ᠮᠠᠨ ᠤ ᠣᠷᠣᠨ ᠤ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠨᠡᠷᠡᠰ ᠤᠨ ᠵᠢᠭᠰᠠᠭᠠᠯᠲᠠ ᠶᠢ ᠮᠡᠳᠡᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2019/8/23
     ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ︽ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠨᠡᠷᠡᠰ ᠤᠨ ᠵᠢᠭᠰᠠᠭᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠵᠤᠷᠭᠠᠨ ᠲᠠᠷᠬᠠᠭᠠᠪᠠ ﹇2019﹈ 90 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠡᠯ᠎ᠡ ᠠᠶᠢᠮᠠᠭ ᠬᠤᠲᠠ ᠶᠢᠨ ᠳᠡᠪᠰᠢᠬᠦᠯᠦᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ ᠬᠢᠨᠠᠮᠠᠭᠠᠶ ᠰᠤᠳᠤᠯᠵᠤ᠂ ᠥᠪᠥᠷ ᠮᠣᠩᠭᠤᠯ ᠤᠨ ᠣᠷᠣᠨ ᠨᠤᠲᠤᠭ ᠤᠨ ᠣᠨᠴᠠᠯᠢᠭ ᠢᠶᠠᠷ ᠭᠦᠨ ᠵᠤᠵᠠᠭᠠᠨ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠴᠢᠭᠯᠡᠯ ᠲᠠᠢ ᠨᠡᠶᠢᠴᠡᠭᠰᠡᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠷᠢ ᠬᠡᠮᠵᠢᠶ᠎ᠡ ᠪᠠᠷ ᠨᠡᠯᠢᠶᠡᠳ ᠥᠨᠳᠥᠷ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢᠶᠠᠷ ᠳᠤᠪᠤᠶᠢᠮ᠎ᠠ 16 ᠰᠢᠶᠠᠩ ᠢ ᠵᠢᠱᠢᠭᠳᠡᠭᠰᠡᠳ ᠢᠶᠠᠷ ᠰᠢᠯᠢᠨ ᠰᠣᠩᠭᠤᠵᠤ ᠪᠥᠬᠦ ᠤᠯᠤᠰ ᠤᠨ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠮᠡᠳᠡᠭᠦᠯᠪᠡ᠃ ᠡᠳᠦᠭᠡ ᠳᠣᠣᠷᠠᠬᠢ ᠮᠡᠲᠦ ᠵᠠᠷᠯᠠᠶ᠎ᠠ᠄     1. ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠯᠠᠩ ᠱᠠᠨ ᠪᠠᠯᠭᠠᠰᠤ ᠶᠢᠨ ᠹᠦ᠋ ᠴᠢᠶᠠᠩ ᠲᠣᠰᠬᠤᠨ     2. ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠯᠧᠢ ᠵᠢᠶᠠ ᠶᠢᠩᠽᠢ ᠲᠤᠰᠬᠤᠨ     3. ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠪᠤᠭ᠎ᠠ ᠲᠤᠰᠬᠤᠨ     4 .ᠤᠯᠠᠭᠠᠨᠬᠤᠲᠠ ᠶᠢᠨ ᠢᠯᠠᠯᠲᠠ ᠭᠠᠴᠠᠭ᠎ᠠ     5. ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠭᠸᠦ ᠮᠧᠨ ᠪᠠᠯᠭᠠᠰᠤ ᠶᠢᠨ ᠰᠢ ᠸᠠᠨ ᠲᠤᠰᠬᠤᠨ     6 . ᠬᠥᠯᠥᠨ ᠪᠤᠶᠢᠷ ᠬᠤᠲᠠ ᠶᠢᠨ ᠡᠷᠭᠦᠨ᠎ᠡ ᠮᠣᠩᠭᠤᠯ ᠰᠢᠭᠤᠢ ᠰᠤᠮᠤ ᠶᠢᠨ ᠰᠢᠭᠤᠢ ᠲᠣᠰᠬᠤᠨ     7. ᠦᠬᠠᠶ ᠬᠤᠲᠠ ᠶᠢᠨ ᠬᠠᠢ ᠨᠠᠨ ᠲᠣᠭᠤᠷᠢᠭ ᠤᠨ ᠳᠧᠦ ᠳ᠋ᠤᠤ ᠺᠠᠨ‌‍ᠲ᠋ᠣᠰᠬᠤᠨ     8. ᠣᠷᠳᠣᠰ ᠬᠤᠲᠠ ᠶᠢᠨ ᠦᠤᠰᠢᠨ ᠬᠤᠰᠢᠭᠤᠨ ᠤ ᠦ᠋ ᠳ᠋ᠢᠩ ᠾᠧ ᠪᠠᠯᠭᠠᠰᠤ ᠶᠢᠨ ᠪᠠᠲᠤ ᠶᠢᠨ ᠲᠣᠬᠤᠢ ᠲᠣᠰᠬᠤᠨ     9. ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ  ᠰᠠᠨᠳᠤᠤ ᠰᠤᠮᠤ ᠶᠢᠨ ᠴᠧ ᠵᠢᠶᠠ ᠸᠤ᠋ ᠪᠤᠤ ᠲᠣᠰᠬᠤᠨ     10. ᠰᠢᠯᠢ ᠶᠢᠨ ᠭᠤᠤᠯ ᠠᠶᠢᠮᠠᠭ ᠤᠨ ᠲᠤᠯᠤᠨ ᠨᠠᠭᠤᠷ ᠰᠢᠶᠠᠨ ᠤ ᠯᠤᠸᠠᠨ ᠶᠤᠸᠠᠨ ᠪᠠᠯᠭᠠᠰᠤᠨ ᠤ ᠳ᠋ᠠ ᠬᠥ᠋ ᠱᠠᠨ ᠲᠣᠰᠬᠤᠨ     11. ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠯᠢ ᠬᠤᠸᠠ ᠪᠠᠯᠭᠠᠰᠤᠨ ᠤ ᠵᠡᠭᠦᠨ ᠬᠤᠭᠤᠯᠠᠶ ᠲᠣᠰᠬᠤᠨ     12. ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠪᠠᠶᠠᠨ ᠲᠣᠤᠷᠠᠶ ᠰᠤᠮᠤ ᠶᠢᠨ ᠵᠢᠷᠭᠠᠯᠠᠩᠲᠤ ᠭᠠᠴᠠᠭ᠎ᠠ     13. ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠤᠤᠬ᠎ᠠ ᠲᠣᠰᠬᠤᠨ     14. ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠠᠶᠢᠫᠢᠩ ᠵᠤᠸᠠᠩ ᠲᠣᠰᠬᠤᠨ     15. ᠬᠥᠯᠥᠨ ᠪᠤᠶᠢᠷ ᠬᠤᠲᠠ ᠶᠢᠨ ᠣᠷᠴᠣᠨ ᠦᠪᠡᠷᠲᠡᠭᠡᠨ ᠵᠠᠰᠠᠬᠤ ᠬᠤᠰᠢᠭᠤᠨ ᠤ ᠳ᠋ᠠ ᠶᠠᠩ ᠱᠣ᠋ ᠪᠠᠯᠭᠠᠰᠤᠨ ᠤ ᠲᠦᠪᠦᠭᠡᠷ ᠠᠩᠴᠢᠨ ᠤ ᠲᠣᠰᠬᠤᠨ     16. ᠰᠢᠯᠢ ᠶᠢᠨ ᠭᠤᠤᠯ ᠠᠶᠢᠮᠠᠭ ᠤᠨ ᠲᠠᠶᠢᠪᠤᠰᠧ ᠬᠤᠰᠢᠭᠤᠨ ᠤ ᠪᠣᠤᠴᠠᠩ ᠪᠠᠯᠭᠠᠰᠤᠨ ᠤ ᠪᠢᠶᠠᠨ ᠴᠢᠶᠠᠩ ᠲᠤᠰᠬᠤᠨ     ᠨᠡᠶᠢᠲᠡᠯᠡᠬᠦ ᠬᠤᠭᠤᠴᠠᠭ᠎ᠠ᠄ 2019 ᠤᠨ 7 ᠰᠠᠷ᠎ᠠ ᠶᠢᠨ 4 — 10 ᠤ ᠡᠳᠦᠷ᠂ 5 ᠠᠵᠢᠯᠯᠠᠬᠤ ᠡᠳᠦᠷ᠃     ᠬᠠᠷᠢᠯᠴᠠᠬᠤ ᠬᠥᠮᠦᠨ᠄ ᠸᠠᠩ ᠲᠤᠤ     ᠬᠠᠷᠢᠯᠴᠠᠬᠤ ᠤᠲᠠᠰᠤ᠄ 0471 - 6945826
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号