ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠪᠣᠳᠡᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠲᠦᠪ
ᠨᠡᠶᠢᠲᠡᠯᠡᠭᠰᠡᠨ ᠴᠠᠭ᠄
2019/8/5
ᠪᠠᠶᠢᠭᠤᠯᠭ᠎ᠠ ᠶᠢᠨ ᠪᠠᠶᠢᠷᠢᠯᠠᠭᠤᠯᠣᠯᠲᠠ᠄      ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠣᠳᠡᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠳᠦᠪ ᠪᠣᠯ ᠦᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠷᠢᠶ᠎ᠠ ᠪᠠᠶᠢᠭᠤᠯᠭ᠎ᠠ᠂ ᠭᠠᠵᠠᠷ ᠤᠨ ᠲᠡᠰ ᠤᠨ ᠠᠵᠢᠯ ᠦᠢᠯᠡᠰ ᠤᠨ ᠪᠠᠶᠢᠭᠤᠯᠭ᠎ᠠ ᠶᠣᠮ᠂ 2009 ᠣᠨ ᠤ 1 ᠰᠠᠷ᠎ᠠ ᠳᠤ ᠦᠪᠡᠷᠲᠡᠭᠡᠨ ᠵᠠᠰᠬᠤ ᠣᠷᠣᠨ ᠤ ᠣᠷᠣᠨ ᠲᠣᠭᠠᠨ ᠤ ᠠᠯᠪᠠᠨ ᠭᠡᠷ ᠤᠨ ᠵᠦᠪᠰᠢᠶᠡᠷᠡᠯ ᠲᠠᠢ ᠪᠠᠷ ᠪᠠᠶᠢᠭᠤᠯᠣᠭᠳᠠᠭᠰᠠᠨ ᠶᠣᠮ᠂ 2009 ᠣᠨ ᠤ 3 ᠰᠠᠷ᠎ᠠ ᠳᠤ ᠵᠢᠩᠬᠢᠨᠢ ᠪᠠᠷ ᠢᠯᠡᠷᠬᠡᠶᠢᠯᠡᠯ ᠢᠶᠠᠨ ᠡᠯᠭᠦᠵᠤ ᠠᠵᠢᠯᠯᠠᠪᠠ᠂ ᠲᠣᠲᠣᠷ᠎ᠠ ᠪᠠᠨ ᠲᠦᠷᠪᠡᠨ ᠬᠡᠯᠲᠡᠰ᠂ 25 ᠠᠵᠢᠯᠲᠠᠨ ᠲᠠᠢ᠃ ᠪᠠᠶᠢᠭᠤᠯᠣᠮᠵᠢ ᠶᠢᠨ ᠠᠵᠢᠯ ᠡᠭᠦᠷᠭᠡ᠄      ᠭᠤᠤᠯ ᠨᠢ ᠦᠪᠡᠷᠲᠡᠭᠡᠨ ᠵᠠᠰᠠᠬᠤ ᠣᠷᠣᠨ ᠤ ᠪᠣᠳᠡᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠠᠵᠢᠯ  ᠢ ᠪᠣᠳᠠᠲᠠᠢ ᠵᠣᠬᠢᠶᠠᠨ ᠪᠠᠶᠢᠭᠤᠯᠵᠣ ᠬᠡᠷᠡᠭᠵᠢᠭᠦᠯᠬᠦ ᠪᠣᠯᠣᠨ ᠬᠠᠷᠢᠯᠴᠠᠭ᠎ᠠ ᠰᠣᠯᠢᠯᠴᠠᠭᠠᠨ ᠤ ᠡᠭᠦᠷᠭᠡ ᠶᠢ ᠳᠠᠭᠠᠭᠠᠴᠢᠯᠠᠨ ᠭᠦᠢᠴᠡᠳᠭᠡᠳᠡᠭ᠃ ᠬᠠᠷᠢᠭᠤᠴᠠᠯᠭ᠎ᠠ ᠨᠢ ᠪᠣᠯ᠂ ᠦᠪᠡᠷᠲᠡᠭᠡᠨ ᠵᠠᠰᠠᠬᠤ ᠣᠷᠣᠨ ᠤ ᠪᠣᠳᠠᠰ ᠤᠨ ᠪᠣᠰᠣ ᠰᠣᠶᠣᠯ ᠤᠨ ᠦᠪ ᠤᠨ ᠠᠵᠢᠯ ᠤᠨ ᠶᠡᠷᠦᠩᠬᠡᠢ ᠲᠦᠰᠦᠪ ᠢ ᠠᠯᠬᠤᠮ ᠳᠠᠷᠠᠭᠠᠯᠠᠨ ᠬᠡᠷᠡᠭᠵᠢᠭᠦᠯᠬᠦ ᠲᠦᠯᠦᠪ ᠢ ᠲᠣᠭᠤᠷᠪᠢᠨ ᠲᠣᠭᠳᠠᠭᠠᠬᠤ︔ ᠦᠪᠡᠷᠳᠡᠭᠡᠨ ᠵᠠᠰᠠᠬᠤ ᠣᠷᠣᠨ ᠤ ᠪᠣᠳᠡᠰ ᠤᠨ ᠪᠣᠰᠣ ᠰᠣᠶᠣᠯ ᠤᠨ ᠦᠪ ᠢ ᠲᠦᠷᠭᠡᠨ ᠠᠪᠣᠷᠠᠬᠤ ᠮᠡᠷᠭᠡᠵᠢᠯ ᠤᠨ ᠪᠠᠷᠢᠮᠵᠢᠶ᠎ᠠ ᠪᠣᠯᠣᠨ ᠠᠵᠢᠯ ᠤᠨ ᠲᠦᠷᠢᠮᠵᠢᠯ ᠢ ᠲᠣᠭᠳᠠᠭᠠᠬᠤ︔ ᠮᠠᠨ ᠤ ᠣᠷᠣᠨ ᠤ ᠪᠣᠳᠡᠰ ᠤᠨ ᠪᠣᠰᠣ ᠰᠣᠶᠣᠯ ᠤᠨ ᠦᠪ ᠤᠨ ᠬᠠᠮᠠᠭᠠᠯᠠᠯᠳᠠ ᠶᠢᠨ ᠲᠦᠷᠦᠯ ᠵᠦᠢᠯ ᠳᠤ ᠬᠢ ᠠᠭᠤᠳᠠᠯᠬᠤ᠂ ᠠᠪᠣᠷᠠᠬᠤ᠂ ᠰᠣᠳᠣᠯᠬᠤ ᠂ ᠬᠠᠮᠠᠭᠠᠯᠠᠬᠤ ᠪᠠ ᠡᠮᠬᠢᠳᠭᠡᠬᠦ ᠠᠵᠢᠯ ᠢ ᠪᠣᠳᠠᠲᠠᠢ ᠪᠠᠷ ᠵᠣᠬᠢᠶᠠᠨ ᠪᠠᠶᠢᠭᠤᠯᠣᠨ᠎ᠠ︔ ᠭᠤᠤᠯᠳᠠᠯᠭ᠎ᠠ ᠲᠠᠢ ᠲᠦᠷᠦᠯ ᠵᠦᠢᠯ ᠤᠨ ᠬᠠᠮᠠᠭᠠᠯᠠᠯᠲᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠢ ᠮᠦᠷᠳᠡᠨ ᠪᠠᠶᠢᠴᠠᠭᠠᠬᠤ︔ ᠣᠯᠣᠰ ᠤᠨ ᠲᠡᠰ  ᠤᠨ᠂ ᠦᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠣᠰᠣ ᠰᠣᠶᠣᠯ ᠤᠨ ᠦᠪ ᠤᠨ ᠲᠦᠷᠦᠯ ᠵᠦᠢᠯ ᠢ ᠳᠡᠭᠡᠭᠰᠢ ᠮᠡᠳᠡᠭᠦᠯᠬᠦ ᠠᠵᠢᠯ ᠢ ᠪᠣᠳᠠᠳᠠᠢ ᠳᠠᠭᠠᠭᠠᠴᠢᠯᠠᠨ᠎ᠠ︔ ᠪᠦᠬᠦ ᠣᠷᠣᠨ ᠤ ᠦᠨᠳᠦᠰᠤᠨ ᠱᠠᠳᠣᠨ ᠤ ᠪᠣᠳᠠᠰ ᠤᠨ ᠪᠣᠰᠣ ᠰᠣᠶᠣᠯ ᠤᠨ ᠦᠪ ᠤᠨ ᠲᠣᠰᠬᠠᠢ ᠮᠡᠷᠭᠡᠵᠢᠯ ᠤᠨ ᠠᠵᠢᠯᠲᠠᠨ ᠤ ᠲᠣᠰᠬᠠᠢ ᠮᠡᠷᠭᠡᠵᠢᠯ ᠤᠨ ᠵᠢᠭᠠᠨ ᠵᠢᠯᠣᠭᠤᠳᠣᠯᠭ᠎ᠠ ᠪᠠ ᠪᠣᠯᠪᠠᠰᠣᠷᠠᠭᠤᠯᠣᠯ ᠢ ᠬᠠᠷᠢᠭᠤᠴᠠᠬᠤ︔ ᠦᠪᠣᠷ ᠮᠣᠩᠭᠤᠯ ᠤᠨ ᠦᠪᠡᠷᠳᠡᠭᠡᠨ ᠵᠠᠰᠠᠬᠤ ᠤᠷᠤᠨ  ᠤ ᠪᠣᠳᠠᠰ ᠤᠨ ᠪᠣᠰᠣ ᠰᠣᠶᠣᠯ ᠤᠨ ᠦᠪ ᠤᠨ ᠬᠠᠮᠠᠭᠠᠯᠠᠯᠲᠠ ᠶᠢᠨ ᠳᠠᠩᠰᠠ ᠡᠪᠬᠡᠮᠡᠯ᠂ ᠪᠢᠴᠢᠭ ᠮᠠᠲ᠋ᠧᠷᠢᠶᠠᠯ ᠤᠨ ᠬᠦᠮᠦᠷᠭᠡ ᠶᠢᠨ ᠰᠣᠷᠠᠭ ᠵᠠᠩᠭᠢ ᠶᠢᠨ ᠬᠦᠮᠦᠷᠭᠡ ᠶᠢ ᠴᠣᠭᠴᠠᠯᠠᠬᠤ ᠪᠠ ᠬᠠᠮᠢᠶᠠᠷᠬᠤ ᠠᠵᠢᠯ ᠵᠡᠷᠭᠡ ᠪᠣᠢ᠃      ᠲᠦᠪ ᠤᠨ ᠡᠷᠬᠢᠯᠡᠭᠴᠢ᠄ ᠵᠢᠶᠠ ᠹᠠᠨ      ᠠᠯᠪᠠᠨ ᠭᠠᠵᠠᠷ᠄ ᠬᠦᠬᠡᠬᠤᠲᠠ ᠶᠢᠨ  ᠰᠢᠨ᠎ᠡ ᠬᠤᠳᠡ ᠲᠣᠭᠤᠷᠢᠭ ‍ᠤᠨ‌ᠡᠮᠦᠨ᠎ᠡ ᠮᠠ ᠱᠧᠩ ᠮᠢᠶᠣᠤ  ᠵᠡᠭᠡᠯᠢ  ᠶᠢᠨ121 ᠳ᠋ᠣᠭᠡᠷ ᠬᠦᠷᠢᠶᠡᠯᠡᠩ ᠤᠨ ᠠᠯᠪᠠᠨ ᠠᠰᠠᠷ        ᠬᠠᠷᠢᠯᠴᠠᠬᠤ ᠣᠲᠠᠰᠣ᠄ 0471 — 6900284
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号