︵2000 ᠣᠨ ᠤ 10 ᠰᠠᠷ᠎ᠠ ᠶᠢᠨ 31 ᠤ ᠡᠳᠦᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ | ᠬᠤᠷᠠᠯᠳᠤᠭᠠᠨ ᠠᠴᠠ ᠪᠠᠲᠤᠯᠠᠪᠠ | 2000 ᠣᠨ ᠤ 10 ᠰᠠᠷ᠎ᠠ ᠶᠢᠨ 31 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ ᠶᠢᠨ 37 ᠳ᠋ᠤᠭᠠᠷ ᠵᠠᠷᠯᠢᠭ ᠢᠶᠠᠷ ᠨᠡᠶᠢᠲᠡᠯᠡᠪᠡ | 2001 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ᠂ | ᠪᠠᠷᠢᠮᠵᠢᠶᠡᠵᠢᠭᠤᠯᠤᠯᠲᠠ ᠵᠢᠴᠢ ᠲᠡᠭᠦᠨ ᠤ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ | ᠠᠮᠢᠳᠤᠷᠠᠯ ᠳᠤᠮᠳᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠦᠢᠯᠡᠳᠦᠯ ᠢ ᠨᠠᠩ ᠰᠠᠶᠢᠨ | ᠪᠠᠳᠠᠷᠠᠭᠤᠯᠵᠤ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ ᠤ ᠠᠵᠤ ᠠᠬᠤᠶ ᠰᠣᠶᠣᠯ ᠤᠨ ᠰᠣᠯᠢᠯᠴᠠᠭ᠎ᠠ ᠶᠢ | ᠠᠬᠢᠭᠤᠯᠬᠤ ᠶᠢᠨ ᠲᠥᠯᠦᠭᠡ᠂ ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠤᠢᠰᠦᠭ ᠪᠢᠴᠢᠭ ᠭᠡᠳᠡᠭ ᠪᠣᠯ ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠤᠢᠰᠦᠭ ᠢ ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠤᠯᠤᠰ ᠠᠴᠠ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠳᠦᠷᠢᠮᠵᠢᠭᠰᠡᠨ ᠬᠢᠲᠠᠳ | ᠤᠢᠰᠦᠭ ᠢ ᠳᠡᠯᠭᠡᠷᠡᠭᠦᠯᠦᠨ᠎ᠡ᠃ | ᠳᠥᠷᠪᠡᠳᠦᠭᠡᠷ ᠵᠦᠢᠯ ᠠᠷᠠᠳ ᠢᠷᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠤᠢᠰᠦᠭ ᠪᠢᠴᠢᠭ ᠢ | ᠰᠤᠷᠤᠯᠴᠠᠬᠤ ᠪᠠ ᠬᠡᠷᠡᠭᠯᠡᠬᠦ ᠡᠷᠬᠡ ᠲᠠᠢ᠃ | ᠤᠯᠤᠰ ᠠᠴᠠ ᠠᠷᠠᠳ ᠢᠷᠭᠡᠳ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠰᠤᠷᠤᠯᠴᠠᠬᠤ ᠪᠠ ᠬᠡᠷᠡᠭᠯᠡᠬᠦ ᠳᠤ ᠨᠥᠬᠦᠴᠡᠯ ᠬᠠᠩᠭᠠᠨ᠎ᠠ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ | ᠦᠰᠦᠭ ᠢ ᠲᠥᠭᠡᠮᠡᠯᠵᠢᠭᠦᠯᠬᠦ ᠬᠡᠷᠡᠭᠲᠡᠶ᠃ | ᠲᠠᠪᠤᠳᠤᠭᠠᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠨᠢ | ᠤᠯᠤᠰ ᠤᠨ ᠡᠷᠬᠡ ᠮᠡᠳᠡᠯ ᠪᠠ ᠦᠨᠳᠦᠰᠦᠲᠡᠨ ᠤ ᠨᠡᠷ᠎ᠡ ᠬᠦᠨᠳᠦ ᠶᠢ ᠬᠠᠮᠠᠭᠠᠯᠠᠬᠤ ᠳᠤ ᠠᠰᠢᠭᠲᠠᠶ᠂ ᠤᠯᠤᠰ ᠣᠷᠣᠨ ᠤ | ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠳᠤ ᠠᠰᠢᠭᠲᠠᠶ᠂ ᠨᠡᠶᠢᠭᠡᠮ ᠵᠢᠷᠤᠮ ᠤᠨ ᠪᠣᠳᠠᠰ ᠤᠨ ᠪᠣᠯᠪᠠᠰᠤᠨ ᠤ | ᠪᠠᠶᠢᠭᠤᠯᠤᠯᠲᠠ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠠᠰᠢᠭᠲᠠᠶ ᠪᠠᠶᠢᠬᠤ ᠬᠡᠷᠡᠭᠲᠡᠢ᠃ | ᠵᠢᠷᠭᠤᠳᠤᠭᠠᠷ ᠵᠦᠢᠯ ᠤᠯᠤᠰ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠳᠦᠷᠢᠮᠵᠢᠯ ᠪᠠ ᠪᠠᠷᠢᠮᠵᠢᠶ᠎ᠠ ᠶᠢ ᠨᠡᠶᠢᠲᠡᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠨᠡᠶᠢᠭᠡᠮ ᠤᠨ ᠬᠡᠷᠡᠭᠯᠡᠯᠲᠡ ᠶᠢ ᠬᠠᠮᠢᠶᠠᠷᠴᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠣᠳᠤᠯᠭᠠᠨ ᠢ ᠳᠡᠮᠵᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠳᠦᠷᠢᠮᠵᠢᠯ᠂ ᠪᠠᠶᠠᠯᠢᠭᠵᠢᠯ ᠪᠠ ᠬᠥᠭᠵᠢᠯ ᠢ ᠠᠬᠢᠭᠤᠯᠤᠨ᠎ᠠ᠃ | ᠳᠣᠯᠣᠳᠤᠭᠠᠷ ᠵᠦᠢᠯ ᠤᠯᠤᠰ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠤᠢᠰᠦᠭ ᠪᠢᠴᠢᠭ ᠤᠨ | ᠦᠢᠯᠡᠰ ᠲᠤ ᠲᠤᠪᠦ᠋ᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ | ᠬᠥᠬᠢᠭᠦᠯᠦᠨ ᠱᠠᠩᠨᠠᠨ᠎ᠠ᠃ | ᠨᠠᠢᠮᠠᠳᠤᠭᠠᠷ ᠵᠦᠢᠯ ᠦᠨᠳᠦᠰᠦᠲᠡᠨ ᠨᠦᠭᠦᠳ ᠴᠥᠮ ᠥᠪᠡᠷ ᠤᠨ ᠦᠭᠡ ᠬᠡᠯᠡ ᠤᠢᠰᠦᠭ ᠪᠢᠴᠢᠭ ᠢᠶᠠᠨ | ᠬᠡᠷᠡᠭᠯᠡᠵᠦ ᠬᠥᠭᠵᠢᠭᠦᠯᠬᠦ ᠡᠷᠬᠡ ᠴᠢᠯᠥᠭᠡ ᠲᠠᠢ᠃ | ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠨᠢ ᠦᠨᠳᠦᠰᠦᠨ | ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠬᠢᠭᠡᠳ ᠪᠤᠰᠤᠳ ᠬᠠᠤᠯᠢ ᠴᠠᠭᠠᠵᠠ ᠶᠢᠨ | ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦ ᠪᠠᠷᠢᠮᠲᠠ ᠪᠣᠯᠭᠠᠨ᠎ᠠ᠃ | ᠬᠤᠶᠠᠳᠤᠭᠠᠷ ᠪᠦᠯᠦᠭ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠤᠢᠰᠦᠭ ᠪᠢᠴᠢᠭ ᠤᠨ ᠬᠡᠷᠡᠭᠯᠡᠯᠲᠡ | ᠶᠢᠰᠦᠳᠦᠭᠡᠷ ᠵᠦᠢᠯ ᠲᠦᠷᠦ ᠶᠢᠨ ᠪᠠᠶᠢᠭᠤᠯᠭ᠎ᠠ ᠨᠤᠭᠤᠳ ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ | ᠦᠰᠦᠭ ᠢᠶᠠᠷ ᠠᠯᠪᠠᠨ ᠠᠵᠢᠯ ᠤᠨ ᠢᠶᠠᠨ ᠬᠡᠷᠡᠭᠯᠡᠭᠡᠨ ᠤ ᠬᠡᠯᠡ ᠬᠡᠷᠡᠭᠯᠡᠭᠡᠨ ᠤ ᠦᠰᠦᠭ ᠪᠣᠯᠭᠠᠨ᠎ᠠ᠃ ᠬᠠᠤᠯᠢ | ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠠᠷᠪᠠᠳᠤᠭᠠᠷ ᠵᠦᠢᠯ ᠰᠤᠷᠭᠠᠭᠤᠯᠢ ᠬᠢᠭᠡᠳ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ | ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠢᠶᠠᠨ | ᠦᠨᠳᠦᠰᠦᠨ ᠬᠡᠷᠡᠭᠯᠡᠭᠡᠨ ᠤ ᠬᠡᠯᠡ ᠬᠡᠷᠡᠭᠯᠡᠭᠡᠨ ᠤ ᠦᠰᠦᠭ ᠪᠣᠯᠭᠠᠨ᠎ᠠ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ | ᠲᠠᠢ ᠨᠢ ᠡᠭᠦᠨ ᠳᠤ ᠪᠠᠭᠲᠠᠬᠤ ᠦᠭᠡᠢ᠃ | ᠰᠤᠷᠭᠠᠭᠤᠯᠢ ᠬᠢᠭᠡᠳ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠬᠢᠲᠠᠳ ᠬᠡᠯᠡ | ᠪᠢᠴᠢᠭ ᠤᠨ ᠬᠢᠴᠢᠶᠡᠯ ᠢᠶᠠᠷ ᠳᠠᠮᠵᠢᠭᠤᠯᠵᠤ ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠢ ᠵᠢᠭᠠᠨ | ᠰᠤᠷᠭᠠᠨ᠎ᠠ᠃ ᠬᠡᠷᠡᠭᠯᠡᠬᠦ ᠬᠢᠲᠠᠳ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠨᠢ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠳᠦᠷᠢᠮᠵᠢᠯ ᠪᠠ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠬᠢᠲᠠᠳ ᠬᠡᠯᠡ ᠪᠢᠴᠢᠭ ᠤᠨ ᠬᠡᠪᠯᠡᠭᠳᠡᠬᠦᠨ ᠨᠢ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠳᠦᠷᠢᠮᠵᠢᠯ ᠪᠠ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠢᠲᠠᠳ ᠬᠡᠯᠡ | ᠪᠢᠴᠢᠭ ᠤᠨ ᠬᠡᠪᠯᠡᠭᠳᠡᠬᠦᠨ ᠳᠤ ᠭᠠᠳᠠᠭᠠᠳᠤ ᠤᠯᠤᠰ ᠤᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠬᠤᠯᠠᠲᠠᠢ | ᠪᠠᠶᠢᠪᠠᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠴᠢᠬᠤᠯᠠ ᠪᠦᠬᠦᠢ ᠲᠠᠶᠢᠯᠪᠤᠷᠢ ᠬᠢᠬᠦ | ᠬᠡᠷᠡᠭᠲᠡᠶ᠃ | ᠠᠷᠪᠠᠨ ᠬᠤᠶᠠᠳᠤᠭᠠᠷ ᠵᠦᠢᠯ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ ᠨᠤᠭᠤᠳ | ᠨᠡᠶᠢᠲᠡᠯᠢᠭ ᠬᠡᠯᠡ ᠪᠠᠷ ᠨᠡᠪᠲᠡᠷᠡᠭᠦᠯᠭᠡ ᠶᠢᠨ ᠦᠨᠳᠦᠰᠦᠨ ᠬᠡᠷᠡᠭᠯᠡᠭᠡᠨ ᠤ ᠬᠡᠯᠡ ᠪᠣᠯᠭᠠᠨ᠎ᠠ᠃ | ᠭᠠᠳᠠᠭᠠᠳᠤ ᠤᠯᠤᠰ ᠤᠨ ᠬᠡᠯᠡ ᠶᠢ ᠨᠡᠪᠲᠡᠷᠡᠭᠦᠯᠭᠡ ᠶᠢᠨ ᠬᠡᠷᠡᠭᠯᠡᠭᠡᠨ ᠤ ᠬᠡᠯᠡ ᠪᠣᠯᠭᠠᠨ ᠬᠡᠷᠡᠭᠯᠡᠬᠦ ᠴᠢᠬᠤᠯᠠᠲᠠᠶ | ᠪᠠᠶᠢᠪᠠᠯ ᠡᠷᠬᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠷᠠᠳᠢᠣ᠋ ᠨᠡᠪᠲᠡᠷᠡᠭᠦᠯᠭᠡ ᠲᠧᠯᠸᠢᠰ ᠤᠨ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠤᠯᠡᠠ ᠨᠡᠶᠢᠲᠡ ᠶᠢᠨ ᠦᠢᠯᠡᠴᠢᠯᠡᠭᠡᠨ ᠤ ᠠᠵᠢᠯ ᠲᠦᠷᠦᠯ ᠨᠢ ᠳᠦᠷᠢᠮᠵᠢᠭᠰᠡᠨ | ᠬᠢᠲᠠᠳ ᠤᠢᠰᠦᠭ ᠢᠶᠠᠷ ᠦᠢᠯᠡᠴᠢᠯᠡᠭᠡᠨ ᠤ ᠪᠠᠨ ᠦᠨᠳᠦᠰᠦᠨ ᠬᠡᠷᠡᠭᠯᠡᠭᠡᠨ ᠤ ᠤᠢᠰᠦᠭ ᠪᠣᠯᠭᠠᠨ᠎ᠠ᠃ ᠣᠯᠠᠨ | ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠠᠴᠠ ᠪᠣᠯᠵᠤ᠂ ᠬᠤᠳᠠᠯᠳᠤᠭᠠᠨ ᠤ ᠫᠠᠶᠢᠰᠠ᠂ ᠵᠠᠷ᠂ ᠵᠠᠷᠯᠠᠯ᠂ ᠲᠡᠮᠳᠡᠭ | ᠫᠠᠶᠢᠰᠠ ᠵᠡᠷᠭᠡ ᠳᠤ ᠭᠠᠳᠠᠭᠠᠳᠤ ᠤᠯᠤᠰ ᠤᠨ ᠦᠰᠦᠭ ᠪᠢᠴᠢᠭ ᠢ ᠬᠡᠷᠡᠭᠯᠡᠬᠦ ᠶᠢᠨ ᠬᠠᠮᠲᠤ ᠬᠢᠲᠠᠳ ᠦᠰᠦᠭ ᠢ | ᠵᠡᠷᠭᠡ ᠪᠠᠷ ᠬᠡᠷᠡᠭᠯᠡᠬᠦ ᠳᠤ ᠬᠦᠷᠪᠡᠯ ᠳᠦᠷᠢᠮᠵᠢᠭᠰᠡᠨ ᠬᠢᠲᠠᠳ ᠦᠰᠦᠭ ᠢ ᠬᠡᠷᠡᠭᠯᠡᠬᠦ ᠬᠡᠷᠡᠭᠲᠡᠶ᠃ | ᠤᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠲᠦᠷᠦᠯ ᠳᠤ ᠨᠡᠶᠢᠲᠡᠯᠢᠭ ᠬᠡᠯᠡ ᠪᠠᠷ ᠦᠢᠯᠡᠴᠢᠯᠡᠭᠡᠨ ᠤ ᠬᠡᠷᠡᠭᠯᠡᠭᠡᠨ ᠤ | ᠬᠡᠯᠡ ᠪᠣᠯᠭᠠᠬᠤ ᠶᠢ ᠰᠠᠨᠠᠭᠠᠴᠢᠯᠠᠨ᠎ᠠ᠃ | ᠠᠷᠪᠠᠨ ᠳᠥᠷᠪᠡᠳᠦᠭᠡᠷ ᠵᠦᠢᠯ ᠳᠣᠤᠷ᠎ᠠ ᠵᠢᠭᠰᠠᠭᠠᠭᠰᠠᠨ ᠪᠠᠶᠢᠳᠠᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠦᠨᠳᠦᠰᠦᠨ ᠬᠡᠷᠡᠭᠯᠡᠭᠡᠨ ᠤ ᠬᠡᠯᠡ ᠬᠡᠷᠡᠭᠯᠡᠭᠡᠨ ᠤ ᠦᠰᠦᠭ ᠪᠣᠯᠭᠠᠬᠤ ᠬᠡᠷᠡᠭᠲᠡᠶ᠄ | ︵ᠨᠢᠭᠡ︶ ᠷᠠᠳᠢᠣ᠋ ᠨᠡᠪᠲᠡᠷᠡᠭᠦᠯᠭᠡ᠂ ᠺᠢᠨᠣ᠋᠂ ᠲᠧᠯᠸᠢᠰ ᠤᠨ ᠬᠡᠷᠡᠭᠯᠡᠭᠡᠨ ᠤ ᠬᠡᠯᠡ ᠬᠡᠷᠡᠭᠯᠡᠭᠡᠨ ᠤ ᠤᠢᠰᠦᠭ︔ | ︵ᠬᠤᠶᠠᠷ︶ ᠤᠯᠡᠠ ᠨᠡᠶᠢᠲᠡ ᠶᠢᠨ ᠲᠠᠯᠠᠪᠤᠷ ᠲᠤ ᠬᠢ ᠲᠥᠬᠦᠭᠡᠷᠦᠮᠵᠢ ᠶᠢᠨ ᠬᠡᠷᠡᠭᠯᠡᠭᠡᠨ ᠤ ᠤᠢᠰᠦᠭ︔ | ︵ᠭᠤᠷᠪᠠ︶ ᠬᠤᠳᠠᠯᠳᠤᠭᠠᠨ ᠤ ᠫᠠᠶᠢᠰᠠ᠂ ᠵᠠᠷ ᠤᠨ ᠬᠡᠷᠡᠭᠯᠡᠭᠡᠨ ᠤ ᠦᠰᠦᠭ︔ | ︵ᠲᠦᠷᠪᠡ︶ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ︔ | ︵ᠲᠠᠪᠤ︶ ᠬᠢᠯᠢ ᠶᠢᠨ ᠳᠣᠲᠣᠷ᠎ᠠ ᠪᠣᠷᠣᠯᠠᠭᠤᠯᠬᠤ ᠲᠠᠸᠠᠷ ᠤᠨ ᠪᠣᠭᠤᠳᠠᠯ ᠪᠠᠭᠯᠠᠭ᠎ᠠ ᠳᠡᠭᠡᠷᠡᠬᠢ ᠦᠰᠦᠭ᠂ | ᠲᠣᠳᠣᠷᠬᠠᠶᠢᠯᠠᠯᠲᠠ᠃ | ᠠᠷᠪᠠᠨ ᠲᠠᠪᠤᠳᠤᠭᠠᠷ ᠵᠦᠢᠯ ᠮᠡᠳᠡᠭᠡ ᠵᠠᠩᠭᠢ ᠶᠢᠨ ᠰᠢᠢᠳᠪᠦᠷᠢᠯᠡᠯᠲᠡ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠳᠭᠦᠨ ᠳᠤ ᠬᠡᠷᠡᠭᠯᠡᠬᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠨᠢ ᠤᠯᠤᠰ ᠤᠨ | ᠳᠦᠷᠢᠮᠵᠢᠯ ᠪᠠ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠲᠤᠰ ᠪᠦᠯᠦᠭ ᠤᠨ ᠬᠤᠯᠪᠣᠭᠳᠠᠯ ᠪᠦᠬᠦᠢ ᠲᠣᠭᠲᠠᠭᠠᠯ ᠳᠤ ᠳᠣᠤᠷ᠎ᠠ | ᠵᠢᠭᠰᠠᠭᠠᠭᠰᠠᠨ ᠪᠠᠶᠢᠳᠠᠯ ᠲᠠᠢ ᠪᠣᠯ ᠨᠤᠲᠤᠭ ᠤᠨ ᠠᠶᠠᠯᠭᠤ ᠶᠢ ᠬᠡᠷᠡᠭᠯᠡᠵᠦ ᠪᠣᠯᠤᠨ᠎ᠠ᠄ | ︵ᠨᠢᠭᠡ︶ ᠲᠦᠷᠦ ᠶᠢᠨ ᠪᠠᠶᠢᠭᠤᠯᠭ᠎ᠠ ᠶᠢᠨ ᠠᠵᠢᠯᠳᠡᠠ ᠠᠯᠪᠠᠨ ᠠᠵᠢᠯ ᠭᠦᠢᠴᠡᠳᠭᠡᠬᠦ ᠦᠶᠡᠰ ᠳᠤ ᠦᠨᠡᠬᠡᠷ | ᠬᠡᠷᠡᠭᠯᠡᠬᠦ ᠴᠢᠬᠤᠯᠠᠲᠠᠶ ᠪᠠᠶᠢᠬᠤ︔ | ︵ᠬᠤᠶᠠᠷ︶ ᠲᠦᠷᠦ ᠶᠢᠨ ᠶᠠᠪᠤᠳᠠᠯ ᠤᠨ ᠬᠤᠷᠢᠶᠠᠨ ᠤ ᠷᠠᠳᠢᠣ᠋ ᠨᠡᠪᠲᠡᠷᠡᠭᠦᠯᠭᠡ ᠲᠧᠯᠸᠢᠰ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠮᠤᠵᠢ ᠶᠢᠨ ᠱᠠᠲᠤᠨ ᠤ ᠷᠠᠳᠢᠣ᠋ ᠨᠡᠪᠲᠡᠷᠡᠭᠦᠯᠭᠡ ᠲᠧᠯᠸᠢᠰ ᠤᠨ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠰᠡᠨ ᠨᠡᠪᠲᠡᠷᠡᠭᠦᠯᠭᠡ ᠶᠢᠨ ᠬᠡᠷᠡᠭᠯᠡᠭᠡᠨ ᠤ ᠬᠡᠯᠡ︔ | ︵ᠭᠤᠷᠪᠠ︶ ᠰᠢ ᠵᠦᠴᠦᠭᠡ᠂ ᠺᠢᠨᠣ᠋ ᠲᠧᠯᠸᠢᠰ ᠵᠡᠷᠭᠡ ᠤᠷᠠᠯᠢᠭ ᠤᠨ ᠬᠡᠯᠪᠡᠷᠢ ᠳᠤ ᠬᠡᠷᠡᠭᠯᠡᠬᠦ ᠴᠢᠬᠤᠯᠠᠲᠠᠶ | ᠪᠠᠶᠢᠬᠤ︔ | ︵ᠲᠦᠷᠪᠡ︶ ᠬᠡᠪᠯᠡᠯ᠂ ᠵᠢᠭᠠᠨ ᠰᠤᠷᠭᠠᠯᠲᠠ᠂ ᠰᠤᠳᠤᠯᠭᠠᠨ ᠤ ᠳᠤᠮᠳᠠ ᠦᠨᠡᠬᠡᠷ ᠬᠡᠷᠡᠭᠯᠡᠬᠦ ᠴᠢᠬᠤᠯᠠᠲᠠᠶ | ᠪᠠᠶᠢᠬᠤ᠃ | ᠠᠷᠪᠠᠨ ᠳᠣᠯᠣᠳᠤᠭᠠᠷ ᠵᠦᠢᠯ ᠲᠤᠰ ᠪᠦᠯᠦᠭ ᠤᠨ ᠬᠤᠯᠪᠣᠭᠳᠠᠯ ᠪᠦᠬᠦᠢ ᠲᠣᠭᠲᠠᠭᠠᠯ ᠤᠨ ᠳᠣᠲᠤᠷ᠎ᠠ ᠳᠣᠤᠷ᠎ᠠ | ᠵᠢᠭᠰᠠᠭᠠᠭᠰᠠᠨ ᠪᠠᠶᠢᠳᠠᠯ ᠲᠠᠢ ᠪᠣᠯ ᠪᠢᠴᠢᠯᠭᠡ ᠲᠦᠪᠡᠭᠲᠡᠢ ᠦᠰᠦᠭ᠂ ᠣᠨᠳᠣᠤ ᠪᠢᠴᠢᠯᠭᠡᠲᠦ ᠦᠰᠦᠭ ᠢ ᠦᠯᠡᠳᠡᠭᠡᠬᠦ | ᠪᠤᠶᠤ ᠬᠡᠷᠡᠭᠯᠡᠵᠦ ᠪᠣᠯᠤᠨ᠎ᠠ᠄ | ︵ᠨᠢᠭᠡ︶ ᠲᠡᠤᠬᠡ ᠶᠢᠨ ᠳᠤᠷᠠᠰᠬᠠᠯᠲᠤ ᠵᠦᠢᠯ︔ | ︵ᠬᠤᠶᠠᠷ︶ ᠤᠪᠦᠬ ᠨᠡᠷ᠎ᠡ ᠶᠢᠨ ᠳᠣᠲᠣᠷᠠᠬᠢ ᠪᠢᠴᠢᠯᠭᠡ ᠣᠨᠳᠣᠤ ᠤᠢᠰᠦᠭ︔ | ︵ᠭᠤᠷᠪᠠ︶ ᠤᠷᠠᠨ ᠪᠢᠴᠢᠯᠭᠡ᠂ ᠲᠠᠮᠠᠭ᠎ᠠ ᠰᠡᠶᠢᠯᠦᠮᠡᠯ ᠵᠡᠷᠭᠡ ᠤᠷᠠᠯᠢᠭ ᠤᠨ ᠪᠦᠲᠦᠭᠡᠯ︔ | ︵ᠲᠦᠷᠪᠡ︶ ᠪᠢᠴᠢᠭᠡᠰᠦ ᠪᠠ ᠬᠤᠳᠠᠯᠳᠤᠭᠠᠨ ᠤ ᠫᠠᠶᠢᠰᠠ ᠶᠢᠨ ᠳᠡᠭᠡᠷᠡᠬᠢ ᠭᠠᠷ ᠪᠢᠴᠢᠮᠡᠯ ᠤᠢᠰᠦᠭ︔ | ︵ᠲᠠᠪᠤ︶ ᠬᠡᠪᠯᠡᠯ᠂ ᠵᠢᠭᠠᠨ ᠰᠤᠷᠭᠠᠯᠲᠠ᠂ ᠰᠤᠳᠤᠯᠭᠠᠨ ᠤ ᠳᠤᠮᠳᠠ ᠬᠡᠷᠡᠭᠯᠡᠬᠦ ᠴᠢᠬᠤᠯᠠᠲᠠᠶ ᠵᠦᠢᠯ︔ | ︵ᠵᠢᠷᠭᠤᠭ᠎ᠠ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ | ᠵᠦᠪᠰᠢᠶᠡᠷᠡᠭᠦᠯᠦᠭᠰᠡᠨ ᠣᠨᠴᠠᠭᠠᠶ ᠪᠠᠶᠢᠳᠠᠯ᠃ | ᠠᠷᠪᠠᠨ ᠨᠠᠢᠮᠠᠳᠤᠭᠠᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ︽ᠬᠢᠲᠠᠳ | ᠬᠡᠯᠡᠨ ᠤ ᠠᠪᠢᠶ᠎ᠠ ᠲᠡᠮᠳᠡᠭᠯᠡᠬᠦ ᠲᠥᠰᠦᠯ︾ ᠢᠶᠠᠷ ᠠᠪᠢᠶᠠᠴᠢᠯᠠᠨ ᠪᠢᠴᠢᠬᠦ ᠪᠠ ᠠᠪᠢᠶ᠎ᠠ ᠬᠠᠳᠠᠬᠤ ᠪᠠᠭᠠᠵᠢ ᠬᠡᠷᠡᠭᠯᠡᠭᠦᠷ | ᠪᠣᠯᠭᠠᠨ᠎ᠠ᠃ | ︽ᠬᠢᠲᠠᠳ ᠬᠡᠯᠡᠨ ᠤ ᠠᠪᠢᠶ᠎ᠠ ᠲᠡᠮᠳᠡᠭᠯᠡᠬᠦ ᠲᠥᠰᠦᠯ︾ ᠪᠣᠯ ᠳᠤᠮᠳᠠᠳᠤ ᠤᠯᠤᠰ ᠤᠨ ᠬᠥᠮᠦᠨ ᠤ ᠨᠡᠷ᠎ᠡ᠂ | ᠭᠠᠵᠠᠷ ᠤᠨ ᠨᠡᠷ᠎ᠡ ᠪᠣᠯᠤᠨ ᠬᠢᠲᠠᠳ ᠬᠡᠯᠡᠨ ᠤ ᠰᠤᠷᠪᠤᠯᠵᠢ ᠪᠢᠴᠢᠭ ᠢ ᠷᠣᠮᠠ ᠦᠰᠦᠭ ᠢᠶᠠᠷ ᠠᠪᠢᠶᠠᠴᠢᠯᠠᠨ ᠪᠢᠴᠢᠬᠦ | ᠠᠷᠭ᠎ᠠ ᠶᠢᠨ ᠨᠢᠭᠡᠳᠦᠯᠲᠡᠢ ᠳᠦᠷᠢᠮᠵᠢᠯ ᠪᠣᠯᠬᠤ ᠪᠥᠭᠡᠳ ᠲᠡᠭᠦᠨ ᠢ ᠬᠢᠲᠠᠳ ᠬᠡᠯᠡ ᠶᠢ ᠬᠡᠷᠡᠭᠯᠡᠬᠦ ᠳᠤ ᠳᠥᠭᠦᠮ ᠦᠭᠡᠢ | ᠪᠤᠶᠤ ᠬᠡᠷᠡᠭᠯᠡᠵᠦ ᠪᠣᠯᠬᠤ ᠦᠭᠡᠢ ᠭᠠᠵᠠᠷ ᠲᠤ ᠬᠡᠷᠡᠭᠯᠡᠨ᠎ᠡ᠃ | ᠠᠩᠬ᠎ᠠ ᠵᠡᠷᠭᠡ ᠶᠢᠨ ᠰᠤᠷᠭᠠᠨ ᠬᠥᠮᠦᠵᠢᠯ ᠳᠤ ᠬᠢᠲᠠᠳ ᠬᠡᠯᠡᠨ ᠤ ᠠᠪᠢᠶ᠎ᠠ ᠲᠡᠮᠳᠡᠭᠯᠡᠬᠦ ᠵᠢᠭᠠᠨ ᠰᠤᠷᠭᠠᠯᠲᠠ | ᠬᠢᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠨᠡᠶᠢᠲᠡᠯᠢᠭ ᠬᠡᠯᠡ ᠪᠠᠷ ᠠᠵᠢᠯ ᠤᠨ ᠬᠡᠯᠡ ᠪᠣᠯᠭᠠᠭᠰᠠᠨ ᠠᠵᠢᠯ ᠤᠨ ᠪᠠᠶᠢᠷᠢ | ᠪᠥᠬᠦᠨ ᠤ ᠠᠵᠢᠯᠲᠠᠳ ᠨᠡᠶᠢᠲᠡᠯᠢᠭ ᠬᠡᠯᠡ ᠶᠢ ᠬᠡᠯᠡᠵᠦ ᠴᠢᠳᠠᠬᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ | ᠃ | ᠨᠡᠶᠢᠲᠡᠯᠢᠭ ᠬᠡᠯᠡ ᠪᠠᠷ ᠠᠵᠢᠯ ᠤᠨ ᠬᠡᠯᠡ ᠪᠣᠯᠭᠠᠭᠰᠠᠨ ᠨᠡᠪᠲᠡᠷᠡᠭᠦᠯᠦᠭᠴᠢ᠂ ᠫᠷᠤᠭ᠍ᠷᠠᠮ ᠤᠨ ᠬᠥᠲᠥᠯᠥᠭᠴᠢ | ᠪᠣᠯᠤᠨ ᠺᠢᠨᠣ᠋ ᠲᠧᠯᠸᠢᠰ ᠶᠠᠷᠢᠶᠠᠲᠤ ᠵᠦᠴᠦᠭᠡ ᠶᠢᠨ ᠲᠣᠭᠯᠠᠭᠴᠢ᠂ ᠪᠠᠭᠰᠢ᠂ ᠲᠦᠷᠦ ᠶᠢᠨ ᠪᠠᠶᠢᠭᠤᠯᠭ᠎ᠠ ᠶᠢᠨ | ᠠᠵᠢᠯᠳᠠᠨ ᠤ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠨᠢ ᠤᠯᠤᠰ ᠤᠨ ᠲᠣᠭᠲᠠᠭᠠᠭᠰᠠᠨ ᠳᠡᠰ ᠤᠨ ᠪᠠᠷᠢᠮᠵᠢᠶ᠎ᠠ ᠳᠤ ᠲᠤᠰ | ᠲᠤᠰ ᠬᠦᠷᠦᠭᠰᠡᠨ ᠪᠠᠶᠢᠬᠤ ᠬᠡᠷᠡᠭᠲᠡᠶ︔ ᠤᠯᠤᠰ ᠠᠴᠠ ᠲᠣᠭᠲᠠᠭᠠᠭᠰᠠᠨ ᠨᠡᠶᠢᠲᠡᠯᠢᠭ ᠬᠡᠯᠡᠨ ᠤ ᠳᠡᠰ ᠤᠨ | ᠪᠠᠷᠢᠮᠵᠢᠶ᠎ᠠ ᠳᠤ ᠬᠠᠷᠠᠬᠠᠨ ᠬᠦᠷᠦᠭᠡᠳᠦᠢ ᠪᠠᠶᠢᠪᠠᠯ ᠪᠠᠶᠢᠳᠠᠯ ᠢ ᠨᠢ ᠢᠯᠭᠠᠨ ᠦᠵᠡᠵᠦ ᠪᠠᠶᠢᠭᠠᠳ ᠪᠣᠯᠪᠠᠰᠤᠷᠠᠯ ᠬᠢᠯᠭᠡᠬᠦ | ᠬᠡᠷᠡᠭᠲᠡᠶ᠃ | ᠬᠤᠷᠢᠳᠤᠭᠠᠷ ᠵᠦᠢᠯ ᠭᠠᠳᠠᠭᠠᠳᠤ ᠶᠢᠨ ᠬᠥᠮᠦᠨ ᠳᠤ ᠵᠣᠷᠢᠭᠤᠯᠤᠭᠰᠠᠨ ᠬᠢᠲᠠᠳ ᠬᠡᠯᠡᠨ ᠤ ᠵᠢᠭᠠᠨ | ᠰᠤᠷᠭᠠᠯᠲᠠ ᠳᠤ ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠢ ᠵᠢᠭᠠᠨ ᠰᠤᠷᠭᠠᠬᠤ ᠬᠡᠷᠡᠭᠲᠡᠶ᠃ | ᠭᠤᠷᠪᠠᠳᠤᠭᠠᠷ ᠪᠦᠯᠦᠭ ᠬᠠᠮᠢᠶᠠᠷᠤᠯᠲᠠ ᠪᠠ ᠬᠢᠨᠠᠯᠲᠠ | ᠬᠤᠷᠢᠨ ᠨᠢᠭᠡᠳᠦᠭᠡᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ | ᠲᠦᠷᠦ ᠶᠢᠨ ᠶᠠᠪᠤᠳᠠᠯ ᠤᠨ ᠬᠤᠷᠢᠶᠠᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠰᠠᠯᠠᠭ᠎ᠠ ᠮᠥᠴᠢᠷ ᠠᠴᠠ | ᠬᠠᠷᠢᠭᠤᠴᠠᠨ ᠲᠥᠯᠦᠪᠵᠢᠭᠦᠯᠦᠨ ᠵᠢᠯᠣᠭᠤᠳᠴᠤ᠂ ᠬᠠᠮᠢᠶᠠᠷᠴᠤ ᠬᠢᠨᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰ | ᠰᠢᠰᠲ᠋ᠧᠮ ᠤᠨ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢ | ᠬᠠᠮᠢᠶᠠᠷᠤᠨ᠎ᠠ᠃ | ᠬᠤᠷᠢᠨ ᠬᠤᠶᠠᠳᠤᠭᠠᠷ ᠵᠦᠢᠯ ᠣᠷᠣᠨ ᠨᠤᠲᠤᠭ ᠤᠨ ᠦᠭᠡ ᠬᠡᠯᠡ ᠤᠢᠰᠦᠭ ᠪᠢᠴᠢᠭ ᠤᠨ ᠠᠵᠢᠯ ᠤᠨ ᠰᠠᠯᠠᠭ᠎ᠠ | ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠤᠢᠰᠦᠭ ᠪᠢᠴᠢᠭ ᠤᠨ ᠬᠡᠷᠡᠭᠯᠡᠯᠲᠡ ᠶᠢ ᠬᠠᠮᠢᠶᠠᠷᠴᠤ | ᠬᠢᠨᠠᠨ᠎ᠠ᠃ | ᠬᠤᠷᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠠᠵᠤ ᠠᠬᠤᠶᠢᠯᠠᠯ ᠤᠨ ᠨᠡᠷᠡᠶᠢᠳᠦᠯ᠂ ᠲᠠᠸᠠᠷ ᠤᠨ ᠨᠡᠷᠡᠶᠢᠳᠦᠯ ᠵᠢᠴᠢ ᠵᠠᠷ ᠤᠨ ᠬᠡᠷᠡᠭᠯᠡᠭᠡᠨ ᠤ ᠬᠡᠯᠡ | ᠬᠡᠷᠡᠭᠯᠡᠭᠡᠨ ᠤ ᠦᠰᠦᠭ ᠢ ᠬᠠᠤᠯᠢ ᠶᠣᠰᠤ ᠪᠠᠷ ᠬᠠᠮᠢᠶᠠᠷᠴᠤ ᠬᠢᠨᠠᠨ᠎ᠠ᠃ | ᠬᠤᠷᠢᠨ ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠦᠭᠡ ᠬᠡᠯᠡ ᠦᠰᠦᠭ ᠪᠢᠴᠢᠭ ᠤᠨ | ᠠᠵᠢᠯ ᠤᠨ ᠰᠠᠯᠠᠭ᠎ᠠ ᠮᠥᠴᠢᠷ ᠠᠴᠠ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠰᠢᠯᠭᠠᠯᠲᠠ ᠶᠢᠨ ᠳᠡᠰ ᠤᠨ | ᠪᠠᠷᠢᠮᠵᠢᠶ᠎ᠠ ᠶᠢ ᠨᠡᠶᠢᠲᠡᠯᠡᠨ᠎ᠡ᠃ | ᠬᠤᠷᠢᠨ ᠲᠠᠪᠤᠳᠤᠭᠠᠷ ᠵᠦᠢᠯ ᠭᠠᠳᠠᠭᠠᠳᠤ ᠶᠢᠨ ᠬᠥᠮᠦᠨ ᠤ ᠨᠡᠷ᠎ᠡ᠂ ᠭᠠᠵᠠᠷ ᠤᠨ ᠨᠡᠷ᠎ᠡ ᠵᠡᠷᠭᠡ ᠲᠤᠰᠬᠠᠶ ᠨᠡᠷᠡᠰ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠨᠡᠷ᠎ᠡ ᠲᠣᠮᠢᠶ᠎ᠠ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢᠶᠠᠷ ᠣᠷᠴᠢᠭᠤᠯᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠦᠭᠡ ᠬᠡᠯᠡ ᠦᠰᠦᠭ ᠪᠢᠴᠢᠭ ᠤᠨ | ᠠᠵᠢᠯ ᠤᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ | ᠬᠢᠨᠠᠨ ᠲᠣᠭᠲᠠᠭᠠᠨ᠎ᠠ᠃ | ᠬᠤᠷᠢᠨ ᠵᠢᠷᠭᠤᠳᠤᠭᠠᠷ ᠵᠦᠢᠯ ᠲᠣᠰ ᠬᠠᠤᠯᠢ ᠶᠢᠨ ᠬᠤᠶᠠᠳᠤᠭᠠᠷ ᠪᠦᠯᠦᠭ ᠤᠨ ᠬᠤᠯᠪᠣᠭᠳᠠᠯ ᠪᠦᠬᠦᠢ | ᠲᠣᠭᠲᠠᠭᠠᠯ ᠢ ᠵᠦᠷᠢᠴᠡᠵᠦ᠂ ᠦᠭᠡ ᠬᠡᠯᠡ ᠤᠢᠰᠦᠭ ᠪᠢᠴᠢᠭ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠤᠢᠰᠦᠭ ᠪᠢᠴᠢᠭ ᠤᠨ ᠳᠦᠷᠢᠮᠵᠢᠯ ᠪᠠ ᠪᠠᠷᠢᠮᠵᠢᠶ᠎ᠠ ᠶᠣᠰᠤ ᠪᠠᠷ ᠬᠡᠷᠡᠭᠯᠡᠭᠰᠡᠨ ᠤᠢᠭᠡᠢ ᠪᠠᠶᠢᠪᠠᠯ᠂ ᠠᠷᠠᠳ ᠢᠷᠭᠡᠨ ᠠᠴᠠ | ᠰᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃ ᠲᠤᠰ ᠬᠠᠤᠯᠢ ᠶᠢᠨ ᠠᠷᠪᠠ ᠶᠢᠰᠦᠳᠦᠭᠡᠷ ᠵᠦᠢᠯ ᠤᠨ | ᠬᠤᠶᠠᠳᠤᠭᠠᠷ ᠵᠤᠷᠪᠤᠰ ᠲᠤ ᠲᠣᠭᠲᠠᠭᠠᠭᠰᠠᠨ ᠬᠥᠮᠦᠰ ᠤᠨ ᠬᠡᠷᠡᠭᠯᠡᠬᠦ ᠦᠭᠡ ᠨᠢ ᠲᠤᠰ ᠬᠠᠤᠯᠢ ᠶᠢᠨ ᠬᠤᠶᠠᠳᠤᠭᠠᠷ | ᠪᠦᠯᠦᠭ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ ᠬᠤᠯᠪᠣᠭᠳᠠᠯ ᠪᠦᠬᠦᠢ ᠨᠢᠭᠡᠴᠢ ᠶᠢᠨ | ᠰᠢᠭᠤᠳ ᠬᠠᠷᠢᠭᠤᠴᠠᠯᠭ᠎ᠠ ᠪᠥᠬᠦᠢ ᠬᠥᠮᠦᠨ ᠢ ᠨᠢ ᠰᠢᠭᠦᠮᠵᠢᠯᠡᠵᠦ ᠰᠤᠷᠭᠠᠬᠤ ᠬᠡᠷᠡᠭᠲᠡᠶ︔ ᠵᠠᠯᠠᠷᠠᠭᠤᠯᠬᠤ ᠶᠢ | ᠲᠡᠪᠴᠢᠭᠰᠡᠨ ᠪᠣᠯ ᠬᠤᠯᠪᠣᠭᠳᠠᠯ ᠪᠦᠬᠦᠢ ᠨᠢᠭᠡᠴᠢ ᠠᠴᠠ ᠰᠢᠢᠳᠪᠦᠷᠢᠯᠡᠨ᠎ᠡ᠃ ᠬᠤᠲᠠ ᠶᠢᠨ ᠣᠯᠠᠨ ᠨᠡᠶᠢᠲᠡ ᠶᠢᠨ | ᠲᠠᠯᠠᠪᠤᠷ ᠤᠨ ᠲᠥᠬᠦᠭᠡᠷᠦᠮᠵᠢ ᠪᠠ ᠬᠤᠳᠠᠯᠳᠤᠭᠠᠨ ᠤ ᠫᠠᠶᠢᠰᠠ᠂ ᠵᠠᠷ ᠤᠨ ᠬᠡᠷᠡᠭᠯᠡᠭᠡᠨ ᠤ ᠦᠰᠦᠭ ᠨᠢ ᠲᠤᠰ | ᠬᠠᠤᠯᠢ ᠶᠢᠨ ᠬᠤᠶᠠᠳᠤᠭᠠᠷ ᠪᠦᠯᠦᠭ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ | ᠵᠠᠯᠠᠷᠠᠭᠤᠯᠬᠤ ᠶᠢ ᠲᠡᠪᠴᠢᠪᠡᠯ ᠳᠣᠩᠭᠤᠳᠬᠤ ᠶᠢᠨ ᠬᠠᠮᠲᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠪᠠᠷ | ᠰᠢᠪᠠᠲᠠᠨ ᠱᠠᠭᠠᠷᠳᠠᠨ᠎ᠠ᠃ | ᠬᠤᠷᠢᠨ ᠳᠣᠯᠣᠳᠤᠭᠠᠷ ᠵᠦᠢᠯ ᠲᠣᠰ ᠬᠠᠤᠯᠢ ᠲᠣᠭᠲᠠᠭᠠᠯ ᠢ ᠵᠥᠷᠢᠴᠡᠵᠦ᠂ ᠪᠤᠰᠤᠳ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠶᠢ ᠬᠠᠷᠰᠢᠯᠠᠭᠰᠠᠨ ᠪᠠᠶᠢᠪᠠᠯ᠂ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠶᠢᠨ ᠬᠠᠮᠲᠤ ᠳᠣᠩᠭᠤᠳᠤᠨ᠎ᠠ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠨᠠᠢᠮᠠᠳᠤᠭᠠᠷ ᠵᠦᠢᠯ ᠲᠤᠰ ᠬᠠᠤᠯᠢ ᠶᠢ 2001 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |