ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ2020 ᠣᠨ ᠤ ᠬᠡᠷᠡᠭ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/29
     ᠰᠣᠶᠣᠯ ᠤᠨ ᠣᠷᠳᠣᠨ ᠤ ᠬᠡᠷᠡᠭ ᠡᠷᠬᠢᠯᠡᠭᠴᠢᠳ ᠤᠨ ᠬᠤᠷᠠᠯ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠲᠤᠰᠠᠲᠠ᠂ 12 ᠳ᠋ᠤᠭᠠᠷ ᠰᠠᠷ᠎ᠠ ᠶᠢᠨ 25   ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ 2020 ᠣᠨ ᠤ ᠬᠡᠷᠡᠭ ᠡᠷᠬᠢᠯᠡᠭᠴᠢᠳ ᠤᠨ ᠬᠤᠷᠠᠯ ᠤᠨ ᠪᠥᠬᠦᠳᠡ ᠬᠤᠷᠠᠯ ᠢ ᠬᠤᠷᠠᠯᠳᠤᠭᠤᠯᠪᠠ᠃  ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠶᠢᠩ ᠺᠠᠶ ᠬᠤᠷᠠᠯ ᠢ ᠡᠷᠭᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠳᠠᠷᠤᠭ᠎ᠠ ᠹᠦ᠋ ᠶᠦᠩ ᠵᠢᠶᠦ᠋ᠨ ᠠᠵᠢᠯ ᠦᠶᠯᠡᠰ ᠤᠨ ᠨᠢᠭᠡᠴᠢ ᠶᠢᠨ ᠥᠭᠡᠷᠡᠴᠢᠯᠡᠯᠲᠡ ᠶᠢᠨ ᠲᠥᠰᠦᠯ᠂ ᠠᠵᠢᠯᠲᠠᠨ ᠤ ᠠᠵᠢᠯ ᠤᠨ ᠦᠷ᠎ᠡ ᠪᠦᠲᠦᠮᠵᠢ ᠶᠢᠨ ᠴᠠᠯᠢᠩ ᠢ ᠤᠯᠭᠤᠭᠰᠠᠨ᠂ 2020 ᠣᠨ ᠤ ᠠᠵᠢᠯ ᠤᠨ ᠳ᠋ᠦᠩᠨᠡᠯᠲᠡ᠂ 2021 ᠣᠨ ᠤ ᠠᠵᠢᠯ ᠤᠨ ᠲᠥᠯᠥᠪᠯᠡᠭᠡ ᠶᠢᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃
     ᠬᠡᠷᠡᠭ ᠡᠷᠬᠢᠯᠡᠭᠴᠢᠳ ᠡᠯ᠎ᠡ ᠵᠦᠶᠯ ᠤᠨ ᠵᠥᠪᠯᠡᠬᠦ ᠰᠡᠳᠦᠪ ᠢ ᠨᠠᠷᠢᠨ ᠬᠢᠨᠠᠮᠠᠭᠠᠶ ᠰᠤᠳᠤᠯᠤᠨ ᠶᠠᠷᠢᠯᠴᠠᠵᠤ᠂ ᠰᠣᠶᠣᠯ ᠤᠨ ᠣᠷᠳᠣᠨ ᠤ 2020 ᠣᠨ ᠤ ᠠᠵᠢᠯ ᠢ ᠭᠦᠶᠴᠡᠳ ᠨᠤᠲᠠᠯᠠᠵᠤ᠂ ᠤᠨᠴᠠᠭᠠᠶᠢᠯᠠᠨ ᠥᠪᠥᠷ ᠮᠣᠩᠭᠤᠯ  ᠤᠨ ᠰᠣᠶᠣᠯ ᠤᠨ ᠣᠷᠳᠣᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ  ︽ᠰᠤᠶᠤᠯ ᠤᠨ ᠡᠭᠦᠯᠨ︾ ᠲᠠᠪᠴᠠᠩ  ᠢ ᠠᠰᠢᠭᠯᠠᠨ ᠥᠷᠨᠢᠭᠦᠯᠦᠭᠰᠡᠨ ᠡᠯ᠎ᠡ ᠵᠦᠶᠯ ᠤᠨ ᠰᠦᠯᠵᠢᠶᠡᠨ ᠳᠡᠭᠡᠷᠡᠬᠢ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠦᠨᠲᠦᠷ ᠢᠶᠠᠷ ᠦᠨᠡᠯᠡᠨ᠂ ᠡᠲᠡᠭᠡᠷ ᠠᠵᠢᠯᠯᠠᠭ᠎ᠠ ᠨᠢ ᠠᠷᠠᠳ ᠣᠯᠠᠨ ᠤ ᠬᠢᠵᠢᠭ ᠤᠨ ᠬᠤᠭᠤᠴᠠᠭᠠᠨ ᠳᠤ  ᠬᠢ ᠣᠶᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠠᠷᠠᠳ ᠣᠯᠠᠨ ᠤ ᠪᠦᠯᠬᠦᠮᠳᠡᠨ ᠨᠢᠭᠡᠳᠴᠦ ᠬᠢᠵᠢᠭ ᠢ ᠢᠯᠠᠬᠤ ᠢᠲᠡᠭᠡᠯ ᠵᠣᠷᠢᠭ ᠢ ᠶᠡᠬᠡᠲᠡ ᠬᠦᠪᠴᠢᠯᠡᠵᠦ᠂ ᠬᠢᠵᠢᠭ ᠲᠠᠢ ᠲᠡᠮᠡᠴᠡᠬᠦ ᠯᠤᠲᠤ ᠶᠡᠭᠡ ᠬᠦᠴᠦᠨ ᠢ ᠨᠢᠭᠲᠠᠷᠠᠭᠤᠯᠪᠠ ᠭᠡᠵᠦ ᠢᠯᠡᠷᠬᠡᠶᠢᠯᠡᠪᠡ᠃ ᠳᠠᠷᠠᠭ᠎ᠠ ᠨᠢ᠂ ᠣᠯᠠᠨ ᠲᠦᠮᠡᠨ ᠤ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ᠂  ︽ ᠵᠠᠭᠤᠨ ᠣᠷᠳᠣᠨ ᠮᠢᠩᠭᠠᠨ ᠥᠷᠲᠡᠭᠡ︾   ᠶᠢᠨ ᠴᠢᠳᠠᠪᠤᠷᠢᠲᠠᠨ  ᠢ ᠬᠥᠮᠦᠵᠢᠭᠦᠯᠬᠦ᠂  ᠦᠨᠲᠦᠰᠦᠨ ᠣᠨᠣᠯ ᠤᠨ ᠰᠤᠳᠤᠯᠭᠠᠨ᠂ ᠲᠣᠭᠠᠴᠢᠯᠠᠭᠰᠠᠨ ᠰᠣᠶᠣᠯ ᠤᠨ ᠦᠶᠯᠡᠴᠢᠯᠡᠭᠡ ᠵᠡᠷᠭᠡ  ᠶᠢᠨ ᠲᠣᠭᠤᠷᠢᠨ ᠳᠤ ᠶᠠᠷᠢᠯᠴᠠᠪᠠ  ᠃
    ᠬᠡᠷᠡᠭ ᠡᠷᠬᠢᠯᠡᠭᠴᠢᠳ ᠤᠨ ᠬᠤᠷᠠᠯ ᠠᠴᠠ 2021 ᠣᠨ ᠤ ᠠᠵᠢᠯ ᠵᠢᠴᠢ ᠬᠤᠶᠢᠰᠢᠳᠠ ᠶᠢᠨ ᠤᠯᠠᠨ ᠲᠦᠮᠡᠨ  ᠤ ᠰᠣᠶᠣᠯ ᠤᠨ ᠬᠥᠭᠵᠢᠯᠲᠡ ᠶᠢᠨ ᠴᠢᠭᠯᠡᠯ ᠳᠤ ᠡᠷᠬᠢᠮ ᠨᠠᠨᠳᠢᠨ ᠰᠠᠨᠠᠭᠤᠯᠤᠮᠵᠢ ᠳᠤᠷᠠᠳᠪᠠ᠃ ᠨᠢᠭᠡ ᠳᠤ᠂ 2021 ᠣᠨ ᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠲᠣᠭᠤᠷᠢᠨ ᠳᠤ ᠣᠯᠠᠨ ᠬᠡᠯᠪᠡᠷᠢ ᠶᠢᠨ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠬᠤᠶᠠᠷ ᠲᠤ᠂ ᠪᠦᠬᠦ ᠣᠷᠣᠨ ᠤ ᠣᠯᠠᠨ ᠲᠦᠮᠡᠨ  ᠤ ᠰᠣᠶᠣᠯ ᠤᠨ ᠠᠵᠢᠯᠯᠠᠭ᠎ᠠ ᠶᠢᠨ ᠲᠦᠷᠦᠯ ᠲᠡᠮᠳᠡᠭ ᠢ ᠤᠯᠠᠮ ᠨᠢᠭᠡ ᠠᠯᠬᠤᠮ ᠴᠤᠭᠴᠠᠯᠠᠨ᠂ ᠶᠠᠰᠤ ᠴᠢᠨᠠᠷ ᠢ ᠨᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠣᠨᠴᠠᠯᠢᠭ ᠢ ᠨᠢ ᠲᠣᠪᠣᠶᠢᠯᠭᠠᠵᠤ᠂ ᠵᠢᠱᠢᠶᠡᠴᠢ ᠦᠢᠯᠡᠳᠦᠯ ᠢ ᠨᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠨᠡᠶᠢᠭᠡᠮᠴᠢᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠤᠯᠠᠨ ᠲᠦᠮᠡᠨ ᠤ ᠰᠣᠶᠣᠯ ᠤᠨ ᠨᠥᠯᠥᠭᠡᠯᠡᠬᠦ ᠬᠦᠴᠦᠨ ᠢ ᠦᠷᠭᠡᠳᠬᠡᠬᠦ ᠬᠡᠷᠡᠭᠲᠠᠢ᠃ ᠲᠦᠷᠪᠡ ᠳᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠤᠯᠠᠨ ᠨᠡᠶᠢᠲᠡ ᠶᠢᠨ ᠰᠣᠶᠣᠯ ᠤᠨ ᠴᠢᠳᠠᠪᠤᠷᠢᠲᠠᠨ ᠤ ᠲᠤᠲᠠᠭᠤᠳᠠᠯ ᠢ ᠨᠥᠬᠦᠪᠥᠷᠢᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠵᠢᠯᠳᠠᠨ ᠪᠠ ᠰᠣᠶᠣᠯ ᠤᠨ ᠰᠠᠶᠢᠨ ᠲᠤᠷᠠᠴᠣᠳ ᠤᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠲᠠᠪᠤ  ᠳᠤ᠂ ᠡᠯ᠎ᠡ ᠲᠦᠷᠦᠯ ᠤᠨ ᠤᠯᠠᠨ ᠲᠦᠮᠡᠨ ᠤ ᠰᠣᠶᠣᠯ ᠤᠨ ᠴᠢᠳᠠᠪᠤᠷᠢᠲᠠᠨ ᠢ ᠬᠦᠮᠦᠵᠢᠭᠦᠯᠦᠨ᠂ ᠴᠢᠳᠠᠪᠤᠷᠢᠲᠠᠨ ᠤ ᠬᠥᠮᠥᠷᠭᠡ ᠪᠠᠶᠢᠭᠤᠯᠬᠤ ᠬᠡᠷᠡᠭᠲᠠᠢ᠃ ᠵᠢᠷᠭᠤᠭ᠎ᠠ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠬᠠᠮᠰᠠᠷ ᠢ ᠪᠠᠷᠢᠮᠲᠠᠯᠠᠵᠤ᠂ ᠨᠠᠮ ᠤᠨ ᠭᠡᠰᠢᠭᠦᠨ ᠤ ᠤᠯᠠᠨ ᠲᠦᠮᠡᠨ ᠤ ᠰᠣᠶᠣᠯ ᠤᠨ ᠡᠩᠨᠡᠭᠡᠨ ᠳᠤ ᠬᠢ ᠬᠤᠰᠢᠭᠤᠴᠢ ᠲᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯ ᠬᠦᠭ ᠠᠶᠠᠰ ᠢ ᠪᠠᠲᠠᠷᠠᠭᠤᠯᠵᠤ᠂ ᠢᠳᠡᠪᠬᠢ ᠬᠦᠴᠦᠨ ᠢ ᠬᠥᠭᠵᠢᠭᠡᠬᠦ ᠬᠡᠷᠡᠭᠲᠡᠢ᠃      ᠬᠤᠷᠠᠯ ᠠᠴᠠ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠬᠦᠨ ᠢ ᠨᠡᠮᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠳᠡᠳ᠋ ᠳᠠᠷᠤᠭ᠎ᠠ ᠨᠠᠷᠠᠰᠤ ᠶᠢ ᠬᠡᠷᠡᠭ ᠡᠷᠬᠢᠯᠡᠭᠴᠢᠳ ᠤᠨ ᠬᠤᠷᠠᠯ ᠤᠨ ᠬᠡᠰᠢᠭᠦᠨ  ᠢᠶᠠᠷ ᠰᠠᠨᠠᠯ ᠨᠢᠭᠡᠲᠡᠶ ᠪᠠᠲᠤᠯᠠᠭᠰᠠᠨ ᠪᠥᠭᠡᠳ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠪᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号