ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠥᠬᠦ ᠣᠷᠣᠨ ᠤ ᠭᠤᠷᠪᠠᠳᠤᠭᠠᠷ ᠬᠤᠭᠤᠴᠠᠭᠠᠨ ᠤ ︽ᠤᠯᠠᠨ ᠲᠥᠮᠡᠨ ᠤ ᠤᠷᠠᠯᠢᠭ ᠤᠨ ᠤᠳᠤᠨ︾ ᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2020/12/25
ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠄      ᠶᠡᠷᠦᠩᠬᠡᠶ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠨ ᠤ ᠣᠷᠣᠨ ᠤ ᠣᠯᠠᠨ ᠲᠦᠮᠡᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠣᠯᠠᠨ ᠲᠦᠮᠡᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2020 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠡᠯ᠎ᠡ ᠭᠠᠵᠠᠷ ᠤᠨ ᠤᠷᠤᠯᠳᠤᠭᠠᠨ ᠳᠤ  ᠤᠷᠤᠯᠴᠠᠬᠤ ᠪᠦᠲᠦᠭᠡᠯ ᠢᠶᠠᠨ ᠮᠡᠳᠡᠬᠦᠯᠦᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠥᠬᠡᠬᠤᠲᠠ ᠳᠤ ᠪᠥᠬᠦ ᠣᠷᠣᠨ ᠤ ᠭᠤᠷᠪᠠᠳᠤᠭᠠᠷ ᠬᠤᠭᠤᠴᠠᠭᠠᠨ ᠤ ︽ᠣᠯᠠᠨ ᠲᠥᠮᠡᠨ ᠤ ᠤᠷᠠᠯᠢᠭ ᠤᠨ ᠤᠳᠤᠨ︾ ᠫᠷᠤᠭ᠍ᠷᠠᠮ ᠢ ᠲᠥᠪᠯᠡᠷᠡᠭᠦᠯᠦᠨ ᠰᠢᠯᠭᠠᠷᠠᠭᠤᠯᠬᠤ ᠠᠵᠢᠯᠯᠠᠭ᠎ᠠ ᠡᠷᠭᠢᠯᠡᠪᠡ᠃ ᠬᠢᠨᠠᠨ ᠲᠤᠭᠲᠠᠭᠠᠯᠲᠠ ᠪᠠ ᠢᠯᠡ ᠨᠡᠶᠢᠲᠡᠯᠡᠯ  ᠢᠶᠠᠷ ᠳᠡᠮᠵᠢᠨ᠂ ᠳᠠᠭᠤᠤ ᠬᠥᠭᠵᠢᠮ᠂ ᠪᠥᠵᠢᠭ᠂ ᠰᠢ ᠵᠦᠴᠦᠭᠡ᠂ ᠳᠠᠭᠤᠷᠢᠯᠢᠭ ᠵᠡᠷᠭᠡ ᠳᠥᠷᠪᠡᠨ ᠲᠥᠷᠥᠯ ᠤᠨ ︽ᠤᠯᠠᠨ ᠲᠥᠮᠡᠨ ᠤ ᠤᠷᠠᠯᠢᠭ ᠤᠨ ᠤᠳᠤᠨ︾  ᠤ ᠱᠠᠩᠨᠠᠯ ᠭᠥᠷᠳᠡᠭᠰᠡᠨ ᠪᠦᠲᠦᠭᠡᠯ  10᠂ ᠰᠢᠯᠭᠠᠭᠤᠯᠢ ᠳᠤ ᠤᠷᠤᠭᠰᠠᠨ ᠪᠥᠲᠥᠭᠡᠯ 10 ᠪᠣᠶ ᠪᠤᠯᠪᠠ᠃ ᠣᠲᠣ ᠡᠳᠡᠭᠡᠷ ᠪᠦᠲᠦᠭᠡᠯ ᠢ ᠨᠡᠶᠢᠲᠡᠯᠡᠶ᠎ᠡ᠃      ᠡᠯ᠎ᠡ ᠭᠠᠵᠠᠷ ᠤᠨ ᠬᠢᠨ ᠤᠯᠠᠨ ᠲᠦᠮᠡᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠠ ᠰᠢᠨ᠎ᠡ ᠶᠢ ᠡᠭᠦᠳᠦᠨ ᠬᠥᠭᠵᠢᠬᠦ ᠶᠢ ᠶᠡᠭᠡ ᠪᠠᠷ ᠲᠡᠳᠬᠦᠨ ᠳᠡᠮᠵᠢᠵᠦ᠂ ᠤᠯᠠᠨ ᠲᠦᠮᠡᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠠᠯᠳᠠ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠵᠦ᠂  ᠤᠯᠠᠨ ᠲᠦᠮᠡᠨ ᠤ ᠤᠳᠬ᠎ᠠ ᠤᠷᠠᠯᠢᠭ ᠤᠨ ᠨᠡᠩ ᠤᠯᠠᠨ ᠰᠢᠯᠢᠳᠡᠭ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ︔ ᠱᠠᠩᠨᠠᠯ ᠣᠯᠤᠭᠰᠠᠨ ᠪᠦᠲᠦᠭᠡᠯ ᠢ ᠵᠣᠬᠢᠶᠠᠨ ᠪᠠᠶᠢᠭᠤᠯᠵᠤ ᠶᠠᠳᠠᠭᠤ ᠬᠦᠴᠢᠷᠳᠡᠯᠲᠡᠶ ᠭᠠᠵᠠᠷ ᠣᠷᠣᠨ᠂ ᠦᠨᠳᠦᠰᠦᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠲᠣᠭᠯᠠᠯᠲᠠ  ᠭᠠᠷᠭᠠᠵᠤ᠂ ᠣᠯᠠᠨ ᠨᠡᠶᠢᠲᠡ  ᠶᠢᠨ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠬᠡᠷᠡᠭᠲᠡᠢ᠃ᠣᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄        1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ︽ᠤᠯᠠᠨ ᠲᠥᠮᠡᠨ ᠤ ᠤᠷᠠᠯᠢᠭ ᠤᠨ ᠤᠳᠤᠨ︾   ᠤ ᠱᠠᠩᠨᠠᠯ ᠣᠯᠤᠭᠰᠠᠨ ᠪᠦᠲᠦᠭᠡᠯ ᠤᠨ ᠨᠡᠷᠡᠰ      2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ︽ᠤᠯᠠᠨ ᠲᠥᠮᠡᠨ  ᠤ ᠤᠷᠠᠯᠢᠭ  ᠤᠨ ᠤᠳᠤᠨ︾   ᠤ ᠰᠢᠯᠭᠠᠭᠤᠯᠢ ᠳᠤ ᠤᠷᠤᠭᠰᠠᠨ ᠪᠦᠲᠦᠭᠡᠯ ᠤᠨ ᠨᠡᠷᠡᠰ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号