ᠦᠬᠠᠶ ᠬᠤᠲᠠ ᠶᠢᠨ ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ ᠤᠯᠤᠰ ᠤᠨ 3 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2020/12/23
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020 ᠣᠨ ᠤ 1 ᠳ᠋ᠦ᠋ᠭᠡᠷ ᠲᠣᠭᠠᠲᠤ ᠠᠯᠪᠠᠨ ᠵᠠᠷᠯᠠᠯ ᠳᠤ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠲᠦᠯᠦᠪᠵᠢᠭᠦᠯᠬᠦ ᠨᠡᠭᠡᠭᠡᠨ ᠬᠥᠭᠵᠢᠭᠦᠯᠬᠦ ᠶᠠᠰᠤ ᠴᠢᠨᠠᠷ ᠢ ᠦᠨᠡᠯᠡᠨ ᠲᠣᠭᠲᠠᠭᠠᠬᠤ ᠵᠥᠪᠯᠡᠯ ᠤᠨ ᠲᠤᠰᠬᠠᠶ ᠮᠡᠷᠭᠡᠵᠢᠯᠲᠡᠨ ᠤ ᠦᠨᠡᠯᠡᠨ ᠲᠣᠭᠲᠠᠭᠠᠯᠲᠠ ᠪᠠᠷ ᠳᠡᠮᠵᠢᠨ᠂ ᠪᠥᠬᠦ ᠣᠷᠣᠨ ᠳᠤ ᠤᠯᠤᠰ ᠤᠨ 4 A ᠲᠠᠰ ᠪᠠ 3 A ᠲᠠᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠭᠦᠷᠦᠭᠰᠡᠨ 15 ᠵᠢᠭᠤᠯᠴᠢᠯᠠᠯ ᠤᠨ ᠦᠵᠡᠮᠵᠢ  ᠶᠢᠨ ᠣᠷᠣᠨ ᠪᠤᠢ᠂ ᠡᠭᠦᠨ ᠳᠤ ᠦᠬᠠᠶ ᠬᠤᠲᠠ ᠶᠢᠨ ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ 3 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠡᠳ ᠤᠯᠤᠰ ᠤᠨ 3 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃
     ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ ᠨᠢ ᠬᠠᠶᠢᠨᠠᠨ ᠲᠣᠭᠤᠷᠢᠭ ᠤᠨ ᠵᠦᠸᠧᠽᠢ ᠱᠠᠨ ᠪᠠᠷᠠᠭᠤᠨ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠶᠢᠬᠠᠨ ᠤᠰᠤ ᠲᠣᠰᠬᠤᠨ ᠤ ᠳᠧᠦ ᠳ᠋ᠤᠤ ᠺᠠᠨ ᠲᠠᠷᠢᠶᠠᠯᠠᠩ ᠮᠠᠯᠵᠢᠯ ᠤᠨ ᠲᠠᠯᠠᠪᠠᠶ ᠳᠤ ᠪᠠᠶᠢᠷᠢᠯᠠᠵᠤ ᠪᠠᠶᠢᠳᠠᠭ᠃ ᠦᠵᠡᠮᠵᠢ ᠶᠢᠨ ᠣᠷᠣᠨ ᠨᠢ ᠬᠠᠲᠤᠨ ᠭᠤᠤᠯ  ᠤᠨ ᠠᠷᠠᠳ ᠤᠨ ᠵᠠᠩ ᠦᠶᠯᠡ ᠶᠢᠨ ᠰᠣᠶᠣᠯ ᠢᠶᠠᠷ ᠭᠤᠤᠯ ᠴᠣᠭᠴᠠ ᠪᠣᠯᠭᠠᠵᠤ᠂ ᠬᠥᠳᠡᠭᠡ ᠲᠣᠰᠬᠤᠨ ᠤ ᠤᠷᠠᠯᠢᠭ  ᠤᠨ ᠵᠣᠬᠢᠶᠠᠨ ᠪᠦᠲᠦᠭᠡᠯᠭᠡ᠂ ᠰᠡᠯᠡᠭᠦᠴᠡᠨ ᠠᠮᠠᠷᠠᠬᠤ᠂ ᠡᠷᠡᠭᠦᠯᠵᠢᠯ ᠪᠡᠶ᠎ᠡ ᠰᠣᠪᠢᠯᠠᠯᠲᠠ᠂ ᠵᠢᠭᠤᠯᠴᠢᠯᠠᠨ ᠲᠣᠭᠤᠷᠢᠬᠤ ᠵᠡᠷᠭᠡ ᠴᠢᠳᠠᠮᠵᠢ ᠶᠢ  ᠬᠠᠪᠰᠤᠷᠭᠠᠨ᠂ ᠬᠤᠭᠤᠯᠠ ᠤᠮᠳᠠ᠂ ᠬᠤᠨᠤᠭ᠂ ᠬᠦᠳᠡᠭᠡ ᠲᠠᠷᠢᠶ᠎ᠠ᠂ ᠵᠢᠮᠢᠰ ᠲᠡᠭᠦᠬᠦ᠂ ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ᠂ ᠵᠠᠯᠠᠭᠤᠴᠤᠳ ᠪᠠᠭᠠᠴᠤᠳ ᠤᠨ ᠴᠢᠳᠠᠪᠤᠷᠢ ᠶᠢ ᠥᠷᠭᠡᠳᠬᠡᠬᠦ ᠰᠠᠭᠤᠷᠢᠨ ᠭᠠᠵᠠᠷ ᠵᠡᠷᠭᠡ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ᠎ᠠ᠃ ᠣᠳᠣᠬᠠᠨ ᠪᠣᠯᠲᠠᠯ᠎ᠠ᠂ ᠦᠬᠠᠶ ᠬᠤᠲᠠ ᠳᠤ A ᠲᠠᠰ ᠤᠨ ᠦᠵᠡᠮᠵᠢ ᠶᠢᠨ ᠣᠷᠣᠨ ᠨᠡᠶᠢᠲᠡ 16 ᠪᠤᠢ᠂ ᠡᠭᠦᠨ ᠳᠤ 4 A ᠲᠠᠰ ᠤᠨ ᠦᠵᠡᠮᠵᠢ ᠶᠢᠨ ᠣᠷᠣᠨ 5᠂ 3 A ᠲᠠᠰ ᠤᠨ ᠦᠵᠡᠮᠵᠢ ᠶᠢᠨ ᠣᠷᠣᠨ 5᠂ 2 A ᠲᠠᠰ ᠤᠨ ᠦᠵᠡᠮᠵᠢ ᠶᠢᠨ ᠣᠷᠣᠨ 6 ᠪᠠᠶᠢᠨ᠎ᠠ᠃
 
ᠢᠷᠡᠯᠲᠡ᠄ ᠦᠬᠠᠶ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号