ᠰᠣᠶᠣᠯ ᠵᠢᠭᠤᠯᠴᠢᠯᠠᠯᠲᠤ ᠳᠤᠮᠳᠠᠳᠤ ᠤᠯᠤᠰ ᠤᠨ ᠵᠣᠴᠢᠳ ᠤᠨ ᠲᠢᠩᠬᠢᠮ  —  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠢᠤᠢ ᡁᠢ ᠭᠦᠸᠧ ᠶᠢᠨ ᠲᠤᠰᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/11/5
     10 ᠳ᠋ᠤᠭᠠᠷ ᠰᠠᠷ᠎ᠠ ᠶᠢᠨ 23 ᠠᠴᠠ 27 ᠤ ᠡᠳᠦᠷ ᠪᠣᠯᠲᠠᠯ᠎ᠠ᠂ ᠰᠣᠶᠣᠯ ᠪᠠ ᠵᠢᠭᠤᠯᠴᠢᠯᠠᠯ ᠤᠨ ᠶᠠᠮᠤᠨ᠂ ᠱᠠᠨᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠭᠤᠤᠯᠯᠠᠨ ᠡᠷᠬᠢᠯᠡᠵᠦ᠂ ᠱᠠᠨᠳᠦ᠋ᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠵᠢᠨᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠭᠰᠡᠨ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠣᠳᠠᠰ ᠤᠨ ᠪᠤᠰᠤ ᠰᠣᠶᠣᠯ ᠤᠨ ᠥᠪ ᠬᠠᠮᠲᠤ ᠤᠷᠤᠭᠰᠢᠯᠠᠨ᠎ᠠ︾ ᠭᠤᠤᠯ ᠰᠡᠳᠦᠪᠲᠦ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠬᠦᠯᠦᠯᠭᠡ ᠱᠠᠨᠳᠦ᠋ᠩ ᠮᠤᠵᠢ ᠶᠢᠨ ᠵᠢᠨᠠᠨ ᠳᠤ ᠠᠮᠵᠢᠯᠲᠠ ᠲᠠᠢ ᠶᠠᠪᠤᠭᠳᠠᠪᠠ᠃            ᠲᠤᠰ ᠬᠤᠭᠤᠴᠠᠭᠠᠨ ᠤ ᠦᠵᠡᠬᠦᠯᠦᠯᠭᠡ ᠶᠢᠨ ᠴᠤᠭᠯᠠᠭᠠᠨ ᠨᠢ ᠪᠦᠬᠦ ᠲᠠᠯ᠎ᠠ ᠪᠠᠷ ᠴᠢᠨᠡᠭᠡᠯᠢᠭᠵᠢᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠬᠦᠯᠵᠦ᠂ ︽ᠶᠡᠷᠦᠩᠬᠡᠢ ᠱᠦᠵᠢ ᠰᠢ ᠶᠢᠨ ᠫᠢᠩ ᠤᠨ ᠪᠣᠳᠠᠰ ᠤᠨ ᠪᠤᠰᠤ ᠰᠣᠶᠣᠯ ᠤᠨ ᠥᠪ ᠯᠦᠭᠡ ᠶᠢᠨ ᠪᠠᠷᠢᠯᠳᠤᠯᠭ᠎ᠠ ᠶᠢ ᠣᠶᠢᠯᠠᠭᠠᠬᠤ︾ ᠦᠵᠡᠬᠦᠯᠦᠯᠭᠡ᠂ ᠬᠠᠳᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠤᠶᠤᠯ ᠤᠨ ᠥᠪ ᠤᠨ ᠦᠵᠡᠭᠦᠯᠦᠯᠭᠡ ᠂ ᠪᠣᠳᠠᠰ ᠤᠨ ᠪᠤᠰᠤ ᠰᠣᠶᠣᠯ ᠤᠨ ᠥᠪ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠬᠦ ᠦᠵᠡᠬᠦᠯᠦᠯᠭᠡ ᠵᠡᠷᠭᠡ 3 ᠲᠤᠰᠬᠠᠢ ᠰᠡᠳᠦᠪᠲᠦ ᠦᠵᠡᠬᠦᠯᠦᠯᠭᠡ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠵᠤ ᠥᠩᠭᠡᠷᠡᠭᠰᠡᠨ ᠪᠣᠳᠠᠰ ᠤᠨ ᠪᠤᠰᠤ ᠰᠣᠶᠣᠯ ᠤᠨ ᠥᠪ  ᠤᠨ ᠲᠦᠷᠦᠯ ᠵᠦᠢᠯ᠂ ᠬᠠᠳᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠤᠷᠠᠯᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ᠂ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠳᠡᠳᠬᠦᠭᠰᠡᠨ ᠦᠷ᠎ᠡ ᠪᠦᠲᠦᠭᠡᠯ ᠲᠤᠪᠤᠶᠢᠮ᠎ᠠ ᠲᠦᠷᠦᠯ ᠵᠦᠢᠯ᠂ ᠴᠢᠨᠡᠭᠡᠯᠢᠭ ᠨᠡᠶᠢᠭᠡᠮ  ᠤᠨ ᠵᠣᠯ ᠵᠢᠷᠭᠠᠯᠲᠤ ᠠᠮᠢᠳᠤᠷᠠᠯ ᠢ ᠬᠠᠷᠠᠭᠤᠯᠤᠭᠰᠠᠨ ᠲᠦᠷᠦᠯ ᠵᠦᠢᠯ ᠢ ᠤᠷᠢᠵᠤ ᠦᠵᠡᠰᠬᠦᠯᠡᠩ ᠳᠤ ᠣᠷᠣᠯᠴᠠᠭᠤᠯᠪᠠ᠃          ︽ᠰᠣᠶᠣᠯ ᠵᠢᠭᠤᠯᠴᠢᠯᠠᠯᠲᠤ ᠳᠤᠮᠳᠠᠳᠤ ᠤᠯᠤᠰ ᠤᠨ ᠵᠤᠴᠢᠳ ᠤᠨ ᠲᠢᠩᠬᠢᠮ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠢᠤᠢ ᡁᠢ ᠭᠦᠸᠧ ᠶᠢ ᠲᠤᠰᠬᠠᠶᠢᠯᠠᠨ ᠰᠤᠷᠪᠤᠯᠵᠢᠯᠠᠵᠤ᠂ ᠪᠤᠳᠠᠰ ᠤᠨ ᠪᠤᠰᠤ ᠰᠤᠶᠤᠯ ᠤᠨ ᠥᠪ ᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠶᠠᠳᠠᠭᠤ ᠠᠴᠠ ᠲᠣᠭᠲᠠᠭᠤᠨ ᠢᠶᠠᠷ ᠠᠩᠬᠢᠵᠢᠷᠠᠭᠤᠯᠵᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠲᠠᠯ᠎ᠠ ᠪᠠᠷ ᠬᠢ ᠢᠳᠡᠪᠬᠢᠲᠡᠢ ᠦᠢᠯᠡᠳᠦᠯ ᠢ ᠰᠤᠳᠤᠯᠤᠨ ᠶᠠᠷᠢᠯᠴᠠᠪᠠ᠃
 
ᠢᠷᠡᠯᠲᠡ᠄ ᠰᠣᠶᠣᠯ ᠵᠢᠭᠤᠯᠴᠢᠯᠠᠯᠲᠤ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号