᠠᠭᠴᠢᠳ 188.08 ᠲᠦᠮᠡᠨ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 1.72% ᠪᠠᠷ ᠨᠡᠮᠡᠭᠳᠡᠵᠦ︔ ᠪᠤᠳᠠᠲᠠᠢ ᠭᠠᠳᠠᠭᠠᠳᠤ ᠭᠤᠪᠢᠭᠤᠯᠭ᠎ᠠ 12.72 ᠳ᠋ᠦᠩᠰᠢᠭᠤᠷ ᠳ᠋ᠤᠯᠯᠠᠷ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 2.13% ᠪᠠᠷ ᠨᠡᠮᠡᠭᠳᠡᠪᠡ᠃ | ᠨᠢᠭᠡ ᠳᠤ᠂ ᠪᠦᠬᠦ ᠴᠠᠷᠠᠭ᠎ᠠ ᠶᠢᠨ ᠵᠢᠭᠤᠯᠴᠢᠯᠠᠯ ᠪᠦᠬᠦ ᠲᠠᠯ᠎ᠠ ᠪᠠᠷ ᠠᠬᠢᠯᠲᠠ ᠲᠠᠢ᠃ ᠪᠦᠬᠦ ᠴᠠᠷᠠᠭ᠎ᠠ | ᠶᠢᠨ ᠵᠢᠭᠤᠯᠴᠢᠯᠠᠯ ᠤᠨ ᠵᠢᠱᠢᠶᠡᠴᠢ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ | ᠡᠯ᠎ᠡ ᠭᠠᠵᠠᠷ ᠤᠨ ᠡᠭᠦᠳᠦᠨ ᠪᠠᠶᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠪᠠ ᠵᠢᠭᠠᠨ | ᠵᠢᠯᠤᠭᠤᠳᠤᠮᠵᠢ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠠᠢ᠃ ᠤᠷᠤᠨ ᠨᠤᠲᠤᠭ ᠤᠨ ᠵᠢᠭᠤᠯᠴᠢᠯᠠᠯ ᠤᠨ | ᠬᠠᠮᠲᠤᠷᠠᠨ ᠬᠦᠭᠵᠢᠬᠦ ᠶᠢ ᠢᠳᠡᠪᠬᠢᠲᠡᠢ ᠠᠬᠢᠭᠤᠯᠵᠤ᠂ ᠬᠦᠬᠡᠬᠤᠲᠠ ᠪᠤᠭᠤᠲᠤ ᠤᠷᠳᠤᠰ᠂ ᠦᠬᠠᠢ ᠠᠯᠠᠱᠠ ᠬᠠᠶᠢᠯᠠᠷ | ᠮᠠᠨᠵᠤᠤᠷ ᠤᠨ ᠵᠢᠭᠤᠯᠴᠢᠯᠠᠯ ᠤᠨ ᠴᠤᠭᠴᠠᠵᠢᠭᠰᠠᠨ ᠬᠦᠭᠵᠢᠯᠲᠡ ᠶᠢᠨ ᠲᠡᠷᠢᠭᠦᠴᠦᠳ ᠤᠨ ᠦᠭᠦᠯᠡᠯ ᠤᠨ | ᠲᠠᠪᠴᠠᠩ᠂ ᠦᠬᠠᠢ ᠠᠯᠠᠱᠠ ᠬᠠᠶᠢᠯᠠᠷ ᠮᠠᠨᠵᠤᠤᠷ ᠤᠨ ᠵᠢᠭᠤᠯᠴᠢᠯᠠᠯ ᠢ ᠴᠤᠭᠴᠠᠵᠢᠭᠤᠯᠤᠨ ᠠᠬᠢᠭᠤᠯᠬᠤ ᠠᠵᠢᠯ ᠤᠨ | ᠬᠤᠷᠠᠯ ᠢ ᠵᠤᠬᠢᠶᠠᠨ ᠪᠠᠶᠢᠭᠤᠯᠤᠨ ᠡᠷᠬᠢᠯᠡᠪᠡ᠃《 ᠵᠢᠭᠤᠯᠴᠢᠯᠠᠯ+ ᠪᠠᠶᠢᠯᠳᠤᠬᠤ ᠪᠤᠳᠤᠯᠭ᠎ᠠ 》 ᠬᠢᠭᠡᠳ ᠵᠠᠮ | ᠬᠠᠷᠢᠯᠴᠠᠭ᠎ᠠ᠂ ᠪᠡᠶ᠎ᠡ ᠲᠠᠮᠢᠷ᠂ ᠮᠠᠯ ᠲᠠᠷᠢᠶᠠᠯᠠᠩ᠂ ᠡᠷᠡᠭᠦᠯ ᠬᠠᠮᠠᠭᠠᠯᠠᠯ᠂ ᠤᠷᠤᠨ ᠰᠠᠭᠤᠴᠠ ᠶᠢᠨ ᠪᠠᠶᠢᠭᠤᠯᠤᠯᠲᠠ᠂ | ᠮᠦᠩᠭᠦᠨ ᠭᠦᠢᠯᠭᠡᠭᠡ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠠᠵᠢᠯᠯᠠᠬᠠᠤ ᠲᠤᠭᠲᠠᠯᠴᠠᠭ᠎ᠠ ᠪᠠᠶᠢᠭᠤᠯᠬᠤ ᠶᠢ | ᠡᠷᠴᠢᠮᠲᠡᠢ ᠬᠡᠷᠡᠭᠵᠢᠭᠦᠯᠪᠡ᠃ ᠵᠢᠭᠤᠯᠴᠢᠯᠠᠯ ᠤᠨ ᠰᠢᠨ᠎ᠡ ᠠᠵᠢᠯ ᠤᠨ ᠪᠠᠶᠢᠳᠠᠯ ᠲᠠᠰᠤᠷᠠᠯᠲᠠ ᠦᠭᠡᠢ ᠢᠯᠡᠷᠡᠨ | ᠭᠠᠷᠴᠤ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠪᠡᠶ᠎ᠡ ᠲᠠᠮᠢᠷ ᠤᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ | ᠂ ᠡᠷᠡᠭᠦᠯ ᠰᠤᠪᠢᠯᠠᠯᠲᠠ ᠶᠢᠨ ᠵᠢᠭᠤᠯᠴᠢᠯᠠᠯ ᠨᠢᠭᠡᠨᠲᠡ ᠵᠢᠭᠤᠯᠴᠢᠯᠠᠯ ᠤᠨ ᠰᠢᠨ᠎ᠡ ᠭᠡᠷᠡᠯᠲᠦ ᠴᠡᠭ ᠪᠤᠯᠵᠠᠢ᠃ | ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠵᠢᠭᠤᠯᠴᠢᠯᠠᠯ ᠤᠨ ᠪᠦᠲᠦᠭᠡᠭᠳᠡᠭᠦᠨ ᠤ ᠦᠵᠡᠰᠭᠦᠯᠡᠩ ᠢ | ᠠᠮᠵᠢᠯᠲᠠᠲᠠᠢ ᠡᠷᠬᠢᠯᠡᠵᠦ᠂ ᠪᠦᠬᠦ ᠤᠷᠤᠨ ᠤ ᠵᠢᠭᠤᠯᠴᠢᠯᠠᠯ ᠤᠨ ᠬᠦᠭᠵᠢᠯᠲᠡ ᠶᠢᠨ ᠦᠷ᠎ᠡ ᠪᠦᠲᠦᠮᠵᠢ ᠶᠢ | ᠲᠦᠪᠯᠡᠷᠡᠭᠦᠯᠦᠨ ᠦᠵᠡᠭᠦᠯᠵᠦ᠂ ᠡᠯ᠎ᠡ ᠭᠠᠵᠠᠷ ᠤᠨ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠡᠬᠡ | ᠰᠤᠷᠪᠤᠯᠵᠢ ᠪᠤᠯᠤᠨ ᠵᠢᠭᠤᠯᠴᠢᠯᠠᠯ ᠤᠨ ᠪᠦᠲᠦᠭᠡᠭᠳᠡᠭᠦᠨ ᠢ ᠲᠠᠨᠢᠯᠴᠠᠭᠤᠯᠪᠠ᠃ ᠵᠢᠭᠤᠯᠴᠢᠯᠠᠯ ᠤᠨ ᠵᠤᠷᠯᠤᠩ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠨ᠎ᠡ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ | ᠶᠢ ᠲᠤᠭᠲᠠᠭᠠᠨ ᠬᠡᠷᠡᠭᠵᠢᠭᠦᠯᠵᠦ᠂《 ᠵᠤᠷᠯᠤᠩ ᠤᠨ ᠬᠤᠪᠢᠰᠬᠠᠯ 》 ᠢ ᠵᠢᠭᠤᠯᠴᠢᠯᠠᠯ ᠤᠨ ᠦᠵᠡᠮᠵᠢ ᠶᠢᠨ | ᠤᠷᠤᠨ ᠠᠴᠠ ᠪᠦᠬᠦ ᠤᠷᠤᠨ ᠨᠤᠲᠤᠭ ᠵᠦᠭ ᠦᠷᠭᠡᠳᠭᠡᠵᠦ᠂ 2018 ᠤᠨ ᠳᠤ ᠰᠢᠨ᠎ᠡ ᠪᠠᠶᠢᠭᠤᠯᠤᠭᠰᠠᠨ ᠪᠤᠯᠤᠨ | ᠦᠭᠡᠷᠡᠴᠢᠯᠡᠨ ᠦᠷᠭᠡᠳᠭᠡᠨ ᠪᠠᠶᠢᠭᠤᠯᠤᠭᠰᠠᠨ ᠵᠤᠷᠯᠤᠩ 995 ᠰᠠᠭᠤᠷᠢ ᠳᠤ ᠬᠦᠷᠪᠡ᠃ | ᠬᠤᠶᠠᠷ ᠲᠤ᠂ ᠨᠡᠷ᠎ᠡ ᠲᠡᠮᠲᠡᠭᠲᠦ ᠦᠵᠡᠮᠵᠢ ᠶᠢᠨ ᠤᠷᠤᠨ ᠢ ᠡᠭᠦᠳᠦᠨ ᠪᠠᠶᠢᠭᠤᠯᠬᠤ ᠬᠦᠴᠦᠨ ᠢᠶᠠᠨ | ᠴᠢᠩᠭᠠᠳᠬᠠᠪᠠ᠃ ᠬᠡᠰᠢᠭᠲᠡᠨ ᠤ ᠴᠢᠯᠠᠭᠤᠨ ᠵᠢᠭᠰᠠᠭᠠᠯ ᠤᠨ ᠦᠵᠡᠮᠵᠢ ᠶᠢᠨ ᠤᠷᠤᠨ ᠠᠮᠵᠢᠯᠲᠠᠲᠠᠢ ᠪᠠᠷ ᠤᠯᠤᠰ | ᠤᠨ 5Α ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ ᠳᠡᠪᠰᠢᠵᠦ᠂ ᠪᠦᠬᠦ ᠤᠷᠤᠨ ᠤ 5Α | ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ 5 ᠪᠤᠯᠪᠠ᠃ ᠡᠵᠡᠨ᠎ᠡ ᠶᠢᠨ ᠲᠤᠤᠷᠠᠢ ᠶᠢᠨ ᠤᠢ ᠶᠢᠨ | ᠦᠵᠡᠮᠵᠢ ᠶᠢᠨ ᠤᠷᠤᠨ᠂ ᠡᠷᠭᠦᠨ᠎ᠡ ᠶᠢᠨ ᠨᠠᠮᠤᠭ ᠭᠠᠵᠠᠷ ᠤᠨ ᠦᠵᠡᠮᠵᠢ ᠶᠢᠨ ᠤᠷᠤᠨ᠂ ᠬᠦᠯᠦᠨ ᠪᠤᠶᠢᠷ ᠤᠨ | ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ | ᠵᠢᠭᠤᠯᠴᠢᠯᠠᠯ ᠤᠨ ᠤᠷᠤᠨ᠂ ᠵᠤᠤ ᠵᠢᠶᠦ᠋ᠨ ᠮᠦᠽᠸᠢ᠂ ᠬᠠᠲᠤᠨ ᠭᠤᠤᠯ ᠤᠨ ᠶᠡᠭᠡ ᠬᠠᠪᠴᠢᠯ ᠤᠨ ᠯᠤᠤ ᠨᠢᠦ | ᠸᠠᠨ ᠵᠢᠭᠤᠯᠴᠢᠯᠠᠯ ᠤᠨ ᠤᠷᠤᠨ᠂ ᠤᠷᠳᠤᠰ ᠤᠨ ᠴᠢ ᠰᠢᠩ ᠬᠡᠦ ᠵᠢᠭᠤᠯᠴᠢᠯᠠᠯ ᠤᠨ ᠤᠷᠤᠨ ᠢ 5Α ᠳᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠭᠠᠨ ᠡᠭᠦᠳᠦᠨ ᠪᠠᠶᠢᠭᠤᠯᠬᠤ ᠠᠵᠢᠯ ᠢ ᠡᠷᠴᠢᠮᠲᠡᠢ ᠠᠬᠢᠭᠤᠯᠪᠠ᠃ | Α ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ ᠦᠪᠷᠲᠡᠭᠡᠨ ᠵᠠᠰᠠᠬᠤ ᠤᠷᠤᠨ ᠤ ᠵᠢᠭᠤᠯᠴᠢᠯᠠᠯ | ᠤᠨ ᠠᠮᠠᠷᠠᠯᠲᠠ ᠶᠢᠨ ᠤᠷᠤᠨ ᠢ ᠬᠢᠨᠠᠨᠲ᠋ᠤᠭᠲᠠᠭᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠦ᠂ | ᠤᠯᠠᠭᠠᠨᠬᠦᠦ ᠶᠢᠨ ᠳᠤᠷᠠᠰᠬᠠᠯ ᠤᠨ ᠤᠷᠳᠤᠨ ᠵᠡᠷᠭᠡ 13 ᠵᠢᠭᠤᠯᠴᠢᠯᠠᠯ ᠤᠨ ᠦᠵᠡᠮᠵᠢ ᠶᠢᠨ ᠤᠷᠤᠨ ᠤᠯᠤᠰ | ᠤᠨ 4Α ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠦᠨᠡᠯᠡᠭᠳᠡᠨ ᠳᠡᠪᠰᠢᠵᠦ᠂ ᠬᠠᠲᠤᠨ | ᠭᠤᠤᠯ ᠤᠨ ᠳᠠᠭᠤᠯᠠᠯ ᠰᠤᠶᠤᠯ ᠵᠢᠭᠤᠯᠴᠢᠯᠠᠯ ᠤᠨ ᠤᠷᠤᠨ ᠵᠡᠷᠭᠡ 12 ᠵᠢᠭᠤᠯᠴᠢᠯᠠᠯ ᠤᠨ ᠦᠵᠡᠮᠵᠢ ᠶᠢᠨ | ᠤᠷᠤᠨ ᠤᠯᠤᠰ ᠤᠨ 3Α ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠦᠨᠡᠯᠡᠭᠳᠡᠵᠦ᠂ ᠦᠬᠠᠢ | ᠨᠠᠭᠤᠷ ᠵᠢᠭᠤᠯᠴᠢᠯᠠᠯ ᠤᠨ ᠤᠷᠤᠨ ᠦᠪᠡᠷᠲᠡᠭᠡᠨ ᠵᠠᠰᠠᠬᠤ ᠤᠷᠤᠨ ᠤ ᠳᠡᠰ ᠤᠨ ᠠᠮᠠᠷᠠᠯᠲᠠ ᠶᠢᠨ ᠤᠷᠤᠨ ᠢᠶᠠᠷ | ᠵᠦᠪᠰᠢᠶᠡᠷᠡᠭᠳᠡᠪᠡ᠃ ᠨᠡᠷᠡᠲᠦ ᠲᠡᠮᠲᠡᠭᠲᠦ ᠦᠵᠡᠮᠵᠢ ᠶᠢᠨ ᠤᠷᠤᠨ ᠤ ᠬᠠᠮᠢᠶᠠᠷᠤᠯᠲᠠ ᠶᠢᠨ ᠠᠵᠢᠯ ᠢ ᠦᠨᠡᠨ ᠬᠦ | ᠴᠢᠩᠭᠠᠳᠬᠠᠵᠤ᠂ ᠬᠦᠨᠳᠦ ᠠᠰᠠᠭᠤᠳᠠᠯ ᠤᠷᠤᠰᠢᠵᠤ ᠪᠠᠶᠢᠭᠰᠠᠨ 15 ᠳᠡᠭᠡᠳᠦ Α ᠳᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠢ ᠵᠡᠷᠭᠡ ᠳᠡᠰ ᠢ ᠨᠢ ᠬᠦᠴᠦᠨ ᠦᠭᠡᠢ ᠪᠤᠯᠭᠠᠵᠤ᠂ ᠬᠤᠯᠪᠤᠭᠳᠠᠯ ᠪᠦᠬᠦᠢ ᠠᠶᠢᠮᠠᠭ | ᠬᠤᠲᠠ ᠪᠠᠰᠠ ᠨᠢᠭᠡ ᠪᠦᠯᠦᠭ 2Α ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠬᠦᠴᠦᠨ ᠦᠭᠡᠢ | ᠪᠤᠯᠭᠠᠪᠠ᠃ | ᠭᠤᠷᠪᠠ ᠳᠤ᠂ ᠳᠦᠷᠪᠡᠨ ᠤᠯᠠᠷᠢᠯ ᠤᠨ ᠵᠢᠭᠤᠯᠴᠢᠯᠠᠯ ᠰᠢᠨ᠎ᠡ ᠶᠢ ᠡᠭᠦᠳᠦᠨ ᠬᠦᠭᠵᠢᠪᠡ᠃ ᠲᠠᠯ᠎ᠠ | ᠨᠤᠲᠤᠭ ᠤᠨ ᠵᠢᠭᠤᠯᠴᠢᠯᠠᠯ ᠢᠶᠠᠷ ᠭᠤᠤᠯ ᠪᠤᠯᠭᠠᠭᠰᠠᠨ ᠵᠤᠨ ᠤ ᠤᠯᠠᠷᠢᠯ ᠤᠨ ᠵᠢᠭᠤᠯᠴᠢᠯᠠᠯ ᠢᠶᠠᠨ ᠳᠡᠰ ᠵᠡᠷᠭᠡ | ᠶᠢ ᠨᠢ ᠳᠡᠭᠡᠭᠰᠢᠯᠡᠭᠦᠯᠦᠨ ᠠᠬᠢᠭᠤᠯᠵᠤ᠂ ᠭᠡᠭᠡᠨᠲᠠᠯ᠎ᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠲᠦᠪ᠂ | ᠬᠦᠯᠦᠨ ᠪᠤᠶᠢᠷ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ᠂ ᠤᠯᠠᠭᠠᠢ ᠶᠢᠨ ᠲᠠᠯ᠎ᠠ ᠨᠤᠲᠤᠭ ᠤᠨ | ᠵᠢᠭᠤᠯᠴᠢᠯᠠᠯ ᠤᠨ ᠤᠷᠤᠨ ᠢ ᠭᠤᠤᠯᠳᠠᠯᠭᠠᠲᠠᠢ ᠳᠡᠮᠵᠢᠪᠡ᠃ ᠡᠪᠦᠯ ᠤᠨ ᠵᠢᠭᠤᠯᠴᠢᠯᠠᠯ ᠤᠨ ᠪᠦᠲᠦᠭᠡᠭᠳᠡᠭᠦᠨ ᠢ | ᠢᠳᠡᠪᠬᠢᠲᠡᠢ ᠨᠡᠬᠡᠬᠡᠨ ᠠᠰᠢᠭᠯᠠᠵᠤ᠂ ᠮᠦᠰᠦ ᠴᠠᠰᠤᠨ ᠤ ᠵᠢᠭᠤᠯᠴᠢᠯᠠᠯ ᠤᠨ ᠨᠡᠷᠡᠲᠦ ᠲᠡᠮᠲᠡᠭ ᠢ | ᠪᠤᠵᠠᠭᠠᠶᠢᠷᠠᠭᠤᠯᠵᠤ᠂ ᠦᠪᠦᠷ ᠮᠤᠩᠭᠤᠯ ᠤᠨ ᠮᠦᠰᠦ ᠴᠠᠰᠤᠨ ᠤ ᠨᠠᠭᠠᠳᠤᠮ᠂ ᠷᠠᠰᠢᠶᠠᠨ ᠤ ᠮᠦᠰᠦ ᠴᠠᠰᠤᠨ ᠤ | ᠵᠢᠭᠤᠯᠴᠢᠯᠠᠯ ᠤᠨ ᠨᠠᠶᠢᠷ᠂ ᠮᠠᠨᠵᠤᠤᠷ ᠤᠨ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠮᠦᠰᠦ ᠴᠠᠰᠤᠨ | ᠤ ᠵᠢᠭᠤᠯᠴᠢᠯᠠᠯ ᠤᠨ ᠨᠠᠶᠢᠷ ᠵᠡᠷᠭᠡ ᠨᠢᠭᠡ ᠪᠦᠯᠦᠭ ᠦᠪᠡᠷᠮᠢᠴᠡ ᠤᠨᠴᠠᠯᠢᠭ ᠲᠠᠢ ᠮᠦᠰᠦ ᠴᠠᠰᠤᠨ ᠤ ᠵᠢᠭᠤᠯᠴᠢᠯᠠᠯ | ᠤᠨ ᠠᠵᠢᠯᠯᠠᠭ᠎ᠠ ᠶᠢ ᠠᠮᠵᠢᠯᠲᠠᠲᠠᠢ ᠡᠷᠬᠢᠯᠡᠵᠦ᠂ ᠦᠪᠦᠷ ᠮᠤᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ | ᠤᠨ ᠨᠦᠯᠦᠭᠡ ᠶᠢ ᠦᠷᠭᠡᠳᠭᠡᠪᠡ᠃ ᠦᠪᠦᠷ ᠮᠤᠩᠭᠤᠯ ᠤᠨ ᠲᠦᠷᠪᠡᠨ ᠤᠯᠠᠷᠢᠯ ᠤᠨ ᠤᠨᠴᠠᠯᠢᠭ ᠲᠠᠢ᠂ ᠤᠯᠠᠨ | ᠦᠵᠡᠮᠵᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠡᠴᠡᠭᠲᠦ ᠤᠯᠠᠷᠢᠯ ᠤᠨ ᠵᠢᠭᠤᠯᠴᠢᠯᠠᠯ ᠤᠨ | ᠰᠢᠷᠢᠰ ᠠᠵᠢᠯᠯᠠᠭ᠎ᠠ ᠶᠢ ᠡᠭᠦᠳᠦᠨ ᠳᠡᠪᠰᠢᠭᠦᠯᠵᠦ᠂ ᠦᠨᠳᠦᠰᠦᠲᠡᠨ ᠤ ᠰᠤᠶᠤᠯ ᠤᠷᠠᠯᠢᠭ ᠤᠨ ᠡᠯᠧᠮᠧᠨ᠋ᠲ ᠲᠤ | ᠭᠦᠨᠵᠡᠭᠡᠢ ᠰᠢᠬᠢᠳᠴᠦ᠂ ᠠᠷᠪᠠᠨ ᠲᠠᠪᠤᠳᠤᠭᠠᠷ ᠬᠤᠭᠤᠴᠠᠭᠠᠨ ᠤ ᠮᠤᠩᠭᠤᠯ ᠦᠨᠳᠦᠰᠦᠲᠡᠨ ᠤ ᠬᠤᠪᠴᠠᠰᠤ ᠵᠠᠰᠠᠯ | ᠤᠨ ᠤᠷᠠᠯᠢᠭ ᠤᠨ ᠨᠠᠶᠢᠷ ᠢ《 ᠬᠠᠭᠠᠭᠳᠠᠰᠢ ᠦᠭᠡᠢ ᠤᠷᠠᠯᠢᠭ ᠤᠨ ᠪᠠᠶᠠᠷ 》 ᠪᠤᠯᠭᠠᠵᠤ︔《 ᠴᠡᠴᠡᠭ | ᠰᠤᠨᠢᠷᠬᠠᠨ ᠰᠢᠮᠡᠳᠦᠨ ᠪᠠᠭ᠋ᠠᠷᠬᠠᠬᠤ 》 ᠪᠠᠷ ᠭᠤᠤᠯ ᠰᠡᠳᠦᠪ ᠪᠤᠯᠭᠠᠵᠤ᠂《 ᠦᠪᠦᠷ ᠮᠤᠩᠭᠤᠯ ᠰᠤᠨᠢᠷᠬᠠᠯ 》 | ᠠᠮᠲᠠᠲᠤ ᠢᠳᠡᠭᠡᠨ ᠤ ᠵᠢᠶᠠ ᠨᠢᠶᠠᠨ ᠬᠤᠸᠠ ᠰᠢᠷᠢᠰ ᠠᠵᠢᠯᠯᠠᠭ᠎ᠠ ᠶᠢ ᠡᠷᠬᠢᠯᠡᠭᠡᠳ᠂ 2018 ᠤᠨ ᠤ ᠦᠪᠦᠷ | ᠮᠤᠩᠭᠤᠯ ᠤᠨ ᠵᠢᠭᠤᠯᠴᠢᠯᠠᠯ ᠤᠨ ᠰᠢᠨ᠎ᠡ ᠭᠡᠷᠡᠯᠲᠦ ᠴᠡᠭ ᠪᠤᠯᠤᠭᠰᠠᠨ ᠪᠠᠶᠢᠨ᠎ᠠ᠃ | ᠳᠦᠷᠪᠡ ᠳᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ | ᠪᠦᠬᠦ ᠤᠯᠤᠰ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ《 ᠬᠠᠷᠴᠠᠭᠠᠢ ᠶᠢᠨ ᠨᠢᠳᠦ ᠲᠦᠯᠦᠪᠯᠡᠭᠡ》 | ᠬᠢᠭᠡᠳ《 ᠬᠤᠷᠴᠠ ᠰᠡᠯᠡᠮ᠎ᠡ ᠠᠵᠢᠯᠯᠠᠭ᠎ᠠ 》 ᠲᠠᠢ ᠢᠳᠡᠪᠬᠢᠲᠡᠢ ᠬᠦᠴᠦ ᠵᠠᠯᠭᠠᠵᠤ᠂《 ᠲᠤᠤᠷ ᠲᠠᠲᠠᠬᠤ | ᠠᠵᠢᠯᠯᠠᠭ᠎ᠠ 》《 ᠲᠠᠯ᠎ᠠ ᠨᠤᠲᠤᠭ ᠤᠨ ᠠᠩᠴᠢ ᠬᠠᠷᠴᠠᠭᠠᠢ 》《 ᠮᠦᠰᠦ ᠴᠠᠰᠤᠨ ᠳᠤᠭᠰᠢᠨ ᠰᠢᠭᠤᠷᠭ᠎ᠠ 》 | ᠭᠤᠷᠪᠠᠨ ᠲᠤᠮᠤ ᠲᠤᠰᠬᠠᠢ ᠲᠦᠷᠦᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠪᠦᠬᠦ ᠤᠷᠤᠨ ᠤ | ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠲᠤᠰᠬᠠᠢ ᠵᠦᠢᠯ ᠤᠨ ᠬᠢᠨᠠᠨ ᠪᠠᠶᠢᠴᠠᠭᠠᠯᠲᠠ 150 ᠭᠠᠷᠤᠢ ᠤᠳᠠᠭ᠎ᠠ | ᠶᠠᠪᠤᠭᠳᠠᠭᠤᠯᠵᠤ᠂127 ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠲᠤᠳᠤᠯᠠᠵᠤ᠂ | ᠱᠠᠭᠠᠷᠳᠠᠨ ᠬᠢᠯᠭᠡᠬᠦ ᠠᠯᠪᠠᠨ ᠪᠢᠴᠢᠭ 10 ᠶᠢ ᠪᠠᠭᠤᠯᠭᠠᠵᠠᠢ᠃ ᠪᠦᠬᠦ ᠤᠯᠤᠰ ᠤᠨ ᠵᠢᠭᠤᠯᠴᠢᠯᠠᠯ ᠤᠨ ᠬᠢᠨᠠᠨ | ᠬᠠᠮᠢᠶᠠᠷᠬᠤ ᠦᠢᠯᠡᠴᠢᠯᠡᠭᠡᠨ ᠤ ᠲᠠᠪᠴᠠᠩ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠵᠢᠭᠤᠯᠴᠢᠯᠠᠯ ᠤᠨ | ᠬᠤᠷᠢᠶ᠎ᠠ ᠪᠤᠯᠤᠨ ᠵᠠᠮᠴᠢᠯᠠᠭᠴᠢ ᠲᠠᠢ ᠬᠤᠯᠪᠤᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ《 ᠨᠢᠭᠡ ᠯᠡ | ᠳᠡᠭᠡᠷ᠎ᠡ ᠪᠦᠬᠦᠨ ᠢ ᠰᠢᠢᠳᠪᠦᠷᠢᠯᠡᠬᠦ 》 ᠬᠢᠭᠡᠳ《 ᠳᠦᠷᠪᠡ ᠶᠢ ᠪᠦᠷᠬᠦᠭᠦᠯᠬᠦ 》 ᠶᠢ ᠪᠡᠶᠡᠯᠡᠭᠦᠯᠪᠡ᠃ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢᠲᠦ ᠲᠤᠭᠲᠠᠯᠴᠠᠭᠠᠨ ᠤ ᠪᠠᠶᠢᠭᠤᠯᠤᠯᠲᠠ ᠶᠢ ᠡᠷᠴᠢᠮᠵᠢᠭᠦᠯᠵᠦ᠂ | ᠪᠤᠯᠪᠠᠰᠤᠨ ᠵᠢᠭᠤᠯᠴᠢᠯᠠᠯ ᠢ ᠠᠬᠢᠭᠤᠯᠵᠤ᠂《 ᠰᠢᠯᠢᠳᠡᠭ ᠦᠢᠯᠡᠴᠢᠯᠡᠭᠡ᠂ ᠢᠲᠡᠭᠡᠮᠵᠢᠲᠦ ᠡᠵᠡᠩᠨᠡᠯᠲᠡ》《 | ᠪᠤᠯᠪᠠᠰᠤᠨ ᠢᠶᠠᠷ ᠵᠢᠭᠤᠯᠴᠢᠯᠠᠵᠤ · ᠳᠤᠮᠳᠠᠳᠤ ᠳᠤ ᠪᠠᠨ ᠬᠤᠪᠢ ᠨᠡᠮᠡᠷᠢᠯᠡᠶ᠎ᠡ》 ᠭᠤᠤᠯ ᠰᠡᠳᠦᠪᠲᠦ ᠠᠵᠢᠯᠯᠠᠭ᠎ᠠ | ᠶᠢ ᠵᠠᠯᠭᠠᠯᠳᠤᠭ᠎ᠠ ᠪᠠᠷ ᠦᠷᠨᠢᠭᠦᠯᠪᠡ᠃ ᠵᠢᠭᠤᠯᠴᠢᠯᠠᠯ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠪᠠ᠃ ᠵᠢᠭᠤᠯᠴᠢᠯᠠᠯ ᠤᠨ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ | ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠵᠢᠭᠤᠯᠴᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠰᠠᠷ᠎ᠠ | ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠳᠤᠲᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ | ᠴᠢᠨᠠᠷ ᠤᠨ ᠪᠠᠶᠢᠴᠠᠭᠠᠯᠲᠠ᠂ ᠢᠳᠡᠭᠡᠨ ᠡᠮ ᠤᠨ ᠪᠠᠶᠢᠴᠠᠭᠠᠯᠲᠠ᠂ ᠠᠮᠤᠷ ᠲᠦᠪᠰᠢᠨ ᠤ ᠪᠠᠶᠢᠴᠠᠭᠠᠯᠲᠠ᠂ ᠭᠠᠯ | ᠰᠡᠷᠭᠡᠶᠢᠯᠡᠬᠦ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠵᠢᠭᠤᠯᠴᠢᠯᠠᠯ ᠤᠨ ᠠᠵᠢᠯ ᠤᠨ ᠠᠮᠤᠷ | ᠲᠦᠪᠰᠢᠨ ᠤ ᠶᠡᠭᠡ ᠪᠠᠶᠢᠴᠠᠭᠠᠯᠲᠠ 60 ᠭᠠᠷᠤᠢ ᠤᠳᠠᠭ᠎ᠠ ᠦᠷᠨᠢᠭᠦᠯᠵᠦ᠂ 900 ᠭᠠᠷᠤᠢ ᠵᠢᠭᠤᠯᠴᠢᠯᠠᠯ ᠤᠨ ᠠᠵᠤ | ᠠᠬᠤᠶᠢᠯᠠᠯ ᠢ ᠪᠠᠶᠢᠴᠠᠭᠠᠵᠤ᠂ ᠠᠮᠤᠷ ᠲᠦᠪᠰᠢᠨ ᠤ ᠨᠢᠭᠤᠭᠳᠠᠮᠠᠯ ᠭᠡᠮ 372 ᠶᠢ ᠠᠷᠢᠯᠭᠠᠵᠤ᠂ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠪᠦᠬᠦ ᠵᠢᠯ ᠳᠤ ᠬᠦᠨᠳᠦ ᠶᠡᠭᠡ ᠵᠢᠭᠤᠯᠴᠢᠯᠠᠯ ᠤᠨ | ᠠᠮᠤᠷ ᠲᠦᠪᠰᠢᠨ ᠤ ᠭᠡᠨᠡᠳᠡᠯ ᠭᠠᠷᠤᠭᠰᠠᠨ ᠦᠭᠡᠢ᠃ | ᠲᠠᠪᠤ ᠳᠤ᠂ ᠬᠦᠳᠡᠭᠡ ᠲᠤᠰᠬᠤᠨ ᠤ ᠵᠢᠭᠤᠯᠴᠢᠯᠠᠯ ᠲᠤᠭᠲᠠᠭᠤᠨ ᠢᠶᠠᠷ ᠬᠦᠭᠵᠢᠪᠡ᠃《 ᠦᠪᠦᠷ ᠮᠤᠩᠭᠤᠯ | ᠤᠨ ᠬᠦᠳᠡᠭᠡ ᠲᠤᠰᠬᠤᠨ( ᠮᠠᠯᠵᠢᠬᠤ ᠤᠷᠤᠨ) ᠤ ᠵᠢᠭᠤᠯᠴᠢᠯᠠᠯ ᠤᠨ ᠤᠳᠤᠨ ᠳᠡᠰ ᠤᠨ ᠬᠦᠯᠢᠶᠡᠨ ᠠᠪᠬᠤ | ᠡᠷᠦᠬᠡ ᠶᠢ ᠰᠢᠯᠭᠠᠨ ᠲᠤᠭᠲᠠᠭᠠᠬᠤ ᠪᠠᠷᠢᠮᠵᠢᠶ᠎ᠠ 》 ᠶᠢ ᠲᠤᠭᠲᠠᠭᠠᠨ ᠬᠡᠷᠡᠭᠵᠢᠭᠦᠯᠵᠦ᠂ ᠤᠯᠠᠭᠠᠨᠬᠠᠳᠠ ᠬᠤᠲᠠ | ᠶᠢᠨ ᠠᠷᠤ ᠬᠤᠷᠴᠢᠨ ᠬᠤᠰᠢᠭᠤᠨ ᠤ ᠮᠢᠩ ᠰᠢᠨ ᠡᠳ᠋ᠯᠡᠩ ᠵᠡᠷᠭᠡ 63 ᠡᠷᠦᠬᠡ ᠲᠠᠪᠤᠨ ᠤᠳᠤᠨ ᠳᠡᠰ ᠤᠨ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠶᠢ ᠰᠤᠩᠭᠤᠨ ᠲᠤᠭᠲᠠᠭᠠᠪᠠ᠃ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠲᠠᠢ ᠬᠠᠮᠲᠤᠷᠠᠨ ᠪᠦᠬᠦ ᠤᠷᠤᠨ ᠤ ᠴᠢᠯᠦᠭᠡᠲᠦ ᠮᠠᠯᠵᠢᠯ ᠬᠢᠭᠡᠳ ᠬᠦᠳᠡᠭᠡ | ᠲᠤᠰᠬᠤᠨ ᠤ ᠵᠢᠭᠤᠯᠴᠢᠯᠠᠯ ᠤᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠰᠢᠯᠭᠠᠨ ᠠᠪᠤᠪᠠ᠃ | ᠵᠢᠭᠤᠯᠴᠢᠯᠠᠯ ᠤᠨ ᠶᠠᠳᠠᠭᠤ ᠶᠢ ᠲᠡᠳᠭᠦᠬᠦ ᠵᠢᠱᠢᠶᠡᠴᠢ ᠲᠦᠷᠦᠯ ᠵᠦᠢᠯ ᠢ ᠡᠭᠦᠳᠦᠨ ᠪᠠᠶᠢᠭᠤᠯᠬᠤ ᠠᠵᠢᠯ ᠢ | ᠢᠳᠡᠪᠬᠢᠲᠡᠢ ᠠᠬᠢᠭᠤᠯᠵᠤ᠂ ᠬᠦᠬᠡᠬᠤᠲᠠ ᠶᠢᠨ ᠦᠴᠦᠸᠠᠨ ᠰᠢᠶᠠᠨ ᠤ ᠵᠢᠢ ᠾᠧᠩ ᠲᠠᠢ ᠲᠠᠷᠢᠶᠠᠴᠢᠨ ᠤ | ᠬᠦᠷᠢᠶᠡᠯᠡᠩ ᠵᠡᠷᠭᠡ 70 ᠵᠢᠭᠤᠯᠴᠢᠯᠠᠯ ᠤᠨ ᠶᠠᠳᠠᠭᠤ ᠶᠢ ᠲᠡᠳᠭᠦᠬᠦ ᠵᠢᠱᠢᠶᠡᠴᠢ ᠲᠦᠷᠦᠯ ᠵᠦᠢᠯ ᠢ ᠰᠤᠩᠭᠤᠨ | ᠲᠤᠭᠲᠠᠭᠠᠪᠠ᠃ ᠪᠦᠬᠦ ᠤᠷᠤᠨ ᠤ ᠵᠢᠭᠤᠯᠴᠢᠯᠠᠯ ᠤᠨ ᠶᠠᠳᠠᠭᠤ ᠶᠢ ᠲᠡᠳᠭᠦᠬᠦ ᠶᠢ ᠠᠬᠢᠭᠤᠯᠬᠤ ᠬᠤᠷᠠᠯ ᠢ | ᠬᠤᠷᠠᠯᠳᠤᠭᠤᠯᠵᠤ᠂《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠶᠠᠳᠠᠭᠤ ᠶᠢ | ᠲᠡᠳᠭᠦᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ(2018—2020)》 ᠶᠢ ᠬᠡᠪᠯᠡᠨ | ᠲᠠᠷᠬᠠᠭᠠᠵᠤ᠂ ᠵᠢᠭᠤᠯᠴᠢᠯᠠᠯ ᠤᠨ ᠠᠵᠤ ᠦᠢᠯᠡᠰ ᠤᠨ ᠶᠠᠳᠠᠭᠤ ᠶᠢ ᠲᠡᠳᠭᠦᠬᠦ ᠬᠠᠷᠠᠯᠲᠠ᠂ ᠡᠭᠦᠷᠭᠡ ᠪᠠ ᠠᠷᠭ᠎ᠠ | ᠬᠡᠮᠵᠢᠶ᠎ᠡ ᠶᠢ ᠲᠤᠳᠤᠷᠬᠠᠶᠢᠯᠠᠵᠠᠢ᠃ ᠪᠦᠬᠦ ᠤᠷᠤᠨ ᠤ ᠵᠢᠭᠤᠯᠴᠢᠯᠠᠯ ᠤᠨ ᠠᠵᠤ ᠦᠢᠯᠡᠰ ᠤᠨ ᠶᠠᠳᠠᠭᠤ ᠶᠢ | ᠲᠡᠳᠭᠦᠭᠰᠡᠨ ᠪᠠᠶᠢᠳᠠᠯ ᠳᠤ ᠪᠠᠶᠢᠴᠠᠭᠠᠯᠲᠠ ᠶᠠᠪᠤᠭᠤᠯᠵᠤ᠂ ᠪᠦᠬᠦ ᠤᠷᠤᠨ ᠤ ᠬᠦᠳᠡᠭᠡ ᠲᠤᠰᠬᠤᠨ ᠤ ᠵᠢᠭᠤᠯᠴᠢᠯᠠᠯ | ᠤᠨ ᠪᠤᠯᠪᠠᠰᠤᠷᠠᠯ ᠤᠨ ᠠᠩᠬᠢ ᠶᠢ ᠡᠷᠬᠢᠯᠡᠵᠦ᠂ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠤᠨ ᠦᠨᠳᠦᠰᠦᠨ | ᠱᠠᠲᠤᠨ ᠳᠤ ᠪᠠᠭᠤᠵᠤ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ ᠯᠠᠪᠯᠠᠯᠲᠠ ᠪᠠ ᠵᠢᠭᠠᠨ | ᠵᠢᠯᠤᠭᠤᠳᠤᠮᠵᠢ ᠬᠢᠯᠭᠡᠵᠡᠢ᠃ ᠪᠦᠷᠢᠳᠭᠡᠯ ᠢ ᠦᠨᠳᠦᠰᠦᠯᠡᠪᠡᠯ᠂ ᠬᠦᠳᠡᠭᠡ ᠲᠤᠰᠬᠤᠨ ᠤ ᠵᠢᠭᠤᠯᠴᠢᠯᠠᠯ ᠢ | ᠬᠦᠭᠵᠢᠭᠦᠯᠦᠭᠰᠡᠨ ᠢᠶᠠᠷ 34.513 ᠶᠠᠳᠠᠭᠤ ᠡᠷᠦᠬᠡ ᠪᠤᠯᠤᠨ 86.035 ᠬᠦᠮᠦᠨ ᠢ ᠳᠠᠶᠢᠴᠢᠯᠠᠨ ᠶᠠᠳᠠᠭᠤ | ᠠᠴᠠ ᠠᠩᠭᠢᠵᠢᠷᠠᠭᠤᠯᠵᠤ ᠴᠢᠳᠠᠵᠠᠢ᠃ | ᠵᠢᠷᠭᠤᠭ᠎ᠠ ᠳᠤ᠂ ᠵᠢᠭᠤᠯᠴᠢᠯᠠᠯ ᠤᠨ ᠪᠤᠷᠤᠯᠠᠭᠤᠯᠭ᠎ᠠ ᠶᠢᠨ ᠠᠬᠢᠯᠲᠠ ᠨᠡᠩ ᠢᠯᠡᠭᠦᠦ ᠨᠠᠷᠢᠨ | ᠪᠠᠷᠢᠮᠵᠢᠶᠠᠵᠢᠪᠠ᠃ ᠲᠧᠯᠸᠢᠰ ᠵᠠᠷ ᠰᠤᠷᠲᠠᠯᠴᠢᠯᠭᠠ ᠶᠢ ᠦᠷᠭᠡᠳᠭᠡᠵᠦ᠂ ᠲᠦᠪ ᠲᠧᠯᠸᠢᠰ ᠤᠨ 1 ᠳ᠋ᠤᠭᠡᠷ ᠰᠤᠪᠠᠭ | ᠪᠤᠯᠤᠨ ᠰᠤᠨᠢᠨ ᠮᠡᠳᠡᠭᠡᠨ ᠤ ᠰᠤᠪᠠᠭ ᠤᠨ《 ᠲᠦᠷᠦ ᠶᠢᠨ ᠰᠤᠨᠢᠨ ᠲᠦᠮᠡᠨ ᠤ ᠰᠤᠨᠤᠷ ᠲᠤ》 ᠫᠷᠦᠭᠷᠡᠮ | ᠢᠶᠠᠷ ᠨᠢᠭᠡ ᠡᠳᠦᠷ ᠵᠡᠷᠭᠡᠴᠡᠭᠦᠯᠦᠨ《 ᠰᠦᠷᠯᠢᠭ ᠰᠠᠶᠢᠬᠠᠨ ᠦᠪᠦᠷ ᠮᠤᠩᠭᠤᠯ · ᠭᠤᠶᠤᠮᠰᠤᠭ ᠰᠠᠶᠢᠬᠠᠨ | ᠦᠵᠡᠮᠵᠢ ᠶᠢᠨ ᠤᠷᠤᠨ 》 ᠬᠡᠮᠡᠬᠦ ᠳᠦᠷᠰᠦᠯᠢᠭ ᠵᠠᠷ ᠢ ᠨᠡᠪᠲᠡᠷᠡᠭᠦᠯᠵᠦ᠂ ᠦᠪᠦᠷ ᠮᠤᠩᠭᠤᠯ ᠤᠨ ᠲᠧᠯᠸᠢᠰ | ᠬᠤᠷᠢᠶᠠᠨ ᠤ ᠤᠳᠤᠨ ᠰᠤᠪᠠᠭ ᠢᠶᠠᠷ ᠵᠢᠭᠤᠯᠴᠢᠯᠠᠯ ᠤᠨ ᠤᠠᠬᠠᠭᠤᠯᠭ᠎ᠠ ᠶᠢᠨ ᠵᠠᠷᠲᠤ ᠹᠢᠯᠢᠮ ᠢ ᠨᠡᠪᠲᠡᠷᠡᠭᠦᠯᠪᠡ᠃ | ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠬᠠᠢ ᠶᠢᠨ ᠭᠤᠷᠪᠠᠯᠵᠢᠨ ᠬᠤᠶᠢᠭ ᠬᠢᠭᠡᠳ ᠦᠪᠦᠷ ᠮᠤᠩᠭᠤᠯ ᠤᠨ | ᠤᠶᠢᠷ᠎ᠠ ᠲᠤᠭᠤᠷᠢᠨ ᠵᠡᠷᠭᠡ ᠴᠢᠬᠤᠯᠠ ᠵᠢᠭᠤᠯᠴᠢᠯᠠᠯ ᠤᠨ ᠵᠤᠴᠢᠳ ᠤᠨ ᠢᠷᠡᠯᠲᠡ ᠲᠠᠢ ᠭᠠᠵᠠᠷ ᠤᠷᠤᠨ ᠤ ᠬᠤᠲᠠ | ᠶᠢᠨ ᠠᠭᠤᠳᠠᠮ ᠲᠠᠯᠠᠪᠠᠢ᠂ ᠨᠢᠰᠭᠡᠯ ᠤᠨ ᠲᠠᠯᠠᠪᠠᠢ ᠬᠢᠭᠡᠳ ᠬᠤᠷᠳᠤᠨ ᠤ ᠲᠡᠮᠦᠷ ᠵᠠᠮ ᠤᠨ ᠦᠷᠲᠡᠭᠡᠨ ᠤ ᠲᠤᠮᠤ | LED ᠪᠤᠯᠤᠨ ᠳ᠋ᠧᠩᠲᠦ ᠬᠠᠶᠢᠷᠴᠠᠭ᠂ ᠨᠡᠶᠢᠲᠡ ᠶᠢᠨ ᠮᠠᠰᠢᠨ ᠲᠡᠷᠭᠡᠨ ᠤ ᠰᠢᠯᠵᠢᠮᠡᠯ ᠵᠠᠭᠤᠴᠢᠯᠠᠭᠤᠷ᠂ ᠪᠡᠭᠡᠵᠢᠩ | ᠤᠨ ᠭᠠᠵᠠᠷ ᠳᠤᠤᠷᠠᠬᠢ ᠲᠡᠮᠦᠷ ᠵᠠᠮ ᠤᠨ ᠦᠷᠲᠡᠭᠡᠨ ᠤ ᠳ᠋ᠧᠩᠲᠦ ᠬᠠᠶᠢᠷᠴᠠᠭ ᠵᠢᠴᠢ ᠤᠯᠠᠨ ᠤᠯᠤᠰ ᠤᠨ | ᠬᠤᠭᠤᠷᠤᠨᠳᠤᠬᠢ ᠨᠢᠰᠭᠡᠯ᠂ ᠬᠠᠢ ᠬᠠᠩ ᠪᠦᠯᠦᠭᠯᠡᠯ ᠤᠨ ᠨᠢᠰᠭᠡᠯ ᠤᠨ ᠵᠠᠭᠤᠴᠢᠯᠠᠭᠤᠷ ᠢᠶᠠᠷ《 ᠭᠤᠶᠤᠮᠰᠤᠭ | ᠰᠠᠶᠢᠬᠠᠨ ᠦᠪᠦᠷ ᠮᠤᠩᠭᠤᠯ 》 ᠵᠢᠭᠤᠯᠴᠢᠯᠠᠯ ᠤᠨ ᠤᠬᠠᠭᠤᠯᠭ᠎ᠠ ᠶᠢᠨ ᠵᠠᠷ ᠢ ᠨᠡᠪᠲᠡᠷᠡᠭᠦᠯᠵᠦ᠂ ᠪᠠᠰᠠ ᠬᠠᠮᠲᠤ | ᠳᠤ ᠨᠢ ᠪᠤᠭᠤᠮᠲᠠ ᠶᠢᠨ ᠰᠦᠯᠵᠢᠶᠡᠨ ᠤ ᠴᠡᠭ᠂ ᠵᠢᠭᠤᠯᠴᠢᠯᠠᠯ ᠤᠨ ᠰᠦᠯᠵᠢᠶᠡᠨ ᠤ ᠴᠡᠭ ᠬᠢᠭᠡᠳ ᠨᠡᠶᠢᠭᠡᠮ ᠤᠨ | ᠬᠠᠷᠢᠯᠴᠠᠭᠠᠨ ᠤ ᠰᠢᠨ᠎ᠡ ᠵᠠᠭᠤᠴᠢᠯᠠᠭᠤᠷ ᠲᠤ ᠦᠪᠦᠷ ᠮᠤᠩᠭᠤᠯ ᠤᠨ ᠵᠢᠭᠤᠯᠴᠢᠯᠠᠯ ᠤᠨ ᠰᠤᠷᠠᠭ ᠵᠠᠩᠭᠢ ᠶᠢ | ᠲᠠᠨᠢᠯᠴᠠᠭᠤᠯᠤᠨ ᠬᠦᠷᠭᠡᠪᠡ᠃ ᠪᠡᠭᠡᠵᠢᠩ ᠤᠨ ᠤᠯᠠᠨ ᠤᠯᠤᠰ ᠤᠨ ᠵᠢᠭᠤᠯᠴᠢᠯᠠᠯ ᠤᠨ ᠦᠵᠡᠰᠭᠦᠯᠡᠩ᠂ | ᠭᠤᠸᠠᠩᠳᠦᠩ ᠤᠨ ᠤᠯᠠᠨ ᠤᠯᠤᠰ ᠤᠨ ᠵᠢᠭᠤᠯᠴᠢᠯᠠᠯ ᠤᠨ ᠠᠵᠤ ᠦᠢᠯᠡᠰ ᠤᠨ ᠦᠵᠡᠰᠭᠦᠯᠡᠩ᠂ ᠲᠢᠶᠠᠨᠵᠢᠨ ᠤ | ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠢᠯᠡᠰ ᠤᠨ ᠦᠵᠡᠰᠭᠦᠯᠡᠩ ᠬᠢᠭᠡᠳ ᠤᠮᠠᠷᠠᠲᠤ ᠤᠷᠤᠨ ᠤ | ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ᠂ ᠱᠠᠩᠬᠠᠢ ᠶᠢᠨ ᠳᠤᠮᠳᠠᠳᠤ ᠤᠯᠤᠰ ᠤᠨ ᠤᠯᠠᠨ ᠤᠯᠤᠰ ᠤᠨ | ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ᠂ ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠵᠢᠭᠤᠯᠴᠢᠯᠠᠯ | ᠤᠨ ᠡᠵᠡᠩᠨᠡᠨ ᠪᠤᠷᠤᠯᠠᠭᠤᠯᠬᠤ ᠴᠤᠭᠯᠠᠭᠠᠨ ᠳᠤ ᠪᠦᠯᠬᠦᠮ ᠪᠠᠶᠢᠭᠤᠯᠤᠨ ᠤᠷᠤᠯᠴᠠᠵᠤ᠂ ᠦᠪᠦᠷ ᠮᠤᠩᠭᠤᠯ ᠤᠨ | ᠵᠢᠭᠤᠯᠴᠢᠯᠠᠯ ᠤᠨ ᠡᠬᠡ ᠰᠤᠷᠪᠤᠯᠵᠢ ᠬᠢᠭᠡᠳ ᠪᠦᠲᠦᠭᠡᠭᠳᠡᠭᠦᠨ ᠢᠶᠠᠨ ᠪᠦᠬᠦ ᠲᠠᠯ᠎ᠠ ᠪᠠᠷ ᠢᠯᠡᠷᠡᠭᠦᠯᠪᠡ᠃ | ᠳᠤᠯᠤᠭ᠎ᠠ ᠳᠤ᠂ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠨ ᠲᠠᠰᠤᠷᠠᠯᠲᠠ ᠦᠭᠡᠢ ᠦᠷᠭᠡᠵᠢᠭᠦᠯᠪᠡ᠃ | 《 ᠲᠦᠮᠡᠨ ᠭᠠᠵᠠᠷ ᠤᠨ ᠴᠠᠢ ᠶᠢᠨ ᠵᠠᠮ 》 ᠤᠯᠠᠨ ᠤᠯᠤᠰ ᠤᠨ ᠵᠢᠭᠤᠯᠴᠢᠯᠠᠯ ᠤᠨ ᠬᠤᠯᠪᠤᠭᠠᠨ ᠤ ᠨᠠᠷᠢᠨ | ᠪᠢᠴᠢᠭ ᠤᠨ ᠭᠠᠵᠠᠷ ᠤᠨ ᠬᠡᠷᠡᠭᠴᠡᠭᠡ ᠪᠠᠨ ᠭᠦᠢᠴᠡᠳ ᠪᠠᠳᠠᠷᠠᠭᠤᠯᠵᠤ᠂ ᠳᠤᠮᠳᠠᠳᠤ ᠤᠷᠤᠰ ᠮᠤᠩᠭᠤᠯ ᠤᠨ | ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠢᠳᠡᠪᠬᠢᠲᠡᠢ ᠦᠷᠨᠢᠭᠦᠯᠪᠡ᠃ ᠭᠤᠷᠪᠠᠳᠤᠭᠠᠷ ᠬᠤᠭᠤᠴᠠᠭᠠᠨ ᠤ | ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠰᠠᠶᠢᠳ ᠨᠠᠷ ᠤᠨ ᠵᠦᠪᠯᠡᠯ ᠤᠨ ᠬᠤᠷᠠᠯ | ᠳᠤ ᠤᠷᠤᠯᠴᠠᠪᠠ᠃ ᠳᠤᠮᠳᠠᠳᠤ ᠤᠷᠤᠰ ᠮᠤᠩᠭᠤᠯ ᠭᠤᠷᠪᠠᠨ ᠤᠯᠤᠰ ᠲᠠᠪᠤᠨ ᠭᠠᠵᠠᠷ ᠤᠨ ᠵᠢᠭᠤᠯᠴᠢᠯᠠᠯ ᠤᠨ | ᠬᠤᠯᠪᠤᠭᠠᠲᠤ ᠬᠤᠷᠠᠯᠳᠤᠭᠠᠨ ᠳᠤ ᠪᠦᠯᠬᠦᠮ ᠪᠠᠶᠢᠭᠤᠯᠤᠨ ᠤᠷᠤᠯᠴᠠᠵᠤ᠂ ᠳᠤᠮᠳᠠᠳᠤ ᠤᠷᠤᠰ ᠤᠷᠤᠨ ᠤ | ᠰᠤᠯᠢᠯᠴᠠᠭ᠎ᠠ ᠬᠠᠮᠲᠤᠷᠠᠯᠴᠠᠭᠠᠨ ᠤ ᠵᠢᠯ ᠤᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ᠂ ᠪᠦᠯᠬᠦᠮ ᠪᠠᠶᠢᠭᠤᠯᠤᠨ | ᠤᠷᠤᠰ ᠤᠷᠤᠨ ᠳᠤ ᠤᠴᠢᠵᠤ ᠵᠢᠭᠤᠯᠴᠢᠯᠠᠯ ᠤᠨ ᠲᠤᠰᠬᠠᠢ ᠰᠡᠳᠦᠪ ᠢᠶᠠᠷ ᠲᠠᠨᠢᠯᠴᠠᠭᠤᠯᠭ᠎ᠠ ᠬᠢᠵᠦ᠂ ᠮᠤᠰᠺᠸᠠ | ᠶᠢᠨ ᠤᠯᠠᠨ ᠤᠯᠤᠰ ᠤᠨ ᠵᠢᠭᠤᠯᠴᠢᠯᠠᠯ ᠤᠨ ᠦᠵᠡᠰᠭᠦᠯᠡᠩ᠂ ᠪᠠᠶᠢᠭᠠᠯ ᠤᠨ ᠵᠤᠭᠠᠴᠠᠯ ᠤᠯᠠᠨ ᠤᠯᠤᠰ ᠤᠨ | ᠵᠢᠭᠤᠯᠴᠢᠯᠠᠯ ᠤᠨ ᠦᠵᠡᠰᠭᠦᠯᠡᠩ᠂ ᠤᠯᠠᠭᠠᠨᠪᠠᠭᠠᠲᠤᠷ ᠤᠨ ᠵᠢᠭᠤᠯᠴᠢᠯᠠᠯ ᠤᠨ ᠦᠵᠡᠰᠭᠦᠯᠡᠩ ᠵᠡᠷᠭᠡ ᠵᠢᠭᠤᠯᠴᠢᠯᠠᠯ | ᠤᠨ ᠦᠵᠡᠰᠭᠦᠯᠡᠩ ᠠᠷᠠᠯᠵᠢᠶᠠᠨ ᠤ ᠠᠵᠢᠯᠯᠠᠭ᠎ᠠ᠂ ᠤᠯᠠᠭᠠᠨᠪᠠᠭᠠᠲᠤᠷ ᠤᠨ《 ᠳᠤᠮᠳᠠᠳᠤ ᠶᠢ ᠮᠡᠳᠡᠷᠡᠬᠦ · | ᠦᠪᠦᠷ ᠮᠤᠩᠭᠤᠯ ᠤᠨ ᠰᠤᠶᠤᠯ ᠵᠢᠭᠤᠯᠴᠢᠯᠠᠯ ᠤᠨ ᠭᠠᠷᠠᠭ 》 ᠤᠨ ᠠᠵᠢᠯᠯᠠᠭ᠎ᠠ ᠳᠤ ᠤᠷᠤᠯᠴᠠᠵᠤ᠂ ᠦᠪᠦᠷ | ᠮᠤᠩᠭᠤᠯ ᠤᠨ ᠵᠢᠭᠤᠯᠴᠢᠯᠠᠯ ᠢᠶᠠᠨ ᠢᠳᠡᠪᠬᠢᠲᠡᠢ ᠲᠠᠨᠢᠯᠴᠭᠤᠯᠪᠠ᠃ ᠳᠤᠮᠳᠠᠳᠤ ᠤᠷᠤᠰ ᠮᠤᠩᠭᠤᠯ ᠺᠠᠽᠠᠭᠰᠲ᠋ᠠᠨ ᠤ | ᠵᠠᠯᠠᠭᠤᠴᠤᠳ ᠪᠠᠭᠠᠴᠤᠳ ᠤᠨ ᠵᠢᠭᠤᠯᠴᠢᠯᠠᠯ ᠤᠨ ᠵᠤᠰᠠᠯᠠᠩ᠂ ᠦᠪᠡᠷᠲᠡᠭᠡᠨ ᠮᠠᠰᠢᠨ ᠵᠢᠯᠤᠭᠤᠳᠬᠤ ᠵᠢᠭᠤᠯᠴᠢᠯᠠᠯ᠂ | ᠤᠨᠤᠭ᠎ᠠ ᠪᠠᠷ ᠠᠶᠠᠯᠠᠬᠤ ᠵᠢᠭᠤᠯᠴᠢᠯᠠᠯ ᠵᠡᠷᠭᠡ ᠬᠢᠯᠢ ᠠᠯᠤᠰᠯᠠᠬᠤ ᠵᠢᠭᠤᠯᠴᠢᠯᠠᠯ ᠤᠨ ᠠᠵᠢᠯᠯᠠᠭ᠎ᠠ ᠶᠢ ᠦᠷᠨᠢᠭᠦᠯᠪᠡ᠃ | ᠮᠠᠨᠵᠤᠤᠷ ᠬᠤᠲᠠ ᠪᠦᠬᠦ ᠤᠯᠤᠰ ᠤᠨ ᠠᠩᠬᠠᠳᠤᠭᠠᠷ ᠬᠢᠯᠢ ᠬᠢᠵᠠᠭᠠᠷ ᠤᠷᠤᠨ ᠤ ᠵᠢᠭᠤᠯᠴᠢᠯᠠᠯ ᠤᠨ ᠲᠤᠷᠰᠢᠯᠲᠠ | ᠶᠢᠨ ᠤᠷᠤᠨ ᠢᠶᠠᠷ ᠦᠨᠡᠯᠡᠭᠳᠡᠪᠡ᠃ ᠬᠤᠶᠠᠳᠤᠭᠠᠷ ᠪᠦᠯᠦᠭ ᠤᠷᠤᠰ ᠲᠤ ᠭᠠᠷᠬᠤ ᠳᠤ ᠸᠢᠰᠡ ᠠᠴᠠ | ᠬᠡᠯᠲᠦᠷᠢᠭᠦᠯᠬᠦ ᠵᠢᠭᠤᠯᠴᠢᠯᠠᠯ ᠤᠨ ᠬᠤᠷᠢᠶ᠎ᠠ ᠵᠦᠪᠰᠢᠶᠡᠷᠡᠭᠳᠡᠵᠦ᠂ ᠸᠢᠰᠡ ᠠᠴᠠ ᠬᠡᠯᠲᠦᠷᠢᠭᠦᠯᠬᠦ ᠵᠢᠭᠤᠯᠴᠢᠯᠠᠯ ᠤᠨ | ᠬᠤᠷᠢᠶ᠎ᠠ ᠤᠤᠯ ᠤᠨ 22 ᠪᠠᠶᠢᠭᠰᠠᠨ ᠠᠴᠠ ᠪᠠᠨ 66 ᠪᠤᠯᠤᠨ ᠨᠡᠮᠡᠭᠳᠡᠪᠡ᠃ ᠬᠢᠯᠢ ᠠᠯᠤᠰᠯᠠᠬᠤ ᠵᠢᠭᠤᠯᠴᠢᠯᠠᠯ | ᠤᠨ ᠵᠠᠬ᠎ᠠ ᠳᠡᠯᠭᠡᠭᠦᠷ ᠤᠨ ᠳᠡᠯᠭᠡᠷᠡᠬᠦ ᠶᠢ ᠢᠳᠡᠪᠬᠢᠲᠡᠢ ᠦᠷᠭᠡᠳᠭᠡᠵᠦ᠂ ᠪᠦᠯᠬᠦᠮ ᠪᠠᠶᠢᠭᠤᠯᠤᠨ ᠠᠩᠭᠡᠯᠢ ᠶᠢᠨ | ᠯᠤᠨᠳᠦᠨ᠂ ᠺᠠᠨᠠᠳᠠ᠂ ᠠᠮᠧᠷᠢᠺᠠ᠂ ᠪᠷᠡᠽᠢᠯ᠂ ᠺᠤᠷᠢᠶᠠ᠂ ᠶᠠᠫᠤᠨ ᠪᠤᠯᠤᠨ ᠰᠢᠶᠠᠩᠭᠠᠩ ᠤᠤᠮᠧᠨ ᠤᠷᠤᠨ ᠤ | ᠵᠢᠭᠤᠯᠴᠢᠯᠠᠯ ᠤᠨ ᠠᠷᠠᠯᠵᠢᠶᠠᠨ ᠤ ᠦᠵᠡᠰᠭᠦᠯᠡᠩ ᠳᠤ ᠤᠷᠤᠯᠴᠠᠪᠠ᠃ ᠵᠡᠷᠭᠡᠯᠡᠳᠡᠭᠡ ᠮᠤᠵᠢ ᠤᠷᠤᠨ ᠲᠠᠢ | ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ | ᠾᠧᠪᠸᠢ᠂ ᠯᠢᠶᠤᠤᠨᠢᠩ ᠭᠢᠷᠢᠨ ᠬᠠᠷᠠᠮᠦ᠋ᠷᠡᠨ᠂ ᠱᠠᠨ ᠰᠢ ᠱᠠᠨᠰᠢ ᠭᠠᠨᠰᠤ ᠨᠢᠩᠰᠢᠶᠠ ᠲᠠᠢ ᠵᠢᠭᠤᠯᠴᠢᠯᠠᠯ ᠤᠨ | ᠬᠠᠮᠲᠤᠷᠠᠯᠴᠠᠭᠠᠨ ᠤ ᠦᠷ᠎ᠡ ᠪᠦᠲᠦᠮᠵᠢ ᠪᠠᠨ ᠪᠠᠲᠤᠳᠬᠠᠵᠤ᠂ ᠬᠦᠬᠡᠮᠦ᠋ᠷᠡᠨ ᠤ ᠠᠵᠤ ᠠᠬᠤᠢ ᠶᠢᠨ ᠪᠦᠰᠡ᠂ | ᠵᠦᠬᠠᠢ ᠶᠢᠨ ᠭᠤᠷᠪᠠᠯᠵᠢᠨ ᠬᠤᠶᠢᠭ ᠤᠨ ᠠᠵᠤ ᠠᠬᠤᠢ ᠶᠢᠨ ᠪᠦᠰᠡ ᠲᠠᠢ ᠤᠷᠤᠨ ᠨᠤᠲᠤᠭ ᠤᠨ ᠴᠢᠨᠠᠷᠲᠠᠢ | ᠬᠠᠮᠲᠤᠷᠠᠯᠴᠠᠭ᠎ᠠ ᠶᠢ ᠢᠳᠡᠪᠬᠢᠲᠡᠢ ᠦᠷᠨᠢᠭᠦᠯᠪᠡ᠃ | ᠶᠡᠷᠦᠩᠬᠡᠢ ᠳᠤ ᠨᠢ ᠠᠪᠴᠤ ᠬᠡᠯᠡᠪᠡᠯ᠂ 2018 ᠤᠨ ᠤ ᠠᠵᠢᠯ ᠤᠨ ᠠᠬᠢᠴᠠ ᠶᠡᠬᠡᠲᠡᠢ᠂ | ᠤᠷᠢᠳᠴᠢᠯᠭᠰᠠᠨ ᠬᠤᠭᠤᠴᠠᠭᠠᠨ ᠳᠤ ᠬᠠᠷᠠᠯᠲᠠ ᠪᠠᠨ ᠪᠡᠶᠡᠯᠡᠭᠦᠯᠪᠡ᠃ ᠭᠡᠪᠡᠴᠦ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠬᠠᠷᠠᠯᠲᠠ ᠰᠢᠨ᠎ᠡ ᠲᠤᠬᠢᠷᠠᠭᠤᠯᠤᠯᠲᠠ ᠲᠠᠢ ᠠᠳᠠᠯᠢᠳᠬᠠᠪᠠᠯ᠂ ᠰᠢᠨ᠎ᠡ | ᠴᠠᠭ ᠦᠶ᠎ᠡ ᠶᠢᠨ ᠰᠤᠶᠤᠯ ᠪᠠ ᠵᠢᠭᠤᠯᠴᠢᠯᠠᠯ ᠤᠨ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ | ᠬᠠᠷᠢᠴᠠᠭᠤᠯᠪᠠᠯ᠂ ᠪᠠᠰᠠ ᠯᠠ ᠡᠳᠦᠢ ᠲᠡᠳᠦᠢ ᠳᠤᠲᠠᠭᠲᠠᠯ ᠪᠤᠯᠤᠨ ᠠᠰᠠᠭᠤᠳᠠᠯ ᠤᠷᠤᠰᠢᠵᠤ ᠪᠠᠶᠢᠨ᠎ᠠ᠃ ᠵᠢᠱᠢᠶᠡᠯᠡᠪᠡᠯ | ᠂ ᠲᠦᠪ ᠤᠨ ᠲᠤᠮᠤ ᠴᠢᠬᠤᠯᠠ ᠰᠢᠢᠳᠪᠦᠷᠢᠲᠦ ᠪᠤᠳᠤᠯᠭ᠎ᠠ ᠶᠢ ᠬᠦᠷᠦᠭᠰᠡᠨ ᠭᠠᠵᠠᠷ ᠳᠤ ᠨᠢ ᠬᠦᠴᠦᠨ ᠲᠠᠢ | ᠪᠤᠯᠭᠠᠬᠤ ᠲᠠᠯ᠎ᠠ ᠪᠠᠷ᠂ ᠲᠠᠭᠠᠨ ᠤᠷᠤᠭᠰᠢᠯᠠᠵᠤ ᠲᠤᠯᠭᠠᠨ ᠱᠠᠭᠠᠷᠳᠠᠭᠰᠠᠨ ᠨᠢ ᠬᠦᠷᠦᠯᠴᠡᠭᠰᠡᠨ ᠦᠭᠡᠢ᠂ | ᠨᠠᠶᠢᠳᠠᠪᠤᠷᠢᠵᠢᠭᠤᠯᠤᠭᠰᠠᠨ ᠪᠠᠶᠢᠳᠠᠯ ᠵᠢᠭᠳᠡ ᠪᠤᠰᠤ ᠶᠢᠨ ᠠᠰᠠᠭᠤᠳᠠᠯ ᠤᠷᠤᠰᠢᠵᠤ ᠪᠠᠶᠢᠨ᠎ᠠ᠃ ᠤᠷᠠᠨ ᠪᠦᠲᠦᠭᠡᠯ | ᠤᠨ ᠦᠢᠯᠡᠳᠪᠦᠷᠢᠯᠡᠯ ᠤᠨ ᠲᠠᠯ᠎ᠠ ᠪᠠᠷ᠂ ᠦᠪᠦᠷ ᠮᠤᠩᠭᠤᠯ ᠤᠨ ᠬᠢᠷᠢ ᠲᠦᠪᠰᠢᠨ ᠵᠢᠴᠢ ᠦᠨᠳᠦᠰᠦᠲᠡᠨ ᠤ | ᠤᠨᠴᠠᠯᠢᠭ ᠢ ᠲᠦᠯᠦᠭᠡᠯᠡᠵᠦ ᠲᠡᠶᠢᠯᠬᠦ ᠤᠷᠠᠨ ᠪᠦᠲᠦᠭᠡᠯ ᠬᠠᠷᠢᠴᠠᠩᠭᠤᠢ ᠪᠠᠷ ᠴᠦᠬᠡᠨ ᠪᠠᠶᠢᠭᠰᠠᠭᠠᠷ᠃ ᠤᠯᠠᠨ | ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠠᠯ᠎ᠠ ᠪᠠᠷ᠂ ᠨᠢᠭᠡ ᠬᠡᠰᠡᠭ ᠭᠠᠵᠠᠷ ᠤᠷᠤᠨ ᠤᠨᠴᠠᠭᠠᠶᠢᠯᠠᠨ | ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠶᠤᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ | ᠠᠬᠢᠯᠲᠠ ᠤᠳᠠᠭᠠᠨ᠂ ᠨᠢᠭᠡ ᠪᠦᠯᠦᠭ ᠨᠢᠭᠡᠨᠲᠡ ᠪᠠᠶᠢᠭᠤᠯᠤᠭᠳᠠᠭᠰᠠᠨ ᠦᠨᠳᠦᠰᠦᠨ ᠱᠠᠲᠤᠨ ᠤ ᠰᠤᠶᠤᠯ ᠤᠨ | ᠲᠦᠬᠦᠭᠡᠷᠦᠮᠵᠢ ᠪᠠᠰᠠ ᠯᠠ ᠲᠦᠬᠦᠭᠡᠷᠦᠮᠵᠢ ᠶᠢᠨ ᠠᠰᠢᠭᠯᠠᠯᠲᠠ ᠬᠢᠭᠡᠳ ᠦᠢᠯᠡᠴᠢᠯᠡᠭᠡᠨ ᠤ ᠴᠢᠳᠠᠮᠵᠢ ᠲᠡᠶᠢᠮᠦ | ᠰᠠᠶᠢᠨ ᠪᠢᠰᠢ ᠠᠰᠠᠭᠤᠳᠠᠯ ᠤᠷᠤᠰᠢᠵᠤ ᠪᠠᠶᠢᠨ᠎ᠠ᠃ ᠲᠡᠦᠬᠡᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠶᠢ | ᠪᠠᠰᠠ ᠨᠢᠭᠡ ᠠᠯᠬᠤᠮ ᠴᠢᠩᠭᠠᠳᠬᠠᠬᠤ ᠬᠡᠷᠡᠭᠲᠡᠢ᠂ ᠲᠡᠦᠬᠡᠨ ᠳᠤᠷᠠᠰᠬᠠᠯᠲᠤ ᠵᠦᠢᠯ ᠢ《 ᠠᠮᠢᠳᠤᠯᠢᠭ 》 | ᠪᠠᠶᠢᠯᠭᠠᠬᠤ ᠠᠷᠭ᠎ᠠ ᠬᠡᠮᠵᠢᠶ᠎ᠡ ᠪᠠᠰᠠ ᠯᠠ ᠳᠤᠲᠠᠮᠠᠭ ᠪᠠᠶᠢᠭᠰᠠᠭᠠᠷ᠃ ᠲᠡᠦᠬᠡᠨ ᠳᠤᠷᠠᠰᠬᠠᠯᠲᠤ ᠵᠦᠢᠯ ᠢ ᠬᠠᠮᠠᠭᠠᠯᠠᠨ | ᠰᠡᠷᠭᠡᠶᠢᠯᠡᠬᠦ ᠪᠡᠯᠡᠳᠭᠡᠯ ᠲᠦᠬᠦᠭᠡᠷᠦᠮᠵᠢ ᠪᠦᠷᠢᠨ ᠲᠡᠭᠦᠯᠳᠡᠷ ᠪᠤᠰᠤ᠂ ᠪᠦᠬᠦ ᠤᠷᠤᠨ ᠤ ᠲᠡᠦᠬᠡᠨ ᠳᠤᠷᠠᠰᠬᠠᠯᠲᠤ ᠵᠦᠢᠯ | ᠤᠨ ᠠᠮᠤᠷ ᠲᠦᠪᠰᠢᠨ ᠤ ᠪᠠᠶᠢᠳᠠᠯ ᠪᠠᠰᠠ ᠯᠠ ᠨᠡᠯᠢᠶᠡᠳ ᠬᠦᠨᠳᠦ ᠬᠡᠴᠡᠭᠦᠦ ᠪᠠᠶᠢᠭᠰᠠᠭᠠᠷ᠃ ᠲᠤᠰᠬᠠᠢ ᠮᠡᠷᠭᠡᠵᠢᠯ | ᠤᠨ ᠴᠢᠳᠠᠪᠤᠷᠢᠲᠠᠨ ᠳᠤᠲᠠᠭᠤ᠂ ᠰᠤᠶᠤᠯ ᠤᠨ ᠨᠡᠷ᠎ᠡ ᠠᠯᠳᠠᠷᠲᠠᠨ ᠪᠤᠯᠤᠨ ᠦᠨᠳᠦᠷ ᠳᠡᠰ ᠳᠠᠪᠬᠤᠷᠭ᠎ᠠ ᠶᠢᠨ | ᠴᠢᠳᠠᠪᠤᠷᠢᠲᠠᠨ ᠤ ᠲᠤᠭ᠎ᠠ ᠴᠦᠬᠡᠨ᠃ ᠦᠨᠳᠦᠰᠦᠨ ᠱᠠᠲᠤᠨ ᠤ ᠰᠤᠶᠤᠯ ᠤᠨ ᠡᠩᠨᠡᠭᠡ ᠶᠢᠨ ᠪᠠᠶᠢᠭᠤᠯᠤᠯᠲᠠ ᠶᠢ | ᠲᠦᠷᠭᠡᠨ ᠴᠢᠩᠭᠠᠳᠬᠠᠬᠤ ᠬᠡᠷᠡᠭᠲᠡᠢ ᠵᠡᠷᠭᠡ᠃ ᠪᠠᠰᠠ ᠵᠢᠱᠢᠶᠡᠯᠡᠪᠡᠯ᠂ ᠵᠢᠭᠤᠯᠴᠢᠯᠠᠯ ᠤᠨ ᠠᠵᠤ ᠦᠢᠯᠡᠰ ᠤᠨ | ᠲᠤᠭᠲᠠᠯᠴᠠᠭ᠎ᠠ ᠲᠡᠭᠦᠯᠳᠡᠷ ᠪᠤᠰᠤ᠂ ᠠᠵᠤ ᠦᠢᠯᠡᠰ ᠤᠨ ᠬᠦᠷᠢᠶ᠎ᠡ ᠬᠡᠪᠴᠢᠶ᠎ᠡ ᠪᠠᠭ᠎ᠠ᠂ ᠠᠵᠤ ᠦᠢᠯᠡᠰ ᠤᠨ ᠳᠡᠰ | ᠳᠠᠪᠬᠤᠷᠭ᠎ᠠ ᠳᠤᠤᠷ᠎ᠠ᠂ ᠳᠠᠶᠢᠴᠢᠯᠠᠬᠤ ᠴᠢᠳᠠᠪᠤᠷᠢ ᠳᠤᠷᠤᠢ᠂ ᠵᠢᠭᠤᠯᠴᠢᠯᠠᠯ ᠤᠨ ᠰᠢᠨ᠎ᠡ ᠠᠵᠢᠯ ᠤᠨ ᠬᠦᠭᠵᠢᠯᠲᠡ | ᠤᠳᠠᠭᠠᠨ᠂ ᠬᠢᠯᠢ ᠠᠯᠤᠰᠯᠠᠬᠤ ᠨᠠᠶᠢᠷᠰᠠᠭ ᠶᠠᠪᠤᠯᠴᠠᠭ᠎ᠠ ᠪᠠᠨ ᠬᠤᠶᠢᠰᠢᠲᠠ ᠭᠦᠨᠵᠡᠭᠡᠶᠢᠷᠡᠭᠦᠯᠬᠦ ᠬᠡᠷᠡᠭᠲᠡᠢ᠃ | ᠵᠢᠭᠤᠯᠴᠢᠯᠠᠯ ᠤᠨ ᠪᠦᠲᠦᠭᠡᠭᠳᠡᠭᠦᠨ ᠤ ᠪᠦᠲᠦᠮᠵᠢᠲᠠᠢ ᠬᠠᠩᠭᠠᠯᠭ᠎ᠠ ᠭᠦᠢᠴᠡᠳ ᠪᠤᠰᠤ᠂ ᠪᠦᠲᠦᠭᠡᠭᠳᠡᠭᠦᠨ ᠤ | ᠪᠦᠲᠦᠴᠡ ᠵᠠᠷᠢᠮᠳᠠᠭ᠂ ᠪᠦᠲᠦᠭᠡᠭᠳᠡᠭᠦᠨ ᠤ ᠴᠢᠨᠠᠷ ᠲᠡᠶᠢᠮᠦ ᠰᠠᠶᠢᠨ ᠪᠢᠰᠢ᠂ ᠰᠢᠨ᠎ᠡ ᠪᠦᠲᠦᠭᠡᠭᠳᠡᠭᠦᠨ ᠤ ᠨᠡᠬᠡᠬᠡᠯᠲᠡ | ᠭᠦᠢᠴᠡᠳ ᠪᠤᠰᠤ᠂ ᠶᠡᠷᠦᠩᠬᠡᠢ ᠬᠡᠷᠡᠭᠯᠡᠭᠡᠨ ᠤ ᠬᠡᠮᠵᠢᠶ᠎ᠡ ᠦᠨᠳᠦᠷ ᠪᠤᠰᠤ᠃ ᠵᠢᠭᠤᠯᠴᠢᠯᠠᠯ ᠤᠨ ᠦᠨᠳᠦᠰᠦᠨ | ᠲᠦᠬᠦᠭᠡᠷᠦᠮᠵᠢ ᠪᠤᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠤᠭᠲᠠᠯᠴᠠᠭ᠎ᠠ ᠲᠡᠭᠦᠯᠳᠡᠷ ᠪᠤᠰᠤ᠂ ᠴᠢᠯᠦᠭᠡᠲᠦ | ᠠᠶᠠᠯᠠᠯ᠂ ᠰᠤᠷᠠᠭ ᠵᠠᠩᠭᠢᠴᠢᠯᠠᠬᠤ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠤᠭᠲᠠᠯᠴᠠᠭᠠᠨ ᠤ | ᠪᠠᠶᠢᠭᠤᠯᠤᠯᠲᠠ ᠤᠳᠠᠭᠠᠰᠢᠷᠠᠩᠭᠤᠢ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠷᠭᠦᠯᠵᠢᠯᠡᠨ | ᠳᠦᠷᠢᠮᠵᠢᠭᠦᠯᠬᠦ ᠬᠡᠷᠡᠭᠲᠡᠢ᠂ ᠦᠪᠦᠷ ᠮᠤᠩᠭᠤᠯ ᠤᠨ ᠵᠢᠭᠤᠯᠴᠢᠯᠠᠯ ᠤᠨ ᠪᠦᠬᠦᠯᠢ ᠴᠤᠭᠴᠠ ᠶᠢᠨ ᠳᠦᠷᠰᠦ ᠶᠢ | ᠨᠦᠯᠦᠭᠡᠯᠡᠬᠦ ᠠᠮᠤᠷ ᠲᠦᠪᠰᠢᠨ ᠤ ᠠᠰᠠᠭᠤᠳᠠᠯ ᠬᠢᠭᠡᠳ ᠵᠠᠬ᠎ᠠ ᠳᠡᠯᠭᠡᠭᠦᠷ ᠤᠨ ᠵᠠᠮᠪᠠᠷᠠᠭ᠎ᠠ ᠦᠭᠡᠢ ᠪᠠᠶᠢᠳᠠᠯ ᠵᠡᠷᠭᠡ | ᠨᠢᠭᠤᠭᠳᠠᠮᠠᠯ ᠭᠡᠮ ᠮᠦᠨ ᠯᠡ ᠤᠷᠤᠰᠢᠭᠰᠠᠭᠠᠷ ᠪᠠᠶᠢᠨ᠎ᠠ᠃ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ | ᠶᠢᠨ ᠡᠩᠨᠡᠭᠡ᠂ ᠬᠡᠪᠰᠢᠭᠦᠯᠦᠨ ᠬᠢᠨᠠᠨ ᠵᠠᠬᠢᠷᠬᠤ ᠵᠢᠮ᠎ᠡ ᠬᠠᠤᠯᠢ᠂ ᠤᠳᠤᠬᠢᠴᠢᠯᠠᠭᠰᠠᠨ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠬᠤ ᠲᠤᠭᠲᠠᠯᠴᠠᠭᠠᠨ ᠤ ᠪᠠᠶᠢᠭᠤᠯᠤᠯᠲᠠ ᠶᠢ ᠬᠤᠶᠢᠰᠢᠲᠠ ᠴᠢᠩᠭᠠᠳᠭᠠᠨ᠎ᠠ᠃ | ᠤᠬᠠᠭᠤᠯᠤᠨ ᠰᠤᠷᠲᠠᠯᠴᠢᠯᠠᠬᠤ ᠰᠢᠨ᠎ᠡ ᠡᠭᠦᠳᠦᠯᠲᠡ ᠭᠦᠢᠴᠡᠳ ᠪᠤᠰᠤ᠂ ᠡᠵᠡᠩᠨᠡᠨ ᠪᠤᠷᠤᠯᠠᠭᠤᠯᠬᠤ ᠪᠤᠳᠤᠯᠭ᠎ᠠ ᠪᠦᠷᠢᠨ | ᠲᠦᠬᠦᠷ ᠪᠤᠰᠤ᠂ ᠰᠢᠨ᠎ᠡ ᠵᠠᠭᠤᠴᠢᠯᠠᠭᠤᠷ ᠤᠨ ᠡᠵᠡᠩᠨᠡᠨ ᠪᠤᠷᠤᠯᠠᠭᠤᠯᠲᠠ ᠪᠠᠨ ᠬᠤᠶᠢᠰᠢᠲᠠ ᠴᠢᠩᠭᠠᠳᠬᠠᠵᠤ᠂ | ᠨᠠᠷᠢᠨ ᠪᠠᠷᠢᠮᠵᠢᠶᠠᠵᠢᠭᠰᠠᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠴᠢᠬᠤᠯᠠᠲᠠᠢ ᠵᠡᠷᠭᠡ᠃ | 2019 ᠤᠨ ᠳᠤ᠂ ᠰᠤᠶᠤᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠢᠭᠡᠳ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠦᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠲᠦᠪ ᠪᠤᠯᠭᠠᠭᠰᠠᠨ ᠠᠵᠢᠯ | ᠤᠨ ᠴᠢᠭᠯᠡᠯ ᠢ ᠪᠠᠷᠢᠮᠲᠠᠯᠠᠵᠤ᠂ ᠴᠢᠨᠠᠷᠯᠢᠭ ᠰᠠᠶᠢᠨ ᠬᠦᠭᠵᠢᠯᠲᠡ ᠪᠠᠷ ᠬᠠᠷᠠᠯᠲᠠ ᠪᠠᠨ ᠪᠤᠯᠭᠠᠵᠤ᠂ ᠨᠡᠶᠢᠯᠡᠮᠡᠯ | ᠬᠦᠭᠵᠢᠯᠲᠡ ᠪᠠᠷ ᠭᠤᠤᠯ ᠱᠤᠭᠤᠮ ᠪᠤᠯᠭᠠᠵᠤ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠦᠳᠡᠯᠭᠡᠭᠴᠢ | ᠬᠦᠴᠦᠨ ᠪᠤᠯᠭᠠᠵᠤ᠂ ᠰᠤᠶᠤᠯ ᠤᠨ ᠪᠦᠲᠦᠭᠡᠨ ᠪᠠᠶᠢᠭᠤᠯᠤᠯᠲᠠ ᠬᠢᠭᠡᠳ ᠵᠢᠭᠤᠯᠴᠢᠯᠠᠯ ᠤᠨ ᠬᠦᠭᠵᠢᠯᠲᠡ ᠶᠢᠨ ᠡᠯ᠎ᠡ | ᠲᠦᠷᠦᠯ ᠤᠨ ᠠᠵᠢᠯ ᠢᠶᠠᠨ ᠯᠠᠪᠳᠠᠭᠤᠨ ᠰᠠᠶᠢᠨ ᠬᠢᠵᠦ᠂ ᠤᠨᠴᠠ ᠰᠠᠶᠢᠨ ᠦᠷ᠎ᠡ ᠪᠦᠲᠦᠮᠵᠢ ᠪᠠᠷ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ᠃ |