ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ 624 ᠳ᠋ᠣᠭᠡᠷ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2020/11/20
ᠲᠥᠯᠥᠭᠡᠯᠡᠭᠴᠢ ᠸᠠᠩ ᠢᠦᠶ ᠹᠸᠢ ᠳᠤ᠄      ᠲᠠᠨ ᠤ ᠳᠤᠷᠠᠳᠤᠭᠰᠠᠨ ︽ᠤᠯᠠᠭᠠᠨᠬᠠᠳᠠ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ ᠰᠠᠨᠠᠭᠤᠯᠭ᠎ᠠ︾ ᠶᠢ ᠣᠯᠵᠤ ᠣᠶᠢᠯᠠᠭᠠᠪᠠ᠃ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄      ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠶᠡᠷᠦᠩᠬᠡᠶ ᠱᠦᠵᠢ ᠡᠯ᠎ᠡ ᠭᠠᠵᠠᠷ ᠲᠤ ᠰᠢᠨᠵᠢᠯᠡᠨ ᠪᠠᠶᠢᠴᠠᠭᠠᠯᠲᠠ ᠬᠢᠬᠦ ᠪᠠ ᠴᠢᠬᠤᠯᠠ ᠶᠡᠭᠡ ᠲᠥᠷᠥ ᠶᠢᠨ ᠶᠠᠪᠤᠳᠠᠯ ᠤᠨ ᠠᠵᠢᠯᠯᠠᠭ᠎ᠠ ᠳᠤᠮᠳᠠ᠂ ᠪᠣᠳᠠᠰ ᠤᠨ ᠪᠤᠰᠤ ᠰᠣᠶᠣᠯ ᠤᠨ ᠥᠪ ᠢ ᠤᠯᠠᠨ ᠤᠳᠠᠭ᠎ᠠ ᠪᠠᠶᠢᠴᠠᠭᠠᠨ ᠰᠤᠳᠤᠯᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠳᠤᠮᠳᠠᠳᠤ ᠤᠯᠤᠰ ᠤᠨ ᠦᠯᠢᠭᠡᠷ ᠢ ᠶᠠᠷᠢᠵᠤ᠂ ᠳᠤᠮᠳᠠᠳᠤ ᠤᠯᠤᠰ ᠤᠨ ᠴᠤᠭ ᠵᠢᠪᠬᠤᠭ᠎ᠠ ᠶᠢ ᠢᠯᠡᠷᠡᠭᠦᠯᠪᠡ ᠃ ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠡᠯᠪᠡᠭ᠂ ᠣᠨᠴᠠᠯᠢᠭ ᠢᠯᠡ ᠲᠣᠳᠣ᠂ ᠥᠷᠲᠡᠭ ᠲᠤᠪᠤᠶᠢᠮ᠎ᠠ᠂ ᠪᠦᠬᠦ ᠤᠯᠤᠰ ᠢᠯᠠᠩᠭᠤᠶ᠎ᠠ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠪᠤᠳᠠᠰ ᠤᠨ ᠪᠤᠰᠤ ᠰᠣᠶᠣᠯ ᠤᠨ ᠦᠪ ᠤᠨ ᠲᠤᠲᠤᠷ᠎ᠠ ᠴᠢᠬᠤᠯᠠ ᠪᠠᠶᠢᠷᠢ ᠰᠠᠭᠤᠷᠢ ᠲᠠᠢ ᠶᠤᠮ᠃ 2019 ᠣᠨ ᠤ 7 ᠳ᠋ᠤᠭᠠᠷ ᠰᠠᠷ᠎ᠠ ᠶᠢᠨ 15 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠯᠠᠭᠠᠨᠬᠠᠳᠠ ᠬᠤᠲᠠ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ ᠭᠡᠰᠡᠷ ᠤᠨ ᠲᠥᠷᠥᠯ ᠵᠦᠢᠯ ᠤᠨ ᠲᠥᠯᠥᠭᠡᠯᠡᠭᠴᠢ ᠴᠢᠨᠠᠷᠲᠠᠶ ᠤᠯᠠᠮᠵᠢᠯᠠᠭᠴᠢ ᠶᠢ ᠬᠦᠯᠢᠶᠡᠨ ᠠᠪᠴᠤ ᠠᠭᠤᠯᠵᠠᠵᠤ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠬᠠᠮᠠᠭᠠᠯᠠᠯᠲᠠ ᠪᠣᠯᠤᠨ ᠵᠠᠯᠭᠠᠮᠵᠢᠯᠠᠯᠲᠠ ᠶᠢ ᠴᠢᠬᠤᠯᠠᠴᠢᠯᠠᠬᠤ᠂ ᠨᠠᠮ ᠤᠨ ᠲᠥᠪ ᠬᠤᠷᠢᠶ᠎ᠠ ᠠᠴᠠ ᠪᠣᠳᠠᠰ ᠤᠨ ᠪᠤᠰᠤ ᠰᠣᠶᠣᠯ ᠤᠨ ᠥᠪ ᠢ ᠲᠡᠮᠵᠢᠨ ᠲᠡᠳᠬᠦᠵᠦ᠂ ᠤᠯᠠᠮᠵᠢᠯᠠᠨ ᠵᠠᠯᠭᠠᠮᠵᠢᠯᠠᠭᠴᠢ ᠶᠢ ᠰᠠᠶᠢᠲᠤᠷ ᠬᠦᠮᠦᠵᠢᠭᠦᠯᠵᠦ᠂ ᠦᠶ᠎ᠡ ᠦᠶ᠎ᠡ ᠶᠢᠨ ᠬᠢᠨ ᠵᠠᠯᠭᠠᠮᠵᠢᠯᠠᠨ ᠤᠯᠠᠮᠵᠢᠯᠠᠬᠤ ᠠᠵᠢᠯ ᠢ ᠰᠠᠶᠢᠳᠤᠷ ᠳᠡᠮᠵᠢᠨ ᠳᠤᠰᠠᠯᠠᠨ᠎ᠠ ᠭᠡᠵᠦ ᠲᠤᠲᠤᠷᠬᠠᠢ ᠳᠤᠷᠠᠳᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠪᠠ ᠵᠠᠰᠠᠭ ᠤᠨ ᠣᠷᠳᠣᠨ ᠤ ᠣᠨ ᠤ ᠠᠵᠢᠯ ᠤᠨ ᠢᠯᠡᠳᠬᠡᠯ ᠳᠤ ᠣᠷᠤᠭᠤᠯᠵᠤ᠂ ᠭᠤᠤᠯ ᠬᠠᠷᠢᠭᠤᠴᠠᠯᠭᠠᠲᠠᠨ ᠨᠥᠬᠦᠳ ᠤᠯᠠᠨ ᠤᠳᠠᠭ᠎ᠠ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠵᠠᠯᠭᠠᠮᠵᠢᠯᠠᠯᠲᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠬᠦ ᠶᠢᠨ ᠬᠠᠮᠲᠤ ᠵᠢᠭᠠᠪᠤᠷᠢ ᠴᠤᠬᠤᠯᠪᠤᠷᠢ ᠥᠭᠪᠡ᠃      ᠤᠯᠠᠭᠠᠨᠬᠠᠳᠠ ᠬᠤᠲᠠ ᠥᠨᠢ ᠤᠳᠠᠭᠠᠨ ᠲᠡᠦᠬᠡ ᠲᠠᠢ᠂ ᠰᠣᠶᠣᠯ ᠤᠨ ᠰᠠᠭᠤᠷᠢ ᠭᠦᠨ ᠵᠤᠵᠠᠭᠠᠨ᠃ ᠣᠶᠢᠷ᠎ᠠ ᠶᠢᠨ ᠵᠢᠯ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠣᠯᠤᠨ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠴᠦ ᠠᠯᠬᠤᠮ ᠠᠯᠬᠤᠮ ᠢᠶᠠᠷ ᠬᠥᠭᠵᠢᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ᠂ ᠰᠣᠶᠣᠯ ᠤᠨ ᠠᠵᠤ ᠦᠢᠯᠡᠰ ᠵᠡᠷᠭᠡ ᠲᠠᠯ᠎ᠠ ᠪᠠᠷ ᠤᠯᠠᠭᠠᠨᠬᠠᠳᠠ ᠬᠤᠲᠠ ᠶᠢᠨ ᠰᠣᠶᠣᠯ ᠤᠨ ᠡᠬᠢ ᠪᠠᠶᠠᠯᠢᠭ ᠢᠶᠠᠨ ᠭᠦᠨᠵᠡᠭᠡᠢ ᠠᠭᠤᠳᠠᠯᠬᠤ ᠶᠢ ᠳᠡᠮᠵᠢᠵᠦ᠂ ᠰᠢᠯᠢᠳᠡᠭ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠣᠳᠠᠲᠠᠶ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ 7 ︵ᠡᠭᠦᠨ ᠳᠤ ᠤᠯᠠᠭᠠᠨᠬᠠᠳᠠ ᠬᠤᠲᠠ ᠳᠤ 1︶᠂ ᠪᠣᠳᠠᠰ ᠤᠨ ᠪᠤᠰᠤ ᠰᠣᠶᠣᠯ ᠤᠨ ᠥᠪ ᠢᠶᠠᠷ ᠶᠠᠳᠠᠭᠤ ᠶᠢ ᠲᠡᠳᠬᠦᠬᠦ ᠠᠵᠢᠯ ᠣᠯᠭᠤᠯᠲᠠ ᠶᠢᠨ ᠦᠢᠯᠡᠳᠪᠦᠷᠢ 8 ︵ᠡᠭᠦᠨ ᠳᠤ ᠤᠯᠠᠭᠠᠨᠬᠠᠳᠠ ᠬᠤᠲᠠ ᠳᠤ 1︶ ᠶᠢ ᠪᠠᠶᠢᠭᠤᠯᠵᠤ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠬᠦᠭᠵᠢᠯᠲᠡ ᠶᠢ ᠠᠬᠢᠭᠤᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠬᠦᠴᠦᠨ  ᠨᠡᠮᠡᠷᠢᠯᠡᠵᠦ ᠪᠠᠶᠢᠨ᠎ᠠ᠃ ᠡᠭᠦᠨ ᠤ ᠳᠤ ᠬᠠᠮᠲᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠦᠷᠢᠵᠢᠭᠤᠯᠵᠤ᠂ 2020 ᠣᠨ ᠳᠤ ᠪᠠᠭᠠᠷᠢᠨ ᠪᠠᠷᠠᠭᠤᠨ ᠬᠤᠰᠢᠭᠤᠨ ᠤ ᠭᠡᠰᠡᠷ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢᠶᠠᠷ ᠭᠤᠤᠯᠳᠠᠯᠭ᠎ᠠ ᠲᠠᠢ ᠲᠠᠨᠢᠯᠴᠠᠭᠤᠯᠬᠤ ᠪᠠᠷ ᠪᠠᠶᠢᠨ᠎ᠠ᠃ ᠲᠡᠦᠬᠡ ᠰᠣᠶᠣᠯ ᠤᠨ ᠬᠤᠷᠠᠮᠳᠤᠯᠭ᠎ᠠ ᠵᠤᠵᠠᠭᠠᠨ᠂ ᠤᠷᠤᠰᠢᠨ ᠲᠤᠭᠲᠠᠨᠢᠯ ᠤᠨ ᠪᠠᠶᠢᠳᠠᠯ ᠨᠡᠯᠢᠶᠡᠳ ᠰᠠᠶᠢᠨ᠂ ᠴᠢᠬᠤᠯᠠ ᠦᠨ᠎ᠡ ᠥᠷᠲᠡᠭ ᠲᠠᠢ ᠪᠥᠭᠡᠳ ᠢᠯᠡ ᠲᠣᠳᠣ ᠣᠨᠴᠠᠯᠢᠭ ᠲᠠᠢ ᠰᠣᠶᠣᠯ ᠤᠨ ᠬᠡᠯᠪᠡᠷᠢ ᠪᠠᠶᠢᠳᠠᠯ ᠳᠤ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠬᠢᠬᠦ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠠᠴᠠ ᠤᠯᠠᠭᠠᠨᠬᠠᠳᠠ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠣᠶᠤᠨᠴᠢᠯᠠᠭᠰᠠᠨ ᠦᠵᠡᠰᠬᠦᠯᠡᠩ ᠤᠨ ᠣᠷᠳᠣᠨ ᠪᠠᠶᠢᠭᠤᠯᠬᠤ ᠶᠢ ᠳᠡᠮᠵᠢᠬᠦ ᠠᠰᠠᠭᠤᠳᠠᠯ ᠤᠨ ᠲᠤᠬᠠᠢ᠄ ᠤᠯᠤᠰ ᠪᠠ ᠦᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠤᠰᠬᠠᠢ ᠪᠡᠯᠡ ᠮᠥᠩᠭᠦ ᠶᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠣᠯᠬᠤ ᠦᠭᠡᠢ ᠪᠤᠯᠬᠤᠷ ᠥᠭᠡᠷᠡᠴᠢᠯᠡᠯᠲᠡ ᠶᠢᠨ ᠰᠢᠰᠲ᠋ᠧᠮ ᠠᠴᠠ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠣᠷᠳᠣᠨ ᠪᠠᠶᠢᠭᠤᠯᠬᠤ ᠪᠡᠯᠡ ᠮᠥᠩᠭᠦ ᠶᠢ ᠲᠡᠮᠡᠴᠡᠨ ᠣᠯᠬᠤ ᠶᠢ ᠰᠠᠨᠠᠭᠤᠯᠵᠤ ᠪᠠᠶᠢᠨ᠎ᠠ᠃ ᠰᠣᠶᠣᠯ ᠪᠠ ᠵᠢᠭᠤᠯᠴᠢᠯᠠᠯ ᠤᠨ ᠲᠢᠩᠬᠢᠮ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠬᠢ ᠶᠢᠨ ᠬᠡᠪᠴᠢᠶᠡᠨ ᠠᠴᠠ ᠢᠳᠡᠪᠬᠢ ᠲᠠᠢ ᠳᠡᠮᠵᠢᠯᠭᠡ ᠦᠵᠡᠭᠦᠯᠦᠨ᠎ᠡ᠃                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                          ᠰᠣᠶᠣᠯ ᠪᠠ ᠵᠢᠭᠤᠯᠴᠢᠯᠠᠯ ᠤᠨ ᠲᠢᠩᠬᠢᠮ                                          2020 ᠣᠨ ᠤ 5 ᠳ᠋ᠤᠭᠠᠷ ᠰᠠᠷ᠎ᠠ ᠶᠢᠨ 22 ᠤᠨ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号