| | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶ᠎ᠠ᠄ | 《 ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠪᠠᠨ ᠨᠢᠭᠡᠳᠦᠭᠡᠷ ᠬᠤᠭᠤᠴᠠᠭᠠᠨ | ᠤ ᠬᠠᠲᠤᠨ ᠭᠤᠤᠯ ᠤᠨ ᠭᠡᠷᠡᠯᠲᠦ ᠰᠤᠪᠤᠳ· ᠳᠤᠮᠳᠠᠳᠤ ᠤᠯᠤᠰ ᠤᠨ ᠦᠬᠠᠶ ᠶᠢᠨ ᠤᠷᠠᠨ ᠪᠢᠴᠢᠯᠭᠡ ᠶᠢᠨ | ᠤᠷᠠᠯᠢᠭ ᠤᠨ ᠨᠠᠶᠢᠷ ᠡᠷᠭᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ 》 ︵ᠦᠬᠠᠶ ᠬᠤᠲᠠ ᠶᠢᠨ ᠨᠠᠮ ᠤᠨ | ᠬᠤᠷᠢᠶᠠᠨ ᠤ ᠮᠡᠳᠡᠭᠦᠯᠦᠯᠲᠡ ﹇2020﹈ 14 ᠳ᠋ᠦ᠋ᠭᠡᠷ ᠲᠣᠭᠠᠲᠤ︶ ᠶᠢ ᠬᠤᠷᠢᠶᠠᠵᠤ ᠤᠯᠪᠠ᠃ 《 ᠪᠠᠶᠠᠷ | ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ 》 ︵ᠡᠪ ᠬᠠᠮᠲᠤ ᠨᠠᠮ | ᠤᠨ ᠲᠦᠪ ᠬᠤᠷᠢᠶᠠᠨ ᠤ ᠠᠯᠪᠠᠨ ᠲᠢᠩᠬᠢᠮ ᠲᠠᠷᠬᠠᠭᠠᠭᠰᠠᠨ ﹇2012﹈ 18 ᠳ᠋ᠤᠭᠠᠷ ᠲᠣᠭᠠᠲᠤ︶ ᠂ 《 | ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ 》︵ | ᠤᠯᠤᠰ ᠤᠨ ᠪᠠᠶᠠᠷ ᠤᠨ ᠶᠣᠰᠣᠯᠠᠯ ᠰᠤᠳᠤᠯᠤᠨ ᠶᠠᠷᠢᠯᠴᠠᠬᠤ ᠬᠤᠷᠠᠯ ᠶᠠᠷᠢᠯᠴᠠᠭᠠᠨ ᠤ ᠲᠠᠪᠴᠠᠩ ᠤᠨ ᠠᠵᠢᠯᠯᠠᠭ᠎ᠠ ᠶᠢ | ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠠᠷᠠᠭᠠᠭᠰᠠᠨ﹇2019﹈ 1 ᠳ᠋ᠦ᠋ᠭᠡᠷ | ᠲᠤᠭᠠᠲᠤ︶ ᠪᠣᠯᠤᠨᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ | ᠣᠷᠳᠣᠨ ᠤ ᠠᠯᠪᠠᠨ ᠲᠢᠩᠬᠢᠮ ᠤᠨ ︽ᠪᠠᠶᠠᠷ ᠳᠤᠷᠠᠰᠬᠠᠯ ᠤᠨ ᠡᠳᠦᠷ᠂ ᠶᠠᠷᠢᠶᠠᠨ ᠤ ᠲᠠᠪᠴᠠᠩ᠂ ᠦᠵᠡᠰᠬᠦᠯᠡᠩ | ᠴᠤᠭᠯᠠᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ︾᠂ ︽ | ᠪᠠᠶᠠᠷ ᠳᠤᠷᠠᠰᠬᠠᠯ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠮᠤᠩᠭᠤᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ | ᠵᠢᠷᠤᠮᠵᠢᠭᠤᠯᠬᠤ ᠳᠤᠭᠤᠶᠢᠯᠠᠩ ᠥᠰᠥᠭ ﹇2020﹈ 2 ᠳ᠋ᠤᠭᠠᠷ ᠲᠣᠭᠠᠲᠤ︶ ᠵᠡᠷᠭᠡ ᠲᠥᠪ ᠬᠤᠷᠢᠶ᠎ᠠ ᠂ | ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠲᠣᠭᠲᠠᠭᠠᠯ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠪᠠᠶᠠᠷ ᠲᠤᠷᠠᠰᠬᠠᠯ ᠤᠨ ᠶᠣᠰᠣᠯᠠᠯ ᠢ | ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ᠤᠨ ᠠᠩᠬᠠᠨ ᠤ ᠬᠢᠨᠠᠯᠲᠠ ᠪᠠᠷ ᠳᠠᠮᠵᠢᠨ᠂ ᠥᠪᠡᠷᠲᠡᠭᠡᠨ | ᠵᠠᠰᠠᠬᠤ ᠣᠷᠣᠨ ᠤ ᠵᠢᠷᠤᠮᠵᠢᠭᠤᠯᠤᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠵᠦ ᠬᠥᠬᠢᠭᠦᠯᠦᠨ | ᠰᠠᠶᠢᠰᠢᠶᠠᠬᠤ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠦᠵᠡᠰᠬᠦᠯᠡᠩ ᠤᠨ ᠴᠤᠭᠯᠠᠭᠠᠨ ᠤ ᠠᠵᠢᠯᠯᠠᠭ᠎ᠠ | ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠤᠨ ᠤ ᠨᠢᠭᠡᠳᠦᠭᠡᠷ ᠤᠳᠠᠭᠠᠨ ᠤ ᠬᠤᠷᠠᠯ ᠳᠤ | ᠮᠡᠳᠡᠭᠦᠯᠦᠨ ᠰᠤᠳᠤᠯᠤᠭᠤᠯᠬᠤ ᠶᠢᠨ ᠬᠠᠮᠲᠤ ᠤᠳᠤᠷᠢᠳᠬᠤ ᠳᠤᠭᠤᠶᠢᠯᠠᠩ ᠢᠶᠠᠷ ᠬᠢᠨᠠᠨ ᠬᠠᠷᠭᠤᠭᠤᠯᠵᠤ | ᠵᠥᠪᠰᠢᠶᠡᠷᠡᠭᠦᠯᠦᠨ᠎ᠡ᠂ ᠣᠲᠣ ᠲᠠᠨ ᠤ ᠬᠤᠲᠠ ᠶᠢᠨ ᠡᠷᠬᠢᠯᠡᠬᠦ ᠪᠠᠷ ᠪᠠᠶᠢᠭ᠎ᠠ ᠠᠷᠪᠠᠨ ᠨᠢᠭᠡᠳᠦᠭᠡᠷ ᠬᠤᠭᠤᠴᠠᠭᠠᠨ ᠤ | ᠬᠠᠳᠤᠨ ᠭᠤᠤᠯ ᠤᠨ ᠭᠡᠷᠡᠯᠲᠦ ᠰᠤᠪᠤᠳ· ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠡᠷᠬᠢᠯᠡᠬᠦ ᠶᠢ | ᠵᠦᠪᠰᠢᠶᠡᠷᠡᠪᠡ᠃ | ᠡᠭᠦᠨ ᠤ ᠬᠠᠮᠲᠤ᠂ ᠳᠣᠤᠷᠠᠬᠢ ᠱᠠᠭᠠᠷᠳᠠᠯᠭ᠎ᠠ ᠶᠢ ᠳᠤᠷᠠᠳᠪᠠ᠄ ᠨᠢᠭᠡ ᠳᠤ᠂ ᠤᠯᠤᠰ ᠤᠨ 《 ᠪᠠᠶᠠᠷ | ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ 》 ᠤᠨ ᠠᠷᠪᠠ | ᠶᠢᠰᠦᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ 《 ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ | ᠤᠨ ᠬᠤᠷᠢᠶ᠎ᠠ ᠠᠴᠠ ᠬᠢᠨᠠᠨ ᠵᠥᠪᠰᠢᠶᠡᠷᠡᠭᠰᠡᠨ ᠪᠠᠶᠠᠷ ᠳᠤᠷᠠᠰᠬᠠᠯ ᠤᠨ ᠠᠵᠢᠯᠯᠠᠭ᠎ᠠ ᠠᠴᠠ ᠪᠤᠰᠤᠳᠠᠵᠢᠯᠯᠠᠭᠠ ᠶᠢᠨ | ᠨᠡᠷᠡᠶᠢᠳᠦᠯ ᠳᠤ 〈 ᠳᠤᠮᠳᠠᠳᠤ ᠤᠯᠤᠰ 〉᠂〈 ᠳᠤᠮᠳᠠᠳᠤ 〉᠂〈 ᠪᠥᠬᠦ ᠤᠯᠤᠰ 〉᠂〈 ᠳᠡᠯᠡᠬᠡᠶ 〉᠂ | 〈 ᠪᠥᠬᠦ ᠪᠥᠮᠪᠥᠷᠴᠡᠭ 〉 ᠭᠡᠬᠦ ᠮᠡᠲᠦ ᠶᠢᠨ ᠥᠰᠥᠭ ᠬᠠᠳᠠᠵᠤ ᠪᠣᠯᠬᠤ ᠥᠬᠡᠶ᠃ ᠦᠬᠠᠶ ᠬᠤᠲᠠ ᠶᠢᠨ ᠤᠷᠠᠨ | ᠪᠢᠴᠢᠯᠭᠡ ᠶᠢᠨ ᠤᠷᠠᠯᠢᠭ ᠤᠨ ᠨᠠᠶᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠢᠨᠠᠨ ᠵᠥᠪᠰᠢᠶᠡᠷᠡᠭᠰᠡᠨ ᠪᠠᠶᠠᠷ ᠳᠤᠷᠠᠰᠬᠠᠯ ᠤᠨ ᠠᠵᠢᠯᠯᠠᠭ᠎ᠠ ᠳᠤ ᠬᠠᠷᠢᠶᠠᠯᠠᠭᠳᠠᠬᠤ ᠥᠬᠡᠶ᠂ 《 ᠳᠤᠮᠳᠠᠳᠤ ᠤᠯᠤᠰ | 》 ᠭᠡᠬᠦ ᠥᠰᠥᠭ ᠤᠨ ᠥᠭᠦᠯᠡᠯᠲᠡ ᠶᠢ ᠬᠦᠴᠦᠨ ᠥᠬᠡᠶ ᠪᠣᠯᠭᠠᠭᠠᠷᠠᠶ᠃ ᠬᠤᠶᠠᠷ ᠲᠤ᠂ ᠣᠳᠣᠬᠠᠨ ᠳᠤ ᠬᠢᠯᠢ ᠶᠢᠨ | ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ᠂ ᠬᠢᠯᠢ ᠶᠢᠨ ᠳᠣᠲᠣᠷᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠬᠤ ᠶᠢ ᠦᠨᠳᠦᠰᠦᠯᠡᠵᠦ᠂ ᠲᠣᠭᠲᠠᠭᠰᠠᠨ ᠬᠤᠭᠤᠴᠠᠭᠠᠨ ᠳᠤ | ᠶᠠᠪᠤᠭᠳᠠᠭᠤᠯᠬᠤ ᠡᠰᠡᠬᠦ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠤᠨ ᠤᠯᠤᠰ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠵᠦᠪᠰᠢᠶᠡᠷᠡᠯ ᠤᠨ ᠪᠠᠶᠢᠳᠠᠯ ᠳᠣᠤᠷ᠎ᠠ | ᠲᠣᠭᠲᠠᠭᠠᠬᠤ ᠬᠡᠷᠡᠭᠲᠡᠶ᠃ ᠭᠤᠷᠪᠠ ᠳᠤ᠂︽ᠬᠡᠨ ᠳᠡᠪᠰᠢᠭᠦᠯᠪᠡᠯ ᠬᠡᠨ ᠬᠠᠷᠢᠭᠤᠴᠠᠬᠤ︾᠂ ︽ᠬᠡᠨ ᠭᠤᠤᠯᠯᠠᠨ | ᠡᠷᠬᠢᠯᠡᠪᠡᠯ ᠬᠡᠨ ᠬᠠᠷᠢᠭᠤᠴᠠᠬᠤ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ | ᠬᠠᠷᠢᠭᠤᠴᠠᠯᠭ᠎ᠠ ᠶᠢ ᠲᠤᠬᠠᠢ ᠶᠢᠨ ᠬᠥᠮᠦᠨ ᠳᠤ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯᠯᠠᠭ᠎ᠠ | ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ᠂ ᠲᠥᠪ ᠤᠨ ︽ᠨᠠᠶᠮᠠᠨ ᠲᠣᠭᠲᠠᠭᠠᠯ︾ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠠᠭᠠᠯᠲᠤᠭᠤᠯᠤᠯ ᠲᠣᠭᠲᠠᠭᠠᠯ ᠢ ᠴᠢᠩᠭ᠎ᠠ ᠬᠡᠷᠡᠭᠵᠢᠭᠦᠯᠦᠨ ᠡᠯ᠎ᠡ ᠵᠦᠶᠯ ᠤᠨ ᠠᠵᠢᠯᠯᠠᠭ᠎ᠠ ᠥᠷᠨᠢᠭᠦᠯᠵᠦ᠂ ᠴᠢᠩᠲᠠ | ᠭᠡᠮᠨᠡᠨ᠂ ᠠᠷᠪᠢᠯᠠᠨ ᠭᠠᠮᠨᠠᠬᠤ ᠬᠡᠷᠡᠭᠲᠡᠶ᠃ ᠲᠠᠪᠤ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠥᠪ | ᠤᠳᠤᠷᠢᠳᠤᠮᠵᠢ ᠶᠢ ᠴᠢᠩᠭ᠎ᠠ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠠᠢ᠃ ᠵᠢᠷᠭᠤᠭ᠎ᠠ ᠳᠤ᠂ ᠭᠠᠳᠠᠭᠠᠳᠤ ᠶᠢᠨ ᠪᠠ ᠰᠢᠶᠠᠩᠭᠠᠩ ᠣᠣᠮᠧᠨ ᠲᠠᠶᠢᠸᠠᠨ ᠣᠷᠣᠨ ᠤ ᠬᠥᠮᠦᠰ | ᠢ ᠤᠷᠢᠵᠤ ᠣᠯᠣᠰ ᠤᠨ ᠲᠤᠲᠤᠭᠠᠲᠤ ᠳᠤ ᠢᠷᠡᠭᠦᠯᠬᠦ ᠶᠠᠪᠤᠳᠠᠯ ᠳᠤ ᠬᠤᠯᠪᠣᠭᠳᠠᠪᠠᠯ᠂ ᠭᠠᠳᠠᠭᠠᠳᠤ ᠶᠠᠪᠤᠳᠠᠯ ᠤᠨ | ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠲᠤ ᠠᠰᠳᠠᠭᠠᠨ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠠᠢ᠃ ᠳᠣᠯᠤᠭ᠎ᠠ ᠳᠤ᠂ ᠥᠪᠡᠷᠲᠡᠭᠡᠨ ᠵᠠᠰᠠᠬᠤ ᠣᠷᠣᠨ ᠤ ᠤᠲᠤᠷᠢᠲᠤᠯᠭ᠎ᠠ ︵ᠠᠵᠢᠯ ᠠᠴᠠ | ᠪᠠᠨ ᠠᠮᠠᠷᠠᠭᠰᠠᠨ ᠤᠲᠤᠷᠢᠲᠤᠯᠭ᠎ᠠ ᠪᠠᠭᠲᠠᠨ᠎ᠠ︶ ᠢ ᠤᠷᠢᠵᠤ ᠣᠷᠣᠯᠴᠠᠭᠤᠯᠬᠤ ᠴᠢᠬᠤᠯᠠ ᠲᠠᠢ ᠪᠣᠯ ᠮᠡᠳᠡᠭᠦᠯᠦᠨ | ᠵᠥᠪᠰᠢᠶᠡᠷᠡᠭᠦᠯᠬᠦ ᠭᠠᠷᠳᠠᠮ ᠢ ᠴᠢᠩᠭ᠎ᠠ ᠭᠦᠶᠴᠡᠳᠬᠡᠬᠦ ᠬᠡᠷᠡᠭᠲᠡᠶ᠃ ᠨᠠᠶᠮᠠ ᠳᠤ᠂ ᠱᠠᠩᠨᠠᠯ ᠰᠢᠯᠭᠠᠷᠠᠭᠤᠯᠬᠤ ᠳᠤ | ᠬᠤᠯᠪᠣᠭᠳᠠᠪᠠᠯ᠂ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠦᠭᠦᠯᠬᠦ ᠰᠠᠶᠢᠰᠢᠶᠠᠨ ᠬᠥᠬᠢᠭᠦᠯᠬᠦ | ᠬᠠᠮᠢᠶᠠᠷᠤᠯᠲᠠ ᠶᠢᠨ ᠲᠣᠭᠲᠠᠭᠠᠯ ᠶᠤᠰᠤ ᠪᠠᠷ ᠮᠡᠳᠡᠭᠦᠯᠦᠨ ᠵᠥᠪᠰᠢᠶᠡᠷᠡᠭᠦᠯᠬᠦ ᠭᠠᠷᠲᠠᠮ ᠭᠦᠢᠴᠡᠳᠬᠡᠬᠦ ᠬᠡᠷᠡᠭᠲᠡᠶ᠃ | ᠶᠢᠰᠦ ᠳᠤ᠂ ᠭᠠᠯ ᠠᠴᠠ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠬᠢᠰᠬᠢᠯᠴᠡᠬᠦ ᠶᠢ ᠰᠡᠷᠭᠡᠶᠢᠯᠡᠬᠦ ᠵᠡᠷᠭᠡ ᠠᠮᠤᠷ | ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠵᠦ᠂ | ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠲᠠᠨ ᠤ ᠬᠤᠲᠠ ᠴᠣᠬᠤᠯᠠᠪᠤᠷᠢᠯᠠᠭᠰᠠᠨ ᠵᠦᠶᠯᠡᠰ ᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠠᠵᠢᠯᠯᠠᠭ᠎ᠠ ᠶᠢ | ᠵᠢᠷᠤᠮᠵᠢᠭᠤᠯᠵᠤ᠂ ᠠᠵᠢᠯᠯᠠᠭ᠎ᠠ ᠶᠢᠨ ᠭᠤᠤᠯ ᠴᠣᠭᠴᠠ᠂ ᠠᠭᠤᠯᠭ᠎ᠠ᠂ ᠲᠥᠷᠥᠯ ᠵᠦᠶᠯ ᠵᠡᠷᠭᠡ ᠶᠢ ᠳᠤᠷ᠎ᠠ ᠪᠠᠷ ᠢᠶᠠᠨ | ᠬᠤᠪᠢᠷᠠᠭᠤᠯᠬᠤ ᠶᠢ ᠡᠷᠡᠰ ᠴᠠᠭᠠᠵᠠᠯᠠᠨ᠎ᠠ᠃ ᠪᠤᠰᠤᠳ ᠳᠠᠭᠤᠰᠤᠭᠠᠳᠤᠶ ᠵᠦᠶᠯᠡᠰ ᠢ ᠴᠠᠭ ᠲᠤᠬᠠᠶ ᠳᠤ ᠨᠢ | ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠶᠯ ᠤᠨ ᠳᠤᠭᠤᠶᠢᠯᠠᠩ ᠲᠠᠢ ᠨᠡᠪᠲᠡᠷᠡᠯᠴᠡᠨ ᠵᠣᠬᠢᠴᠠᠭᠤᠯᠤᠭᠠᠷᠠᠶ᠃ | ᠡᠭᠦᠨ ᠤ ᠬᠠᠮᠲᠤ᠂ ᠲᠣᠰ ᠴᠣᠬᠤᠯᠠᠪᠤᠷᠢ ᠶᠢ ᠭᠥᠯᠢᠶᠡᠨ ᠠᠪᠤᠭᠰᠠᠨ 1 ᠰᠠᠷ᠎ᠠ ᠶᠢᠨ ᠳᠣᠲᠣᠷ᠎ᠠ᠂ ᠰᠠᠯᠠᠭ᠎ᠠ ᠮᠥᠴᠢᠷ | ᠤᠨ ᠰᠦᠯᠵᠢᠶᠡᠨ ᠥᠷᠲᠡᠭᠡ ᠪᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ | ᠬᠡᠷᠡᠭᠲᠡᠶ ᠃ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ | ᠤ ᠪᠠᠶᠠᠷ ᠲᠤᠷᠠᠰᠬᠠᠯ ᠤᠨ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ︵ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ︶ ᠳᠤ ᠠᠵᠢᠯᠯᠠᠭ᠎ᠠ ᠶᠢᠨ ᠳ᠋ᠦᠩᠨᠡᠯᠲᠡ ᠪᠠᠨ | ᠮᠡᠳᠡᠭᠦᠯᠬᠦ ᠬᠡᠷᠡᠭᠲᠠᠢ ᠃ | ᠲᠤᠰᠬᠠᠢ ᠴᠣᠬᠤᠯᠠᠪᠤᠷᠢ | ᠥᠪᠡᠷᠲᠡᠭᠡᠨ ᠵᠠᠰᠠᠬᠤ ᠣᠷᠣᠨ ᠤ ᠪᠠᠶᠠᠷ ᠲᠤᠷᠠᠰᠬᠠᠯ ᠤᠨ ᠶᠣᠰᠣᠯᠠᠯ ᠢ | ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ | 2020 ᠣᠨ ᠤ 9 ᠳ᠋ᠦ᠋ᠭᠡᠷ ᠰᠠᠷ᠎ᠠ ᠶᠢᠨ 4 ᠤ ᠡᠳᠦᠷ | | | | |