ᠪᠠᠶᠠᠨᠨᠠᠭᠤᠷ ᠬᠤᠲᠠ ᠶᠢᠨ ︽ᠲᠩᠷᠢ ᠶᠢᠨ ᠬᠡᠰᠢᠭᠲᠦ ᠪᠣᠷᠣᠲᠣᠬᠤᠶ︾ 2020 ᠣᠨ ᠤ ᠠᠷᠪᠠᠨ ᠳᠣᠯᠣᠳᠤᠭᠠᠷ ᠬᠤᠭᠤᠴᠠᠭᠠᠨ ᠤ ᠪᠣᠷᠣᠲᠣᠬᠤᠶ ᠶᠢᠨ ᠰᠣᠶᠣᠯ ᠤᠷᠠᠯᠢᠭ ᠤᠨ ᠨᠠᠶᠢᠷ ᠵᠢᠴᠢ ᠪᠥᠬᠦ ᠬᠤᠲᠠ ᠶᠢᠨ ᠭᠤᠷᠪᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠡᠷᠭᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2020/12/25
ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠤᠲᠠ ᠶᠢᠨ ᠬᠤᠷᠢᠶ᠎ᠠ᠄      ︽︿ᠲᠩᠷᠢ ᠶᠢᠨ ᠬᠡᠰᠢᠭᠲᠦ ᠪᠣᠷᠣᠲᠣᠬᠤᠶ﹀ 2020 ᠣᠨ ᠤ ᠠᠷᠪᠠᠨ ᠳᠣᠯᠣᠳᠤᠭᠠᠷ ᠬᠤᠭᠤᠴᠠᠭᠠᠨ ᠤ ᠪᠣᠷᠣᠲᠣᠬᠤᠶ ᠶᠢᠨ ᠰᠣᠶᠣᠯ ᠤᠷᠠᠯᠢᠭ ᠤᠨ ᠨᠠᠶᠢᠷ ᠵᠢᠴᠢ ᠪᠥᠬᠦ ᠬᠤᠲᠠ ᠶᠢᠨ ᠭᠤᠷᠪᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠢ ᠡᠷᠭᠢᠯᠡᠬᠦ ᠲᠤᠬᠠᠶ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠪᠤᠷᠢ︾ ︵ᠪᠠᠶᠠᠨᠨᠠᠭᠤᠷ ᠬᠤᠲᠠ ᠶᠢᠨ ᠨᠠᠮ ᠤᠨ ᠰᠣᠨᠢᠨ ﹇2020﹈ 35 ᠳ᠋ᠤᠭᠠᠷ ᠲᠣᠭᠠᠲᠤ︶ ᠶᠢ ᠣᠶᠢᠯᠠᠭᠠᠪᠠ᠃ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠪᠠᠭᠤᠯᠭᠠᠭᠰᠠᠨ ﹇2012﹈ 18 ᠳ᠋ᠤᠭᠠᠷ ᠲᠣᠭᠠᠲᠤ︶᠂ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ᠪᠥᠬᠦ ᠤᠯᠤᠰ ᠤᠨ ᠪᠠᠶᠠᠷ ᠤᠨ ᠶᠣᠰᠣᠯᠠᠯ ᠰᠤᠳᠤᠯᠤᠨ ᠶᠠᠷᠢᠯᠴᠠᠬᠤ ᠬᠤᠷᠠᠯ ᠶᠠᠷᠢᠯᠴᠠᠭᠠᠨ ᠤ ᠲᠠᠪᠴᠠᠩ ᠤᠨ ᠠᠵᠢᠯᠯᠠᠭ᠎ᠠ ᠶᠢ ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠭᠤᠯᠭᠠᠭᠰᠠᠨ ﹇2019﹈ 1 ᠳ᠋ᠦ᠋ᠭᠡᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠠᠶᠠᠷ ᠳᠤᠷᠠᠰᠬᠠᠯ ᠤᠨ ᠡᠳᠦᠷ᠂ ᠶᠠᠷᠢᠶᠠᠨ ᠤ ᠲᠠᠪᠴᠠᠩ᠂ ᠦᠵᠡᠰᠬᠦᠯᠡᠩ ᠴᠤᠭᠯᠠᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ︾᠂ ︽ᠪᠠᠶᠠᠷ ᠳᠤᠷᠠᠰᠬᠠᠯ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠮᠤᠩᠭᠤᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠵᠢᠷᠤᠮᠵᠢᠭᠤᠯᠬᠤ ᠳᠤᠭᠤᠶᠢᠯᠠᠩ ᠥᠰᠥᠭ ﹇2020﹈ 2 ᠳ᠋ᠤᠭᠠᠷ ᠲᠣᠭᠠᠲᠤ︶ ᠵᠡᠷᠭᠡ ᠲᠥᠪ ᠬᠤᠷᠢᠶ᠎ᠠ  ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠪᠠᠶᠠᠷ ᠤᠨ ᠶᠣᠰᠣᠯᠠᠯ ᠤᠨ ᠠᠵᠢᠯ ᠢ ᠵᠢᠷᠤᠮᠵᠢᠭᠤᠯᠬᠤ ᠲᠤᠰᠬᠠᠶ ᠳᠤᠭᠤᠶᠢᠯᠠᠩ ᠤᠨ ᠠᠩᠬᠠᠨ ᠤ ᠬᠢᠨᠠᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠢᠷᠤᠮᠵᠢᠭᠤᠯᠤᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠵᠦ ᠬᠥᠬᠢᠭᠦᠯᠦᠨ ᠰᠠᠶᠢᠰᠢᠶᠠᠬᠤ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠦᠵᠡᠰᠬᠦᠯᠡᠩ ᠤᠨ ᠴᠤᠭᠯᠠᠭᠠᠨ ᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠤᠨ ᠤ ᠨᠢᠭᠡᠳᠦᠭᠡᠷ ᠤᠳᠠᠭᠠᠨ ᠤ ᠬᠤᠷᠠᠯ ᠳᠤ ᠮᠡᠳᠡᠭᠦᠯᠦᠨ ᠰᠤᠳᠤᠯᠤᠭᠤᠯᠬᠤ ᠶᠢᠨ ᠬᠠᠮᠲᠤ ᠤᠳᠤᠷᠢᠳᠬᠤ ᠳᠤᠭᠤᠶᠢᠯᠠᠩ ᠢᠶᠠᠷ ᠬᠢᠨᠠᠨ ᠬᠠᠷᠭᠤᠭᠤᠯᠵᠤ ᠵᠦᠪᠰᠢᠶᠡᠷᠡᠭᠦᠯᠪᠡ᠂ ᠣᠲᠣ ᠲᠠᠨ ᠤ ᠬᠤᠲᠠ ᠶᠢᠨ ᠡᠷᠬᠢᠯᠡᠬᠦ ᠪᠠᠷ ᠪᠠᠶᠢᠭ᠎ᠠ ︽ᠲᠩᠷᠢ ᠶᠢᠨ ᠬᠡᠰᠢᠭᠲᠦ ᠪᠣᠷᠣᠲᠣᠬᠤᠶ︾ 2020 ᠣᠨ ᠤ ᠠᠷᠪᠠᠨ ᠳᠣᠯᠣᠳᠤᠭᠠᠷ ᠬᠤᠭᠤᠴᠠᠭᠠᠨ ᠤ ᠪᠣᠷᠣᠲᠣᠬᠤᠶ ᠶᠢᠨ ᠰᠣᠶᠣᠯ ᠤᠷᠠᠯᠢᠭ ᠤᠨ ᠨᠠᠶᠢᠷ ᠵᠢᠴᠢ ᠪᠥᠬᠦ ᠬᠤᠲᠠ ᠶᠢᠨ ᠭᠤᠷᠪᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠡᠷᠬᠢᠯᠡᠬᠦ ᠶᠢ ᠵᠦᠪᠰᠢᠶᠡᠷᠡᠪᠡ᠃      ᠡᠭᠦᠨ ᠤ ᠬᠠᠮᠲᠤ᠂ ᠳᠣᠤᠷᠠᠬᠢ ᠱᠠᠭᠠᠷᠳᠠᠯᠭ᠎ᠠ ᠶᠢ ᠳᠤᠷᠠᠳᠪᠠ᠄ ᠨᠢᠭᠡ ᠳᠤ᠂ ᠣᠳᠣᠬᠠᠨ ᠤ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ᠂ ᠬᠢᠯᠢ ᠶᠢᠨ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠬᠤ ᠪᠠᠶᠢᠳᠠᠯ ᠲᠤᠤᠷ᠎ᠠ ᠲᠣᠭᠲᠠᠭᠰᠠᠨ ᠬᠤᠭᠤᠴᠠᠭᠠᠨ ᠳᠤ ᠶᠠᠪᠤᠭᠳᠠᠵᠤ ᠴᠢᠳᠠᠬᠤ ᠡᠰᠡᠬᠦ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠤᠨ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠤᠨ ᠪᠠᠶᠢᠳᠠᠯ ᠳᠣᠤᠷ᠎ᠠ ᠲᠣᠭᠲᠠᠭᠠᠬᠤ ᠬᠡᠷᠡᠭᠲᠡᠶ᠃ ᠬᠤᠶᠠᠷ ᠲᠤ᠂ ︽ᠬᠡᠨ ᠳᠡᠪᠰᠢᠭᠦᠯᠪᠡᠯ ᠬᠡᠨ ᠬᠠᠷᠢᠭᠤᠴᠠᠬᠤ︾᠂ ︽ᠬᠡᠨ ᠭᠤᠤᠯᠯᠠᠨ ᠡᠷᠬᠢᠯᠡᠪᠡᠯ ᠬᠡᠨ ᠬᠠᠷᠢᠭᠤᠴᠠᠬᠤ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠬᠠᠷᠢᠭᠤᠴᠠᠯᠭ᠎ᠠ ᠶᠢ ᠲᠤᠬᠠᠢ ᠶᠢᠨ ᠬᠥᠮᠦᠨ ᠳᠤ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯᠯᠠᠭ᠎ᠠ  ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠲᠥᠪ ᠤᠨ ᠨᠠᠶᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠬᠦᠷ ᠲᠣᠭᠲᠠᠭᠠᠯ ᠢ ᠴᠢᠩᠭ᠎ᠠ ᠬᠡᠷᠡᠭᠵᠢᠭᠦᠯᠦᠨ ᠡᠯ᠎ᠡ ᠵᠦᠶᠯ ᠤᠨ ᠠᠵᠢᠯᠯᠠᠭ᠎ᠠ ᠥᠷᠨᠢᠭᠦᠯᠵᠦ᠂ ᠰᠠᠶᠢᠲᠤᠷ ᠭᠠᠮᠨᠠᠨ ᠠᠷᠪᠢᠯᠠᠵᠤ ᠂ ᠪᠠᠶᠠᠷ ᠳᠤᠷᠠᠰᠬᠠᠯ ᠢ ᠬᠢᠬᠦ ᠳᠤ ᠠᠷᠪᠢᠯᠠᠨ ᠭᠠᠮᠨᠠᠬᠤ ᠬᠡᠷᠡᠭᠲᠡᠶ᠃ ᠲᠦᠷᠪᠡ ᠳᠤ᠂ ᠦᠵᠡᠯ ᠤᠬᠠᠮᠰᠠᠷ ᠤᠨ ᠬᠡᠯᠪᠡᠷᠢ  ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ  ᠶᠢᠨ ᠵᠥᠪ ᠤᠳᠤᠷᠢᠳᠤᠮᠵᠢ ᠶᠢ ᠴᠢᠩᠭ᠎ᠠ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠠᠪᠤ ᠳᠤ᠂ ᠭᠠᠳᠠᠭᠠᠳᠤ ᠶᠢᠨ ᠪᠠ ᠰᠢᠶᠠᠩᠭᠠᠩ ᠣᠣᠮᠧᠨ ᠲᠠᠶᠢᠸᠠᠨ ᠣᠷᠣᠨ ᠤ ᠬᠥᠮᠦᠰ ᠢ ᠤᠷᠢᠵᠤ ᠳᠤᠮᠳᠠᠳᠤ ᠤᠯᠤᠰ ᠲᠤ ᠢᠷᠡᠭᠦᠯᠬᠦ ᠶᠠᠪᠤᠳᠠᠯ ᠳᠤ ᠬᠤᠯᠪᠣᠭᠳᠠᠪᠠᠯ᠂ ᠭᠠᠳᠠᠭᠠᠳᠤ ᠶᠠᠪᠤᠳᠠᠯ ᠤᠨ ᠬᠠᠮᠢᠶᠠᠷᠤᠯᠲᠠ  ᠶᠢᠨ ᠲᠣᠭᠲᠠᠭᠠᠯ ᠶᠣᠰᠣᠭᠠᠷ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠲᠤ ᠠᠰ ᠲᠤ ᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠵᠢᠷᠭᠤᠭ᠎ᠠ ᠳᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ︵ᠠᠵᠢᠯ ᠠᠴᠠ  ᠪᠠᠨ ᠠᠮᠠᠷᠠᠭᠰᠠᠨ ᠪᠠᠭᠤᠭᠰᠠᠨ ᠤᠳᠤᠷᠢᠳᠤᠯᠭ᠎ᠠ ᠪᠠᠭᠲᠠᠨ᠎ᠠ︶ ᠶᠢ ᠤᠷᠢᠵᠤ ᠣᠷᠣᠯᠴᠠᠭᠤᠯᠬᠤ ᠴᠢᠬᠤᠯᠠ ᠲᠠᠢ ᠪᠣᠯ ᠮᠡᠳᠡᠭᠦᠯᠵᠦ ᠵᠥᠪᠰᠢᠶᠡᠷᠡᠭᠦᠯᠬᠦ ᠭᠠᠷᠳᠠᠮ ᠢ ᠴᠢᠩᠭ᠎ᠠ ᠭᠦᠢᠴᠡᠳᠬᠡᠬᠦ ᠬᠡᠷᠡᠭᠲᠡᠢ᠃ ᠳᠣᠯᠤᠭ᠎ᠠ ᠳᠤ᠂ ᠱᠠᠩᠨᠠᠯ ᠰᠢᠯᠭᠠᠷᠠᠭᠤᠯᠬᠤ ᠳᠤ ᠬᠤᠯᠪᠣᠭᠳᠠᠪᠠᠯ᠂ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠦᠭᠦᠯᠬᠦ ᠰᠠᠶᠢᠰᠢᠶᠠᠨ ᠬᠥᠬᠢᠭᠦᠯᠬᠦ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠃ ᠨᠠᠶᠮᠠ ᠳᠤ᠂ ᠭᠠᠯ ᠢ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠲᠡ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃      ᠲᠠᠨ ᠤ ᠬᠤᠲᠠ ᠴᠣᠬᠤᠯᠠᠪᠤᠷᠢᠯᠠᠭᠰᠠᠨ ᠵᠦᠶᠯᠡᠰ ᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠠᠵᠢᠯᠯᠠᠭ᠎ᠠ ᠶᠢ ᠵᠢᠷᠤᠮᠵᠢᠭᠤᠯᠵᠤ᠂ ᠠᠵᠢᠯᠯᠠᠭ᠎ᠠ ᠶᠢᠨ ᠭᠤᠤᠯ ᠴᠣᠭᠴᠠ᠂ ᠠᠭᠤᠯᠭ᠎ᠠ᠂ ᠲᠥᠷᠥᠯ ᠵᠦᠶᠯ ᠵᠡᠷᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠬᠤᠷᠢᠭᠯᠠᠨ᠎ᠠ᠃ ᠪᠤᠰᠤᠳ ᠳᠠᠭᠤᠰᠤᠭᠠᠳᠤᠶ ᠵᠦᠶᠯᠡᠰ ᠢ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠶᠯ ᠤᠨ ᠳᠤᠭᠤᠶᠢᠯᠠᠩ ᠲᠠᠢ ᠨᠡᠪᠲᠡᠷᠡᠯᠴᠡᠨ ᠵᠣᠬᠢᠴᠠᠭᠤᠯᠤᠭᠠᠷᠠᠶ᠃ ᠡᠭᠦᠨ ᠤ ᠬᠠᠮᠲᠤ᠂ ᠲᠣᠰ ᠴᠣᠬᠤᠯᠠᠪᠤᠷᠢ ᠶᠢ ᠭᠥᠯᠢᠶᠡᠨ ᠠᠪᠤᠭᠰᠠᠨ 1 ᠰᠠᠷ᠎ᠠ ᠶᠢᠨ ᠳᠣᠲᠣᠷ᠎ᠠ᠂ ᠰᠠᠯᠠᠭ᠎ᠠ ᠮᠥᠴᠢᠷ  ᠤᠨ ᠠᠯᠪᠠᠨ  ᠰᠦᠯᠵᠢᠶ᠎ᠡ ᠪᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ ᠃ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠪᠠᠶᠠᠷ ᠤᠨ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ︶ ᠳᠤ  ᠠᠵᠢᠯᠯᠠᠭ᠎ᠠ ᠶᠢᠨ ᠳ᠋ᠦᠩᠨᠡᠯᠲᠡ ᠪᠠᠨ ᠮᠡᠳᠡᠭᠦᠯᠬᠦ ᠬᠡᠷᠡᠭᠲᠡᠢ᠃      ᠲᠤᠰᠬᠠᠢ ᠴᠣᠬᠤᠯᠠᠪᠤᠷᠢ                                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠣᠰᠣᠯᠠᠯ ᠢ                 ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ                        2020 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号