ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠯᠤᠰ ᠲᠥᠷᠥ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠵᠤ 2021 ᠣᠨ ᠤ ᠠᠵᠢᠯ ᠢ ᠲᠥᠯᠥᠪᠵᠢᠭᠦᠯᠦᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/12/30
     12 ᠳ᠋ᠤᠭᠠᠷ ᠰᠠᠷ᠎ᠠ ᠶᠢᠨ 22 —23 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠤᠯᠤᠰ ᠲᠥᠷᠥ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠳᠤ ᠡᠯ᠎ᠡ ᠠᠶᠢᠮᠠᠭ ᠬᠤᠲᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠭᠠᠵᠠᠷ ᠵᠢᠴᠢ ᠬᠤᠪᠢᠳᠠᠨ ᠬᠠᠮᠢᠶᠠᠷᠬᠤ ᠲᠢᠩᠬᠢᠮ ᠤᠨ ᠤᠳᠤᠷᠢᠳᠤᠯᠭ᠎ᠠ ᠶᠢᠨ 2021 ᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠰᠡᠳᠬᠢᠮᠵᠢ ᠶᠢᠨ ᠲᠤᠬᠠᠶ ᠬᠠᠷᠢᠭᠤ ᠮᠡᠳᠡᠭᠦᠯᠦᠯᠲᠡ ᠶᠢ ᠬᠦᠯᠢᠶᠡᠨ ᠠᠪᠴᠤ ᠰᠣᠨᠤᠰᠤᠨ᠂ 2021 ᠣᠨ ᠵᠢᠴᠢ《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠪᠥᠬᠦ ᠣᠷᠣᠨ ᠤ ᠰᠣᠶᠣᠯ ᠪᠠ ᠵᠢᠭᠤᠯᠴᠢᠯᠠᠯ  ᠤᠨ ᠠᠵᠢᠯ ᠤᠨ ᠰᠢᠨ᠎ᠡ ᠬᠠᠷᠠᠯᠲᠠ᠂ ᠰᠢᠨ᠎ᠡ ᠡᠭᠦᠷᠭᠡ ᠶᠢ ᠲᠥᠯᠥᠪᠵᠢᠭᠦᠯᠦᠨ ᠪᠠᠶᠢᠷᠢᠯᠠᠭᠤᠯᠪᠠ᠃ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠳᠤ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ  ᠤᠨ ᠤᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ᠂《ᠠᠷᠪᠠᠨ ᠳᠥᠷᠪᠡᠳᠦᠭᠡᠷ ᠲᠠᠪᠤᠨ ᠵᠢᠯ 》 ᠤᠨ ᠡᠬᠢᠯᠡᠯᠲᠡ ᠶᠢᠨ ᠵᠢᠯ᠂ ᠰᠢᠨ᠎ᠡ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠬᠦᠴᠦᠯᠡᠨ ᠪᠠᠶᠢᠭᠤᠯᠬᠤ ᠠᠩᠬᠠᠨ ᠤ ᠵᠢᠯ ᠪᠣᠯᠤᠨ᠎ᠠ᠂ ᠡᠶᠢᠮᠦ ᠠᠴᠠ ᠰᠣᠶᠣᠯ ᠪᠠ ᠵᠢᠭᠤᠯᠴᠢᠯᠠᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠭᠠᠷᠤᠭ᠎ᠠ ᠳᠤ ᠰᠠᠭᠤᠷᠢᠯᠠᠨ᠂ ᠰᠢᠨ᠎ᠡ ᠠᠶᠠᠨ ᠳᠤ ᠪᠠᠨ ᠡᠷᠡᠯᠬᠡᠭᠯᠡᠨ ᠤᠷᠤᠭᠰᠢᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠠᠯᠢᠭ ᠤᠨ ᠵᠣᠬᠢᠶᠠᠨ ᠪᠦᠲᠦᠭᠡᠯᠭᠡ᠂ ᠣᠯᠠᠨ ᠨᠡᠶᠢᠲᠡ ᠶᠢᠨ ᠦᠶᠯᠡᠴᠢᠯᠡᠭᠡ᠂ ᠠᠵᠤ ᠦᠶᠯᠡᠰ ᠤᠨ ᠬᠥᠭᠵᠢᠯᠲᠡ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ᠂ ᠪᠤᠳᠠᠰ  ᠤᠨ ᠪᠤᠰᠤ ᠰᠣᠶᠤᠯ ᠤᠨ ᠦᠪ ᠤᠨ ᠤᠯᠠᠮᠵᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠡᠷᠭᠡ ᠲᠤᠬᠠᠶᠢᠯᠠᠭᠰᠠᠨ ᠠᠵᠢᠯ ᠤᠨ ᠬᠦᠷᠢᠶᠡᠨ ᠳᠤ ᠰᠣᠶᠣᠯ ᠪᠠ ᠵᠢᠭᠤᠯᠴᠢᠯᠠᠯ ᠨᠢ ᠰᠢᠨ᠎ᠡ ᠳᠡᠭᠲᠡᠷ  ᠲᠤ ᠭᠠᠷᠬᠤ ᠶᠢ ᠢᠳᠡᠪᠬᠢᠲᠡᠶ ᠠᠬᠢᠭᠤᠯᠤᠨ᠂ ᠰᠢᠨ᠎ᠡ ᠨᠢᠭᠡᠨ ᠵᠢᠯ ᠲᠡᠷᠡᠴᠢᠯᠡᠨ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠠᠵᠢᠯ ᠢ ᠰᠠᠶᠢᠲᠤᠷ ᠬᠢᠬᠦ ᠳᠤ ᠯᠠᠪᠳᠠᠭᠤᠨ ᠰᠠᠶᠢᠨ ᠡᠬᠢᠯᠡᠯᠲᠡ ᠲᠠᠢ ᠪᠠᠶᠢᠯᠭᠠᠬᠤ ᠬᠡᠷᠡᠭᠲᠡᠶ᠃ ᠨᠢᠭᠡ ᠳᠤ᠂ ᠰᠣᠶᠣᠯ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠤᠯᠤᠰ ᠲᠦᠷᠦ  ᠶᠢᠨ ᠬᠠᠷᠠᠴᠠ ᠪᠠᠷ ᠠᠵᠢᠭᠯᠠᠬᠤ ᠳᠤ ᠪᠠᠨ ᠴᠢᠳᠠᠮᠠᠭᠠᠢ ᠪᠠᠶᠢᠵᠤ᠂《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ 》ᠭᠤᠣᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠣᠶᠣᠯ ᠪᠠ ᠵᠢᠭᠤᠯᠴᠢᠯᠠᠯ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠦᠵᠡᠯ ᠰᠠᠨᠠᠭᠠᠨ ᠳᠤ ᠪᠠᠨ ᠰᠢᠩᠭᠡᠭᠡᠨ᠂ ᠦᠢᠯᠡ ᠠᠵᠢᠯᠯᠠᠭᠠᠨ ᠳᠤ ᠪᠠᠨ ᠤᠯᠠᠷᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ  ᠃ ᠭᠤᠷᠪᠠ ᠳᠤ᠂ ᠵᠢᠭᠤᠯᠴᠢᠯᠠᠯ ᠤᠨ ᠵᠣᠷᠢᠭᠰᠠᠨ ᠭᠠᠵᠠᠷ ᠤᠨ ᠨᠠᠷᠠᠲᠤ ᠲᠡᠮᠳᠡᠭ  ᠤᠨ ᠵᠦᠷᠢᠶᠡᠴᠢᠯᠡᠭᠰᠡᠨ ᠪᠠᠶᠢᠷᠢ ᠲᠣᠭᠲᠠᠭᠠᠯᠲᠠ ᠶᠢᠨ ᠰᠤᠳᠤᠯᠭᠠᠨ ᠢ ᠰᠠᠶᠢᠲᠤᠷ ᠬᠢᠵᠦ᠂ ᠵᠣᠷᠢᠭᠰᠠᠨ ᠭᠠᠵᠠᠷ ᠲᠤ ᠬᠠᠷᠢᠶᠠᠯᠠᠭᠳᠠᠬᠤ ᠥᠪᠡᠷᠮᠢᠴᠡ ᠨᠠᠷᠠᠲᠤ ᠲᠡᠮᠳᠡᠭ ᠤᠨ ᠤᠨᠴᠠᠯᠢᠭ ᠢ ᠪᠤᠢ ᠪᠤᠯᠭᠠᠨ᠂ ᠨᠠᠷᠠᠲᠤ ᠲᠡᠮᠳᠡᠭ ᠤᠨ ᠦᠶᠯᠡᠳᠦᠯ  ᠢ ᠪᠠᠳᠠᠷᠠᠭᠤᠯᠵᠤ᠂《ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ 》᠂ 《 ᠬᠥᠳᠡᠯᠦᠩᠭᠦᠶ ᠬᠠᠮᠢᠶᠠᠷᠤᠯᠲᠠ 》 ᠶᠢ ᠬᠡᠷᠡᠭᠵᠢᠭᠦᠯᠦᠨ ᠰᠣᠶᠣᠯ ᠪᠠ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂  ᠤᠯᠠᠨ ᠢᠶᠠᠷ ᠢᠶᠠᠨ ᠨᠢᠭᠲᠠ ᠬᠠᠮᠵᠢᠯᠴᠠᠨ᠂ ᠬᠦᠴᠦ ᠪᠠᠨ  ᠬᠠᠮᠲᠤᠳᠬᠠᠵᠤ  ᠂ ᠪᠥᠬᠦ ᠣᠷᠣᠨ ᠢᠶᠠᠷ ᠢᠶᠠᠨ ᠨᠢᠭᠡ ᠬᠥᠯᠭᠡ ᠰᠢᠲᠠᠷ᠎ᠠ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠣᠷᠣᠨ ᠪᠦᠰᠡ ᠶᠢᠨ ᠨᠢᠭᠡ ᠴᠤᠭᠴᠠᠵᠢᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠦᠷᠪᠡ ᠳᠤ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠴᠤ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠵᠠᠰᠠᠭ ᠤᠨ ᠣᠷᠳᠣᠨ ᠠᠵᠤ ᠠᠬᠤᠶᠢᠯᠠᠯ ᠠᠵᠢᠯ ᠬᠤᠪᠢᠶᠠᠷᠢᠯᠠᠨ ᠬᠠᠮᠵᠢᠯᠴᠠᠬᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠲᠠᠪᠤ ᠳᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠶ ᠪᠠᠶᠢᠷᠢᠯᠠᠭᠤᠯᠵᠤ᠂ ᠰᠣᠶᠣᠯ ᠪᠠ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠨᠡᠷ᠎ᠡ ᠪᠠᠷ ᠪᠦᠷᠢᠯᠭᠡᠨ ᠰᠦᠢᠳᠬᠡᠬᠦ ᠶᠢ ᠬᠥᠭᠡᠭᠡᠴᠡᠯᠳᠦᠵᠦ ᠪᠣᠯᠬᠤ ᠦᠭᠡᠶ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠮᠠᠭᠤ ᠣᠷᠴᠢᠯ ᠠᠴᠠ ᠵᠠᠶᠢᠯᠠᠰᠬᠢᠵᠦ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠲᠠᠪᠰᠢᠯᠲᠠ ᠶᠢ ᠲᠦᠷᠭᠡᠳᠬᠡᠨ᠂ ᠭᠤᠣᠯ ᠱᠤᠭᠤᠮ ᠤᠨ ᠵᠠᠰᠠᠮᠠᠯ ᠵᠠᠮ ᠢ ᠦᠵᠡᠮᠵᠢ ᠶᠢᠨ ᠣᠷᠣᠨ ᠲᠠᠢ ᠵᠠᠯᠭᠠᠯᠳᠤᠭᠤᠯᠬᠤ ᠶᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠬᠥᠭᠵᠢᠯᠲᠡ ᠶᠢᠨ ᠪᠣᠭᠤᠮᠢ  ᠶᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠵᠢᠷᠭᠤᠭ᠎ᠠ ᠳᠤ᠂ ᠰᠣᠶᠣᠯ ᠪᠠ ᠵᠢᠭᠤᠯᠴᠢᠯᠠᠯ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠦᠵᠦ ᠲᠥᠯᠥᠪᠯᠡᠭᠡ ᠶᠢ ᠰᠠᠶᠢᠲᠤᠷ ᠬᠢᠵᠦ᠂ ᠦᠷᠢᠰᠦᠯᠳᠦᠭᠦᠶᠢᠴᠡ ᠪᠦᠲᠦᠭᠡᠭᠳᠡᠭᠦᠨ ᠢ ᠰᠠᠶᠢᠲᠤᠷ ᠠᠳᠬᠤᠵᠤ᠂ ᠰᠣᠶᠣᠯ ᠤᠨ ᠵᠣᠬᠢᠶᠠᠨ ᠪᠦᠲᠦᠭᠡᠯᠭᠡ ᠶᠢᠨ  ︽ᠨᠡᠪᠴᠢᠭᠦᠯᠦᠭᠦᠷ︾ ᠢ ᠴᠣᠭᠴᠠᠯᠠᠵᠤ᠂ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠣᠭᠯᠠᠯᠲᠠ  ᠶᠢ ᠴᠡᠴᠡᠭᠯᠡᠭᠦᠯᠵᠦ᠂ ᠤᠯᠤᠰ ᠤᠨ ᠲᠡᠰ ᠤᠨ ᠰᠣᠶᠣᠯ ᠤᠨ ᠥᠪ ᠤᠨ ᠨᠥᠯᠥᠭᠡᠯᠡᠬᠦ ᠬᠦᠴᠦᠨ ᠢ ᠪᠠᠳᠠᠷᠠᠭᠤᠯᠬᠤ ᠶᠢ ᠴᠢᠬᠤᠯᠠᠴᠢᠯᠠᠨ᠂ ᠠᠳᠠᠯᠢ ᠪᠤᠰᠤ ᠬᠡᠷᠡᠭᠯᠡᠭᠡᠨ ᠤ ᠴᠣᠭᠴᠠ ᠶᠢᠨ ᠬᠡᠷᠡᠭᠴᠡᠭᠡ ᠳᠤ ᠵᠣᠬᠢᠴᠠᠭᠤᠯᠵᠤ᠂ ᠰᠢᠨ᠎ᠡ ᠡᠵᠡᠩᠨᠡᠯᠲᠡ  ᠶᠢᠨ ᠬᠡᠯᠪᠡᠷᠢ ᠰᠢᠨ᠎ᠡ ᠵᠠᠭᠪᠤᠷ ᠢᠶᠠᠷ ᠰᠢᠨ᠎ᠡ ᠬᠡᠯᠪᠡᠷᠢ ᠶᠢᠨ ᠬᠡᠷᠡᠭᠯᠡᠭᠡ ᠶᠢ ᠬᠦᠳᠦᠯᠦᠨ ᠳᠠᠭᠠᠭᠤᠯᠵᠤ ᠬᠦᠭᠵᠢᠯᠲᠡ ᠶᠢ ᠲᠦᠷᠭᠡᠳᠬᠡᠬᠦ ᠬᠡᠷᠡᠭᠲᠡᠢ᠃ ᠳᠣᠯᠤᠭ᠎ᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠷᠭᠠᠴᠠᠭᠠᠬᠤ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠶᠮᠠ ᠳᠤ᠂ ᠪᠠᠶᠢᠭᠤᠯᠭ᠎ᠠ ᠶᠢᠨ ᠺᠠᠳ᠋ᠷᠴᠤᠳ ᠭᠤᠤᠯᠳᠠᠯᠭ᠎ᠠ ᠲᠠᠢ ᠦᠵᠡᠮᠵᠢ ᠶᠢᠨ ᠣᠷᠣᠨ  ᠢ ᠳᠠᠭᠠᠭᠠᠴᠢᠯᠠᠨ ᠬᠤᠯᠪᠣᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠶᠢᠭᠤᠯᠭ᠎ᠠ ᠶᠢᠨ ᠺᠠᠳ᠋ᠷᠴᠤᠳ ᠦᠨᠳᠦᠰᠦᠨ ᠱᠠᠲᠤᠨ ᠳᠤ ᠭᠦᠨᠵᠡᠭᠡᠶᠢᠷᠡᠨ ᠦᠨᠳᠦᠰᠦᠨ ᠱᠠᠲᠤᠨ ᠤ ᠠᠵᠢᠯ ᠢ ᠵᠢᠯᠣᠭᠤᠳᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ᠃
     ᠬᠤᠷᠠᠯ ᠠᠴᠠ᠂ ᠲᠢᠩᠬᠢᠮ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠨᠢ ᠡᠯ᠎ᠡ ᠠᠶᠢᠮᠠᠭ ᠬᠤᠲᠠ ᠶᠢᠨ ᠬᠠᠷᠢᠭᠤ ᠮᠡᠳᠡᠭᠦᠯᠦᠯᠲᠡ ᠵᠢᠴᠢ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠵᠦ᠂ ᠳ᠋ᠦᠩᠨᠡᠬᠦ ᠪᠠ ᠰᠤᠳᠤᠯᠵᠤ᠂ ᠢᠷᠡᠬᠦ ᠵᠢᠯ ᠤᠨ ᠠᠵᠢᠯ᠂ ᠴᠢᠨᠠᠭᠰᠢᠯᠠᠪᠠᠯ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠣᠷᠣᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号