ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠥᠬᠡ ᠶᠢᠨ ᠳᠤᠷᠠᠰᠬᠠᠯᠲᠤ ᠵᠦᠢᠯ ᠢ ᠰᠤᠳᠤᠯᠬᠤ  ᠭᠠᠵᠠᠷ
ᠨᠡᠶᠢᠲᠡᠯᠡᠭᠰᠡᠨ ᠴᠠᠭ᠄
2019/8/5
ᠪᠠᠶᠢᠭᠤᠯᠭ᠎ᠠ ᠶᠢᠨ ᠲᠤᠬᠢᠷᠠᠭᠤᠯᠤᠯᠳᠠ᠄      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠥᠬᠡ ᠶᠢᠨ ᠳᠤᠷᠠᠰᠬᠠᠯᠲᠤ  ᠵᠦᠢᠯ ᠢ ᠰᠤᠳᠤᠯᠬᠤ ᠭᠠᠵᠠᠷ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ  ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠤᠮ᠃ 1954 ᠤᠨ ᠳᠤ ᠦᠪᠦᠷ ᠮᠤᠩᠭᠤᠯ ᠤᠨ ᠲᠡᠥᠬᠡ ᠶᠢᠨ ᠲᠤᠷᠠᠰᠬᠠᠯᠲᠤ ᠵᠦᠢᠯ ᠤᠨ ᠠᠵᠢᠯᠯᠠᠬᠤ ᠳᠤᠭᠤᠶᠢᠯᠠᠩ ᠪᠠᠶᠢᠭᠤᠯᠤᠭᠳᠠᠭᠰᠠᠨ ᠨᠢ ᠦᠪᠡᠷᠲᠡᠭᠡᠨ ᠵᠠᠰᠠᠬᠤ ᠤᠷᠤᠨ ᠤ ᠲᠡᠥᠬᠡ  ᠶᠢᠨ ᠳᠤᠷᠠᠰᠬᠠᠯᠲᠤ ᠵᠦᠢᠯ ᠢ ᠰᠤᠳᠤᠯᠬᠤ  ᠪᠠᠶᠢᠭᠤᠯᠤᠮᠵᠢ ᠶᠢᠨ ᠡᠭᠦᠰᠦᠯᠲᠡ ᠵᠢᠨ‌‍ᠰᠢᠨᠵᠢ ᠲᠡᠮᠳᠡᠭ  ᠪᠤᠯᠵᠠᠢ᠃ ᠲᠡᠷᠡ ᠪᠠᠷ1961 ᠤᠨ ᠳᠤ ᠨᠡᠷ᠎ᠡ ᠪᠠᠨ‌ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠥᠬᠡ  ᠶᠢᠨ ᠲᠤᠷᠠᠰᠬᠠᠯᠲᠤ ᠵᠦᠢᠯ ᠤᠨ ᠠᠵᠢᠯᠯᠠᠬᠤ ᠠᠩᠬᠢ ᠬᠡᠮᠡᠨ ᠦᠭᠡᠷᠡᠴᠢᠯᠡᠨ᠂1986 ᠤᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠥᠬᠡ ᠶᠢᠨ ᠳᠤᠷᠠᠰᠬᠠᠯᠲᠤ  ᠵᠦᠢᠯ  ᠢ ᠰᠤᠳᠤᠯᠬᠤ  ᠭᠠᠵᠠᠷ ᠭᠡᠵᠦ  ᠠᠯᠪᠠᠨ ᠶᠤᠰᠤ ᠪᠠᠷ ᠲᠠᠬᠢᠨ ᠬᠠᠯᠠᠪᠠ᠃ ᠬᠠᠭᠠᠰ ᠢᠯᠡᠭᠦᠦ ᠵᠠᠭᠤᠨ ᠤ ᠬᠦᠭᠵᠢᠯᠲᠡ ᠶᠢ ᠳᠠᠮᠵᠢᠨ᠂ ᠤᠳᠤᠬᠠᠨ ᠳᠤ 62 ᠨᠡᠷ᠎ᠡ ᠠᠵᠢᠯᠲᠠᠨ ᠲᠠᠢ ᠪᠤᠯᠵᠠᠢ᠃ ᠡᠭᠦᠨ ᠳᠤ ᠰᠤᠳᠤᠯᠬᠤ ᠰᠠᠩᠴᠢ 10 ᠨᠡᠷ᠎ᠡ᠂ ᠲᠡᠳ᠋ ᠰᠤᠳᠤᠯᠬᠤ ᠰᠠᠩᠴᠢ 6 ᠨᠡᠷ᠎ᠡ᠂ ᠬᠠᠭᠤᠴᠢ ᠰᠠᠩᠴᠢ 13 ᠨᠡᠷ᠎ᠡ᠂ ᠲᠤᠰᠠᠯᠠᠬᠤ ᠰᠠᠩᠴᠢ 13 ᠨᠡᠷ᠎ᠡ᠂ ᠪᠤᠰᠤᠳ ᠠᠵᠢᠯᠲᠠᠨ 20 ᠨᠡᠷᠡᠰ ᠪᠤᠢ᠃ ᠲᠤᠰᠬᠠᠢ ᠮᠡᠷᠭᠡᠵᠢᠯᠳᠡᠳ ᠲᠤ ᠳ᠋ᠤᠺᠲ᠋ᠤᠷ 3 ᠨᠡᠷᠡᠰ᠂  ᠫᠤᠰᠲ ᠳ᠋ᠤᠺᠲ᠋ᠤᠷ 4 ᠨᠡᠷᠡᠰ᠂ ᠠᠰᠫᠢᠷᠠᠨᠲ11 ᠨᠡᠷ᠎ᠡ᠃ ᠡᠭᠦᠨ ᠳᠤ ᠤᠯᠤᠰ ᠤᠨ ᠳᠡᠰ  ᠤᠨ ᠬᠡᠭᠡᠷ᠎ᠡ ᠶᠢᠨ ᠡᠷᠲᠡᠨ  ᠤ ᠰᠢᠨᠵᠢᠯᠡᠭᠡ  ᠶᠢᠨ ᠳᠠᠭᠠᠭᠤᠯᠤᠭᠴᠢ ᠶᠢᠨ ᠬᠢᠷᠢ ᠭᠡᠮ  ᠲᠠᠢ ᠬᠦᠮᠦᠨ12 ᠨᠡᠷ᠎ᠡ ᠪᠠᠶᠢᠨ᠎ᠠ᠃ᠪᠠᠶᠢᠭᠤᠯᠤᠮᠵᠢ  ᠶᠢᠨ ᠡᠭᠦᠷᠭᠡ ᠴᠢᠳᠠᠪᠬᠢ᠄      ᠦᠪᠡᠷᠲᠡᠭᠡᠨ ᠵᠠᠰᠠᠬᠤ ᠤᠷᠤᠨ ᠤ ᠬᠢᠯᠢ ᠲᠤᠳᠤᠷᠠᠬᠢ ᠲᠡᠦᠬᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ᠂ ᠪᠠᠶᠢᠴᠠᠭᠠᠬᠤ᠂ ᠬᠠᠶᠢᠨ ᠰᠢᠨᠵᠢᠬᠦ᠂ ᠠᠭᠤᠳᠠᠯᠬᠤ᠂ ᠰᠤᠳᠤᠯᠬᠤ ᠵᠡᠷᠭᠡ ᠠᠵᠢᠯ ᠡᠭᠦᠷᠭᠡ ᠶᠢ ᠬᠠᠷᠢᠭᠤᠴᠠᠳᠠᠭ᠃  ᠪᠠᠰᠠ ᠴᠦ ᠪᠦᠬᠦ ᠤᠷᠤᠨ ᠤ ᠡᠷᠲᠡᠨ ᠤ ᠰᠢᠨᠵᠢᠯᠡᠭᠡ  ᠶᠢᠨ ᠳᠠᠭᠠᠭᠤᠯᠤᠭᠴᠢ  ᠶᠢᠨ ᠬᠢᠷᠢ ᠭᠡᠮ ᠲᠠᠢ ᠲᠤᠰᠬᠠᠢ ᠮᠡᠷᠭᠡᠵᠢᠯ ᠤᠨ ᠡᠷᠲᠡᠨ ᠤ ᠰᠤᠳᠤᠯᠤᠯ  ᠤᠨ ᠴᠤᠷ ᠤᠨ ᠭᠠᠭᠴᠠ ᠰᠠᠯᠪᠤᠷᠢ ᠪᠤᠯᠤᠨ᠎ᠠ᠃      ᠭᠠᠵᠠᠷ  ᠤᠨ ᠳᠠᠷᠤᠭ᠎ᠠ᠄ ᠽᠤᠤ  ᠵᠢᠶᠠᠨ ᠡᠸᠡ      ᠬᠠᠶ᠋ᠢᠭ᠄  ᠬᠦᠬᠡᠬᠤᠲᠠ ᠶᠢᠨ ᠰᠠᠶᠢᠬᠠᠨ ᠲᠤᠭᠤᠷᠢᠭ ᠤᠨ ᠦᠵᠡᠰᠭᠦᠯᠡᠩ   ᠤᠨ ᠤᠷᠳᠤᠨ ᠤ ᠵᠡᠭᠦᠨ ᠵᠠᠮ ᠤᠨ ᠡᠮᠦᠨ᠎ᠡ ᠭᠤᠳᠤᠮᠵᠢ  ᠶᠢᠨ1 ᠳ᠋ᠦ᠋ᠭᠡᠷ ᠨᠤᠮᠧᠷ      ᠬᠠᠷᠢᠯᠴᠠᠬᠤ ᠤᠳᠠᠰᠤ᠄ 0471—4961146      ᠹᠠᠺᠰ᠄ 0471—4961146
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号