ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠥᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯᠪᠠᠰᠤᠷᠠᠯ ᠤᠨ ᠠᠩᠭᠢ ᠬᠤᠷᠠᠯᠳᠤᠪᠠ
ᠨᠡᠶᠢᠲᠡᠯᠡᠭᠰᠡᠨ ᠴᠠᠭ᠄
2020/12/15
     12 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠤᠯᠪᠠᠰᠤᠷᠠᠯ ᠤᠨ ᠠᠩᠭᠢ ᠶᠢ ᠥᠪᠥᠷ ᠮᠣᠩᠭᠤᠯ ᠤᠨ ᠷᠠᠳᠢᠣ᠋ ᠲᠧᠯᠸᠢᠰ ᠤᠨ ᠲᠣᠤᠷ ᠰᠦᠯᠵᠢᠶᠡᠨ ᠤ ᠪᠦᠯᠦᠭᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠭᠡᠷ ᠲᠤ ᠡᠷᠬᠢᠯᠡᠵᠦ᠂ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠤᠷᠠᠯᠢᠭ ᠤᠨ ᠭᠠᠵᠠᠷ ᠤᠨ ᠬᠠᠮᠢᠶ᠎ᠠ ᠪᠦᠬᠦᠢ ᠬᠥᠮᠦᠰ ᠵᠢᠴᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠰᠣᠶᠣᠯ ᠪᠠ ᠵᠢᠭᠤᠯᠴᠢᠯᠠᠯ ᠤᠨ ᠲᠤᠪᠴᠢᠶᠠᠨ ᠤ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠪᠥᠬᠦ ᠣᠷᠣᠨ ᠤ ᠭᠤᠷᠪᠠᠨ ᠱᠠᠲᠤᠨ ᠤ ᠤᠯᠤᠰ ᠤᠨ ᠥᠮᠴᠢᠯᠡᠯᠲᠦ ᠤᠷᠠᠯᠢᠭ ᠤᠨ ᠬᠦᠷᠢᠶᠡᠯᠡᠩ ᠪᠦᠯᠬᠦᠮ ᠤᠨ ᠬᠠᠷᠢᠭᠤᠴᠠᠯᠭᠠᠲᠠᠨ ᠲᠣᠰ ᠲᠣᠰ ᠡᠯ᠎ᠡ ᠭᠠᠵᠠᠷ ᠲᠤ ᠪᠠᠨ ᠪᠣᠯᠪᠠᠰᠤᠷᠠᠯ ᠤᠨ ᠠᠩᠭᠢ ᠳᠤ ᠤᠷᠤᠯᠴᠠᠪᠠ᠃
     ᠪᠣᠯᠪᠠᠰᠤᠷᠠᠯ ᠤᠨ ᠠᠩᠭᠢ ᠰᠣᠶᠣᠯ ᠪᠠ ᠵᠢᠭᠤᠯᠴᠢᠯᠠᠯ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠥᠭᠡᠷᠡᠴᠢᠯᠡᠯᠲᠡ ᠶᠢ ᠵᠢᠯᠤᠭᠤᠳᠬᠤ ᠭᠠᠵᠠᠷ ᠤᠨ ᠳᠠᠷᠤᠭ᠎ᠠ ᠵᠤ᠋ ᠴᠢᠩ ᠢ ᠤᠷᠢᠵᠤ ᠬᠢᠴᠢᠶᠡᠯᠯᠡᠬᠦᠯᠪᠡ᠃ ᠭᠠᠵᠠᠷ ᠤᠨ ᠳᠠᠷᠤᠭ᠎ᠠ ᠵᠦ ᠴᠢᠩ  ᠨᠠᠮ ᠤᠨ ᠲᠥᠪ ᠬᠤᠷᠢᠶᠠᠨ ᠤ ᠠᠯᠪᠠᠨ ᠬᠡᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠬᠡᠷ ᠤᠨ ︽ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠰᠤᠷᠤᠯᠴᠠᠨ ᠦᠢᠯᠠᠭᠠᠬᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠵᠡᠮᠰᠢᠬᠦ ᠴᠢᠬᠤᠯᠠᠲᠠᠶ ᠬᠡᠳᠦᠨ ᠲᠠᠯ᠎ᠠ ᠳᠤ ᠲᠠᠶᠢᠯᠤᠮᠵᠢ ᠬᠢᠪᠠ᠃ ᠪᠣᠯᠪᠠᠰᠤᠷᠠᠯ ᠤᠨ ᠠᠩᠭᠢ ᠳᠤ ᠪᠠᠰᠠ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠠᠶᠢᠯᠪᠤᠷᠢᠯᠠᠵᠤ᠂ ᠪᠦᠬᠦ ᠣᠷᠣᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠪ ᠤᠨ ᠶᠡᠷᠦᠩᠬᠡᠶ ᠱᠠᠭᠠᠷᠳᠠᠯᠭ᠎ᠠ ᠶᠢ ᠪᠠᠶᠢᠷᠢᠯᠠᠭᠤᠯᠪᠠ᠃          ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠬᠤᠷᠠᠯ ᠳᠤ ᠤᠷᠤᠯᠴᠠᠬᠤ ᠶᠢᠨ ᠬᠠᠮᠲᠤ ᠳ᠋ᠦᠩᠨᠡᠯᠲᠡ ᠬᠢᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ‍ᠤᠨ‌‍ᠲ᠋ᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号