ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠳᠤ ᠴᠠᠭᠠᠨ ᠬᠡᠷᠡᠮ ᠢ ᠬᠠᠮᠠᠭᠠᠯᠬᠤ ᠠᠵᠢᠯ ᠤᠨ ᠲᠦᠪ
ᠨᠡᠶᠢᠲᠡᠯᠡᠭᠰᠡᠨ ᠴᠠᠭ᠄
2019/8/5
ᠪᠠᠶᠢᠭᠤᠯᠤᠮᠵᠢ      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ   ᠤ ᠤᠷᠳᠤ ᠴᠠᠭᠠᠨ ᠬᠡᠷᠡᠮ ᠢ ᠬᠠᠮᠠᠭᠠᠯᠬᠤ  ᠠᠵᠢᠯ ᠤᠨ ᠲᠦᠪ   ᠨᠢ ᠦᠪᠡᠷᠲᠡᠭᠡᠨ ᠵᠠᠰᠠᠬᠤ ᠤᠷᠤᠨ ᠤ ᠰᠤᠶᠤᠯ ᠪᠠ  ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠨ᠎ᠠ᠃ ᠭᠠᠵᠠᠷ ᠤᠨ ᠳᠡᠰ ᠤᠨ ᠨᠢᠭᠡᠳᠦᠭᠡᠷ ᠲᠦᠷᠦᠯ ᠤᠨ ᠨᠡᠶᠢᠲᠡ ᠶᠢᠨ ᠬᠠᠯᠠᠮᠵᠢ ᠶᠢᠨ ᠠᠵᠢᠯ ᠦᠢᠯᠡᠰ ᠤᠨ ᠨᠢᠭᠡᠴᠢ ᠲᠠᠢ ᠲᠤᠬᠢᠷᠠᠯᠴᠠᠵᠤ᠂ ᠲᠤᠲᠤᠭᠠᠳᠤ ᠳᠤ ᠪᠠᠨ ᠬᠠᠮᠠᠭᠠᠯᠠᠨ ᠵᠠᠬᠢᠷᠬᠤ ᠲᠠᠰᠤᠭ ᠪᠠ ᠶᠡᠷᠦᠩᠬᠡᠶᠢᠯᠡᠭᠰᠡᠨ ᠲᠠᠰᠤᠭ ᠭᠡᠬᠦ ᠬᠤᠶᠠᠷ ᠲᠠᠰᠤᠭ ᠲᠤᠬᠢᠷᠠᠭᠤᠯᠵᠤ᠂  ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠰᠢᠶᠠᠯ  ᠢ ᠭᠤᠷᠪᠠᠨ ᠨᠡᠷ᠎ᠡ ︵ᠬᠤᠶᠠᠷ ᠵᠢᠩᠬᠢᠨᠢ᠂ ᠨᠢᠭᠡ ᠳᠡᠳ᠋︶ ᠬᠢᠨᠠᠨ ᠲᠤᠭᠲᠠᠭᠠᠵᠠᠢ᠃ ᠪᠠᠶᠢᠭᠤᠯᠭ᠎ᠠ ᠶᠢᠨ ᠴᠢᠳᠠᠮᠵᠢ      ᠤᠯᠤᠰ ᠪᠠ ᠦᠪᠡᠷᠲᠡᠭᠡᠨ ᠵᠠᠰᠠᠬᠤ ᠤᠷᠤᠨ ᠤ ᠤᠷᠲᠤ ᠴᠠᠭᠠᠨ ᠬᠡᠷᠡᠮ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠢ ᠲᠤᠶᠢᠯᠪᠤᠷᠢᠲᠠᠢ ᠲᠤᠭᠤᠰᠢᠯᠠᠭᠤᠯᠵᠤ᠂ ᠦᠪᠡᠷᠲᠡᠬᠡᠨ ᠵᠠᠰᠠᠬᠤ ᠤᠷᠤᠨ ᠤ ᠤᠷᠲᠤ ᠴᠠᠭᠠᠨ ᠬᠡᠷᠡᠮ ᠢ ᠬᠠᠮᠠᠭᠠᠯᠠᠬᠤ ᠤᠳᠤᠷᠢᠳᠬᠤ ᠪᠠᠭ ᠤᠨ ᠤᠳᠤᠷᠢᠳᠤᠯᠭ᠎ᠠ ᠳᠤᠤᠷ᠎ᠠ ᠦᠪᠡᠷᠲᠡᠭᠡᠨ ᠵᠠᠰᠠᠬᠤ ᠤᠷᠤᠨ ᠤ ᠬᠢᠯᠢ ᠲᠤᠲᠤᠷᠠᠬᠢ ᠤᠷᠲᠤ ᠴᠠᠭᠠᠨ ᠬᠡᠷᠡᠮ ᠤᠨ ᠠᠪᠤᠷᠠᠯᠲᠠ ᠶᠢᠨ ᠴᠢᠨᠠᠷ ᠲᠠᠢ ᠬᠠᠮᠠᠭᠠᠯᠠᠬᠤ ᠢᠨᠵᠧᠨᠧᠷᠢᠩ᠂ ᠡᠳᠦᠷ ᠲᠤᠳᠤᠮ ᠤᠨ ᠬᠢᠨᠠᠨ ᠵᠠᠬᠢᠷᠬᠤ ᠵᠡᠷᠭᠡ ᠠᠵᠢᠯ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂ ᠬᠠᠮᠢᠶ᠎ᠠ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠤᠨ ᠪᠠᠶᠢᠡᠭᠭᠤ ᠶᠢᠨ ᠴᠢᠨᠠᠷᠲᠠᠢ ᠲᠤᠭᠤᠷᠢᠨ ᠬᠠᠮᠠᠭᠠᠯᠠᠬᠤ᠂ ᠬᠢᠨᠠᠨ ᠬᠠᠮᠢᠶᠠᠷᠬᠤ  ᠶᠢ ᠵᠤᠬᠢᠴᠠᠭᠤᠯᠤᠨ ᠵᠢᠯᠤᠭᠤᠳᠴᠤ᠂ ᠤᠷᠲᠤ ᠴᠠᠭᠠᠨ ᠬᠡᠷᠡᠮ ᠤᠨ  ᠬᠠᠭᠤᠴᠢ ᠰᠤᠳᠤᠯᠤᠯ ᠤᠨ ᠪᠠᠶᠢᠴᠠᠭᠠᠯᠲᠠ᠂ ᠤᠨᠤᠯ ᠤᠨ ᠰᠤᠳᠤᠯᠤᠨ ᠶᠠᠷᠢᠯᠴᠠᠭ᠎ᠠ᠂ ᠡᠷᠳᠡᠮ ᠰᠢᠨᠵᠢᠯᠡᠭ᠊ ‍ᠡᠨ ᠤ ᠰᠤᠯᠢᠯᠴᠠᠭᠠᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃      ᠡᠷᠬᠢᠯᠡᠭᠴᠢ᠄ ᠵᠤᠤ ᠱᠤᠤ ᠶᠢᠩ      ᠠᠯᠪᠠᠯᠠᠬᠤ ᠭᠠᠵᠠᠷ᠄ ᠬᠦᠭᠡᠬᠤᠲᠠ ᠶᠢᠨ ᠰᠠᠶᠢᠬᠠᠨ ᠲᠤᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠳ᠋ᠤᠭᠠᠷ ᠨᠤᠮᠧᠷ      ᠬᠠᠷᠢᠯᠴᠠᠬᠤ ᠤᠳᠠᠰᠤ᠄ 0471-6530366       ᠹᠠᠺᠰ᠄ 0471-6530366
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号