12 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ 2020 ᠣᠨ ᠤ ᠵᠢᠭᠤᠯᠴᠢᠯᠠᠯ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠬᠦ ᠰᠠᠭᠤᠳᠠᠯ ᠤᠨ | ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠬᠤᠷᠠᠯ ᠡᠷᠬᠢᠯᠡᠵᠦ᠂ | ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ | ᠳᠡᠳ᠋ ᠳᠠᠷᠤᠭ᠎ᠠ ᠢᠦᠢ ᡁᠢ ᠭᠦᠸᠧ᠂ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ | ᠭᠠᠵᠠᠷ ᠲᠠᠰᠤᠭ ᠤᠨ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠨᠡᠷ᠎ᠡ ᠬᠦᠨᠳᠦᠲᠦ ᠲᠤᠰᠬᠠᠶ | ᠮᠡᠷᠭᠡᠵᠢᠯᠲᠡᠨ᠂ ᠶᠡᠭᠡ ᠳᠡᠭᠡᠳᠦ ᠰᠤᠷᠭᠠᠭᠤᠯᠢ ᠶᠢᠨ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠴᠢᠳᠠᠪᠤᠷᠢᠲᠠᠨ᠂ | ᠡᠮᠦᠨ᠎ᠡ ᠹᠷᠤᠨᠲ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ᠂ ᠵᠢᠭᠤᠯᠴᠢᠯᠠᠯ ᠤᠨ | ᠭᠠᠵᠠᠷ᠂ ᠰᠣᠶᠣᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ ᠬᠦᠮᠦᠰ ᠬᠤᠷᠠᠯ ᠳᠤ | ᠣᠷᠣᠯᠴᠠᠪᠠ᠃ | | | | | | ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠳ 2021 ᠣᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠠᠵᠢᠯ | ᠪᠣᠯᠤᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠰᠡᠳᠬᠢᠮᠵᠢ ᠶᠢᠨ ᠲᠣᠭᠤᠷᠢᠨ ᠳᠤ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠶ | ᠠᠭᠤᠰᠤᠯᠴᠠᠯ᠂ ᠰᠢᠨ᠎ᠡ ᠶᠢ ᠡᠭᠦᠳᠴᠦ ᠬᠦᠭᠵᠢᠭᠦᠯᠬᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠦᠭᠵᠢᠬᠦ ᠶᠢ | ᠠᠬᠢᠭᠤᠯᠬᠤ ᠵᠡᠷᠭᠡ ᠠᠵᠢᠯ ᠳᠤ ᠰᠠᠨᠠᠯ ᠵᠥᠪᠯᠡᠯᠭᠡ ᠪᠠᠨ ᠳᠤᠷᠠᠳᠪᠠ᠃ | | | | | ᠲᠤᠰᠬᠠᠶ ᠮᠡᠷᠭᠡᠵᠢᠯᠲᠡᠨ ᠵᠠᠩ ᠲᠠᠢ ᠫᠢᠩ᠄ ︽ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ᠂ | ᠴᠢᠨᠠᠷᠵᠢᠭᠤᠯᠤᠨ ᠳᠡᠭᠡᠭᠰᠢᠯᠡᠭᠦᠯᠬᠦ᠂ ᠣᠨᠴᠠᠯᠢᠬᠵᠢᠭᠤᠯᠤᠨ ᠬᠥᠭᠵᠢᠭᠦᠯᠬᠦ᠂ ᠠᠭᠤᠰᠤᠯᠴᠠᠭᠤᠯᠤᠨ ᠪᠠᠶᠢᠭᠤᠯᠬᠤ᠂ ᠨᠠᠷᠠᠲᠤ | ᠲᠦᠷᠦᠯ ᠲᠡᠮᠳᠡᠭᠲᠦ ᠲᠡᠮᠳᠡᠭᠵᠢᠭᠦᠯᠦᠨ ᠴᠣᠭᠴᠠᠯᠠᠬᠤ᠂ ᠤᠶᠤᠨᠴᠢᠯᠠᠨ ᠡᠵᠡᠩᠨᠡᠬᠦ᠂ ᠬᠡᠪᠴᠢᠶᠡᠵᠢᠭᠦᠯᠦᠨ ᠥᠷᠭᠡᠳᠬᠡᠬᠦ᠂ | ᠦᠷᠭᠦᠯᠵᠢᠯᠡᠨ ᠬᠥᠭᠵᠢᠭᠦᠯᠬᠦ︾ ᠭᠡᠬᠦ ᠨᠠᠢᠮᠠᠨ ᠲᠠᠯ᠎ᠠ ᠠᠴᠠ ᠭᠠᠷᠳᠠᠨ ᠪᠠᠶᠢᠵᠤ ᠰᠣᠶᠣᠯ ᠪᠠ ᠵᠢᠭᠤᠯᠴᠢᠯᠠᠯ ᠤᠨ ᠴᠢᠨᠠᠷ | ᠰᠠᠶᠢᠲᠠᠢ ᠬᠥᠭᠵᠢᠯᠲᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠭ᠎ᠠ ᠪᠠᠨ ᠳᠤᠷᠠᠳᠴᠠᠢ᠃ | | | | | ᠲᠤᠰᠬᠠᠶ ᠮᠡᠷᠭᠡᠵᠢᠯᠲᠡᠨ ᠶᠠᠩ ᠴᠧᠨ ᠬᠤᠸᠠ᠄ ᠰᠢᠨ᠎ᠡ ᠪᠠᠶᠢᠷᠢᠰᠢᠯ᠂ ᠰᠢᠨ᠎ᠡ ᠱᠠᠲᠤ᠂ ᠰᠢᠨ᠎ᠡ ᠬᠡᠷᠡᠭᠯᠡᠭᠡᠨ ᠤ | ᠵᠠᠭᠪᠤᠷ ᠤᠨ ᠬᠤᠪᠢᠷᠠᠯᠲᠠ ᠶᠢᠨ ᠲᠣᠭᠤᠷᠢᠨ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠩᠭᠢᠯᠠᠯ ᠪᠠ | ᠢᠷᠡᠭᠡᠳᠦᠢ ᠶᠢᠨ ᠵᠠᠳᠠᠯᠤᠯᠲᠠ ᠶᠢ ᠰᠠᠶᠢᠲᠤᠷ ᠬᠢᠬᠦ ᠬᠡᠷᠡᠭᠲᠡᠢ︔ ᠠᠵᠤ ᠦᠢᠯᠡᠳᠪᠦᠷᠢ ᠶᠢᠨ ᠪᠣᠯᠪᠠᠰᠤᠨ᠂ | ᠬᠤᠪᠢᠰᠬᠠᠯ ᠤᠨ ᠤᠯᠠᠮᠵᠢᠯᠠᠯ ᠤᠨ ᠲᠡᠤᠬᠡᠨ ᠪᠣᠳᠠᠲᠤ ᠠᠴᠢ ᠬᠤᠯᠪᠣᠭᠳᠠᠯ ᠢ ᠠᠭᠤᠳᠠᠯᠤᠨ᠂ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠨᠠᠷᠠᠲᠤ ᠲᠥᠷᠥᠯ ᠲᠡᠮᠳᠡᠭᠲᠦ ᠶᠢᠨ ᠪᠠᠶᠢᠷᠢ ᠲᠣᠭᠲᠠᠭᠠᠯᠲᠠ᠂ ᠳᠦᠷᠢ | ᠲᠥᠷᠬᠦ ᠶᠢᠨ ᠪᠠᠶᠢᠷᠢ ᠲᠣᠭᠲᠠᠭᠠᠯᠲᠠ ᠵᠡᠷᠭᠡ ᠶᠢ ᠰᠢᠨ᠎ᠡ ᠪᠠᠷ ᠬᠢᠵᠦ ᠲᠣᠳᠤᠷᠬᠠᠶᠢᠯᠠᠬᠤ ᠬᠡᠷᠡᠭᠲᠡᠢ︔ ᠰᠣᠶᠣᠯ ᠪᠠ | ᠵᠢᠭᠤᠯᠴᠢᠯᠠᠯ ᠤᠨ ᠳᠦᠷᠢ ᠲᠥᠷᠬᠦ ᠶᠢ ᠳᠡᠯᠭᠡᠷᠡᠭᠦᠯᠬᠦ ᠢᠨᠵᠧᠨᠧᠷᠢᠩ᠂ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ | ᠢᠨᠵᠧᠨᠧᠷᠢᠩ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠦᠢᠯᠡᠳᠭᠦᠨ ᠤ ᠪᠦᠲᠦᠭᠡᠯᠴᠢᠲᠦ | ᠢᠨᠵᠧᠨᠧᠷᠢᠩ᠂ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠡᠮᠬᠢᠯᠡᠵᠦ ᠨᠡᠶᠢᠯᠡᠭᠦᠯᠬᠦ ᠢᠨᠵᠧᠨᠧᠷᠢᠩ ᠢ | ᠠᠬᠢᠭᠤᠯᠬᠤ ᠬᠡᠷᠡᠭᠲᠡᠶ ᠭᠡᠰᠡᠨ ᠣᠯᠠᠨ ᠰᠠᠨᠠᠭᠤᠯᠭ᠎ᠠ ᠳᠤᠷᠠᠳᠴᠠᠢ᠃ | | | | | ᠲᠤᠰᠬᠠᠶ ᠮᠡᠷᠭᠡᠵᠢᠯᠲᠡᠨ ᠵᠤᠤ ᠬᠠᠢ ᠳ᠋ᠦᠩ᠄ ᠬᠠᠩᠭᠠᠯᠭ᠎ᠠ ᠶᠢᠨ ᠵᠠᠮ ᠢ ᠰᠠᠭᠠᠳ ᠦᠭᠡᠢ ᠪᠣᠯᠭᠠᠬᠤ ᠬᠡᠷᠡᠭᠲᠡᠶ᠂ | ᠬᠡᠷᠡᠭᠯᠡᠭᠴᠢᠳ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ + ᠳᠡᠭᠡᠳᠦ ᠳᠡᠰ ᠤᠨ ᠬᠡᠷᠡᠭᠴᠡᠭᠡ ᠱᠠᠭᠠᠷᠳᠠᠯᠭ᠎ᠠ ᠶᠢ | ᠬᠠᠨᠭ᠍ᠭᠠᠭᠰᠠᠨ ᠵᠢᠭᠤᠯᠴᠢᠯᠠᠯ ᠤᠨ ᠵᠣᠷᠢᠭᠰᠠᠨ ᠭᠠᠵᠠᠷ ᠤᠨ ᠪᠦᠲᠦᠭᠡᠭᠳᠡᠬᠦᠨ ᠪᠠ ᠦᠢᠯᠡᠴᠢᠯᠡᠭᠡ ᠶᠢ ᠬᠢᠵᠦ᠂ ᠭᠠᠵᠠᠷ | ᠣᠷᠣᠨ ᠤ ᠰᠣᠶᠣᠯ ᠢ ᠭᠦᠢᠴᠡᠳ ᠠᠭᠤᠳᠠᠯᠤᠨ᠂ ᠰᠣᠶᠣᠯ ᠵᠢᠭᠤᠯᠴᠢᠯᠠᠯ ᠤᠨ ᠳᠡᠯᠭᠡᠷᠡᠭᠦᠯᠦᠯᠲᠡ ᠶᠢ ᠪᠤᠶᠢᠵᠢᠭᠤᠯᠵᠤ᠂ | ᠰᠣᠶᠣᠯ ᠵᠢᠭᠤᠯᠴᠢᠯᠠᠯ ᠤᠨ ᠦᠢᠯᠡᠳᠬᠦᠨ ᠤ ᠰᠡᠯᠡᠭᠦᠴᠢᠯᠢᠭ᠂ ᠭᠤᠣᠯ ᠰᠡᠳᠦᠪᠴᠢᠯᠢᠭ᠂ ᠦᠪᠡᠷᠮᠢᠴᠡᠴᠢᠯᠢᠭ᠂ | ᠪᠡᠶᠡᠴᠢᠯᠡᠨ ᠣᠶᠢᠯᠠᠭᠠᠵᠢᠭᠤᠯᠢᠭ ᠲᠡᠰᠢ ᠬᠥᠭᠵᠢᠬᠦ ᠶᠢ ᠪᠡᠶᠡᠯᠡᠭᠦᠯᠪᠡᠯ ᠵᠣᠬᠢᠨ᠎ᠠ ᠭᠡᠵᠦ ᠰᠠᠨᠠᠭᠤᠯᠭ᠎ᠠ ᠪᠠᠨ ᠳᠤᠷᠠᠳᠴᠠᠢ᠃ | | | | | ᠲᠤᠰᠬᠠᠶ ᠮᠡᠷᠭᠡᠵᠢᠯᠲᠡᠨ ᠴᠠᠩ ᠠᠨ᠄ 5G ᠮᠡᠷᠭᠡᠵᠢᠯ ᠢ ᠭᠦᠢᠴᠡᠳ ᠠᠰᠢᠭᠯᠠᠨ ᠪᠠᠶᠢᠵᠤ ᠦᠢᠯᠡᠴᠢᠯᠡᠭᠡ ᠪᠠᠨ | ᠳᠡᠭᠡᠭᠰᠢᠯᠡᠭᠦᠯᠬᠦ ᠬᠡᠷᠡᠭᠲᠡᠢ︔ ︽ᠢᠨᠲ᠋ᠧᠷ ᠰᠦᠯᠵᠢᠶ᠎ᠡ + ᠵᠢᠭᠤᠯᠴᠢᠯᠠᠯ︾ ᠢ ᠭᠦᠨᠵᠡᠭᠡᠶᠢᠷᠡᠭᠦᠯᠦᠨ ᠵᠢᠭᠤᠯᠴᠢᠯᠠᠯ ᠤᠨ | ᠦᠢᠯᠡᠰ ᠤᠨ ᠴᠢᠨᠠᠷ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠶ︔ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ | ᠲᠣᠭᠲᠠᠭᠠᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠲᠥᠷᠥ ᠶᠢᠨ ᠪᠣᠳᠣᠯᠭ᠎ᠠ ᠶᠢᠨ | ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠰᠣᠶᠣᠯ ᠢ ᠪᠣᠶ ᠪᠣᠯᠭᠠᠨ᠂ | ᠰᠣᠶᠣᠯ ᠨᠢ ᠴᠢᠯᠥᠭᠡᠲᠡᠶ᠂ ᠵᠢᠭᠤᠯᠴᠢᠯᠠᠯ ᠢ ᠬᠠᠮᠲᠤ ᠪᠠᠷ ᠭᠥᠷᠳᠡᠬᠦ ᠪᠠᠶᠢᠷᠢᠰᠢᠯ ᠢ ᠪᠠᠶᠢᠭᠤᠯᠬᠤ ᠬᠡᠷᠡᠭᠲᠡᠢ︔ | ᠵᠢᠭᠤᠯᠴᠢᠯᠠᠯ ᠢ ᠲᠦᠷᠦᠯ ᠬᠤᠪᠢᠶᠠᠨ ᠤᠬᠠᠭᠤᠯᠵᠤ ᠡᠵᠡᠩᠨᠡᠨ ᠪᠣᠷᠣᠯᠠᠭᠤᠯᠬᠤ ᠶᠢ ᠴᠢᠩᠭᠠᠳᠬᠠᠵᠤ᠂ ᠰᠣᠶᠣᠯ | ᠵᠢᠭᠤᠯᠴᠢᠯᠠᠯ ᠤᠨ ᠵᠣᠷᠢᠭᠰᠠᠨ ᠭᠠᠵᠠᠷ ᠤᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ | ᠪᠣᠭᠤᠮᠲᠠ ᠶᠢᠨ ᠬᠤᠲᠠ ᠳᠤ ︽ᠭᠠᠶᠢᠯᠢ ᠠᠴᠠ ᠬᠡᠯᠲᠦᠷᠢᠭᠦᠯᠵᠦ ᠪᠠᠷᠠᠭ᠎ᠠ ᠬᠤᠳᠠᠯᠳᠤᠨ ᠠᠪᠬᠤ ᠣᠷᠣᠨ︾ ᠢ | ᠪᠠᠶᠢᠭᠤᠯᠬᠤ ᠪᠠᠷ ᠴᠢᠷᠮᠠᠶᠢᠵᠤ᠂ ᠵᠢᠭᠤᠯᠴᠢᠯᠠᠯ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠬᠦᠭᠵᠢᠭᠡᠪᠡᠯ ᠵᠣᠬᠢᠨ᠎ᠠ ᠭᠡᠰᠡᠨ ᠣᠯᠠᠨ ᠰᠠᠨᠠᠭᠤᠯᠭ᠎ᠠ ᠪᠠᠨ ᠳᠤᠷᠠᠳᠴᠠᠢ᠃ | | | | | ᠲᠤᠰᠬᠠᠶ ᠮᠡᠷᠭᠡᠵᠢᠯᠲᠡᠨ ᠡᠤ ᠲᠢᠶᠧ ᠬᠤᠩ᠄ ᠳᠤᠮᠳᠠᠳᠤ ᠤᠯᠤᠰ ᠤᠨ ᠬᠦᠴᠦᠷᠬᠡᠭᠵᠢᠭᠰᠡᠨ ᠬᠥᠭᠵᠢᠯᠲᠡ ᠶᠢᠨ | ᠴᠠᠭ ᠦᠶ᠎ᠡ ᠶᠢᠨ ᠠᠬᠤᠶ ᠪᠠᠶᠢᠳᠠᠯ ᠢ ᠠᠩᠬᠠᠷᠴᠤ᠂ ᠬᠠᠮ ᠬᠡᠯᠪᠡᠷᠢ ᠶᠢᠨ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠪᠠᠯ ᠵᠣᠬᠢᠨ᠎ᠠ︔ ᠬᠥᠷᠥᠩᠭᠡ ᠬᠢᠭᠡᠳ ᠮᠡᠷᠭᠡᠵᠢᠯ ᠤᠨ ᠰᠣᠶᠣᠯ ᠪᠠ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠳᠤ ᠦᠵᠡᠭᠦᠯᠬᠦ ᠨᠦᠯᠦᠭᠡ ᠶᠢ ᠠᠩᠬᠠᠷᠴᠤ᠂ ᠬᠥᠷᠥᠩᠭᠡ ᠪᠠ ᠮᠡᠷᠭᠡᠵᠢᠯ ᠬᠤᠶᠠᠷ ᠰᠣᠶᠣᠯ | ᠵᠢᠭᠤᠯᠴᠢᠯᠠᠯ ᠤᠨ ᠠᠭᠤᠰᠤᠯᠴᠠᠯ ᠳᠤ ᠦᠵᠡᠭᠦᠯᠬᠦ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ︔ ᠲᠥᠯᠥᠪᠵᠢᠭᠦᠯᠭᠡ | ᠬᠢᠬᠦ ᠳᠤ ᠪᠠᠨ ᠭᠠᠵᠠᠷ ᠣᠷᠣᠨ ᠤ ᠪᠠᠶᠢᠭᠠᠯᠢ ᠬᠢᠭᠡᠳ ᠰᠣᠶᠣᠯ ᠤᠨ ᠣᠷᠴᠢᠨ ᠤ ᠪᠣᠳᠠᠲᠤ ᠪᠠᠶᠢᠳᠠᠯ ᠳᠤ ᠨᠢ ᠰᠠᠭᠤᠷᠢᠯᠠᠨ | ᠂ ᠬᠥᠭᠵᠢᠯᠲᠡ ᠶᠢᠨ ᠬᠡᠪ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠶ︔ ᠲᠥᠯᠥᠪᠵᠢᠭᠦᠯᠭᠡ ᠨᠢ | ᠵᠢᠭᠤᠯᠴᠢᠯᠠᠯ ᠤᠨ ᠬᠡᠷᠡᠭᠴᠡᠭᠡᠨ ᠤ ᠴᠢᠨᠠᠷ ᠰᠠᠶᠢᠲᠠᠶ ᠪᠠ ᠣᠯᠠᠨ ᠲᠣᠭᠠᠨ ᠤ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ | ᠵᠣᠬᠢᠴᠠᠭᠤᠯᠵᠤ ᠴᠢᠳᠠᠭᠰᠠᠨ ᠪᠠᠶᠢᠬᠤ ᠬᠡᠷᠡᠭᠲᠡᠶ︔ ᠲᠥᠯᠥᠪᠵᠢᠭᠦᠯᠭᠡ ᠨᠢ ᠡᠬᠢ ᠪᠠᠶᠠᠯᠢᠭ ᠤᠨ ᠵᠠᠳᠠᠯᠤᠯᠲᠠ ᠶᠢ | ᠴᠢᠩᠭᠠᠳᠬᠠᠭᠰᠠᠨ ᠤ ᠬᠠᠮᠲᠤ ᠵᠢᠭᠤᠯᠴᠢᠯᠠᠭᠴᠢ ᠶᠢᠨ ᠦᠢᠯᠡ ᠠᠵᠢᠯᠯᠠᠭ᠎ᠠ ᠶᠢᠨ ᠵᠢᠮ᠎ᠡ ᠶᠣᠰᠣ ᠶᠢ ᠨᠠᠩ | ᠴᠢᠬᠤᠯᠠᠴᠢᠯᠠᠭᠰᠠᠨ ᠪᠠᠶᠢᠵᠤ᠂ ᠦᠢᠯᠡᠳᠪᠦᠷᠢᠯᠡᠯ ᠤᠨ ᠬᠦᠴᠦᠨ ᠢ ᠵᠦᠢ ᠵᠣᠬᠢᠰᠲᠠᠢ ᠪᠠᠶᠢᠷᠢᠯᠠᠭᠤᠯᠪᠠᠯ ᠵᠣᠬᠢᠨ᠎ᠠ︔ | ᠵᠢᠭᠤᠯᠴᠢᠯᠠᠯ ᠤᠨ ᠡᠯᠧᠮᠧᠨ᠋ᠲ ᠨᠢ ᠵᠢᠭᠤᠯᠴᠢᠯᠠᠯ ᠤᠨ ᠰᠢᠰᠲ᠋ᠧᠮ ᠤᠨ ᠪᠠᠶᠢᠷᠢ ᠰᠠᠭᠤᠷᠢ ᠳᠤ ᠭᠠᠷᠬᠤᠶᠢᠴᠠ | ᠬᠤᠪᠢᠷᠠᠯᠲᠠ ᠶᠢ ᠠᠩᠬᠠᠷᠴᠤ᠂ ᠵᠢᠭᠤᠯᠴᠢᠯᠠᠯ ᠤᠨ ᠡᠯᠧᠮᠧᠨ᠋ᠲ ᠪᠡᠶ᠎ᠡ ᠪᠠᠨ ᠳᠠᠭᠠᠭᠠᠭᠰᠠᠨ ᠲᠠᠲᠠᠬᠤ ᠬᠦᠴᠦᠨ | ᠪᠣᠯᠤᠭᠰᠠᠨ ᠤ ᠬᠤᠪᠢ ᠳᠤ ᠬᠡᠯᠪᠡᠷᠢ ᠶᠢᠨ ᠬᠤᠪᠢᠷᠠᠯᠲᠠ ᠭᠠᠷᠬᠤ ᠬᠠᠨᠳᠤᠰᠢ ᠶᠢ ᠪᠣᠳᠤᠯᠬᠢᠯᠠᠬᠤ ᠬᠡᠷᠡᠭᠲᠡᠶ ᠵᠡᠷᠭᠡ | ᠰᠠᠨᠠᠭᠤᠯᠭ᠎ᠠ ᠪᠠᠨ ᠳᠤᠷᠠᠳᠴᠠᠢ ᠃ | | | | | ᠲᠤᠰᠬᠠᠶ ᠮᠡᠷᠭᠡᠵᠢᠯᠲᠡᠨ ᠮᠧᠩ ᠴᠢᠶᠠᠩ᠄ ᠬᠤᠨᠤᠭ ᠬᠠᠨᠭ᠍ᠭᠠᠬᠤ ᠦᠢᠯᠡᠰ ᠲᠣᠭᠲᠠᠴᠠ ᠳᠤ ᠪᠠᠨ ᠰᠢᠨ᠎ᠡ ᠶᠢ | ᠡᠭᠦᠳᠦᠨ᠂ ᠡᠷᠴᠢ ᠬᠦᠴᠦ ᠪᠠᠨ ᠬᠦᠭᠵᠢᠭᠡᠵᠦ᠂ ᠪᠠᠶᠢᠯᠳᠤᠬᠤ ᠪᠣᠳᠣᠯᠭ᠎ᠠ ᠶᠢ ᠰᠦᠪᠡᠭᠴᠢᠯᠡᠨ᠂ ᠡᠵᠡᠩᠨᠡᠬᠦ ᠪᠠ | ᠬᠦᠭᠵᠢᠭᠦᠯᠬᠦ ᠰᠡᠳᠬᠢᠴᠡ ᠪᠠᠨ ᠬᠤᠪᠢᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠨᠵᠡᠭᠡᠶ | ᠪᠠᠶᠢᠴᠠᠭᠠᠵᠤ ᠰᠤᠳᠤᠯᠤᠨ᠂ ᠦᠢᠯᠡᠳᠭᠦᠨ ᠤ ᠪᠦᠲᠦᠴᠡ ᠪᠣᠯᠤᠨ ᠵᠣᠴᠢᠳ ᠤᠨ ᠢᠷᠡᠯᠲᠡ ᠶᠢᠨ ᠪᠦᠲᠦᠴᠡ ᠶᠢ ᠶᠡᠭᠡ | ᠬᠦᠴᠦ ᠲᠠᠯᠪᠢᠵᠤ ᠲᠡᠭᠦᠯᠳᠡᠷᠵᠢᠭᠦᠯᠬᠦ ᠬᠡᠷᠡᠭᠲᠡᠢ︔ ᠠᠵᠤ ᠦᠢᠯᠡᠰ ᠤᠨ ᠪᠦᠲᠦᠴᠡ᠂ ᠦᠢᠯᠡᠳᠬᠦᠨ ᠤ ᠪᠦᠲᠦᠴᠡ ᠶᠢᠨ | ᠲᠠᠯ᠎ᠠ ᠪᠠᠷ ᠰᠣᠶᠣᠯ ᠤᠨ ᠠᠭᠤᠯᠬᠤᠨ ᠢ ᠳᠣᠪᠤᠶᠢᠯᠭᠠᠵᠤ᠂ ᠣᠷᠣᠨ ᠪᠦᠰᠡ ᠶᠢᠨ ᠣᠨᠴᠠᠯᠢᠭ ᠲᠠᠢ ᠭᠤᠤᠯ ᠰᠡᠳᠦᠪᠲᠦ | ᠪᠠᠭᠤᠳᠠᠯ ᠢ ᠪᠠᠶᠢᠭᠤᠯᠬᠤ ᠶᠢᠨ ᠬᠠᠮᠲᠤ ᠤᠶᠤᠨᠴᠢᠯᠠᠭᠰᠠᠨ ᠪᠠ ᠲᠣᠭᠠᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠦᠨ᠂ ᠪᠣᠬᠢᠷᠲᠤᠯ ᠥᠬᠡᠶ ᠬᠠᠮᠢᠶᠠᠷᠤᠯᠲᠠ ᠶᠢ ᠪᠠᠷᠢᠮᠲᠠᠯᠠᠵᠤ᠂ ᠪᠣᠬᠢᠷᠲᠤᠯ ᠥᠬᠡᠶ | ᠬᠡᠷᠡᠭᠯᠡᠭᠡ ᠶᠢ ᠰᠠᠨᠠᠭᠠᠴᠢᠯᠠᠵᠤ᠂ ᠵᠣᠴᠢᠳ ᠤᠨ ᠪᠠᠭᠤᠳᠠᠯ ᠤᠨ ᠦᠷᠭᠦᠯᠵᠢᠯᠡᠨ ᠬᠦᠭᠵᠢᠬᠦ ᠶᠢ ᠪᠡᠶᠡᠯᠡᠭᠦᠯᠪᠡᠯ ᠵᠣᠬᠢᠨ᠎ᠠ | ᠭᠡᠵᠦ ᠰᠠᠨᠠᠭᠤᠯᠭ᠎ᠠ ᠪᠠᠨ ᠳᠤᠷᠠᠳᠴᠠᠢ᠃ | | | | | ᠲᠤᠰᠬᠠᠶ ᠮᠡᠷᠭᠡᠵᠢᠯᠲᠡᠨ ᠪᠦᠦ ᠰᠢᠶᠤᠤ ᠳ᠋ᠦᠩ ᠤᠨ ᠰᠠᠨᠠᠭᠠᠴᠢᠯᠠᠭ᠎ᠠ᠄ ᠰᠤᠷᠭᠠᠭᠤᠯᠢ ᠪᠠ ᠠᠵᠤ ᠠᠬᠤᠶᠢᠯᠠᠯ ᠤᠨ | ᠬᠤᠷᠰᠢᠭᠰᠠᠨ ᠴᠢᠳᠠᠪᠤᠷᠢᠲᠠᠨ ᠢ ᠬᠦᠮᠦᠵᠢᠭᠦᠯᠬᠦ ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠵᠤ᠂ ᠠᠵᠤ | ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠳᠣᠭᠢᠷᠠᠭᠰᠠᠨ ᠲᠤᠰᠬᠠᠶ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ | ︔ ᠲᠤᠬᠠᠶᠢᠯᠠᠭᠰᠠᠨ ᠠᠵᠢᠯ ᠤᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠵᠢᠭᠤᠯᠴᠢᠯᠠᠯ ᠤᠨ ᠠᠵᠢᠯ | ᠲᠥᠷᠥᠯ ᠤᠨ ᠵᠢᠱᠢᠶᠡᠴᠢ᠂ ᠵᠢᠭᠤᠯᠴᠢᠯᠠᠯ ᠤᠨ ᠰᠢᠨ᠎ᠡ ᠶᠢ ᠡᠭᠦᠳᠬᠦ ᠪᠦᠲᠦᠭᠡᠭᠳᠡᠬᠦᠨ ᠤ ᠤᠷᠤᠯᠳᠤᠭᠠᠨ ᠢ ᠥᠷᠨᠢᠭᠦᠯᠵᠦ | ᠂ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠪᠠ ᠵᠢᠭᠤᠯᠴᠢᠯᠠᠭᠴᠢᠳ ᠤᠨ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ︔ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠪᠣᠳᠠᠲᠠᠶᠢᠵᠢᠭᠤᠯᠬᠤ ᠶᠢ ᠠᠬᠢᠭᠤᠯᠵᠤ᠂ | ᠰᠢᠨ᠎ᠡ ᠬᠡᠯᠪᠡᠷᠢ ᠶᠢᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ ᠴᠢᠨᠠᠷ ᠰᠠᠶᠢᠲᠠᠶ | ᠲᠣᠭᠯᠠᠯᠲᠠ ᠶᠢᠨ ᠤᠷᠠᠯᠢᠭ ᠪᠠ ᠵᠤᠭ᠎ᠠ ᠴᠡᠩᠭᠡᠯ ᠤᠨ ᠲᠥᠷᠥᠯ ᠵᠦᠢᠯ ᠢ ᠨᠡᠮᠡᠭᠳᠡᠭᠦᠯᠵᠦ᠂ ᠰᠥᠨᠢ ᠶᠢᠨ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠣᠷᠣᠨ ᠢ ᠪᠠᠶᠢᠭᠤᠯᠵᠤ᠂ ᠵᠢᠭᠤᠯᠴᠢᠯᠠᠭᠴᠢᠳ ᠤᠨ ᠬᠡᠷᠡᠭᠴᠡᠭᠡ ᠶᠢ | ᠬᠠᠩᠭᠠᠨ᠎ᠠ︔ ᠤᠯᠠᠮᠵᠢᠯᠠᠯᠲᠤ ᠭᠠᠷ ᠤᠷᠠᠯᠠᠯ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ᠂ | ᠣᠷᠤᠯᠴᠠᠵᠤ ᠪᠤᠯᠬᠤ ᠲᠥᠷᠥᠯ ᠵᠦᠢᠯ ᠤᠨ ᠲᠠᠯ᠎ᠠ ᠪᠠᠷ ᠰᠣᠭᠲᠤᠭᠤᠷᠠᠬᠤ ᠮᠠᠶ᠋ᠢᠭ ᠤᠨ ᠪᠡᠶᠡᠴᠢᠯᠡᠨ ᠣᠶᠢᠯᠠᠭᠠᠬᠤ ᠶᠢ | ᠴᠢᠩᠭᠠᠳᠬᠠᠬᠤ ᠬᠡᠷᠡᠭᠲᠡᠶ︔ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ︔ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠡᠮᠬᠢ ᠳᠢᠭᠯᠢᠮ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ︔ ᠵᠢᠭᠤᠯᠴᠢᠯᠠᠯ ᠤᠨ | ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠠᠵᠢᠯ ᠲᠥᠷᠥᠯ ᠤᠨ ᠦᠢᠯᠡᠴᠢᠯᠡᠭᠡᠨ ᠤ | ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ︔ ᠨᠢᠰᠬᠡᠯ ᠳᠠᠭᠠᠭᠠᠴᠢᠯᠠᠬᠤ᠂ ᠲᠤᠰᠬᠠᠶ ᠭᠠᠯᠲᠤ ᠲᠡᠷᠭᠡ᠂ ᠲᠣᠮᠣ | ᠬᠡᠯᠪᠡᠷᠢ ᠶᠢᠨ ᠠᠵᠢᠯᠯᠠᠭ᠎ᠠ ᠵᠡᠷᠭᠡ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠨ ᠤᠷᠤᠰᠬᠠᠯ | ᠳᠠᠭᠠᠭᠤᠯᠬᠤ ᠵᠣᠷᠢᠯᠭ᠎ᠠ ᠶᠢ ᠪᠡᠶᠡᠯᠡᠭᠦᠯᠦᠨ᠎ᠡ᠃ | | | | | ᠲᠤᠰᠬᠠᠶ ᠮᠡᠷᠭᠡᠵᠢᠯᠲᠡᠨ ᠢᠦᠶ ᠬᠠᠶ ᠵᠦᠩ ᠤᠨ ᠰᠠᠨᠠᠭᠠᠴᠢᠯᠠᠭ᠎ᠠ᠄ ᠠᠮᠢ ᠠᠬᠤᠶ᠂ ᠦᠵᠡᠮᠵᠢ᠂ ᠰᠣᠶᠣᠯ᠂ | ᠦᠢᠯᠡᠴᠢᠯᠡᠭᠡᠨ ᠤ ᠣᠷᠴᠢᠨ ᠲᠣᠭᠤᠷᠢᠨ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠵᠡᠷᠭᠡ ᠲᠠᠯ᠎ᠠ ᠪᠠᠷ ᠰᠢᠨ᠎ᠡ ᠶᠢ | ᠡᠭᠦᠳᠴᠦ᠂ ᠬᠤᠳᠠᠯᠳᠤᠬᠤ ᠴᠡᠭ ᠪᠣᠯᠤᠨ ᠬᠢᠯᠠᠰ ᠴᠡᠭ ᠢ ᠤᠶᠠᠯᠳᠤᠭᠤᠯᠤᠭᠰᠠᠨ ᠴᠢᠨᠠᠷ ᠰᠠᠶᠢᠲᠠᠶ ᠦᠢᠯᠡᠳᠬᠦᠨ ᠢ ᠪᠣᠶ | ᠪᠣᠯᠭᠠᠨ᠎ᠠ︔ ᠦᠵᠡᠮᠵᠢ ᠶᠢᠨ ᠣᠷᠣᠨ ᠤ ᠭᠠᠳᠠᠨᠠᠬᠢ ᠵᠢᠭᠤᠯᠴᠢᠯᠠᠯ ᠤᠨ ᠫᠠᠶᠢᠰᠠ ᠲᠡᠮᠳᠡᠭ ᠢ ᠲᠡᠭᠦᠯᠳᠡᠷᠵᠢᠭᠦᠯᠵᠦ᠂ | ᠠᠵᠤ ᠠᠬᠤᠶᠢᠯᠠᠯ ᠤᠨ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ︔ ᠠᠵᠢᠯ | ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠵᠦ᠂ ᠣᠷᠣᠨ ᠪᠦᠰᠡ ᠶᠢᠨ ᠴᠢᠨᠠᠷᠲᠠᠶ ᠲᠥᠪᠯᠡᠷᠡᠩᠭᠦᠶ | ᠣᠨᠴᠠᠯᠢᠭᠲᠤ ᠠᠵᠤ ᠠᠬᠤᠶᠢᠯᠠᠯ ᠢ ᠪᠠᠶᠢᠭᠤᠯᠤᠨ᠎ᠠ᠃ | | | | | ᠲᠤᠰᠬᠠᠶ ᠮᠡᠷᠭᠡᠵᠢᠯᠲᠡᠨ ᠵᠢᠶᠠ ᠬᠤᠩ ᠸᠧᠶ ᠶᠢᠨ ᠰᠠᠨᠠᠭᠠᠴᠢᠯᠠᠭ᠎ᠠ᠄ ᠦᠵᠡᠮᠵᠢ ᠶᠢᠨ ᠣᠷᠣᠨ ᠨᠢ ᠣᠷᠣᠨ | ᠪᠦᠰᠡ ᠶᠢᠨ ᠤᠨᠴᠠᠯᠢᠭ ᠲᠠᠢ ᠵᠠᠩ ᠦᠢᠯᠡ ᠵᠢᠴᠢ ᠪᠣᠳᠠᠰ ᠤᠨ ᠪᠤᠰᠤ ᠰᠣᠶᠣᠯ ᠤᠨ ᠥᠪ ᠢ ᠠᠭᠤᠳᠠᠯᠬᠤ ᠶᠢ | ᠴᠢᠬᠤᠯᠠᠴᠢᠯᠠᠵᠤ᠂ ᠰᠣᠶᠣᠯ ᠤᠨ ᠡᠭᠦᠳᠦᠯᠲᠡ᠂ ᠰᠤᠳᠤᠯᠤᠨ ᠰᠤᠷᠤᠯᠴᠠᠬᠤ ᠵᠡᠷᠭᠡ ᠰᠢᠷᠢᠰ ᠦᠢᠯᠡᠳᠬᠦᠨ ᠢ ᠭᠠᠷᠭᠠᠨ᠎ᠠ︔ | ︽ᠥᠪᠥᠷ ᠮᠣᠩᠭᠤᠯ ᠤᠨ ᠣᠬᠢ ᠠᠮᠲᠠ︾ ᠵᠢᠴᠢ ᠪᠠᠶᠠᠷ ᠤᠨ ᠡᠳᠦᠷ ᠤᠨ ᠠᠵᠢᠯᠯᠠᠭ᠎ᠠ ᠳᠤ ᠲᠦᠰᠢᠭᠯᠡᠨ᠂ ᠳᠥᠷᠪᠡᠨ | ᠤᠯᠠᠷᠢᠯ ᠤᠨ ᠵᠢᠭᠤᠯᠴᠢᠯᠠᠯ ᠢ ᠬᠥᠭᠵᠢᠭᠦᠯᠦᠨ᠎ᠡ︔ ᠪᠦᠲᠦᠴᠡ ᠨᠢ ᠵᠦᠶ ᠵᠣᠬᠢᠰᠲᠠᠶ᠂ ᠭᠤᠤᠯ ᠰᠡᠳᠦᠪ ᠨᠢ ᠣᠯᠠᠨ | ᠡᠰᠢᠵᠢᠭᠰᠡᠨ ᠪᠠᠭᠤᠳᠠᠯᠯᠠᠬᠤ ᠰᠢᠰᠲ᠋ᠧᠮ ᠢ ᠪᠠᠶᠢᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠶᠢᠨ ᠬᠡᠷᠡᠭᠯᠡᠭᠡᠨ ᠤ | ᠬᠡᠷᠡᠭᠴᠡᠭᠡ ᠶᠢ ᠬᠠᠩᠭᠠᠨ᠎ᠠ᠃ | | | | | ᠲᠤᠰᠬᠠᠢ ᠮᠡᠷᠭᠡᠵᠢᠯᠲᠡᠨ ᠬᠤ᠋ ᠴᠢᠨ ᠤ ᠰᠠᠨᠠᠭᠠᠴᠢᠯᠠᠭ᠎ᠠ᠄ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ᠂ | ᠣᠨᠴᠠᠯᠢᠭ ᠪᠦᠬᠦᠢ ᠰᠣᠶᠣᠯ ᠤᠨ ᠰᠢᠨ᠎ᠡ ᠶᠢ ᠡᠭᠦᠳᠬᠦ ᠦᠢᠯᠡᠳᠬᠦᠨ ᠢ ᠲᠦᠰᠦᠪᠯᠡᠵᠦ ᠪᠦᠲᠦᠭᠡᠨ᠎ᠡ᠃ ᠢᠨᠲ᠋ᠧᠷ | ᠰᠦᠯᠵᠢᠶ᠎ᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠲᠦᠰᠢᠭᠯᠡᠨ᠂ ᠬᠤᠳᠠᠯᠳᠤᠨ ᠠᠪᠬᠤ | ᠵᠠᠮ ᠮᠥᠷ ᠢ ᠰᠠᠭᠠᠳ ᠥᠬᠡᠶ ᠨᠡᠪᠲᠡᠷᠡᠭᠦᠯᠦᠨ᠎ᠡ︔ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠮᠵᠢ ᠶᠢᠨ | ᠣᠷᠣᠨ᠂ ᠬᠤᠳᠠᠯᠳᠤᠭᠠᠨ ᠤ ᠲᠠᠯᠠᠪᠤᠷ᠂ ᠨᠢᠭᠡᠳᠦᠭᠡᠷ ᠳᠡᠰ ᠤᠨ ᠬᠤᠲᠠ ᠳᠤ ᠣᠷᠣᠬᠤ ᠶᠢ ᠠᠬᠢᠭᠤᠯᠤᠨ᠎ᠠ︔ | ᠰᠣᠶᠣᠯ ᠤᠨ ᠰᠢᠨ᠎ᠡ ᠶᠢ ᠡᠭᠦᠳᠬᠦ ᠦᠢᠯᠡᠳᠬᠦᠨ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠨᠢᠰᠭᠡᠯ ᠤᠨ ᠪᠠᠭᠤᠳᠠᠯ᠂ ᠭᠠᠵᠠᠷ ᠳᠣᠤᠷᠠᠬᠢ ᠲᠡᠮᠦᠷ ᠵᠠᠮ᠂ ᠳᠡᠭᠡᠳᠦ ᠬᠤᠷᠳᠤᠴᠠᠲᠤ ᠲᠡᠮᠦᠷ ᠵᠠᠮ᠂ ᠬᠤᠳᠠᠯᠳᠤᠭᠠᠨ ᠤ | ᠵᠡᠭᠡᠯᠢ ᠲᠣᠭᠤᠷᠢᠭ ᠲᠤ ᠰᠣᠶᠣᠯ ᠤᠨ ᠰᠢᠨ᠎ᠡ ᠶᠢ ᠡᠭᠦᠳᠬᠦ ᠦᠢᠯᠡᠳᠬᠦᠨ ᠢ ᠤᠬᠠᠭᠤᠯᠤᠨ ᠳᠡᠯᠭᠡᠨ ᠦᠵᠡᠭᠦᠯᠬᠦ ᠬᠤᠷᠭᠤ | ᠪᠠ ᠬᠤᠳᠠᠯᠳᠤᠬᠤ ᠴᠡᠭ ᠪᠠᠶᠢᠷᠢᠯᠠᠭᠤᠯᠬᠤ ᠶᠢ ᠳᠠᠮᠵᠢᠨ᠎ᠠ︔ ᠲᠠᠪᠴᠠᠩ ᠪᠠᠶᠢᠭᠤᠯᠵᠤ᠂ ᠡᠯ᠎ᠡ ᠱᠠᠲᠤᠨ ᠤ | ᠤᠬᠠᠭᠤᠯᠭ᠎ᠠ ᠶᠢᠨ ᠵᠠᠭᠤᠴᠢᠯᠠᠭᠤᠷ᠂ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ | ᠳᠠᠮᠵᠢᠭᠤᠯᠤᠨ ᠤᠬᠠᠭᠤᠯᠭ᠎ᠠ ᠪᠠ ᠪᠣᠷᠣᠯᠠᠭᠤᠯᠭ᠎ᠠ ᠪᠠᠨ ᠴᠢᠩᠭᠠᠳᠬᠠᠬᠤ ᠪᠤᠯᠤᠨ᠎ᠠ︔ ᠰᠣᠶᠣᠯ ᠤᠨ ᠰᠢᠨ᠎ᠡ ᠶᠢ ᠡᠭᠦᠳᠬᠦ | ᠠᠵᠤ ᠠᠬᠤᠶᠢᠯᠠᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠴᠢᠳᠠᠪᠦᠷᠢᠳᠠᠨ ᠤ ᠲᠥᠷᠥ ᠶᠢᠨ | ᠪᠣᠳᠣᠯᠭ᠎ᠠ ᠶᠢ ᠲᠣᠭᠲᠠᠭᠠᠵᠤ᠂ ᠨᠠᠩ ᠣᠯᠠᠨ ᠵᠢᠷᠤᠭ ᠲᠥᠯᠥᠪᠯᠡᠭᠡᠨ ᠤ ᠴᠢᠳᠠᠪᠤᠷᠢᠲᠠᠨ ᠢ ᠲᠠᠲᠠᠵᠤ ᠰᠣᠶᠣᠯ ᠤᠨ | ᠰᠢᠨ᠎ᠡ ᠶᠢ ᠡᠭᠦᠳᠬᠦ ᠦᠢᠯᠡᠳᠬᠦᠨ ᠤ ᠵᠢᠷᠤᠭ ᠲᠥᠯᠥᠪᠯᠡᠭᠡ ᠪᠠ ᠦᠢᠯᠡᠳᠪᠦᠷᠢᠯᠡᠯ ᠬᠢᠯᠭᠡᠨ᠎ᠡ᠃ | | | | | ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠢ ᠲᠥᠯᠥᠭᠡᠯᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ 2021 ᠣᠨ ᠤ | ᠭᠤᠤᠯᠳᠠᠯᠭ᠎ᠠ ᠲᠠᠢ ᠵᠢᠭᠤᠯᠴᠢᠯᠠᠯ ᠤᠨ ᠠᠵᠢᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠲᠥᠰᠦᠪᠯᠡᠭᠰᠡᠨ ᠰᠠᠨᠠᠭᠤᠯᠭ᠎ᠠ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠢᠩᠬᠢᠮ ᠤᠨ ᠪᠠᠶᠢᠭᠤᠯᠭ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ | ᠬᠠᠷᠢᠭᠤᠴᠠᠯᠭᠠᠳᠠᠨ ᠲᠤᠰᠬᠠᠶ ᠮᠡᠷᠭᠡᠵᠢᠯᠲᠡᠨ ᠤ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠠᠵᠢᠯ ᠤᠨ | ᠠᠭᠤᠯᠤᠭᠳᠠᠬᠤᠨ ᠢᠶᠠᠨ ᠠᠭᠤᠳᠠᠯᠵᠤ᠂ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠠᠷᠭ᠎ᠠ ᠪᠣᠳᠣᠯᠭ᠎ᠠ ᠪᠠᠨ | ᠪᠣᠯᠪᠠᠰᠤᠷᠠᠭᠤᠯᠬᠤ ᠶᠢ ᠱᠠᠭᠠᠷᠳᠠᠵᠠᠶ᠃ ᠪᠣᠳᠠᠲᠠᠶ ᠠᠵᠢᠯ ᠤᠨ ᠪᠠᠶᠢᠳᠠᠯ ᠢᠶᠠᠨ ᠦᠨᠳᠦᠰᠦᠯᠡᠨ ᠢᠷᠡᠬᠦ ᠵᠢᠯ ᠵᠢᠴᠢ | ᠬᠤᠶᠢᠰᠢᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢᠨ ᠠᠵᠢᠯ ᠳᠤ ᠪᠠᠨ ᠨᠠᠶᠢᠳᠠᠪᠦᠷᠢᠵᠢᠭᠤᠯᠤᠨ᠎ᠠ᠃ | ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠨᠢᠭᠡ ᠳᠤ᠂ | ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ | ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ ᠪᠠᠯᠠ ᠲᠣᠬᠢᠷᠠᠭᠤᠯᠭ᠎ᠠ ᠶᠢᠨ | ᠲᠠᠪᠴᠠᠩ ᠪᠠᠶᠢᠭᠤᠯᠵᠤ ᠥᠭᠭᠦᠨ᠎ᠡ᠃ ᠬᠤᠶᠠᠷ ᠲᠤ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠪᠡᠯᠡ ᠮᠥᠩᠭᠦ ᠶᠢᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠱᠠᠩᠨᠠᠬᠤ ᠪᠠᠷ ᠨᠥᠬᠦᠪᠥᠷᠢᠯᠡᠬᠦ ᠶᠢ | ᠣᠷᠣᠯᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠣᠷᠣᠨ ᠨᠤᠲᠤᠭ ᠤᠨ ᠰᠣᠶᠣᠯ ᠵᠢᠭᠤᠯᠴᠢᠯᠠᠯ ᠤᠨ ᠰᠠᠯᠠᠭ᠎ᠠ | ᠮᠥᠴᠢᠷ ᠪᠣᠯᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠢᠳᠡᠪᠬᠢᠵᠢᠯ ᠢ ᠭᠦᠢᠴᠡᠳ | ᠳᠠᠶᠢᠴᠢᠯᠠᠬᠤ ᠬᠡᠷᠡᠭᠲᠡᠶ᠃ ᠭᠤᠷᠪᠠ ᠳᠤ᠂ ᠠᠵᠤ ᠦᠢᠯᠡᠰ ᠤᠨ ᠠᠭᠤᠰᠤᠯᠴᠠᠯ ᠢ ᠰᠠᠶᠢᠲᠤᠷ ᠠᠳᠬᠤᠵᠤ᠂ ᠢᠨᠲ᠋ᠧᠷ | ᠰᠦᠯᠵᠢᠶ᠎ᠡ + ᠰᠣᠶᠣᠯ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠰᠣᠶᠣᠯ ᠵᠢᠭᠤᠯᠴᠢᠯᠠᠯ ᠤᠨ | ᠪᠦᠲᠦᠭᠡᠭᠳᠡᠬᠦᠨ ᠢ ᠡᠭᠦᠳᠴᠦ᠂ ᠵᠠᠩ ᠠᠭᠠᠯᠢ ᠶᠢᠨ ᠣᠨᠴᠠᠯᠢᠭ ᠢ ᠰᠠᠶᠢᠲᠤᠷ ᠠᠳᠬᠤᠵᠤ᠂ ᠰᠣᠶᠣᠯ ᠵᠢᠭᠤᠯᠴᠢᠯᠠᠯ ᠤᠨ | ᠬᠡᠷᠡᠭᠯᠡᠭᠡ ᠶᠢ ᠳᠠᠶᠢᠴᠢᠯᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠪᠠᠳᠠᠷᠠᠭᠤᠯᠤᠨ᠎ᠠ᠃ |